ᠡᠷᠳᠡᠨᠢ ᠶᠢᠨ ᠪᠠᠲᠤ-ᠡᠭᠦᠯᠡ

ᠴᠢᠯᠦᠭᠡᠲᠦ ᠨᠡᠪᠲᠡᠷᠬᠡᠢ ᠲᠣᠯᠢ — ᠸᠢᠺᠢᠫᠧᠳᠢᠶ᠎ᠠ ᠠᠴᠠ
ᠬᠠᠷᠠᠶᠢᠬᠤ: ᠤᠳᠤᠷᠢᠳᠬᠤ, ᠬᠠᠶᠢᠯᠲᠠ

ᠡᠷᠳᠡᠨᠢ ᠶᠢᠨ ᠪᠠᠲᠤ-ᠡᠭᠦᠯᠡ (1957 ᠣᠨ ᠤ ᠳᠣᠯᠣᠳᠤᠭᠠᠷ ᠰᠠᠷ᠎ᠠ ᠶᠢᠨ 1 ᠍ ᠍ ᠳᠦ ᠤᠯᠠᠭᠠᠨᠪᠠᠭᠠᠲᠤᠷ ᠬᠣᠳᠠ ᠳᠤ ᠲᠦᠷᠦᠭᠰᠡᠨ) ᠮᠣᠩᠭᠣᠯ ᠤᠨ ᠠᠷᠠᠳᠴᠢᠯᠠᠭᠰᠠᠨ ᠬᠤᠪᠢᠰᠬᠠᠯ ᠍ ᠍ ᠤᠨ ᠠᠩᠬᠠᠨ ᠤ ᠵᠢᠳᠬᠦᠯᠲᠡᠨ ᠨᠦᠭᠦᠳ ᠦᠨ ᠨᠢᠭᠡ᠂ ᠨᠡᠶᠢᠰᠯᠡᠯ ᠦᠨ ᠵᠠᠰᠠᠭ ᠳᠠᠷᠤᠭ᠎ᠠ ᠪᠥᠭᠡᠳ ᠤᠯᠠᠭᠠᠨᠪᠠᠭᠠᠲᠤᠷ ᠬᠣᠲᠠ ᠶᠢᠨ ᠵᠠᠬᠢᠷᠤᠭᠴᠢ᠂ ᠤᠯᠤᠰ ᠤᠨ ᠶᠡᠬᠡ ᠬᠤᠷᠠᠯ ᠍ ᠍ ᠶᠢᠨ ᠭᠡᠰᠢᠭᠦᠨ ᠠᠰᠠᠨ᠃ ᠮᠣᠩᠭᠣᠯ ᠤᠯᠤᠰ ᠤᠨ ᠪᠠᠭᠠᠲᠤᠷ ᠴᠣᠯᠠ ᠲᠠᠢ᠃ ᠠᠷᠠᠳ ᠤᠨ ᠤᠷᠠᠨ ᠵᠣᠬᠢᠶᠠᠯᠴᠢ ᠰ᠃ᠡᠷᠳᠡᠨᠢ ᠶᠢᠨ ᠬᠦᠦ ᠶᠤᠮ᠃

ᠪᠣᠯᠪᠠᠰᠤᠷᠠᠯ[ᠵᠠᠰᠠᠪᠤᠷᠢᠯᠠᠬᠤ | ᠺᠣᠳ᠋ ᠢᠶᠠᠷ ᠵᠠᠰᠠᠬᠣ]

  • 1975 ᠣᠨ ᠳᠤ ᠤᠯᠠᠭᠠᠨᠪᠠᠭᠠᠲᠤᠷ ᠬᠣᠲᠠ ᠶᠢᠨ 1 ᠳᠦᠭᠡᠷ ᠰᠤᠷᠭᠠᠭᠤᠯᠢ ᠶᠢ ᠲᠡᠭᠦᠰᠦᠭᠰᠡᠨ᠃
  • 1981 ᠣᠨ ᠳᠤ ᠮᠣᠩᠭᠣᠯ ᠤᠯᠤᠰ ᠤᠨ ᠶᠡᠬᠡ ᠰᠤᠷᠭᠠᠭᠤᠯᠢ ᠶᠢ ᠹᠢᠽᠢᠺᠴᠢ ᠮᠡᠷᠭᠡᠵᠢᠯ ᠢᠶᠡᠷ ᠲᠡᠭᠦᠰᠦᠭᠰᠡᠨ᠃

1990 ᠣᠨ ᠠᠴᠠ ᠡᠮᠦᠨ᠎ᠡ[ᠵᠠᠰᠠᠪᠤᠷᠢᠯᠠᠬᠤ | ᠺᠣᠳ᠋ ᠢᠶᠠᠷ ᠵᠠᠰᠠᠬᠣ]

ᠲᠡᠷᠡᠪᠡᠷ 1981-1982 ᠣᠨ ᠳᠤ ᠪᠠᠷᠢᠯᠭ᠎ᠠ ᠶᠢᠨ ᠲᠧᠭᠨᠢᠭ ᠮᠡᠷᠭᠡᠵᠢᠯ ᠦᠨ ᠰᠤᠷᠭᠠᠭᠤᠯᠢ ᠳᠤ ᠪᠠᠭᠰᠢ ᠪᠠᠷ ᠠᠵᠢᠯᠯᠠᠵᠤ ᠪᠠᠶᠢᠭᠠᠳ᠂ 1982-1985 ᠣᠨ ᠳᠤ ᠥᠪᠡᠷ ᠦᠨ ᠬᠦᠰᠡᠯᠲᠦ ᠪᠡᠷ ᠬᠥᠪᠰᠥᠭᠥᠯ ᠠᠶᠢᠮᠠᠭ ᠤᠨ ᠷᠢᠨᠴᠢᠩᠯᠬᠦᠮᠪᠦ ᠰᠤᠮᠤ ᠍ ᠍ ᠤᠨ 10 ᠵᠢᠯ ᠦᠨ ᠳᠤᠮᠳᠠ ᠰᠤᠷᠭᠠᠭᠤᠯᠢ ᠳᠤ ᠪᠠᠭᠰᠢ ᠪᠠᠷ ᠲᠣᠮᠢᠯᠠᠭᠳᠠᠨ ᠠᠵᠢᠯᠯᠠᠵᠤ ᠪᠠᠶᠢᠪᠠ᠃ 1985-1989 ᠣᠨ ᠳᠤ ᠰᠢᠨᠵᠢᠯᠡᠬᠦ ᠤᠬᠠᠭᠠᠨ ᠤ ᠠᠺᠠᠳᠧᠮᠢ ᠳᠤ ᠡᠷᠳᠡᠮ ᠰᠢᠨᠵᠢᠯᠡᠭᠡᠨ ᠦ ᠠᠵᠢᠯᠲᠠᠨ ᠢᠶᠠᠷ ᠠᠵᠢᠯᠯᠠᠵᠤ ᠪᠠᠶᠢᠯ᠎ᠠ᠃ ᠡᠶᠢᠨᠬᠦᠦ ᠠᠺᠠᠳᠧᠮᠢ ᠳᠤ ᠠᠵᠢᠯᠯᠠᠵᠤ ᠪᠠᠶᠢᠬᠤ ᠳᠤ ᠪᠠᠨ 1988 ᠣᠨ ᠠᠴᠠ ᠰᠢᠨ᠎ᠡ ᠦᠶ᠎ᠡ ᠬᠡᠮᠡᠬᠦ ᠨᠢᠭᠤᠴᠠ ᠪᠦᠯᠬᠦᠮ ᠢ ᠪᠠᠶᠢᠭᠤᠯᠵᠤ ᠤᠬᠤᠭᠤᠯᠬᠤ ᠬᠠᠭᠤᠳᠠᠰᠤ ᠨᠠᠭᠠᠵᠤ ᠡᠬᠢᠯᠡᠵᠡᠢ᠃

ᠠᠷᠠᠳᠴᠢᠯᠠᠭᠰᠠᠨ ᠬᠤᠪᠢᠰᠬᠠᠯ ᠤᠨ ᠦᠶ᠎ᠡ ᠪᠠ ᠲᠡᠭᠦᠨ ᠡᠴᠡ ᠬᠣᠶᠢᠰᠢᠬᠢ ᠤᠯᠤᠰ ᠲᠥᠷᠥ ᠶᠢᠨ ᠠᠮᠢᠳᠤᠷᠠᠯ[ᠵᠠᠰᠠᠪᠤᠷᠢᠯᠠᠬᠤ | ᠺᠣᠳ᠋ ᠢᠶᠠᠷ ᠵᠠᠰᠠᠬᠣ]

ᠪᠠᠲᠤ-ᠡᠭᠦᠯᠡ 1990 ᠣᠨ ᠳᠤ ᠮᠣᠩᠭᠣᠯ ᠤᠨ ᠠᠷᠠᠳᠴᠢᠯᠠᠭᠰᠠᠨ ᠨᠠᠮ ᠢ ᠠᠩᠬ᠎ᠠ ᠪᠠᠶᠢᠭᠤᠯᠤᠯᠴᠠᠵᠤ᠂ ᠠᠩᠬᠠᠨ ᠤ ᠬᠢ ᠨᠢ ᠳᠠᠷᠤᠭ᠎ᠠ ᠪᠠᠷ ᠰᠣᠩᠭᠣᠭᠳᠠᠨ 1992 ᠣᠨ ᠬᠦᠷᠲᠡᠯ᠎ᠡ ᠠᠵᠢᠯᠯᠠᠵᠤ ᠪᠠᠶᠢᠯ᠎ᠠ᠃ ᠲᠡᠷᠡᠪᠡᠷ 1990-1992 ᠣᠨ ᠳᠤ ᠠᠷᠠᠳ ᠤᠨ ᠶᠡᠬᠡ ᠬᠤᠷᠠᠯ ᠤᠨ ᠳ᠋ᠧᠫᠦᠲ᠋ᠠᠲ᠂ 1992-1996 ᠣᠨ ᠳᠤ ᠮᠣᠩᠭᠣᠯ ᠤᠨ ᠠᠷᠠᠳᠴᠢᠯᠠᠭᠰᠠᠨ ᠨᠠᠮ ᠤᠨ ᠤᠯᠤᠰ ᠲᠥᠷᠥ ᠶᠢᠨ ᠰᠤᠳᠤᠯᠭᠠᠨ ᠤ ᠬᠦᠷᠢᠶᠡᠯᠡᠩ ᠦᠨ ᠵᠠᠬᠢᠷᠤᠯ᠂ ᠮᠣᠩᠭᠣᠯ ᠤᠨ ᠦᠨᠳᠦᠰᠦᠨ ᠦ ᠠᠷᠠᠳᠴᠢᠯᠠᠭᠰᠠᠨ ᠨᠠᠮ ᠤᠨ ᠶᠡᠷᠦᠩᠬᠡᠢ ᠨᠠᠷᠢᠨ ᠪᠢᠴᠢᠭ ᠦᠨ ᠳᠠᠷᠤᠭ᠎ᠠ᠂ ᠳᠡᠳ᠋ ᠳᠠᠷᠤᠭ᠎ᠠ ᠪᠠᠷ ᠠᠵᠢᠯᠯᠠᠵᠤ ᠪᠠᠶᠢᠭᠠᠳ 1996-2000 ᠣᠨ ᠳᠤ ᠮᠣᠩᠭᠣᠯ ᠤᠯᠤᠰ ᠤᠨ ᠶᠡᠬᠡ ᠬᠤᠷᠠᠯ ᠤᠨ ᠭᠡᠰᠢᠭᠦᠨ ᠢᠶᠡᠷ ᠰᠣᠩᠭᠣᠭᠳᠠᠨ ᠠᠵᠢᠯᠯᠠᠵᠤ ᠪᠠᠶᠢᠪᠠ᠃ ᠬᠠᠷᠢᠨ 1998 ᠣᠨ ᠤ 10 ᠰᠠᠷ᠎ᠠ ᠶᠢᠨ 2 ᠨᠳ ᠠᠮᠢ ᠦᠷᠡᠭᠳᠡᠭᠰᠡᠨ ᠵᠣᠷᠢᠭ ᠤᠨ ᠬᠡᠷᠡᠭ ᠲᠦ ᠨᠡᠷ᠎ᠡ ᠬᠣᠯᠪᠣᠭᠳᠠᠵᠤ ᠰᠡᠵᠢᠭᠲᠡᠨ ᠢᠶᠡᠷ ᠲᠠᠲᠠᠭᠳᠠᠵᠤ ᠪᠠᠶᠢᠭᠰᠠᠨ᠃ 2000-2004 ᠣᠨ ᠳᠤ ᠴᠤᠭᠤ ХХК ᠍ ᠍ ᠳᠦ ᠠᠵᠢᠯᠯᠠᠵᠤ ᠪᠠᠶᠢᠭᠠᠳ 2004, 2008 ᠣᠨ ᠳᠤ ᠮᠣᠩᠭᠣᠯ ᠤᠯᠤᠰ ᠤᠨ ᠶᠡᠬᠡ ᠬᠤᠷᠠᠯ ᠤᠨ ᠭᠡᠰᠢᠭᠦᠨ ᠢᠶᠡᠷ ᠳᠠᠬᠢᠨ ᠰᠣᠩᠭᠣᠭᠳᠠᠵᠤ 8 ᠵᠢᠯ ᠠᠵᠢᠯᠯᠠᠵᠠᠢ᠃

2009 ᠣᠨ ᠳᠤ ᠠᠷᠠᠳᠴᠢᠯᠠᠭᠰᠠᠨ ᠬᠤᠪᠢᠰᠬᠠᠯ ᠤᠨ 20 ᠵᠢᠯ ᠦᠨ ᠣᠢ ᠪᠠᠷ ᠮᠣᠩᠭᠣᠯ ᠤᠯᠤᠰ ᠤᠨ ᠪᠠᠭᠠᠲᠤᠷ ᠴᠣᠯᠠ ᠪᠠᠷ ᠱᠠᠩᠨᠠᠭᠤᠯᠤᠭᠰᠠᠨ[1]

ᠲᠡᠷᠡ ᠪᠡᠷ 2012 ᠣᠨ ᠤ ᠨᠡᠶᠢᠰᠯᠡᠯ ᠦᠨ ᠢᠷᠭᠡᠳ ᠦᠨ ᠲᠥᠯᠥᠭᠡᠯᠡᠭᠴᠢᠳ ᠦᠨ ᠬᠤᠷᠠᠯ ᠤᠨ ᠰᠣᠩᠭᠣᠭᠤᠯᠢ ᠳᠤ ᠠᠷᠠᠳᠴᠢᠯᠠᠭᠰᠠᠨ ᠨᠠᠮ ᠤᠨ ᠵᠢᠭ᠌ᠰᠠᠭᠠᠯᠳᠠ ᠶᠢ ᠲᠡᠷᠢᠭᠦᠯᠡᠨ ᠣᠷᠣᠯᠴᠠᠵᠤ ᠨᠠᠮ ᠳᠤ ᠪᠠᠨ ᠢᠯᠠᠯᠲᠠ ᠠᠪᠴᠢᠷᠠᠭᠰᠠᠨ ᠪᠥᠭᠡᠳ 2012 ᠣᠨ ᠤ 8 ᠰᠠᠷ᠎ᠠ ᠶᠢᠨ 7 ᠍ ᠍ ᠨᠣᠣᠰᠣ ᠨᠡᠶᠢᠰᠯᠡᠯ ᠦᠨ ᠵᠠᠰᠠᠭ ᠳᠠᠷᠤᠭ᠎ᠠ ᠪᠥᠭᠡᠳ ᠤᠯᠠᠭᠠᠨᠪᠠᠭᠠᠲᠤᠷ ᠬᠣᠲᠠ ᠶᠢᠨ ᠵᠠᠬᠢᠷᠤᠭᠴᠢ ᠶᠢᠨ ᠠᠯᠪᠠ ᠶᠢ ᠬᠠᠰᠢᠵᠤ ᠪᠠᠶᠢᠨ᠎ᠠ᠃

ᠬᠤᠳᠠᠯ ᠬᠡᠯᠡᠭᠰᠡᠨ ᠪᠠᠷᠢᠮᠲᠠ ᠨᠤᠭᠤᠳ[ᠵᠠᠰᠠᠪᠤᠷᠢᠯᠠᠬᠤ | ᠺᠣᠳ᠋ ᠢᠶᠠᠷ ᠵᠠᠰᠠᠬᠣ]

  • ᠪᠠᠲᠤ-ᠡᠭᠦᠯᠡ ᠨᠢ ᠤᠯᠠᠭᠠᠨᠪᠠᠭᠠᠲᠤᠷ ᠬᠣᠲᠠ ᠶᠢᠨ ᠳᠠᠷᠤᠭ᠎ᠠ ᠪᠣᠯᠣᠰᠣᠨ ᠤ ᠳᠠᠷᠠᠭ᠎ᠠ 《 ... ᠵᠥᠪᠰᠢᠶᠡᠷᠡᠯ ᠦᠭᠡᠢ 64 ᠪᠠᠷᠢᠯᠭ᠎ᠠ ᠶᠢ ᠪᠠᠷᠢᠭᠤᠯᠬᠤ ᠦᠭᠡᠢ᠃..》 ᠭᠡᠰᠡᠨ ᠪᠣᠯᠪᠠᠴᠤ ᠠᠵᠢᠯ ᠪᠣᠯᠤᠯ ᠦᠭᠡᠢ ᠬᠢ ᠬᠣᠭᠣᠰᠣᠨ ᠦᠭᠡ ᠪᠣᠯᠤᠭᠰᠠᠨ᠃ [2]


ᠯᠠᠪᠯᠠᠬᠤ ᠮᠠᠲ᠋ᠧᠷᠢᠶᠠᠯ[ᠵᠠᠰᠠᠪᠤᠷᠢᠯᠠᠬᠤ | ᠺᠣᠳ᠋ ᠢᠶᠠᠷ ᠵᠠᠰᠠᠬᠣ]

ᠡᠰᠢᠯᠡᠯ[ᠵᠠᠰᠠᠪᠤᠷᠢᠯᠠᠬᠤ | ᠺᠣᠳ᠋ ᠢᠶᠠᠷ ᠵᠠᠰᠠᠬᠣ]

ᠪᠢᠴᠢᠭᠡᠰᠦ