ᠣᠨᠴᠠᠯᠠᠬᠤ ᠥᠭᠦᠯᠡᠯ/2018 5 ᠰᠠᠷ᠎ᠠ

ᠴᠢᠯᠦᠭᠡᠲᠦ ᠨᠡᠪᠲᠡᠷᠬᠡᠢ ᠲᠣᠯᠢ — ᠸᠢᠺᠢᠫᠧᠳᠢᠶ᠎ᠠ ᠠᠴᠠ
ᠬᠠᠷᠠᠶᠢᠬᠤ: ᠤᠳᠤᠷᠢᠳᠬᠤ, ᠬᠠᠶᠢᠯᠲᠠ
 ᠴᠠᠭᠠᠨ ᠵᠡᠭᠡᠷ᠎ᠡ
ᠬᠥᠪᠴᠢᠲᠡᠨ

ᠬᠦᠪᠴᠢᠲᠡᠨ ᠨᠢ ᠳᠠᠯᠠᠢ ᠲᠠᠩᠭᠢᠰ᠂ ᠭᠤᠤᠯ ᠮᠦᠷᠡᠨ ᠳᠡᠬᠢ ᠵᠢᠭᠠᠰᠤᠨ ᠤ ᠲᠦᠷᠦᠯ ᠵᠢᠴᠢ ᠮᠦᠯᠬᠦᠭᠴᠢ᠂ ᠬᠤᠶᠠᠷ ᠨᠤᠲᠤᠭᠲᠠᠨ ᠪᠤᠯᠤᠨ ᠬᠦᠬᠦᠲᠡᠨ ᠠᠮᠢᠲᠠᠳ ᠢ ᠬᠤᠷᠢᠶᠠᠩᠭᠤᠶᠢᠯᠠᠭᠠᠳ ᠨᠡᠷᠡᠯᠡᠳᠡᠭ᠃ (ᠪᠦᠷᠢᠨ ᠠᠭᠤᠯᠭ᠎ᠠ ᠶᠢ ᠤᠩᠰᠢᠬᠤ)

 ᠨᠠᠷᠠᠨ ᠤ ᠵᠠᠢ ᠶᠢᠨ ᠣᠩᠭᠣᠴᠠ
ᠴᠠᠬᠢᠯᠭᠠᠨ ᠡᠰᠡᠷᠭᠦᠴᠡᠯ

ᠴᠠᠬᠢᠯᠭᠠᠨ ᠡᠰᠡᠷᠭᠦᠴᠡᠯ(ᠬᠢᠲᠠᠳ ᠶᠢᠡᠷ 电阻 )᠄ ᠴᠠᠬᠢᠯᠭᠠᠨ ᠳᠠᠮᠵᠢᠭᠤᠯᠤᠭᠴᠢ ᠢᠶᠠᠷ ᠴᠠᠬᠢᠯᠭᠠᠨ ᠭᠦᠶᠦᠳᠡᠯ ᠭᠦᠶᠦᠬᠦ ᠦᠶ᠎ᠡ ᠳᠦ ᠳᠠᠮᠵᠢᠭᠤᠯᠤᠭᠴᠢ ᠠᠴᠠ ᠴᠠᠬᠢᠯᠭᠠᠨ ᠭᠦᠶᠦᠳᠡᠯ ᠳᠦ ᠰᠠᠭᠠᠳ ᠪᠣᠯᠵᠤ ᠪᠤᠢ ᠬᠡᠮᠵᠢᠭᠳᠡᠬᠦᠨ ᠢ ᠴᠠᠬᠢᠯᠭᠠᠨ ᠡᠰᠡᠷᠭᠦᠴᠡᠯ ᠭᠡᠨ᠎ᠡ᠃ ᠯᠠᠲ᠋ᠢᠨ ᠴᠠᠭᠠᠨ ᠲᠣᠯᠣᠭᠠᠢ ᠶᠢᠨ R ᠦᠰᠦᠭ ᠢᠶᠡᠷ ᠲᠡᠮᠳᠡᠭᠯᠡᠳᠡᠭ᠃ ᠡᠰᠡᠷᠭᠦᠴᠡᠯ ᠦᠨ ᠤᠷᠪᠠᠭᠤ ᠬᠡᠮᠵᠢᠭᠳᠡᠬᠦᠨ ᠢ ᠴᠠᠬᠢᠯᠭᠠᠨ ᠳᠠᠮᠵᠢᠭᠤᠯᠤᠯ ᠭᠡᠳᠡᠭ᠃ ᠬᠡᠲᠦ ᠳᠠᠮᠵᠢᠭᠤᠯᠤᠭᠴᠢ ᠠᠴᠠ ᠪᠤᠰᠤᠳ ᠪᠦᠬᠦ ᠪᠡᠶᠡᠲᠦ ᠴᠠᠬᠢᠯᠭᠠᠨ ᠡᠰᠡᠷᠭᠦᠴᠡᠯ ᠲᠡᠢ ᠪᠠᠶᠢᠳᠠᠭ᠃ ᠨᠢᠭᠡᠨ ᠵᠢᠭᠳᠡ ᠬᠥᠨᠳᠡᠯᠡᠨ ᠣᠭᠲᠣᠯᠤᠯ ᠤᠨ ᠲᠠᠯᠠᠪᠠᠢ ᠲᠠᠢ ᠪᠡᠶᠡᠲᠦ ᠶᠢᠨ ᠡᠰᠡᠷᠭᠦᠴᠡᠯ ᠨᠢ ᠲᠡᠭᠦᠨ ᠦ ᠴᠠᠬᠢᠯᠭᠠᠨ ᠡᠰᠡᠷᠭᠦᠴᠡᠬᠦ ᠴᠢᠳᠠᠪᠤᠷᠢ ᠪᠣᠯᠤᠨ ᠤᠷᠲᠤ ᠳᠤ ᠰᠢᠭᠤᠳ ᠫᠷᠣᠫᠤᠷᠼᠢᠶᠣᠨᠠᠯᠢ᠂ ᠬᠥᠨᠳᠡᠯᠡᠨ ᠣᠭᠲᠣᠯᠤᠯ ᠤᠨ ᠲᠠᠯᠠᠪᠠᠢ ᠳᠤ ᠤᠷᠪᠠᠭᠤ ᠫᠷᠣᠫᠤᠷᠼᠢᠶᠣᠨᠠᠯᠢ ᠬᠠᠮᠢᠶᠠᠷᠤᠯ ᠲᠠᠢ ᠪᠠᠶᠢᠳᠠᠭ᠃ (ᠪᠦᠷᠢᠨ ᠠᠭᠤᠯᠭ᠎ᠠ ᠶᠢ ᠤᠩᠰᠢᠬᠤ)

ᠢᠰᠯᠠᠮ
ᠤᠰᠤᠨ ᠲᠡᠭᠡᠭᠡᠪᠦᠷᠢ

ᠤᠰᠤᠨ ᠲᠡᠭᠡᠭᠡᠪᠦᠷᠢ ᠭᠡᠵᠦ ᠤᠰᠤᠨ ᠤ ᠲᠡᠭᠡᠭᠡᠪᠦᠷᠢ ᠶᠢᠨ ᠬᠡᠷᠡᠭᠰᠡᠯ ᠢ ᠠᠰᠢᠭᠯᠠᠨ ᠡᠬᠡ ᠭᠠᠵᠠᠷ ᠤᠨ ᠳᠣᠲᠣᠷ᠎ᠠ (ᠵᠢᠱᠢᠶ᠎ᠡ ᠨᠢ᠄ ᠭᠣᠣᠯ᠂ ᠮᠥᠷᠡᠨ᠂ ᠨᠠᠭᠤᠷ) ᠪᠣᠯᠤᠨ ᠳᠠᠯᠠᠢᠲᠡᠩᠭᠢᠰ ᠲᠤ ᠲᠥᠷᠥᠯ ᠪᠦᠷᠢ ᠶᠢᠨ ᠵᠣᠷᠢᠯᠭ᠎ᠠ ᠪᠠᠷ ᠲᠡᠭᠡᠭᠡᠪᠦᠷᠢ ᠬᠢᠬᠦ ᠪᠤᠶᠤ ᠢᠯᠠᠩᠭᠤᠶ᠎ᠠ ᠬᠦᠮᠦᠨ ᠪᠣᠯᠤᠨ ᠠᠴᠢᠶ᠎ᠠ ᠪᠠᠷᠠᠭ᠎ᠠ ᠶᠢ ᠪᠢᠽᠢᠨ᠋ᠧᠰ ᠦᠨ ᠵᠣᠷᠢᠯᠭ᠎ᠠ ᠪᠠᠷ ᠲᠡᠭᠡᠭᠡᠪᠦᠷᠢᠯᠡᠯᠲᠡ ᠬᠢᠬᠦ ᠶᠢ ᠬᠡᠯᠡᠳᠡᠭ᠃ ᠭᠣᠣᠯ ᠤᠰᠤ ᠶᠢ ᠭᠠᠲᠤᠯᠬᠤ ᠱᠠᠭᠠᠷᠳᠠᠯᠭ᠎ᠠ ᠶᠢᠨ ᠤᠯᠠᠮ ᠠᠴᠠ ᠬᠦᠮᠦᠨ ᠲᠥᠷᠥᠯᠬᠢᠲᠡᠨ ᠮᠠᠰᠢ ᠡᠷᠲᠡ ᠳᠡᠭᠡᠷ᠎ᠡ ᠦᠶᠡᠰ ᠡᠬᠢᠯᠡᠨ ᠲᠥᠷᠥᠯ ᠪᠦᠷᠢ ᠶᠢᠨ ᠬᠥᠪᠪᠦᠬᠦ ᠡᠳ᠋ᠯᠡᠯ ᠢ ᠵᠣᠬᠢᠶᠠᠨ ᠪᠦᠲᠦᠭᠡᠭᠰᠡᠭᠡᠷ ᠢᠷᠡᠵᠡᠢ᠃ ᠰᠠᠯ ᠪᠣᠯᠤᠨ ᠤᠬᠠᠭᠠᠳᠠᠭᠰᠠᠨ ᠵᠠᠪᠢᠵᠡᠷᠭᠡ ᠨᠢ ᠮᠠᠭᠠᠳ ᠦᠭᠡᠢ ᠬᠠᠮᠤᠭ ᠤᠨ ᠡᠷᠲᠡᠨ ᠦ ᠤᠰᠤᠨ ᠤ ᠲᠡᠭᠡᠭᠡᠪᠦᠷᠢ ᠶᠢᠨ ᠬᠡᠷᠡᠭᠰᠡᠯ ᠪᠠᠶᠢᠭᠰᠠᠨ ᠪᠠᠶᠢᠨ᠎ᠠ᠃ ᠡᠳᠡᠭᠡᠷ ᠦᠨ ᠠᠴᠢ ᠪᠠᠷ ᠰᠠᠭᠠᠳ ᠪᠣᠯᠵᠤ ᠪᠠᠶᠢᠭᠰᠠᠨ ᠭᠣᠣᠯ ᠤᠰᠤ ᠨᠢ ᠲᠡᠭᠡᠭᠡᠪᠦᠷᠢ ᠶᠢᠨ ᠵᠠᠮ ᠪᠣᠯᠤᠨ ᠬᠤᠪᠢᠷᠠᠵᠠᠢ᠃ ᠤᠰᠤᠨ ᠲᠡᠭᠡᠭᠡᠪᠦᠷᠢ ᠨᠢ ᠰᠢᠨ᠎ᠡ ᠪᠡᠷ ᠭᠠᠵᠠᠷ ᠣᠷᠣᠨ ᠨᠡᠭᠡᠭᠡᠬᠦ ᠪᠣᠯᠤᠮᠵᠢ ᠮᠥᠨ ᠬᠤᠳᠠᠯᠳᠤᠭ᠎ᠠ ᠨᠠᠶᠢᠮᠠᠭ᠎ᠠ ᠬᠢᠬᠦ ᠪᠣᠯᠤᠮᠵᠢ ᠶᠢ ᠣᠯᠭᠤᠭᠰᠠᠨ ᠶᠤᠮ᠃ (ᠪᠦᠷᠢᠨ ᠠᠭᠤᠯᠭ᠎ᠠ ᠶᠢ ᠤᠩᠰᠢᠬᠤ)


<< ᠡᠮᠦᠨ᠎ᠡ ᠰᠠᠷ᠎ᠠ ᠲᠠᠷᠠᠭ᠎ᠠ ᠰᠠᠷ᠎ᠠ >>

2016[ᠵᠠᠰᠠᠪᠤᠷᠢᠯᠠᠬᠤ | ᠺᠣᠳ᠋ ᠢᠶᠠᠷ ᠵᠠᠰᠠᠬᠣ]

ᠭᠤᠷᠪᠠᠳᠤᠭᠠᠷ ᠰᠠᠷ᠎ᠠᠳᠥᠷᠪᠡᠳᠦᠭᠡᠷ ᠰᠠᠷ᠎ᠠᠲᠠᠪᠤᠳᠤᠭᠠᠷ ᠰᠠᠷ᠎ᠠᠵᠢᠷᠭᠤᠳᠤᠭᠠᠷ ᠰᠠᠷ᠎ᠠᠳᠣᠯᠤᠳᠤᠭᠠᠷ ᠰᠠᠷ᠎ᠠᠨᠠᠢ᠍ᠮᠠᠳᠤᠭᠠᠷ ᠰᠠᠷ᠎ᠠᠶᠢᠰᠦᠳᠦᠭᠡᠷ ᠰᠠᠷ᠎ᠠᠠᠷᠪᠠᠳᠤᠭᠠᠷ ᠰᠠᠷ᠎ᠠᠠᠷᠪᠠᠳᠤᠭᠠᠷ ᠨᠢᠭᠡᠳᠦᠭᠡᠷ ᠰᠠᠷ᠎ᠠᠠᠷᠪᠠᠳᠤᠭᠠᠷ ᠬᠣᠶᠠᠳᠤᠭᠠᠷ ᠰᠠᠷ᠎ᠠ

2017[ᠵᠠᠰᠠᠪᠤᠷᠢᠯᠠᠬᠤ | ᠺᠣᠳ᠋ ᠢᠶᠠᠷ ᠵᠠᠰᠠᠬᠣ]

ᠨᠢᠭᠡᠳᠦᠭᠡᠷ ᠰᠠᠷ᠎ᠠᠬᠣᠶᠠᠳᠤᠭᠠᠷ ᠰᠠᠷ᠎ᠠᠭᠤᠷᠪᠠᠳᠤᠭᠠᠷ ᠰᠠᠷ᠎ᠠᠳᠥᠷᠪᠡᠳᠦᠭᠡᠷ ᠰᠠᠷ᠎ᠠᠲᠠᠪᠤᠳᠤᠭᠠᠷ ᠰᠠᠷ᠎ᠠᠵᠢᠷᠭᠤᠳᠤᠭᠠᠷ ᠰᠠᠷ᠎ᠠᠳᠣᠯᠤᠳᠤᠭᠠᠷ ᠰᠠᠷ᠎ᠠᠨᠠᠢ᠍ᠮᠠᠳᠤᠭᠠᠷ ᠰᠠᠷ᠎ᠠ ᠶᠢᠰᠦᠳᠦᠭᠡᠷ ᠰᠠᠷ᠎ᠠ

2018[ᠵᠠᠰᠠᠪᠤᠷᠢᠯᠠᠬᠤ | ᠺᠣᠳ᠋ ᠢᠶᠠᠷ ᠵᠠᠰᠠᠬᠣ]

ᠨᠢᠭᠡᠳᠦᠭᠡᠷ ᠰᠠᠷ᠎ᠠᠬᠣᠶᠠᠳᠤᠭᠠᠷ ᠰᠠᠷ᠎ᠠᠭᠤᠷᠪᠠᠳᠤᠭᠠᠷ ᠰᠠᠷ᠎ᠠᠳᠥᠷᠪᠡᠳᠦᠭᠡᠷ ᠰᠠᠷ᠎ᠠᠲᠠᠪᠤᠳᠤᠭᠠᠷ ᠰᠠᠷ᠎ᠠ

ᠪᠢᠴᠢᠭᠡᠰᠦ