ᠢᠨᠲ᠋ᠧᠷᠨᠡᠲ

ᠴᠢᠯᠦᠭᠡᠲᠦ ᠨᠡᠪᠲᠡᠷᠬᠡᠢ ᠲᠣᠯᠢ — ᠸᠢᠺᠢᠫᠧᠳᠢᠶ᠎ᠠ ᠠᠴᠠ
ᠬᠠᠷᠠᠶᠢᠬᠤ: ᠤᠳᠤᠷᠢᠳᠬᠤ, ᠬᠠᠶᠢᠯᠲᠠ
ᠢᠨᠲ᠋ᠧᠷᠨᠡᠲ ᠰᠦᠯᠵᠢᠶ᠎ᠡ </br>ᠱᠤᠭᠤᠮ ᠤᠨ ᠤᠷᠲᠤ ᠨᠢ ᠬᠣᠶᠠᠷ ᠵᠠᠩᠭᠢᠯᠠᠭ᠎ᠠ (node) ᠬᠣᠭᠣᠷᠣᠨᠳᠣ ᠶᠢᠨ ᠰᠠᠲᠤᠯ ᠢ ᠦᠵᠡᠭᠦᠯᠦᠨ᠎ᠡ᠃ᠥᠩᠭᠡᠦᠷ᠎ᠡ ᠳᠣᠣᠷᠠᠬᠢ ᠶᠢ ᠲᠡᠮᠳᠡᠭᠯᠡᠪᠡ᠃ ᠡᠭᠦᠨ ᠳᠦ: ᠬᠠᠷ᠎ᠠ ᠬᠥᠬᠡ: net, ca, us; ᠨᠣᠭᠣᠭᠠᠨ: com, org; ᠤᠯᠠᠭᠠᠨ: mil, gov, edu; ᠰᠢᠷ᠎ᠠ: jp, cn, tw, au, de; ᠤᠯᠠᠭᠠᠨ ᠬᠦᠷᠢᠨ: uk, it, pl, fr; ᠠᠯᠲᠠᠨ ᠰᠢᠷ᠎ᠠ: br, kr, nl; ᠴᠠᠭᠠᠨ: ᠮᠡᠳᠡᠭᠳᠡᠬᠦ ᠦᠭᠡᠢ

ᠢᠨᠲ᠋ᠧᠷᠨᠡᠲ ᠭᠡᠳᠡᠭ ᠨᠢ ᠰᠲ᠋ᠠᠨᠳᠠᠷᠲ IP ᠫᠷᠣᠲ᠋ᠣᠺᠣᠯ ᠢ ᠠᠰᠢᠭᠯᠠᠨ ᠥᠭᠭᠥᠭᠳᠡᠯ ᠢ ᠳᠠᠮᠵᠢᠭᠤᠯᠬᠤ ᠪᠣᠯᠤᠮᠵᠢ ᠪᠦᠬᠦᠢ ᠬᠠᠷᠢᠯᠴᠠᠨ ᠬᠣᠯᠪᠣᠭᠳᠠᠭᠰᠠᠨ ᠺᠣᠮᠫᠢᠶᠦ᠋ᠲ᠋ᠧᠷ ᠦᠳ ᠤᠨ ᠰᠦᠯᠵᠢᠶ᠎ᠡ ᠪᠥᠭᠡᠳ ᠡᠨᠡᠬᠦ ᠰᠦᠯᠵᠢᠶ᠎ᠡ ᠨᠢ ᠳᠡᠯᠡᠬᠡᠢ ᠳᠠᠶᠠᠭᠠᠷ ᠲᠠᠷᠬᠠᠭᠰᠠᠨ ᠪᠠᠶᠢᠳᠠᠭ᠃ ᠦᠨᠳᠦᠰᠦᠨ ᠳᠦ ᠪᠡᠨ ᠢᠨᠲ᠋ᠧᠷᠨᠡᠲ ᠢ 《ᠰᠦᠯᠵᠢᠶ᠎ᠡ ᠨᠦᠭᠦᠳ ᠦᠨ ᠰᠦᠯᠵᠢᠶ᠎ᠡ》 ᠬᠡᠮᠡᠨ ᠨᠡᠷᠡᠯᠡᠵᠦ ᠪᠣᠯᠬᠤ ᠪᠠ ᠤᠭ ᠰᠦᠯᠵᠢᠶᠡᠨ ᠳᠦ ᠬᠣᠲᠠ ᠬᠣᠭᠣᠷᠣᠨᠳᠣ ᠶᠢᠨ᠂ ᠠᠺᠠᠳᠧᠮᠢᠺ᠂ ᠪᠢᠽᠢᠨ᠋ᠧᠰ ᠪᠣᠯᠤᠨ ᠵᠠᠰᠠᠭ ᠤᠨ ᠭᠠᠵᠠᠷ ᠤᠨ ᠭᠡᠬᠦ ᠮᠡᠲᠦ ᠬᠡᠳᠦᠨ ᠰᠠᠶ᠎ᠠ ᠰᠦᠯᠵᠢᠶ᠎ᠡ ᠨᠦᠭᠦᠳ ᠪᠠᠭᠲᠤᠭᠰᠠᠨ ᠪᠠᠶᠢᠨ᠎ᠠ᠃

ᠲᠡᠦᠬᠡ[ᠵᠠᠰᠠᠪᠤᠷᠢᠯᠠᠬᠤ | ᠺᠣᠳ᠋ ᠢᠶᠠᠷ ᠵᠠᠰᠠᠬᠣ]

ᠢᠨᠲ᠋ᠧᠷᠨᠡᠲ ᠠᠩᠬ᠎ᠠ ᠠᠮᠧᠷᠢᠺᠠ ᠶᠢᠨ ᠨᠢᠭᠡᠳᠦᠭᠰᠡᠨ ᠤᠯᠤᠰ ᠍ ᠤᠨ ᠴᠡᠷᠢᠭ ᠳᠠᠶᠢᠨ ᠤ ᠲᠠᠩᠨᠠᠭᠤᠯ ᠤᠨ ᠵᠣᠷᠢᠭᠤᠯᠤᠯᠲᠠ ᠪᠠᠷ 1969 ᠣᠨ ᠳᠤ ᠪᠠᠶᠢᠭᠤᠯᠤᠭᠳᠠᠭᠰᠠᠨ ARPANET ᠰᠦᠯᠵᠢᠶ᠎ᠡ ᠪᠥᠭᠡᠳ 1980 ᠍ ᠊ᠭᠠᠳ ᠣᠨ ᠤ ᠦᠶ᠎ᠡ ᠳᠦ INTERNET, MILNET ᠬᠡᠮᠡᠨ ᠬᠤᠪᠢᠶᠠᠭᠳᠠᠵᠤ᠂ INTERNET ᠍ ᠢ 1990 ᠣᠨ ᠤ ᠦᠶ᠎ᠡ ᠳᠦ ᠬᠦᠢᠲᠡᠨ ᠳᠠᠶᠢᠨ ᠤ ᠠᠭᠤᠷ ᠠᠮᠢᠰᠬᠤᠯ ᠨᠠᠮᠵᠢᠭ᠌ᠰᠠᠨ ᠲᠠᠢ ᠬᠣᠯᠪᠣᠭᠳᠠᠭᠤᠯᠤᠨ ᠠᠮᠧᠷᠢᠺᠠ ᠶᠢᠨ ᠨᠢᠭᠡᠳᠦᠭᠰᠡᠨ ᠤᠯᠤᠰ ᠤᠨ ᠵᠠᠰᠠᠭ ᠤᠨ ᠭᠠᠵᠠᠷ ᠠᠴᠠ ᠳᠡᠯᠡᠬᠡᠢ ᠨᠡᠶᠢᠲᠡ ᠶᠢᠨ ᠮᠡᠳᠡᠭᠡᠯᠡᠯ ᠦᠨ ᠰᠦᠯᠵᠢᠶ᠎ᠡ ᠪᠣᠯᠭᠠᠨ ᠠᠰᠢᠭᠯᠠᠬᠤ ᠰᠢᠢᠳᠪᠦᠷᠢ ᠭᠠᠷᠤᠭᠰᠠᠨ ᠭᠡᠳᠡᠭ᠃ ᠥᠨᠥᠳᠥᠷ ᠢᠨᠲ᠋ᠧᠷᠨᠡᠲ ᠢ ᠮᠡᠳᠡᠭᠡᠯᠡᠯ᠎ᠡ ᠲᠦᠭᠡᠭᠡᠬᠦ᠂ ᠮᠡᠳᠡᠭᠡᠯᠡᠯ ᠠᠪᠬᠤ ᠵᠣᠷᠢᠯᠭ᠎ᠠ ᠪᠠᠷ ᠸᠪ ᠰᠠᠶᠢᠲᠤ ᠪᠠᠶᠢᠷᠢᠯᠠᠭᠤᠯᠬᠤ᠂ ᠬᠣᠭᠣᠷᠣᠨᠳᠣ ᠪᠠᠨ ᠬᠠᠷᠢᠯᠴᠠᠬᠤ ᠵᠣᠷᠢᠯᠭ᠎ᠠ ᠪᠠᠷ ᠡᠯᠧᠺᠲ᠋ᠷᠣᠨ ᠱᠤᠤᠳᠠᠩ ᠤᠨ ᠭᠡᠰᠡᠨ ᠬᠣᠶᠠᠷ ᠦᠨᠳᠦᠰᠦᠨ ᠬᠡᠯᠪᠡᠷᠢ ᠪᠡᠷ ᠠᠰᠢᠭᠯᠠᠵᠤ ᠪᠠᠶᠢᠨ᠎ᠠ᠃

ᠢᠨᠲ᠋ᠧᠷᠨᠡᠲ ᠮᠣᠩᠭᠣᠯ ᠳᠤ[ᠵᠠᠰᠠᠪᠤᠷᠢᠯᠠᠬᠤ | ᠺᠣᠳ᠋ ᠢᠶᠠᠷ ᠵᠠᠰᠠᠬᠣ]

1992 ᠣᠨ ᠳᠤ ᠴᠠᠬᠢᠯᠭᠠᠨ ᠬᠣᠯᠪᠣᠭᠠᠨ ᠳᠤ ᠲᠧᠭᠨᠣᠯᠣᠭᠢ ᠶᠢᠨ ᠰᠢᠨᠡᠴᠢᠯᠡᠯᠲᠡ ᠬᠢᠵᠦ᠂ ᠠᠨᠠᠯᠣᠭ ᠰᠢᠰᠲ᠋ᠧᠮ ᠢ ᠲᠣᠭᠠᠨ ᠲᠧᠭᠨᠣᠯᠣᠭᠢ ᠪᠠᠷ ᠰᠣᠯᠢᠭᠰᠠᠨ ᠢᠶᠠᠷ ᠰᠢᠯᠢᠨ ᠺᠠᠪᠧᠯ ᠤᠨ ᠰᠦᠯᠵᠢᠶ᠎ᠡ ᠡᠭᠦᠰᠴᠦ ᠮᠣᠩᠭᠣᠯ ᠳᠤ ᠢᠨᠲ᠋ᠧᠷᠨᠡᠲ ᠬᠥᠭᠵᠢᠬᠦ ᠲᠠᠭᠠᠲᠠᠢ ᠨᠥᠬᠥᠴᠡᠯ ᠪᠦᠷᠢᠳᠦᠭᠰᠡᠨ ᠶᠤᠮ᠃ 1994 ᠣᠨ ᠳᠤ ᠮᠣᠩᠭᠣᠯ ᠤᠯᠤᠰ ᠢᠨᠲ᠋ᠧᠷᠨᠡᠲ ᠲᠦ ᠬᠣᠯᠪᠣᠭᠳᠠᠵᠤ᠂ ᠳᠠᠲ᠋ᠠᠺᠣᠮ ᠺᠣᠮᠫᠠᠨᠢ 1996 ᠣᠨ ᠳᠤ ᠢᠨᠲ᠋ᠧᠷᠨᠡᠲ ᠦᠨ ᠰᠦᠯᠵᠢᠶ᠎ᠡ ᠣᠷᠣᠭᠤᠯᠵᠤ ᠢᠷᠡᠭᠰᠡᠨ ᠢᠶᠡᠷ ᠮᠣᠩᠭᠣᠯ ᠤᠨ ᠢᠨᠲ᠋ᠧᠷᠨᠡᠲ ᠦᠨ ᠬᠥᠭᠵᠢᠯ ᠦᠨ ᠰᠠᠭᠤᠷᠢ ᠲᠠᠯᠪᠢᠭᠳᠠᠭᠰᠠᠨ᠃ ᠥᠨᠥᠳᠥᠷ ᠮᠣᠩᠭᠣᠯ ᠤᠨ ᠬᠦᠮᠦᠨ ᠠᠮᠠ ᠶᠢᠨ 70 ᠣᠷᠴᠢᠮ ᠬᠤᠪᠢ ᠨᠢ ᠢᠨᠲ᠋ᠧᠷᠨᠡᠲ ᠠᠰᠢᠭᠯᠠᠵᠤ ᠪᠠᠶᠢᠭ᠎ᠠ ᠪᠥᠭᠡᠳ ᠲᠡᠳᠡᠨ ᠦ 70 ᠭᠠᠷᠤᠢ ᠬᠤᠪᠢ ᠨᠢ 15-35 ᠨᠠᠰᠤᠨ ᠤ ᠵᠠᠯᠠᠭᠤᠴᠤᠳ ᠪᠠᠶᠢᠨ᠎ᠠ ᠭᠡᠰᠡᠨ ᠰᠤᠳᠤᠯᠭ᠎ᠠ ᠭᠠᠷᠴᠠᠢ᠃[ᠪᠠᠷᠢᠮᠲᠠ ᠬᠡᠷᠡᠭᠲᠡᠢ]

ᠭᠠᠳᠠᠭᠠᠳᠤ ᠬᠣᠯᠪᠣᠭᠠᠰᠤ[ᠵᠠᠰᠠᠪᠤᠷᠢᠯᠠᠬᠤ | ᠺᠣᠳ᠋ ᠢᠶᠠᠷ ᠵᠠᠰᠠᠬᠣ]

ᠪᠢᠴᠢᠭᠡᠰᠦ