ᠠᠭᠠᠷ ᠮᠠᠨᠳᠠᠯ ᠤᠨ ᠦᠢᠯᠡᠴᠢᠯᠡᠭᠡ

ᠴᠢᠯᠦᠭᠡᠲᠦ ᠨᠡᠪᠲᠡᠷᠬᠡᠢ ᠲᠣᠯᠢ — ᠸᠢᠺᠢᠫᠧᠳᠢᠶ᠎ᠠ ᠠᠴᠠ
ᠬᠠᠷᠠᠶᠢᠬᠤ: ᠤᠳᠤᠷᠢᠳᠬᠤ, ᠬᠠᠶᠢᠯᠲᠠ

ᠠᠭᠠᠷ ᠮᠠᠨᠳᠠᠯ ᠤᠨ ᠦᠢᠯᠡᠴᠢᠯᠡᠭᠡ (大气效应᠂ Effect of atmospheric insulation ) ᠪᠠᠰᠠ ᠠᠭᠠᠷ ᠮᠠᠨᠳᠠᠯ ᠤᠨ ᠳᠤᠯᠠᠭᠠᠨ ᠢ ᠬᠠᠮᠠᠭᠠᠯᠠᠬᠤ ᠦᠢᠯᠡᠴᠢᠯᠡᠭᠡ ᠃ ᠬᠦᠯᠡᠮᠵᠢ ᠶᠢᠨ ᠦᠢᠯᠡᠴᠢᠯᠡᠭᠡ ᠭᠡᠵᠦ ᠲᠣᠪᠴᠢᠯᠠᠨ᠎ᠠ ᠪᠤᠶᠤ ᠴᠡᠴᠡᠭ ᠦᠨ ᠬᠦᠯᠡᠮᠵᠢ ᠶᠢᠨ ᠦᠢᠯᠡᠴᠢᠯᠡᠭᠡ ᠃ ᠳᠡᠯᠡᠬᠡᠶ ᠶᠢᠨ ᠪᠥᠮᠪᠥᠷᠴᠡᠭ ᠦᠨ ᠠᠭᠠᠷ ᠮᠠᠨᠳᠠᠯ ᠨᠢ ᠨᠡᠷᠡᠨ ᠦ ᠣᠬᠣᠷ ᠳᠤᠯᠭᠢᠶᠠᠨᠲᠦ ᠰᠠᠴᠤᠷᠠᠭ ᠳᠤ ᠦᠨᠳᠦᠰᠦᠨ  ᠳ᠋ᠡᠭᠡᠨ ᠢᠯᠡ ᠲᠣᠳᠣ ᠪᠣᠯᠵᠤ ᠂ ᠭᠡᠲᠡᠯ᠎ᠡ ᠭᠠᠵᠠᠷ ᠤᠨ ᠭᠠᠳᠠᠷᠭᠤ ᠶᠢᠨ ᠣᠷᠳᠣ ᠳᠤᠯᠭᠢᠶᠠᠨᠲᠦ ᠰᠠᠴᠤᠷᠠᠭ ᠳᠤ ᠴᠢᠩᠭ᠎ᠠ ᠰᠣᠩᠭᠤᠨ ᠰᠢᠩᠭᠡᠭᠡᠵᠦ ᠂ ᠠᠭᠠᠷ ᠮᠠᠨᠳᠠᠯ ᠤᠷᠲᠤ ᠳᠤᠯᠭᠢᠶᠠᠨᠲᠦ ᠰᠠᠴᠤᠷᠠᠭ  ᠢ ᠰᠢᠩᠭᠡᠭᠡᠨ ᠠᠪᠴᠤ ᠂ ᠡᠭᠦᠨ ᠦ ᠬᠠᠮᠲᠤ ᠪᠠᠰᠠ ᠤᠷᠲᠤ ᠳᠤᠯᠭᠢᠶᠠᠨᠲᠦ ᠰᠠᠴᠤᠷᠠᠭ  ᠢ ᠰᠠᠴᠤᠷᠠᠭᠤᠯᠭ᠎ᠠ᠂ ᠲᠡᠭᠦᠨ ᠦ ᠳᠣᠲᠣᠷᠠᠬᠢ ᠨᠢᠭᠡ ᠬᠡᠰᠡᠭ ᠢ ᠰᠠᠨᠰᠠᠷ ᠲᠡᠶᠢᠰᠢ ᠰᠠᠳᠠᠷᠠᠨ᠎ᠠ᠂ ᠨᠦᠬᠦᠭᠡ ᠨᠢᠭᠡ ᠬᠡᠰᠡᠭ ᠨᠢ ᠳᠠᠬᠢᠭᠠᠳ ᠭᠠᠵᠠᠷ ᠤᠨ ᠭᠠᠳᠠᠷᠭᠤ ᠪᠠ ᠠᠭᠠᠷ ᠤᠨ ᠲᠤᠤᠷᠡᠳᠦ ᠳᠠᠪᠬᠤᠷᠭ᠎ᠠ ᠳᠤ ᠪᠤᠴᠠᠨ᠎ᠠ ᠂ ᠡᠭᠦᠨ ᠦ ᠤᠯᠠᠮ ᠠᠴᠠ ᠠᠭᠠᠷ ᠮᠠᠨᠳᠠᠯ ᠣᠷᠣᠰᠢᠵᠤ ᠪᠠᠶᠢᠬᠤ ᠦᠶ᠎ᠡ  ᠶᠢᠨ ᠭᠠᠵᠠᠷ ᠤᠨ ᠭᠠᠳᠠᠷᠭᠤ ᠶᠢᠨ ᠪᠤᠳᠠᠳᠠᠢ ᠳᠤᠯᠠᠭᠠᠨ ᠤ ᠬᠡᠮᠵᠢᠶ᠎ᠡ ᠨᠢ ᠠᠭᠠᠷ ᠮᠠᠨᠳᠠᠯ ᠣᠷᠣᠰᠢᠵᠤ ᠪᠠᠶᠢᠬᠤ ᠦᠭᠡᠢ ᠦᠶᠡᠰ ᠤᠨ ᠭᠠᠵᠠᠷ ᠤᠨ ᠭᠠᠳᠠᠷᠭᠤ ᠶᠢᠨ ᠳᠤᠮᠳᠠᠴᠢ ᠳᠤᠯᠠᠭᠠᠨ ᠡᠴᠡ ᠥᠨᠳᠥᠷ ᠃ ᠠᠭᠠᠷ ᠮᠠᠨᠳᠠᠯ ᠳᠠᠪᠬᠤᠷᠭ᠎ᠠ ᠶᠢᠨ ᠡᠨᠡ ᠬᠦ ᠳᠤᠯᠠᠭᠠᠨ ᠤ ᠳᠡᠭᠡᠭᠰᠢᠯᠡᠬᠦ ᠦᠢᠯᠡᠳᠦᠯ ᠨᠢ ᠳᠠᠷᠤᠶ ᠠᠭᠠᠷ ᠮᠠᠨᠳᠠᠯ ᠤᠨ ᠦᠢᠯᠡᠴᠢᠯᠡᠭᠡ ᠃

ᠳᠤᠯᠠᠭᠠᠨ ᠬᠠᠳᠠᠭᠠᠯᠠᠬᠤ[ᠵᠠᠰᠠᠪᠤᠷᠢᠯᠠᠬᠤ | ᠺᠣᠳ᠋ ᠢᠶᠠᠷ ᠵᠠᠰᠠᠬᠣ]

ᠠᠭᠠᠷ ᠮᠠᠨᠳᠠᠯ ᠤᠨ ᠦᠢᠯᠡᠴᠢᠯᠡᠭᠡ ᠨᠢ ᠠᠭᠠᠷ ᠮᠠᠨᠳᠠᠯ ᠤᠨ ᠳᠠᠪᠬᠤᠷᠭ᠎ᠠ ᠠᠭᠠᠷ ᠮᠠᠨᠳᠠᠯ ᠤᠨ ᠳᠣᠣᠷ᠎ᠠ ᠳᠠᠪᠬᠤᠷᠭ᠎ᠠ ᠪᠠ ᠭᠠᠵᠠᠷ ᠤᠨ ᠭᠠᠳᠠᠷᠭᠤ ᠶᠢᠨ ᠳᠤᠯᠠᠭᠠᠨ ᠢ ᠬᠠᠳᠠᠭᠠᠯᠠᠬᠤ ᠦᠶᠯᠡᠳᠦᠯ ᠲᠡᠶ ᠃ ᠠᠭᠠᠷ ᠮᠠᠨᠳᠠᠯ ᠳᠣᠲᠣᠷᠠᠬᠢ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠂ ᠮᠧᠲ᠋ᠠᠨ , ᠣᠽᠣᠨ , ᠢᠨᠢᠶᠡᠯᠭᠡᠬᠦ ᠬᠡᠢ , ᠹᠯᠣᠷ ᠂ ᠾᠯᠣᠷ ᠂ ᠨᠡᠭᠦᠷᠦᠭᠴᠢ ᠵᠢᠴᠢ ᠤᠰᠤᠨ ᠠᠭᠤᠷ ᠵᠡᠷᠭᠡ ᠨᠢ ᠰᠠᠨᠰᠠᠷ ᠤᠨ ᠣᠷᠳᠣ ᠳᠤᠯᠭᠢᠶᠠᠨᠲᠦ ᠰᠠᠴᠤᠷᠠᠭ ᠢ ᠰᠢᠩᠭᠡᠭᠡᠨ ᠠᠪᠴᠤ ᠴᠢᠳᠠᠬᠤ ᠮᠥᠷᠲᠡᠭᠡᠨ ᠪᠠᠰᠠ ᠭᠠᠵᠠᠷ ᠤᠨ ᠭᠠᠳᠠᠷᠭᠤ ᠶᠢᠨ ᠤᠷᠲᠤ ᠰᠠᠴᠤᠷᠠᠭ ᠢ ᠭᠠᠳᠠᠭᠰᠢ ᠭᠠᠷᠭᠠᠬᠤ ᠵᠢ ᠬᠠᠰᠢᠵᠤ ᠴᠢᠳᠠᠨ᠎ᠠ᠃ ᠠᠭᠠᠷ ᠮᠠᠨᠳᠠᠯ ᠤᠨ ᠦᠢᠯᠡᠴᠢᠯᠡᠭᠡ ᠂ ᠨᠡᠷᠡᠨ ᠦ ᠰᠠᠴᠤᠷᠠᠭ᠂ ᠭᠠᠵᠠᠷ ᠤᠨ ᠭᠠᠳᠠᠷᠭᠤ ᠶᠢᠨ ᠰᠠᠴᠤᠷᠠᠭ ᠪᠠ ᠠᠭᠠᠷ ᠮᠠᠨᠳᠠᠯ ᠤᠨ ᠰᠠᠴᠤᠷᠠᠭ ᠵᠡᠷᠭᠡ ᠭᠤᠷᠪᠠᠨ ᠲᠠᠯ᠎ᠠ ᠶᠢᠨ ᠵᠥᠷᠢᠶ᠎ᠡ ᠪᠠ ᠬᠠᠷᠢᠯᠴᠠᠨ ᠬᠠᠷᠢᠴᠠᠭ᠎ᠠ ᠵᠢ ᠲᠣᠳᠣᠷᠬᠠᠶᠢᠯᠠᠬᠤ ᠴᠢᠬᠤᠯᠠᠲᠠᠶ ᠪᠠᠶᠢᠨ᠎ᠠ ᠂ ᠃  ᠨᠠᠷᠠ ᠂ ᠭᠠᠵᠠᠷ ᠂ ᠠᠭᠠᠷ ᠭᠤᠷᠪᠠᠨ ᠵᠦᠢᠯ ᠦᠨ ᠰᠠᠴᠤᠷᠠᠭ  ᠤᠨ ᠬᠣᠭᠣᠷᠣᠨᠳᠣᠬᠢ ᠢᠯᠭᠠᠭ᠎ᠠ ᠨᠢ ᠄ ᠭᠠᠵᠠᠷ ᠤᠨ ᠭᠠᠳᠠᠷᠭᠤ ᠶᠢᠨ ᠳᠤᠯᠠᠭᠠᠴᠠ ᠨᠠᠷᠠ ᠡᠴᠡ ᠳᠣᠣᠷ᠎ᠠ ᠂ ᠠᠭᠠᠷ ᠮᠠᠨᠳᠠᠯ ᠤᠨ ᠳᠤᠯᠠᠭᠠᠴᠠ ᠭᠠᠵᠠᠷ ᠤᠨ ᠭᠠᠳᠠᠷᠭᠤ  ᠡᠴᠡ ᠳᠣᠣᠷ᠎ᠠ ᠂ ᠡᠶᠢᠮᠦ ᠡᠴᠡ ᠨᠡᠷᠡᠨ ᠦ ᠰᠠᠴᠤᠷᠠᠭ ᠨᠢ ᠣᠬᠤᠷ ᠳᠣᠯᠭᠢᠶᠠᠨᠲᠤ ᠰᠠᠴᠤᠷᠠᠭ ᠳᠤ ᠬᠠᠷᠢᠶᠠᠯᠠᠭᠳᠠᠨ᠎ᠠ᠂ ᠬᠠᠷᠢᠨ ᠭᠠᠵᠠᠷ ᠤᠨ ᠭᠠᠳᠠᠷᠭᠤ ᠶᠢᠨ ᠰᠠᠴᠤᠷᠠᠭ ᠪᠠ ᠠᠭᠠᠷ ᠮᠠᠨᠳᠠᠯ ᠤᠨ ᠰᠠᠴᠤᠷᠠᠭ ᠨᠢ ᠷᠳᠣ ᠳᠤᠯᠭᠢᠶᠠᠨᠲᠦ ᠰᠠᠴᠤᠷᠠᠭ ᠳᠤ ᠬᠠᠷᠢᠶᠠᠯᠠᠭᠳᠠᠨ᠎ᠠ ᠂ ᠡᠶᠢᠮᠦ ᠡᠴᠡ ᠠᠭᠠᠷ ᠮᠠᠨᠳᠠᠯ ᠳᠣᠲᠣᠷᠠᠬᠢ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠪᠣᠯᠤᠨ ᠤᠰᠤᠨ ᠠᠭᠤᠷ ᠨᠢ ᠰᠢᠩᠭᠡᠭᠡᠨ ᠠᠪᠴᠤ ᠴᠢᠳᠠᠬᠤ ᠶᠤᠮ ᠃ ᠠᠷᠠ ᠂ ᠭᠠᠵᠠᠷ ᠂ ᠠᠭᠠᠷ ᠭᠤᠷᠪᠠᠨ ᠵᠦᠢᠯ ᠦᠨ ᠰᠠᠴᠤᠷᠠᠭ ᠤᠨ ᠬᠠᠷᠢᠴᠠᠭ᠎ᠠ ᠨᠢ ᠄ ᠨᠡᠷᠡᠨ ᠦ ᠰᠠᠴᠤᠷᠠᠭ ᠨᠢ ᠠᠭᠠᠷ ᠮᠠᠨᠳᠠᠯ  ᠢᠶᠡᠷ ᠳᠠᠮᠵᠢᠭᠠᠳ ᠨᠢᠭᠡ ᠬᠡᠰᠡᠭ ᠨᠢ ᠰᠤᠯᠠᠷᠠᠭᠰᠠᠨ ᠤ ᠳᠠᠷᠠᠭ᠎ᠠ ᠂ ᠬᠠᠭᠠᠰ ᠰᠢᠬᠠᠮ ᠨᠡᠷᠡᠨ ᠦ ᠰᠠᠴᠤᠷᠠᠭ ᠠᠭᠠᠷ ᠮᠠᠨᠳᠠᠯ ᠭᠠᠵᠠᠷ ᠤᠨ ᠭᠠᠳᠠᠷᠭᠤ ᠳᠡᠭᠡᠷ᠎ᠡ ᠬᠦᠷᠦᠨ᠎ᠡ ᠂ ᠭᠠᠵᠠᠷ ᠤᠨ ᠭᠠᠳᠠᠷᠭᠤ ᠨᠡᠷᠡᠨ ᠦ ᠰᠠᠴᠤᠷᠠᠭ ᠢ ᠰᠢᠩᠭᠡᠭᠡᠭᠰᠡᠨ ᠳᠠᠷᠠᠭ᠎ᠠ ᠳᠤᠯᠠᠭᠠᠴᠠ ᠨᠢ ᠳᠡᠭᠡᠭᠰᠢᠯᠡᠨ᠎ᠠ ᠂ ᠡᠭᠦᠨ ᠦ ᠬᠠᠮᠲᠤ ᠭᠠᠳᠠᠭᠰᠢ ᠰᠠᠳᠠᠷᠠᠭᠤᠯᠠᠨ᠎ᠠ ᠂ ᠢᠯᠴᠢ ᠶᠢᠨ ᠡᠨᠧᠷᠬᠢ ᠵᠢ ᠠᠭᠠᠷ ᠮᠠᠨᠳᠠᠯ ᠳᠣᠲᠣᠷ᠎ᠠ ᠳᠠᠮᠵᠢᠭᠤᠯᠤᠨ ᠂ ᠠᠭᠠᠷ ᠮᠠᠨᠳᠠᠯ ᠭᠠᠵᠠᠷ ᠤᠨ ᠭᠠᠳᠠᠷᠭᠤ ᠶᠢᠨ ᠰᠠᠴᠤᠷᠠᠭ ᠢ ᠰᠢᠩᠭᠡᠭᠡᠭᠰᠡᠨ ᠤ ᠳᠠᠷᠠᠭ᠎ᠠ ᠳᠤᠯᠠᠭᠠᠨ  ᠨᠢ ᠨᠡᠮᠡᠭᠳᠡᠬᠦ ᠪᠥᠭᠡᠳ ᠭᠠᠳᠠᠭᠰᠢ ᠰᠠᠴᠤᠷᠠᠭᠤᠯᠤᠨ᠎ᠠ ᠂ ᠠᠭᠠᠷ ᠮᠠᠨᠳᠠᠯ ᠤᠨ ᠰᠠᠴᠤᠷᠠᠭ ᠬᠣᠶᠠᠷ ᠬᠡᠰᠡᠭ ᠲᠠᠢ᠂ ᠨᠢᠭᠡ ᠪᠦᠯᠦᠭ ᠨᠢ ᠰᠠᠨᠰᠠᠷ ᠣᠭᠲᠠᠷᠭᠤᠶ ᠵᠦᠭ ᠭᠡᠭᠡᠭᠳᠡᠵᠦ᠂  ᠨᠥᠭᠥᠭᠡ ᠶᠡᠬᠡᠩᠬᠢ ᠬᠡᠰᠡᠭ ᠨᠢ ᠭᠠᠵᠠᠷ ᠤᠨ ᠭᠠᠳᠠᠷᠭᠤ ᠳᠡᠭᠡᠷ᠎ᠡ ᠬᠦᠷᠦᠨ᠎ᠡ᠂ ᠲᠡᠭᠦᠨ ᠢ ᠠᠭᠠᠷ ᠮᠠᠳᠠᠯ ᠦᠨ ᠭᠡᠳᠡᠷᠭᠦᠦ ᠰᠠᠴᠤᠷᠠᠭ ᠭᠡᠨ᠎ᠡ᠂ ᠡᠨᠡ ᠬᠡᠰᠡᠭ ᠰᠠᠴᠤᠷᠠᠭ ᠵᠣᠬᠢᠬᠤ ᠬᠡᠮᠵᠢᠶ᠎ᠡ ᠳᠤ ᠭᠠᠵᠠᠷ ᠤᠨ ᠭᠠᠳᠠᠷᠭᠤ ᠶᠢᠨ ᠰᠠᠴᠤᠷᠠᠭ ᠤᠨ ᠬᠣᠬᠢᠷᠠᠭᠰᠠᠨ ᠢᠯᠴᠢ ᠶᠢᠨ ᠡᠨᠧᠷᠭᠢ ᠵᠢ ᠨᠥᠬᠥᠪᠥᠷᠢᠯᠡᠭᠰᠡᠨ ᠪᠠᠶᠢᠨ᠎ᠠ ᠃ ᠠᠭᠠᠷ ᠮᠠᠨᠳᠠᠯ ᠤᠨ ᠦᠢᠯᠡᠴᠢᠯᠡᠭᠡ ᠨᠢ ᠭᠠᠵᠠᠷ ᠤᠨ ᠭᠠᠳᠠᠷᠭᠤ ᠶᠢᠨ ᠳᠤᠯᠠᠭᠠᠨ ᠢ ᠬᠠᠮᠠᠭᠠᠯᠠᠬᠤ ᠦᠢᠯᠡᠴᠢᠯᠡᠭᠡ  ᠪᠡᠷ ᠡᠳᠦᠷ ᠰᠥᠨᠢ ᠶᠢᠨ ᠠᠭᠠᠷ ᠤᠨ ᠳᠤᠯᠠᠭᠠᠨ  ᠢ ᠬᠡᠲᠦᠷᠬᠡᠶ ᠪᠠᠭ᠎ᠠ ᠪᠠᠢᠯᠭᠠᠬᠤ ᠦᠭᠡᠢ ᠂ ᠡᠶᠢᠮᠦ ᠡᠴᠡ ᠳᠡᠯᠡᠬᠡᠶ ᠶᠢᠨ ᠪᠥᠮᠪᠥᠷᠴᠡᠭ ᠦᠨ ᠡᠳᠦᠷ ᠰᠥᠨᠢ ᠶᠢᠨ ᠳᠤᠯᠠᠭᠠᠨ ᠤ ᠵᠥᠷᠢᠶ᠎ᠡ ᠶᠡᠬᠡ ᠪᠢᠰᠢ ᠪᠠᠢᠳᠠᠭ ᠃

ᠦᠨᠡᠯᠡᠯᠲᠡ[ᠵᠠᠰᠠᠪᠤᠷᠢᠯᠠᠬᠤ | ᠺᠣᠳ᠋ ᠢᠶᠠᠷ ᠵᠠᠰᠠᠬᠣ]

ᠠᠭᠠᠷ ᠮᠠᠨᠳᠠᠯ ᠤᠨ ᠦᠢᠯᠡᠴᠢᠯᠡᠭᠡ ᠨᠢ ᠭᠠᠵᠠᠷ ᠤᠨ ᠭᠠᠳᠠᠷᠭᠤ ᠨᠠᠷᠠᠨ ᠤ ᠰᠠᠴᠤᠷᠠᠭ ᠤᠨ ᠡᠨᠧᠷᠭᠢ ᠵᠢ ᠰᠢᠩᠭᠡᠭᠡᠭᠰᠡᠨ ᠢᠶᠡᠷ ᠳᠤᠯᠠᠭᠠᠴᠠ ᠨᠢ ᠳᠡᠭᠡᠭᠰᠢᠯᠡᠬᠦ ᠵᠢ ᠨᠥᠯᠦᠭᠡᠯᠡᠨ᠎ᠡ᠂ ᠡᠭᠦᠨ ᠦ ᠬᠠᠮᠲᠤ ᠭᠠᠵᠠᠷ ᠤᠨ ᠭᠠᠳᠠᠷᠭᠤ ᠪᠠᠰᠠ ᠢᠯᠴᠢ ᠶᠢᠨ ᠡᠨᠧᠷᠭᠢ ᠵᠢ ᠭᠠᠳᠠᠭᠰᠢ ᠰᠠᠳᠠᠷᠠᠭᠤᠯᠤᠨ᠎ᠠ᠃ ᠲᠤᠷᠰᠢᠯᠲᠠ ᠠᠴᠠ ᠮᠡᠳᠡᠭᠰᠡᠨ ᠨᠢ ᠂ ᠪᠣᠳᠠᠰ ᠤᠨ ᠳᠤᠯᠠᠭᠠᠨ ᠤ ᠬᠡᠮᠵᠢᠶ᠎ᠡ ᠤᠯᠠᠮ ᠥᠨᠳᠥᠷ ᠂ ᠰᠠᠴᠤᠷᠠᠭ ᠳᠤᠮᠳᠠ ᠬᠠᠮᠤᠭ ᠴᠢᠩᠭ᠎ᠠ ᠬᠡᠰᠡᠭ  ᠤᠨ ᠳᠣᠯᠭᠢᠶᠠᠨ ᠤ ᠣᠷᠳᠣ ᠨᠢ ᠬᠡᠳᠦᠶ ᠣᠬᠣᠷ ᠂ ᠡᠭᠦᠨ ᠦ ᠡᠰᠡᠷᠭᠦ ᠪᠡᠷ ᠨᠢ ᠲᠡᠳᠦᠶ ᠤᠷᠲᠤ ᠶᠤᠮ ᠃ ᠤᠴᠢᠷ ᠨᠢ ᠳᠡᠯᠡᠬᠡᠶ ᠶᠢᠨ ᠪᠥᠮᠪᠥᠷᠴᠡᠭ ᠦᠨ ᠭᠠᠳᠠᠷᠭᠤ ᠶᠢᠨ ᠳᠤᠯᠠᠭᠠᠨ ᠤ ᠬᠡᠮᠵᠢᠶ᠎ᠡ ᠨᠢ ᠨᠡᠷᠡᠨ ᠡᠴᠡ ᠬᠣᠯᠠ ᠳᠣᠣᠷ᠎ᠠ ᠂ ᠡᠢᠮᠦ ᠡᠴᠡ ᠭᠠᠵᠠᠷ ᠳᠡᠭᠡᠷᠡᠬᠢ ᠰᠠᠴᠤᠷᠠᠭ ᠤᠨ ᠳᠣᠯᠭᠢᠶᠠᠨ ᠤ ᠤᠷᠳᠦ ᠨᠢ  ᠨᠠᠷᠠ ᠶᠢᠨ ᠰᠠᠴᠤᠷᠠᠭ ᠡᠴᠡ ᠡ ᠬᠤᠯᠠ ᠤᠷᠲᠤ ᠂ ᠲᠡᠭᠦᠨ ᠦ ᠡᠨᠧᠷᠭᠢ ᠨᠢ ᠭᠣᠣᠯᠳᠠᠭᠤ ᠤᠯᠠᠭᠠᠨ ᠤ ᠭᠠᠳᠠᠨᠠᠬᠢ ᠲᠤᠶᠠᠭᠠᠨ ᠤ ᠬᠡᠰᠡᠭ  ᠲᠤ ᠲᠥᠪᠯᠡᠷᠡᠵᠦ ᠪᠠᠢᠨ᠎ᠠ ᠃ ᠡᠶᠢᠮᠦ ᠡᠴᠡ ᠨᠠᠷᠠ ᠣᠬᠣᠷ ᠳᠣᠯᠭᠢᠶᠠᠨᠲᠤ ᠰᠠᠴᠤᠷᠠᠭ ᠲᠠᠢ ᠬᠠᠷᠢᠴᠠᠭᠤᠯᠪᠠᠯ ᠂ ᠭᠠᠵᠠᠷ ᠤᠨ ᠭᠠᠳᠠᠷᠭᠤ ᠶᠢᠨ ᠰᠠᠴᠤᠷᠠᠭ  ᠨᠢ ᠣᠷᠳᠣ ᠳᠣᠯᠭᠢᠶᠠᠨᠲᠤ ᠰᠠᠴᠤᠷᠠᠭ ᠃

ᠪᠢᠴᠢᠭᠡᠰᠦ