ᠠᠯᠲᠠᠨᠪᠤᠯᠠᠭ ᠰᠤᠮᠤ (ᠰᠡᠯᠡᠩᠭᠡ)

ᠴᠢᠯᠦᠭᠡᠲᠦ ᠨᠡᠪᠲᠡᠷᠬᠡᠢ ᠲᠣᠯᠢ — ᠸᠢᠺᠢᠫᠧᠳᠢᠶ᠎ᠠ ᠠᠴᠠ
ᠬᠠᠷᠠᠶᠢᠬᠤ: ᠤᠳᠤᠷᠢᠳᠬᠤ, ᠬᠠᠶᠢᠯᠲᠠ
ᠠᠯᠲᠠᠨᠪᠤᠯᠠᠭ ᠬᠣᠯᠪᠣᠭᠠᠰᠤ ᠶᠢ ᠳᠠᠷᠤᠵᠤ ᠠᠳᠠᠯᠢ ᠨᠡᠷᠡᠲᠦ ᠵᠦᠢᠯᠡᠰ ᠡᠴᠡ ᠢᠯᠭᠠᠨ ᠲᠠᠨᠢᠭᠠᠷᠠᠢ᠃
ᠠᠯᠲᠠᠨᠪᠤᠯᠠᠭ ᠰᠤᠮᠤ
ᠠᠯᠲᠠᠨᠪᠤᠯᠠᠭ ᠰᠤᠮᠤ
ᠰᠤᠮᠤ
ᠤᠯᠤᠰ᠂ ᠣᠷᠣᠨ ᠮᠣᠩᠭᠣᠯ ᠮᠣᠩᠭᠣᠯ (ᠮᠣᠩᠭᠣᠯ ᠤᠯᠤᠰ)
ᠳᠡᠭᠡᠳᠦ ᠨᠤᠲᠤᠭ ᠰᠡᠯᠡᠩᠭᠡ ᠠᠶᠢᠮᠠᠭ
ᠳ᠋ᠣᠣ ᠳᠤ ᠨᠤᠲᠤᠭ
(3 ᠪᠠᠭ)
1. ᠪᠦᠷᠭᠦᠳ ᠲᠡᠢ
2. ᠰᠤᠪᠤᠷᠭ᠎ᠠ
3. ᠴᠥᠬᠥ
ᠭᠠᠵᠠᠷ ᠨᠤᠲᠤᠭ 2100.30 ᠺᠦᠸᠠᠳ᠋ ᠺᠢᠯᠣᠮᠧᠲ᠋ᠷ
ᠬᠦᠮᠦᠨ ᠠᠮᠠ (2011) 5,117 ᠬᠦᠮᠦᠨ
ᠰᠢᠤᠳᠠᠨ ᠳᠤᠭᠠᠷ 43040
ᠬᠠᠶᠠᠭ᠎ᠠ ᠵᠠᠯᠭᠠᠭ᠎ᠠ
ᠭᠠᠵᠠᠷ᠂ ᠨᠤᠲᠤᠭ
ᠲᠦᠰᠢᠭ᠂ ↑ ᠬᠢᠶᠠᠭᠲᠤ
ᠰᠦᠬᠡᠪᠠᠭᠠᠲᠤᠷ
ᠱᠠᠮᠠᠷ᠂ ↘ ᠬᠥᠳᠡᠷᠢ
ᠵᠢᠪᠬᠤᠯᠠᠩᠲᠤ᠂ ↓ ᠢᠷᠦᠭᠡ

ᠠᠯᠲᠠᠨᠪᠤᠯᠠᠭ (ᠠᠯᠲᠠᠨᠪᠤᠯᠠᠭ) ᠰᠤᠮᠤ ᠮᠣᠩᠭᠣᠯ ᠤᠯᠤᠰ ᠍ ᠤᠨ ᠰᠡᠯᠡᠩᠭᠡ ᠠᠶᠢᠮᠠᠭ ᠲᠤ ᠬᠠᠷᠢᠶᠠᠯᠠᠭᠳᠠᠳᠠᠭ᠃ ᠲᠥᠪ ᠨᠢ ᠠᠯᠲᠠᠨᠪᠤᠯᠠᠭ ᠰᠠᠭᠤᠷᠢᠨ᠃

ᠲᠣᠪᠴᠢ ᠲᠡᠦᠬᠡ[ᠵᠠᠰᠠᠪᠤᠷᠢᠯᠠᠬᠤ | ᠺᠣᠳ᠋ ᠢᠶᠠᠷ ᠵᠠᠰᠠᠬᠣ]

1727 ᠣᠨ ᠬᠦᠷᠲᠡᠯ᠎ᠡ ᠲᠦᠰᠢᠶᠡᠲᠦ ᠬᠠᠨ ᠠᠶᠢᠮᠠᠭ ᠤᠨ ᠡᠷᠳᠡᠨᠢ ᠸᠠᠩ ᠤᠨ ᠬᠣᠰᠢᠭᠤᠨ ᠳᠤ ᠬᠠᠮᠢᠶᠠᠷᠴᠢ ᠪᠠᠶᠢᠭᠰᠠᠨ ᠢᠶᠠᠨ 1727 ᠣᠨ ᠠᠴᠠ ᠬᠢᠷᠠᠭᠠᠨ᠂ ᠪᠤᠤᠷ᠎ᠠ ᠶᠢᠨ ᠬᠠᠷᠠᠭᠤᠯ ᠵᠡᠷᠭᠡ ᠬᠣᠶᠠᠷ ᠤᠯᠤᠰ ᠤᠨ ᠬᠢᠯᠢ ᠶᠢᠨ ᠬᠠᠷᠠᠭᠤᠯ ᠤᠨ ᠬᠢᠵᠠᠭᠠᠷ ᠪᠣᠯᠵᠤ ᠵᠠᠩᠭᠢ ᠳᠤ ᠬᠠᠮᠢᠶᠠᠷᠤᠭᠤᠯᠵᠠᠢ᠃ 1727 ᠣᠨ ᠠᠴᠠ ᠬᠢᠯᠢ ᠶᠢᠨ ᠬᠤᠳᠠᠯᠳᠤᠭᠠᠨ ᠤ ᠬᠢᠶᠠᠭᠲᠤ ᠰᠠᠭᠤᠷᠢᠨ ᠡᠭᠦᠰᠪᠡ᠃ ᠠᠷᠪᠠᠨ ᠲᠠᠪᠤᠳᠤᠭᠠᠷ ᠵᠠᠭᠤᠨ ᠤ ᠡᠬᠢᠨ ᠳᠦ ᠮᠣᠩᠭᠣᠯ ᠤᠨ ᠬᠢᠶᠠᠭᠲᠤ ᠶᠢ ᠨᠠᠶᠢᠮᠠᠢ ᠬᠣᠲᠠ (買賣城 [Mǎimài chéng]), ᠥᠪᠥᠷ ᠬᠢᠶᠠᠭᠲᠤ ᠭᠡᠳᠡᠭ ᠪᠠᠶᠢᠯ᠎ᠠ᠃ᠣᠷᠤᠭᠤᠯᠵᠤ ᠬᠡᠷᠡᠭᠯᠡᠭᠰᠡᠨ ᠠᠯᠳᠠᠭ᠎ᠠ ᠄ ᠬᠦᠴᠦᠨ ᠦᠭᠡᠢ <ref> ᠲᠡᠮᠳᠡᠭ ︔ ᠠᠭᠤᠯᠭ᠎ᠠ ᠲᠠᠭᠯᠠᠭᠰᠠᠨ ᠦᠭᠡᠢ ᠣᠷᠤᠯᠪᠤᠷᠢ ᠨᠢ ᠡᠷᠬᠡᠪᠰᠢ name ᠴᠢᠨᠠᠷ ᠢ ᠨᠢ ᠲᠠᠭᠯᠠᠬᠤ ᠬᠡᠷᠡᠭᠲᠡᠢ ︕

1921 ᠣᠨ ᠤ 3 ᠰᠠᠷ᠎ᠠ ᠶᠢᠨ 18 ᠍ ᠳᠦ ᠳ᠃ ᠰᠦᠬᠡᠪᠠᠭᠠᠲᠤᠷ ᠵᠠᠩᠵᠤᠨ ᠤ ᠤᠳᠤᠷᠢᠳᠤᠭᠰᠠᠨ ᠮᠣᠩᠭᠣᠯ ᠠᠷᠠᠳ ᠤᠨ ᠵᠢᠷᠤᠮᠲᠤ ᠴᠡᠷᠢᠭ 《ᠬᠢᠯᠢ ᠪᠡᠨ ᠬᠠᠮᠠᠭᠠᠯᠠᠨ᠎ᠠ》 ᠭᠡᠵᠦ ᠪᠦᠭᠰᠢᠭᠰᠡᠨ ᠬᠢᠲᠠᠳ ᠴᠡᠷᠢᠭ ᠢ ᠦᠯᠳᠡᠨ ᠬᠥᠭᠡᠭᠡᠵᠦ᠂ ᠲᠦᠷᠢ ᠵᠠᠰᠠᠭ ᠤᠨ ᠭᠠᠵᠠᠷ ᠪᠠᠶᠢᠭᠤᠯᠪᠠ᠃ ᠡᠨᠳᠡ ᠡᠴᠡ ᠦᠢᠯᠡ ᠶᠠᠪᠤᠳᠠᠯ ᠥᠷᠨᠢᠵᠦ ᠮᠣᠩᠭᠣᠯ ᠤᠯᠤᠰ ᠡᠷᠭᠢᠯᠲᠡ ᠦᠭᠡᠢ ᠲᠤᠰᠠᠭᠠᠷ ᠲᠣᠭᠲᠠᠨᠢᠵᠤ ᠴᠢᠳᠠᠵᠠᠢ᠃

1931 ᠣᠨ ᠳᠤ ᠲᠠᠷᠢᠶᠠᠯᠠᠩ ᠤᠨ ᠠᠶᠢᠮᠠᠭ ᠡᠭᠦᠰᠦᠨ ᠪᠠᠶᠢᠭᠤᠯᠤᠭᠳᠠᠬᠤ ᠳᠤ ᠠᠯᠲᠠᠨᠪᠤᠯᠠᠭ ᠰᠤᠮᠤ ᠡᠭᠦᠰᠴᠢ 1938 ᠣᠨ ᠳᠤ ᠲᠠᠲᠠᠨ ᠪᠠᠭᠤᠭᠳᠠᠵᠤ ᠱᠠᠮᠠᠷ ᠰᠤᠮᠤᠠᠨᠳᠠ ᠨᠢᠭᠡᠳᠪᠡ᠃ ᠬᠣᠲᠠ᠂ ᠰᠠᠭᠤᠷᠢᠨ ᠤ ᠲᠤᠬᠠᠢ ᠳᠤ 1931 ᠣᠨ ᠠᠴᠠ 1940 ᠣᠨ ᠳᠤ ᠰᠦᠬᠡᠪᠠᠭᠠᠲᠤᠷ ᠬᠣᠲᠠ ᠡᠭᠦᠰᠬᠦ ᠬᠦᠷᠲᠡᠯ᠎ᠡ ᠰᠡᠯᠡᠩᠭᠡ ᠠᠶᠢᠮᠠᠭ ᠤᠨ ᠲᠥᠪ 《ᠠᠯᠲᠠᠨᠪᠤᠯᠠᠭ ᠤᠨ ᠬᠣᠲᠠ》, ᠣᠳᠣᠨ ᠤ ᠰᠤᠮᠤ ᠪᠠᠶᠢᠭᠤᠯᠤᠭᠳᠠᠬᠤ ᠬᠦᠷᠲᠡᠯ᠎ᠡ ᠱᠠᠮᠠᠷ ᠰᠤᠮᠤ ᠶᠢᠨ ᠨᠤᠲᠤᠭ ᠳᠠᠬᠢ ᠠᠶᠢᠮᠠᠭ ᠠᠴᠠ ᠰᠢᠭᠤᠳ ᠵᠠᠬᠢᠷᠤᠭᠳᠠᠳᠠᠭ 《ᠠᠯᠲᠠᠨᠪᠤᠯᠠᠭ ᠤᠨ ᠬᠣᠷᠢᠶ᠎ᠠ》 ᠭᠡᠭᠳᠡᠵᠦ ᠪᠠᠶᠢᠪᠠ᠃ 1956 ᠣᠨ ᠳᠤ ᠲᠥᠪ ᠠᠶᠢᠮᠠᠭ ᠤᠨ ᠬᠠᠷᠢᠶᠠᠨ ᠳᠤ ᠠᠯᠲᠠᠨᠪᠤᠯᠠᠭ ᠰᠤᠮᠤ ᠳᠠᠬᠢᠨ ᠲᠥᠷᠦᠵᠢ᠂ 1959 ᠣᠨ ᠠᠴᠠ ᠰᠡᠯᠡᠩᠭᠡ ᠠᠶᠢᠮᠠᠭ ᠤᠨ ᠬᠢ ᠪᠣᠯᠵᠤ ᠥᠨᠥᠳᠥᠷ ᠲᠡᠢ ᠵᠣᠯᠭᠠᠵᠤ ᠪᠠᠶᠢᠨ᠎ᠠ᠃ᠣᠷᠤᠭᠤᠯᠵᠤ ᠬᠡᠷᠡᠭᠯᠡᠭᠰᠡᠨ ᠠᠯᠳᠠᠭ᠎ᠠ ᠄ ᠬᠦᠴᠦᠨ ᠦᠭᠡᠢ <ref> ᠲᠡᠮᠳᠡᠭ ︔ ᠠᠭᠤᠯᠭ᠎ᠠ ᠲᠠᠭᠯᠠᠭᠰᠠᠨ ᠦᠭᠡᠢ ᠣᠷᠤᠯᠪᠤᠷᠢ ᠨᠢ ᠡᠷᠬᠡᠪᠰᠢ name ᠴᠢᠨᠠᠷ ᠢ ᠨᠢ ᠲᠠᠭᠯᠠᠬᠤ ᠬᠡᠷᠡᠭᠲᠡᠢ ︕

ᠭᠠᠵᠠᠷ ᠵᠦᠢ[ᠵᠠᠰᠠᠪᠤᠷᠢᠯᠠᠬᠤ | ᠺᠣᠳ᠋ ᠢᠶᠠᠷ ᠵᠠᠰᠠᠬᠣ]

ᠠᠯᠲᠠᠨᠪᠤᠯᠠᠭ ᠰᠠᠭᠤᠷᠢᠨ ᠠᠶᠢᠮᠠᠭ ᠤᠨ ᠲᠥᠪ ᠰᠦᠬᠡᠪᠠᠭᠠᠲᠤᠷ ᠠᠴᠠ 24 ᠺᠢᠯᠣᠮᠧᠲ᠋ᠷ᠂ ᠤᠯᠤᠰ ᠤᠨ ᠨᠡᠶᠢᠰᠯᠡᠯ ᠤᠯᠠᠭᠠᠨᠪᠠᠭᠠᠲᠤᠷ ᠠᠴᠠ 345 ᠺᠢᠯᠣᠮᠧᠲ᠋ᠷ ᠵᠠᠶᠢᠲᠠᠢ᠃[1]

ᠬᠤᠳᠠᠯᠳᠤᠭᠠᠨ ᠤ ᠴᠢᠯᠦᠭᠡᠲᠦ ᠪᠥᠰᠡ[ᠵᠠᠰᠠᠪᠤᠷᠢᠯᠠᠬᠤ | ᠺᠣᠳ᠋ ᠢᠶᠠᠷ ᠵᠠᠰᠠᠬᠣ]

ᠠᠯᠲᠠᠨᠪᠤᠯᠠᠭ ᠲᠤ ᠣᠯᠠᠨ ᠤᠯᠤᠰ ᠤᠨ ᠬᠤᠳᠠᠯᠳᠤᠭ᠎ᠠ ᠠᠷᠠᠯᠵᠢᠶᠠᠨ ᠤ ᠴᠢᠯᠦᠭᠡᠲᠦ ᠪᠥᠰᠡ ᠪᠠᠶᠢᠭᠤᠯᠬᠤ ᠬᠠᠤᠯᠢ 2002 ᠣᠨ ᠳᠤ ᠪᠠᠲᠤᠯᠠᠭᠳᠠᠭᠰᠠᠨ᠃ ᠣᠳᠣ ᠪᠠᠷ ᠳᠡᠳ᠋ ᠪᠦᠲᠦᠴᠡ ᠪᠠᠷᠢᠵᠤ ᠪᠠᠶᠢᠭ᠎ᠠ᠃[2]

ᠠᠯᠳᠠᠷ ᠭᠠᠪᠢᠶᠠᠲᠠᠨ[ᠵᠠᠰᠠᠪᠤᠷᠢᠯᠠᠬᠤ | ᠺᠣᠳ᠋ ᠢᠶᠠᠷ ᠵᠠᠰᠠᠬᠣ]

ᠯᠠᠪᠯᠠᠬᠤ ᠪᠢᠴᠢᠭ[ᠵᠠᠰᠠᠪᠤᠷᠢᠯᠠᠬᠤ | ᠺᠣᠳ᠋ ᠢᠶᠠᠷ ᠵᠠᠰᠠᠬᠣ]

ᠪᠢᠴᠢᠭᠡᠰᠦ