ᠠᠩᠬᠢᠯᠠᠯ:ᠮᠡᠳᠡᠭᠡᠯᠡᠯ ᠦᠨ ᠲᠧᠭᠨᠣᠯᠣᠭᠢ

ᠴᠢᠯᠦᠭᠡᠲᠦ ᠨᠡᠪᠲᠡᠷᠬᠡᠢ ᠲᠣᠯᠢ — ᠸᠢᠺᠢᠫᠧᠳᠢᠶ᠎ᠠ ᠠᠴᠠ
ᠬᠠᠷᠠᠶᠢᠬᠤ: ᠤᠳᠤᠷᠢᠳᠬᠤ, ᠬᠠᠶᠢᠯᠲᠠ
ᠸᠢᠭᠮᠧᠳᠢᠶᠠ ᠵᠢᠷᠤᠭ ᠤᠨ ᠰᠠᠩ:
«ᠮᠡᠳᠡᠭᠡᠯᠡᠯ ᠦᠨ ᠲᠧᠭᠨᠣᠯᠣᠭᠢ»

ᠮᠡᠳᠡᠭᠡᠯᠡᠯ ᠦᠨ ᠲᠧᠭᠨᠣᠯᠣᠭᠢ ᠬᠠᠷᠢᠭᠤᠴᠠᠭᠰᠠᠨ ᠵᠠᠬᠢᠷᠤᠯ (Chief information officer)[ᠺᠣᠳ᠋ ᠢᠶᠠᠷ ᠵᠠᠰᠠᠬᠣ]

MIT Sloan CIO Erik Brynjolfsson

ᠮᠡᠳᠡᠭᠡᠯᠡᠯ ᠦᠨ ᠲᠧᠭᠨᠣᠯᠣᠭᠢ ᠬᠠᠷᠢᠭᠤᠴᠠᠭᠰᠠᠨ ᠵᠠᠬᠢᠷᠤᠯ (Chief information officer) ᠭᠡᠳᠡᠭ ᠨᠢ ᠶᠡᠬᠡᠪᠴᠢᠯᠡᠨ ᠪᠠᠶᠢᠭᠤᠯᠤᠯᠭ᠎ᠠ ᠶᠢᠨ ᠵᠣᠷᠢᠯᠭ᠎ᠠ᠂ ᠵᠣᠷᠢᠯᠲᠠ ᠳᠤ ᠪᠠᠨ ᠬᠦᠷᠬᠦ ᠳᠦ ᠳᠡᠮᠵᠢᠯᠭᠡ ᠦᠵᠡᠭᠦᠯᠬᠦ ᠮᠡᠳᠡᠭᠡᠯᠡᠯ ᠦᠨ ᠲᠧᠭᠨᠣᠯᠣᠭᠢ ᠪᠣᠯᠤᠨ ᠮᠡᠳᠡᠭᠡᠯᠡᠯ ᠦᠨ ᠰᠢᠰᠲ᠋ᠧᠮ ᠬᠠᠷᠢᠭᠤᠴᠠᠨ ᠠᠵᠢᠯᠯᠠᠬᠤ ᠳᠡᠭᠡᠳᠦ ᠱᠠᠲᠤᠨ ᠤ ᠤᠳᠤᠷᠢᠳᠤᠯᠭ᠎ᠠ ᠶᠢᠨ ᠠᠯᠪᠠᠨ ᠲᠤᠰᠢᠶᠠᠯ ᠶᠤᠮ᠃ ᠮᠡᠳᠡᠭᠡᠯᠡᠯ ᠦᠨ ᠲᠧᠭᠨᠣᠯᠣᠭᠢ ᠬᠠᠷᠢᠭᠤᠴᠠᠭᠰᠠᠨ ᠵᠠᠬᠢᠷᠤᠯ ᠨᠢ ᠥᠪᠡᠷ ᠦᠨ ᠠᠵᠢᠯ ᠢ ᠶᠡᠬᠡᠪᠴᠢᠯᠡᠨ ᠪᠠᠶᠢᠭᠤᠯᠤᠯᠭ᠎ᠠ ᠶᠢᠨ (Chief Executive Officer) ᠪᠤᠶᠤ ᠭᠦᠢᠴᠡᠳᠭᠡᠬᠦ ᠵᠠᠬᠢᠷᠤᠯ᠂ (Chief Operating Officer) ᠦᠢᠯᠡ ᠠᠵᠢᠯᠯᠠᠭ᠎ᠠ ᠬᠠᠷᠢᠭᠤᠴᠠᠭᠰᠠᠨ ᠵᠠᠬᠢᠷᠤᠯ᠂ (Chief Financial Officer) ᠰᠠᠩᠬᠦᠦ ᠬᠠᠷᠢᠭᠤᠴᠠᠭᠰᠠᠨ ᠵᠠᠬᠢᠷᠤᠯ ᠤᠳ ᠲᠤ ᠲᠠᠶᠢᠯᠤᠩᠨᠠᠳᠠᠭ ᠪᠠᠶᠢᠨ᠎ᠠ᠃

ᠶᠠᠭᠠᠬᠢᠭᠠᠳ ᠮᠡᠳᠡᠭᠡᠯᠡᠯ ᠦᠨ ᠲᠧᠭᠨᠣᠯᠣᠭᠢ ᠬᠠᠷᠢᠭᠤᠴᠠᠭᠰᠠᠨ ᠵᠠᠬᠢᠷᠤᠯ ᠪᠠᠶᠢᠭᠤᠯᠤᠯᠭ᠎ᠠ ᠳᠤ ᠬᠡᠷᠡᠭᠲᠡᠢ ᠪᠤᠢ?[ᠺᠣᠳ᠋ ᠢᠶᠠᠷ ᠵᠠᠰᠠᠬᠣ]

ᠪᠢᠽᠢᠨ᠋ᠧᠰ ᠦᠨ ᠦᠢᠯᠡ ᠠᠵᠢᠯᠯᠠᠭᠠᠨ ᠳᠤ ᠪᠠᠨ ᠲᠧᠭᠨᠣᠯᠣᠭᠢ ᠠᠰᠢᠭᠯᠠᠳᠠᠭ ᠶᠠᠮᠠᠷ ᠴᠤ ᠪᠢᠽᠢᠨ᠋ᠧᠰ ᠲᠦ ᠮᠡᠳᠡᠭᠡᠯᠡᠯ ᠦᠨ ᠲᠧᠭᠨᠣᠯᠣᠭᠢ ᠬᠠᠷᠢᠭᠤᠴᠠᠭᠰᠠᠨ ᠵᠠᠬᠢᠷᠤᠯ (Chief information officer) ᠨᠢ ᠴᠢᠬᠤᠯᠠ ᠡᠭᠦᠷᠭᠡ ᠲᠡᠢ ᠪᠠᠶᠢᠳᠠᠭ[1]᠃ ᠮᠡᠳᠡᠭᠡᠯᠡᠯ ᠦᠨ ᠲᠧᠭᠨᠣᠯᠣᠭᠢ ᠬᠠᠷᠢᠭᠤᠴᠠᠭᠰᠠᠨ ᠵᠠᠬᠢᠷᠤᠯ (Chief information officer) ᠨᠢ ᠮᠡᠳᠡᠭᠡᠯᠡᠯ ᠦᠨ ᠲᠧᠭᠨᠣᠯᠣᠭᠢ ᠶᠢᠨ ᠨᠥᠭᠡᠴᠡ ᠨᠦᠭᠦᠳ ᠢ ᠤᠳᠤᠷᠢᠳᠬᠤ ᠮᠥᠨ ᠲᠡᠭᠦᠨᠴᠢᠯᠡᠨ ᠪᠠᠶᠢᠭᠤᠯᠤᠯᠭ᠎ᠠ ᠶᠢᠨ ᠮᠡᠳᠡᠭᠡᠯᠡᠯ ᠦᠨ ᠬᠠᠷᠢᠯᠴᠠᠭ᠎ᠠ ᠬᠣᠯᠪᠣᠭᠠᠨ ᠤ ᠲᠧᠭᠨᠣᠯᠣᠭᠢ ᠶᠢᠨ ᠪᠣᠳᠣᠯᠭ᠎ᠠ ᠶᠢ ᠲᠣᠮᠢᠶᠠᠯᠠᠬᠤ᠂ ᠬᠡᠷᠡᠭᠵᠢᠭᠦᠯᠦᠯᠲᠡ ᠶᠢ ᠤᠳᠤᠷᠢᠳᠬᠤ᠂ ᠲᠥᠯᠥᠪᠯᠡᠯᠲᠡ᠂ ᠲᠥᠰᠥᠪᠯᠡᠯᠲᠡ ᠪᠣᠯᠤᠨ ᠰᠤᠷᠭᠠᠯᠲᠠ ᠶᠢᠨ ᠦᠢᠯᠡ ᠠᠵᠢᠯᠯᠠᠭ᠎ᠠ ᠶᠢ ᠤᠳᠤᠷᠢᠳᠤᠨ ᠵᠣᠬᠢᠶᠠᠨ ᠪᠠᠶᠢᠭᠤᠯᠬᠤ ᠲᠥᠯᠥᠪᠯᠡᠭᠡ ᠶᠢ ᠪᠣᠯᠪᠠᠰᠤᠷᠠᠭᠤᠯᠬᠤ ᠶᠡᠷᠦᠩᠬᠡᠢ ᠴᠢᠭ ᠡᠭᠦᠷᠭᠡ ᠲᠡᠢ ᠠᠯᠪᠠᠨ ᠲᠤᠰᠢᠶᠠᠯ ᠶᠤᠮ᠃[2] ᠮᠥᠨ ᠲᠡᠭᠦᠨᠴᠢᠯᠡᠨ ᠰᠡᠭᠦᠯ ᠦᠨ ᠦᠶ᠎ᠡ ᠳᠦ ᠮᠡᠳᠡᠭᠡᠯᠡᠯ ᠦᠨ ᠲᠧᠭᠨᠣᠯᠣᠭᠢ ᠬᠠᠷᠢᠭᠤᠴᠠᠭᠰᠠᠨ ᠵᠠᠬᠢᠷᠤᠯ (Chief information officer) ᠨᠢ ᠮᠡᠳᠡᠭᠡᠯᠡᠯ ᠬᠠᠷᠢᠯᠴᠠᠭ᠎ᠠ ᠬᠣᠯᠪᠣᠭᠠᠨ ᠤ ᠲᠧᠭᠨᠣᠯᠣᠭᠢ ᠪᠠᠷ ᠳᠠᠮᠵᠢᠭᠤᠯᠠᠨ ᠪᠠᠶᠢᠭᠤᠯᠤᠯᠭ᠎ᠠ ᠶᠢᠨ ᠠᠰᠢᠭ ᠢ ᠬᠡᠷᠬᠢᠨ ᠥᠰᠬᠡᠵᠦ ᠪᠣᠯᠬᠤ ᠪᠣᠯᠤᠮᠵᠢ ᠶᠢ ᠪᠣᠯᠤᠯᠴᠠᠭ᠎ᠠ ᠶᠢ ᠲᠣᠭᠠᠴᠠᠭᠠᠯᠠᠬᠤ ᠮᠥᠨ ᠵᠠᠷᠤᠳᠠᠯ ᠢ ᠪᠠᠭᠠᠰᠭᠠᠬᠤ᠂ ᠪᠣᠯᠵᠣᠰᠢ ᠦᠭᠡᠢ ᠭᠠᠮᠰᠢᠭ ᠠᠴᠠ ᠲᠥᠯᠥᠪᠯᠡᠯᠲᠡ ᠪᠣᠯᠤᠨ ᠬᠢᠨᠠᠯᠲᠠ ᠶᠢᠨ ᠲᠤᠰᠠᠯᠠᠮᠵᠢ ᠲᠠᠢ ᠪᠠᠷ ᠵᠠᠶᠢᠯᠠᠰᠬᠢᠬᠤ ᠭᠡᠬᠦ ᠮᠡᠲᠦ ᠴᠢᠬᠤᠯᠠ ᠡᠭᠦᠷᠭᠡ ᠨᠦᠭᠦᠳ ᠢ ᠭᠦᠢᠴᠡᠳᠭᠡᠵᠦ ᠪᠠᠶᠢᠨ᠎ᠠ᠃ ᠮᠡᠳᠡᠭᠡᠯᠡᠯ ᠲᠧᠭᠨᠣᠯᠣᠭᠢ ᠶᠢᠨ ᠰᠠᠯᠪᠤᠷᠢ ᠶᠢᠨ ᠮᠠᠩᠯᠠᠶᠢᠯᠠᠭᠴᠢᠳ ᠠᠴᠠ 53 ᠬᠤᠪᠢ ᠨᠢ ᠠᠵᠢᠯ ᠤᠨᠨ ᠪᠠᠶᠢᠷᠢ ᠨᠢ ᠳᠡᠭᠡᠷ᠎ᠡ ᠤᠷ᠎ᠠ ᠴᠢᠳᠠᠪᠤᠷᠢ ᠥᠨᠳᠥᠷ ᠲᠡᠢ ᠠᠵᠢᠯᠯᠠᠬᠤ ᠬᠦᠮᠦᠨ ᠬᠦᠴᠦ ᠳᠤᠲᠠᠭᠳᠠᠯ ᠲᠠᠢ ᠪᠠᠶᠢᠭ᠎ᠠ ᠲᠤᠬᠠᠢ Computer Weekly ᠰᠡᠳᠬᠦᠯ ᠡᠴᠡ ᠣᠨᠴᠠᠯᠠᠨ ᠲᠡᠮᠳᠡᠭᠯᠡᠭᠰᠡᠨ ᠪᠠᠶᠢᠨ᠎ᠠ᠃[3] ᠡᠶᠢᠮᠦᠷᠬᠡᠦ ᠪᠠᠶᠢᠳᠠᠯ ᠢᠶᠠᠷ ᠮᠡᠳᠡᠭᠡᠯᠡᠯ ᠦᠨ ᠲᠧᠭᠨᠣᠯᠣᠭᠢ ᠬᠠᠷᠢᠭᠤᠴᠠᠭᠰᠠᠨ ᠵᠠᠬᠢᠷᠤᠯ ᠤᠳ (Chief information officer) ᠨᠢ ᠦᠷ᠎ᠡ ᠠᠰᠢᠭ ᠲᠠᠢ ᠠᠯᠪᠠᠨ ᠬᠠᠷᠢᠯᠴᠠᠭ᠎ᠠ ᠶᠢ ᠪᠤᠢ ᠪᠣᠯᠭᠠᠬᠤ ᠶᠢᠨ ᠲᠤᠯᠠᠳᠠ ᠮᠡᠳᠡᠭᠡᠯᠡᠯ ᠲᠧᠭᠨᠣᠯᠣᠭᠢ ᠶᠢᠨ ᠮᠡᠷᠭᠡᠵᠢᠯᠲᠡᠨ ᠪᠣᠯᠤᠨ ᠮᠡᠳᠡᠭᠡᠯᠡᠯ ᠲᠧᠭᠨᠣᠯᠣᠭᠢ ᠶᠢᠨ ᠪᠤᠰᠤ ᠪᠢᠽᠢᠨ᠋ᠧᠰ ᠦᠨ ᠮᠡᠷᠭᠡᠵᠢᠯᠲᠡᠨ ᠦ ᠡᠭᠦᠷᠭᠡ ᠷᠣᠯᠢ ᠶᠢ ᠳᠠᠪᠬᠤᠷ ᠡᠷᠬᠢᠯᠡᠨ ᠠᠵᠢᠯᠯᠠᠬᠤ ᠱᠠᠭᠠᠷᠳᠠᠯᠭ᠎ᠠ ᠲᠠᠢ ᠪᠠᠶᠢᠨ᠎ᠠ᠃

ᠡᠭᠦᠷᠭᠡ ᠬᠠᠷᠢᠭᠤᠴᠠᠯᠭ᠎ᠠ ᠨᠤᠭᠤᠳ[ᠺᠣᠳ᠋ ᠢᠶᠠᠷ ᠵᠠᠰᠠᠬᠣ]

Lt. Gen. Robert Ferrell, chief information officer of the US Army.

ᠮᠡᠳᠡᠭᠡᠯᠡᠯ ᠦᠨ ᠲᠧᠭᠨᠣᠯᠣᠭᠢ ᠬᠠᠷᠢᠭᠤᠴᠠᠭᠰᠠᠨ ᠵᠠᠬᠢᠷᠤᠯ (Chief information officer) ᠨᠢ ᠪᠠᠶᠢᠭᠤᠯᠤᠯᠭ᠎ᠠ ᠳᠤ ᠬᠡᠳᠦ ᠬᠡᠳᠦᠨ ᠲᠥᠷᠥᠯ ᠦᠨ ᠡᠭᠦᠷᠭᠡ ᠬᠠᠷᠢᠭᠤᠴᠠᠯᠭ᠎ᠠ ᠬᠦᠯᠢᠶᠡᠨ ᠠᠵᠢᠯᠳᠠᠭ᠃[4] ᠮᠡᠳᠡᠭᠡᠯᠡᠯ ᠦᠨ ᠲᠧᠭᠨᠣᠯᠣᠭᠢ ᠬᠠᠷᠢᠭᠤᠴᠠᠭᠰᠠᠨ ᠵᠠᠬᠢᠷᠤᠯ (Chief information officer) ᠨᠢ ᠬᠠᠮᠤᠭ ᠤᠨ ᠲᠦᠷᠦᠭᠦᠨ ᠳᠦ ᠬᠠᠮᠤᠭ ᠤᠨ ᠴᠢᠬᠤᠯᠠ ᠡᠭᠦᠷᠭᠡ ᠪᠣᠯᠬᠤ ᠪᠢᠽᠢᠨ᠋ᠧᠰ ᠦᠨ ᠮᠠᠩᠯᠠᠶᠢᠯᠠᠯ ᠤᠨ ᠡᠭᠦᠷᠭᠡ ᠶᠢ ᠬᠡᠷᠡᠭᠵᠢᠭᠦᠯᠦᠨ᠎ᠡ᠃[5] ᠮᠡᠳᠡᠭᠡᠯᠡᠯ ᠦᠨ ᠲᠧᠭᠨᠣᠯᠣᠭᠢ ᠬᠠᠷᠢᠭᠤᠴᠠᠭᠰᠠᠨ ᠵᠠᠬᠢᠷᠤᠯ (Chief information officer) ᠪᠣᠯᠬᠤ ᠶᠢᠨ ᠬᠤᠪᠢ ᠳᠤ ᠨᠡᠶᠢᠯᠡᠭᠦᠯᠦᠭᠴᠢᠳ ᠡᠴᠡ ᠮᠡᠳᠡᠭᠡᠯᠡᠯ ᠦᠨ ᠲᠧᠭᠨᠣᠯᠣᠭᠢ ᠶᠢᠨ ᠬᠡᠷᠡᠭᠰᠡᠯ ᠬᠤᠳᠠᠯᠳᠤᠨ ᠠᠪᠬᠤ ᠭᠦᠢᠴᠡᠳᠭᠡᠬᠦ ᠰᠢᠢᠳᠪᠦᠷᠢ ᠭᠠᠷᠭᠠᠬᠤ ᠡᠰᠡᠪᠡᠯ ᠰᠢᠨ᠎ᠡ ᠪᠡᠷ ᠰᠢᠰᠲ᠋ᠧᠮ ᠪᠦᠲᠦᠭᠡᠬᠦ᠂ ᠪᠠᠶᠢᠭᠤᠯᠤᠯᠭ᠎ᠠ ᠶᠢᠨ ᠢᠶᠠᠨ ᠠᠵᠢᠯᠯᠠᠬᠤ ᠬᠦᠴᠦ ᠶᠢ ᠮᠠᠩᠯᠠᠶᠢᠯᠠᠨ ᠴᠢᠭᠯᠡᠭᠦᠯᠵᠦ ᠠᠵᠢᠯᠯᠠᠬᠤ ᠶᠣᠰᠣᠲᠠᠢ᠃ ᠳᠡᠭᠡᠷ᠎ᠡ ᠨᠢ ᠨᠡᠮᠡᠭᠡᠳ ᠲᠡᠳᠡ ᠵᠣᠬᠢᠶᠠᠨ ᠪᠠᠶᠢᠭᠤᠯᠬᠤ ᠥᠨᠳᠥᠷ ᠤᠷ᠎ᠠ ᠴᠢᠳᠠᠪᠤᠷᠢᠲᠠᠢ ᠪᠠᠶᠢᠬᠤ ᠱᠠᠭᠠᠷᠳᠠᠯᠭ᠎ᠠ ᠲᠠᠢ᠃ ᠡᠨᠡ ᠨᠢ ᠢᠯᠠᠩᠭᠤᠶ᠎ᠠ ᠪᠠᠶᠢᠭᠤᠯᠤᠯᠭ᠎ᠠ ᠶᠢᠨ ᠮᠡᠳᠡᠭᠡᠯᠡᠯ ᠦᠨ ᠲᠧᠭᠨᠣᠯᠣᠭᠢ ᠬᠠᠷᠢᠭᠤᠴᠠᠭᠰᠠᠨ ᠵᠠᠬᠢᠷᠤᠯ ᠳᠤ (Chief information officer) ᠬᠠᠮᠢᠶᠠᠷᠤᠯ ᠲᠠᠢ ᠪᠥᠭᠡᠳ ᠥᠷᠢᠰᠦᠯᠳᠦᠭᠡᠨ ᠳᠦ ᠳᠠᠪᠠᠭᠤ ᠲᠠᠯ᠎ᠠ ᠤᠯᠬᠤ ᠪᠣᠯᠤᠨ ᠪᠠᠶᠢᠭᠤᠯᠤᠯᠭ᠎ᠠ ᠳᠤ ᠠᠵᠢᠯᠯᠠᠭᠰᠠᠳ ᠤᠨ ᠠᠰᠢᠭ ᠰᠣᠨᠢᠷᠬᠠᠯ ᠢ ᠬᠠᠩᠭᠠᠵᠤ ᠪᠠᠶᠢᠬᠤ ᠡᠭᠦᠳᠡᠨ ᠡᠴᠡ ᠲᠡᠳᠡ ᠪᠠᠶᠢᠭᠤᠯᠤᠯᠭ᠎ᠠ ᠶᠢᠨ ᠠᠵᠢᠯᠯᠠᠭᠰᠠᠳ ᠤᠨ ᠡᠭᠦᠷᠭᠡ ᠷᠣᠯᠢ ᠶᠢᠨ ᠲᠡᠩᠴᠡᠪᠦᠷᠢ ᠲᠡᠢ ᠪᠠᠶᠢᠳᠠᠯ ᠢ ᠬᠠᠩᠭᠠᠵᠤ ᠠᠵᠢᠯᠯᠠᠬᠤ ᠶᠣᠰᠣᠲᠠᠢ᠃ ᠲᠡᠳᠡ ᠮᠥᠨ ᠪᠠᠶᠢᠭᠤᠯᠤᠯᠭ᠎ᠠ ᠳᠤ ᠮᠡᠷᠭᠡᠰᠢᠭᠰᠡᠨ ᠠᠵᠢᠯᠲᠠᠨ ᠡᠯᠰᠡᠭᠦᠯᠬᠦ ᠠᠵᠢᠯ ᠢ ᠬᠠᠷᠢᠭᠤᠴᠠᠳᠠᠭ᠃ ᠲᠡᠶᠢᠮᠦ ᠤᠴᠢᠷ ᠠᠴᠠ ᠪᠠᠶᠢᠭᠤᠯᠤᠯᠭ᠎ᠠ ᠶᠢᠨ ᠬᠡᠷᠡᠭᠴᠡᠭᠡ ᠶᠢ ᠬᠠᠩᠭᠠᠵᠤ ᠠᠵᠢᠯᠯᠠᠵᠤ ᠴᠢᠳᠠᠬᠤ ᠬᠠᠮᠤᠭ ᠤᠨ ᠰᠢᠯᠢᠳᠡᠭ ᠠᠵᠢᠯᠴᠢᠳ ᠢ ᠣᠯᠵᠤ ᠰᠣᠩᠭᠣᠨ ᠠᠪᠬᠤ ᠨᠢ ᠲᠡᠳᠡᠨ ᠦ ᠲᠣᠮᠣᠬᠠᠨ ᠴᠢᠬᠤᠯᠠ ᠡᠭᠦᠷᠭᠡ ᠨᠦᠭᠦᠳ ᠦᠨ ᠨᠢᠭᠡ ᠶᠠᠭᠤᠮ᠎ᠠ᠃

ᠮᠥᠨ ᠲᠡᠭᠦᠨᠴᠢᠯᠡᠨ ᠮᠡᠳᠡᠭᠡᠯᠡᠯ ᠦᠨ ᠲᠧᠭᠨᠣᠯᠣᠭᠢ ᠬᠠᠷᠢᠭᠤᠴᠠᠭᠰᠠᠨ ᠵᠠᠬᠢᠷᠤᠯ (Chief information officer) ᠨᠢ ᠪᠠᠶᠢᠭᠤᠯᠤᠯᠭ᠎ᠠ ᠶᠢᠨ ᠮᠡᠳᠡᠭᠡᠯᠡᠯ ᠬᠠᠷᠢᠯᠴᠠᠭ᠎ᠠ ᠬᠣᠯᠪᠣᠭᠠᠨ ᠤ ᠲᠧᠭᠨᠣᠯᠣᠭᠢ ᠶᠢᠨ ᠪᠠᠶᠢᠯᠳᠣᠬᠣ ᠪᠣᠳᠣᠯᠭ᠎ᠠ ᠪᠣᠯᠤᠨ ᠪᠣᠳᠣᠯᠭ᠎ᠠ ᠶᠢᠨ ᠶᠡᠷᠦᠩᠬᠡᠢ ᠳᠦᠷᠢ ᠵᠢᠷᠤᠭ ᠢ ᠭᠠᠷᠭᠠᠬᠤ ᠡᠭᠦᠷᠭᠡ ᠲᠡᠢ᠃

ᠠᠵᠢᠯ ᠡᠭᠦᠷᠭᠡ ᠶᠢᠨ ᠡᠷᠦᠰᠳᠡᠯ ᠦᠳ[ᠺᠣᠳ᠋ ᠢᠶᠠᠷ ᠵᠠᠰᠠᠬᠣ]

ᠮᠡᠳᠡᠭᠡᠯᠡᠯ ᠦᠨ ᠲᠧᠭᠨᠣᠯᠣᠭᠢ ᠬᠠᠷᠢᠭᠤᠴᠠᠭᠰᠠᠨ ᠵᠠᠬᠢᠷᠤᠯ (Chief information officer) ᠨᠢ ᠰᠠᠩᠬᠦᠦ᠂ ᠬᠦᠮᠦᠨ ᠦ ᠨᠥᠭᠡᠴᠡ ᠶᠢᠨ ᠰᠣᠩᠭᠣᠨ ᠰᠢᠯᠭᠠᠷᠠᠭᠤᠯᠤᠯᠲᠠ ᠶᠠᠪᠤᠭᠤᠯᠬᠤ ᠪᠣᠳᠣᠯᠭ᠎ᠠ ᠪᠠᠶᠢᠯᠳᠣᠬᠣ ᠪᠣᠳᠣᠯᠭ᠎ᠠ ᠲᠥᠯᠥᠪᠯᠡᠯᠲᠡ ᠭᠡᠬᠦ ᠮᠡᠲᠦ ᠮᠠᠰᠢ ᠥᠷᠭᠡᠨ ᠴᠠᠷ᠎ᠠ ᠬᠦᠷᠢᠶ᠎ᠡ ᠲᠡᠢ ᠣᠯᠠᠨ ᠲᠥᠷᠥᠯ ᠦᠨ ᠡᠭᠦᠷᠭᠡ ᠭᠦᠢᠴᠡᠳᠭᠡᠳᠡᠭ ᠲᠡᠶᠢᠮᠦ ᠤᠴᠢᠷ ᠠᠴᠠ ᠲᠡᠳᠡᠨ ᠦ ᠡᠷᠦᠰᠳᠡᠯ ᠮᠠᠰᠢ ᠥᠷᠭᠡᠨ ᠴᠠᠷ᠎ᠠ ᠬᠦᠷᠢᠶ᠎ᠡ ᠶᠢ ᠬᠠᠮᠤᠷᠳᠠᠭ᠃ ᠠᠮᠧᠷᠢᠺᠠ ᠶᠢᠨ ᠨᠢᠭᠡᠳᠦᠭᠰᠡᠨ ᠤᠯᠤᠰ ᠤᠨ Target ᠬᠡᠮᠡᠬᠦ ᠺᠣᠮᠫᠠᠨᠢᠢ ᠮᠡᠳᠡᠭᠡᠯᠡᠯ ᠦᠨ ᠲᠧᠭᠨᠣᠯᠣᠭᠢ ᠬᠠᠷᠢᠭᠤᠴᠠᠭᠰᠠᠨ ᠵᠠᠬᠢᠷᠤᠯ (Chief information officer) ᠨᠢ 40 ᠰᠠᠶ᠎ᠠ ᠬᠡᠷᠡᠭᠯᠡᠭᠴᠢ ᠮᠥᠨᠺᠷᠧᠳᠢᠲ ᠺᠠᠷᠲ ᠮᠥᠨ 70 ᠰᠠᠶ᠎ᠠ ᠬᠡᠷᠡᠭᠯᠡᠭᠴᠢ ᠶᠢᠨ ᠬᠤᠪᠢ ᠤᠨ ᠮᠡᠳᠡᠭᠡᠯᠡᠯ ᠢ ᠬᠠᠺᠧᠷ ᠤᠨ ᠤᠯᠠᠮ ᠠᠴᠠ ᠠᠯᠠᠳᠠᠭᠰᠠᠨ ᠪᠥᠭᠡᠳ 2014 ᠣᠨ ᠳᠤ ᠡᠨᠡ ᠶᠠᠪᠤᠳᠠᠯ ᠠᠴᠠ ᠪᠣᠯᠵᠤ ᠠᠵᠢᠯ ᠢᠶᠠᠨ ᠬᠦᠯᠢᠶᠡᠯᠭᠡᠨ ᠥᠭᠴᠡᠢ᠃ ᠮᠡᠳᠡᠭᠡᠯᠡᠯ ᠦᠨ ᠲᠧᠭᠨᠣᠯᠣᠭᠢ ᠬᠠᠷᠢᠭᠤᠴᠠᠭᠰᠠᠨ ᠵᠠᠬᠢᠷᠤᠯ (Chief information officer) ᠨᠢ ᠠᠰᠢ ᠥᠷᠭᠡᠨ ᠴᠠᠷ᠎ᠠ ᠬᠦᠷᠢᠶ᠎ᠡ ᠲᠡᠢ ᠣᠯᠠᠨ ᠲᠥᠷᠥᠯ ᠦᠨ ᠡᠭᠦᠷᠭᠡ ᠭᠦᠢᠴᠡᠳᠭᠡᠳᠡᠭ ᠤᠴᠢᠷ ᠠᠴᠠ ᠠᠯᠳᠠᠭ᠎ᠠ ᠳᠤᠲᠠᠭᠳᠠᠯ ᠭᠠᠷᠬᠤ ᠮᠠᠭᠠᠳᠯᠠᠯ ᠮᠠᠰᠢ ᠥᠨᠳᠥᠷ ᠲᠡᠢ ᠮᠡᠷᠭᠡᠵᠢᠯ ᠶᠤᠮ᠃ ᠰᠠᠯᠪᠤᠷᠢ ᠶᠢᠨ ᠲᠤᠬᠠᠢ ᠮᠡᠳᠡᠭᠡᠯᠡᠯ ᠰᠠᠶᠢᠲᠠᠢ ᠪᠠᠶᠢᠵᠤ ᠯᠠ ᠰᠠᠶ᠋ᠢ ᠠᠯᠳᠠᠭ᠎ᠠ ᠭᠠᠷᠭᠠᠬᠤ ᠪᠣᠯᠤᠮᠵᠢ ᠶᠢ ᠪᠠᠭᠠᠰᠭᠠᠬᠤ ᠪᠣᠯᠤᠮᠵᠢ ᠲᠠᠢ ᠪᠣᠯᠬᠤ ᠶᠤᠮ᠃
  1. von Simson, Ernest. 《The new role of the CIO》. ww.businessweek.com. Retrieved26 October 2014.
  2. University of Nottingham. 《The role of a Chief Information Officers (CIO) or equivalent Senior ICT Manager》. www.nottingham.ac.uk. Retrieved 26 October 2014.
  3. Manwani, Sharm; Flint, David. 《From manager to chief information officer》.www.computerweekly.com. Retrieved 26 October 2014.
  4. Peppard, Joe (August 2010). 《Unlocking the Performance of the Chief Information Officer (CIO)》. California Management Review 52 (4): 5. Retrieved 26 October 2014.
  5. Lawry, Rachel; Waddell, Dianne; Singh, Mohini (2007). 《Roles, Responsibilities and Futures of Chief Information Officers (CIOs) in the Public Sector》 (PDF). p. 3. Retrieved26 October 2014.

ᠳᠡᠳ᠋ ᠠᠩᠬᠢᠯᠠᠯ ᠤᠳ

ᠲᠤᠰ ᠠᠩᠬᠢᠯᠠᠯ ᠳᠤ ᠳᠠᠷᠠᠭᠠᠬᠢ 7 ᠲᠡᠳ᠋ ᠠᠩᠬᠢᠯᠠᠯ ᠤᠳ ᠬᠠᠮᠢᠶᠠᠷᠣᠭᠳᠠᠨ᠎ᠠ᠃

《ᠮᠡᠳᠡᠭᠡᠯᠡᠯ ᠦᠨ ᠲᠧᠭᠨᠣᠯᠣᠭᠢ》 ᠠᠩᠬᠢᠯᠠᠯ ᠳ᠋ᠡᠬᠢ ᠲᠠᠩ ᠬᠠᠭᠣᠳᠠᠰᠣ

ᠲᠤᠰ ᠠᠩᠬᠢᠯᠠᠯ ᠳᠤ ᠳᠠᠷᠠᠭᠠᠬᠢ 27 ᠬᠠᠭᠤᠳᠠᠰᠤ ᠬᠠᠮᠢᠶᠠᠷᠣᠭᠳᠠᠨ᠎ᠠ᠃