ᠣᠨᠴᠠᠯᠠᠬᠤ ᠥᠭᠦᠯᠡᠯ/2018 10 ᠍ ᠳᠦᠭᠡᠷ ᠰᠠᠷ᠎ᠠ

ᠴᠢᠯᠦᠭᠡᠲᠦ ᠨᠡᠪᠲᠡᠷᠬᠡᠢ ᠲᠣᠯᠢ — ᠸᠢᠺᠢᠫᠧᠳᠢᠶ᠎ᠠ ᠠᠴᠠ
ᠬᠠᠷᠠᠶᠢᠬᠤ: ᠤᠳᠤᠷᠢᠳᠬᠤ, ᠬᠠᠶᠢᠯᠲᠠ
ᠵᠢᠵᠢᠭ ᠵᠢᠷᠤᠭ ᠢ ᠡᠭᠦᠰᠭᠡᠬᠦ ᠳ᠋ᠦ ᠠᠯᠳᠠᠭ᠎ᠠ ᠭᠠᠷᠤᠯ᠎ᠠ: Unable to save thumbnail to destination

ᠡᠰ (cellula, ᠵᠢᠵᠢᠭ ᠥᠷᠥᠭᠡ ᠭᠡᠰᠡᠨ ᠤᠳᠬ᠎ᠠ ᠲᠠᠢ ᠯᠠᠲ᠋ᠢᠨ ᠦᠭᠡᠨ ᠡᠴᠡ ᠭᠠᠷᠤᠯᠲᠠᠢ) ᠨᠢ ᠠᠮᠢᠳᠤ ᠪᠤᠳᠠᠰ ᠍ ᠢ ᠪᠦᠷᠢᠯᠳᠦᠭᠦᠯᠦᠭᠰᠡᠨ ᠬᠠᠮᠤᠭ ᠤᠨ ᠦᠨᠳᠦᠰᠦᠨ᠂ ᠬᠠᠮᠤᠭ ᠤᠨ ᠵᠢᠵᠢᠭ ᠨᠢᠭᠡᠴᠡ ᠶᠤᠮ᠃ ᠵᠠᠷᠢᠮ ᠠᠮᠢᠳᠤ ᠪᠤᠳᠠᠰ ᠵᠢᠱᠢᠶᠡᠯᠡᠪᠡᠯ ᠪᠠᠺᠲ᠋ᠧᠷᠢ ᠨᠢ ᠨᠢᠭᠡ ᠡᠰ ᠡᠴᠡ ᠪᠦᠷᠢᠯᠳᠦᠵᠡᠢ᠃ ᠪᠤᠰᠤᠳ ᠠᠮᠢᠳᠤ ᠪᠤᠳᠠᠰ  ᠨᠢ ᠣᠯᠠᠨ ᠡᠰ  ᠢᠶᠡᠷ ᠪᠦᠷᠢᠯᠳᠦᠭᠰᠡᠨ ᠶᠤᠮ (ᠵᠢᠱᠢᠶᠡᠯᠡᠪᠡᠯ᠂ ᠬᠦᠮᠦᠨ 40 ᠲᠦᠮᠡᠨ ᠳ᠋ᠦᠩᠰᠢᠭᠤᠷ ᠡᠴᠡ 60 ᠲᠦᠮᠡᠨ ᠌ᠳ᠋ᠦᠩᠰᠢᠭᠤᠷ ᠡᠰ ᠲᠡᠢ ᠪᠥᠭᠡᠳ ᠨᠢᠭᠡ ᠡᠰ  ᠤᠨ ᠋ᠳ᠋ᠢᠶᠠᠮᠧᠲ᠋ᠷ  ᠨᠢ ᠪᠠᠷᠤᠭ 10 µm ᠬᠡᠮᠵᠢᠶ᠎ᠡ ᠲᠡᠢ᠂ 1 ng ᠬᠦᠨᠳᠦ ᠪᠠᠶᠢᠳᠠᠭ ᠂ 1ng ᠭᠡᠳᠡᠭ ᠨᠢ 0.000001 ᠮᠢᠯᠢᠭ᠍ᠷᠠᠮ ᠲᠠᠢ ᠲᠡᠩᠴᠡᠭᠦᠦ ). (ᠪᠦᠷᠢᠨ ᠠᠭᠤᠯᠭ᠎ᠠ ᠶᠢ ᠤᠩᠰᠢᠬᠤ)

ᠴᠠᠬᠢᠶ ᠠ ᠶᠢᠨ ᠡᠯᠪᠡᠭᠳᠣᠷᠵᠢ

ᠴᠠᠬᠢᠶ ᠠ ᠶᠢᠨ ᠡᠯᠪᠡᠭᠳᠣᠷᠵᠢ ᠨᠢ ᠮᠣᠩᠭᠣᠯ ᠤᠯᠤᠰ ᠲᠤ ᠠᠷᠠᠳᠴᠢᠯᠠᠭᠰᠠᠨ ᠨᠡᠶᠢᠭᠡᠮ ᠪᠤᠢ ᠪᠣᠯᠭᠠᠬᠤ ᠪᠠᠷ ᠠᠩᠬ᠎ᠠ ᠵᠣᠷᠢᠭᠯᠠᠨ ᠰᠠᠨᠠᠭᠠᠴᠢᠯᠠᠵᠤ᠂ 75 ᠵᠢᠯ ᠡᠪ ᠬᠠᠮᠳᠣ ᠵᠠᠰᠠᠭᠯᠠᠯ ᠲᠠᠢ ᠪᠠᠶᠢᠭᠰᠠᠨ ᠮᠣᠩᠭᠣᠯ ᠣᠷᠣᠨ ᠢ ᠲᠠᠶᠢᠪᠤᠩ ᠬᠤᠪᠢᠰᠬᠠᠯ ᠤᠨ ᠵᠠᠮ ᠢᠶᠠᠷ ᠠᠷᠠᠳᠴᠢᠯᠠᠭᠰᠠᠨ᠂ ᠴᠢᠯᠦᠭᠡᠲᠦ ᠡᠳ᠋ ᠍ ᠦᠨ ᠵᠠᠰᠠᠭ ᠲᠠᠢ ᠪᠣᠯᠭᠠᠵᠤ ᠥᠭᠡᠷᠡᠴᠢᠯᠡᠭᠰᠡᠨ ᠠᠷᠠᠳᠴᠢᠯᠠᠭᠰᠠᠨ ᠬᠤᠪᠢᠰᠬᠠᠯ ᠤᠨ 13 ᠤᠳᠤᠷᠢᠳᠤᠭᠴᠢ ᠶᠢᠨ ᠨᠢᠭᠡ ᠴ᠂ᠡᠯᠪᠡᠭᠳᠣᠷᠵᠢ ᠨᠢ ᠮᠣᠩᠭᠣᠯ ᠤᠯᠤᠰ ᠤᠨ ᠶᠡᠷᠦᠩᠬᠡᠶᠢᠯᠡᠭᠴᠢ᠂ ᠡᠮᠦᠨ᠎ᠡ ᠨᠢ ᠲᠡᠷᠡᠪᠡᠷ ᠮᠣᠩᠭᠣᠯ ᠤᠯᠤᠰ ᠤᠨ ᠶᠡᠷᠦᠩᠬᠡᠢ ᠰᠠᠶᠢᠳ ᠢᠶᠠᠷ ᠬᠣᠶᠠᠷ ᠤᠳᠠᠭ᠎ᠠ᠂ ᠮᠣᠩᠭᠣᠯ ᠤᠯᠤᠰ ᠤᠨ ᠶᠡᠬᠡ ᠬᠤᠷᠠᠯ ᠤᠨ ᠳᠡᠳ᠋ ᠳᠠᠷᠤᠭ᠎ᠠ ᠪᠠᠷ ᠨᠢᠭᠡ ᠤᠳᠠᠭ᠎ᠠ᠂ ᠤᠯᠤᠰ ᠤᠨ ᠶᠡᠬᠡ ᠬᠤᠷᠠᠯ ᠤᠨ ᠣᠯᠠᠩᠬᠢ ᠶᠢᠨ ᠪᠦᠯᠦᠭ ᠦᠨ ᠳᠠᠷᠤᠭ᠎ᠠ ᠪᠠᠷ ᠨᠢᠭᠡ ᠤᠳᠠᠭ᠎ᠠ᠂ ᠤᠯᠤᠰ ᠤᠨ ᠶᠡᠬᠡ ᠬᠤᠷᠠᠯ ᠤᠨ ᠭᠡᠰᠢᠭᠦᠨ ᠢᠶᠡᠷ ᠳᠥᠷᠪᠡᠨ ᠤᠳᠠᠭ᠎ᠠ ᠲᠤᠰ ᠲᠤᠰ ᠰᠣᠩᠭᠣᠭᠳᠠᠨ ᠠᠵᠢᠯᠯᠠᠭᠰᠠᠨ᠃ ᠴ᠂ ᠡᠯᠪᠡᠭᠳᠣᠷᠵᠢ ᠨᠢ ᠠᠷᠠᠳᠴᠢᠯᠠᠯ ᠤᠨ ᠲᠥᠯᠥᠭᠡ᠂ ᠬᠦᠮᠦᠨ ᠦ ᠡᠷᠬᠡ᠂ ᠡᠷᠬᠡ ᠴᠢᠯᠦᠭᠡ ᠶᠢ ᠳᠡᠭᠡᠳᠦᠯᠡᠳᠡᠭ ᠤᠯᠤᠰ ᠲᠥᠷᠦᠴᠢᠨ᠃ (ᠪᠦᠷᠢᠨ ᠠᠭᠤᠯᠭ᠎ᠠ ᠶᠢ ᠤᠩᠰᠢᠬᠤ)

Artificial-intelligence.jpg

ᠬᠢᠮᠡᠯ ᠣᠶᠤᠨ ᠤᠬᠠᠭᠠᠨ ( Artificial Intelligence᠂ AI ᠬᠢᠳᠡᠳ ᠢᠶᠡᠷ 人工智能) ᠭᠡᠳᠡᠭ ᠨᠢ ᠮᠠᠰᠢᠨ ᠲᠧᠭᠨᠢᠭ ᠪᠣᠯᠤᠨ ᠺᠣᠮᠫᠢᠦ᠋ᠲ᠋ᠧᠷ ᠲᠦ ᠰᠠᠭᠤᠷᠢᠯᠠᠭᠰᠠᠨ ᠣᠶᠤᠨ ᠤᠬᠠᠭᠠᠨ ᠢ ᠵᠢᠭᠠᠵᠣ ᠪᠠᠢᠭ᠎ᠠ ᠶᠤᠮ᠃ ᠮᠥᠨ ᠡᠨᠡ ᠠᠰᠠᠭᠤᠳᠠᠯ ᠢ ᠰᠤᠳᠤᠯᠳᠠᠭ ᠰᠢᠨᠵᠢᠯᠡᠬᠦ ᠤᠬᠠᠭᠠᠨ ᠤ ᠰᠠᠯᠪᠤᠷᠢ᠂ ᠰᠤᠳᠤᠯᠭ᠎ᠠ ᠰᠢᠨᠵᠢᠯᠡᠭᠡᠨ ᠦ ᠴᠢᠭᠯᠡᠯ᠂ ᠶᠡᠬᠡ ᠳᠡᠭᠡᠳᠦ ᠰᠤᠷᠭᠠᠭᠤᠯᠢ ᠶᠢᠨ ᠬᠢᠴᠢᠶᠡᠯ ᠢ ᠨᠡᠷᠡᠯᠡᠬᠦ ᠳᠦ ᠪᠡᠨ ᠡᠨᠡ ᠨᠡᠷ᠎ᠡ ᠲᠣᠮᠢᠶ᠎ᠠ ᠶᠢ ᠠᠰᠢᠭᠯᠠᠨ᠎ᠠ᠃ ᠬᠢᠮᠡᠯ ᠣᠶᠤᠨ ᠤᠬᠠᠭᠠᠨ ᠰᠤᠳᠤᠯᠤᠯ᠂ ᠬᠢᠮᠡᠯ ᠣᠶᠤᠨ ᠤᠬᠠᠭᠠᠨ ᠤ ᠬᠢᠴᠢᠶᠡᠯ ᠭᠡᠬᠦ ᠮᠡᠲᠦ᠃ ᠠᠩᠬ᠎ᠠ ᠬᠢᠮᠡᠯ ᠣᠶᠤᠨ ᠤᠬᠠᠭᠠᠨ ᠬᠡᠮᠡᠬᠦ ᠨᠡᠷ᠎ᠡ ᠲᠣᠮᠢᠶ᠎ᠠ ᠶᠢ John McCarthy 1955  ᠤᠨ ᠳᠤ ᠥᠪᠡᠷ ᠦᠨ ᠪᠦᠲᠦᠭᠡᠯ ᠳᠦ ᠪᠡᠨ ᠠᠰᠢᠭᠯᠠᠵᠤ ᠤᠬᠠᠭᠠᠨᠲᠤ ᠮᠠᠰᠢᠨ ᠲᠧᠭᠨᠢᠭ ᠪᠦᠲᠦᠭᠡᠬᠦ ᠣᠨᠣᠯ ᠤᠨ ᠪᠣᠯᠤᠨ ᠢᠨᠵᠧᠨᠧᠷ ᠦᠨ ᠰᠢᠨᠵᠢᠯᠡᠬᠦ ᠤᠬᠠᠭᠠᠨ ᠭᠡᠵᠦ ᠲᠣᠳᠣᠷᠬᠠᠶᠢᠯᠠᠵᠠᠢ᠃ ᠬᠢᠮᠡᠯ ᠣᠶᠤᠨ ᠳᠤ ᠪᠠᠶᠢᠪᠠᠯ ᠵᠣᠬᠢᠬᠤ ᠴᠢᠳᠠᠪᠤᠷᠢ ᠨᠤᠭᠤᠳ: 1. ᠥᠪᠡᠷᠳᠡᠭᠡᠨ ᠰᠢᠨᠵᠢᠯᠡᠭᠡ ᠬᠢᠵᠦ ᠬᠠᠷᠢᠭᠤᠯᠲᠠ ᠶᠢ ᠥᠪᠡᠷ ᠦᠨ ᠬᠢ ᠪᠡᠷ ᠢᠯᠡᠷᠬᠡᠶᠢᠯᠡᠳᠡᠭ ᠪᠠᠶᠢᠬᠤ 2. ᠥᠪᠡᠷ ᠦᠨ ᠠᠯᠳᠠᠭ᠎ᠠ ᠶᠢ ᠣᠯᠵᠤ ᠵᠠᠰᠠᠪᠤᠷᠢᠯᠠᠳᠠᠭ 3. ᠬᠦᠮᠦᠨ ᠦ ᠰᠡᠳᠬᠢᠬᠦᠢ ᠡᠴᠡ ᠢᠯᠡᠭᠦᠦ ᠳᠠᠪᠠᠭᠣᠯᠵᠣ ᠰᠡᠳᠭᠢᠭᠦ (ᠪᠦᠷᠢᠨ ᠠᠭᠤᠯᠭ᠎ᠠ ᠶᠢ ᠤᠩᠰᠢᠬᠤ)

ᠪᠢᠴᠢᠭᠡᠰᠦ