ᠤᠯᠤᠰ ᠤᠨ ᠲᠥᠰᠥᠪ

ᠴᠢᠯᠦᠭᠡᠲᠦ ᠨᠡᠪᠲᠡᠷᠬᠡᠢ ᠲᠣᠯᠢ — ᠸᠢᠺᠢᠫᠧᠳᠢᠶ᠎ᠠ ᠠᠴᠠ
ᠬᠠᠷᠠᠶᠢᠬᠤ: ᠤᠳᠤᠷᠢᠳᠬᠤ, ᠬᠠᠶᠢᠯᠲᠠ

ᠤᠯᠤᠰ ᠤᠨ ᠲᠥᠰᠥᠪ ᠭᠡᠳᠡᠭ ᠨᠢ ᠨᠡᠶᠢᠭᠡᠮ᠂ ᠡᠳ᠋ ᠍ ᠦᠨ ᠵᠠᠰᠠᠭ ᠤᠨ ᠵᠣᠷᠢᠯᠭ᠎ᠠ ᠶᠢ ᠬᠡᠷᠡᠭᠵᠢᠭᠦᠯᠬᠦ ᠬᠡᠷᠡᠭᠰᠡᠯ ᠪᠥᠭᠡᠳ ᠤᠯᠤᠰ ᠤᠨ ᠮᠥᠩᠭᠥᠨ ᠬᠥᠷᠥᠩᠭᠡ ᠶᠢᠨ ᠲᠥᠪᠯᠡᠷᠡᠭᠰᠡᠨ ᠬᠤᠷᠠᠮᠳᠤᠯᠠᠯ ᠢ ᠪᠤᠢ ᠪᠣᠯᠭᠠᠵᠤ ᠬᠤᠪᠢᠶᠠᠷᠢᠯᠠᠵᠤ ᠪᠤᠢ ᠶᠠᠪᠤᠳᠠᠯ ᠢ ᠬᠡᠯᠡᠨ᠎ᠡ᠃ ᠥᠭᠡᠷ᠎ᠡ ᠪᠡᠷ ᠬᠡᠯᠡᠪᠡᠯ ᠫᠠᠷᠠᠯᠮᠧᠨᠲ ᠠᠴᠠ ᠪᠠᠲᠤᠯᠠᠵᠤ᠂ ᠵᠠᠰᠠᠭ ᠤᠨ ᠭᠠᠵᠠᠷ ᠪᠦᠷᠢᠳᠦᠭᠦᠯᠦᠨ ᠵᠠᠷᠤᠴᠠᠭᠤᠯᠳᠠᠭ ᠮᠥᠩᠭᠥᠨ ᠬᠥᠷᠥᠩᠭᠡ ᠶᠢ ᠬᠡᠯᠡᠳᠡᠭ᠃ ᠤᠯᠤᠰ ᠤᠨ ᠲᠥᠰᠥᠪ ᠦᠨ ᠨᠡᠶᠢᠲᠡ ᠣᠷᠣᠯᠭ᠎ᠠ ᠶᠢ ᠳᠣᠲᠣᠷ᠎ᠠ ᠨᠢ: 1. ᠤᠷᠤᠰᠬᠠᠯ ᠣᠷᠣᠯᠭ᠎ᠠ 2. ᠲᠤᠰᠠᠯᠠᠮᠵᠢ ᠶᠢᠨ ᠣᠷᠣᠯᠭ᠎ᠠ ᠭᠡᠵᠦ 2 ᠠᠩᠭᠢᠯᠠᠳᠠᠭ᠃ ᠤᠯᠤᠰ ᠤᠨ ᠲᠥᠰᠥᠪ ᠦᠨ ᠤᠷᠤᠰᠬᠠᠯ ᠣᠷᠣᠯᠭ᠎ᠠ - ᠴᠡᠪᠡᠷ ᠳᠣᠲᠣᠭᠠᠳᠤ ᠡᠬᠡ ᠡᠭᠦᠰᠪᠦᠷᠢ ᠡᠴᠡ ᠪᠥᠷᠢᠳᠬᠦ ᠪᠥᠭᠡᠳ᠎ᠠ᠃ ᠲᠠᠲᠠᠪᠤᠷᠢ ᠶᠢᠨ ᠣᠷᠣᠯᠭ᠎ᠠ᠂ ᠪ᠃ ᠲᠠᠲᠠᠪᠤᠷᠢ ᠶᠢᠨ ᠪᠤᠰᠤ ᠣᠷᠣᠯᠭ᠎ᠠ ᠭᠡᠵᠦ ᠠᠩᠭᠢᠯᠠᠳᠠᠭ᠃ ᠤᠯᠤᠰ ᠤᠨ ᠲᠥᠰᠥᠪ ᠦᠨ ᠲᠤᠰᠠᠯᠠᠮᠵᠢ ᠶᠢᠨ ᠣᠷᠣᠯᠭ᠎ᠠ - ᠭᠠᠳᠠᠭᠠᠳᠤ ᠣᠷᠣᠨ᠂ ᠣᠯᠠᠨ ᠤᠯᠤᠰ ᠤᠨ ᠪᠠᠶᠢᠭᠤᠯᠤᠯᠭ᠎ᠠ ᠶᠢᠨ ᠪᠤᠴᠠᠯᠲᠠ ᠦᠭᠡᠢ ᠲᠤᠰᠠᠯᠠᠮᠵᠢ ᠶᠢᠨ ᠣᠷᠣᠯᠭ᠎ᠠ ᠠᠴᠠ ᠪᠦᠷᠢᠳᠳᠡᠭ᠃ ᠤᠯᠤᠰ ᠤᠨ ᠲᠥᠰᠥᠪ ᠦᠨ ᠨᠡᠶᠢᠲᠡ ᠵᠠᠷᠤᠯᠭ᠎ᠠ ᠶᠢ ᠳᠣᠲᠣᠷ᠎ᠠ ᠨᠸ: 1. ᠤᠷᠤᠰᠬᠠᠯ ᠵᠠᠷᠤᠳᠠᠯ 2. ᠬᠥᠷᠥᠩᠭᠡ ᠶᠢᠨ ᠵᠠᠷᠤᠳᠠᠯ 3. ᠡᠷᠭᠢᠵᠦ ᠲᠥᠯᠭᠡᠳᠡᠬᠦ ᠴᠡᠪᠡᠷ ᠵᠡᠭᠡᠯᠢ ᠭᠡᠵᠦ ᠠᠩᠭᠢᠯᠠᠳᠠᠭ᠃

ᠲᠥᠰᠥᠪ ᠭᠡᠵᠦ ᠤᠤ ᠪᠤᠢ?

1. ᠲᠥᠰᠥᠪ᠂ ᠲᠡᠭᠦᠨ ᠦ ᠡᠳ᠋ ᠍ ᠦᠨ ᠵᠠᠰᠠᠭ ᠤᠨ ᠮᠥᠨ ᠴᠢᠨᠠᠷ 2. ᠲᠥᠰᠥᠪ ᠦᠨ ᠣᠷᠣᠯᠭ᠎ᠠ᠂ ᠲᠡᠭᠦᠨ ᠦ ᠪᠦᠲᠦᠴᠡ᠂ ᠪᠦᠷᠢᠯᠳᠦᠬᠦᠨ 3. ᠲᠥᠰᠥᠪ ᠦᠨ ᠵᠠᠷᠤᠯᠭ᠎ᠠ ᠶᠢᠨ ᠮᠥᠨ ᠴᠢᠨᠠᠷ᠂ ᠲᠡᠭᠦᠨ ᠦ ᠭᠦᠢᠴᠡᠳᠭᠡᠬᠦ ᠡᠭᠦᠷᠭᠡ 4. ᠲᠥᠰᠥᠪ ᠦᠨ ᠠᠯᠳᠠᠭᠳᠠᠯ᠂ ᠤᠯᠤᠰ ᠤᠨ ᠥᠷᠢ ᠲᠡᠳᠡᠭᠡᠷ ᠦᠨ ᠤᠳᠤᠷᠢᠳᠤᠯᠭ᠎ᠠ

1. ᠲᠥᠰᠥᠪ᠂ ᠲᠡᠭᠦᠨ ᠦ ᠡᠳ᠋ ᠍ ᠦᠨ ᠵᠠᠰᠠᠭ ᠤᠨ ᠮᠥᠨ ᠴᠢᠨᠠᠷ ᠲᠥᠷᠥ ᠡᠴᠡ ᠥᠪᠡᠷ ᠦᠨ ᠡᠭᠦᠷᠭᠡ ᠶᠢ ᠭᠦᠢᠴᠡᠳᠭᠡᠬᠦ ᠴᠢᠬᠤᠯᠠ ᠬᠡᠷᠡᠭᠰᠡᠯ ᠪᠣᠯᠭᠠᠵᠤ ᠲᠥᠰᠥᠪ ᠢ ᠠᠰᠢᠭᠯᠠᠭᠳᠠᠭ ᠲᠠᠢ ᠤᠶᠠᠯᠳᠤᠭᠤᠯᠵᠤ ᠦᠵᠡᠪᠡᠯ ᠲᠥᠷᠥ ᠶᠢᠨ ᠡᠭᠦᠰᠦᠯ ᠲᠡᠢ ᠬᠣᠯᠪᠣᠭᠳᠠᠵᠤ ᠲᠥᠰᠥᠪ ᠠᠩᠬ᠎ᠠ ᠪᠤᠢ ᠪᠣᠯᠤᠭᠰᠠᠨ ᠭᠡᠵᠦ ᠦᠵᠡᠬᠦ ᠪᠦᠷᠢᠨ ᠦᠨᠳᠦᠰᠦ ᠲᠡᠢ ᠶᠤᠮ᠃ ᠳᠡᠯᠡᠬᠡᠢ ᠳᠦ ᠠᠩᠬ᠎ᠠ ᠤᠳᠠᠭ᠎ᠠ ᠠᠩᠭᠯᠢ ᠤᠯᠤᠰ ᠲᠥᠰᠥᠪ ᠵᠣᠬᠢᠶᠠᠵᠤ ᠲᠡᠭᠦᠨ ᠢ ᠪᠡᠨ ᠬᠠᠤᠯᠢ ᠲᠣᠭᠲᠠᠭᠠᠬᠤ ᠪᠠᠶᠢᠭᠤᠯᠤᠯᠭ᠎ᠠ ᠪᠠᠷ ᠪᠠᠲᠤᠯᠠᠭᠤᠯᠤᠨ ᠬᠡᠷᠡᠭᠵᠢᠭᠦᠯᠵᠦ ᠡᠬᠢᠯᠡᠭᠰᠡᠨ ᠪᠠᠶᠢᠳᠠᠭ᠃ 1686-1689 ᠣᠨ ᠤ ᠠᠩᠭᠯᠢ ᠶᠢᠨ ᠬᠥᠷᠥᠩᠭᠡᠲᠡᠨ ᠦ ᠬᠤᠪᠢᠰᠬᠠᠯ ᠤᠨ ᠳᠠᠷᠠᠭ᠎ᠠ ᠪᠠᠷ ᠣᠯᠠᠨ ᠨᠡᠶᠢᠲᠡ ᠶᠢᠨ ᠱᠠᠭᠠᠷᠳᠠᠯᠭ᠎ᠠ ᠶᠢᠨ ᠳᠠᠭᠠᠤ ᠠᠩᠭᠯᠢ ᠶᠢᠨ ᠬᠠᠲᠤᠨ ᠬᠠᠭᠠᠨ ᠠᠷᠭ᠎ᠠ ᠪᠤᠶᠤ ᠠᠷᠠᠳ ᠢᠷᠭᠡᠳ ᠡᠴᠡ ᠠᠪᠬᠤ ᠲᠠᠲᠠᠪᠤᠷᠢ ᠶᠢᠨ ᠬᠡᠮᠵᠢᠶ᠎ᠡ ᠶᠢ ᠫᠠᠷᠠᠯᠮᠧᠨᠲ ᠲᠠᠢ ᠵᠥᠪᠰᠢᠯᠴᠡᠨ ᠲᠣᠭᠲᠠᠭᠠᠵᠤ ᠪᠠᠶᠢᠵᠤ ᠪᠣᠯᠤᠭᠰᠠᠨ ᠪᠠᠶᠢᠨ᠎ᠠ᠃ ᠬᠤᠪᠢᠰᠬᠠᠯ ᠤᠨ ᠡᠮᠦᠨᠡᠬᠢ ᠮᠣᠩᠭᠣᠯ ᠤᠯᠤᠰ ᠲᠤ ᠥᠪᠡᠷ ᠦᠨ ᠭᠡᠰᠡᠨ ᠤᠯᠤᠰ ᠤᠨ ᠲᠥᠰᠥᠪ ᠪᠠᠶᠢᠭ᠎ᠠ ᠦᠭᠡᠢ᠃ ᠵᠥᠪᠬᠡᠨ 1921 ᠣᠨ ᠤ ᠠᠷᠠᠳ ᠤᠨ ᠬᠤᠪᠢᠰᠬᠠᠯ ᠤᠨ ᠳᠠᠷᠠᠭ᠎ᠠ ᠠᠷᠠᠳ ᠤᠨ ᠵᠠᠰᠠᠭ ᠤᠨ ᠭᠠᠵᠠᠷ ᠥᠪᠡᠷ ᠦᠨ ᠲᠥᠰᠥᠪ ᠢ ᠵᠣᠬᠢᠶᠠᠵᠤ ᠡᠬᠢᠯᠡᠭᠰᠡᠨ ᠪᠥᠭᠡᠳ ᠤᠯᠠᠮ ᠢᠶᠠᠷ 1925 ᠣᠨ ᠠᠴᠠ ᠤᠯᠤᠰ ᠤᠨ ᠶᠡᠬᠡ ᠬᠤᠷᠠᠯ ᠢᠶᠠᠷ ᠪᠠᠲᠤᠯᠠᠬᠤ ᠪᠣᠯᠤᠭᠰᠠᠨ ᠪᠠᠶᠢᠨ᠎ᠠ᠃ 1921 ᠣᠨ ᠳᠤ ᠠᠩᠬ᠎ᠠ ᠲᠥᠷᠥ ᠶᠢᠨ ᠲᠠᠪᠤᠨ ᠶᠠᠮᠤ ᠪᠠᠶᠢᠭᠤᠯᠤᠭᠰᠠᠨ ᠤ ᠨᠢᠭᠡ ᠨᠢ ᠰᠠᠩ ᠤᠨ ᠶᠠᠮᠤ ᠪᠠᠶᠢᠭᠰᠠᠨ ᠪᠥᠭᠡᠳ ᠲᠤᠰ ᠶᠠᠮᠤᠨ ᠤ ᠦᠨᠳᠦᠰᠦᠨ ᠨᠢᠭᠡ ᠡᠭᠦᠷᠭᠡ ᠨᠢ ᠲᠥᠰᠥᠪ ᠵᠣᠬᠢᠶᠠᠬᠤ᠂ ᠲᠡᠭᠦᠨ ᠢ ᠬᠡᠷᠡᠭᠵᠢᠭᠦᠯᠬᠦ ᠶᠠᠪᠤᠳᠠᠯ ᠪᠠᠶᠢᠭᠰᠠᠨ ᠶᠤᠮ᠃ ᠠᠷᠠᠳ ᠤᠨ ᠵᠠᠰᠠᠭ ᠤᠨ ᠭᠠᠵᠠᠷ 1927 ᠣᠨ ᠬᠦᠷᠲᠡᠯ᠎ᠡ ᠵᠥᠪᠬᠡᠨ ᠤᠯᠤᠰ ᠤᠨ ᠲᠥᠰᠥᠪ ᠵᠣᠬᠢᠶᠠᠵᠤ ᠪᠠᠶᠢᠭᠰᠠᠨ ᠪᠠᠶᠢᠨ᠎ᠠ᠃ ᠤᠯᠤᠰ ᠤᠨ ᠭᠤᠷᠪᠠᠳᠤᠭᠠᠷ ᠶᠡᠬᠡ ᠬᠤᠷᠠᠯ 1926 ᠣᠨ ᠳᠤ ᠣᠷᠣᠨ ᠨᠤᠲᠤᠭ ᠤᠨ ᠲᠥᠰᠥᠪ ᠵᠣᠬᠢᠶᠠᠬᠤ ᠲᠤᠬᠠᠢ ᠵᠢᠷᠤᠮ ᠪᠠᠲᠤᠯᠠᠵᠤ᠂ ᠬᠣᠰᠢᠭᠤᠨ ᠤ ᠨᠣᠶᠠᠳ ᠠᠴᠠ ᠳᠤᠷ᠎ᠠ ᠪᠠᠷ ᠢᠶᠠᠨ ᠠᠷᠠᠳ ᠢᠷᠭᠡᠳ ᠡᠴᠡ ᠡᠯᠳᠡᠪ ᠲᠠᠲᠠᠪᠤᠷᠢ᠂ ᠡᠷᠭᠦᠯ ᠪᠠᠷᠢᠴᠠ ᠠᠪᠬᠤ ᠶᠢ ᠬᠣᠷᠢᠭᠯᠠᠭᠰᠠᠨ ᠪᠠᠶᠢᠨ᠎ᠠ᠃ 1927 ᠣᠨ ᠠᠴᠠ ᠣᠷᠣᠨ ᠨᠤᠲᠤᠭ ᠤᠨ ᠤᠯᠤᠰ ᠤᠨ ᠲᠥᠰᠥᠪ ᠦᠨ ᠪᠦᠷᠢᠯᠳᠦᠬᠦᠨ ᠬᠡᠰᠡᠭ ᠪᠣᠯᠭᠠᠨ ᠵᠣᠬᠢᠶᠠᠵᠤ ᠪᠠᠶᠢᠬᠤ ᠪᠣᠯᠤᠭᠰᠠᠨ ᠪᠠᠶᠢᠨ᠎ᠠ᠃ ᠥᠭᠡᠷ᠎ᠡ ᠪᠡᠷ ᠬᠡᠯᠡᠪᠡᠯ ᠡᠨᠡ ᠦᠶᠡᠰ ᠮᠣᠩᠭᠣᠯ ᠤᠯᠤᠰ ᠤᠨ ᠲᠥᠰᠥᠪ ᠨᠢ ᠤᠯᠤᠰ ᠤᠨ ᠪᠠ ᠣᠷᠣᠨ ᠨᠤᠲᠤᠭ ᠤᠨ ᠲᠥᠰᠥᠪ ᠡᠴᠡ ᠪᠥᠷᠢᠳᠬᠦ ᠪᠣᠯᠵᠠᠢ᠃ 1921 ᠣᠨ ᠳᠤ ᠠᠩᠬ᠎ᠠ ᠲᠥᠰᠥᠪ ᠦᠨ ᠣᠷᠣᠯᠭ᠎ᠠ 1,7 ᠰᠠᠶ᠎ᠠ ᠲᠥᠭᠥᠷᠢᠭ ᠪᠠᠶᠢᠭᠰᠠᠨ ᠪᠣᠯ 1929 ᠣᠨ ᠳᠤ 19,9 ᠰᠠᠶ᠎ᠠ ᠲᠥᠭᠥᠷᠢᠭ ᠪᠣᠯᠵᠤ ᠥᠰᠴᠠᠢ᠃

ᠲᠥᠷᠥ ᠵᠠᠰᠠᠭ ᠤᠨ ᠵᠦᠭ ᠡᠴᠡ ᠥᠪᠡᠷ ᠦᠨ ᠦᠨᠳᠦᠰᠦᠨ ᠡᠭᠦᠷᠭᠡ ᠪᠡᠨ ᠭᠦᠢᠴᠡᠳᠭᠡᠬᠦ ᠶᠢᠨ ᠲᠤᠯᠠᠳᠠ ᠢᠷᠭᠡᠳ᠂ ᠪᠠᠶᠢᠭᠤᠯᠤᠯᠭ᠎ᠠ᠂ ᠠᠵᠤ ᠠᠬᠤᠢ ᠶᠢᠨ ᠨᠢᠭᠡᠴᠡ ᠶᠢᠨ ᠣᠷᠣᠯᠭ᠎ᠠ ᠶᠢᠨ ᠲᠣᠳᠣᠷᠬᠠᠢ ᠬᠡᠰᠡᠭ ᠢ ᠤᠯᠤᠰ ᠤᠨ ᠲᠥᠰᠥᠪ ᠲᠦ ᠲᠥᠪᠯᠡᠷᠡᠭᠦᠯᠵᠦ᠂ ᠲᠡᠭᠦᠨ ᠢ ᠦᠢᠯᠡᠳᠪᠦᠷᠢᠯᠡᠯ ᠦᠨ ᠪᠣᠯᠤᠨ ᠦᠢᠯᠡᠳᠪᠦᠷᠢᠯᠡᠯ ᠦᠨ ᠪᠤᠰᠤ ᠬᠦᠷᠢᠶᠡᠨ ᠦ ᠬᠡᠷᠡᠭᠴᠡᠭᠡᠨ ᠳᠦ ᠵᠣᠷᠢᠭᠤᠯᠤᠨ ᠳᠠᠪᠲᠠᠨ ᠬᠤᠪᠢᠶᠠᠷᠢᠯᠠᠬᠤ ᠲᠠᠢ ᠬᠣᠯᠪᠣᠭᠳᠠᠭᠰᠠᠨ ᠮᠥᠩᠭᠥᠨ ᠦ ᠬᠠᠷᠢᠯᠴᠠᠭ᠎ᠠ ᠶᠢ ᠲᠥᠰᠥᠪ ᠭᠡᠨ᠎ᠡ᠃ ᠬᠡᠯᠪᠡᠷᠢ ᠶᠢᠨ ᠬᠤᠪᠢ ᠳᠤ ᠲᠥᠰᠥᠪ ᠨᠢ ᠣᠷᠣᠯᠭ᠎ᠠ᠂ ᠵᠠᠷᠤᠯᠭ᠎ᠠ ᠶᠢᠨ ᠲᠥᠰᠥᠪᠯᠡᠭᠰᠡᠨ ᠬᠥᠷᠥᠩᠭᠡ ᠡᠴᠡ ᠪᠦᠷᠢ ᠳᠦ ᠬᠢ ᠪᠥᠭᠡᠳ ᠵᠢᠯ ᠪᠦᠷᠢ ᠬᠠᠤᠯᠢ ᠲᠣᠭᠲᠠᠭᠠᠬᠤ ᠳᠡᠭᠡᠳᠦ ᠪᠠᠶᠢᠭᠤᠯᠤᠯᠭ᠎ᠠ ᠪᠠᠷ ᠲᠡᠭᠦᠨ ᠢ ᠪᠠᠲᠤᠯᠠᠭᠰᠠᠨ ᠢᠶᠠᠷ ᠲᠥᠰᠥᠪ ᠨᠢ ᠬᠠᠤᠯᠢ ᠶᠢᠨ ᠬᠦᠴᠦᠨ ᠲᠡᠭᠦᠯᠳᠡᠷ ᠰᠠᠩᠬᠦᠦ ᠶᠢᠨ ᠪᠠᠷᠢᠮᠲᠠ ᠪᠢᠴᠢᠭ ᠪᠣᠯᠤᠨ᠎ᠠ᠃ ᠲᠥᠰᠥᠪ ᠦᠨ ᠪᠦᠲᠦᠴᠡ ᠶᠢ ᠪᠦᠷᠢᠳᠦᠭᠦᠯᠵᠦ ᠪᠠᠶᠢᠭ᠎ᠠ ᠤᠯᠤᠰ ᠤᠨ ᠪᠠ ᠣᠷᠣᠨ ᠨᠤᠲᠤᠭ ᠤᠨ ᠨᠢᠭᠡᠴᠡ᠂ ᠬᠡᠰᠡᠭ ᠦᠳ ᠦᠨ ᠲᠥᠰᠥᠪ ᠦᠨ ᠲᠣᠭᠲᠠᠯᠴᠠᠭ᠎ᠠ ᠶᠢ ᠲᠥᠰᠥᠪ ᠦᠨ ᠰᠢᠰᠲ᠋ᠧᠮ ᠭᠡᠨ᠎ᠡ᠃ ᠲᠥᠰᠥᠪ ᠦᠨ ᠪᠦᠲᠦᠴᠡ ᠶᠢ ᠬᠠᠤᠯᠢᠴᠢᠯᠠᠨ ᠲᠣᠭᠲᠠᠭᠠᠬᠤ ᠪᠠ ᠲᠡᠭᠦᠨ ᠳᠦ ᠲᠥᠰᠥᠪ ᠦᠨ ᠠᠩᠬᠢᠯᠠᠯ᠂ ᠲᠥᠰᠥᠪ ᠦᠨ ᠡᠷᠬᠡ᠂ ᠲᠥᠰᠥᠪ ᠦᠨ ᠲᠣᠳᠣᠳᠬᠠᠯ ᠵᠡᠷᠭᠡ ᠣᠶᠢᠯᠠᠭᠠᠯᠲᠠ ᠨᠤᠭᠤᠳ ᠬᠠᠮᠢᠶᠠᠷᠤᠨ᠎ᠠ᠃ ᠮᠥᠨ ᠲᠥᠰᠥᠪ ᠦᠨ ᠪᠦᠲᠦᠴᠡ ᠳᠦ ᠣᠷᠣᠯᠭ᠎ᠠ᠂ ᠵᠠᠷᠤᠯᠭ᠎ᠠ ᠶᠢ ᠤᠯᠤᠰ ᠤᠨ ᠪᠣᠯᠤᠨ ᠣᠷᠣᠨ ᠨᠤᠲᠤᠭ ᠤᠨ ᠲᠥᠰᠥᠪ ᠦᠨ ᠬᠣᠭᠣᠷᠣᠨᠳᠣ ᠬᠤᠪᠢᠶᠠᠷᠢᠯᠠᠬᠤ᠂ ᠲᠥᠰᠥᠪ ᠦᠨ ᠲᠡᠭᠰᠢᠳᠬᠡᠯ ᠬᠢᠬᠦ ᠲᠡᠢ ᠬᠣᠯᠪᠣᠭᠳᠠᠭᠰᠠᠨ ᠠᠰᠠᠭᠤᠳᠠᠯ ᠣᠷᠣᠨ᠎ᠠ᠃ ᠲᠥᠰᠥᠪ ᠵᠣᠬᠢᠶᠠᠬᠤ᠂ ᠪᠠᠲᠤᠯᠠᠬᠤ᠂ ᠲᠡᠭᠦᠨ ᠢ ᠬᠡᠷᠡᠭᠵᠢᠭᠦᠯᠬᠦ ᠲᠠᠯ᠎ᠠ ᠪᠠᠷ ᠲᠥᠷᠥ ᠶᠢᠨ ᠵᠠᠬᠢᠷᠭᠠᠨ ᠤ ᠲᠥᠪ᠂ ᠣᠷᠣᠨ ᠨᠤᠲᠤᠭ ᠤᠨ ᠪᠠᠶᠢᠭᠤᠯᠤᠯᠭ᠎ᠠ ᠶᠢᠨ ᠡᠷᠬᠡ᠂ ᠡᠭᠦᠷᠭᠡ ᠶᠢ ᠬᠠᠤᠯᠢᠴᠢᠯᠠᠨ ᠲᠣᠭᠲᠠᠭᠠᠬᠤ ᠶᠢ ᠲᠥᠰᠥᠪ ᠦᠨ ᠡᠷᠬᠡ ᠭᠡᠨ᠎ᠡ᠃ ᠲᠥᠰᠥᠪ ᠦᠨ ᠰᠢᠰᠲ᠋ᠧᠮ᠂ ᠲᠥᠰᠥᠪ ᠦᠨ ᠪᠦᠷᠢᠯᠳᠦᠬᠦᠨ ᠨᠢ ᠲᠤᠬᠠᠢ ᠶᠢᠨ ᠤᠯᠤᠰ ᠤᠨ ᠲᠥᠷᠥ ᠶᠢᠨ ᠪᠠᠶᠢᠭᠤᠯᠤᠯᠲᠠ ᠶᠢᠨ ᠲᠣᠭᠲᠠᠯᠴᠠᠭᠠᠨ ᠠᠴᠠ ᠰᠢᠭᠤᠳ ᠬᠠᠮᠢᠶᠠᠷᠤᠨ᠎ᠠ᠃ ᠵᠠᠰᠠᠭᠯᠠᠯ ᠤᠨ ᠡᠷᠬᠡ ᠶᠢ ᠲᠥᠪ ᠪᠣᠯᠤᠨ ᠣᠷᠣᠨ ᠨᠤᠲᠤᠭ ᠤᠨ ᠵᠠᠰᠠᠭ ᠵᠠᠬᠢᠷᠭ᠎ᠠ᠂ ᠨᠤᠲᠤᠭ ᠳᠡᠪᠢᠰᠬᠡᠷ ᠦᠨ ᠬᠣᠭᠣᠷᠣᠨᠳᠣ ᠬᠤᠪᠢᠶᠠᠬᠤ ᠵᠠᠷᠴᠢᠮ ᠤᠨ ᠳᠠᠭᠠᠤ ᠳᠡᠯᠡᠬᠡᠢ ᠶᠢᠨ ᠤᠯᠤᠰ ᠤᠳ ᠪᠦᠭᠦᠳᠡ ᠨᠠᠶᠢᠷᠠᠮᠳᠠᠬᠤ᠂ ᠬᠣᠯᠪᠣᠭᠠᠨ ᠤ ᠲᠤᠰᠠᠭᠠᠷ ᠤᠯᠤᠰ ᠤᠳ ᠤᠨ ᠬᠣᠯᠪᠣᠭᠠᠨ ᠤ ᠭᠡᠰᠡᠨ ᠲᠥᠷᠥ ᠶᠢᠨ ᠪᠠᠶᠢᠭᠤᠯᠤᠯ ᠤᠨ ᠪᠦᠲᠦᠴᠡ ᠲᠡᠢ ᠪᠠᠶᠢᠳᠠᠭ᠃ ᠪᠦᠭᠦᠳᠡ ᠨᠠᠶᠢᠷᠠᠮᠳᠠᠬᠤ ᠤᠯᠤᠰ ᠲᠤ ᠨᠢᠭᠡ ᠦᠨᠳᠦᠰᠦᠨ ᠬᠠᠤᠯᠢ ᠦᠢᠯᠡᠴᠢᠯᠡᠵᠦ᠂ ᠲᠥᠷᠥ ᠵᠠᠬᠢᠷᠭᠠᠨ ᠤ ᠪᠣᠯᠤᠨ ᠡᠷᠬᠡ ᠵᠦᠢ ᠶᠢᠨ ᠨᠢᠭᠡᠳᠦᠭᠰᠡᠨ ᠲᠣᠭᠲᠠᠯᠴᠠᠭ᠎ᠠ ᠲᠠᠢ ᠪᠠᠶᠢᠳᠠᠭ ᠪᠠ ᠲᠥᠰᠥᠪ ᠦᠨ ᠰᠢᠰᠲ᠋ᠧᠮ ᠨᠢ ᠤᠯᠤᠰ ᠤᠨ ᠪᠠ ᠣᠷᠣᠨ ᠨᠤᠲᠤᠭ ᠤᠨ ᠭᠡᠰᠡᠨ ᠬᠣᠶᠠᠷ ᠬᠡᠰᠡᠭ ᠡᠴᠡ ᠪᠥᠷᠢᠳᠦᠨ᠎ᠡ᠃ ᠬᠣᠯᠪᠣᠭᠠᠨ ᠤ ᠤᠯᠤᠰ ᠤᠨ ᠬᠤᠪᠢ ᠳᠤ ᠪᠡᠶ᠎ᠡ ᠳᠠᠭᠠᠭᠰᠠᠨ ᠦᠨᠳᠦᠰᠦᠨ ᠬᠠᠤᠯᠢ ᠲᠠᠢ ᠲᠥᠷᠥ᠂ ᠵᠠᠬᠢᠷᠭ᠎ᠠ ᠬᠠᠤᠯᠢ ᠵᠦᠢ ᠶᠢᠨ ᠲᠣᠭᠲᠠᠯᠴᠠᠭ᠎ᠠ ᠪᠦᠬᠦᠢ ᠣᠯᠠᠨ ᠪᠦᠭᠦᠳᠡ ᠨᠠᠶᠢᠷᠠᠮᠳᠠᠬᠤ ᠤᠯᠤᠰ ᠠᠴᠠ ᠬᠣᠯᠪᠣᠭᠠᠨ ᠤ ᠤᠯᠤᠰ ᠪᠦᠷᠢᠯᠳᠦᠬᠦ ᠲᠤᠯᠠ ᠲᠥᠰᠥᠪ ᠦᠨ ᠰᠢᠰᠲ᠋ᠧᠮ ᠨᠢ ᠭᠣᠣᠯ ᠲᠥᠯᠥᠪ ᠭᠤᠷᠪᠠᠨ ᠬᠡᠰᠡᠭ ᠡᠴᠡ ᠪᠤᠢ ᠪᠣᠯᠳᠠᠭ ᠪᠠᠶᠢᠨ᠎ᠠ᠃ ᠡᠭᠦᠨ ᠳᠦ ᠬᠣᠯᠪᠣᠭᠠᠨ ᠤ ᠤᠯᠤᠰ ᠤᠨ ᠲᠥᠰᠥᠪ᠂ ᠬᠣᠯᠪᠣᠭᠠᠨ ᠤ ᠭᠡᠰᠢᠭᠦᠨ ᠪᠦᠭᠦᠳᠡ ᠨᠠᠶᠢᠷᠠᠮᠳᠠᠬᠤ ᠤᠯᠤᠰ ᠤᠳ ᠤᠨ ᠲᠥᠰᠥᠪ᠂ ᠣᠷᠣᠨ ᠨᠤᠲᠤᠭ ᠤᠨ ᠲᠥᠰᠥᠪ ᠲᠤᠰ ᠲᠤᠰ ᠪᠣᠯᠤᠨ᠎ᠠ᠃ ᠬᠠᠷᠢᠨ ᠲᠤᠰᠠᠭᠠᠷ ᠲᠣᠭᠲᠠᠨᠢᠭᠰᠠᠨ ᠤᠯᠤᠰ ᠤᠳ ᠤᠨ ᠬᠣᠯᠪᠣᠭ᠎ᠠ ᠨᠢ ᠥᠪᠡᠷ ᠦᠨ ᠭᠡᠰᠡᠨ ᠨᠢᠭᠡᠳᠦᠭᠰᠡᠨ ᠲᠥᠰᠥᠪ ᠲᠡᠢ ᠪᠠᠶᠢᠳᠠᠭ᠃ ᠲᠥᠰᠥᠪ ᠦᠨ ᠣᠷᠣᠯᠭ᠎ᠠ ᠨᠢ ᠲᠤᠰ ᠬᠣᠯᠪᠣᠭᠠᠨ ᠳᠤ ᠣᠷᠣᠭᠰᠠᠨ ᠲᠤᠰᠠᠭᠠᠷ ᠣᠷᠣᠨ ᠨᠤᠭᠤᠳ ᠠᠴᠠ ᠬᠣᠯᠪᠣᠭᠠᠨ ᠤ ᠲᠥᠰᠥᠪ ᠲᠦ ᠤᠷᠤᠭᠤᠯᠬᠤ ᠬᠤᠪᠢ ᠬᠥᠷᠥᠩᠭᠡ ᠡᠴᠡ ᠪᠦᠷᠢᠳᠳᠡᠭ ᠪᠠᠶᠢᠨ᠎ᠠ᠃ ᠮᠣᠩᠭᠣᠯ ᠤᠯᠤᠰ ᠨᠢ ᠪᠦᠭᠦᠳᠡ ᠨᠠᠶᠢᠷᠠᠮᠳᠠᠬᠤ ᠵᠠᠰᠠᠭᠯᠠᠯ ᠪᠦᠬᠦᠢ ᠤᠯᠤᠰ ᠤᠴᠢᠷ ᠮᠣᠩᠭᠣᠯ ᠤᠯᠤᠰ ᠤᠨ ᠲᠥᠰᠥᠪ ᠨᠢ ᠤᠯᠤᠰ ᠤᠨ ᠲᠥᠪᠯᠡᠷᠡᠭᠰᠡᠨ ᠲᠥᠰᠥᠪ᠂ ᠣᠷᠣᠨ ᠨᠤᠲᠤᠭ ᠤᠨ ᠲᠥᠰᠥᠪ ᠡᠴᠡ ᠪᠥᠷᠢᠳᠦᠨ᠎ᠡ᠃ ᠲᠥᠰᠥᠪ ᠨᠢ ᠲᠥᠷᠥ᠂ ᠵᠠᠰᠠᠭ ᠤᠨ ᠵᠦᠭ ᠡᠴᠡ ᠡᠳ᠋ ᠍ ᠦᠨ ᠵᠠᠰᠠᠭ ᠤᠨ ᠦᠢᠯᠡ ᠠᠮᠢᠳᠤᠷᠠᠯ ᠳᠤ ᠬᠥᠨᠳᠡᠯᠡᠨ ᠡᠴᠡ ᠤᠷᠤᠯᠴᠠᠬᠤ ᠨᠢᠭᠡ ᠵᠡᠪᠰᠡᠭ ᠪᠣᠯᠳᠠᠭ ᠪᠠᠶᠢᠨ᠎ᠠ᠃ ᠦᠨᠳᠦᠰᠦᠨ ᠦ ᠣᠷᠣᠯᠭ᠎ᠠ ᠶᠢᠨ ᠲᠣᠳᠣᠷᠬᠠᠢ ᠬᠡᠰᠡᠭ ᠢ ᠤᠯᠤᠰ ᠤᠨ ᠲᠥᠰᠥᠪ ᠲᠦ ᠲᠥᠪᠯᠡᠷᠡᠭᠦᠯᠦᠨ ᠲᠡᠭᠦᠨ ᠢ ᠲᠥᠷᠥ ᠶᠢᠨ ᠪᠦᠬᠦ ᠱᠠᠲᠤᠨ ᠤ ᠠᠯᠪᠠᠨ ᠬᠠᠭᠠᠭᠴᠢᠳ ᠤᠨ ᠴᠠᠯᠢᠩ ᠬᠥᠯᠥᠰᠥ ᠪᠣᠯᠤᠨ ᠲᠡᠳᠬᠦᠪᠦᠷᠢ᠂ ᠲᠡᠳᠬᠦᠮᠵᠢ ᠶᠢ ᠨᠡᠮᠡᠭᠳᠡᠭᠦᠯᠬᠦ ᠳᠦ ᠵᠠᠷᠤᠴᠠᠭᠤᠯᠬᠤ᠂ ᠡᠳ᠋ ᠍ ᠦᠨ ᠵᠢᠭᠠᠰᠤ ᠶᠢᠨ ᠲᠣᠳᠣᠷᠬᠠᠢ ᠰᠠᠯᠪᠤᠷᠢ ᠳᠤ ᠬᠥᠷᠥᠩᠭᠡ ᠣᠷᠣᠭᠤᠯᠤᠯᠲᠠ ᠬᠢᠬᠦ᠂ ᠰᠢᠨᠵᠢᠯᠡᠬᠦ ᠤᠬᠠᠭᠠᠨ ᠤ ᠲᠣᠳᠣᠷᠬᠠᠢ ᠰᠠᠯᠪᠤᠷᠢ ᠶᠢ ᠳᠡᠮᠵᠢᠬᠦ ᠵᠡᠷᠭᠡ ᠪᠡᠷ ᠲᠥᠷᠥ ᠡᠴᠡ ᠡᠳ᠋ ᠍ ᠦᠨ ᠵᠢᠭᠠᠰᠤ ᠶᠢᠨ ᠠᠮᠢᠳᠤᠷᠠᠯ ᠳᠤ ᠲᠥᠰᠥᠪ ᠢᠶᠡᠷ ᠳᠠᠮᠵᠢᠭᠤᠯᠠᠨ ᠣᠷᠣᠯᠴᠠᠳᠠᠭ᠃ ᠮᠥᠨ ᠰᠢᠨ᠎ᠡ ᠵᠠᠬᠵᠢᠭᠡᠯ ᠣᠯᠵᠤ ᠠᠪᠬᠤ᠂ ᠵᠠᠷᠢᠮ ᠰᠠᠯᠪᠤᠷᠢ ᠳᠤ ᠭᠠᠳᠠᠭᠠᠳᠤ ᠣᠷᠣᠨ ᠨᠤᠭᠤᠳ ᠲᠠᠢ ᠥᠷᠢᠰᠥᠯᠳᠥᠬᠦ᠂ ᠥᠪᠡᠷ ᠦᠨ ᠨᠠᠶᠢᠳᠠᠪᠤᠷᠢᠲᠠᠢ ᠲᠦᠩᠱᠢ ᠣᠷᠣᠨ ᠨᠤᠭᠤᠳ ᠲᠤ ᠰᠠᠩᠬᠦᠦ ᠶᠢᠨ ᠳᠡᠮᠵᠢᠯᠭᠡ ᠦᠵᠡᠭᠦᠯᠬᠦ᠂ ᠬᠤᠳᠠᠯᠳᠤᠭ᠎ᠠ᠂ ᠡᠳ᠋ ᠍ ᠦᠨ ᠵᠠᠰᠠᠭ ᠤᠨ ᠬᠠᠮᠲᠤ ᠶᠢᠨ ᠠᠵᠢᠯᠯᠠᠭ᠎ᠠ ᠪᠠᠨ ᠬᠥᠭᠵᠢᠭᠦᠯᠬᠦ ᠵᠡᠷᠭᠡ ᠪᠡᠷ ᠭᠠᠳᠠᠭᠠᠳᠤ ᠣᠷᠣᠨ ᠤ ᠡᠳ᠋ ᠍ ᠦᠨ ᠵᠠᠰᠠᠭ ᠲᠤ ᠬᠥᠨᠳᠡᠯᠡᠨ ᠡᠴᠡ ᠣᠷᠣᠯᠴᠠᠬᠤ ᠳᠤ ᠲᠥᠰᠥᠪ ᠴᠢᠬᠤᠯᠠ ᠡᠭᠦᠷᠭᠡ ᠭᠦᠢᠴᠡᠳᠭᠡᠨ᠎ᠡ᠃


ᠤᠯᠤᠰ ᠤᠨ ᠰᠠᠩᠬᠦᠦ ᠶᠢᠨ ᠦᠨᠳᠦᠰᠦᠨ ᠲᠥᠯᠥᠪᠯᠡᠭᠡ ᠪᠣᠯᠬᠤ ᠶᠢᠨ ᠬᠤᠪᠢ ᠳᠤ ᠲᠥᠰᠥᠪ ᠨᠢ ᠳᠠᠷᠠᠭᠠᠬᠢ ᠦᠨᠳᠦᠰᠦᠨ 4 ᠵᠠᠷᠴᠢᠮ ᠢ ᠬᠠᠩᠭᠠᠭᠰᠠᠨ ᠪᠠᠶᠢᠬᠤ ᠱᠠᠭᠠᠷᠳᠠᠯᠭ᠎ᠠ ᠲᠠᠢ᠃ 1. ᠪᠦᠷᠢᠨ ᠲᠡᠭᠦᠰ ᠪᠠᠶᠢᠳᠠᠯ᠃ ᠲᠥᠷᠥ ᠵᠠᠰᠠᠭ ᠤᠨ ᠵᠦᠭ ᠡᠴᠡ ᠥᠪᠡᠷ ᠦᠨ ᠦᠢᠯᠡ ᠠᠵᠢᠯᠯᠠᠭ᠎ᠠ ᠬᠡᠷᠡᠭᠵᠢᠭᠦᠯᠬᠦ ᠳᠦ ᠱᠠᠭᠠᠷᠳᠠᠭᠳᠠᠬᠤ ᠬᠥᠷᠥᠩᠭᠡ ᠲᠤᠬᠠᠢ ᠶᠢᠨ ᠵᠢᠯ ᠦᠨ ᠲᠥᠰᠥᠪ ᠲᠦ ᠪᠦᠷᠢᠨ ᠲᠤᠰᠬᠠᠭᠳᠠᠭᠰᠠᠨ ᠪᠠᠶᠢᠬᠤ ᠨᠢ ᠴᠢᠬᠤᠯᠠ᠃ 2. ᠨᠢᠭᠡᠳᠦᠭᠰᠡᠨ ᠪᠠᠶᠢᠳᠠᠯ᠃ ᠲᠥᠰᠥᠪ ᠨᠢ ᠨᠢᠭᠡᠳᠦᠭᠰᠡᠨ ᠠᠷᠭᠠᠴᠢᠯᠠᠯ ᠤᠨ ᠳᠠᠭᠠᠤ ᠵᠣᠬᠢᠶᠠᠭᠳᠠᠬᠤ ᠶᠢᠨ ᠵᠡᠷᠭᠡᠴᠡᠭᠡ ᠲᠥᠷᠥ᠂ ᠵᠠᠰᠠᠭ ᠤᠨ ᠦᠢᠯᠡ ᠠᠵᠢᠯᠯᠠᠭ᠎ᠠ ᠲᠠᠢ ᠬᠣᠯᠪᠣᠭᠠᠲᠠᠢ ᠣᠷᠣᠯᠭ᠎ᠠ᠂ ᠵᠠᠷᠤᠯᠭ᠎ᠠ ᠨᠢᠭᠡ ᠯᠠ ᠲᠥᠰᠥᠪ ᠲᠦ ᠲᠤᠰᠬᠠᠯ ᠢᠶᠠᠨ ᠣᠯᠤᠭᠰᠠᠨ ᠪᠠᠶᠢᠬᠤ ᠶᠢ ᠲᠥᠰᠥᠪ ᠦᠨ ᠨᠢᠭᠡᠳᠦᠭᠰᠡᠨ ᠪᠠᠶᠢᠳᠠᠯ ᠱᠠᠭᠠᠷᠳᠠᠨ᠎ᠠ᠃ ᠨᠥᠭᠥᠭᠡ ᠲᠠᠯ᠎ᠠ ᠪᠠᠷ ᠲᠥᠰᠥᠪ ᠦᠨ ᠣᠷᠣᠯᠭ᠎ᠠ᠂ ᠵᠠᠷᠤᠯᠭ᠎ᠠ ᠶᠢ ᠲᠡᠳᠡᠭᠡᠷ ᠦᠨ ᠢᠵᠢᠯ ᠲᠥᠰᠲᠡᠢ ᠪᠠᠶᠢᠳᠠᠯ ᠤᠨ ᠳᠠᠭᠠᠤ ᠲᠤᠰ ᠲᠤᠰ ᠲᠤ ᠨᠢ /ᠣᠷᠣᠯᠭ᠎ᠠ᠂ ᠵᠠᠷᠤᠯᠭ᠎ᠠ ᠪᠠᠷ ᠨᠢ/ ᠠᠩᠭᠢᠯᠠᠬᠤ ᠨᠢ ᠡᠨᠡ ᠵᠠᠷᠴᠢᠮ ᠳᠤ ᠨᠡᠶᠢᠴᠡᠨ᠎ᠡ 3. ᠪᠣᠳᠠᠲᠤ ᠪᠠᠶᠢᠳᠠᠯ᠃ ᠲᠥᠰᠥᠪ ᠦᠨ ᠣᠷᠣᠯᠭ᠎ᠠ᠂ ᠵᠠᠷᠤᠯᠭ᠎ᠠ ᠶᠢᠨ ᠲᠥᠯᠥᠪᠯᠡᠭᠰᠡᠨ ᠬᠡᠮᠵᠢᠶ᠎ᠡ ᠤᠯᠤᠰ ᠤᠨ ᠪᠣᠳᠠᠲᠤ ᠪᠣᠯᠤᠯᠴᠠᠭ᠎ᠠ᠂ ᠱᠠᠭᠠᠷᠳᠠᠯᠭ᠎ᠠ ᠳᠤ ᠦᠨᠳᠦᠰᠦᠯᠡᠭᠰᠡᠨ ᠪᠠᠶᠢᠬᠤ ᠪᠥᠭᠡᠳ ᠪᠣᠳᠠᠲᠠᠢ ᠬᠡᠷᠡᠭᠵᠢᠬᠦ ᠦᠨᠳᠦᠰᠦ ᠲᠡᠢ ᠪᠠᠶᠢᠬᠤ ᠶᠣᠰᠣᠲᠠᠢ᠃ 4. ᠢᠯᠡ ᠲᠣᠳᠣ ᠪᠠᠶᠢᠳᠠᠯ᠃ ᠬᠠᠤᠯᠢ ᠲᠣᠭᠲᠠᠭᠠᠬᠤ ᠪᠠᠶᠢᠭᠤᠯᠤᠯᠭ᠎ᠠ ᠲᠥᠰᠥᠪ ᠢ ᠬᠡᠯᠡᠯᠴᠡᠵᠦ ᠪᠠᠲᠤᠯᠠᠬᠤ ᠦᠢᠯᠡ ᠠᠵᠢᠯᠯᠠᠭ᠎ᠠ ᠶᠢ ᠢᠯᠡ ᠲᠣᠳᠣ ᠶᠠᠪᠤᠭᠤᠯᠬᠤ ᠨᠢ ᠡᠨᠡ ᠵᠠᠷᠴᠢᠮ ᠤᠨ ᠭᠣᠣᠯ ᠱᠠᠭᠠᠷᠳᠠᠯᠭ᠎ᠠ ᠮᠥᠨ ᠪᠦᠷᠢᠨ ᠲᠡᠭᠦᠰ ᠪᠠᠶᠢᠳᠠᠯ᠃ ᠲᠥᠷᠥ ᠵᠠᠰᠠᠭ ᠤᠨ ᠵᠦᠭ ᠡᠴᠡ ᠥᠪᠡᠷ ᠦᠨ ᠦᠢᠯᠡ ᠠᠵᠢᠯᠯᠠᠭ᠎ᠠ ᠬᠡᠷᠡᠭᠵᠢᠭᠦᠯᠬᠦ ᠳᠦ ᠱᠠᠭᠠᠷᠳᠠᠭᠳᠠᠬᠤ ᠬᠥᠷᠥᠩᠭᠡ ᠲᠤᠬᠠᠢ ᠶᠢᠨ ᠵᠢᠯ ᠦᠨ ᠲᠥᠰᠥᠪ ᠲᠦ ᠪᠦᠷᠢᠨ ᠲᠤᠰᠬᠠᠭᠳᠠᠭᠰᠠᠨ ᠪᠠᠶᠢᠬᠤ ᠨᠢ ᠴᠢᠬᠤᠯᠠ᠃ ᠪᠦᠷᠢᠨ ᠲᠡᠭᠦᠰ ᠪᠠᠶᠢᠳᠠᠯ ᠢ ᠬᠠᠩᠭᠠᠬᠤ ᠵᠠᠷᠴᠢᠮ ᠤᠨ ᠡᠭᠦᠳᠡᠨ ᠡᠴᠡ ᠲᠥᠰᠥᠪ ᠢ ᠪᠠᠷᠰ ᠲᠤᠲᠠ ᠪᠤᠶᠤ ᠪᠣᠬᠢᠷ ᠲᠥᠰᠥᠪ᠂ ᠨᠧᠲ᠋ᠲ᠋ᠣ ᠪᠤᠶᠤ ᠴᠡᠪᠡᠷ ᠲᠥᠰᠥᠪ ᠭᠡᠵᠦ ᠠᠩᠭᠢᠯᠠᠳᠠᠭ᠃ ᠪᠣᠬᠢᠷ ᠪᠤᠶᠤ ᠪᠠᠷᠰ ᠲᠤᠲᠠ ᠲᠥᠰᠥᠪ ᠨᠢ ᠨᠡᠶᠢᠲᠡ ᠣᠷᠣᠯᠭ᠎ᠠ᠂ ᠵᠠᠷᠤᠯᠭ᠎ᠠ ᠶᠢᠨ ᠳᠦᠩᠭᠡ ᠡᠴᠡ ᠪᠥᠷᠢᠳᠦᠨ᠎ᠡ᠃ ᠬᠠᠷᠢᠨ ᠴᠡᠪᠡᠷ ᠣᠷᠣᠯᠭ᠎ᠠ᠂ ᠵᠠᠷᠤᠯᠭ᠎ᠠ ᠠᠴᠠ ᠪᠦᠷᠢᠳᠦᠭᠰᠡᠨ ᠲᠥᠰᠥᠪ ᠢ ᠨᠧᠲ᠋ᠲ᠋ᠣ ᠪᠤᠶᠤ ᠴᠡᠪᠡᠷ ᠲᠥᠰᠥᠪ ᠭᠡᠨ᠎ᠡ᠃ ᠵᠢᠱᠢᠶ᠎ᠡ ᠨᠢ ᠤᠯᠤᠰ ᠤᠨ ᠦᠢᠯᠡᠳᠪᠦᠷᠢ ᠠᠵᠤ ᠠᠬᠤᠢ ᠶᠢᠨ ᠭᠠᠵᠠᠷ ᠤᠨ ᠵᠠᠷᠤᠳᠠᠯ ᠪᠣᠬᠢᠷ ᠲᠥᠰᠥᠪ ᠲᠦ ᠲᠤᠰᠬᠠᠭᠳᠠᠬᠤ ᠪᠠ ᠴᠡᠪᠡᠷ ᠲᠥᠰᠥᠪ ᠲᠦ ᠲᠡᠭᠦᠨ ᠢ ᠣᠷᠣᠯᠭ᠎ᠠ᠂ ᠵᠠᠷᠤᠯᠭ᠎ᠠ ᠶᠢᠨ ᠵᠥᠷᠢᠭᠦᠦ ᠪᠡᠷ ᠲᠤᠰᠬᠠᠳᠠᠭ᠃ ᠨᠢᠭᠡᠳᠦᠭᠰᠡᠨ ᠪᠠᠶᠢᠳᠠᠯ᠃ ᠲᠥᠰᠥᠪ ᠨᠢ ᠨᠢᠭᠡᠳᠦᠭᠰᠡᠨ ᠠᠷᠭᠠᠴᠢᠯᠠᠯ ᠤᠨ ᠳᠠᠭᠠᠤ ᠵᠣᠬᠢᠶᠠᠭᠳᠠᠬᠤ ᠶᠢᠨ ᠵᠡᠷᠭᠡᠴᠡᠭᠡ ᠲᠥᠷᠥ᠂ ᠵᠠᠰᠠᠭ ᠤᠨ ᠦᠢᠯᠡ ᠠᠵᠢᠯᠯᠠᠭ᠎ᠠ ᠲᠠᠢ ᠬᠣᠯᠪᠣᠭ᠎ᠠ ᠲᠠᠢ ᠣᠷᠣᠯᠭ᠎ᠠ᠂ ᠵᠠᠷᠤᠯᠭ᠎ᠠ ᠨᠢᠭᠡ ᠯᠠ ᠲᠥᠰᠥᠪ ᠲᠦ ᠲᠤᠰᠬᠠᠯ ᠢᠶᠠᠨ ᠣᠯᠤᠭᠰᠠᠨ ᠪᠠᠶᠢᠬᠤ ᠶᠢ ᠲᠥᠰᠥᠪ ᠦᠨ ᠨᠢᠭᠡᠳᠦᠭᠰᠡᠨ ᠪᠠᠶᠢᠳᠠᠯ ᠱᠠᠭᠠᠷᠳᠠᠨ᠎ᠠ᠃ ᠨᠥᠭᠥᠭᠡ ᠲᠠᠯ᠎ᠠ ᠪᠠᠷ ᠲᠥᠰᠥᠪ ᠦᠨ ᠣᠷᠣᠯᠭ᠎ᠠ᠂ ᠵᠠᠷᠤᠯᠭ᠎ᠠ ᠶᠢ ᠲᠡᠳᠡᠭᠡᠷ ᠦᠨ ᠢᠵᠢᠯ ᠲᠥᠰᠲᠡᠢ ᠪᠠᠶᠢᠳᠠᠯ ᠤᠨ ᠳᠠᠭᠠᠤ ᠲᠤᠰ ᠲᠤᠰ ᠲᠤ ᠨᠢ /ᠣᠷᠣᠯᠭ᠎ᠠ᠂ ᠵᠠᠷᠤᠯᠭ᠎ᠠ ᠪᠠᠷ ᠨᠢ/ ᠠᠩᠭᠢᠯᠠᠬᠤ ᠨᠢ ᠡᠨᠡ ᠵᠠᠷᠴᠢᠮ ᠳᠤ ᠨᠡᠶᠢᠴᠡᠨ᠎ᠡ᠃ ᠮᠥᠨ ᠣᠷᠣᠨ ᠨᠤᠲᠤᠭ ᠤᠨ ᠲᠥᠰᠥᠪ ᠦᠨ ᠪᠡᠶ᠎ᠡ ᠳᠠᠭᠠᠭᠰᠠᠨ ᠪᠠᠶᠢᠳᠠᠯ ᠢ ᠳᠡᠭᠡᠭᠰᠢᠯᠡᠭᠦᠯᠬᠦ᠂ ᠲᠤᠬᠠᠶᠢᠯᠠᠪᠠᠯ ᠣᠷᠣᠯᠭ᠎ᠠ ᠪᠠᠷ ᠢᠶᠠᠨ ᠵᠠᠷᠤᠯᠭ᠎ᠠ ᠪᠠᠨ ᠨᠥᠬᠥᠬᠥ ᠵᠠᠷᠴᠢᠮ ᠳᠤ ᠰᠢᠯᠵᠢᠭᠦᠯᠬᠦ ᠠᠷᠭ᠎ᠠ ᠬᠡᠮᠵᠢᠶ᠎ᠡ ᠶᠢ ᠤᠯᠤᠰ ᠤᠨ ᠲᠥᠰᠥᠪ ᠵᠣᠬᠢᠶᠠᠬᠤ ᠶᠠᠪᠤᠴᠠ ᠳᠤ ᠠᠩᠬᠠᠷᠬᠤ ᠨᠢ ᠲᠥᠰᠥᠪ ᠦᠨ ᠨᠢᠭᠡᠳᠦᠭᠰᠡᠨ ᠪᠠᠶᠢᠳᠠᠯ ᠢ ᠬᠠᠩᠭᠠᠬᠤ ᠳᠤ ᠴᠢᠬᠤᠯᠠ ᠡᠭᠦᠷᠭᠡ ᠲᠡᠢ᠃ ᠪᠣᠳᠠᠲᠤ ᠪᠠᠶᠢᠳᠠᠯ᠃ ᠲᠥᠰᠥᠪ ᠦᠨ ᠣᠷᠣᠯᠭ᠎ᠠ᠂ ᠵᠠᠷᠤᠯᠭ᠎ᠠ ᠶᠢᠨ ᠲᠥᠯᠥᠪᠯᠡᠭᠰᠡᠨ ᠬᠡᠮᠵᠢᠶ᠎ᠡ ᠤᠯᠤᠰ ᠤᠨ ᠪᠣᠳᠠᠲᠤ ᠪᠣᠯᠤᠯᠴᠠᠭ᠎ᠠ᠂ ᠱᠠᠭᠠᠷᠳᠠᠯᠭ᠎ᠠ ᠳᠤ ᠦᠨᠳᠦᠰᠦᠯᠡᠭᠰᠡᠨ ᠪᠠᠶᠢᠬᠤ ᠪᠥᠭᠡᠳ ᠪᠣᠳᠠᠲᠠᠢ ᠬᠡᠷᠡᠭᠵᠢᠬᠦ ᠦᠨᠳᠦᠰᠦ ᠲᠡᠢ ᠪᠠᠶᠢᠬᠤ ᠶᠣᠰᠣᠲᠠᠢ᠃ ᠡᠨᠡ ᠵᠠᠷᠴᠢᠮ ᠢ ᠬᠡᠷᠡᠭᠵᠢᠭᠦᠯᠵᠦ ᠴᠢᠳᠠᠯ ᠦᠭᠡᠢ ᠪᠣᠳᠠᠲᠤ ᠪᠠᠶᠢᠳᠠᠯ ᠠᠴᠠ ᠲᠠᠰᠤᠷᠬᠠᠢ ᠵᠣᠬᠢᠶᠠᠭᠰᠠᠨ ᠲᠥᠰᠥᠪ ᠪᠡᠶᠡᠯᠡᠭᠳᠡᠬᠦ ᠦᠭᠡᠢ ᠳᠦ ᠬᠦᠷᠦᠪᠡᠯ ᠲᠥᠷᠥ᠂ ᠵᠠᠰᠠᠭ ᠤᠨ ᠵᠦᠭ ᠡᠴᠡ ᠡᠭᠦᠷᠭᠡ᠂ ᠠᠮᠠᠯᠠᠯᠲᠠ ᠪᠠᠨ ᠪᠦᠷᠢᠨ ᠪᠡᠶᠡᠯᠡᠭᠦᠯᠵᠦ ᠴᠢᠳᠠᠬᠤ ᠦᠭᠡᠢ ᠪᠣᠯᠵᠤ ᠤᠯᠠᠮ ᠢᠶᠠᠷ ᠠᠷᠠᠳ ᠲᠦᠮᠡᠨ ᠦ ᠵᠦᠭ ᠡᠴᠡ ᠲᠥᠷᠥ ᠵᠢᠭᠠᠰᠤ ᠶᠢᠨ ᠦᠢᠯᠡ ᠠᠵᠢᠯᠯᠠᠭᠠᠨ ᠳᠤ ᠢᠲᠡᠭᠡᠬᠦ ᠶᠠᠪᠤᠳᠠᠯ ᠰᠤᠯᠠᠷᠠᠵᠤ᠂ ᠤᠯᠤᠰ ᠲᠥᠷᠥ᠂ ᠡᠳ᠋ ᠍ ᠦᠨ ᠵᠠᠰᠠᠭ ᠤᠨ ᠲᠣᠭᠲᠠᠪᠤᠷᠢ ᠦᠭᠡᠢ ᠪᠠᠶᠢᠳᠠᠯ ᠡᠭᠦᠰᠬᠦ ᠳᠦ ᠬᠦᠷᠬᠦ ᠦᠷ᠎ᠡ ᠳᠠᠭᠠᠪᠤᠷᠢ ᠲᠠᠢ᠃ ᠢᠯᠡ ᠲᠣᠳᠣ ᠪᠠᠶᠢᠳᠠᠯ᠃ ᠬᠠᠤᠯᠢ ᠲᠣᠭᠲᠠᠭᠠᠬᠤ ᠪᠠᠶᠢᠭᠤᠯᠤᠯᠭ᠎ᠠ ᠲᠥᠰᠥᠪ ᠢ ᠬᠡᠯᠡᠯᠴᠡᠵᠦ ᠪᠠᠲᠤᠯᠠᠬᠤ ᠦᠢᠯᠡ ᠠᠵᠢᠯᠯᠠᠭ᠎ᠠ ᠶᠢ ᠢᠯᠡ ᠲᠣᠳᠣ ᠶᠠᠪᠤᠭᠤᠯᠬᠤ ᠨᠢ ᠡᠨᠡ ᠵᠠᠷᠴᠢᠮ ᠤᠨ ᠭᠣᠣᠯ ᠱᠠᠭᠠᠷᠳᠠᠯᠭ᠎ᠠ ᠮᠥᠨ᠃ ᠢᠷᠭᠡᠳ ᠠᠵᠤ ᠠᠬᠤᠢ ᠶᠢᠨ ᠨᠢᠭᠡᠴᠡ᠂ ᠪᠠᠶᠢᠭᠤᠯᠤᠯᠭ᠎ᠠ ᠨᠢ ᠲᠠᠲᠠᠪᠤᠷᠢ ᠲᠥᠯᠭᠡᠴᠢ ᠶᠢᠨ ᠬᠤᠪᠢ ᠳᠤ ᠤᠯᠤᠰ ᠤᠨ ᠲᠥᠪᠯᠡᠷᠡᠭᠰᠡᠨ ᠰᠠᠩ ᠳᠤ ᠲᠡᠳᠡᠨ ᠡᠴᠡ ᠣᠷᠣᠭᠤᠯᠤᠭᠰᠠᠨ ᠬᠥᠷᠥᠩᠭᠡ ᠶᠠᠮᠠᠷ ᠵᠣᠷᠢᠭᠤᠯᠤᠯᠲᠠ ᠪᠠᠷ ᠠᠰᠢᠭᠯᠠᠵᠤ ᠪᠠᠶᠢᠭ᠎ᠠ ᠪᠣᠯᠤᠨ ᠲᠠᠲᠠᠪᠤᠷᠢ ᠲᠥᠯᠭᠡᠴᠢ ᠶᠢᠨ ᠬᠤᠪᠢ ᠳᠤ ᠠᠰᠢᠭᠯᠠᠭᠳᠠᠵᠤ ᠪᠠᠶᠢᠭ᠎ᠠ ᠪᠣᠯᠤᠨ ᠲᠠᠲᠠᠪᠤᠷᠢ ᠲᠥᠯᠥᠴᠢ ᠶᠢᠨ ᠨᠢᠷᠤᠭᠤᠨ ᠳᠡᠭᠡᠷ᠎ᠡ ᠶᠠᠮᠠᠷ ᠠᠴᠢᠶᠠᠯᠠᠯ ᠨᠣᠭᠳᠠᠵᠤ ᠪᠠᠶᠢᠭ᠎ᠠ ᠶᠢ ᠲᠡᠳᠡ ᠢᠯᠡ ᠲᠣᠳᠣᠬᠢ ᠮᠡᠳᠡᠵᠦ ᠪᠠᠶᠢᠬᠤ ᠡᠷᠬᠡ ᠲᠡᠢ᠃ ᠢᠯᠡ ᠲᠣᠳᠣ ᠪᠠᠶᠢᠳᠠᠯ ᠢ ᠬᠠᠩᠭᠠᠬᠤ ᠭᠣᠣᠯ ᠨᠥᠬᠥᠴᠡᠯ ᠨᠢ ᠲᠥᠰᠥᠪ ᠦᠨ ᠣᠷᠣᠯᠭ᠎ᠠ᠂ ᠵᠠᠷᠤᠯᠭ᠎ᠠ ᠶᠢ ᠵᠦᠢᠯ᠂ ᠠᠩᠭᠢ ᠪᠦᠷᠢ ᠪᠡᠷ ᠨᠢ ᠵᠠᠳᠠᠯᠵᠤ ᠣᠯᠠᠨ ᠲᠦᠮᠡᠨ ᠦ 《ᠨᠢᠭᠤᠷᠠᠨ ᠳᠡᠭᠡᠷ᠎ᠡ》 ᠢᠯᠡ ᠲᠣᠳᠣ ᠪᠠᠷ ᠬᠡᠯᠡᠯᠴᠡᠬᠦ ᠶᠠᠪᠤᠳᠠᠯ ᠶᠤᠮ᠃ ᠨᠥᠭᠥᠭᠡ ᠲᠠᠯ᠎ᠠ ᠪᠠᠷ ᠲᠥᠰᠥᠯ ᠪᠣᠯᠪᠠᠰᠤᠷᠠᠭᠤᠯᠬᠤ ᠶᠠᠪᠤᠴᠠ ᠳᠤ ᠶᠠᠮᠤ ᠳᠤ᠂ ᠣᠷᠣᠨ ᠨᠤᠲᠤᠭ᠂ ᠪᠢᠽᠢᠨ᠋ᠧᠰ ᠦᠨ ᠪᠠᠶᠢᠭᠤᠯᠤᠯᠭ᠎ᠠ ᠶᠢᠨ ᠲᠥᠯᠥᠭᠡᠯᠡᠭᠴᠢᠳ ᠲᠡᠢ ᠰᠠᠨᠠᠯ ᠰᠣᠯᠢᠯᠴᠠᠵᠤ᠂ ᠲᠡᠳᠡᠨ ᠦ ᠰᠠᠨᠠᠯ ᠢᠠᠪᠬᠤ ᠨᠢ ᠲᠥᠰᠥᠪ ᠦᠨ ᠢᠯᠡ ᠲᠣᠳᠣ ᠪᠠᠶᠢᠳᠠᠯ ᠢ ᠬᠠᠩᠭᠠᠬᠤ ᠴᠢᠬᠤᠯᠠ ᠨᠥᠬᠥᠴᠡᠯ ᠮᠥᠨ᠃ ᠲᠥᠰᠥᠪ ᠦᠨ ᠮᠥᠨ ᠴᠢᠨᠠᠷ ᠨᠢ ᠲᠡᠭᠦᠨ ᠦ ᠭᠦᠢᠴᠡᠳᠭᠡᠬᠦ ᠡᠭᠦᠷᠭᠡ ᠪᠡᠷ ᠳᠠᠮᠵᠢᠨ ᠢᠯᠡᠷᠡᠨ᠎ᠡ᠃ ᠤᠯᠤᠰ ᠤᠨ ᠲᠥᠰᠥᠪ ᠨᠢ ᠲᠥᠷᠥ ᠵᠠᠰᠠᠭ ᠠᠴᠠ ᠦᠢᠯᠡ ᠠᠵᠢᠯᠯᠠᠭ᠎ᠠ ᠶᠠᠪᠤᠭᠤᠯᠬᠤ ᠴᠢᠬᠤᠯᠠ ᠬᠡᠷᠡᠭᠰᠡᠯ ᠪᠣᠯᠬᠤ ᠶᠢᠨ ᠬᠤᠪᠢ ᠳᠤ ᠳᠠᠷᠠᠭᠠᠬᠢ ᠡᠭᠦᠷᠭᠡ ᠶᠢ ᠭᠦᠢᠴᠡᠳᠭᠡᠨ᠎ᠡ᠃

ᠡᠭᠦᠨ ᠳᠦ: 1. ᠦᠨᠳᠦᠰᠦᠨ ᠦ ᠣᠷᠣᠯᠭ᠎ᠠ ᠪᠣᠯᠤᠨ ДНБ ᠍ ᠢ ᠳᠠᠬᠢᠨ ᠬᠤᠪᠢᠶᠠᠷᠢᠯᠠᠬᠤ 2. ᠲᠥᠷᠥ ᠶᠢᠨ ᠡᠳ᠋ ᠍ ᠦᠨ ᠵᠠᠰᠠᠭ ᠤᠨ ᠬᠥᠭᠵᠢᠯ ᠢ ᠳᠡᠮᠵᠢᠬᠦ᠂ ᠵᠣᠬᠢᠴᠠᠭᠤᠯᠬᠤ ᠬᠡᠷᠡᠭᠰᠡᠯ ᠪᠣᠯᠬᠤ 3. ᠲᠥᠷᠥ ᠶᠢᠨ ᠨᠡᠶᠢᠭᠡᠮ ᠤᠨ ᠪᠣᠳᠣᠯᠭ᠎ᠠ ᠶᠢ ᠰᠠᠩᠬᠦᠦ ᠶᠢᠨ ᠡᠬᠢ ᠡᠭᠦᠰᠪᠦᠷᠢ ᠪᠡᠷ ᠬᠠᠩᠭᠠᠬᠤ 4. ᠤᠯᠤᠰ ᠤᠨ ᠲᠥᠰᠥᠪ ᠢ ᠪᠦᠷᠢᠳᠦᠭᠦᠯᠬᠦ᠂ ᠲᠥᠰᠥᠪ ᠦᠨ ᠬᠥᠷᠥᠩᠭᠡ ᠶᠢᠨ ᠵᠠᠷᠤᠴᠠᠭᠤᠯᠤᠯᠲᠠᠨ ᠳᠤ ᠲᠠᠯᠪᠢᠬᠤ ᠬᠢᠨᠠᠯᠲᠠ ᠶᠢ ᠬᠡᠷᠡᠭᠵᠢᠭᠦᠯᠬᠦ᠃ ᠥᠭᠡᠷ᠎ᠡ ᠪᠡᠷ ᠬᠡᠯᠡᠪᠡᠯ ᠲᠥᠰᠥᠪ ᠨᠢ ᠲᠥᠷᠥ ᠶᠢᠨ ᠰᠠᠩ ᠢ ᠪᠦᠷᠢᠳᠦᠭᠦᠯᠬᠦ ᠡᠭᠦᠷᠭᠡ᠂ ᠲᠥᠰᠥᠪ ᠦᠨ ᠬᠥᠷᠥᠩᠭᠡ ᠶᠢ ᠬᠤᠪᠢᠶᠠᠷᠢᠯᠠᠬᠤ ᠵᠠᠷᠤᠴᠠᠭᠤᠯᠬᠤ᠂ ᠬᠢᠨᠠᠯᠲᠠ ᠶᠢᠨ ᠡᠭᠦᠷᠭᠡ᠂ ᠵᠣᠬᠢᠴᠠᠭᠤᠯᠤᠯᠲᠠ ᠶᠢᠨ ᠭᠡᠰᠡᠨ ᠡᠭᠦᠷᠭᠡ ᠭᠦᠢᠴᠡᠳᠭᠡᠨ᠎ᠡ᠃ ᠤᠯᠤᠰ ᠤᠨ ᠲᠥᠰᠥᠪ ᠨᠢ ᠲᠣᠳᠣᠷᠬᠠᠢ ᠬᠤᠭᠤᠴᠠᠭ᠎ᠠ ᠶᠢ ᠬᠠᠮᠤᠷᠴᠢ ᠵᠣᠬᠢᠶᠠᠭᠳᠠᠵᠤ᠂ ᠬᠡᠷᠡᠭᠵᠢᠳᠡᠭ ᠪᠥᠭᠡᠳ ᠡᠨᠡ ᠬᠤᠭᠤᠴᠠᠭ᠎ᠠ ᠶᠢ ᠲᠥᠰᠥᠪ ᠦᠨ ᠵᠢᠯ ᠭᠡᠨ᠎ᠡ᠃ ᠶᠡᠬᠡᠩᠬᠢ ᠤᠯᠤᠰ ᠤᠳ ᠤᠯᠤᠰ ᠤᠨ ᠲᠥᠰᠥᠪ ᠢᠶᠡᠨ ᠨᠢᠭᠡ ᠵᠢᠯ ᠦᠨ ᠬᠤᠭᠤᠴᠠᠭ᠎ᠠ ᠲᠠᠢ ᠵᠣᠬᠢᠶᠠᠳᠠᠭ᠃ ᠮᠣᠩᠭᠣᠯ ᠤᠯᠤᠰ ᠦᠨ ᠲᠥᠰᠥᠪ ᠦᠨ ᠵᠢᠯ ᠨᠢ ᠬᠤᠸᠠᠩᠯᠢ ᠶᠢᠨ ᠬᠤᠭᠤᠴᠠᠭ᠎ᠠ ᠲᠠᠢ ᠳᠠᠪᠬᠤᠴᠠᠳᠠᠭ᠃ ᠤᠯᠤᠰ ᠤᠨ ᠲᠥᠰᠥᠪ ᠲᠦ ᠲᠤᠬᠠᠢ ᠶᠢᠨ ᠵᠢᠯ ᠳᠤ ᠲᠥᠷᠥ ᠵᠠᠰᠠᠭ ᠤᠨ ᠵᠦᠭ ᠡᠴᠡ ᠬᠡᠷᠡᠭᠵᠢᠭᠦᠯᠵᠦ ᠡᠳ᠋ ᠍ ᠦᠨ ᠵᠠᠰᠠᠭ᠂ ᠨᠡᠶᠢᠭᠡᠮ ᠤᠨ ᠪᠣᠳᠣᠯᠭ᠎ᠠ ᠶᠢᠨ ᠴᠢᠨᠠᠷ ᠲᠠᠢ ᠠᠷᠭ᠎ᠠ ᠬᠡᠮᠵᠢᠶ᠎ᠡ ᠨᠦᠭᠦᠳ ᠲᠤᠰᠬᠠᠭᠳᠠᠬᠤ ᠪᠥᠭᠡᠳ ᠲᠡᠭᠦᠨ ᠢ ᠲᠥᠰᠥᠪ ᠦᠨ ᠪᠣᠳᠣᠯᠭ᠎ᠠ ᠭᠡᠨ᠎ᠡ᠃ ᠲᠥᠰᠥᠪ ᠦᠨ ᠵᠠᠷᠤᠯᠭ᠎ᠠ ᠶᠢᠨ ᠬᠡᠮᠵᠢᠶ᠎ᠡ ᠪᠣᠯᠤᠨ ᠠᠵᠤ ᠠᠬᠤᠢ ᠶᠢᠨ ᠨᠢᠭᠡᠴᠡ᠂ ᠢᠷᠭᠡᠳ ᠦᠨ ᠲᠥᠰᠥᠪ ᠲᠦ ᠤᠯᠭᠤᠬᠤ ᠲᠠᠲᠠᠪᠤᠷᠢ ᠶᠢᠨ ᠬᠤᠪᠢ ᠶᠢ ᠥᠭᠡᠷᠡᠴᠢᠯᠡᠬᠦ ᠵᠠᠮ ᠢᠶᠠᠷ ᠡᠳ᠋ ᠍ ᠦᠨ ᠵᠠᠰᠠᠭ ᠳᠠᠬᠢ ᠡᠷᠢᠯ ᠳᠦ᠂ ᠨᠡᠶᠢᠯᠡᠭᠦᠯᠦᠯᠲᠡ ᠶᠢᠨ ᠲᠡᠩᠴᠡᠪᠦᠷᠢᠲᠦ ᠪᠠᠶᠢᠳᠠᠯ ᠳᠤ ᠵᠣᠬᠢᠴᠠᠭᠤᠯᠤᠯᠲᠠ ᠬᠢᠬᠦ ᠶᠠᠪᠤᠳᠠᠯ ᠲᠥᠰᠥᠪ ᠦᠨ ᠪᠣᠳᠣᠯᠭ᠎ᠠ ᠳᠤ ᠴᠢᠬᠤᠯᠠ ᠪᠠᠶᠢᠷᠢ ᠡᠵᠡᠯᠡᠳᠡᠭ ᠪᠢᠯᠡ᠃


ᠲᠥᠰᠥᠪ ᠦᠨ ᠪᠣᠳᠣᠯᠭ᠎ᠠ ᠶᠢ ᠨᠦᠯᠦᠭᠡᠯᠡᠬᠦ ᠦᠷ᠎ᠡ ᠳᠠᠭᠠᠪᠤᠷᠢ ᠶᠢᠨ ᠪᠠᠶᠢᠳᠠᠯ ᠲᠠᠢ ᠨᠢ ᠤᠶᠠᠯᠳᠤᠭᠤᠯᠵᠤ ᠦᠷᠭᠡᠳᠭᠡᠬᠦ (ᠡᠺᠰᠲ᠋ᠧᠨᠰᠠᠪᠤᠩ ᠤᠢ), ᠬᠢᠵᠠᠭᠠᠷᠯᠠᠬᠤ (ᠷᠧᠰᠲᠷᠢᠺᠲ᠋ᠢᠣᠩ ᠤᠢ) ᠭᠡᠵᠦ ᠬᠣᠶᠠᠷ ᠠᠩᠭᠢᠯᠠᠨ᠎ᠠ᠃ - ᠲᠥᠰᠥᠪ ᠦᠨ ᠵᠠᠷᠤᠯᠭ᠎ᠠ ᠶᠢ ᠨᠡᠮᠡᠭᠳᠡᠭᠦᠯᠵᠦ᠂ ᠲᠠᠲᠠᠪᠤᠷᠢ ᠶᠢᠨ ᠬᠤᠪᠢ ᠬᠡᠮᠵᠢᠶ᠎ᠡ ᠶᠢ ᠪᠠᠭᠤᠷᠠᠭᠤᠯᠬᠤ ᠳᠤ ᠴᠢᠭᠯᠡᠭᠰᠡᠨ ᠪᠤᠶᠤ ᠦᠷᠭᠡᠳᠭᠡᠬᠦ ᠨᠥᠯᠥᠭᠡ ᠪᠦᠬᠦᠢ ᠲᠥᠰᠥᠪ ᠦᠨ ᠪᠣᠳᠣᠯᠭ᠎ᠠ ᠶᠢᠨ ᠦᠷ᠎ᠡ ᠳ᠋ᠦᠩ ᠳᠦ ᠡᠳ᠋ ᠍ ᠦᠨ ᠵᠠᠰᠠᠭ ᠤᠨ ᠬᠢᠮᠤᠷᠠᠯ ᠢ ᠭᠡᠲᠦᠯᠦᠨ ᠳᠠᠪᠠᠵᠤ᠂ ᠡᠳ᠋ ᠍ ᠦᠨ ᠵᠠᠰᠠᠭ ᠤᠨ ᠥᠰᠦᠯᠲᠡ ᠶᠢ ᠲᠦᠷᠭᠡᠳᠭᠡᠬᠦ ᠪᠣᠯᠤᠮᠵᠢ ᠲᠠᠢ᠃ ᠡᠨᠡ ᠨᠢ ᠲᠥᠰᠥᠪ ᠦᠨ ᠦᠷᠭᠡᠳᠭᠡᠬᠦ ᠨᠥᠯᠥᠭᠡ ᠪᠦᠬᠦᠢ ᠪᠣᠳᠣᠯᠭ᠎ᠠ ᠶᠤᠮ᠃ - ᠲᠥᠰᠥᠪ ᠦᠨ ᠬᠢᠵᠠᠭᠠᠷᠯᠠᠬᠤ ᠨᠥᠯᠥᠭᠡ ᠪᠦᠬᠦᠢ ᠪᠣᠳᠣᠯᠭ᠎ᠠ ᠨᠢ ᠲᠥᠰᠥᠪ ᠦᠨ ᠵᠠᠷᠤᠯᠭ᠎ᠠ ᠶᠢ ᠪᠠᠭᠤᠷᠠᠭᠤᠯᠵᠤ᠂ ᠲᠠᠲᠠᠪᠤᠷᠢ ᠶᠢ ᠨᠡᠮᠡᠭᠳᠡᠭᠦᠯᠬᠦ ᠳᠦ ᠴᠢᠭᠯᠡᠳᠡᠭ ᠪᠥᠭᠡᠳ ᠡᠨᠡ ᠪᠣᠳᠣᠯᠭ᠎ᠠ ᠶᠢᠨ ᠦᠷ᠎ᠡ ᠳ᠋ᠦᠩ ᠳᠦ ᠢᠨᠹᠯᠢᠶᠠᠼ ᠢ ᠪᠠᠭᠤᠷᠠᠭᠤᠯᠵᠤ᠂ ᠪᠢᠽᠢᠨ᠋ᠧᠰ ᠦᠨ ᠲᠠᠭᠠᠲᠠᠢ ᠣᠷᠴᠢᠨ ᠪᠥᠷᠢᠳᠬᠦ ᠪᠣᠯᠤᠮᠵᠢ ᠲᠠᠢ᠃ ᠲᠥᠰᠥᠪ ᠦᠨ ᠪᠣᠳᠣᠯᠭ᠎ᠠ ᠶᠢᠨ ᠳᠡᠭᠡᠷ᠎ᠡ ᠳᠤᠷᠠᠳᠤᠭᠰᠠᠨ ᠬᠧᠷ ᠠᠷᠭ᠎ᠠ ᠶᠢᠨ ᠠᠯᠢ ᠨᠢᠭᠡ ᠶᠢ ᠳᠠᠩ ᠢᠶᠠᠷ ᠨᠢ ᠪᠤᠰᠤ ᠭᠠᠭᠴᠠᠬᠦ ᠮᠥᠩᠭᠥ ᠵᠡᠭᠡᠯᠢ ᠶᠢᠨ ᠪᠣᠳᠣᠯᠭ᠎ᠠ ᠶᠢᠨ ᠬᠣᠯᠪᠣᠭᠳᠠᠬᠤ ᠮᠧᠬᠠᠨᠢᠰᠮ ᠲᠠᠢ ᠨᠢᠭᠲᠠᠴᠠ ᠤᠶᠠᠯᠳᠤᠭᠤᠯᠤᠨ ᠬᠡᠷᠡᠭᠯᠡᠭᠰᠡᠨ ᠨᠥᠬᠥᠴᠡᠯ ᠳᠦ ᠦᠷ᠎ᠡ ᠳ᠋ᠦᠩ ᠲᠡᠢ ᠠᠷᠭ᠎ᠠ ᠬᠡᠮᠵᠢᠶ᠎ᠡ ᠪᠣᠯᠳᠠᠭ ᠪᠣᠯᠤᠨ᠎ᠠ᠃ ᠲᠥᠰᠥᠪ ᠦᠨ ᠦᠷᠭᠡᠳᠭᠡᠬᠦ ᠦᠢᠯᠡᠴᠢᠯᠡᠭᠡ ᠪᠦᠬᠦᠢ ᠪᠣᠳᠣᠯᠭ᠎ᠠ ᠶᠢ ᠮᠥᠩᠭᠥᠨ ᠦ ᠨᠡᠶᠢᠯᠡᠭᠦᠯᠦᠯᠲᠡ ᠶᠢ ᠬᠢᠵᠠᠭᠠᠷᠯᠠᠬᠤ ᠠᠷᠭ᠎ᠠ ᠬᠡᠮᠵᠢᠶ᠎ᠡ ᠲᠡᠢ ᠬᠣᠣᠰᠯᠠᠭᠤᠯᠤᠨ ᠶᠠᠪᠤᠭᠤᠯᠬᠤ ᠦᠭᠡᠢ ᠪᠣᠯ ᠢᠨᠹᠯᠢᠶᠠᠼᠢ ᠥᠰᠬᠦ ᠰᠥᠷᠭᠦ ᠦᠷ᠎ᠡ ᠳᠠᠭᠠᠪᠤᠷᠢ ᠲᠠᠢ ᠪᠣᠯᠤᠨ᠎ᠠ᠃ ᠮᠥᠨ ᠬᠢᠵᠠᠭᠠᠷᠯᠠᠬᠤ ᠦᠢᠯᠡᠴᠢᠯᠡᠭᠡ ᠪᠦᠬᠦᠢ ᠪᠣᠳᠣᠯᠭ᠎ᠠ ᠶᠢ ᠮᠥᠩᠭᠥ ᠵᠡᠭᠡᠯᠢ ᠶᠢᠨ ᠬᠠᠲᠠᠭᠤ ᠠᠷᠭ᠎ᠠ ᠬᠡᠮᠵᠢᠶ᠎ᠡ ᠲᠡᠢ ᠬᠣᠣᠰᠯᠠᠭᠤᠯᠤᠨ ᠬᠡᠷᠡᠭᠵᠢᠭᠦᠯᠪᠡᠯ ᠡᠳ᠋ ᠍ ᠦᠨ ᠵᠠᠰᠠᠭ ᠲᠤ ᠰᠥᠷᠭᠦ ᠦᠷ᠎ᠡ ᠳᠠᠭᠠᠪᠤᠷᠢ ᠨᠤᠭᠤᠳ ᠭᠠᠷᠴᠤ ᠡᠳ᠋ ᠍ ᠦᠨ ᠵᠠᠰᠠᠭ ᠤᠨ ᠬᠢᠮᠤᠷᠠᠯ ᠳᠤ ᠪᠠᠶᠢᠳᠠᠯ ᠳᠤ ᠬᠦᠷᠬᠦ ᠮᠠᠭᠠᠳᠯᠠᠯ ᠲᠠᠢ ᠪᠠᠶᠢᠳᠠᠭ ᠪᠠᠶᠢᠨ᠎ᠠ᠃

ᠣᠯᠠᠨ ᠤᠯᠤᠰ ᠤᠨ ᠫᠷᠠᠺᠲ᠋ᠢᠭ ᠲᠤ ᠲᠥᠰᠥᠪ ᠦᠨ ᠣᠷᠣᠯᠭ᠎ᠠ᠂ ᠵᠠᠷᠤᠯᠭ᠎ᠠ ᠶᠢ ᠲᠣᠭᠠᠴᠠᠵᠤ ᠲᠥᠯᠥᠪᠯᠡᠬᠦ ᠳᠦ ᠳᠠᠷᠠᠭᠠᠬᠢ ᠭᠤᠷᠪᠠᠨ ᠠᠷᠭ᠎ᠠ ᠶᠢ ᠬᠡᠷᠡᠭᠯᠡᠳᠡᠭ ᠪᠣᠯᠤᠨ᠎ᠠ᠃ ᠡᠭᠦᠨ ᠳᠦ: • ᠠᠦ᠋ᠲ᠋ᠣᠮᠠᠲ ᠠᠷᠭ᠎ᠠ • ᠮᠠᠵᠢᠷᠢᠼ ᠤᠨ ᠪᠠ ᠮᠢᠨᠣᠷᠠᠼ ᠤᠨ ᠠᠷᠭ᠎ᠠ • ᠰᠢᠭᠤᠳ ᠦᠨᠡᠯᠡᠭᠡ ᠥᠭᠬᠦ ᠠᠷᠭ᠎ᠠ᠃ ᠠᠦ᠋ᠲ᠋ᠣᠮᠠᠲ ᠠᠷᠭ᠎ᠠ᠃ ᠲᠥᠰᠥᠪ ᠦᠨ ᠣᠷᠣᠯᠭ᠎ᠠ᠂ ᠵᠠᠷᠤᠯᠭ᠎ᠠ ᠶᠢᠨ ᠵᠠᠷᠢᠮ ᠵᠦᠢᠯ ᠠᠩᠬᠢ ᠶᠢᠨ ᠬᠡᠮᠵᠢᠶ᠎ᠡ ᠶᠢ ᠳᠠᠷᠤᠭ᠎ᠠ ᠶᠢᠨ ᠵᠢᠯ ᠳᠤ ᠥᠭᠡᠷᠡᠴᠢᠯᠡᠬᠦ ᠦᠭᠡᠢ ᠪᠡᠷ ᠲᠥᠰᠥᠪ ᠲᠦ ᠰᠢᠭᠤᠳ ᠲᠤᠰᠬᠠᠬᠤ ᠶᠢ ᠠᠦ᠋ᠲ᠋ᠣᠮᠠᠲ ᠠᠷᠭ᠎ᠠ ᠭᠡᠨ᠎ᠡ᠃ ᠮᠠᠵᠢᠷᠢᠼ ᠤᠨ ᠪᠠ ᠮᠢᠨᠣᠷᠠᠼ ᠤᠨ ᠠᠷᠭ᠎ᠠ᠃ ᠲᠥᠰᠥᠪ ᠦᠨ ᠭᠦᠢᠴᠡᠳᠬᠡᠯ ᠦᠨ ᠣᠯᠠᠨ ᠵᠢᠯ ᠦᠨ ᠲᠤᠬᠠᠶᠢᠯᠠᠪᠠᠯ᠂ 10-15 ᠵᠢᠯ ᠦᠨ ᠲᠠᠶᠢᠯᠤᠨ ᠳᠡᠭᠡᠷ᠎ᠡ ᠦᠨᠳᠦᠰᠦᠯᠡᠵᠦ ᠣᠷᠣᠯᠭ᠎ᠠ᠂ ᠵᠠᠷᠤᠯᠭ᠎ᠠ ᠶᠢᠨ ᠥᠰᠦᠯᠲᠡ᠂ ᠪᠠᠭᠤᠷᠠᠯᠲᠠ ᠶᠢᠨ ᠴᠢᠭᠢ ᠬᠠᠨᠳᠤᠯᠭ᠎ᠠ ᠶᠢ ᠲᠣᠳᠣᠷᠬᠠᠶᠢᠯᠠᠵᠤ᠂ ᠲᠥᠰᠥᠪ ᠦᠨ ᠲᠥᠯᠥᠪᠯᠡᠯᠲᠡᠳ ᠠᠰᠢᠭᠯᠠᠨ᠎ᠠ᠃ ᠲᠥᠰᠥᠪ ᠦᠨ ᠭᠦᠢᠴᠡᠳᠬᠡᠯ ᠦᠨ ᠣᠯᠠᠨ ᠵᠢᠯ ᠦᠨ ᠴᠢᠭᠢ ᠬᠠᠨᠳᠤᠯᠭ᠎ᠠ ᠶᠢ ᠦᠨᠳᠦᠰᠦᠯᠡᠨ ᠲᠣᠭᠲᠠᠭᠠᠬᠤ ᠶᠢ ᠬᠡᠯᠡᠨ᠎ᠡ᠃ ᠣᠯᠠᠨ ᠵᠢᠯ ᠦᠨ ᠰᠤᠳᠤᠯᠭᠠᠨ ᠤ ᠳᠠᠭᠠᠤ ᠣᠷᠣᠯᠭ᠎ᠠ᠂ ᠵᠠᠷᠤᠯᠭ᠎ᠠ ᠥᠰᠬᠦ ᠬᠠᠨᠳᠤᠯᠭ᠎ᠠ ᠲᠠᠢ ᠪᠣᠯ ᠮᠠᠵᠢᠷᠢᠼ ᠤᠨ᠂ ᠬᠡᠷᠪᠡ ᠰᠤᠳᠤᠯᠭᠠᠨ ᠤ ᠳᠠᠭᠠᠤ ᠣᠷᠣᠯᠭ᠎ᠠ᠂ ᠵᠠᠷᠤᠯᠭ᠎ᠠ ᠪᠠᠭᠤᠷᠠᠬᠤ ᠴᠢᠭᠯᠡᠯ ᠲᠡᠢ ᠪᠣᠯ ᠮᠢᠨᠣᠷᠠᠼ ᠤᠨ ᠭᠡᠵᠦ ᠲᠤᠰ ᠲᠤᠰ ᠨᠡᠷᠡᠯᠡᠳᠡᠭ ᠪᠣᠯᠤᠨ᠎ᠠ᠃ ᠰᠢᠭᠤᠳ ᠦᠨᠡᠯᠡᠭᠡ ᠥᠭᠬᠦ ᠠᠷᠭ᠎ᠠ᠃ ᠵᠠᠬ᠎ᠠ ᠵᠡᠭᠡᠯᠢ ᠶᠢᠨ ᠲᠤᠬᠠᠢ ᠶᠢᠨ ᠦᠶ᠎ᠡ ᠶᠢᠨ ᠨᠥᠬᠥᠴᠡᠯ᠂ ᠦᠨ᠎ᠡ ᠬᠠᠩᠰᠢ ᠶᠢᠨ ᠪᠠᠶᠢᠳᠠᠯ ᠳᠤ ᠰᠤᠳᠤᠯᠭ᠎ᠠ ᠬᠢᠵᠦ᠂ ᠦᠨᠡᠯᠡᠭᠡ ᠥᠭᠴᠦ ᠲᠥᠰᠥᠪ ᠦᠨ ᠣᠷᠣᠯᠭ᠎ᠠ᠂ ᠵᠠᠷᠤᠯᠭ᠎ᠠ ᠶᠢᠨ ᠬᠦᠯᠢᠶᠡᠭᠳᠡᠵᠦ ᠪᠠᠶᠢᠭ᠎ᠠ ᠭᠦᠢᠴᠡᠳᠬᠡᠯ ᠢ ᠲᠣᠭᠠᠴᠠᠬᠤ᠂ ᠡᠰᠡᠪᠡᠯ ᠣᠷᠣᠯᠭ᠎ᠠ᠂ ᠵᠠᠷᠤᠯᠭ᠎ᠠ ᠶᠢ ᠰᠢᠭᠤᠳ ᠲᠣᠭᠠᠴᠠᠬᠤ ᠶᠠᠪᠤᠳᠠᠯ ᠡᠨᠡ ᠠᠷᠭ᠎ᠠ ᠶᠢᠨ ᠭᠣᠣᠯ ᠵᠠᠷᠴᠢᠮ ᠮᠥᠨ᠃ ᠤᠯᠤᠰ ᠤᠨ ᠶᠡᠬᠡ ᠬᠤᠷᠠᠯ ᠠᠴᠠ 1992 ᠣᠨ ᠳᠤ ᠮᠣᠩᠭᠣᠯ ᠤᠯᠤᠰ ᠤᠨ ᠲᠥᠰᠥᠪ ᠦᠨ ᠲᠤᠬᠠᠢ ᠰᠢᠨ᠎ᠡ ᠬᠠᠤᠯᠢ ᠶᠢ ᠪᠠᠲᠤᠯᠠᠭᠰᠠᠨ ᠨᠢ ᠵᠠᠬ᠎ᠠ ᠵᠡᠭᠡᠯᠢ ᠶᠢᠨ ᠬᠠᠷᠢᠯᠴᠠᠭᠠᠨ ᠳᠤ ᠰᠢᠯᠵᠢᠬᠦ ᠦᠶ᠎ᠡ ᠶᠢᠨ ᠲᠥᠰᠥᠪ ᠦᠨ ᠬᠠᠷᠢᠯᠴᠠᠭ᠎ᠠ ᠶᠢ ᠵᠣᠬᠢᠴᠠᠭᠤᠯᠤᠭᠰᠠᠨ ᠡᠷᠬᠡ ᠵᠦᠢ ᠶᠢᠨ ᠲᠤᠯᠭᠠᠭᠤᠷᠢ ᠠᠺᠲ ᠪᠣᠯᠤᠭᠰᠠᠨ ᠪᠠᠶᠢᠨ᠎ᠠ᠃ ᠤᠯᠤᠰ ᠤᠨ ᠶᠡᠬᠡ ᠬᠤᠷᠠᠯ ᠠᠴᠠ 2002 ᠣᠨ ᠳᠤ ᠤᠭ ᠬᠠᠤᠯᠢ ᠶᠢ ᠰᠢᠨᠡᠴᠢᠯᠡᠵᠦ᠂ ᠮᠣᠩᠭᠣᠯ ᠤᠯᠤᠰ ᠤᠨ ᠨᠢᠭᠡᠳᠦᠭᠰᠡᠨ ᠲᠥᠰᠥᠪ ᠦᠨ ᠲᠤᠬᠠᠢ ᠬᠠᠤᠯᠢ ᠶᠢ ᠪᠠᠲᠤᠯᠠᠭᠰᠠᠨ ᠪᠠᠶᠢᠨ᠎ᠠ᠃ ᠡᠨᠡᠬᠦ ᠬᠠᠤᠯᠢ ᠨᠢ ᠤᠯᠤᠰ ᠤᠨ ᠨᠢᠭᠡᠳᠦᠭᠰᠡᠨ ᠲᠥᠰᠥᠪ᠂ ᠲᠥᠰᠥᠪ ᠦᠨ ᠵᠠᠬᠢᠷᠤᠭᠴᠢ ᠶᠢᠨ ᠡᠷᠬᠡ᠂ ᠡᠭᠦᠷᠭᠡ᠂ ᠲᠥᠰᠥᠪ ᠦᠨ ᠣᠷᠣᠯᠭ᠎ᠠ᠂ ᠵᠠᠷᠤᠯᠭ᠎ᠠ ᠶᠢᠨ ᠠᠩᠬᠢᠯᠠᠯ᠂ ᠲᠥᠰᠥᠪ ᠦᠨ ᠭᠦᠢᠴᠡᠳᠬᠡᠯ ᠢ ᠵᠣᠬᠢᠶᠠᠨ ᠪᠠᠶᠢᠭᠤᠯᠬᠤ᠂ ᠲᠠᠶᠢᠯᠤᠩᠨᠠᠬᠤ᠂ ᠲᠥᠰᠥᠪ ᠦᠨ ᠪᠦᠷᠢᠳᠬᠡᠯᠲᠡᠢ ᠬᠣᠯᠪᠣᠭᠳᠠᠭᠰᠠᠨ ᠬᠠᠷᠢᠯᠴᠠᠭ᠎ᠠ ᠶᠢ ᠵᠣᠬᠢᠴᠠᠭᠤᠯᠤᠨ᠎ᠠ᠃ ᠮᠣᠩᠭᠣᠯ ᠤᠯᠤᠰ ᠤᠨ ᠨᠢᠭᠡᠳᠦᠭᠰᠡᠨ ᠲᠥᠰᠥᠪ ᠦᠨ ᠲᠤᠬᠠᠢ ᠬᠠᠤᠯᠢ᠂ ᠲᠥᠰᠥᠪ ᠦᠨ ᠪᠠᠶᠢᠭᠤᠯᠤᠯᠭ᠎ᠠ ᠶᠢᠨ ᠤᠳᠤᠷᠢᠳᠤᠯᠭ᠎ᠠ᠂ ᠰᠠᠩᠬᠦᠵᠢᠯᠲᠡ ᠶᠢᠨ ᠲᠤᠬᠠᠢ ᠬᠠᠤᠯᠢ ᠪᠣᠯᠤᠨ ᠲᠡᠳᠡᠭᠡᠷ ᠲᠡᠢ ᠨᠡᠶᠢᠴᠡᠭᠦᠯᠦᠨ ᠭᠠᠷᠭᠠᠭᠰᠠᠨ ᠬᠠᠤᠯᠢ ᠡᠷᠬᠡ ᠶᠢᠨ ᠠᠺᠲ ᠤᠳ ᠨᠢ ᠲᠥᠰᠥᠪ ᠦᠨ ᠲᠤᠬᠠᠢ ᠬᠠᠤᠯᠢ ᠲᠣᠭᠲᠠᠭᠠᠮᠵᠢ ᠶᠢ ᠪᠦᠬᠦᠯᠢ ᠳᠦ ᠨᠢᠪᠦᠷᠢᠳᠦᠭᠦᠯᠵᠦ ᠪᠠᠶᠢᠨ᠎ᠠ᠃ '

ᠵᠠᠬ᠎ᠠ ᠵᠡᠭᠡᠯᠢ ᠶᠢᠨ ᠬᠠᠷᠢᠯᠴᠠᠭᠠᠨ ᠤ ᠦᠶ᠎ᠡ ᠶᠢᠨ ᠮᠣᠩᠭᠣᠯ ᠤᠯᠤᠰ ᠤᠨ ᠲᠥᠰᠥᠪ ᠦᠨ ᠰᠢᠰᠲ᠋ᠧᠮ ᠨᠢ ᠳᠠᠷᠠᠭᠠᠬᠢ ᠦᠨᠳᠦᠰᠦᠨ ᠵᠠᠷᠴᠢᠮ ᠤᠳ ᠲᠤ ᠲᠤᠯᠭᠠᠭᠤᠷᠢᠯᠠᠨ ᠬᠥᠭᠵᠢᠵᠦ ᠪᠠᠶᠢᠨ᠎ᠠ᠃ ᠡᠭᠦᠨ ᠳᠦ:


1. ᠲᠥᠰᠥᠪ ᠦᠨ ᠰᠢᠰᠲ᠋ᠧᠮ ᠦᠨ ᠨᠢᠭᠡᠳᠦᠯ᠃ 2. ᠲᠥᠰᠥᠪ ᠦᠨ ᠰᠢᠰᠲ᠋ᠧᠮ ᠦᠨ ᠱᠠᠲᠤ ᠪᠦᠷᠢ ᠳᠦ ᠲᠥᠰᠥᠪ ᠦᠨ ᠣᠷᠣᠯᠭ᠎ᠠ᠂ ᠵᠠᠷᠤᠯᠭ᠎ᠠ ᠶᠢ ᠵᠠᠭᠠᠭᠯᠠᠨ ᠬᠠᠤᠯᠢᠴᠢᠯᠠᠨ ᠲᠣᠭᠲᠠᠭᠠᠬᠤ ᠵᠠᠷᠴᠢᠮ᠃ 3. ᠪᠦᠬᠦ ᠱᠠᠲᠤᠨ ᠤ ᠲᠥᠰᠥᠪ ᠦᠨ ᠪᠡᠶ᠎ᠡ ᠳᠠᠭᠠᠭᠰᠠᠨ ᠪᠠᠶᠢᠳᠠᠯ᠃ 4. ᠲᠥᠰᠥᠪ ᠢ ᠪᠦᠷᠢᠳᠦᠭᠦᠯᠬᠦ ᠳᠦ ᠢᠷᠭᠡᠨ᠂ ᠠᠵᠤ ᠠᠬᠤᠢ ᠶᠢᠨ ᠨᠢᠭᠡᠴᠡ᠂ ᠪᠠᠶᠢᠭᠤᠯᠤᠯᠭ᠎ᠠ ᠪᠦᠷ ᠠᠳᠠᠯᠢ ᠲᠡᠭᠰᠢ ᠤᠷᠤᠯᠴᠠᠬᠤ᠃ 5. ᠲᠥᠰᠥᠪ ᠦᠨ ᠬᠥᠷᠥᠩᠭᠡ ᠶᠢ ᠵᠣᠷᠢᠭᠤᠯᠤᠯᠲᠠ ᠶᠢᠨ ᠳᠠᠭᠠᠤ ᠦᠷ᠎ᠡ ᠳ᠋ᠦᠩ ᠲᠡᠢ ᠠᠰᠢᠭᠯᠠᠬᠤ᠃ 6. ᠲᠥᠰᠥᠪ ᠪᠠᠲᠤᠯᠠᠬᠤ᠂ ᠲᠥᠰᠥᠪ ᠦᠨ ᠬᠥᠷᠥᠩᠭᠡ ᠶᠢ ᠵᠠᠷᠤᠴᠠᠭᠤᠯᠬᠤ ᠦᠢᠯᠡ ᠠᠵᠢᠯᠯᠠᠭ᠎ᠠ ᠶᠢ ᠢᠯᠡ ᠲᠣᠳᠣ ᠶᠠᠪᠤᠭᠤᠯᠵᠤ᠂ ᠲᠥᠰᠥᠪ ᠦᠨ ᠭᠦᠢᠴᠡᠳᠬᠡᠯ ᠦᠨ ᠲᠠᠯ᠎ᠠ ᠪᠠᠷ ᠲᠠᠲᠠᠪᠤᠷᠢ ᠲᠠᠯᠦᠭᠴᠢᠳ ᠲᠦ ᠲᠠᠶᠢᠯᠤᠩᠨᠠᠵᠤ ᠪᠠᠶᠢᠬᠤ ᠶᠠᠪᠤᠳᠠᠯ ᠶᠤᠮ᠃

ᠡᠳᠡᠭᠡᠷ ᠵᠠᠷᠴᠢᠮ ᠤᠳ ᠢ ᠬᠡᠷᠡᠭᠵᠢᠭᠦᠯᠬᠦ ᠡᠷᠬᠡ ᠵᠦᠢ ᠶᠢᠨ ᠦᠨᠳᠦᠰᠦ ᠲᠥᠰᠥᠪ᠂ ᠲᠠᠲᠠᠪᠤᠷᠢ ᠶᠢᠨ ᠬᠣᠯᠪᠣᠭᠳᠠᠬᠤ ᠬᠠᠤᠯᠢ ᠨᠤᠭᠤᠳ ᠲᠤ ᠲᠤᠰᠬᠠᠯ ᠢᠶᠠᠨ ᠣᠯᠤᠭᠰᠠᠨ ᠪᠠᠶᠢᠨ᠎ᠠ᠃ ᠲᠥᠷᠥ ᠶᠢᠨ ᠴᠢᠭᠢ ᠡᠭᠦᠷᠭᠡ ᠶᠢ ᠬᠡᠷᠡᠭᠵᠢᠭᠦᠯᠬᠦ ᠳᠦ ᠱᠠᠭᠠᠷᠳᠠᠭᠳᠠᠬᠤ ᠰᠠᠩᠬᠦᠦ ᠶᠢᠨ ᠡᠬᠢ ᠡᠭᠦᠰᠪᠦᠷᠢ ᠶᠢ ᠪᠤᠢ ᠪᠣᠯᠭᠠᠬᠤ ᠵᠣᠷᠢᠯᠭ᠎ᠠ ᠪᠠᠷ ᠲᠤᠬᠠᠢ ᠶᠢᠨ ᠲᠥᠰᠥᠪ ᠦᠨ ᠵᠢᠯ ᠳᠤ ᠥᠪᠡᠷ ᠦᠨ ᠮᠡᠳᠡᠯ ᠳᠦ ᠬᠤᠷᠠᠮᠲᠤᠯᠠᠭᠤᠯᠤᠨ ᠬᠤᠪᠢᠶᠠᠷᠢᠯᠠᠵᠤ᠂ ᠵᠠᠷᠤᠴᠠᠭᠤᠯᠬᠤ ᠮᠥᠩᠭᠥᠨ ᠬᠥᠷᠥᠩᠭᠡ ᠶᠢᠨ ᠣᠷᠣᠯᠭ᠎ᠠ᠂ ᠵᠠᠷᠤᠯᠭ᠎ᠠ ᠶᠢᠨ ᠲᠡᠩᠴᠡᠯ ᠢ ᠮᠣᠩᠭᠣᠯ ᠤᠯᠤᠰ ᠤᠨ ᠨᠢᠭᠡᠳᠦᠭᠰᠡᠨ ᠲᠥᠰᠥᠪ ᠭᠡᠨ᠎ᠡ᠃ ᠮᠣᠩᠭᠣᠯ ᠤᠯᠤᠰ ᠤᠨ ᠨᠢᠭᠡᠳᠦᠭᠰᠡᠨ ᠲᠥᠰᠥᠪ ᠨᠢ ᠤᠯᠤᠰ ᠤᠨ ᠲᠥᠰᠥᠪ᠂ ᠣᠷᠣᠨ ᠨᠤᠲᠤᠭ ᠤᠨ ᠲᠥᠰᠥᠪ ᠡᠴᠡ ᠪᠥᠷᠢᠳᠦᠨ᠎ᠡ᠃ - ᠤᠯᠤᠰ ᠤᠨ ᠶᠡᠬᠡ ᠬᠤᠷᠠᠯ ᠠᠴᠠ ᠪᠠᠲᠤᠯᠠᠵᠤ᠂ ᠵᠠᠰᠠᠭ ᠤᠨ ᠭᠠᠵᠠᠷ ᠤᠨ ᠮᠡᠳᠡᠯ ᠳᠦ ᠲᠥᠪᠯᠡᠷᠡᠭᠦᠯᠦᠨ ᠵᠠᠷᠤᠴᠠᠭᠤᠯᠬᠤ ᠲᠥᠰᠥᠪ ᠢ ᠤᠯᠤᠰ ᠤᠨ ᠲᠥᠪᠯᠡᠷᠡᠭᠰᠡᠨ ᠲᠥᠰᠥᠪ ᠭᠡᠨ᠎ᠡ᠃ ᠵᠠᠰᠠᠭ ᠤᠨ ᠭᠠᠵᠠᠷ ᠤᠨ ᠲᠤᠰᠬᠠᠢ ᠵᠣᠷᠢᠭᠤᠯᠤᠯᠲᠠ ᠶᠢᠨ ᠰᠠᠩᠭ᠎ᠠ ᠨᠤᠭᠤᠳ᠂ ᠲᠤᠬᠠᠶᠢᠯᠠᠪᠠᠯ ᠨᠡᠶᠢᠭᠡᠮ ᠤᠨ ᠳᠠᠭᠠᠳᠬᠠᠯ ᠤᠨ ᠰᠠᠩᠭ᠎ᠠ ᠨᠤᠭᠤᠳ ᠨᠢ ᠤᠯᠤᠰ ᠤᠨ ᠲᠥᠰᠥᠪ ᠦᠨ ᠪᠦᠷᠢᠯᠳᠦᠬᠦᠨ ᠬᠡᠰᠡᠭ ᠶᠤᠮ᠃ - ᠢᠷᠭᠡᠳ ᠦᠨ ᠲᠥᠯᠥᠭᠡᠯᠡᠭᠴᠢ ᠶᠢᠨ ᠬᠤᠷᠠᠯ ᠠᠴᠠ ᠪᠠᠲᠤᠯᠠᠭᠰᠠᠨ ᠠᠶᠢᠮᠠᠭ᠂ ᠨᠡᠶᠢᠰᠯᠡᠯ᠂ ᠰᠤᠮᠤ᠂ ᠳᠡᠭᠦᠷᠭᠡ ᠶᠢᠨ ᠵᠠᠰᠠᠭ ᠳᠠᠷᠤᠭ᠎ᠠ ᠶᠢᠨ ᠮᠡᠳᠡᠯ ᠳᠦ ᠲᠥᠪᠯᠡᠷᠡᠭᠦᠯᠦᠨ ᠵᠠᠷᠤᠴᠠᠭᠤᠯᠬᠤ ᠤᠯᠤᠰ ᠤᠨ ᠲᠥᠪᠯᠡᠷᠡᠭᠰᠡᠨ ᠲᠥᠰᠥᠪ ᠦᠨ ᠬᠡᠰᠡᠭ ᠢ ᠣᠷᠣᠨ ᠨᠤᠲᠤᠭ ᠤᠨ ᠲᠥᠰᠥᠪ ᠭᠡᠵᠦ ᠨᠡᠷᠡᠯᠡᠳᠡᠭ ᠪᠢᠯᠡ᠃ ᠣᠷᠣᠨ ᠨᠤᠲᠤᠭ ᠤᠨ ᠲᠥᠰᠥᠪ ᠨᠢ ᠠᠶᠢᠮᠠᠭ᠂ ᠨᠡᠶᠢᠰᠯᠡᠯ ᠦᠨ ᠲᠥᠰᠥᠪ᠂ ᠰᠤᠮᠤ᠂ ᠳᠡᠭᠦᠷᠭᠡ ᠶᠢᠨ ᠲᠥᠰᠥᠪ ᠡᠴᠡ ᠪᠥᠷᠢᠳᠦᠨ᠎ᠡ᠃ ᠮᠣᠩᠭᠣᠯ ᠤᠯᠤᠰ ᠤᠨ ᠨᠢᠭᠡᠳᠦᠭᠰᠡᠨ ᠲᠥᠰᠥᠪ ᠨᠢ ᠤᠯᠤᠰ ᠤᠨ ᠰᠠᠩᠬᠦᠦ ᠶᠢᠨ ᠦᠨᠳᠦᠰᠦᠨ ᠲᠥᠯᠥᠪᠯᠡᠭᠡ ᠪᠥᠭᠡᠳ ᠲᠡᠭᠦᠨ ᠢ ᠤᠯᠤᠰ ᠤᠨ ᠶᠡᠬᠡ ᠬᠤᠷᠠᠯ ᠤᠨ ᠴᠢᠭᠤᠯᠭᠠᠨ ᠢᠶᠠᠷ ᠪᠠᠲᠤᠯᠠᠨ᠎ᠠ᠃ ᠲᠥᠰᠥᠪ ᠵᠣᠬᠢᠶᠠᠬᠤ᠂ ᠲᠡᠭᠦᠨ ᠢ ᠪᠡᠶᠡᠯᠡᠭᠦᠯᠬᠦ ᠠᠵᠢᠯ ᠢ ᠵᠣᠬᠢᠶᠠᠨ ᠪᠠᠶᠢᠭᠤᠯᠬᠤ ᠡᠭᠦᠷᠭᠡ ᠵᠠᠰᠠᠭ ᠤᠨ ᠭᠠᠵᠠᠷ ᠲᠤ ᠪᠤᠶᠤ ᠰᠠᠩ ᠤᠨ ᠶᠠᠮᠤ᠂ ᠠᠶᠢᠮᠠᠭ᠂ ᠬᠣᠲᠠ ᠶᠢᠨ ᠵᠠᠰᠠᠭ ᠳᠠᠷᠤᠭ᠎ᠠ ᠶᠢᠨ ᠲᠠᠮᠠᠭ᠎ᠠ ᠶᠢᠨ ᠭᠠᠵᠠᠷ ᠤᠨ ᠡᠷᠬᠡ ᠪᠦᠬᠦᠢ ᠠᠯᠪᠠᠨ ᠲᠤᠰᠢᠶᠠᠯᠲᠠᠨ ᠬᠠᠷᠢᠭᠤᠴᠠᠬᠤ ᠪᠥᠭᠡᠳ ᠲᠡᠭᠦᠨ ᠢ ᠲᠥᠰᠥᠪ ᠦᠨ ᠵᠠᠬᠢᠷᠤᠭᠴᠢ ᠭᠡᠨ᠎ᠡ᠃ ᠲᠥᠰᠥᠪ ᠦᠨ ᠵᠠᠬᠢᠷᠤᠭᠴᠢ ᠶᠢ ᠶᠡᠷᠦᠩᠬᠡᠶᠢᠯᠡᠨ ᠵᠠᠬᠢᠷᠤᠭᠴᠢ᠂ ᠰᠢᠭᠤᠳ ᠵᠠᠬᠢᠷᠤᠭᠴᠢ ᠭᠡᠵᠦ ᠠᠩᠭᠢᠯᠠᠨ᠎ᠠ᠃ ᠥᠪᠡᠷ ᠦᠨ ᠡᠷᠬᠢᠯᠡᠬᠦ ᠠᠰᠠᠭᠤᠳᠠᠯ ᠤᠨ ᠬᠦᠷᠢᠶᠡᠨ ᠳᠦ ᠲᠥᠰᠥᠪ ᠦᠨ ᠪᠠᠶᠢᠭᠤᠯᠤᠯᠭ᠎ᠠ ᠪᠣᠯᠤᠨ ᠪᠤᠰᠤᠳ ᠡᠲᠡᠭᠡᠳ ᠡᠴᠡ ᠨᠡᠶᠢᠯᠡᠭᠦᠯᠬᠦ ᠪᠦᠲᠦᠭᠡᠭᠳᠡᠬᠦᠨ ᠦ ᠬᠡᠷᠡᠭᠴᠡᠭᠡ ᠶᠢ ᠲᠣᠳᠣᠷᠬᠠᠶᠢᠯᠠᠨ᠂ ᠭᠡᠷ ᠢᠶᠡᠨ ᠪᠠᠶᠢᠭᠤᠯᠬᠤ ᠡᠷᠬᠡ ᠪᠦᠬᠦᠢ ᠠᠯᠪᠠᠨ ᠲᠤᠰᠢᠶᠠᠯᠲᠠᠨ ᠢ ᠲᠥᠰᠥᠪ ᠦᠨ ᠶᠡᠷᠦᠩᠬᠡᠶᠢᠯᠡᠨ ᠵᠠᠬᠢᠷᠤᠭᠴᠢ ᠭᠡᠨ᠎ᠡ᠃ ᠲᠥᠰᠥᠪ ᠦᠨ ᠶᠡᠷᠦᠩᠬᠡᠶᠢᠯᠡᠨ ᠵᠠᠬᠢᠷᠤᠭᠴᠢ ᠲᠠᠢ ᠭᠡᠷ᠎ᠡ ᠪᠠᠶᠢᠭᠤᠯᠤᠭᠰᠠᠨ ᠤ ᠦᠨᠳᠦᠰᠦᠨ ᠳᠡᠭᠡᠷ᠎ᠡ ᠲᠥᠰᠥᠪ ᠦᠨ ᠪᠠᠶᠢᠭᠤᠯᠤᠯᠭ᠎ᠠ ᠶᠢ ᠡᠳᠦᠷ ᠲᠤᠲᠤᠮ ᠤᠨ ᠤᠳᠤᠷᠢᠳᠤᠯᠭ᠎ᠠ ᠪᠠᠷ ᠬᠠᠩᠭᠠᠬᠤ ᠡᠭᠦᠷᠭᠡ ᠪᠦᠬᠦᠢ ᠠᠯᠪᠠᠨ ᠲᠤᠰᠢᠶᠠᠯᠲᠠᠨ - ᠶᠡᠷᠦᠩᠬᠡᠢ ᠮᠧᠨᠧᠵᠧᠷ ᠨᠢ ᠰᠢᠭᠤᠳ ᠵᠠᠬᠢᠷᠤᠭᠴᠢ ᠮᠥᠨ᠃


2. ᠲᠥᠰᠥᠪ ᠦᠨ ᠣᠷᠣᠯᠭ᠎ᠠ᠂ ᠲᠡᠭᠦᠨ ᠦ ᠪᠦᠲᠦᠴᠡ᠂ ᠪᠦᠷᠢᠯᠳᠦᠬᠦᠨ ᠦᠨᠳᠦᠰᠦᠨ ᠦ ᠣᠷᠣᠯᠭ᠎ᠠ ᠶᠢ ᠬᠤᠪᠢᠶᠠᠷᠢᠯᠠᠬᠤ᠂ ᠳᠠᠬᠢᠨ ᠬᠤᠪᠢᠶᠠᠷᠢᠯᠠᠬᠤ ᠲᠠᠢ ᠬᠣᠯᠪᠣᠭᠳᠠᠭᠰᠠᠨ ᠡᠳ᠋ ᠍ ᠦᠨ ᠵᠠᠰᠠᠭ ᠤᠨ ᠬᠠᠷᠢᠯᠴᠠᠭᠠᠨ ᠤ ᠢᠯᠡᠷᠡᠯ ᠨᠢ ᠲᠥᠰᠥᠪ ᠦᠨ ᠣᠷᠣᠯᠭ᠎ᠠ ᠮᠥᠨ᠃ ᠥᠭᠡᠷ᠎ᠡ ᠪᠡᠷ ᠬᠡᠯᠡᠪᠡᠯ ᠤᠯᠤᠰ ᠤᠨ ᠲᠥᠪᠯᠡᠷᠡᠭᠰᠡᠨ ᠮᠥᠩᠭᠥᠨ ᠬᠥᠷᠥᠩᠭᠡ ᠶᠢᠨ ᠰᠠᠩ ᠢ ᠪᠦᠷᠢᠳᠦᠭᠦᠯᠬᠦ ᠲᠡᠢ ᠬᠣᠯᠪᠣᠭᠳᠠᠨ ᠡᠭᠦᠰᠴᠢ ᠪᠠᠶᠢᠭ᠎ᠠ ᠡᠳ᠋ ᠍ ᠦᠨ ᠵᠠᠰᠠᠭ ᠤᠨ ᠬᠠᠷᠢᠯᠴᠠᠭ᠎ᠠ ᠶᠢ ᠲᠥᠰᠥᠪ ᠦᠨ ᠣᠷᠣᠯᠭ᠎ᠠ ᠢᠯᠡᠷᠬᠡᠶᠢᠯᠡᠨ᠎ᠡ᠃ ᠡᠨᠡ ᠬᠠᠷᠢᠯᠴᠠᠭᠠᠨ ᠤ ᠢᠯᠡᠷᠡᠯ ᠨᠢ ᠦᠢᠯᠡᠳᠪᠦᠷᠢ᠂ ᠠᠵᠤ ᠠᠬᠤᠢ ᠶᠢᠨ ᠨᠢᠭᠡᠴᠡ᠂ ᠢᠷᠭᠡᠳ ᠡᠴᠡ ᠲᠥᠰᠥᠪ ᠲᠦ ᠲᠥᠯᠦᠵᠦ ᠪᠠᠶᠢᠭ᠎ᠠ ᠲᠥᠷᠥᠯ ᠪᠦᠷᠢ ᠶᠢᠨ ᠲᠠᠲᠠᠪᠤᠷᠢ᠂ ᠲᠥᠯᠥᠪᠦᠷᠢ᠂ ᠬᠤᠷᠢᠶᠠᠮᠵᠢ ᠶᠢᠨ ᠣᠷᠣᠯᠭ᠎ᠠ ᠶᠤᠮ᠃ ᠨᠡᠶᠢᠭᠡᠮ ᠤᠨ ᠬᠥᠭᠵᠢᠯ ᠦᠨ ᠦᠶ᠎ᠡ ᠱᠠᠲᠤ ᠪᠦᠷᠢ ᠥᠪᠡᠷᠲᠡᠭᠡᠨ ᠲᠣᠬᠢᠷᠠᠭᠰᠠᠨ ᠲᠥᠰᠥᠪ ᠦᠨ ᠣᠷᠣᠯᠭ᠎ᠠ ᠪᠦᠷᠢᠳᠦᠭᠠᠯᠢᠯᠲᠡ ᠶᠢᠨ ᠬᠠᠷᠢᠯᠴᠠᠭ᠎ᠠ ᠶᠢ ᠠᠭᠤᠯᠵᠤ ᠪᠠᠶᠢᠴᠠᠢ᠃ ᠡᠶᠢᠮᠦ ᠡᠴᠡ ᠲᠥᠰᠥᠪ ᠦᠨ ᠣᠷᠣᠯᠭ᠎ᠠ ᠨᠢ ᠡᠳ᠋ ᠍ ᠦᠨ ᠵᠠᠰᠠᠭ ᠤᠨ ᠴᠢᠬᠤᠯᠠ ᠺᠠᠲ᠋ᠧᠭᠣᠷᠢ ᠶᠤᠮ᠃ ᠨᠥᠭᠥᠭᠡ ᠲᠠᠯ᠎ᠠ ᠪᠠᠷ ᠲᠥᠰᠥᠪ ᠦᠨ ᠣᠷᠣᠯᠭ᠎ᠠ ᠨᠢ ᠲᠥᠷᠥ ᠡᠴᠡ ᠥᠪᠡᠷ ᠦᠨ ᠡᠭᠦᠷᠭᠡ ᠶᠢ ᠭᠦᠢᠴᠡᠳᠭᠡᠬᠦ ᠵᠣᠷᠢᠯᠭ᠎ᠠ ᠪᠠᠷ ᠤᠯᠤᠰ ᠤᠨ ᠭᠠᠷ ᠲᠤ ᠲᠥᠪᠯᠡᠷᠡᠭᠦᠯᠵᠦ ᠪᠠᠶᠢᠭ᠎ᠠ ᠮᠥᠩᠭᠥᠨ ᠬᠥᠷᠥᠩᠭᠡ ᠶᠢᠨ ᠢᠯᠡᠷᠬᠡᠶᠢᠯᠡᠯ ᠮᠥᠨ᠃ ᠲᠥᠰᠥᠪ ᠦᠨ ᠣᠷᠣᠯᠭ᠎ᠠ ᠨᠢ ᠬᠠᠤᠯᠢ ᠶᠢᠨ ᠳᠠᠭᠠᠤ ᠲᠥᠪᠯᠡᠷᠡᠳᠡᠭ ᠪᠠ ᠦᠨ᠎ᠡ ᠲᠥᠯᠦᠪᠦᠷᠢ ᠦᠭᠡᠢ᠂ ᠡᠷᠭᠢᠯᠲᠡ ᠪᠤᠴᠠᠯᠲᠠ ᠦᠭᠡᠢ ᠪᠠᠶᠢᠳᠠᠭ ᠣᠨᠴᠠᠯᠢᠭ ᠲᠠᠢ᠃ ᠲᠥᠷᠥ ᠶᠢᠨ ᠴᠢᠭᠢ ᠡᠭᠦᠷᠭᠡ ᠶᠢ ᠬᠡᠷᠡᠭᠵᠢᠭᠦᠯᠬᠦ ᠵᠣᠷᠢᠯᠭ᠎ᠠ ᠪᠠᠷ ᠪᠦᠬᠦ ᠱᠠᠲᠤᠨ ᠤ ᠲᠥᠰᠥᠪ ᠲᠦ ᠵᠣᠬᠢᠬᠤ ᠬᠠᠤᠯᠢ ᠲᠣᠭᠲᠠᠭᠠᠮᠵᠢ ᠶᠢᠨ ᠳᠠᠭᠠᠤ ᠪᠦᠷᠢᠳᠦᠭᠦᠯᠦᠨ ᠬᠤᠷᠠᠮᠲᠤᠯᠠᠭᠤᠯᠵᠤ ᠪᠠᠶᠢᠭ᠎ᠠ ᠠᠯᠪᠠᠨ ᠲᠠᠲᠠᠪᠤᠷᠢ᠂ ᠲᠥᠯᠥᠪᠦᠷᠢ᠂ ᠬᠤᠷᠢᠶᠠᠮᠵᠢ᠂ ᠬᠡᠦ᠂ ᠲᠣᠷᠭᠠᠭᠤᠯᠢ ᠪᠣᠯᠤᠨ ᠭᠠᠳᠠᠭᠠᠳᠤ᠂ ᠳᠣᠲᠣᠭᠠᠳᠤ ᠪᠤᠰᠤᠳ ᠡᠬᠢ ᠡᠭᠦᠰᠪᠦᠷᠢ ᠡᠴᠡ ᠪᠥᠷᠢᠳᠬᠦ ᠣᠷᠣᠯᠭ᠎ᠠ ᠶᠢ ᠲᠥᠰᠥᠪ ᠦᠨ ᠣᠷᠣᠯᠭ᠎ᠠ ᠭᠡᠨ᠎ᠡ᠃ ᠤᠯᠤᠰ ᠤᠨ ᠲᠥᠰᠥᠪ ᠦᠨ ᠣᠷᠣᠯᠭ᠎ᠠ ᠶᠢ ᠪᠤᠷᠳᠡᠭᠦᠯᠬᠦ ᠦᠨᠳᠦᠰᠦᠨ ᠡᠬᠡ ᠤᠪᠭᠦᠰᠪᠦᠷᠢ ᠨᠢ ᠲᠤᠬᠠᠢ ᠶᠢᠨ ᠵᠢᠯ ᠳᠤ ᠪᠤᠢ ᠪᠣᠯᠤᠭᠰᠠᠨ ᠦᠨᠳᠦᠰᠦᠨ ᠦ ᠣᠷᠣᠯᠭ᠎ᠠ ᠶᠢᠨ ᠲᠣᠳᠣᠷᠬᠠᠢ ᠬᠡᠰᠡᠭ ᠶᠤᠮ᠃ ᠥᠭᠡᠷ᠎ᠡ ᠪᠡᠷ ᠬᠡᠯᠡᠪᠡᠯ ᠴᠡᠪᠡᠷ ᠪᠦᠲᠦᠭᠡᠭᠳᠡᠬᠦᠨ ᠦ ᠡᠬᠢᠨ ᠦ ᠬᠤᠪᠢᠶᠠᠷᠢᠯᠠᠯᠲᠠ ᠶᠢᠨ ᠦᠷ᠎ᠡ ᠳ᠋ᠦᠩ ᠳᠦ ᠦᠢᠯᠡᠳᠪᠦᠷᠢ᠂ ᠠᠵᠤ ᠠᠬᠤᠢ ᠶᠢᠨ ᠨᠢᠭᠡᠴᠡ ᠳᠦ ᠪᠤᠢ ᠪᠣᠯᠤᠭᠰᠠᠨ ᠣᠷᠣᠯᠭ᠎ᠠ ᠨᠢ ᠲᠥᠰᠥᠪ ᠦᠨ ᠣᠷᠣᠯᠭ᠎ᠠ ᠶᠢᠨ ᠭᠣᠣᠯ ᠡᠬᠢ ᠡᠭᠦᠰᠪᠦᠷᠢ ᠮᠥᠨ᠃ ᠡᠭᠦᠨ ᠳᠦ: • ᠠᠵᠤ ᠠᠬᠤᠢ ᠶᠢᠨ ᠨᠢᠭᠡᠴᠡ ᠶᠢᠨ ᠠᠰᠢᠭ; • ᠦᠢᠯᠡᠳᠪᠦᠷᠢᠯᠡᠯ ᠦᠨ ᠪᠣᠯᠤᠨ ᠦᠢᠯᠡᠳᠪᠦᠷᠢᠯᠡᠯ ᠦᠨ ᠪᠤᠰᠤ ᠰᠠᠯᠪᠤᠷᠢ ᠳᠤ ᠠᠵᠢᠯᠯᠠᠭᠰᠠᠳ ᠤᠨ ᠴᠠᠯᠢᠩ᠂ ᠬᠥᠯᠥᠰᠥ; • ᠵᠡᠭᠡᠯᠢ᠂ ᠬᠠᠳᠠᠭᠠᠯᠠᠮᠵᠢ ᠶᠢᠨ ᠬᠦᠦ ᠶᠢᠨ ᠣᠷᠣᠯᠭ᠎ᠠ; • ᠭᠠᠵᠠᠷ ᠤᠨ ᠲᠦᠷᠢᠶᠡᠰᠦ ᠭᠡᠬᠦ ᠮᠡᠲᠦ᠃ ᠤᠯᠤᠰ ᠤᠨ ᠦᠨᠳᠦᠰᠦᠨ ᠦ ᠪᠠᠶᠠᠯᠢᠭ ᠨᠢ ᠮᠥᠨ ᠲᠥᠰᠥᠪ ᠦᠨ ᠣᠷᠣᠯᠭ᠎ᠠ ᠶᠢ ᠪᠦᠷᠢᠳᠦᠭᠦᠯᠬᠦ ᠳᠦ ᠴᠢᠬᠤᠯᠠ ᠡᠭᠦᠷᠭᠡ ᠲᠡᠢ᠃ ᠲᠤᠬᠠᠶᠢᠯᠠᠪᠠᠯ᠂ ᠤᠯᠤᠰ ᠤᠨ ᠥᠮᠴᠢ ᠶᠢ ᠬᠤᠳᠠᠯᠳᠤᠭᠰᠠᠨ᠂ ᠬᠤᠪᠢᠴᠢᠯᠠᠭᠰᠠᠨ ᠠᠴᠠ ᠤᠷᠤᠬᠤ ᠣᠷᠣᠯᠭ᠎ᠠ᠂ ᠤᠯᠤᠰ ᠤᠨ ᠠᠯᠲᠠ᠂ ᠸᠠᠯᠦᠲ᠋ᠠ ᠶᠢᠨ ᠨᠥᠭᠡᠴᠡ ᠶᠢ ᠬᠤᠳᠠᠯᠳᠤᠭᠰᠠᠨ ᠤ ᠣᠷᠣᠯᠭ᠎ᠠ ᠨᠢᠲᠥᠰᠥᠪ ᠲᠦ ᠣᠷᠣᠨ᠎ᠠ᠃ ᠮᠥᠨ ᠤᠯᠤᠰ ᠤᠨ ᠵᠢᠭᠡᠯᠡᠯᠭᠡ ᠶᠢᠨ ᠬᠡᠯᠪᠡᠷᠢ ᠪᠡᠷ ᠭᠠᠳᠠᠭᠠᠳᠤ ᠪᠣᠯᠤᠨ ᠳᠣᠲᠣᠭᠠᠳᠤ ᠵᠠᠬ᠎ᠠ ᠵᠡᠭᠡᠯᠢ ᠳᠡᠭᠡᠷ᠎ᠡ ᠡᠴᠡ ᠲᠦᠷᠢ ᠬᠤᠭᠤᠴᠠᠭ᠎ᠠ ᠪᠠᠷ ᠬᠥᠷᠥᠩᠭᠡ ᠵᠢᠭᠡᠯᠡᠳᠴᠦ᠂ ᠲᠥᠰᠥᠪ ᠦᠨ ᠣᠷᠣᠯᠭ᠎ᠠ ᠳᠤ ᠣᠷᠣᠭᠤᠯᠵᠤ ᠠᠰᠢᠭᠯᠠᠵᠤ ᠪᠣᠯᠤᠨ᠎ᠠ᠃ ᠡᠭᠦᠨ ᠦ ᠲᠤᠯᠠᠳᠠ ᠵᠠᠰᠠᠭ ᠤᠨ ᠭᠠᠵᠠᠷ ᠤᠨ ᠪᠣᠩ ᠳᠤ᠂ ᠥᠷ ᠦᠨ ᠪᠢᠴᠢᠭ ᠭᠠᠷᠭᠠᠬᠤ ᠵᠡᠷᠭᠡ ᠲᠦᠷᠭᠡᠨ ᠪᠣᠷᠣᠯᠠᠭᠳᠠᠬᠤ ᠴᠢᠳᠠᠪᠤᠷᠢ ᠪᠦᠬᠦᠢ ᠰᠠᠩᠬᠦᠦ ᠶᠢᠨ ᠠᠷᠭ᠎ᠠ ᠬᠡᠷᠡᠭᠰᠡᠯᠡᠯ ᠢ ᠠᠰᠢᠭᠯᠠᠳᠠᠭ᠃ ᠲᠥᠰᠥᠪ ᠦᠨ ᠣᠷᠣᠯᠭ᠎ᠠ ᠶᠢᠨ ᠭᠣᠣᠯ ᠡᠬᠢ ᠡᠭᠦᠰᠪᠦᠷᠢ ᠳᠤᠲᠠᠭᠳᠠᠬᠤ ᠦᠶ᠎ᠡ ᠳᠦ ᠴᠠᠭᠠᠰᠤᠨ ᠮᠥᠩᠭᠥ ᠭᠦᠢᠯᠭᠡᠭᠡᠨ ᠳᠦ ᠨᠡᠮᠡᠵᠦ ᠭᠠᠷᠭᠠᠬᠤ ᠵᠠᠮ ᠢᠶᠠᠷ ᠲᠥᠰᠥᠪ ᠲᠦ ᠣᠷᠣᠯᠭ᠎ᠠ ᠤᠷᠤᠭᠤᠯᠬᠤ ᠠᠷᠭ᠎ᠠ ᠪᠠᠶᠢᠳᠠᠭ᠃ ᠭᠡᠪᠡᠴᠦ ᠡᠨᠡ ᠨᠢ ᠪᠠᠷᠠᠭ᠎ᠠ᠂ ᠦᠢᠯᠡᠴᠢᠯᠡᠭᠡᠨ ᠦ ᠶᠠᠮᠠᠷ ᠴᠤ ᠪᠠᠲᠤᠯᠠᠭ᠎ᠠ ᠪᠠᠶᠢᠬᠤ ᠦᠭᠡᠢ ᠤᠴᠢᠷ ᠠᠴᠠ ᠡᠷᠢᠯᠲᠡ᠂ ᠨᠡᠶᠢᠯᠡᠭᠦᠯᠦᠯᠲᠡ ᠶᠢᠨ ᠲᠡᠩᠴᠡᠪᠦᠷᠢ ᠶᠢ ᠠᠯᠳᠠᠭᠳᠠᠭᠤᠯᠵᠤ᠂ ᠢᠨᠹᠯᠢᠶᠠᠼ ᠢ ᠪᠤᠢ ᠪᠣᠯᠭᠠᠳᠠᠭ ᠰᠥᠷᠭᠦ ᠦᠷ᠎ᠡ ᠳᠠᠭᠠᠪᠤᠷᠢ ᠲᠠᠢ᠃ ᠡᠳ᠋ ᠍ ᠦᠨ ᠵᠠᠰᠠᠭ ᠤᠨ ᠤᠳᠬ᠎ᠠ ᠠᠭᠤᠯᠭ᠎ᠠ ᠶᠢᠨ ᠬᠤᠪᠢ ᠳᠤ ᠲᠥᠰᠥᠪ ᠦᠨ ᠣᠷᠣᠯᠭ᠎ᠠ ᠶᠢ ᠲᠠᠲᠠᠪᠤᠷᠢ ᠶᠢᠨ ᠪᠠ ᠲᠠᠲᠠᠪᠤᠷᠢ ᠶᠢᠨ ᠪᠤᠰᠤ ᠭᠡᠵᠦ ᠬᠣᠶᠠᠷ ᠠᠩᠭᠢᠯᠠᠨ᠎ᠠ᠃ - ᠲᠠᠲᠠᠪᠤᠷᠢ ᠶᠢᠨ ᠣᠷᠣᠯᠭ᠎ᠠ ᠨᠢ ᠲᠠᠲᠠᠪᠤᠷᠢ ᠶᠢᠨ ᠶᠡᠷᠦᠩᠬᠡᠢ ᠬᠠᠤᠯᠢ ᠪᠠᠷ ᠲᠣᠳᠣᠷᠬᠠᠶᠢᠯᠠᠭᠰᠠᠨ ᠠᠯᠪᠠᠨ ᠲᠠᠲᠠᠪᠤᠷᠢ᠂ ᠲᠥᠯᠥᠪᠦᠷᠢ᠂ ᠬᠤᠷᠢᠶᠠᠮᠵᠢ ᠠᠴᠠ ᠪᠥᠷᠢᠳᠦᠨ᠎ᠡ᠃ o ᠠᠯᠪᠠᠨ ᠲᠠᠲᠠᠪᠤᠷᠢ – ᠬᠠᠤᠯᠢ ᠲᠣᠭᠲᠠᠭᠠᠮᠵᠢ ᠶᠢᠨ ᠳᠠᠭᠠᠤ ᠬᠤᠪᠢ ᠬᠦᠮᠦᠨ ᠬᠠᠤᠯᠢ ᠶᠢᠨ ᠡᠲᠡᠭᠡᠳ ᠦᠨ ᠣᠷᠣᠯᠭ᠎ᠠ᠂ ᠡᠳ᠋ ᠬᠥᠷᠥᠩᠭᠡ᠂ ᠪᠠᠷᠠᠭ᠎ᠠ᠂ ᠠᠵᠢᠯ ᠦᠢᠯᠡᠴᠢᠯᠡᠭᠡᠨ ᠳᠦ ᠲᠣᠳᠣᠷᠬᠠᠢ ᠬᠤᠭᠤᠴᠠᠭᠠᠨ ᠳᠤ ᠲᠣᠭᠲᠠᠭᠠᠭᠰᠠᠨ ᠬᠤᠪᠢ᠂ ᠬᠡᠮᠵᠢᠶ᠎ᠡ ᠪᠡᠷ ᠨᠣᠭᠳᠠᠭᠤᠯᠵᠤ᠂ ᠬᠠᠷᠢᠭᠤ ᠲᠥᠯᠦᠪᠦᠷᠢ ᠦᠭᠡᠢ ᠪᠡᠷ ᠤᠯᠤᠰ᠂ ᠣᠷᠣᠨ ᠨᠤᠲᠤᠭ ᠤᠨ ᠲᠥᠰᠥᠪ ᠲᠦ ᠣᠷᠣᠭᠤᠯᠵᠤ ᠪᠠᠶᠢᠭ᠎ᠠ ᠮᠥᠩᠭᠥᠨ ᠬᠥᠷᠥᠩᠭᠡ ᠶᠢ ᠠᠯᠪᠠᠨ ᠲᠠᠲᠠᠪᠤᠷᠢ ᠭᠡᠨ᠎ᠡ᠃ o ᠬᠤᠷᠢᠶᠠᠮᠵᠢ – ᠲᠥᠷᠥ ᠶᠢᠨ ᠵᠣᠬᠢᠬᠤ ᠪᠠᠶᠢᠭᠤᠯᠤᠯᠭ᠎ᠠ ᠠᠴᠠ ᠬᠤᠪᠢ ᠬᠦᠮᠦᠨ᠂ ᠬᠠᠤᠯᠢ ᠶᠢᠨ ᠡᠲᠡᠭᠡᠳ ᠲᠦ ᠬᠠᠤᠯᠢ ᠲᠣᠭᠲᠠᠭᠠᠮᠵᠢ ᠶᠢᠨ ᠳᠠᠭᠠᠤ ᠦᠢᠯᠡᠴᠢᠯᠡᠭᠰᠡᠨ ᠦ ᠲᠥᠯᠥᠭᠡ ᠲᠡᠳᠡᠨ ᠡᠴᠡ ᠲᠤᠬᠠᠢ ᠪᠦᠷ ᠠᠪᠴᠤ ᠤᠯᠤᠰ᠂ ᠣᠷᠣᠨ ᠨᠤᠲᠤᠭ ᠤᠨ ᠲᠥᠰᠥᠪ ᠲᠦ ᠣᠷᠣᠭᠤᠯᠵᠤ ᠪᠠᠶᠢᠭ᠎ᠠ ᠮᠥᠩᠭᠥᠨ ᠬᠥᠷᠥᠩᠭᠡ ᠶᠢ ᠬᠤᠷᠢᠶᠠᠮᠵᠢ ᠭᠡᠨ᠎ᠡ᠃ o ᠲᠥᠯᠥᠪᠦᠷᠢ – ᠲᠥᠷᠥ ᠶᠢᠨ ᠥᠮᠴᠢ ᠶᠢᠨ ᠭᠠᠵᠠᠷ᠂ ᠲᠡᠭᠦᠨᠴᠢᠯᠡᠨ ᠭᠠᠵᠠᠷ ᠤᠨ ᠬᠡᠪᠡᠯᠢ᠂ ᠡᠷᠦᠳᠡᠰᠦ ᠪᠠᠶᠠᠯᠢᠭ᠂ ᠣᠢ ᠤᠷᠭᠤᠮᠠᠯ᠂ ᠷᠠᠰᠢᠶᠠᠨ᠂ ᠤᠰᠤᠨ ᠤ ᠨᠥᠭᠡᠴᠡ ᠠᠰᠢᠭᠯᠠᠭᠤᠯᠤᠭᠰᠠᠨ ᠤ᠂ ᠠᠭᠠᠷ᠂ ᠤᠰᠤ ᠬᠥᠷᠦᠰ ᠪᠣᠬᠢᠷᠳᠠᠭᠤᠯᠤᠭᠰᠠᠨ ᠤ᠂ ᠠᠨ ᠠᠮᠢᠲᠠᠨ ᠠᠩᠨᠠᠭᠤᠯᠤᠭᠰᠠᠨ ᠤ ᠲᠥᠯᠥᠭᠡ ᠬᠤᠪᠢ ᠬᠦᠮᠦᠨ᠂ ᠬᠠᠤᠯᠢ ᠶᠢᠨ ᠡᠲᠡᠭᠡᠳ ᠡᠴᠡ ᠠᠪᠴᠤ ᠤᠯᠤᠰ᠂ ᠣᠷᠣᠨ ᠨᠤᠲᠤᠭ ᠤᠨ ᠲᠥᠰᠥᠪ᠂ ᠲᠤᠰᠬᠠᠢ ᠵᠣᠷᠢᠭᠤᠯᠤᠯᠲᠠ ᠶᠢᠨ ᠰᠠᠩ ᠳᠤ ᠲᠥᠪᠯᠡᠷᠡᠭᠦᠯᠵᠦ ᠪᠠᠶᠢᠭ᠎ᠠ ᠮᠥᠩᠭᠥᠨ ᠬᠥᠷᠥᠩᠭᠡ ᠶᠢ ᠲᠥᠯᠥᠪᠦᠷᠢ ᠭᠡᠨ᠎ᠡ᠃ - ᠲᠠᠲᠠᠪᠤᠷᠢ ᠶᠢᠨ ᠪᠤᠰᠤ ᠣᠷᠣᠯᠭ᠎ᠠ ᠲᠥᠷᠥ ᠶᠢᠨ ᠪᠣᠯᠤᠨ ᠣᠷᠣᠨ ᠨᠤᠲᠤᠭ ᠤᠨ ᠥᠮᠴᠢ ᠶᠢᠨ ᠣᠷᠣᠯᠴᠠᠭ᠎ᠠ ᠲᠠᠢ ᠠᠵᠤ ᠠᠬᠤᠢ ᠶᠢᠨ ᠨᠢᠭᠡᠴᠡ ᠶᠢᠨ ᠲᠥᠷᠥ ᠶᠢᠨ ᠪᠣᠯᠤᠨ ᠣᠷᠣᠨ ᠨᠤᠲᠤᠭ ᠤᠨ ᠥᠮᠴᠢ ᠳᠦ ᠨᠣᠭᠳᠠᠬᠤ ᠬᠤᠪᠢᠴᠠᠭᠠᠨ ᠤ ᠨᠣᠭᠳᠠᠯ ᠠᠰᠢᠭ᠂ ᠲᠥᠷᠥ ᠶᠢᠨ ᠪᠣᠯᠤᠨ ᠣᠷᠣᠨ ᠨᠤᠲᠤᠭ ᠤᠨ ᠥᠮᠴᠢ ᠶᠢᠨ ᠡᠳ᠋ ᠬᠥᠷᠥᠩᠭᠡ ᠶᠢ ᠠᠰᠢᠭᠯᠠᠭᠰᠠᠨ ᠤ ᠲᠥᠯᠥᠪᠦᠷᠢ ᠪᠣᠯᠤᠨ ᠪᠣᠷᠣᠯᠠᠭᠤᠯᠤᠭᠰᠠᠨ ᠤ ᠣᠷᠣᠯᠭ᠎ᠠ᠂ ᠬᠡᠦ᠂ ᠲᠣᠷᠭᠠᠭᠤᠯᠢ ᠶᠢᠨ ᠣᠷᠣᠯᠭ᠎ᠠ ᠪᠣᠯᠤᠨ ᠬᠠᠤᠯᠢ ᠲᠣᠭᠲᠠᠭᠠᠮᠵᠢ ᠶᠢᠨ ᠳᠠᠭᠠᠤ ᠲᠥᠰᠥᠪ ᠲᠦ ᠤᠷᠤᠬᠤ ᠪᠤᠰᠤᠳ ᠣᠷᠣᠯᠭ᠎ᠠ ᠠᠴᠠ ᠪᠥᠷᠢᠳᠦᠨ᠎ᠡ᠃

ᠮᠣᠩᠭᠣᠯ ᠤᠯᠤᠰ ᠤᠨ ᠨᠢᠭᠡᠳᠦᠭᠰᠡᠨ ᠲᠥᠰᠥᠪ ᠦᠨ ᠲᠤᠬᠠᠢ ᠬᠠᠤᠯᠢ ᠳᠤ ᠲᠣᠳᠣᠷᠬᠠᠶᠢᠯᠠᠭᠰᠠᠨ᠎ᠠ ᠪᠠᠷ ᠤᠯᠤᠰ ᠤᠨ ᠪᠠ ᠣᠷᠣᠨ ᠨᠤᠲᠤᠭ ᠤᠨ ᠲᠥᠰᠥᠪ ᠨᠢ ᠳᠠᠷᠠᠭᠠᠬᠢ ᠣᠷᠣᠯᠭ᠎ᠠ ᠠᠴᠠ ᠪᠥᠷᠢᠳᠦᠨ᠎ᠡ᠃ ᠤᠯᠤᠰ ᠤᠨ ᠲᠥᠰᠥᠪ ᠦᠨ ᠣᠷᠣᠯᠭ᠎ᠠ:


1. ᠤᠯᠤᠰ ᠤᠨ ᠲᠥᠰᠥᠪ ᠦᠨ ᠲᠠᠲᠠᠪᠤᠷᠢ ᠶᠢᠨ ᠣᠷᠣᠯᠭ᠎ᠠ a. ᠠᠵᠤ ᠠᠬᠤᠢ ᠶᠢᠨ ᠨᠢᠭᠡᠴᠡ᠂ ᠪᠠᠶᠢᠭᠤᠯᠤᠯᠭ᠎ᠠ ᠶᠢᠨ ᠣᠷᠣᠯᠭ᠎ᠠ ᠶᠢᠨ ᠠᠯᠪᠠᠨ ᠲᠠᠲᠠᠪᠤᠷᠢ; b. ᠨᠡᠮᠡᠭᠳᠡᠭᠰᠡᠨ ᠥᠷᠲᠡᠭ ᠦᠨ ᠠᠯᠪᠠᠨ ᠲᠠᠲᠠᠪᠤᠷᠢ; c. ᠣᠨᠴᠠᠭᠠᠢ ᠠᠯᠪᠠᠨ ᠲᠠᠲᠠᠪᠤᠷᠢ; d. ᠭᠠᠶᠢᠯᠢ ᠶᠢᠨ ᠠᠯᠪᠠᠨ ᠲᠠᠲᠠᠪᠤᠷᠢ; e. ᠠᠦ᠋ᠲ᠋ᠣᠪᠧᠨ᠋ᠽᠢᠨ᠂ ᠳ᠋ᠢᠽᠧᠯ ᠦᠨ ᠲᠦᠯᠡᠰᠢᠨ ᠦ ᠠᠯᠪᠠᠨ ᠲᠠᠲᠠᠪᠤᠷᠢ; f. ᠠᠰᠢᠭᠲᠤ ᠮᠠᠯᠲᠠᠮᠠᠯ ᠤᠨ ᠨᠥᠭᠡᠴᠡ ᠠᠰᠢᠭᠯᠠᠭᠰᠠᠨ ᠤ ᠲᠥᠯᠥᠪᠦᠷᠢ ᠶᠢᠨ 70 ᠬᠤᠪᠢ; g. ᠠᠰᠢᠭᠲᠤ ᠮᠠᠯᠲᠠᠮᠠᠯ ᠤᠨ ᠬᠠᠶᠢᠭᠤᠯ ᠤᠨ ᠪᠣᠯᠤᠨ ᠠᠰᠢᠭᠲᠤ ᠮᠠᠯᠲᠠᠮᠠᠯ ᠠᠰᠢᠭᠯᠠᠬᠤ ᠲᠤᠰᠬᠠᠢ ᠵᠥᠪᠰᠢᠶᠡᠷᠡᠯ ᠦᠨ ᠲᠥᠯᠥᠪᠦᠷᠢ ᠶᠢᠨ 50 ᠬᠤᠪᠢ h. ᠵᠠᠷᠢᠮ ᠪᠦᠲᠦᠭᠡᠭᠳᠡᠬᠦᠨ ᠦ ᠦᠨ᠎ᠡ ᠶᠢᠨ ᠥᠰᠦᠯᠲᠡ ᠶᠢᠨ ᠠᠯᠪᠠᠨ ᠲᠠᠲᠠᠪᠤᠷᠢ᠃ 2. ᠤᠯᠤᠰ ᠤᠨ ᠲᠥᠰᠥᠪ ᠦᠨ ᠲᠠᠲᠠᠪᠤᠷᠢ ᠶᠢᠨ ᠪᠤᠰᠤ ᠣᠷᠣᠯᠭ᠎ᠠ a. ᠲᠥᠷᠥ ᠶᠢᠨ ᠥᠮᠴᠢ ᠶᠢᠨ ᠣᠷᠣᠯᠴᠠᠭ᠎ᠠ ᠲᠠᠢ ᠠᠵᠤ ᠠᠬᠤᠢ ᠶᠢᠨ ᠨᠢᠭᠡᠴᠡ᠂ ᠪᠠᠶᠢᠭᠤᠯᠤᠯᠭ᠎ᠠ ᠶᠢᠨ ᠲᠥᠷᠥ ᠶᠢᠨ ᠥᠮᠴᠢ ᠳᠦ ᠨᠣᠭᠳᠠᠬᠤ ᠬᠤᠪᠢᠴᠠᠭᠠᠨ ᠤ ᠨᠣᠭᠳᠠᠯ ᠠᠰᠢᠭ; b. ᠲᠥᠷᠥ ᠶᠢᠨ ᠥᠮᠴᠢ ᠶᠢᠨ ᠡᠳ᠋ ᠬᠥᠷᠥᠩᠭᠡ ᠶᠢ ᠠᠰᠢᠭᠯᠠᠭᠰᠠᠨ ᠤ ᠲᠥᠯᠥᠪᠦᠷᠢ ᠪᠣᠯᠤᠨ ᠪᠣᠷᠣᠯᠠᠭᠤᠯᠤᠭᠰᠠᠨ ᠤ ᠣᠷᠣᠯᠭ᠎ᠠ; c. ᠬᠠᠤᠯᠢ ᠲᠣᠭᠲᠠᠭᠠᠮᠵᠢ ᠶᠢᠨ ᠳᠠᠭᠠᠤ ᠤᠯᠤᠰ ᠤᠨ ᠲᠥᠰᠥᠪ ᠲᠦ ᠤᠷᠤᠬᠤ ᠪᠤᠰᠤᠳ ᠣᠷᠣᠯᠭ᠎ᠠ᠃ ᠣᠷᠣᠨ ᠨᠤᠲᠤᠭ ᠤᠨ ᠲᠥᠰᠥᠪ ᠦᠨ ᠣᠷᠣᠯᠭ᠎ᠠ 1. ᠠᠶᠢᠮᠠᠭ᠂ ᠨᠡᠶᠢᠰᠯᠡᠯ ᠦᠨ ᠲᠥᠰᠥᠪ ᠦᠨ ᠲᠠᠲᠠᠪᠤᠷᠢ ᠶᠢᠨ ᠣᠷᠣᠯᠭ᠎ᠠ ᠳᠠᠷᠠᠭᠠᠬᠢ ᠣᠷᠣᠯᠭ᠎ᠠ ᠠᠴᠠ ᠪᠥᠷᠢᠳᠦᠨ᠎ᠡ: a. ᠬᠣᠲᠠ ᠶᠢᠨ ᠠᠯᠪᠠᠨ ᠲᠠᠲᠠᠪᠤᠷᠢ; b. ᠠᠰᠢᠭᠲᠤ ᠮᠠᠯᠲᠠᠮᠠᠯ ᠤᠨ ᠨᠥᠭᠡᠴᠡ ᠠᠰᠢᠭᠯᠠᠭᠰᠠᠨ ᠤ ᠲᠥᠯᠥᠪᠦᠷᠢ ᠶᠢᠨ 20 ᠬᠤᠪᠢ; c. ᠭᠠᠵᠠᠷ ᠤᠨ ᠲᠥᠯᠥᠪᠦᠷᠢ; d. ᠦᠯᠦ ᠬᠥᠳᠡᠯᠬᠦ ᠡᠳ᠋ ᠬᠥᠷᠥᠩᠭᠡ ᠶᠢᠨ ᠠᠯᠪᠠᠨ ᠲᠠᠲᠠᠪᠤᠷᠢ; e. ᠠᠦ᠋ᠲ᠋ᠣ᠋ ᠲᠡᠭᠡᠭᠡᠪᠦᠷᠢ ᠶᠢᠨ ᠪᠣᠯᠤᠨ ᠥᠪᠡᠷ ᠢᠶᠡᠨ ᠶᠠᠪᠤᠭᠴᠢ ᠬᠡᠷᠡᠭᠰᠡᠯ ᠦᠨ ᠠᠯᠪᠠᠨ ᠲᠠᠲᠠᠪᠤᠷᠢ᠃ f. ᠠᠰᠢᠭᠲᠤ ᠮᠠᠯᠲᠠᠮᠠᠯ ᠤᠨ ᠬᠠᠶᠢᠭᠤᠯ ᠤᠨ ᠪᠣᠯᠤᠨ ᠠᠰᠢᠭᠯᠠᠯᠲᠠ ᠶᠢᠨ ᠲᠤᠰᠬᠠᠢ ᠵᠥᠪᠰᠢᠶᠡᠷᠡᠯ ᠦᠨ ᠲᠥᠯᠥᠪᠦᠷᠢ ᠶᠢᠨ 25 ᠬᠤᠪᠢ; g. ᠴᠠᠯᠢᠩ᠂ ᠬᠥᠳᠡᠯᠮᠦᠷᠢ ᠶᠢᠨ ᠬᠥᠯᠥᠰᠥ᠂ ᠱᠠᠩᠨᠠᠯ᠂ ᠤᠷᠮᠠᠰᠢᠭᠤᠯᠤᠯ ᠪᠣᠯᠤᠨ ᠲᠡᠳᠡᠭᠡᠷ ᠲᠡᠢ ᠠᠳᠠᠯᠢᠳᠬᠠᠬᠤ ᠬᠥᠳᠡᠯᠮᠦᠷᠢ ᠡᠷᠬᠢᠯᠡᠯᠲᠡ ᠶᠢᠨ ᠣᠷᠣᠯᠭ᠎ᠠ ᠳᠤ ᠨᠣᠭᠳᠠᠬᠤ ᠠᠯᠪᠠᠨ ᠲᠠᠲᠠᠪᠤᠷᠢ᠃ 2. ᠠᠶᠢᠮᠠᠭ᠂ ᠨᠡᠶᠢᠰᠯᠡᠯ ᠦᠨ ᠲᠥᠰᠥᠪ ᠦᠨ ᠲᠠᠲᠠᠪᠤᠷᠢ ᠶᠢᠨ ᠪᠤᠰᠤ ᠣᠷᠣᠯᠭ᠎ᠠ ᠳᠠᠷᠠᠭᠠᠬᠢ ᠣᠷᠣᠯᠭ᠎ᠠ ᠠᠴᠠ ᠪᠥᠷᠢᠳᠦᠨ᠎ᠡ: a. ᠣᠷᠣᠨ ᠨᠤᠲᠤᠭ ᠤᠨ ᠥᠮᠴᠢ ᠶᠢᠨ ᠣᠷᠣᠯᠴᠠᠭ᠎ᠠ ᠲᠠᠢ ᠠᠵᠤ ᠠᠬᠤᠢ ᠶᠢᠨ ᠨᠢᠭᠡᠴᠡ᠂ ᠪᠠᠶᠢᠭᠤᠯᠤᠯᠭ᠎ᠠ ᠶᠢᠨ ᠣᠷᠣᠨ ᠨᠤᠲᠤᠭ ᠤᠨ ᠥᠮᠴᠢ ᠳᠦ ᠨᠣᠭᠳᠠᠬᠤ ᠬᠤᠪᠢᠴᠠᠭᠠᠨ ᠤ ᠨᠣᠭᠳᠠᠯ ᠠᠰᠢᠭ; b. ᠣᠷᠣᠨ ᠨᠤᠲᠤᠭ ᠤᠨ ᠥᠮᠴᠢ ᠶᠢᠨ ᠡᠳ᠋ ᠬᠥᠷᠥᠩᠭᠡ ᠶᠢ ᠠᠰᠢᠭᠯᠠᠭᠰᠠᠨ ᠤ ᠲᠥᠯᠥᠪᠦᠷᠢ ᠪᠣᠯᠤᠨ ᠪᠣᠷᠣᠯᠠᠭᠤᠯᠤᠭᠰᠠᠨ ᠤ ᠣᠷᠣᠯᠭ᠎ᠠ᠂ ᠬᠡᠦ᠂ ᠲᠣᠷᠭᠠᠭᠤᠯᠢ ᠶᠢᠨ ᠣᠷᠣᠯᠭ᠎ᠠ; c. ᠤᠯᠤᠰ ᠤᠨ ᠲᠥᠰᠥᠪ ᠦᠨ ᠶᠡᠷᠦᠩᠬᠡᠶᠢᠯᠡᠨ ᠵᠠᠬᠢᠷᠤᠭᠴᠢ ᠶᠢᠨ ᠵᠠᠬᠢᠶᠠᠯᠠᠭ᠎ᠠ ᠳᠤ ᠪᠦᠲᠦᠭᠡᠭᠳᠡᠬᠦᠨ ᠦ ᠰᠠᠩᠬᠦᠵᠢᠯᠲᠡ; d. ᠬᠠᠤᠯᠢ ᠲᠣᠭᠲᠠᠭᠠᠮᠵᠢ ᠶᠢᠨ ᠳᠠᠭᠠᠤ ᠠᠶᠢᠮᠠᠭ᠂ ᠨᠡᠶᠢᠰᠯᠡᠯ ᠦᠨ ᠲᠥᠰᠥᠪ ᠲᠦ ᠤᠷᠤᠬᠤ ᠪᠤᠰᠤᠳ ᠣᠷᠣᠯᠭ᠎ᠠ᠃ 3. ᠰᠤᠮᠤ᠂ ᠳᠡᠭᠦᠷᠭᠡ ᠶᠢᠨᠲᠥᠰᠥᠪ ᠦᠨ ᠲᠠᠲᠠᠪᠤᠷᠢ ᠶᠢᠨ ᠣᠷᠣᠯᠭ᠎ᠠ ᠳᠠᠷᠠᠭᠠᠬᠢ ᠣᠷᠣᠯᠭ᠎ᠠ ᠠᠴᠠ ᠪᠥᠷᠢᠳᠦᠨ᠎ᠡ: a. ᠬᠤᠪᠢ ᠬᠦᠮᠦᠨ ᠦ ᠣᠷᠣᠯᠭ᠎ᠠ ᠶᠢᠨ ᠠᠯᠪᠠᠨ ᠲᠠᠲᠠᠪᠤᠷᠢ ᠶᠢᠨ ᠲᠤᠬᠠᠢ ᠬᠠᠤᠯᠢ ᠶᠢᠨ 8.1.1 ᠍ ᠳᠦ ᠵᠢᠭᠠᠭᠰᠠᠨ ᠣᠷᠣᠯᠭ᠎ᠠ ᠳᠤ ᠨᠣᠭᠳᠠᠬᠤ ᠠᠯᠪᠠᠨ ᠲᠠᠲᠠᠪᠤᠷᠢ ᠠᠴᠠ ᠪᠤᠰᠤᠳ ᠬᠤᠪᠢ ᠬᠦᠮᠦᠨ ᠦ ᠣᠷᠣᠯᠭ᠎ᠠ ᠶᠢᠨ ᠠᠯᠪᠠᠨ ᠲᠠᠲᠠᠪᠤᠷᠢ; b. ᠪᠤᠤᠨ ᠤ ᠠᠯᠪᠠᠨ ᠲᠠᠲᠠᠪᠤᠷᠢ; c. ᠤᠯᠤᠰ ᠤᠨ ᠲᠡᠮᠳᠡᠭᠲᠦ ᠶᠢᠨ ᠬᠤᠷᠢᠶᠠᠮᠵᠢ; d. ᠠᠩᠨᠠᠭᠤᠷ ᠤᠨ ᠨᠥᠭᠡᠴᠡ ᠠᠰᠢᠭᠯᠠᠭᠰᠠᠨ ᠤ ᠲᠥᠯᠥᠪᠦᠷᠢ᠂ ᠠᠨ ᠠᠮᠢᠲᠠᠨ ᠠᠩᠨᠠᠬᠤ᠂ ᠪᠠᠷᠢᠬᠤ ᠵᠥᠪᠰᠢᠶᠡᠷᠡᠯ ᠦᠨ ᠬᠤᠷᠢᠶᠠᠮᠵᠢ; e. ᠪᠠᠶᠢᠭᠠᠯᠢ ᠶᠢᠨ ᠪᠠᠶᠠᠯᠢᠭ ᠠᠰᠢᠭᠯᠠᠬᠤ ᠳᠤ ᠣᠯᠭᠣᠬᠤ ᠵᠥᠪᠰᠢᠶᠡᠷᠡᠯ ᠦᠨ ᠬᠤᠷᠢᠶᠠᠮᠵᠢ; f. ᠪᠠᠶᠢᠭᠠᠯᠢ ᠶᠢᠨ ᠤᠷᠭᠤᠮᠠᠯ ᠠᠰᠢᠭᠯᠠᠭᠰᠠᠨ ᠤ ᠲᠥᠯᠥᠪᠦᠷᠢ; g. ᠣᠢ ᠠᠴᠠ ᠬᠡᠷᠡᠭᠯᠡᠭᠡᠨ ᠦ ᠮᠣᠳᠣ᠂ ᠲᠦᠯᠡᠭᠡ ᠪᠡᠯᠡᠳᠬᠡᠵᠦ ᠠᠰᠢᠭᠯᠠᠭᠰᠠᠨ ᠤ ᠲᠥᠯᠥᠪᠦᠷᠢ; h. ᠲᠦᠭᠡᠮᠡᠯ ᠲᠠᠷᠬᠠᠴᠠ ᠲᠠᠢ ᠠᠰᠢᠭᠲᠤ ᠮᠠᠯᠲᠠᠮᠠᠯ ᠠᠰᠢᠭᠯᠠᠭᠰᠠᠨ ᠤ ᠲᠥᠯᠥᠪᠦᠷᠢ; i. ᠤᠰᠤ᠂ ᠷᠠᠰᠢᠶᠠᠨ ᠠᠰᠢᠭᠯᠠᠭᠰᠠᠨ ᠤ ᠲᠥᠯᠥᠪᠦᠷᠢ; j. ᠣᠷᠣᠯᠭ᠎ᠠ ᠶᠢ ᠨᠢ ᠲᠤᠬᠠᠢ ᠪᠦᠷ ᠲᠣᠳᠣᠷᠬᠠᠶᠢᠯᠠᠬᠤ ᠪᠣᠯᠤᠮᠵᠢ ᠦᠭᠡᠢ ᠠᠵᠢᠯ ᠦᠢᠯᠡᠴᠢᠯᠡᠭᠡ ᠬᠤᠪᠢᠶᠠᠷᠢ ᠪᠠᠨ ᠡᠷᠬᠢᠯᠡᠭᠴᠢ ᠢᠷᠭᠡᠨ ᠦ ᠣᠷᠣᠯᠭ᠎ᠠ ᠶᠢᠨ ᠠᠯᠪᠠᠨ ᠲᠠᠲᠠᠪᠤᠷᠢ᠃ k. ᠠᠰᠢᠭᠲᠤ ᠮᠠᠯᠲᠠᠮᠠᠯ ᠤᠨ ᠬᠠᠶᠢᠭᠤᠯ ᠤᠨ ᠪᠣᠯᠤᠨ ᠠᠰᠢᠭᠯᠠᠯᠲᠠ ᠶᠢᠨ ᠲᠤᠰᠬᠠᠢ ᠵᠥᠪᠰᠢᠶᠡᠷᠡᠯ ᠦᠨ ᠲᠥᠯᠥᠪᠦᠷᠢ ᠶᠢᠨ 25 ᠬᠤᠪᠢ; l. ᠠᠰᠢᠭᠲᠤ ᠮᠠᠯᠲᠠᠮᠠᠯ ᠤᠨ ᠨᠥᠭᠡᠴᠡ ᠠᠰᠢᠭᠯᠠᠭᠰᠠᠨ ᠤ ᠲᠥᠯᠥᠪᠦᠷᠢ ᠶᠢᠨ 10 ᠬᠤᠪᠢ᠃ 4. ᠰᠤᠮᠤ᠂ ᠳᠡᠭᠦᠷᠭᠡ ᠶᠢᠨ ᠲᠥᠰᠥᠪ ᠦᠨ ᠲᠠᠲᠠᠪᠤᠷᠢ ᠶᠢᠨ ᠪᠤᠰᠤ ᠣᠷᠣᠯᠭ᠎ᠠ ᠳᠠᠷᠠᠭᠠᠬᠢ ᠣᠷᠣᠯᠭ᠎ᠠ ᠠᠴᠠ ᠪᠥᠷᠢᠳᠦᠨ᠎ᠡ: a. ᠣᠷᠣᠨ ᠨᠤᠲᠤᠭ ᠤᠨ ᠥᠮᠴᠢ ᠶᠢᠨ ᠣᠷᠣᠯᠴᠠᠭ᠎ᠠ ᠲᠠᠢ ᠠᠵᠤ ᠠᠬᠤᠢ ᠶᠢᠨ ᠨᠢᠭᠡᠴᠡ᠂ ᠪᠠᠶᠢᠭᠤᠯᠤᠯᠭ᠎ᠠ ᠶᠢᠨ ᠣᠷᠣᠨ ᠨᠤᠲᠤᠭ ᠤᠨ ᠥᠮᠴᠢ ᠳᠦ ᠨᠣᠭᠳᠠᠬᠤ ᠬᠤᠪᠢᠴᠠᠭᠠᠨ ᠤ ᠨᠣᠭᠳᠠᠯ ᠠᠰᠢᠭ; b. ᠣᠷᠣᠨ ᠨᠤᠲᠤᠭ ᠤᠨ ᠥᠮᠴᠢ ᠶᠢᠨ ᠡᠳ᠋ ᠬᠥᠷᠥᠩᠭᠡ ᠶᠢ ᠠᠰᠢᠭᠯᠠᠭᠰᠠᠨ ᠤ ᠲᠥᠯᠥᠪᠦᠷᠢ ᠪᠣᠯᠤᠨ ᠪᠣᠷᠣᠯᠠᠭᠤᠯᠤᠭᠰᠠᠨ ᠤ ᠣᠷᠣᠯᠭ᠎ᠠ᠂ ᠬᠡᠦ᠂ ᠲᠣᠷᠭᠠᠭᠤᠯᠢ ᠶᠢᠨ ᠣᠷᠣᠯᠭ᠎ᠠ; c. ᠬᠠᠤᠯᠢ ᠲᠣᠭᠲᠠᠭᠠᠮᠵᠢ ᠶᠢᠨ ᠳᠠᠭᠠᠤ ᠰᠤᠮᠤ᠂ ᠳᠡᠭᠦᠷᠭᠡ ᠶᠢᠨ ᠲᠥᠰᠥᠪ ᠲᠦ ᠤᠷᠤᠬᠤ ᠪᠤᠰᠤᠳ ᠣᠷᠣᠯᠭ᠎ᠠ᠃

ᠶᠡᠬᠡᠩᠬᠢ ᠣᠷᠣᠨ ᠳᠤ ᠲᠥᠰᠥᠪ ᠦᠨ ᠲᠤᠬᠠᠢ ᠬᠠᠤᠯᠢ ᠠᠴᠠ ᠭᠠᠳᠠᠨ᠎ᠠ ᠲᠠᠲᠠᠪᠤᠷᠢ ᠶᠢᠨ ᠶᠡᠷᠦᠩᠬᠡᠢ ᠬᠠᠤᠯᠢ᠂ ᠲᠠᠲᠠᠪᠤᠷᠢ ᠶᠢᠨ ᠪᠠᠭᠴᠠ ᠬᠠᠤᠯᠢ ᠨᠤᠭᠤᠳ ᠦᠢᠯᠡᠴᠢᠯᠡᠵᠦ ᠲᠥᠰᠥᠪ ᠦᠨ ᠣᠷᠣᠯᠭ᠎ᠠ ᠶᠢ ᠪᠦᠷᠢᠳᠦᠭᠦᠯᠬᠦ ᠡᠷᠬᠡᠵᠦᠢ ᠶᠢᠨ ᠦᠨᠳᠦᠰᠦ ᠪᠣᠯᠵᠤ ᠪᠠᠶᠢᠳᠠᠭ ᠪᠢᠯᠡ᠃ ᠲᠠᠲᠠᠪᠤᠷᠢ ᠶᠢ ᠰᠢᠭᠤᠳ ᠪᠠ ᠰᠢᠭᠤᠳ ᠪᠤᠰᠤ ᠭᠡᠵᠦ ᠠᠩᠭᠢᠯᠠᠳᠠᠭ᠃ - ᠲᠠᠲᠠᠪᠤᠷᠢ ᠲᠥᠯᠥᠭᠴᠢ ᠠᠵᠤ ᠠᠬᠤᠢ ᠶᠢᠨ ᠨᠢᠭᠡᠴᠡ᠂ ᠪᠠᠶᠢᠭᠤᠯᠤᠯᠭ᠎ᠠ ᠪᠣᠯᠤᠨ ᠢᠷᠭᠡᠨ ᠦ ᠣᠷᠣᠯᠭ᠎ᠠ᠂ ᠠᠰᠢᠭ ᠤᠨ ᠬᠡᠮᠵᠢᠶ᠎ᠡ᠂ ᠡᠵᠡᠮᠰᠢᠵᠦ ᠪᠤᠢ ᠬᠥᠷᠥᠩᠭᠡ ᠶᠢᠨ ᠦᠨ᠎ᠡ ᠶᠢᠨ ᠳᠦᠩᠭᠡ ᠡᠴᠡ ᠰᠢᠭᠤᠳ ᠬᠠᠮᠢᠶᠠᠷᠤᠯᠲᠠᠢ ᠪᠠᠷ ᠨᠣᠭᠳᠠᠭᠤᠯᠵᠤ ᠪᠠᠶᠢᠭ᠎ᠠ ᠲᠠᠲᠠᠪᠤᠷᠢ ᠶᠢ ᠰᠢᠭᠤᠳ ᠲᠠᠲᠠᠪᠤᠷᠢ ᠭᠡᠨ᠎ᠡ᠃ - ᠠᠵᠤ ᠠᠬᠤᠢ ᠶᠢᠨ ᠨᠢᠭᠡᠴᠡ᠂ ᠪᠠᠶᠢᠭᠤᠯᠤᠯᠭ᠎ᠠ᠂ ᠢᠷᠭᠡᠨ᠂ ᠦᠢᠯᠡᠳᠪᠦᠷᠢᠯᠡᠭᠴᠢ ᠶᠢᠨ ᠦᠢᠯᠡ ᠠᠵᠢᠯᠯᠠᠭᠠᠨ ᠤ ᠦᠷ᠎ᠡ ᠳ᠋ᠦᠩ ᠡᠴᠡ ᠦᠯᠦ ᠬᠠᠮᠢᠶᠠᠷᠬᠤ᠂ ᠲᠣᠳᠣᠷᠬᠠᠢ ᠪᠠᠷᠠᠭ᠎ᠠ᠂ ᠦᠢᠯᠡᠴᠢᠯᠡᠭᠡᠨ ᠦ ᠨᠡᠷ᠎ᠡ ᠲᠥᠷᠥᠯ ᠳᠦ ᠭᠣᠣᠯᠴᠢᠯᠠᠨ ᠲᠣᠭᠲᠠᠭᠠᠵᠤ ᠪᠠᠶᠢᠭ᠎ᠠ ᠲᠠᠲᠠᠪᠤᠷᠢ ᠶᠢ ᠰᠢᠭᠤᠳ ᠪᠤᠰᠤ ᠲᠠᠲᠠᠪᠤᠷᠢ ᠭᠡᠵᠦ ᠨᠡᠷᠡᠯᠡᠨ᠎ᠡ᠃ /ᠨᠡᠮᠡᠭᠳᠡᠭᠰᠡᠨ ᠥᠷᠲᠡᠭ ᠦᠨ ᠠᠯᠪᠠᠨ ᠲᠠᠲᠠᠪᠤᠷᠢ/ ᠲᠥᠰᠥᠪ ᠦᠨ ᠣᠷᠣᠯᠭ᠎ᠠ ᠶᠢ ᠳᠠᠷᠠᠭᠠᠬᠢ ᠪᠠᠶᠢᠳᠠᠯ ᠢᠶᠠᠷ ᠠᠩᠭᠢᠯᠠᠨ᠎ᠠ᠃ 1. ᠲᠠᠲᠠᠪᠤᠷᠢ ᠶᠢᠨ ᠨᠡᠷ᠎ᠡ ᠲᠥᠷᠥᠯ ᠢᠶᠡᠷ 2. ᠲᠥᠰᠥᠪ ᠦᠨ ᠣᠷᠣᠯᠭ᠎ᠠ ᠶᠢᠨ ᠨᠡᠷ᠎ᠡ ᠲᠥᠷᠥᠯ ᠢᠶᠡᠷ 3. ᠲᠥᠰᠥᠪ ᠦᠨ ᠣᠷᠣᠯᠭ᠎ᠠ ᠶᠢ ᠲᠥᠪᠯᠡᠷᠡᠭᠦᠯᠦᠭᠴᠢ ᠪᠠᠶᠢᠭᠤᠯᠤᠯᠭ᠎ᠠ ᠪᠠᠷ

3. ᠲᠥᠰᠥᠪ ᠦᠨ ᠵᠠᠷᠤᠯᠭ᠎ᠠ ᠶᠢᠨ ᠮᠥᠨ ᠴᠢᠨᠠᠷ᠂ ᠲᠡᠭᠦᠨ ᠦ ᠭᠦᠢᠴᠡᠳᠭᠡᠬᠦ ᠡᠭᠦᠷᠭᠡ ᠤᠯᠤᠰ ᠤᠨ ᠵᠠᠷᠤᠳᠠᠯ ᠤᠨ ᠴᠢᠬᠤᠯᠠ ᠪᠦᠷᠢᠯᠳᠦᠬᠦᠨ ᠬᠡᠰᠡᠭ ᠨᠢ ᠲᠥᠰᠥᠪ ᠦᠨ ᠵᠠᠷᠤᠯᠭ᠎ᠠ ᠮәᠨ᠃ ᠲᠥᠷᠥ ᠡᠴᠡ ᠥᠪᠡᠷ ᠦᠨ ᠡᠭᠦᠷᠭᠡ ᠶᠢ ᠭᠦᠢᠴᠡᠳᠭᠡᠬᠦ ᠵᠣᠷᠢᠯᠭ᠎ᠠ ᠪᠠᠷ ᠲᠥᠰᠥᠪ ᠲᠦ ᠲᠥᠪᠯᠡᠷᠡᠭᠦᠯᠦᠭᠰᠡᠨ ᠬᠥᠷᠥᠩᠭᠡ ᠶᠢ ᠵᠠᠷᠤᠴᠠᠭᠤᠯᠬᠤ ᠲᠠᠢ ᠬᠣᠯᠪᠣᠭᠳᠠᠨ ᠡᠭᠦᠰᠴᠢ ᠪᠠᠶᠢᠭ᠎ᠠ ᠡᠳ᠋ ᠍ ᠦᠨ ᠵᠠᠰᠠᠭ ᠤᠨ ᠬᠠᠷᠢᠯᠴᠠᠭᠠᠨ ᠤ ᠢᠯᠡᠷᠡᠯ ᠨᠢ ᠲᠥᠰᠥᠪ ᠦᠨ ᠵᠠᠷᠤᠯᠭ᠎ᠠ᠂ ᠰᠠᠩᠬᠦᠵᠢᠯᠲᠡ ᠶᠤᠮ᠃ ᠲᠥᠷᠥ ᠶᠢᠨ ᠴᠢᠭᠢ ᠡᠭᠦᠷᠭᠡ ᠶᠢ ᠬᠡᠷᠡᠭᠵᠢᠭᠦᠯᠬᠦ ᠶᠢᠨ ᠲᠤᠯᠠᠳᠠ ᠪᠠᠲᠤᠯᠠᠭᠳᠠᠭᠰᠠᠨ ᠲᠥᠰᠥᠪ ᠡᠴᠡ ᠲᠥᠰᠥᠪ ᠦᠨ ᠵᠠᠬᠢᠷᠤᠭᠴᠢ ᠶᠢᠨ ᠦᠢᠯᠡ ᠠᠵᠢᠯᠯᠠᠭ᠎ᠠ᠂ ᠲᠡᠭᠦᠨ ᠦ ᠦᠷ᠎ᠡ ᠳ᠋ᠦᠩ ᠢ ᠰᠠᠩᠬᠦᠵᠢᠭᠦᠯᠬᠦ ᠪᠡᠷ ᠬᠤᠪᠢᠶᠠᠷᠢᠯᠠᠵᠤ᠂ ᠵᠠᠷᠤᠴᠠᠭᠤᠯᠵᠤ ᠪᠤᠢ ᠲᠥᠰᠥᠪ ᠦᠨ ᠬᠥᠷᠥᠩᠭᠡ ᠶᠢ ᠲᠥᠰᠥᠪ ᠦᠨ ᠵᠠᠷᠤᠯᠭ᠎ᠠ ᠭᠡᠨ᠎ᠡ᠃ ᠨᠡᠶᠢᠭᠡᠮ ᠤᠨ ᠦᠢᠯᠡᠳᠪᠦᠷᠢᠯᠡᠯ ᠦᠨ ᠶᠠᠪᠤᠴᠠ ᠳᠤ ᠨᠦᠯᠦᠭᠡᠯᠡᠬᠦ ᠲᠠᠯ᠎ᠠ ᠠᠴᠠ ᠨᠢ ᠲᠥᠰᠥᠪ ᠦᠨ ᠵᠠᠷᠤᠯᠭ᠎ᠠ ᠶᠢ ᠤᠷᠤᠰᠬᠠᠯ ᠪᠣᠯᠤᠨ ᠬᠥᠷᠥᠩᠭᠡ ᠶᠢᠨ ᠵᠠᠷᠤᠳᠠᠯ ᠭᠡᠵᠦ ᠠᠩᠭᠢᠯᠠᠨ᠎ᠠ᠃ - ᠴᠠᠯᠢᠩ ᠬᠥᠯᠥᠰᠥ᠂ ᠨᠡᠶᠢᠭᠡᠮ ᠤᠨ ᠳᠠᠭᠠᠳᠬᠠᠯ ᠤᠨ ᠰᠢᠮᠡᠳᠭᠡᠯ ᠭᠡᠬᠦ ᠵᠡᠷᠭᠡ ᠪᠠᠷᠠᠭ᠎ᠠ ᠦᠢᠯᠡᠴᠢᠯᠡᠭᠡᠨ ᠦ ᠵᠠᠷᠤᠳᠠᠯ ᠤᠳ᠂ ᠵᠡᠭᠡᠯᠢ ᠶᠢᠨ ᠦᠢᠯᠡᠴᠢᠯᠡᠭᠡᠨ ᠦ ᠲᠥᠯᠥᠪᠦᠷᠢ᠂ ᠲᠠᠲᠠᠭᠠᠰᠤ ᠪᠠ ᠰᠢᠯᠵᠢᠭᠦᠯᠭᠡ ᠨᠢ ᠤᠷᠤᠰᠬᠠᠯ ᠵᠠᠷᠤᠳᠠᠯ ᠳᠤ ᠣᠷᠣᠨ᠎ᠠ᠃ - ᠬᠥᠷᠥᠩᠭᠡ ᠣᠷᠣᠭᠤᠯᠤᠯᠲᠠ ᠶᠢᠨ ᠰᠢᠨᠵᠢ ᠴᠢᠨᠠᠷ ᠲᠠᠢ ᠪᠤᠶᠤ ᠦᠢᠯᠡᠳᠪᠦᠷᠢᠯᠡᠯ ᠢ ᠥᠷᠭᠡᠳᠬᠡᠬᠦ ᠳᠦ ᠴᠢᠭᠯᠡᠭᠰᠡᠨ ᠠᠷᠭ᠎ᠠ ᠬᠡᠮᠵᠢᠶᠡᠨ ᠳᠦ ᠲᠥᠰᠥᠪ ᠡᠴᠡ ᠵᠠᠷᠤᠴᠠᠭᠤᠯᠬᠤ ᠬᠥᠷᠥᠩᠭᠡ ᠨᠢ ᠬᠥᠷᠥᠩᠭᠡ ᠶᠢᠨ ᠵᠠᠷᠤᠳᠠᠯ ᠳᠤ ᠬᠠᠮᠢᠶᠠᠷᠤᠨ᠎ᠠ᠃ ᠬᠥᠷᠥᠩᠭᠡ ᠶᠢᠨ ᠵᠠᠷᠤᠳᠠᠯ ᠢ ᠳᠣᠲᠣᠭᠠᠳᠤ ᠪᠣᠯᠤᠨ ᠭᠠᠳᠠᠭᠠᠳᠤ ᠡᠬᠡ ᠡᠭᠦᠰᠪᠦᠷᠢ ᠪᠡᠷ ᠭᠡᠵᠦ ᠠᠩᠭᠢᠯᠠᠳᠠᠭ᠃ ᠮᠣᠩᠭᠣᠯ ᠤᠯᠤᠰ ᠤᠨ ᠨᠢᠭᠡᠳᠦᠭᠰᠡᠨ ᠲᠥᠰᠥᠪ ᠦᠨ ᠲᠤᠬᠠᠢ ᠬᠠᠤᠯᠢ ᠳᠤ ᠲᠥᠰᠥᠪ ᠦᠨ ᠵᠠᠷᠤᠯᠭ᠎ᠠ ᠶᠢ ᠳᠠᠷᠠᠭᠠᠬᠢ ᠪᠠᠶᠢᠳᠠᠯ ᠢᠶᠠᠷ ᠠᠩᠭᠢᠯᠠᠳᠠᠭ᠃ ᠡᠭᠦᠨ ᠳᠦ: - ᠡᠳ᠋ ᠍ ᠦᠨ ᠵᠠᠰᠠᠭ ᠤᠨ ᠠᠩᠬᠢᠯᠠᠯ ᠢᠶᠠᠷ ᠬᠤᠪᠢᠶᠠᠷᠢᠯᠠᠭᠰᠠᠨ ᠲᠥᠰᠥᠪ - ᠪᠦᠲᠦᠭᠡᠭᠳᠡᠬᠦᠨ ᠦ ᠠᠩᠭᠢ ᠪᠠᠷ ᠬᠤᠪᠢᠶᠠᠷᠢᠯᠠᠭᠰᠠᠨ ᠲᠥᠰᠥᠪ - ᠲᠥᠰᠥᠪ ᠦᠨ ᠶᠡᠷᠦᠩᠬᠡᠶᠢᠯᠡᠨ ᠵᠠᠬᠢᠷᠤᠭᠴᠢ ᠶᠢᠨ ᠲᠥᠰᠥᠪ - ᠲᠥᠰᠥᠪ ᠦᠨ ᠶᠡᠷᠦᠩᠬᠡᠶᠢᠯᠡᠨ ᠵᠠᠬᠢᠷᠤᠭᠴᠢ ᠳᠤ ᠬᠠᠤᠯᠢ ᠪᠠᠷ ᠬᠠᠷᠢᠶᠠᠯᠠᠭᠤᠯᠤᠭᠰᠠᠨ ᠪᠠᠶᠢᠭᠤᠯᠤᠯᠭ᠎ᠠ ᠶᠢᠨ ᠲᠥᠰᠥᠪ

ᠲᠥᠰᠥᠪ ᠦᠨ ᠵᠠᠷᠤᠯᠭ᠎ᠠ ᠶᠢᠨ ᠬᠠᠤᠯᠢ ᠶᠢᠨ ᠠᠩᠬᠢᠯᠠᠯ ᠵᠠᠬ᠎ᠠ ᠵᠡᠭᠡᠯᠢ ᠶᠢᠨ ᠨᠥᠬᠥᠴᠡᠯ ᠳᠦ ᠬᠢ ᠲᠥᠰᠥᠪ ᠦᠨ ᠵᠠᠷᠤᠯᠭ᠎ᠠ ᠶᠢᠨ ᠨᠢᠭᠡ ᠣᠨᠴᠠᠯᠢᠭ ᠨᠢ ᠲᠡᠭᠦᠨ ᠦ ᠰᠢᠩ ᠮᠢ ᠶᠢᠨ ᠬᠠᠮᠠᠭᠠᠯᠠᠯ ᠤᠨ ᠡᠭᠦᠷᠭᠡ ᠶᠤᠮ᠃ ᠲᠥᠰᠥᠪ ᠦᠨ ᠵᠠᠷᠤᠳᠠᠯ ᠢ ᠮᠥᠨ ᠨᠤᠲᠤᠭ ᠳᠡᠪᠢᠰᠬᠡᠷ ᠦᠨ ᠰᠢᠨᠵᠢ ᠴᠢᠨᠠᠷ ᠢᠶᠠᠷ ᠤᠯᠤᠰ ᠤᠨ᠂ ᠠᠶᠢᠮᠠᠭ᠂ ᠬᠣᠲᠠ ᠶᠢᠨ᠂ ᠰᠤᠮᠤ᠂ ᠳᠡᠭᠦᠷᠭᠡ ᠶᠢᠨ ᠲᠥᠰᠥᠪ ᠦᠨ ᠵᠠᠷᠤᠯᠭ᠎ᠠ ᠰᠠᠩᠬᠦᠵᠢᠯᠲᠡ ᠭᠡᠵᠦ ᠠᠩᠭᠢᠯᠠᠵᠤ ᠪᠣᠯᠤᠨ᠎ᠠ᠃ ᠲᠥᠰᠥᠪ ᠦᠨ ᠵᠠᠷᠤᠯᠭ᠎ᠠ ᠶᠢᠨ ᠵᠠᠷᠤᠴᠠᠭᠤᠯᠤᠯᠲᠠ ᠨᠢ ᠲᠥᠰᠥᠪ ᠦᠨ ᠰᠠᠩᠬᠦᠵᠢᠯᠲᠡ ᠪᠡᠷ ᠳᠠᠮᠵᠢᠨ ᠬᠡᠷᠡᠭᠵᠢᠨ᠎ᠡ᠃ ᠲᠥᠰᠥᠪ ᠲᠦ ᠲᠤᠰᠬᠠᠭᠳᠠᠭᠰᠠᠨ ᠠᠷᠭ᠎ᠠ ᠬᠡᠮᠵᠢᠶᠡᠨ ᠳᠦ ᠵᠣᠷᠢᠭᠤᠯᠤᠨ ᠲᠥᠰᠥᠪ ᠦᠨ ᠵᠠᠷᠤᠳᠠᠯ ᠢ ᠬᠣᠯᠪᠣᠭᠳᠠᠬᠤ ᠪᠠᠶᠢᠭᠤᠯᠤᠯᠭ᠎ᠠ ᠳᠤ ᠣᠯᠭᠣᠬᠤ ᠰᠢᠰᠲ᠋ᠧᠮ ᠢ ᠲᠥᠰᠥᠪ ᠦᠨ ᠰᠠᠩᠬᠦᠵᠢᠯᠲᠡ ᠭᠡᠨ᠎ᠡ᠃ ᠲᠥᠰᠥᠪ ᠦᠨ ᠰᠠᠩᠬᠦᠵᠢᠯᠲᠡ ᠨᠢ ᠳᠠᠷᠠᠭᠠᠬᠢ ᠵᠠᠷᠴᠢᠮ ᠢ ᠬᠠᠩᠭᠠᠵᠤ ᠬᠢᠭᠳᠡᠭᠰᠡᠨ ᠪᠠᠶᠢᠬᠤ ᠶᠣᠰᠣᠲᠠᠢ᠃ ᠡᠭᠦᠨ ᠳᠦ: - ᠪᠠᠭ᠎ᠠ ᠵᠠᠷᠤᠳᠠᠯ ᠢᠶᠠᠷ ᠢᠯᠡᠭᠦᠦ ᠦᠷ᠎ᠡ ᠳ᠋ᠦᠩ ᠳᠦ ᠬᠦᠷᠬᠦ - ᠵᠣᠷᠢᠭᠤᠯᠤᠯᠲᠠ ᠶᠢᠨ ᠳᠠᠭᠠᠤ ᠲᠥᠰᠥᠪ ᠦᠨ ᠬᠥᠷᠥᠩᠭᠡ ᠶᠢᠵᠠᠷᠤᠴᠠᠭᠤᠯᠬᠤ - ᠲᠥᠰᠥᠪ ᠲᠦ ᠬᠥᠷᠥᠩᠭᠡ ᠶᠢᠨ ᠵᠠᠷᠤᠳᠠᠯ ᠢ ᠭᠦᠢᠴᠡᠳᠬᠡᠯ ᠢᠶᠡᠷ ᠨᠢ ᠰᠠᠩᠬᠦᠵᠢᠭᠦᠯᠬᠦ᠃ - ᠲᠥᠰᠥᠪ ᠦᠨ ᠰᠠᠩᠬᠦᠵᠢᠯᠲᠡ ᠶᠢ ᠪᠤᠴᠠᠯᠲᠠ ᠦᠭᠡᠢ ᠣᠯᠭᠣᠬᠤ᠃ - ᠲᠥᠰᠥᠪ ᠦᠨ ᠵᠠᠷᠢᠮ ᠰᠠᠩᠬᠦᠵᠢᠯᠲᠡ ᠦᠨ᠎ᠡ ᠲᠥᠯᠥᠪᠦᠷᠢ ᠲᠡᠢ ᠪᠠᠶᠢᠬᠤ᠃

ᠲᠥᠷᠥ ᠶᠢᠨ ᠭᠦᠢᠴᠡᠳᠭᠡᠬᠦ ᠡᠭᠦᠷᠭᠡ ᠬᠡᠳᠦᠢ ᠴᠢᠨᠡᠭᠡᠨ ᠶᠡᠬᠡ ᠪᠠᠶᠢᠬᠤ ᠲᠤᠰᠤᠮ ᠲᠥᠰᠥᠪ ᠦᠨ ᠵᠠᠷᠤᠯᠭ᠎ᠠ ᠨᠡᠮᠡᠭᠳᠡᠬᠦ ᠬᠠᠨᠳᠤᠯᠭ᠎ᠠ ᠲᠠᠢ ᠪᠠᠶᠢᠳᠠᠭ᠃ ᠲᠥᠰᠥᠪ ᠦᠨ ᠵᠠᠷᠤᠯᠭ᠎ᠠ ᠶᠢ ᠣᠯᠠᠨ ᠤᠯᠤᠰ ᠤᠨ ᠰᠲ᠋ᠠᠨᠳᠠᠷᠲ ᠤᠨ ᠳᠠᠭᠠᠤ ᠵᠣᠷᠢᠭᠤᠯᠤᠯᠲᠠ ᠶᠢᠨ ᠶᠡᠷᠦᠩᠬᠡᠢ ᠪᠠᠶᠢᠳᠠᠯ ᠢ ᠬᠠᠷᠠᠭᠠᠯᠵᠠᠨ 5 ᠪᠦᠯᠡᠲ ᠬᠤᠪᠢᠶᠠᠳᠠᠭ᠃ ᠡᠭᠦᠨ ᠳᠦ: - ᠪᠠᠷᠠᠭ᠎ᠠ ᠦᠢᠯᠡᠴᠢᠯᠡᠭᠡᠨ ᠦ ᠵᠠᠷᠤᠳᠠᠯ᠃ ᠴᠠᠯᠢᠩ᠂ ᠲᠡᠳᠬᠦᠮᠵᠢ᠂ ᠰᠢᠮᠡᠳᠬᠡᠯ ᠦᠳ᠂ ᠪᠢᠴᠢᠭ ᠬᠡᠷᠡᠭ᠂ ᠬᠣᠭᠣᠯᠠ᠂ ᠡᠮ ᠪᠣᠭᠣᠬᠤ ᠮᠠᠲ᠋ᠧᠷᠢᠶᠠᠯ᠂ ᠠᠯᠪᠠᠨ ᠲᠣᠮᠢᠯᠠᠯᠲᠠ᠂ ᠲᠦᠯᠡᠰᠢ ᠬᠠᠯᠠᠭᠠᠯᠲᠠ ᠵᠡᠷᠭᠡ ᠦᠨᠳᠦᠰᠦᠨ ᠳᠦ ᠪᠡᠨ ᠨᠡᠶᠢᠭᠡᠮ ᠤᠨ ᠴᠢᠭ ᠬᠠᠨᠳᠤᠯᠭ᠎ᠠ ᠲᠠᠢ ᠠᠷᠭ᠎ᠠ ᠬᠡᠮᠵᠢᠶᠡᠨ ᠦ ᠵᠠᠷᠤᠳᠠᠯ ᠤᠳ ᠣᠷᠣᠨ᠎ᠠ᠃ ᠡᠳᠡᠭᠡᠷ ᠵᠠᠷᠤᠯ ᠤᠳ ᠨᠢ ᠡᠷᠭᠢᠵᠦ ᠲᠥᠯᠦᠭᠳᠡᠬᠦ ᠦᠭᠡᠢ ᠪᠦᠷᠢᠨ ᠵᠠᠷᠤᠴᠠᠭᠤᠯᠤᠭᠳᠠᠳᠠᠭ᠃ - ᠵᠡᠭᠡᠯᠢ ᠶᠢᠨ ᠦᠢᠯᠡᠴᠢᠯᠡᠭᠡᠨ ᠦ ᠲᠥᠯᠥᠪᠦᠷᠢ᠃ ᠵᠠᠰᠠᠭ ᠤᠨ ᠭᠠᠵᠠᠷ ᠤᠨ ᠱᠤᠭᠤᠮ ᠢᠶᠠᠷ ᠭᠠᠳᠠᠭᠠᠳᠤ ᠣᠷᠣᠨ᠂ ᠣᠯᠠᠨ ᠤᠯᠤᠰ ᠤᠨ ᠰᠠᠩᠬᠦᠦ ᠶᠢᠨ ᠪᠠᠶᠢᠭᠤᠯᠤᠯᠭ᠎ᠠ ᠠᠴᠠ ᠠᠪᠤᠭᠰᠠᠨ ᠵᠡᠭᠡᠯᠢ᠂ ᠲᠥᠰᠥᠪ ᠦᠨ ᠠᠯᠳᠠᠭᠳᠠᠯ ᠢ ᠨᠥᠬᠥᠬᠥ ᠵᠣᠷᠢᠭᠤᠯᠤᠯᠲᠠ ᠪᠠᠷ ᠭᠠᠷᠭᠠᠭᠰᠠᠨ ᠦᠨᠡᠲᠦ ᠴᠠᠭᠠᠰᠤ᠂ ᠥᠷ ᠦᠨ ᠪᠢᠴᠢᠭ᠂ ᠲᠥᠪ ᠪᠠᠩᠬᠢᠨ ᠠᠴᠠ ᠠᠪᠤᠭᠰᠠᠨ ᠵᠡᠭᠡᠯᠢ ᠶᠢᠨ ᠬᠦᠦ ᠶᠢᠨ ᠲᠥᠯᠥᠪᠦᠷᠢ ᠡᠨᠡ ᠪᠦᠯᠦᠭ ᠲᠦ ᠲᠤᠰᠬᠠᠭᠳᠠᠨ᠎ᠠ᠃ - ᠤᠷᠤᠰᠬᠠᠯ ᠰᠢᠯᠵᠢᠭᠦᠯᠭᠡ᠃ ᠲᠥᠷᠥ ᠶᠢᠨ ᠥᠮᠴᠢ ᠶᠢᠨ ᠠᠵᠤ ᠠᠬᠤᠢ ᠶᠢᠨ ᠨᠢᠭᠡᠴᠡ᠂ ᠪᠠᠶᠢᠭᠤᠯᠤᠯᠭ᠎ᠠ ᠶᠢᠨ ᠠᠯᠳᠠᠭᠳᠠᠯ ᠢ ᠨᠥᠬᠥᠬᠥ ᠵᠣᠷᠢᠭᠤᠯᠤᠯᠲᠠ ᠪᠠᠷ ᠲᠥᠰᠥᠪ ᠡᠴᠡ ᠪᠤᠴᠠᠯᠲᠠ ᠦᠭᠡᠢ ᠵᠣᠷᠢᠭᠤᠯᠤᠯᠲᠠ ᠪᠠᠷ ᠣᠯᠭᠣᠬᠤ , ᠬᠥᠷᠥᠩᠭᠡ ᠪᠣᠯᠤᠨ ᠲᠥᠪᠯᠡᠷᠡᠭᠰᠡᠨ ᠲᠥᠰᠥᠪ ᠡᠴᠡ ᠣᠷᠣᠨ ᠨᠤᠲᠤᠭ ᠤᠨ ᠲᠥᠰᠥᠪ ᠲᠦ ᠣᠯᠭᠣᠬᠤ ᠲᠠᠲᠠᠭᠠᠰᠤ ᠡᠨᠡ ᠪᠦᠯᠦᠭ ᠲᠦ ᠬᠠᠮᠢᠶᠠᠷᠤᠨ᠎ᠠ - ᠬᠥᠷᠥᠩᠭᠡ ᠶᠢᠨ ᠵᠠᠷᠤᠳᠠᠯ᠃ ᠲᠥᠰᠥᠪ ᠡᠴᠡ ᠮᠠᠲ᠋ᠧᠷᠢᠶᠠᠯᠯᠢᠭ ᠦᠢᠯᠡᠳᠪᠦᠷᠢᠯᠡᠯ ᠦᠨ ᠰᠠᠯᠪᠤᠷᠢ ᠳᠤ ᠬᠢᠬᠦ ᠬᠥᠷᠥᠩᠭᠡ ᠣᠷᠣᠭᠤᠯᠤᠯᠲᠠ ᠶᠢᠨ ᠵᠠᠷᠤᠳᠠᠯ ᠡᠨᠡ ᠪᠦᠯᠦᠭ ᠲᠦ ᠲᠥᠯᠥᠪᠯᠡᠭᠳᠡᠨ᠎ᠡ᠃ ᠮᠥᠨ ᠲᠥᠰᠥᠪ ᠡᠴᠡ ᠡᠷᠭᠢᠵᠦ ᠲᠥᠯᠭᠡᠳᠡᠬᠦ ᠨᠥᠬᠥᠴᠡᠯ ᠢᠶᠡᠷ ᠣᠯᠭᠤᠭᠰᠠᠨ ᠮᠥᠩᠭᠥᠨ ᠬᠥᠷᠥᠩᠭᠡ ᠶᠢ ᠡᠨᠡ ᠪᠦᠯᠦᠭ ᠲᠦ ᠲᠤᠰᠬᠠᠨ᠎ᠠ - ᠳᠣᠲᠣᠭᠠᠳᠤ ᠭᠠᠳᠠᠭᠠᠳᠤ ᠵᠡᠭᠡᠯᠢ ᠶᠢᠨ ᠦᠨᠳᠦᠰᠦᠨ ᠲᠥᠯᠥᠪᠦᠷᠢ ᠲᠥᠰᠥᠪ ᠦᠨ ᠬᠥᠷᠥᠩᠭᠡ ᠶᠢᠨ ᠬᠤᠪᠢᠶᠠᠷᠢᠯᠠᠯᠲᠠ᠂ ᠰᠠᠩᠬᠦᠵᠢᠯᠲᠡ᠂ ᠵᠠᠷᠤᠴᠠᠭᠤᠯᠤᠯᠲᠠ᠂ ᠭᠦᠢᠴᠡᠳᠬᠡᠯ᠂ ᠭᠠᠶᠢᠯᠠᠨ ᠭᠠᠷᠭᠠᠬᠤ ᠲᠠᠢ ᠬᠣᠯᠪᠣᠭᠳᠠᠭᠰᠠᠨ ᠬᠠᠷᠢᠯᠴᠠᠭ᠎ᠠ ᠶᠢ ᠮᠠᠨ ᠤ ᠤᠯᠤᠰ ᠲᠤ ᠲᠥᠰᠥᠪ ᠦᠨ ᠪᠠᠶᠢᠭᠤᠯᠤᠯᠭ᠎ᠠ ᠶᠢᠨ Vᠠᠤᠷᠢᠳᠤᠯᠭ᠎ᠠ᠂ ᠰᠠᠩᠬᠦᠵᠢᠯᠲᠡ ᠶᠢᠨ ᠲᠤᠬᠠᠢ ᠬᠠᠤᠯᠢ ᠪᠠᠷ ᠵᠣᠬᠢᠴᠠᠭᠤᠯᠵᠤ ᠪᠠᠶᠢᠨ᠎ᠠ᠃

4. ᠲᠥᠰᠥᠪ ᠦᠨ ᠠᠯᠳᠠᠭᠳᠠᠯ᠂ ᠤᠯᠤᠰ ᠤᠨ ᠥᠷᠥ ᠲᠡᠳᠡᠭᠡᠷ ᠦᠨ ᠤᠳᠤᠷᠢᠳᠤᠯᠭ᠎ᠠ ᠤᠯᠤᠰ ᠤᠨ ᠲᠥᠰᠥᠪ ᠦᠨ ᠪᠠᠶᠢᠳᠠᠯ ᠤᠨ ᠨᠢᠭᠡ ᠣᠨᠴᠠᠯᠢᠭ ᠨᠢ ᠣᠷᠣᠯᠭ᠎ᠠ᠃ ᠵᠠᠷᠤᠯᠭ᠎ᠠ ᠶᠢᠨ ᠬᠠᠷᠢᠴᠠᠭ᠎ᠠ ᠪᠥᠭᠡᠳ ᠲᠥᠰᠥᠪ ᠵᠣᠬᠢᠶᠠᠬᠤ᠂ ᠪᠠᠲᠤᠯᠠᠬᠤ᠂ ᠭᠦᠢᠴᠡᠳᠬᠡᠯ ᠢ ᠵᠣᠬᠢᠶᠠᠨ ᠪᠠᠶᠢᠭᠤᠯᠬᠤ ᠶᠠᠪᠤᠴᠠ ᠳᠤ ᠲᠥᠰᠥᠪ ᠦᠨ ᠣᠷᠣᠯᠭ᠎ᠠ᠂ ᠵᠠᠷᠤᠯᠭ᠎ᠠ ᠲᠡᠩᠴᠡᠵᠦ ᠪᠠᠯᠠᠨᠰᠯᠠᠭᠳᠠᠵᠤ ᠪᠣᠯᠤᠨ᠎ᠠ᠃ ᠡᠰᠡᠪᠡᠯ ᠵᠠᠷᠤᠯᠭ᠎ᠠ ᠨᠢ ᠣᠷᠣᠯᠭᠠᠰᠤ ᠪᠠᠨ ᠳᠠᠪᠠᠵᠤ ᠪᠣᠯᠤᠨ᠎ᠠ᠃ ᠲᠤᠬᠠᠢ ᠶᠢᠨ ᠰᠠᠩᠬᠦᠦ ᠶᠢᠨ ᠵᠢᠯ ᠦᠨ ᠵᠠᠷᠤᠯᠭ᠎ᠠ ᠨᠢ ᠣᠷᠣᠯᠭ᠎ᠠ ᠠᠴᠠ ᠬᠡᠲᠦᠷᠡᠵᠦ ᠪᠠᠶᠢᠪᠠᠯ ᠲᠡᠭᠦᠨ ᠢ ᠲᠥᠰᠥᠪ ᠦᠨ ᠠᠯᠳᠠᠭᠳᠠᠯ ᠭᠡᠨ᠎ᠡ᠃ ᠬᠡᠷᠪᠡ ᠲᠥᠰᠥᠪ ᠦᠨ ᠣᠷᠣᠯᠭ᠎ᠠ ᠨᠢ ᠵᠠᠷᠤᠯᠭ᠎ᠠ ᠠᠴᠠ ᠪᠠᠨ ᠢᠯᠡᠭᠦᠦ ᠪᠠᠶᠢᠪᠠᠯ ᠲᠥᠰᠥᠪ ᠠᠰᠢᠭ ᠭᠡᠨ᠎ᠡ᠃ ᠲᠥᠰᠥᠪ ᠦᠨ ᠠᠯᠳᠠᠭᠳᠠᠯ ᠨᠢ ᠤᠯᠤᠰ ᠤᠨ ᠡᠳ᠋ ᠍ ᠦᠨ ᠵᠢᠭᠠᠰᠤ ᠶᠢᠨ ᠪᠠᠶᠢᠳᠠᠯ ᠢ ᠢᠯᠡᠳᠬᠡᠨ ᠬᠠᠷᠠᠭᠤᠯᠳᠠᠭ ᠨᠢᠭᠡ ᠦᠵᠡᠭᠦᠯᠦᠯᠲᠡ ᠮᠥᠨ᠃ ᠤᠯᠤᠰ ᠤᠨ ᠲᠥᠰᠥᠪ ᠦᠨ ᠠᠯᠳᠠᠭᠳᠠᠯ ᠪᠤᠢ ᠪᠣᠯᠬᠤ ᠳᠤ ᠣᠯᠠᠨ ᠬᠦᠴᠦᠨ ᠵᠦᠢᠯ ᠨᠥᠯᠦᠭᠡᠯᠡᠳᠡᠭ ᠪᠥᠭᠡᠳ ᠡᠭᠦᠨ ᠳᠦ: - ᠦᠢᠯᠡᠳᠪᠦᠷᠢᠯᠡᠯ ᠦᠨ ᠤᠨᠠᠯᠲᠠ᠂ - ᠬᠢᠷᠢ ᠬᠡᠮᠵᠢᠶᠡᠨ ᠡᠴᠡ ᠬᠡᠲᠦᠷᠡᠭᠰᠡᠨ ᠨᠡᠶᠢᠭᠡᠮ ᠤᠨ ᠪᠣᠳᠣᠯᠭ᠎ᠠ ᠶᠠᠪᠤᠭᠤᠯᠬᠤ᠂ - ᠴᠡᠷᠢᠭ ᠦᠨ ᠪᠣᠯᠤᠨ ᠤᠳᠤᠷᠢᠳᠤᠯᠭ᠎ᠠ ᠶᠢᠨ ᠵᠠᠷᠤᠳᠠᠯ ᠤᠨ ᠥᠰᠦᠯᠲᠡ᠂ - ᠳᠠᠯᠳᠠ ᠡᠳ᠋ ᠍ ᠦᠨ ᠵᠠᠰᠠᠭ ᠭᠠᠵᠠᠷ ᠠᠪᠴᠤ᠂ ᠶᠡᠬᠡ ᠬᠡᠮᠵᠢᠶᠡᠨ ᠦ ᠮᠥᠩᠭᠥᠨ ᠬᠥᠷᠥᠩᠭᠡ ᠤᠯᠤᠰ ᠤᠨ ᠬᠢᠨᠠᠯᠲᠠ ᠠᠴᠠ ᠭᠠᠳᠠᠭᠤᠷ ᠡᠷᠭᠢᠬᠦ᠂ - ᠲᠠᠲᠠᠪᠤᠷᠢ ᠴᠤᠭᠯᠠᠭᠤᠯᠬᠤ ᠠᠵᠢᠯ ᠬᠠᠩᠭᠠᠯᠲᠠ ᠦᠭᠡᠢ ᠵᠣᠬᠢᠶᠠᠨ ᠪᠠᠶᠢᠭᠤᠯᠤᠭᠳᠠᠬᠤ᠃ - ᠤᠯᠤᠰ ᠲᠥᠷᠥ ᠶᠢᠨ ᠪᠠᠶᠢᠳᠠᠯ᠂ ᠡᠳ᠋ ᠍ ᠦᠨ ᠵᠠᠰᠠᠭ ᠤᠨ ᠭᠠᠳᠠᠭᠠᠳᠤ ᠬᠠᠷᠢᠯᠴᠠᠭ᠎ᠠ ᠵᠡᠷᠭᠡ ᠨᠥᠯᠦᠭᠡᠯᠡᠨ᠎ᠡ᠃

ᠲᠥᠰᠥᠪ ᠦᠨ ᠠᠯᠳᠠᠭᠳᠠᠯ ᠢ ᠨᠥᠬᠥᠬᠥ ᠡᠭᠦᠰᠪᠦᠷᠢ ᠶᠢ ᠲᠣᠭᠲᠠᠭᠠᠵᠤ᠂ ᠮәᠨ ᠲᠥᠰᠥᠪ ᠲᠦ ᠲᠤᠰᠬᠠᠳᠠᠭ ᠪᠥᠭᠡᠳ ᠲᠡᠭᠦᠨ ᠢ ᠳᠣᠲᠣᠷ᠎ᠠ ᠨᠢ ᠡᠮᠢᠰ ᠤᠨ ᠪᠣᠯᠤᠨ ᠡᠮᠢᠰ ᠤᠨ ᠪᠤᠰᠤ ᠭᠡᠵᠦ ᠠᠩᠭᠢᠯᠠᠨ᠎ᠠ᠃ ᠮᠥᠨ ᠲᠥᠰᠥᠪ ᠦᠨ ᠠᠯᠳᠠᠭᠳᠠᠯ ᠢ ᠨᠥᠬᠥᠬᠥ ᠡᠬᠢ ᠡᠭᠦᠰᠪᠦᠷᠢ ᠶᠢ ᠭᠠᠳᠠᠭᠠᠳᠤ ᠪᠣᠯᠤᠨ ᠳᠣᠲᠣᠭᠠᠳᠤ ᠭᠡᠵᠦ ᠠᠩᠭᠢᠯᠠᠨ᠎ᠠ᠃ - ᠲᠥᠪ ᠪᠠᠩᠬᠢᠨ ᠤ ᠵᠡᠭᠡᠯᠢ ᠪᠡᠷ ᠲᠥᠰᠥᠪ ᠦᠨ ᠠᠯᠳᠠᠭᠳᠠᠯ ᠢ ᠨᠥᠬᠥᠬᠦ ᠶᠢ ᠡᠮᠢᠰ ᠤᠨ ᠰᠠᠩᠬᠦᠵᠢᠯᠲᠡ ᠭᠡᠳᠡᠭ᠃ - ᠰᠠᠩᠬᠦᠦ ᠶᠢᠨ ᠵᠠᠬ᠎ᠠ ᠵᠡᠭᠡᠯᠢ ᠳᠡᠭᠡᠷ᠎ᠡ ᠡᠴᠡ ᠮᠥᠩᠭᠥ ᠵᠢᠭᠡᠯᠡᠵᠦ᠂ ᠲᠥᠰᠥᠪ ᠦᠨ ᠠᠯᠳᠠᠭᠳᠠᠯ ᠢ ᠨᠥᠬᠥᠬᠥ ᠨᠢ ᠡᠮᠢᠰ ᠤᠨ ᠪᠤᠰᠤ ᠰᠠᠩᠬᠦᠵᠢᠯᠲᠡ ᠭᠡᠨ᠎ᠡ᠃ ᠲᠥᠰᠥᠪ ᠦᠨ ᠠᠯᠳᠠᠭᠳᠠᠯ ᠢ ᠲᠥᠯᠥᠪᠯᠡᠵᠦ᠂ ᠬᠡᠮᠵᠢᠶ᠎ᠡ ᠶᠢ ᠬᠠᠤᠯᠢᠴᠢᠯᠠᠨ ᠲᠣᠭᠲᠠᠭᠠᠵᠤ᠂ ᠲᠡᠭᠦᠨ ᠢ ᠨᠥᠬᠥᠬᠥ ᠠᠷᠭ᠎ᠠ ᠵᠠᠮ᠂ ᠡᠬᠡ ᠡᠭᠦᠰᠪᠦᠷᠢ ᠶᠢ ᠵᠢᠭᠠᠭᠰᠠᠨ ᠪᠠᠶᠢᠳᠠᠭ᠃ ᠲᠥᠰᠥᠪ ᠦᠨ ᠠᠯᠳᠠᠭᠳᠠᠯ ᠢ ᠳᠠᠷᠠᠭᠠᠬᠢ ᠠᠷᠭ᠎ᠠ ᠵᠠᠮ ᠢᠶᠠᠷ ᠨᠥᠬᠦᠳᠡᠭ᠃ ᠡᠭᠦᠨ ᠳᠦ: 1. ᠲᠥᠰᠥᠪ ᠦᠨ ᠵᠠᠷᠤᠯᠭ᠎ᠠ ᠶᠢ ᠬᠣᠷᠣᠭᠳᠠᠭᠤᠯᠬᠤ ᠵᠠᠮ ᠢᠶᠠᠷ ᠠᠯᠳᠠᠭᠳᠠᠯ ᠢ ᠨᠥᠬᠥᠬᠥ᠃ ᠣᠨᠣᠯ ᠤᠨ ᠬᠤᠪᠢ ᠳᠤ ᠡᠨᠡ ᠠᠷᠭ᠎ᠠ ᠪᠠᠷ ᠲᠥᠰᠥᠪ ᠦᠨ ᠠᠯᠳᠠᠭᠳᠠᠯ ᠢ ᠨᠥᠬᠥᠵᠦ ᠪᠣᠯᠬᠣᠷ ᠪᠣᠯᠪᠠᠴᠤ ᠫᠷᠠᠺᠲ᠋ᠢᠭ ᠠᠮᠢᠳᠤᠷᠠᠯ ᠳᠡᠭᠡᠷ᠎ᠡ ᠬᠡᠷᠡᠭᠵᠢᠭᠦᠯᠬᠦ ᠳᠦ ᠶᠡᠬᠡᠬᠡᠨ ᠬᠦᠨᠳᠦᠷᠡᠯᠲᠡᠢ ᠲᠤᠯᠭᠠᠷᠠᠳᠠᠭ᠃ ᠲᠥᠰᠥᠪ ᠦᠨ ᠵᠠᠷᠤᠯᠭ᠎ᠠ ᠶᠢ ᠬᠣᠷᠣᠭᠳᠠᠭᠤᠯᠬᠤ ᠨᠢ ᠣᠯᠠᠨ ᠲᠦᠮᠡᠨ ᠦ ᠵᠦᠭ ᠡᠴᠡ ᠡᠰᠡᠷᠭᠦᠴᠡᠯ ᠲᠡᠢ ᠲᠤᠯᠭᠠᠷᠴᠢ ᠨᠡᠶᠢᠭᠡᠮ ᠳᠦ ᠲᠣᠭᠲᠠᠪᠤᠷᠢ ᠦᠭᠡᠢ ᠪᠠᠶᠢᠳᠠᠯ ᠪᠤᠢ ᠪᠣᠯᠭᠠᠬᠤ ᠳᠤ ᠬᠦᠷᠭᠡᠬᠦ ᠲᠠᠯ᠎ᠠ ᠲᠠᠢ ᠠᠴᠠ ᠭᠠᠳᠠᠨ᠎ᠠ ᠲᠥᠰᠥᠪ ᠦᠨ ᠵᠠᠷᠤᠯᠭ᠎ᠠ ᠶᠢ ᠬᠣᠷᠣᠭᠳᠠᠭᠤᠯᠬᠤ ᠨᠢ ᠨᠡᠶᠢᠲᠡ ᠡᠷᠦᠯᠲᠡ ᠶᠢ ᠪᠠᠭᠤᠷᠠᠭᠤᠯᠵᠤ᠃ ᠤᠯᠠᠮ ᠢᠶᠠᠷ ᠦᠢᠯᠡᠳᠪᠦᠷᠢᠯᠡᠯ ᠦᠨ ᠥᠰᠦᠯᠲᠡᠳ ᠰᠥᠷᠭᠡᠷ᠎ᠡ ᠨᠥᠯᠥᠭᠡᠯᠡᠬᠦ ᠳᠦ ᠬᠦᠷᠭᠡᠨ᠎ᠡ᠃ 2. ᠲᠠᠲᠠᠪᠤᠷᠢ ᠶᠢᠨ ᠬᠤᠪᠢ ᠬᠡᠮᠵᠢᠶ᠎ᠡ ᠶᠢ ᠥᠰᠬᠡᠬᠦ ᠵᠠᠮ ᠢᠶᠠᠷ ᠲᠥᠰᠥᠪ ᠦᠨ ᠠᠯᠳᠠᠭᠳᠠᠯ ᠢ ᠨᠥᠬᠥᠬᠥ᠃, ᠲᠠᠲᠠᠪᠤᠷᠢ ᠲᠥᠯᠦᠭᠴᠢᠳ ᠲᠠᠲᠠᠪᠤᠷᠢ ᠶᠢᠨ ᠨᠡᠮᠡᠭᠳᠡᠯ ᠳᠠᠷᠤᠮᠲᠠ ᠦᠵᠡᠭᠦᠯᠬᠦ ᠨᠢ ᠬᠡᠷᠡᠭᠯᠡᠭᠡ᠂ ᠬᠥᠷᠥᠩᠭᠡ ᠣᠷᠣᠭᠤᠯᠤᠯᠲᠠ ᠶᠢ ᠬᠢᠵᠠᠭᠠᠷᠯᠠᠬᠤ ᠳᠤ ᠬᠦᠷᠭᠡᠨ᠎ᠡ᠃ ᠨᠡᠶᠢᠲᠡ ᠬᠡᠷᠡᠭᠯᠡᠭᠡ ᠪᠠᠭᠤᠷᠠᠬᠤ ᠨᠢ ᠳᠣᠲᠣᠭᠠᠳᠤ ᠶᠢᠨ ᠨᠡᠶᠢᠲᠡ ᠪᠦᠲᠦᠭᠡᠭᠳᠡᠬᠦᠨ ᠦ ᠥᠰᠦᠯᠲᠡᠳ ᠰᠥᠷᠭᠦ ᠪᠡᠷ ᠨᠥᠯᠦᠭᠡᠯᠡᠨ᠎ᠡ᠃ 3. ᠲᠥᠰᠥᠪ ᠦᠨ ᠠᠯᠳᠠᠭᠳᠠᠯ ᠢ ᠤᠯᠤᠰ ᠤᠨ ᠥᠷᠥ ᠪᠣᠯᠭᠠᠨ ᠬᠤᠪᠢᠷᠠᠭᠠᠵᠤ ᠨᠥᠬᠥᠬᠥ᠃ ᠳᠠᠷᠠᠭᠠᠬᠢ ᠠᠷᠭ᠎ᠠ ᠪᠠᠷ ᠲᠥᠰᠥᠪ ᠦᠨ ᠠᠯᠳᠠᠭᠳᠠᠯ ᠢ ᠤᠯᠤᠰ ᠤᠨ ᠥᠷᠥ ᠪᠣᠯᠭᠠᠨ ᠨᠥᠬᠥᠵᠦ ᠪᠣᠯᠤᠨ᠎ᠠ ᠡᠭᠦᠨ ᠳᠦ: a. ᠲᠥᠰᠥᠪ ᠦᠨ ᠠᠯᠳᠠᠭᠳᠠᠯ ᠤᠨ ᠬᠡᠮᠵᠢᠶ᠎ᠡ ᠪᠡᠷ ᠪᠠᠩᠬᠢᠨ ᠠᠴᠠ ᠬᠦᠦ ᠲᠡᠢ ᠵᠡᠭᠡᠯᠢ ᠠᠪᠴᠤ ᠤᠭ ᠠᠯᠳᠠᠭᠳᠠᠯ ᠢ ᠨᠥᠬᠥᠭᠡᠳ ᠵᠢᠭᠡᠯᠡᠯᠭᠡ ᠲᠣᠳᠣᠷᠬᠠᠢ ᠬᠤᠭᠤᠴᠠᠭᠠᠨ ᠤ ᠳᠠᠷᠠᠭ᠎ᠠ ᠲᠥᠯᠥᠬᠦ ᠪᠡᠷ ᠲᠣᠬᠢᠷᠠᠬᠤ᠃ ᠥᠭᠡᠷ᠎ᠡ ᠪᠡᠷ ᠬᠡᠯᠡᠪᠡᠯ᠂ ᠲᠥᠰᠥᠪ ᠦᠨ ᠠᠯᠳᠠᠭᠳᠠᠯ ᠤᠨ ᠬᠡᠮᠵᠢᠶ᠎ᠡ ᠪᠡᠷ ᠲᠣᠳᠣᠷᠬᠠᠢ ᠬᠤᠭᠤᠴᠠᠭᠠᠨ ᠳᠤ ᠵᠠᠰᠠᠭ ᠤᠨ ᠭᠠᠵᠠᠷ ᠪᠠᠩᠬᠢᠨ ᠳᠤ ᠥᠷᠢ ᠲᠡᠢ ᠪᠣᠯᠬᠤ ᠶᠠᠪᠤᠳᠠᠯ ᠶᠤᠮ b. ᠲᠥᠰᠥᠪ ᠦᠨ ᠠᠯᠳᠠᠭᠳᠠᠯ ᠲᠠᠢ ᠲᠡᠩᠴᠡᠬᠦ ᠬᠡᠮᠵᠢᠶᠡᠨ ᠦ ᠵᠡᠭᠡᠯᠢ ᠶᠢ ᠭᠠᠳᠠᠭᠠᠳᠤ ᠣᠷᠣᠨ ᠨᠤᠭᠤᠳ ᠠᠴᠠ ᠠᠪᠴᠤ ᠠᠯᠳᠠᠭᠳᠠᠯ ᠢ ᠨᠥᠬᠥᠵᠦ᠂ ᠲᠣᠳᠣᠷᠬᠠᠢ ᠬᠤᠭᠤᠴᠠᠭᠠᠨ ᠤ ᠳᠣᠲᠣᠷ᠎ᠠ ᠵᠡᠭᠡᠯᠢ ᠶᠢ ᠬᠦᠦ ᠶᠢᠨ ᠬᠠᠮᠲᠤ ᠤᠯᠭᠤᠬᠤ c. ᠲᠥᠰᠥᠪ ᠦᠨ ᠠᠯᠳᠠᠭᠳᠠᠯ ᠤᠨ ᠬᠡᠮᠵᠢᠶ᠎ᠡ ᠪᠡᠷ ᠳᠣᠲᠣᠭᠠᠳᠤ ᠳᠤ ᠪᠠᠨ ᠦᠨᠡᠲᠦ ᠴᠠᠭᠠᠰᠤ᠂ ᠣᠪᠯᠢᠭᠠᠼ ᠭᠠᠷᠭᠠᠨ ᠠᠷᠠᠳ ᠢᠷᠭᠡᠳ᠂ ᠠᠵᠤ ᠠᠬᠤᠢ ᠶᠢᠨ ᠨᠢᠭᠡᠴᠡ ᠳᠦ ᠪᠣᠷᠣᠯᠠᠭᠤᠯᠬᠤ᠃ 4. ᠴᠠᠭᠠᠰᠤᠨ ᠮᠥᠩᠭᠥ ᠭᠦᠢᠯᠭᠡᠭᠡᠨ ᠳᠦ ᠨᠡᠮᠡᠵᠦ ᠭᠠᠷᠭᠠᠨ ᠮᠥᠩᠭᠥᠨ ᠦ ᠨᠡᠶᠢᠯᠡᠭᠦᠯᠦᠯᠲᠡ ᠶᠢ ᠨᠡᠮᠡᠭᠳᠡᠭᠦᠯᠵᠦ ᠤᠯᠤᠰ ᠤᠨ ᠥᠷ ᠢ ᠤᠯᠭᠤᠬᠤ᠃ ᠡᠨᠡ ᠠᠷᠭ᠎ᠠ ᠪᠠᠷ ᠲᠥᠰᠥᠪ ᠦᠨ ᠠᠯᠳᠠᠭᠳᠠᠯ ᠢ ᠨᠥᠬᠥᠬᠥ ᠨᠢ ᠡᠳ᠋ ᠍ ᠦᠨ ᠵᠠᠰᠠᠭ ᠲᠤ ᠶᠡᠬᠡᠬᠡᠨ ᠬᠣᠣᠷ ᠨᠥᠯᠥᠭᠡ ᠲᠡᠢ᠂ ᠠᠶᠤᠯᠲᠠᠢ ᠠᠯᠬᠤᠮ ᠶᠤᠮ᠃ ᠴᠠᠭᠠᠰᠤᠨ ᠮᠥᠩᠭᠥ ᠦᠢᠯᠡᠳᠪᠦᠷᠢᠯᠡᠵᠦ ᠭᠦᠢᠯᠭᠡᠭᠡᠨ ᠳᠦ ᠭᠠᠷᠭᠠᠬᠤ ᠨᠢ ᠦᠨ᠎ᠡ ᠶᠢ ᠥᠰᠬᠡᠵᠦ᠂ ᠢᠨᠹᠯᠢᠶᠠᠼ ᠢ ᠬᠢᠷᠦᠭᠡᠭᠳᠡᠬᠦ ᠳᠦ ᠬᠦᠷᠭᠡᠨ᠎ᠡ᠃ ᠲᠣᠳᠣᠷᠬᠠᠢ ᠬᠤᠭᠤᠴᠠᠭᠠᠨ ᠤ ᠳᠠᠷᠠᠭ᠎ᠠ ᠬᠦᠦᠲᠡᠢ ᠪᠡᠷ ᠪᠤᠴᠠᠭᠠᠵᠤ ᠥᠭᠬᠦ ᠨᠥᠬᠥᠴᠡᠯ ᠢᠶᠡᠷ ᠢᠷᠭᠡᠳ᠂ ᠠᠵᠤ ᠠᠬᠤᠢ ᠨᠢᠭᠡᠴᠡ ᠶᠢᠨ ᠭᠠᠷ ᠳᠡᠭᠡᠷ᠎ᠡ ᠪᠠᠶᠢᠭ᠎ᠠ ᠰᠤᠯᠠ ᠴᠢᠯᠦᠭᠡᠲᠡᠢ ᠮᠥᠩᠭᠥᠨ ᠬᠥᠷᠥᠩᠭᠡ ᠶᠢ ᠲᠥᠪᠯᠡᠷᠡᠭᠦᠯᠬᠦ ᠪᠣᠯᠤᠨ ᠣᠯᠠᠨ ᠤᠯᠤᠰ ᠤᠨ ᠰᠠᠩᠬᠦᠦ ᠶᠢᠨ ᠵᠠᠬ᠎ᠠ ᠵᠡᠭᠡᠯᠢ ᠳᠡᠭᠡᠷ᠎ᠡ ᠡᠴᠡ ᠵᠡᠭᠡᠯᠢ ᠠᠪᠴᠤ ᠲᠥᠰᠥᠪ ᠦᠨ ᠠᠯᠳᠠᠭᠳᠠᠯ᠂ ᠤᠯᠤᠰ ᠤᠨ ᠥᠷᠢ ᠲᠥᠯᠥᠪᠦᠷᠢ ᠶᠢ ᠪᠠᠷᠠᠭᠳᠠᠭᠤᠯᠬᠤ ᠲᠠᠢ ᠬᠣᠯᠪᠣᠭᠳᠠᠨ ᠡᠭᠦᠰᠴᠢ ᠪᠠᠶᠢᠭ᠎ᠠ ᠰᠠᠩᠬᠦᠦ ᠶᠢᠨ ᠬᠠᠷᠢᠯᠴᠠᠭ᠎ᠠ ᠶᠢ ᠤᠯᠤᠰ ᠤᠨ ᠵᠢᠭᠡᠯᠡᠯᠭᠡ ᠭᠡᠨ᠎ᠡ᠃

ᠤᠯᠤᠰ ᠤᠨ ᠥᠷ ᠢ ᠬᠤᠷᠠᠮᠲᠤᠯᠠᠭᠳᠠᠭᠰᠠᠨ ᠪᠣᠯᠤᠨ ᠤᠷᠤᠰᠬᠠᠯ ᠥᠷᠥ ᠭᠡᠵᠦ ᠬᠣᠶᠠᠷ ᠠᠩᠭᠢᠯᠠᠨ᠎ᠠ᠃ ᠲᠣᠳᠣᠷᠬᠠᠢ ᠴᠠᠭ ᠬᠤᠭᠤᠴᠠᠭᠠᠨ ᠤ ᠪᠠᠶᠢᠳᠠᠯ ᠢᠶᠠᠷ ᠪᠤᠢ ᠪᠣᠯᠤᠭᠰᠠᠨ᠂ ᠲᠥᠯᠦᠭᠳᠡᠭᠡ ᠦᠭᠡᠢ ᠥᠭᠯᠢᠭᠡ ᠶᠢ ᠬᠤᠷᠠᠮᠲᠤᠯᠠᠭᠳᠠᠭᠰᠠᠨ ᠥᠷᠥ ᠭᠡᠨ᠎ᠡ᠃ ᠬᠠᠷᠢᠨ ᠲᠠᠶᠢᠯᠠᠨᠳ᠋ ᠣᠨ ᠳᠤ ᠤᠯᠭᠤᠬᠤ ᠥᠷᠥ᠂ ᠲᠥᠯᠥᠪᠦᠷᠢ ᠨᠢ ᠤᠷᠤᠰᠬᠠᠯ ᠥᠷᠥ ᠪᠣᠯᠤᠨ᠎ᠠ᠃ ᠵᠠᠬ᠎ᠠ ᠵᠡᠭᠡᠯᠢ ᠥᠨᠳᠥᠷ ᠬᠥᠭᠵᠢᠭᠰᠡᠨ ᠶᠡᠬᠡᠩᠬᠢ ᠣᠷᠣᠨ ᠨᠤᠭᠤᠳ ᠲᠤ ᠲᠥᠰᠥᠪ ᠦᠨ ᠠᠯᠳᠠᠭᠳᠠᠯ ᠳᠣᠲᠣᠭᠠᠳᠤ ᠶᠢᠨ ᠨᠡᠶᠢᠲᠡ ᠪᠦᠲᠦᠭᠡᠭᠳᠡᠬᠦᠨ ᠦ 2-5 ᠬᠤᠪᠢ ᠲᠠᠢ ᠲᠡᠩᠴᠡᠬᠦ ᠬᠡᠮᠵᠢᠶᠡᠨ ᠳᠦ ᠪᠠᠶᠢᠨ᠎ᠠ᠃ ᠲᠥᠰᠥᠪ ᠦᠨ ᠠᠯᠳᠠᠭᠳᠠᠯ ᠤᠨ ᠲᠥᠰᠥᠪ ᠲᠦ ᠪᠣᠯᠤᠨ ᠳᠣᠲᠣᠭᠠᠳᠤ ᠶᠢᠨ ᠨᠡᠶᠢᠲᠡ ᠪᠦᠲᠦᠭᠡᠭᠳᠡᠬᠦᠨ ᠳᠦ ᠡᠵᠡᠯᠡᠬᠦ ᠬᠤᠪᠢ ᠬᠡᠮᠵᠢᠶ᠎ᠡ ᠬᠠᠷᠢᠴᠠᠩᠭᠤᠢ ᠥᠨᠳᠥᠷ ᠪᠠᠶᠢᠭ᠎ᠠ ᠨᠢ ᠤᠯᠤᠰ ᠤᠨ ᠰᠠᠩᠬᠦᠦ ᠶᠢᠨ ᠴᠢᠳᠠᠪᠤᠷᠢ ᠰᠤᠯᠠ᠂ ᠤᠯᠤᠰ ᠤᠨ ᠥᠷ ᠦᠨ ᠬᠡᠮᠵᠢᠶ᠎ᠡ ᠥᠰᠴᠢ ᠪᠠᠶᠢᠭ᠎ᠠ ᠶᠢ ᠬᠠᠷᠠᠭᠤᠯᠬᠤ ᠠᠴᠠ ᠭᠠᠳᠠᠨ᠎ᠠ ᠭᠠᠳᠠᠭᠠᠳᠤ ᠶᠢᠨ ᠬᠥᠷᠥᠩᠭᠡ ᠣᠷᠣᠭᠤᠯᠤᠯᠲᠠ ᠣᠷᠣᠵᠤ ᠢᠷᠡᠬᠦ ᠳᠦ ᠰᠥᠷᠭᠦ ᠨᠥᠯᠥᠭᠡ ᠦᠵᠡᠭᠦᠯᠦᠨ᠎ᠡ᠃

ҮЛДЭХ

ᠪᠢᠴᠢᠭᠡᠰᠦ