ᠣᠷᠳᠣᠰ ᠬᠣᠲᠠ

ᠴᠢᠯᠦᠭᠡᠲᠦ ᠨᠡᠪᠲᠡᠷᠬᠡᠢ ᠲᠣᠯᠢ — ᠸᠢᠺᠢᠫᠧᠳᠢᠶ᠎ᠠ ᠠᠴᠠ
ᠬᠠᠷᠠᠶᠢᠬᠤ: ᠤᠳᠤᠷᠢᠳᠬᠤ, ᠬᠠᠶᠢᠯᠲᠠ
ᠣᠷᠳᠣᠰ ᠬᠣᠲᠠ
ᠣᠷᠳᠤᠰᠬᠣᠲᠠ
ᠠᠶᠢᠮᠠᠭ ᠤᠨ ᠡᠩ ᠲᠡᠢ ᠬᠣᠲᠠ
ᠣᠷᠳᠣᠰ ᠬᠣᠳᠠ ᠳᠤ ᠪᠣᠰᠤᠭᠰᠠᠨ ᠬᠥᠰᠢᠶ᠎ᠡ
ᠬᠢᠲᠠᠳ ᠪᠣᠯᠤᠨ ᠥᠪᠥᠷ ᠮᠣᠩᠭᠣᠯ ᠣᠷᠣᠨ ᠳᠠᠬᠢ ᠣᠷᠳᠣᠰ (ᠤᠯᠠᠭᠠᠨ)
ᠤᠯᠤᠰ ᠣᠷᠣᠨ Flag of the People's Republic of China.svg ᠬᠢᠲᠠᠳ
ᠮᠤᠵᠢ᠂ ᠣᠷᠣᠨ ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ
ᠠᠶᠢᠮᠠᠭ᠂ ᠲᠣᠭᠣᠷᠢᠭ ᠣᠷᠳᠣᠰ ᠬᠣᠲᠠ
ᠬᠣᠰᠢᠭᠤ᠂ ᠰᠢᠶᠠᠨ (8) 1 ᠳᠦᠭᠦᠷᠢᠭ᠂ 7 ᠬᠣᠰᠢᠭᠤ
ᠵᠠᠬᠢᠷᠭ᠃ ᠪᠠᠶᠢᠷᠢ ᠳᠤᠩᠰᠢᠨ ᠳᠡᠭᠦᠷᠭᠡ ᠳᠦ ᠪᠠᠶᠢᠳᠠᠭ
ᠭᠠᠵᠠᠷ ᠨᠤᠲᠤᠭ 86,752 ᠺᠦᠸᠠᠳ᠋ ᠺᠢᠯᠣᠮᠧᠲ᠋ᠷ
ᠭᠠᠵᠠᠷ ᠤᠨ ᠪᠠᠶᠢᠴᠠ ᠳᠠᠯᠠᠢ ᠶᠢᠨ ᠲᠦᠪᠰᠢᠨ ᠡᠴᠡ 850-2,149 ᠮ
ᠬᠦᠮᠦᠨ ᠠᠮᠠ (ᠲᠣᠭᠠᠯᠠᠯ) 2010 ᠣᠨ ᠳᠤ 1,940,653 ᠬᠦᠮᠦᠨ
ᠨᠢᠭᠲᠠᠴᠠ ᠰᠡᠶᠢᠷᠡᠭ 22 ᠬᠦᠮᠦᠨ/км²
ᠠᠷᠠᠳ ᠲᠦᠮᠡᠨ 88.2% - ᠬᠢᠲᠠᠳ᠂ 11.4% - ᠮᠣᠩᠭᠣᠯ
ᠨᠤᠲᠤᠭ ᠤᠨ ᠣᠯᠠᠨ ᠣᠷᠳᠣᠰ ᠤᠨ ᠬᠢᠨ
ᠴᠠᠭ ᠤᠨ ᠪᠥᠰᠡ ᠴᠤᠨᠴᠢᠩ ᠦᠨ ᠴᠠᠭ (ГЦ+8)
ᠤᠲᠠᠰᠤᠨ ᠳ᠋ᠣᠭᠠᠷ +86 477
ᠰᠢᠤᠳᠠᠨ ᠳᠤᠭᠠᠷ 017000
ᠮᠠᠰᠢᠨ ᠤ ᠳ᠋ᠣᠭᠠᠷ 蒙K
ᠴᠠᠬᠢᠮ ᠭᠠᠵᠠᠷ ordos.gov.cn (ᠬᠢᠲᠠᠳ ᠢᠶᠠᠷ)

ᠣᠷᠳᠣᠰ (ᠮᠣᠩᠭᠣᠯ ᠪᠢᠴᠢᠭ: Ordus.svg ᠣᠷᠳᠣᠰ, ᠬᠢᠲᠠᠳ ᠬᠠᠨᠵᠤ: 鄂尔多斯) ᠨᠢ ᠥᠪᠥᠷ ᠮᠣᠩᠭᠣᠯ ᠤᠨ ᠪᠠᠷᠠᠭᠤᠨ ᠡᠮᠦᠨᠡᠲᠦ ᠬᠡᠰᠡᠭ ᠲᠦ ᠤᠷᠤᠰᠢᠬᠤ᠂ ᠠᠶᠢᠮᠠᠭ ᠤᠨ ᠵᠡᠷᠭᠡᠯᠡᠯᠲᠡᠢ ᠬᠣᠲᠠ ᠶᠤᠮ᠃ 2001 ᠣᠨ ᠤ 2 ᠰᠠᠷ᠎ᠠ ᠶᠢᠨ 26 ᠍ ᠳᠦ ᠶᠡᠬᠡ ᠵᠤᠤ ᠠᠶᠢᠮᠠᠭ ᠤᠨ ᠰᠠᠭᠤᠷᠢᠨ ᠳᠡᠭᠡᠷ᠎ᠡ ᠪᠠᠶᠢᠭᠤᠯᠤᠭᠳᠠᠭᠰᠠᠨ᠃

86,752 ᠺᠦᠸᠠᠳ᠋ ᠺᠢᠯᠣᠮᠧᠲ᠋ᠷ ᠭᠠᠵᠠᠷ ᠨᠤᠲᠤᠭ ᠨᠢ ᠣᠷᠳᠣᠰ ᠤᠨ ᠴᠥᠯ ᠤᠨ ᠶᠡᠬᠡᠩᠬᠢ ᠬᠡᠰᠡᠭ ᠢ ᠡᠵᠡᠯᠡᠨ ᠣᠷᠣᠰᠢᠨ᠎ᠠ᠃ ᠵᠡᠭᠦᠨ ᠲᠠᠯ᠎ᠠ ᠪᠠᠷ ᠢᠶᠠᠨ ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠬᠦᠬᠡᠬᠤᠲᠠ᠂ ᠵᠡᠭᠦᠨ ᠬᠣᠶᠢᠳᠤ ᠲᠠᠯ᠎ᠠ ᠪᠠᠷ ᠢᠶᠠᠨ ᠪᠤᠭᠤᠳᠤ᠂ ᠬᠣᠶᠢᠳᠤ ᠲᠠᠯ᠎ᠠ ᠪᠠᠷ ᠢᠶᠠᠨ ᠪᠠᠶᠠᠨᠨᠠᠭᠤᠷ᠂ ᠪᠠᠷᠠᠭᠤᠨ ᠬᠣᠶᠢᠳᠤ ᠲᠠᠯ᠎ᠠ ᠪᠠᠷ ᠢᠶᠠᠨ ᠠᠯᠠᠱᠠ᠂ ᠪᠠᠷᠠᠭᠤᠨ ᠲᠠᠯ᠎ᠠ ᠪᠠᠷ ᠢᠶᠠᠨ ᠤᠤᠬᠠᠢ᠂ ᠮᠥᠨ ᠪᠠᠷᠠᠭᠤᠨ ᠡᠮᠦᠨ᠎ᠡ ᠲᠠᠯ᠎ᠠ ᠪᠠᠷ ᠢᠶᠠᠨ ᠨᠢᠨᠢᠰᠢ ᠮᠤᠵᠢ᠂ ᠡᠮᠦᠨ᠎ᠡ ᠲᠠᠯ᠎ᠠ ᠪᠠᠷ ᠢᠶᠠᠨ ᠱᠠᠨᠰᠢ ᠪᠣᠯᠤᠨ ᠱᠠᠨ ᠰᠢ ᠮᠤᠵᠢ ᠲᠠᠢ ᠬᠢᠯᠢᠯᠡᠨ᠎ᠡ᠃ 2004 ᠣᠨ ᠤ ᠡᠴᠦᠰ ᠦᠨ ᠪᠠᠶᠢᠳᠠᠯ ᠢᠶᠠᠷ 1.36 ᠰᠠᠶ᠎ᠠ ᠬᠦᠮᠦᠨ ᠠᠮᠠ ᠲᠠᠢ᠃

ᠭᠠᠵᠠᠷ ᠵᠦᠢ[ᠵᠠᠰᠠᠪᠤᠷᠢᠯᠠᠬᠤ | ᠺᠣᠳ᠋ ᠢᠶᠠᠷ ᠵᠠᠰᠠᠬᠣ]

ᠣᠷᠳᠣᠰ ᠤᠨ ᠭᠠᠵᠠᠷ ᠨᠤᠲᠤᠭ ᠤᠨ ᠵᠡᠭᠦᠨ ᠬᠡᠰᠡᠭ ᠢᠶᠡᠷ ᠳᠣᠪᠣ ᠲᠣᠯᠣᠭᠠᠳ ᠲᠠᠢ᠂ ᠪᠠᠷᠠᠭᠤᠨ ᠪᠣᠯᠤᠨ ᠲᠥᠪ ᠬᠡᠰᠡᠭ ᠢᠶᠡᠷ ᠲᠡᠭᠰᠢ ᠥᠨᠳᠥᠷᠯᠢᠭ᠂ ᠡᠮᠦᠨᠡᠲᠦ ᠪᠣᠯᠤᠨ ᠬᠣᠶᠢᠳᠤ ᠬᠡᠰᠡᠭ ᠢᠶᠡᠷ ᠡᠯᠡᠰᠦᠷᠬᠡᠭ ᠴᠥᠯ᠂ ᠡᠮᠦᠨᠡᠲᠦ ᠬᠡᠰᠡᠭ ᠢᠶᠡᠷ ᠰᠢᠷ᠎ᠠ ᠮᠥᠷᠡᠨ ᠦ ᠬᠥᠨᠳᠡᠢ ᠣᠷᠣᠰᠢᠨ᠎ᠠ᠃ ᠬᠠᠮᠤᠭ ᠤᠨ ᠥᠨᠳᠥᠷ ᠴᠡᠭ ᠨᠢ ᠳᠠᠯᠠᠢ ᠶᠢᠨ ᠲᠦᠪᠰᠢᠨ ᠡᠴᠡ ᠳᠡᠭᠡᠭᠰᠢ 2,149 ᠮᠧᠲ᠋ᠷ ᠡᠷᠭᠦᠭᠳᠡᠭᠰᠡᠨ ᠪᠣᠯ ᠬᠠᠮᠤᠭ ᠤᠨ ᠨᠠᠮ ᠴᠡᠭ ᠨᠢ ᠳ᠃ᠲ᠃ᠳᠡᠭᠡᠭᠰᠢ 850 ᠮᠧᠲ᠋ᠷ ᠶᠤᠮ᠃ ᠵᠢᠯ ᠦᠨ ᠬᠤᠷ᠎ᠠ ᠲᠤᠨᠳᠠᠰᠤᠨ ᠤ ᠳᠤᠮᠳᠠᠴᠢ ᠬᠡᠮᠵᠢᠶ᠎ᠡ ᠨᠤᠲᠤᠭ ᠤᠨ ᠵᠡᠭᠦᠨ ᠬᠡᠰᠡᠭ ᠢᠶᠡᠷ 300-400 ᠮᠢᠯᠯᠢᠮᠧᠲ᠋ᠷ᠂ ᠪᠠᠷᠠᠭᠤᠨ ᠬᠡᠰᠡᠭ ᠢᠶᠡᠷ 190-350 ᠮᠢᠯᠯᠢᠮᠧᠲ᠋ᠷ ᠪᠣᠯᠤᠨ᠎ᠠ᠃

ᠵᠠᠰᠠᠭ ᠵᠠᠬᠢᠷᠭᠠᠨ ᠤ ᠨᠢᠭᠡᠴᠡ ᠨᠦᠭᠦᠳ[ᠵᠠᠰᠠᠪᠤᠷᠢᠯᠠᠬᠤ | ᠺᠣᠳ᠋ ᠢᠶᠠᠷ ᠵᠠᠰᠠᠬᠣ]

ᠣᠷᠳᠣᠰ ᠬᠣᠲᠠ ᠨᠢ ᠨᠢᠭᠡ ᠳᠡᠭᠦᠷᠭᠡ᠂ 7 ᠬᠣᠰᠢᠭᠤᠨ ᠳᠤ ᠬᠤᠪᠢᠶᠠᠭᠳᠠᠨ᠎ᠠ:

ᠨᠡᠷ᠎ᠡ ᠭᠠᠵᠠᠷ ᠨᠤᠲᠤᠭ ᠤᠨ ᠬᠡᠮᠵᠢᠶ᠎ᠡ ᠬᠦᠮᠦᠨ ᠠᠮᠠ (2004 ᠣᠨ ᠤ ᠪᠠᠶᠢᠳᠠᠯ ᠢᠶᠠᠷ) ᠵᠠᠰᠠᠭ ᠵᠠᠬᠢᠷᠭᠠᠨ ᠤ ᠲᠥᠪ
ᠳ᠋ᠦᠩᠱᠸᠩ ᠳᠡᠭᠦᠷᠭᠡ (东胜区) 2,137 ᠺᠦᠸᠠᠳ᠋ ᠺᠢᠯᠣᠮᠧᠲ᠋ᠷ 230,000
ᠳᠠᠯᠠᠳ ᠬᠣᠰᠢᠭᠣ (达拉特旗) 8,192 ᠺᠦᠸᠠᠳ᠋ ᠺᠢᠯᠣᠮᠧᠲ᠋ᠷ 330,000 ᠱᠤᠯᠤᠨᠵᠢᠣ (树林召镇)
ᠵᠦᠩᠭᠠᠷ ᠬᠣᠰᠢᠭᠤ (准格尔旗) 7,535 ᠺᠦᠸᠠᠳ᠋ ᠺᠢᠯᠣᠮᠧᠲ᠋ᠷ 270,000 ᠰᠤᠡᠵᠢᠪᠠᠨ (薛家湾镇)
ᠣᠲᠣᠭ ᠤᠨ ᠡᠮᠦᠨᠡᠲᠦ ᠬᠣᠰᠢᠭᠤ (鄂托克前旗) 12,318 ᠺᠦᠸᠠᠳ᠋ ᠺᠢᠯᠣᠮᠧᠲ᠋ᠷ 70,000 ᠣᠯᠵᠣᠭ (敖勒召其镇)
ᠣᠲᠣᠭ ᠬᠣᠰᠢᠭᠤ (鄂托克旗) 20,064 ᠺᠦᠸᠠᠳ᠋ ᠺᠢᠯᠣᠮᠧᠲ᠋ᠷ 90.000 ᠤᠯᠠᠭᠠᠨ (乌兰镇)
ᠬᠠᠩᠭᠢᠨ ᠬᠣᠰᠢᠭᠤ (杭锦旗) 18,903 ᠺᠦᠸᠠᠳ᠋ ᠺᠢᠯᠣᠮᠧᠲ᠋ᠷ 130,000 ᠰᠢᠨᠢ (锡尼镇)
ᠥᠦᠰᠢᠨ ᠬᠣᠰᠢᠭᠤ (乌审旗) 11,645 ᠺᠦᠸᠠᠳ᠋ ᠺᠢᠯᠣᠮᠧᠲ᠋ᠷ 100,000 ᠭᠠᠯᠠᠭᠤ ᠳᠤ (嘎鲁图镇)
ᠡᠵᠡᠨ ᠬᠣᠷᠤᠭ᠎ᠠ ᠬᠣᠰᠢᠭᠤ (伊金霍洛旗) 5,958 ᠺᠦᠸᠠᠳ᠋ ᠺᠢᠯᠣᠮᠧᠲ᠋ᠷ 140,000 ᠠᠯᠲᠠᠨᠰᠢᠷᠡᠭᠡ (阿勒腾席热镇)

ᠠᠷᠠᠳ ᠲᠦᠮᠡᠨ[ᠵᠠᠰᠠᠪᠤᠷᠢᠯᠠᠬᠤ | ᠺᠣᠳ᠋ ᠢᠶᠠᠷ ᠵᠠᠰᠠᠬᠣ]

2000 ᠣᠨ ᠤ ᠬᠦᠮᠦᠨ ᠠᠮᠠ ᠶᠢᠨ ᠲᠣᠭᠠᠯᠠᠯᠭ᠎ᠠ ᠶᠢᠨ ᠳᠦᠩᠭᠡ ᠪᠡᠷ:

ᠠᠷᠠᠳ ᠲᠦᠮᠡᠨ ᠬᠦᠮᠦᠨ ᠦ ᠲᠣᠭ᠎ᠠ ᠡᠵᠡᠯᠡᠬᠦ ᠬᠤᠪᠢ
ᠬᠢᠲᠠᠳ ᠦᠨᠳᠦᠰᠦᠲᠡᠨ 1,207,971 88.19%
ᠮᠣᠩᠭᠣᠯ ᠦᠨᠳᠦᠰᠦᠲᠡᠨ 155,845 11.38%
ᠮᠠᠨᠵᠤ ᠦᠨᠳᠦᠰᠦᠲᠡᠨ 2,905 0.21%
ᠬᠣᠲᠣᠩ ᠦᠨᠳᠦᠰᠦᠲᠡᠨ 1,861 0.14%
ᠲᠥᠪᠡᠳ ᠦᠨᠳᠦᠰᠦᠲᠡᠨ 1,023 0.07%
ᠪᠦᠬᠦ ᠠᠷᠠᠳ ᠲᠦᠮᠡᠨ 1,369,766 100.0%

ᠪᠢᠴᠢᠭᠡᠰᠦ