ᠤᠯᠤᠰ ᠤᠨ ᠶᠡᠬᠡ ᠬᠤᠷᠠᠯ

ᠴᠢᠯᠦᠭᠡᠲᠦ ᠨᠡᠪᠲᠡᠷᠬᠡᠢ ᠲᠣᠯᠢ — ᠸᠢᠺᠢᠫᠧᠳᠢᠶ᠎ᠠ ᠠᠴᠠ
ᠬᠠᠷᠠᠶᠢᠬᠤ: ᠤᠳᠤᠷᠢᠳᠬᠤ, ᠬᠠᠶᠢᠯᠲᠠ
ᠮᠣᠩᠭᠣᠯ ᠤᠯᠤᠰ ᠤᠨ ᠶᠡᠬᠡ ᠬᠤᠷᠠᠯ
ᠮᠣᠩᠭᠣᠯ ᠤᠯᠤᠰ ᠤᠨ
6 ᠍ ᠳᠦᠭᠡᠷ ᠡᠭᠡᠯᠵᠢ ᠶᠢᠨ ᠶᠡᠬᠡ ᠬᠤᠷᠠᠯ
Coat of arms or logo
ᠬᠡᠪ ᠲᠣᠭᠲᠠᠴᠠ
ᠬᠡᠳᠦᠨ ᠲᠠᠩᠬᠢᠮ ᠳᠤ ᠨᠢᠭᠡ ᠲᠠᠩᠬᠢᠮ ᠳᠤ
ᠳᠠᠷᠤᠭ᠎ᠠ ᠤᠳᠤᠷᠢᠳᠤᠯᠭ᠎ᠠ
ᠬᠤᠷᠠᠯ ᠤᠨ ᠳᠠᠷᠤᠭ᠎ᠠ ᠠᠷᠠᠳᠴᠢᠯᠠᠭᠰᠠᠨ ᠨᠠᠮ ᠍ ᠤᠨ
ᠵᠠᠩᠳᠠᠬᠦᠦ ᠶᠢᠨ ᠡᠩᠬᠡᠪᠣᠯᠤᠳ
ᠶᠡᠷᠦᠩᠬᠡᠢ ᠰᠠᠶᠢᠳ ᠠᠷᠠᠳᠴᠢᠯᠠᠭᠰᠠᠨ ᠨᠠᠮ ᠤᠨ
ᠴᠢᠮᠡᠳ ᠦᠨ ᠰᠠᠶᠢᠬᠠᠨᠪᠢᠯᠢᠭ
ᠰᠥᠷᠭᠦ ᠬᠦᠴᠦᠨ ᠦ ᠳᠠᠷᠤᠭ᠎ᠠ ᠮᠣᠩᠭᠣᠯ ᠠᠷᠠᠳ ᠤᠨ ᠨᠠᠮ ᠍ ᠤᠨ
ᠮᠡᠶ ᠡᠣᠮᠪᠣ ᠶᠢᠨ ᠡᠩᠬᠡᠪᠣᠯᠤᠳ
ᠪᠦᠲᠦᠴᠡ ᠪᠦᠷᠢᠯᠳᠦᠬᠦᠨ
ᠭᠡᠰᠢᠭᠦᠨ ᠦ ᠲᠣᠭ᠎ᠠ 76
{{{structure1}}}
ᠪᠦᠯᠦᠭ

██ ᠠᠷᠠᠳᠴᠢᠯᠠᠭᠰᠠᠨ ᠨᠠᠮ (34)

██ МАН (26)

██ ᠮᠣᠩᠭᠣᠯ ᠠᠷᠠᠳ ᠤᠨ ᠬᠤᠪᠢᠰᠬᠠᠯᠲᠤ ᠨᠠᠮ-ᠮᠣᠩᠭᠣᠯ ᠤᠨ ᠦᠨᠳᠦᠰᠦᠨ ᠦ ᠠᠷᠠᠳᠴᠢᠯᠠᠭᠰᠠᠨ ᠨᠠᠮ (11)

██ ИЗНН (2)

██ ᠪᠡᠶ᠎ᠡ ᠳᠠᠭᠠᠭᠠᠭᠴᠢ (3)

ᠰᠣᠩᠭᠣᠭᠤᠯᠢ
ᠥᠩᠭᠡᠷᠡᠭᠰᠡᠨ ᠰᠣᠩᠭᠣᠭᠤᠯᠢ 2012 ᠣᠨ ᠤ 6 ᠍ ᠳᠦᠭᠡᠷ ᠰᠠᠷ᠎ᠠ ᠶᠢᠨ
28 ᠍ ᠳᠦ ᠲᠣᠬᠢᠶᠠᠭᠰᠠᠨ 2012 ᠣᠨ ᠤ
ᠤᠯᠤᠰ ᠤᠨ ᠶᠡᠬᠡ ᠬᠤᠷᠠᠯ ᠤᠨ ᠰᠣᠩᠭᠣᠭᠤᠯᠢ
ᠬᠤᠷᠠᠨ ᠴᠢᠭᠤᠯᠬᠤ ᠭᠠᠵᠠᠷ
ᠹᠠᠢᠢᠯ:Ulan-Bator Parliament Building Sükhbaatar Square.JPG
ᠲᠥᠷᠥ ᠶᠢᠨ ᠣᠷᠳᠣᠨ
ᠴᠠᠬᠢᠮ ᠬᠠᠶᠠᠭ
www.parliament.mn
ᠮᠣᠩᠭᠣᠯ ᠤᠯᠤᠰ
State emblem of Mongolia.svg

ᠡᠨᠡ ᠥᠭᠦᠯᠡᠯ ᠨᠢ ᠳᠠᠷᠠᠭᠠᠬᠢ</br>ᠰᠡᠳᠦᠪ ᠦᠨ ᠬᠡᠰᠡᠭ ᠪᠣᠯᠤᠨ᠎ᠠ:
ᠮᠣᠩᠭᠣᠯ ᠤᠯᠤᠰ ᠤᠨ</br>ᠤᠯᠤᠰ ᠲᠥᠷᠥ ᠪᠠ ᠵᠠᠰᠠᠭᠯᠠᠯ



ᠭᠠᠵᠠᠷ ᠤᠨ ᠵᠢᠷᠤᠭ

ᠮᠣᠩᠭᠣᠯ ᠤᠯᠤᠰ ᠤᠨ ᠶᠡᠬᠡ ᠬᠤᠷᠠᠯ ᠨᠢ ᠮᠣᠩᠭᠣᠯ ᠤᠯᠤᠰ ᠍ ᠤᠨ ᠫᠠᠷᠯᠠᠮᠧᠨᠲ ᠶᠤᠮ᠃ ᠮᠣᠩᠭᠣᠯ ᠤᠯᠤᠰ ᠤᠨ ᠶᠡᠬᠡ ᠬᠤᠷᠠᠯ ᠨᠢ ᠨᠢᠭᠡ ᠲᠠᠩᠬᠢᠮ᠂ 76 ᠭᠡᠰᠢᠭᠦᠨ ᠲᠡᠢ᠃ ᠮᠣᠩᠭᠣᠯ ᠤᠯᠤᠰ ᠤᠨ ᠵᠠᠰᠠᠭ ᠤᠨ ᠭᠠᠵᠠᠷ ᠢ ᠲᠣᠮᠢᠯᠠᠳᠠᠭ᠂ ᠲᠥᠷᠥ ᠶᠢᠨ ᠡᠷᠬᠡ ᠪᠠᠷᠢᠬᠤ ᠳᠡᠭᠡᠳᠦ ᠪᠠᠶᠢᠭᠤᠯᠤᠯᠭ᠎ᠠ ᠶᠤᠮ᠃ ᠣᠳᠣ ᠶᠢᠨ ᠤᠯᠤᠰ ᠤᠨ ᠶᠡᠬᠡ ᠬᠤᠷᠠᠯ ᠤᠨ ᠪᠦᠷᠢᠯᠳᠦᠬᠦᠨ ᠢ ᠡᠨᠳᠡ ᠡᠴᠡ ᠦᠵᠡᠨ᠎ᠡ ᠦᠦ᠃

ᠲᠡᠦᠬᠡ[ᠵᠠᠰᠠᠪᠤᠷᠢᠯᠠᠬᠤ | ᠺᠣᠳ᠋ ᠢᠶᠠᠷ ᠵᠠᠰᠠᠬᠣ]

ᠮᠣᠩᠭᠣᠯ ᠤᠯᠤᠰ ᠤᠨ ᠳᠥᠷᠪᠡ ᠳ᠋ᠡᠬᠢ ᠦᠨᠳᠦᠰᠦᠨ ᠬᠠᠤᠯᠢ ᠨᠢ ᠪᠦᠭᠦᠳᠡ ᠨᠠᠶᠢᠷᠠᠮᠳᠠᠬᠤ ᠮᠣᠩᠭᠣᠯ ᠠᠷᠠᠳ ᠤᠯᠤᠰ ᠍ ᠤᠨ ᠠᠷᠠᠳ ᠤᠨ ᠶᠡᠬᠡ ᠬᠤᠷᠠᠯ ᠤᠨ ᠴᠢᠭᠤᠯᠭᠠᠨ ᠢᠶᠠᠷ 1992 ᠣᠨ ᠤ 1 ᠰᠠᠷ᠎ᠠ ᠶᠢᠨ 1 ᠽ ᠨ ᠤ ᠡᠳᠦᠷ ᠦᠨ 11 ᠴᠠᠭ ᠽ 5 ᠮᠢᠨᠦ᠋ᠲ ᠲᠤ ᠤᠯᠠᠭᠠᠨᠪᠠᠭᠠᠲᠤᠷ ᠬᠣᠲᠣᠩ ᠢᠶᠠᠨ ᠪᠠᠲᠤᠯᠠᠭᠳᠠᠵᠠᠢ᠃ ᠡᠨᠡᠬᠦ ᠦᠨᠳᠦᠰᠦᠨ ᠬᠠᠤᠯᠢ ᠶᠢᠨ ᠭᠤᠷᠪᠠᠳᠤᠭᠠᠷ ᠪᠤᠶᠤ ᠮᠣᠩᠭᠣᠯ ᠤᠯᠤᠰ ᠤᠨ ᠲᠥᠷᠥ ᠶᠢᠨ ᠪᠠᠶᠢᠭᠤᠯᠤᠯ ᠭᠡᠰᠡᠨ ᠪᠦᠯᠦᠭ ᠲᠦ ᠮᠣᠩᠭᠣᠯ ᠤᠯᠤᠰ ᠤᠨ ᠶᠡᠬᠡ ᠬᠤᠷᠠᠯ ᠢ ᠳᠠᠷᠠᠭᠠᠬᠢ ᠵᠦᠢᠯ ᠦᠳ ᠢᠶᠡᠷ ᠲᠣᠳᠣᠷᠬᠠᠶᠢᠯᠠᠨ ᠵᠢᠭᠠᠵᠤ ᠥᠭᠭᠦᠭᠰᠡᠨ ᠪᠠᠶᠢᠳᠠᠭ:
  • ᠬᠣᠷᠢᠳᠤᠭᠠᠷ ᠵᠦᠢᠯ ᠳᠦ: ᠮᠣᠩᠭᠣᠯ ᠤᠯᠤᠰ ᠤᠨ ᠶᠡᠬᠡ ᠬᠤᠷᠠᠯ ᠪᠣᠯ ᠲᠥᠷᠥ ᠶᠢᠨ ᠡᠷᠬᠡ ᠪᠠᠷᠢᠬᠤ ᠳᠡᠭᠡᠳᠦ ᠪᠠᠶᠢᠭᠤᠯᠤᠯᠭ᠎ᠠ ᠮᠥᠨ ᠪᠥᠭᠡᠳ ᠬᠠᠤᠯᠢ ᠲᠣᠭᠲᠠᠭᠠᠬᠤ ᠡᠷᠬᠡ ᠮᠡᠳᠡᠯ ᠢ ᠭᠠᠭᠴᠠᠬᠦ ᠤᠯᠤᠰ ᠤᠨ ᠶᠡᠬᠡ ᠬᠤᠷᠠᠯ ᠳᠤ ᠬᠠᠳᠠᠭᠠᠯᠠᠨ᠎ᠠ᠃
  • ᠬᠣᠷᠢᠨ ᠨᠢᠭᠡᠳᠦᠭᠡᠷ ᠵᠦᠢᠯ ᠳᠦ:
1. ᠤᠯᠤᠰ ᠤᠨ ᠶᠡᠬᠡ ᠬᠤᠷᠠᠯ ᠨᠢᠭᠡ ᠲᠠᠩᠬᠢᠮ ᠲᠠᠢ᠂ ᠳᠠᠯᠠᠨ ᠵᠢᠷᠭᠤᠭᠠᠨ ᠭᠡᠰᠢᠭᠦᠨ ᠲᠡᠢ ᠪᠠᠶᠢᠨ᠎ᠠ᠃
2. ᠤᠯᠤᠰ ᠤᠨ ᠶᠡᠬᠡ ᠬᠤᠷᠠᠯ ᠤᠨ ᠭᠡᠰᠢᠭᠦᠨ ᠢ ᠮᠣᠩᠭᠣᠯ ᠤᠯᠤᠰ ᠤᠨ ᠰᠣᠩᠭᠣᠭᠤᠯᠢ ᠶᠢᠨ ᠡᠷᠬᠡ ᠪᠦᠬᠦᠢ ᠢᠷᠭᠡᠳ ᠨᠡᠶᠢᠲᠡ ᠪᠡᠷ ᠢᠶᠡᠨ᠂ ᠴᠢᠯᠦᠭᠡᠲᠡᠢ᠂ ᠰᠢᠭᠤᠳ ᠰᠤᠩᠭᠤᠬᠤ ᠡᠷᠬᠡ ᠶᠢᠨ ᠦᠨᠳᠦᠰᠦᠨ ᠳᠡᠭᠡᠷ᠎ᠡ ᠰᠠᠨᠠᠯ ᠢᠶᠠᠨ ᠨᠢᠭᠤᠴᠠ ᠪᠠᠷ ᠭᠠᠷᠭᠠᠵᠤ᠂ ᠳᠥᠷᠪᠡᠨ ᠵᠢᠯ ᠦᠨ ᠬᠤᠭᠤᠴᠠᠭ᠎ᠠ ᠪᠠᠷ ᠰᠣᠩᠭᠣᠨ᠎ᠠ᠃
ᠪᠠᠶᠢᠩᠭᠤ ᠶᠢᠨ ᠠᠵᠢᠯᠯᠠᠭ᠎ᠠ ᠲᠠᠢ ПАРЛАМЕНТЫН ТҮҮХ
• 1990ᠣᠨ ᠤ ᠳᠣᠯᠣᠳᠤᠭᠠᠷ ᠰᠠᠷ᠎ᠠ ᠳᠤ ᠮᠣᠩᠭᠣᠯ ᠤᠯᠤᠰ ᠲᠤ ᠠᠩᠬ᠎ᠠ ᠤᠳᠠᠭ᠎ᠠ ᠣᠯᠠᠨ ᠨᠠᠮ ᠤᠨ ᠣᠷᠣᠯᠴᠠᠭ᠎ᠠ ᠲᠠᠢ ᠠᠩᠬᠠᠨ ᠤ ᠴᠢᠯᠦᠭᠡᠲᠦ᠂ ᠠᠷᠠᠳᠴᠢᠯᠠᠭᠰᠠᠨ ᠰᠣᠩᠭᠣᠭᠤᠯᠢ ᠪᠣᠯᠵᠤ ᠠᠷᠠᠳ ᠤᠨ ᠶᠡᠬᠡ ᠬᠤᠷᠠᠯ /ᠠᠷᠠᠳ ᠤᠨ ᠶᠡᠬᠡ ᠬᠤᠷᠠᠯ/ ᠍ ᠢ ᠰᠢᠨᠡᠴᠢᠯᠡᠨ ᠪᠠᠶᠢᠭᠤᠯᠵᠤ᠂ ᠤᠯᠠᠮ ᠢᠶᠠᠷ ᠦᠨᠳᠦᠰᠦᠨ ᠬᠠᠤᠯᠢᠳᠠᠭ᠎ᠠ ᠥᠭᠡᠷᠡᠴᠢᠯᠡᠯᠲᠡ ᠣᠷᠣᠭᠤᠯᠤᠨ ᠲᠥᠷᠥ ᠶᠢᠨ ᠡᠷᠬᠡ ᠪᠠᠷᠢᠬᠤ᠂ ᠬᠠᠤᠯᠢ ᠲᠣᠭᠲᠠᠭᠠᠬᠤ ᠳᠡᠭᠡᠳᠦ ᠪᠠᠶᠢᠭᠤᠯᠤᠯᠭ᠎ᠠ ᠪᠣᠯᠬᠤ ᠪᠠᠶᠢᠩᠭᠤ ᠶᠢᠨ ᠠᠵᠢᠯᠯᠠᠭ᠎ᠠ ᠲᠠᠢ ᠤᠯᠤᠰ ᠤᠨ ᠪᠠᠭ᠎ᠠ ᠬᠤᠷᠠᠯ /ᠤᠯᠤᠰ ᠤᠨ ᠪᠠᠭ᠎ᠠ ᠬᠤᠷᠠᠯ/ ᠍ ᠶᠢ ᠪᠠᠶᠢᠭᠤᠯᠤᠭᠰᠠᠨ ᠪᠢᠯᠡ᠃
ᠤᠯᠤᠰ ᠤᠨ ᠪᠠᠭ᠎ᠠ ᠬᠤᠷᠠᠯ 1990 - 1992 ᠣᠨ
• ᠤᠯᠤᠰ ᠤᠨ ᠪᠠᠭ᠎ᠠ ᠬᠤᠷᠠᠯ ᠨᠢ 5 ᠪᠠᠶᠢᠩᠭᠤ ᠶᠢᠨ ᠬᠣᠷᠢᠶ᠎ᠠ ᠲᠠᠢ ᠪᠠᠷ ᠦᠢᠯᠡ ᠠᠵᠢᠯᠯᠠᠭ᠎ᠠ ᠶᠢ ᠪᠠᠨ ᠶᠠᠪᠤᠭᠤᠯᠵᠤ ᠪᠠᠶᠢᠪᠠ᠃ ᠭᠡᠰᠢᠭᠦᠨ ᠦ ᠰᠠᠭᠤᠳᠠᠯ᠂ ᠤᠯᠤᠰ ᠲᠥᠷᠥ ᠶᠢᠨ ᠨᠠᠮ ᠤᠨ ᠬᠠᠷᠢᠶᠠᠯᠠᠯ ᠢ ᠠᠪᠴᠤ ᠦᠵᠡᠪᠡᠯ ᠮᠣᠩᠭᠣᠯ ᠠᠷᠠᠳ ᠤᠨ ᠬᠤᠪᠢᠰᠬᠠᠯᠲᠤ ᠨᠠᠮ 33, ᠮ᠎ᠠ ᠪᠠᠨᠨ 13, ᠮᠣᠩᠭᠣᠯ ᠤᠨ ᠰᠣᠴᠢᠶᠠᠯ ᠳᠧᠮᠣᠺᠷᠠᠲ ᠨᠠᠮ 4, ᠮᠣᠩᠭᠣᠯ ᠦᠨᠳᠦᠰᠦᠨ ᠦ ᠳᠡᠪᠰᠢᠯᠲᠡ ᠶᠢᠨ ᠨᠠᠮ 3 ᠪᠠᠶᠢᠭᠰᠠᠨ᠃
ᠤᠯᠤᠰ ᠤᠨ ᠪᠠᠭ᠎ᠠ ᠬᠤᠷᠠᠯ 27 ᠬᠠᠤᠯᠢ ᠰᠢᠨ᠎ᠡ ᠪᠡᠷ ᠪᠠᠲᠤᠯᠠᠵᠤ᠂ 19 ᠬᠠᠤᠯᠢ ᠳᠤ ᠨᠡᠮᠡᠯᠲᠡ᠂ ᠥᠭᠡᠷᠡᠴᠢᠯᠡᠯᠲᠡ ᠣᠷᠣᠭᠤᠯᠤᠨ᠂ ᠣᠯᠠᠨ ᠤᠯᠤᠰ ᠤᠨ 17 ᠭᠡᠷ᠎ᠡ᠂ ᠺᠣᠨᠸᠧᠨᠼᠢ ᠰᠣᠶᠣᠷᠬᠠᠨ ᠪᠠᠲᠤᠯᠠᠵᠠᠢ᠃
ᠤᠯᠤᠰ ᠤᠨ ᠶᠡᠬᠡ ᠬᠤᠷᠠᠯ 1992 - 1996 ᠣᠨ
• ᠤᠯᠤᠰ ᠤᠨ ᠶᠡᠬᠡ ᠬᠤᠷᠠᠯ 10 ᠪᠠᠶᠢᠩᠭᠤ ᠶᠢᠨ ᠬᠣᠷᠢᠶ᠎ᠠ ᠲᠠᠢ /1995 ᠣᠨ ᠳᠤ 6 ᠪᠣᠯᠭᠠᠵᠤ ᠴᠥᠭᠡᠯᠡᠭᠰᠡᠨ/ ᠦᠢᠯᠡ ᠠᠵᠢᠯᠯᠠᠭ᠎ᠠ ᠪᠠᠨ ᠶᠠᠪᠤᠭᠤᠯᠵᠤ ᠪᠠᠶᠢᠪᠠ᠃ ᠭᠡᠰᠢᠭᠦᠨ ᠦ ᠰᠠᠭᠤᠳᠠᠯ᠂ ᠤᠯᠤᠰ ᠲᠥᠷᠥ ᠶᠢᠨ ᠨᠠᠮ ᠤᠨ ᠬᠠᠷᠢᠶᠠᠯᠠᠯ ᠢ ᠠᠪᠴᠤ ᠦᠵᠡᠪᠡᠯ ᠮᠣᠩᠭᠣᠯ ᠠᠷᠠᠳ ᠤᠨ ᠬᠤᠪᠢᠰᠬᠠᠯᠲᠤ ᠨᠠᠮ 70, ᠮ᠎ᠠ ᠪᠠᠨᠨ-ᠮᠣᠩᠭᠣᠯ ᠦᠨᠳᠦᠰᠦᠨ ᠦ ᠳᠡᠪᠰᠢᠯᠲᠡ ᠶᠢᠨ ᠨᠠᠮ-НН ᠍ ᠤᠨ 《ᠠᠷᠠᠳᠴᠢᠯᠠᠭᠰᠠᠨ ᠬᠣᠯᠪᠣᠭ᠎ᠠ》 ᠡᠪᠰᠡᠯ 4, ᠮᠣᠩᠭᠣᠯ ᠤᠨ ᠰᠣᠴᠢᠶᠠᠯ ᠳᠧᠮᠣᠺᠷᠠᠲ ᠨᠠᠮ 1, ᠪᠡᠶ᠎ᠡ ᠳᠠᠩ ᠨᠡᠷ᠎ᠡ ᠳᠡᠪᠰᠢᠭᠴᠢ 1 ᠪᠠᠶᠢᠴᠠᠢ᠃
ᠤᠯᠤᠰ ᠤᠨ ᠶᠡᠬᠡ ᠬᠤᠷᠠᠯ ᠪᠦᠷᠢᠨ ᠡᠷᠬᠡ ᠶᠢᠨ ᠢᠶᠡᠨ ᠬᠤᠭᠤᠴᠠᠭᠠᠨ ᠳᠤ ᠰᠢᠨ᠎ᠡ ᠪᠡᠷ 137 ᠬᠠᠤᠯᠢ ᠪᠠᠲᠤᠯᠠᠵᠤ᠂ 142 ᠬᠠᠤᠯᠢ ᠳᠤ ᠨᠡᠮᠡᠯᠲᠡ᠂ ᠥᠭᠡᠷᠡᠴᠢᠯᠡᠯᠲᠡ ᠣᠷᠣᠭᠤᠯᠤᠨ᠂ 46 ᠬᠠᠤᠯᠢ ᠶᠢ ᠬᠦᠴᠦᠨ ᠦᠭᠡᠢ ᠪᠣᠯᠤᠭᠰᠠᠨ ᠳᠤ ᠲᠣᠭᠠᠴᠠᠭᠰᠠᠨ ᠪᠠᠶᠢᠨ᠎ᠠ᠃ ᠮᠥᠨ ᠣᠯᠠᠨ ᠤᠯᠤᠰ ᠤᠨ ᠭᠡᠷ᠎ᠡ᠂ ᠺᠣᠨᠸᠧᠨᠼᠢ 40 ᠍ ᠶᠢ ᠰᠣᠶᠣᠷᠬᠠᠨ ᠪᠠᠲᠤᠯᠠᠵᠠᠢ᠃
ᠤᠯᠤᠰ ᠤᠨ ᠶᠡᠬᠡ ᠬᠤᠷᠠᠯ 1996 - 2000 ᠣᠨ
• ᠤᠯᠤᠰ ᠤᠨ ᠶᠡᠬᠡ ᠬᠤᠷᠠᠯ 1996-1997 ᠣᠨ ᠳᠤ 5 ᠪᠠᠶᠢᠩᠭᠤ ᠶᠢᠨ ᠬᠣᠷᠤᠭ᠎ᠠ ᠲᠠᠢ ᠪᠠᠶᠢᠭᠰᠠᠨ ᠪᠣᠯ 1997-2000 ᠣᠨ ᠳᠤ 7 ᠪᠠᠶᠢᠩᠭᠤ ᠶᠢᠨ ᠬᠣᠷᠢᠶ᠎ᠠ ᠲᠠᠢ ᠪᠠᠷ ᠦᠢᠯᠡ ᠠᠵᠢᠯᠯᠠᠭ᠎ᠠ ᠶᠢ ᠪᠠᠨ ᠶᠠᠪᠤᠭᠤᠯᠵᠤ ᠪᠠᠶᠢᠪᠠ᠃ ᠭᠡᠰᠢᠭᠦᠨ ᠦ ᠰᠠᠭᠤᠳᠠᠯ᠂ ᠤᠯᠤᠰ ᠲᠥᠷᠥ ᠶᠢᠨ ᠨᠠᠮ ᠤᠨ ᠬᠠᠷᠢᠶᠠᠯᠠᠯ ᠢᠶᠠᠷ ᠠᠪᠴᠤ ᠦᠵᠡᠪᠡᠯ 50 ᠨᠢ ᠮᠣᠩᠭᠣᠯ ᠤᠨ ᠦᠨᠳᠦᠰᠦᠨ ᠦ ᠠᠷᠠᠳᠴᠢᠯᠠᠭᠰᠠᠨ ᠨᠠᠮ᠂ ᠮᠣᠩᠭᠣᠯ ᠤᠨ ᠰᠣᠴᠢᠶᠠᠯ ᠳᠧᠮᠣᠺᠷᠠᠲ ᠨᠠᠮ᠂ ᠮᠣᠩᠭᠣᠯ ᠤᠨ ᠱᠠᠰᠢᠨᠲᠠᠨ ᠤ ᠠᠷᠠᠳᠴᠢᠯᠠᠭᠰᠠᠨ ᠨᠠᠮ᠂ НН ᠍ ᠤᠨ 《ᠠᠷᠠᠳᠴᠢᠯᠠᠭᠰᠠᠨ ᠬᠣᠯᠪᠣᠭ᠎ᠠ》 ᠡᠪᠰᠡᠯ᠂ 25 ᠨᠢ ᠮᠣᠩᠭᠣᠯ ᠠᠷᠠᠳ ᠤᠨ ᠬᠤᠪᠢᠰᠬᠠᠯᠲᠤ ᠨᠠᠮ᠂ 1 ᠨᠢ МУНН ᠍ ᠤᠨ ᠲᠥᠯᠥᠭᠡᠯᠡᠯ ᠪᠠᠶᠢᠴᠠᠢ᠃
ᠤᠯᠤᠰ ᠤᠨ ᠶᠡᠬᠡ ᠬᠤᠷᠠᠯ ᠪᠦᠷᠢᠨ ᠡᠷᠬᠡ ᠶᠢᠨ ᠢᠶᠡᠨ ᠬᠤᠭᠤᠴᠠᠭᠠᠨ ᠳᠤ ᠰᠢᠨ᠎ᠡ ᠪᠡᠷ 173 ᠬᠠᠤᠯᠢ ᠪᠠᠲᠤᠯᠠᠵᠤ᠂ ᠳᠠᠪᠬᠤᠷᠳᠠᠭᠰᠠᠨ ᠲᠣᠭ᠎ᠠ ᠪᠠᠷ 255 ᠬᠠᠤᠯᠢ ᠳᠤ ᠨᠡᠮᠡᠯᠲᠡ᠂ ᠥᠭᠡᠷᠡᠴᠢᠯᠡᠯᠲᠡ ᠣᠷᠣᠭᠤᠯᠤᠨ᠂ 32 ᠬᠠᠤᠯᠢ ᠶᠢ ᠬᠦᠴᠦᠨ ᠦᠭᠡᠢ ᠪᠣᠯᠤᠭᠰᠠᠨ ᠳᠤ ᠲᠣᠭᠠᠴᠠᠵᠠᠢ᠃ ᠮᠥᠨ ᠣᠯᠠᠨ ᠤᠯᠤᠰ ᠤᠨ ᠭᠡᠷ᠎ᠡ᠂ ᠺᠣᠨᠸᠧᠨᠼᠢ 71 ᠍ ᠶᠢ ᠰᠣᠶᠣᠷᠬᠠᠨ ᠪᠠᠲᠤᠯᠠᠭᠰᠠᠨ ᠪᠠᠶᠢᠨ᠎ᠠ᠃
ᠤᠯᠤᠰ ᠤᠨ ᠶᠡᠬᠡ ᠬᠤᠷᠠᠯ 2000 - 2004 ᠣᠨ
• ᠤᠯᠤᠰ ᠤᠨ ᠶᠡᠬᠡ ᠬᠤᠷᠠᠯ 7 ᠪᠠᠶᠢᠩᠭᠤ ᠶᠢᠨ ᠬᠣᠷᠢᠶ᠎ᠠ ᠲᠠᠢ ᠦᠢᠯᠡ ᠠᠵᠢᠯᠯᠠᠭ᠎ᠠ ᠶᠢ ᠪᠠᠨ ᠶᠠᠪᠤᠭᠤᠯᠵᠤ ᠪᠠᠶᠢᠴᠠᠢ᠃ ᠭᠡᠰᠢᠭᠦᠨ ᠦ ᠰᠠᠭᠤᠳᠠᠯ᠂ ᠤᠯᠤᠰ ᠲᠥᠷᠥ ᠶᠢᠨ ᠨᠠᠮ ᠤᠨ ᠬᠠᠷᠢᠶᠠᠯᠠᠯ ᠢᠶᠠᠷ ᠨᠢ ᠠᠪᠴᠤ ᠦᠵᠡᠪᠡᠯ ᠮᠣᠩᠭᠣᠯ ᠠᠷᠠᠳ ᠤᠨ ᠬᠤᠪᠢᠰᠬᠠᠯᠲᠤ ᠨᠠᠮ 72, ᠮᠣᠩᠭᠣᠯ ᠤᠨ ᠦᠨᠳᠦᠰᠦᠨ ᠦ ᠠᠷᠠᠳᠴᠢᠯᠠᠭᠰᠠᠨ ᠨᠠᠮ᠂ ᠮᠣᠩᠭᠣᠯ ᠤᠨ ᠱᠠᠰᠢᠨᠲᠠᠨ ᠤ ᠠᠷᠠᠳᠴᠢᠯᠠᠭᠰᠠᠨ ᠨᠠᠮ ᠤᠨ 《ᠠᠷᠠᠳᠴᠢᠯᠠᠭᠰᠠᠨ ᠬᠣᠯᠪᠣᠭ᠎ᠠ》 ᠡᠪᠰᠡᠯ 1, ᠢᠷᠭᠡᠨ ᠦ ᠵᠣᠷᠢᠭ ᠨᠠᠮ-НН 1, ᠡᠬᠡ ᠣᠷᠣᠨ-ᠮᠣᠩᠭᠣᠯ ᠠᠷᠠᠳᠴᠢᠯᠠᠭᠰᠠᠨ ᠰᠢᠨ᠎ᠡ ᠰᠣᠴᠢᠶᠠᠯᠢᠰᠲᠤ ᠨᠠᠮ 1, ᠪᠡᠶ᠎ᠡ ᠳᠠᠭᠠᠭᠠᠭᠴᠢ 1 ᠭᠡᠰᠡᠨ ᠲᠥᠯᠥᠭᠡᠯᠡᠯᠲᠡᠢ ᠪᠠᠶᠢᠪᠠ᠃
ᠤᠯᠤᠰ ᠤᠨ ᠶᠡᠬᠡ ᠬᠤᠷᠠᠯ ᠪᠦᠷᠢᠨ ᠡᠷᠬᠡ ᠶᠢᠨ ᠢᠶᠡᠨ ᠬᠤᠭᠤᠴᠠᠭᠠᠨ ᠳᠤ 140 ᠬᠠᠤᠯᠢ ᠰᠢᠨ᠎ᠡ ᠪᠡᠷ ᠪᠠᠲᠤᠯᠠᠵᠤ᠂ 443 ᠬᠠᠤᠯᠢ ᠳᠤ ᠨᠡᠮᠡᠯᠲᠡ᠂ ᠥᠭᠡᠷᠡᠴᠢᠯᠡᠯᠲᠡ ᠣᠷᠣᠭᠤᠯᠤᠨ᠂ 51 ᠬᠠᠤᠯᠢ ᠶᠢ ᠬᠦᠴᠦᠨ ᠦᠭᠡᠢ ᠪᠣᠯᠭᠠᠭᠰᠠᠨ ᠪᠠᠶᠢᠨ᠎ᠠ᠃ ᠮᠥᠨ ᠣᠯᠠᠨ ᠤᠯᠤᠰ ᠤᠨ ᠭᠡᠷ᠎ᠡ᠂ ᠺᠣᠨᠸᠧᠨᠼᠢ 110 ᠍ ᠢ ᠰᠣᠶᠣᠷᠬᠠᠨ ᠪᠠᠲᠤᠯᠠᠵᠠᠢ᠃
ᠤᠯᠤᠰ ᠤᠨ ᠶᠡᠬᠡ ᠬᠤᠷᠠᠯ 2004- 2008 ᠣᠨ
• ᠤᠯᠤᠰ ᠤᠨ ᠶᠡᠬᠡ ᠬᠤᠷᠠᠯ 11 ᠪᠠᠶᠢᠩᠭᠤ ᠶᠢᠨ ᠬᠣᠷᠢᠶ᠎ᠠ᠂ 8 ᠳᠡᠳ᠋ ᠬᠣᠷᠢᠶ᠎ᠠ ᠲᠠᠢ ᠠᠵᠢᠯᠯᠠᠵᠤ ᠪᠠᠶᠢᠪᠠ᠃ ᠭᠡᠰᠢᠭᠦᠳ ᠦᠨ ᠨᠠᠮ ᠤᠨ ᠬᠠᠷᠢᠶᠠᠯᠠᠯ ᠢ ᠠᠪᠴᠤ ᠦᠵᠡᠪᠡᠯ ᠮᠣᠩᠭᠣᠯ ᠠᠷᠠᠳ ᠤᠨ ᠬᠤᠪᠢᠰᠬᠠᠯᠲᠤ ᠨᠠᠮ ᠠᠴᠠ 39, АН ᠍ ᠠᠴᠠ 26, ᠡᠬᠡ ᠣᠷᠣᠨ ᠨᠠᠮ ᠠᠴᠠ 4, ҮШН ᠍ ᠠᠴᠠ 3, ᠢᠷᠭᠡᠨ ᠦ ᠵᠣᠷᠢᠭ ᠨᠠᠮ ᠠᠴᠠ 2, ᠪᠦᠭᠦᠳᠡ ᠨᠠᠶᠢᠷᠠᠮᠳᠠᠬᠤ ᠨᠠᠮ ᠠᠴᠠ 1 ᠬᠦᠮᠦᠨ ᠲᠤᠰ ᠲᠤᠰ ᠰᠣᠩᠭᠣᠭᠳᠠᠭᠰᠠᠨ ᠪᠠᠶᠢᠨ᠎ᠠ᠃
ᠤᠯᠤᠰ ᠤᠨ ᠶᠡᠬᠡ ᠬᠤᠷᠠᠯ ᠪᠦᠷᠢᠨ ᠡᠷᠬᠡ ᠶᠢᠨ ᠢᠶᠡᠨ ᠬᠤᠭᠤᠴᠠᠭᠠᠨ ᠳᠤ 89 ᠬᠠᠤᠯᠢ ᠰᠢᠨ᠎ᠡ ᠪᠡᠷ ᠪᠠᠲᠤᠯᠠᠵᠤ᠂ 336 ᠬᠠᠤᠯᠢ ᠳᠤ ᠨᠡᠮᠡᠯᠲᠡ᠂ ᠥᠭᠡᠷᠡᠴᠢᠯᠡᠯᠲᠡ ᠣᠷᠣᠭᠤᠯᠵᠠᠢ᠃ ᠮᠥᠨ ᠣᠯᠠᠨ ᠤᠯᠤᠰ ᠤᠨ ᠭᠡᠷ᠎ᠡ᠂ ᠺᠣᠨᠸᠧᠨᠼᠢ 68 ᠍ ᠶᠢ ᠰᠣᠶᠣᠷᠬᠠᠨ ᠪᠠᠲᠤᠯᠠᠵᠤ᠂ 50 ᠬᠠᠤᠯᠢ ᠶᠢ ᠬᠦᠴᠦᠨ ᠦᠭᠡᠢ ᠪᠣᠯᠤᠭᠰᠠᠨ ᠳᠤ ᠲᠣᠭᠠᠴᠠᠭᠰᠠᠨ ᠪᠠᠶᠢᠨ᠎ᠠ᠃
ᠤᠯᠤᠰ ᠤᠨ ᠶᠡᠬᠡ ᠬᠤᠷᠠᠯ 2008- 2012 ᠣᠨ
• ᠤᠯᠤᠰ ᠤᠨ ᠶᠡᠬᠡ ᠬᠤᠷᠠᠯ ᠤᠨ ᠭᠡᠰᠢᠭᠦᠳ 7 ᠪᠠᠶᠢᠩᠭᠤ ᠶᠢᠨ ᠬᠣᠷᠢᠶ᠎ᠠ᠂ 11 ᠳᠡᠳ᠋ ᠬᠣᠷᠢᠶᠠᠨ ᠳᠤ ᠬᠠᠷᠢᠶᠠᠯᠠᠭᠳᠠᠨ ᠠᠵᠢᠯᠯᠠᠵᠤ ᠪᠠᠶᠢᠪᠠ᠃ ᠭᠡᠰᠢᠭᠦᠳ ᠦᠨ ᠰᠠᠭᠤᠳᠠᠯ᠂ ᠤᠯᠤᠰ ᠲᠥᠷᠥ ᠶᠢᠨ ᠨᠠᠮ ᠤᠨ ᠬᠠᠷᠢᠶᠠᠯᠠᠯ ᠢ ᠠᠪᠴᠤ ᠦᠵᠡᠪᠡᠯ ᠮᠣᠩᠭᠣᠯ ᠠᠷᠠᠳ ᠤᠨ ᠬᠤᠪᠢᠰᠬᠠᠯᠲᠤ ᠨᠠᠮ ᠠᠴᠠ (ᠬᠠᠭᠤᠴᠢᠨ ᠨᠡᠷ᠎ᠡ ᠪᠡᠷ) 45, АН ᠍ ᠠᠴᠠ 28, ᠢᠷᠭᠡᠨ ᠦ ᠵᠣᠷᠢᠭ ᠨᠠᠮ ᠠᠴᠠ 1, ᠢᠷᠭᠡᠨ ᠦ ᠡᠪᠰᠡᠯ ᠡᠴᠡ 1, ᠪᠡᠶ᠎ᠡ ᠳᠠᠭᠠᠭᠠᠭᠴᠢ 1 ᠬᠦᠮᠦᠨ ᠰᠣᠩᠭᠣᠭᠳᠠᠭᠰᠠᠨ ᠪᠠᠶᠢᠨ᠎ᠠ᠃
ᠤᠯᠤᠰ ᠤᠨ ᠶᠡᠬᠡ ᠬᠤᠷᠠᠯ ᠪᠦᠷᠢᠨ ᠡᠷᠬᠡ ᠶᠢᠨ ᠢᠶᠡᠨ ᠬᠤᠭᠤᠴᠠᠭᠠᠨ ᠳᠤ 111 ᠬᠠᠤᠯᠢ ᠰᠢᠨ᠎ᠡ ᠪᠡᠷ ᠪᠠᠲᠤᠯᠠᠵᠤ᠂ 485 ᠬᠠᠤᠯᠢ ᠳᠤ ᠨᠡᠮᠡᠯᠲᠡ᠂ ᠥᠭᠡᠷᠡᠴᠢᠯᠡᠯᠲᠡ ᠣᠷᠣᠭᠤᠯᠵᠠᠢ᠃ ᠮᠥᠨ ᠣᠯᠠᠨ ᠤᠯᠤᠰ ᠤᠨ ᠭᠡᠷ᠎ᠡ᠂ ᠺᠣᠨᠸᠧᠼᠢ 59 ᠍ ᠶᠢ ᠰᠣᠶᠣᠷᠬᠠᠨ ᠪᠠᠲᠤᠯᠠᠵᠤ᠂ ᠬᠠᠤᠯᠢ᠂ ᠬᠠᠤᠯᠢ ᠶᠢᠨ ᠵᠦᠢᠯ᠂ ᠬᠡᠰᠡᠭ᠂ ᠵᠢᠭᠠᠯᠲᠠ ᠶᠢ ᠬᠦᠴᠦᠨ ᠦᠭᠡᠢ ᠪᠣᠯᠤᠭᠰᠠᠨ ᠳᠤ ᠲᠣᠭᠠᠴᠠᠬᠤ ᠲᠤᠬᠠᠢ 70 ᠬᠠᠤᠯᠢ ᠪᠠᠲᠤᠯᠠᠵᠠᠢ᠃
ᠤᠯᠤᠰ ᠤᠨ ᠶᠡᠬᠡ ᠬᠤᠷᠠᠯ 2012 - 2016 ᠣᠨ
ᠤᠯᠤᠰ ᠤᠨ ᠶᠡᠬᠡ ᠬᠤᠷᠠᠯ 8 ᠪᠠᠶᠢᠩᠭᠤ ᠶᠢᠨ ᠬᠣᠷᠢᠶ᠎ᠠ᠂ 10 ᠳᠡᠳ᠋ ᠬᠣᠷᠢᠶ᠎ᠠ ᠲᠠᠢ ᠠᠵᠢᠯᠯᠠᠵᠤ ᠪᠠᠶᠢᠨ᠎ᠠ᠃ ᠭᠡᠰᠢᠭᠦᠳ ᠦᠨ ᠰᠠᠭᠤᠳᠠᠯ᠂ ᠤᠯᠤᠰ ᠲᠥᠷᠥ ᠶᠢᠨ ᠨᠠᠮ ᠤᠨ ᠬᠠᠷᠢᠶᠠᠯᠠᠯ ᠢ ᠠᠪᠴᠤ ᠦᠵᠡᠪᠡᠯ АН 34, МАН 26, ᠮᠣᠩᠭᠣᠯ ᠠᠷᠠᠳ ᠤᠨ ᠬᠤᠪᠢᠰᠬᠠᠯᠲᠤ ᠨᠠᠮ-ᠮᠣᠩᠭᠣᠯ ᠤᠨ ᠦᠨᠳᠦᠰᠦᠨ ᠦ ᠠᠷᠠᠳᠴᠢᠯᠠᠭᠰᠠᠨ ᠨᠠᠮ ᠤᠨ 《ᠰᠢᠳᠤᠷᠭᠤ ᠶᠣᠰᠣ》 ᠡᠪᠰᠡᠯ ᠡᠴᠡ 11, ИЗНН 2, ᠪᠡᠶ᠎ᠡ ᠳᠠᠩ ᠨᠡᠷ᠎ᠡ ᠳᠡᠪᠰᠢᠭᠰᠡᠨ 3 ᠬᠦᠮᠦᠨ ᠲᠤᠰ ᠲᠤᠰ ᠰᠣᠩᠭᠣᠭᠳᠠᠭᠰᠠᠨ ᠪᠠᠶᠢᠨ᠎ᠠ᠃


ᠰᠣᠩᠭᠣᠭᠤᠯᠢ ᠶᠢᠨ ᠡᠷᠬᠡ[ᠵᠠᠰᠠᠪᠤᠷᠢᠯᠠᠬᠤ | ᠺᠣᠳ᠋ ᠢᠶᠠᠷ ᠵᠠᠰᠠᠬᠣ]

ᠤᠯᠤᠰ ᠤᠨ ᠶᠡᠬᠡ ᠬᠤᠷᠠᠯ ᠤᠨ 76 ᠭᠡᠰᠢᠭᠦᠨ ᠪᠦᠭᠦᠳᠡ ᠥᠪᠡᠷ ᠥᠪᠡᠷᠰᠡᠳ ᠦᠨ ᠰᠣᠩᠭᠣᠭᠤᠯᠢ ᠶᠢᠨ ᠲᠣᠭᠣᠷᠢᠭ ᠢ ᠲᠥᠯᠥᠭᠡᠯᠡᠬᠦ ᠪᠠ 4 ᠵᠢᠯ ᠦᠨ ᠬᠤᠭᠤᠴᠠᠭ᠎ᠠ ᠲᠠᠢ ᠪᠠᠷ ᠰᠣᠩᠭᠣᠭᠳᠠᠨ᠎ᠠ᠃ ᠰᠣᠩᠭᠣᠭᠤᠯᠢ ᠳᠤ ᠤᠷᠤᠯᠴᠠᠬᠤ ᠡᠷᠬᠡ ᠲᠡᠢ ᠨᠡᠶᠢᠲᠡ ᠠᠷᠠᠳ ᠤᠨ 50 ᠍ ᠰ ᠳᠡᠭᠡᠭᠰᠢ ᠬᠤᠪᠢ ᠨᠢ ᠯᠠ ᠰᠣᠩᠭᠣᠭᠤᠯᠢ ᠳᠤ ᠣᠷᠣᠯᠴᠠᠪᠠᠯ ᠰᠣᠩᠭᠣᠭᠤᠯᠢ ᠬᠦᠴᠦᠨᠲᠡᠢ ᠪᠣᠯᠤᠨ᠎ᠠ᠃ 18 ᠨᠠᠰᠤ ᠬᠦᠷᠦᠭᠰᠡᠨ ᠢᠷᠭᠡᠳ ᠰᠤᠩᠭᠤᠬᠤ ᠡᠷᠬᠡ ᠲᠡᠢ᠃ 25 ᠨᠠᠰᠤᠨ ᠠᠴᠠ ᠳᠡᠭᠡᠭᠰᠢ ᠢᠷᠭᠡᠳ ᠰᠣᠩᠭᠣᠭᠳᠠᠬᠤ ᠡᠷᠬᠡ ᠲᠡᠢ ᠪᠠᠶᠢᠨ᠎ᠠ᠃

ᠭᠦᠢᠴᠡᠳᠭᠡᠬᠦ ᠡᠭᠦᠷᠭᠡ[ᠵᠠᠰᠠᠪᠤᠷᠢᠯᠠᠬᠤ | ᠺᠣᠳ᠋ ᠢᠶᠠᠷ ᠵᠠᠰᠠᠬᠣ]

ᠤᠯᠤᠰ ᠤᠨ ᠶᠡᠬᠡ ᠬᠤᠷᠠᠯ ᠵᠠᠰᠠᠭ ᠤᠨ ᠭᠠᠵᠠᠷ ᠲᠠᠢ ᠬᠠᠮᠲᠤ ᠰᠢᠨ᠎ᠡ ᠬᠠᠤᠯᠢ ᠲᠣᠭᠲᠠᠭᠠᠮᠵᠢ ᠶᠢ ᠭᠠᠷᠭᠠᠨ᠎ᠠ᠃ ᠤᠯᠤᠰ ᠤᠨ ᠶᠡᠬᠡ ᠬᠤᠷᠠᠯ ᠳᠦ ᠲᠥᠯᠥᠭᠡᠯᠡᠭᠴᠢ ᠲᠡᠢ ᠨᠠᠮ ᠤᠳ ᠶᠡᠷᠦᠩᠬᠡᠶᠢᠯᠡᠭᠴᠢ ᠶᠢᠨ ᠰᠣᠩᠭᠣᠭᠤᠯᠢ ᠳᠤ ᠨᠠᠮ ᠠᠴᠠ ᠪᠠᠨ ᠨᠡᠷ᠎ᠡ ᠳᠡᠪᠰᠢᠭᠦᠯᠦᠨ᠎ᠡ᠃ ᠮᠥᠨ ᠶᠡᠷᠦᠩᠬᠡᠢ ᠰᠠᠶᠢᠳ ᠪᠠ ᠪᠤᠰᠤᠳ ᠰᠠᠶᠢᠳ ᠨᠠᠷ ᠢ ᠪᠠᠲᠤᠯᠠᠳᠠᠭ᠃ ᠰᠢᠢᠳᠪᠦᠷᠢ ᠨᠦᠭᠦᠳ ᠲᠦ ᠨᠢ ᠶᠡᠷᠦᠩᠬᠡᠶᠢᠯᠡᠭᠴᠢ ᠬᠣᠷᠢᠭ ᠲᠠᠯᠪᠢᠬᠤ ᠳᠤ ᠨᠡᠶᠢᠲᠡ ᠭᠡᠰᠢᠭᠦᠨ ᠦ ᠭᠤᠷᠪᠠᠨ ᠤ ᠬᠣᠶᠠᠷ ᠨᠢ ᠬᠦᠯᠢᠶᠡᠵᠦ ᠠᠪᠬᠤ ᠦᠭᠡᠢ ᠪᠣᠯ ᠰᠢᠢᠳᠪᠦᠷᠢ ᠬᠡᠪ ᠢᠶᠡᠷ ᠢᠶᠡᠨ ᠦᠯᠡᠳᠡᠨ᠎ᠡ᠃ ᠮᠥᠨ ᠦᠨᠳᠦᠰᠦᠨ ᠬᠠᠤᠯᠢ ᠶᠢ ᠥᠭᠡᠷᠡᠴᠢᠯᠡᠬᠦ ᠳᠦ ᠨᠡᠶᠢᠲᠡ ᠭᠡᠰᠢᠭᠦᠨ ᠦ ᠭᠤᠷᠪᠠᠨ ᠤ ᠬᠣᠶᠠᠷ ᠵᠥᠪᠰᠢ ᠪᠡᠷ ᠬᠢ ᠶᠣᠰᠣᠲᠠᠢ᠃

ᠶᠡᠬᠡ ᠬᠤᠷᠠᠯ ᠤᠨ ᠳᠠᠷᠤᠭ᠎ᠠ ᠨᠠᠷ[ᠵᠠᠰᠠᠪᠤᠷᠢᠯᠠᠬᠤ | ᠺᠣᠳ᠋ ᠢᠶᠠᠷ ᠵᠠᠰᠠᠬᠣ]

ᠶᠡᠬᠡ ᠬᠤᠷᠠᠯ ᠤᠨ ᠳᠠᠷᠤᠭ᠎ᠠ ᠶᠢ ᠭᠡᠰᠢᠭᠦᠳ ᠳᠤᠮᠳᠠ ᠠᠴᠠ ᠨᠢ ᠰᠣᠩᠭᠣᠳᠠᠭ᠃

ᠳ᠃ᠳ ᠨᠡᠷ᠎ᠡ ᠠᠵᠢᠯᠯᠠᠭᠰᠠᠨ ᠬᠤᠭᠤᠴᠠᠭ᠎ᠠ
1 ᠨᠠᠴᠤᠭ ᠤᠨ ᠪᠠᠭᠠᠪᠠᠨᠳᠢ 1992 - 1996
2 ᠷᠠᠳᠨᠠᠰᠦᠮᠪᠡᠷᠢᠯ ᠦᠨ ᠭᠣᠨᠴᠣᠭᠳᠣᠷᠵᠢ 1996 - 2000
3 ᡀᠠᠮᠣᠰᠦ᠋ᠷᠦᠩ ᠦᠨ ᠡᠨᠢᠪᠰᠢ 2000 - 2001
4 ᠰᠠᠨᠵᠢᠪᠡᠭᠵᠡ ᠶᠢᠨ ᠲᠡᠮᠦᠷ-ᠣᠴᠢᠷ 2001 - 2004
5 ᠨᠠᠮᠪᠠᠷ ᠤᠨ ᠡᠩᠬᠡᠪᠠᠶᠠᠷ 2004 - 2005
6 ᠴᠡᠨᠳᠡᠶᠢᠨ ᠨᠢᠮᠠᠳᠣᠷᠵᠢ 2005 - 2007
7 ᠳᠠᠨᠽᠠᠨᠠᠭ ᠤᠨ ᠯᠦᠨᠳᠡᠵᠠᠨᠼᠠᠨ 2007 - 2008
8 ᠳᠠᠮᠳᠢᠨ ᠤ ᠳᠡᠮᠪᠡᠷᠢᠯ 2008 - 2012
9 ᠵᠠᠩᠳᠠᠬᠦᠦ ᠶᠢᠨ ᠡᠩᠬᠡᠪᠣᠯᠤᠳ 2012 -2016

ᠮᠣᠩᠭᠣᠯ ᠤᠯᠤᠰ ᠤᠨ ᠶᠡᠬᠡ ᠬᠤᠷᠠᠯ[ᠵᠠᠰᠠᠪᠤᠷᠢᠯᠠᠬᠤ | ᠺᠣᠳ᠋ ᠢᠶᠠᠷ ᠵᠠᠰᠠᠬᠣ]

ᠮᠣᠩᠭᠣᠯ ᠤᠯᠤᠰ ᠤᠨ ᠶᠡᠬᠡ ᠬᠤᠷᠠᠯ ᠪᠣᠯ ᠲᠥᠷᠥ ᠶᠢᠨ ᠡᠷᠬᠡ ᠪᠠᠷᠢᠬᠤ ᠳᠡᠭᠡᠳᠦ ᠪᠠᠶᠢᠭᠤᠯᠤᠯᠭ᠎ᠠ ᠪᠥᠭᠡᠳ ᠬᠠᠤᠯᠢ ᠲᠣᠭᠲᠠᠭᠠᠬᠤ ᠡᠷᠬᠡ ᠮᠡᠳᠡᠯ ᠢ ᠭᠠᠭᠴᠠᠬᠦ ᠤᠯᠤᠰ ᠤᠨ ᠶᠡᠬᠡ ᠬᠤᠷᠠᠯ (ᠤᠯᠤᠰ ᠤᠨ ᠶᠡᠬᠡ ᠬᠤᠷᠠᠯ) ᠬᠡᠷᠡᠭᠵᠢᠭᠦᠯᠦᠨ᠎ᠡ᠃
ᠤᠯᠤᠰ ᠤᠨ ᠶᠡᠬᠡ ᠬᠤᠷᠠᠯ ᠨᠢᠭᠡ ᠲᠠᠩᠬᠢᠮ ᠲᠠᠢ᠂ 76 ᠭᠡᠰᠢᠭᠦᠨ ᠲᠡᠢ ᠪᠥᠭᠡᠳ ᠤᠯᠤᠰ ᠤᠨ ᠶᠡᠬᠡ ᠬᠤᠷᠠᠯ ᠤᠨ ᠡᠭᠡᠯᠵᠢᠲᠦ ᠰᠣᠩᠭᠣᠭᠤᠯᠢ ᠶᠢᠨ ᠳᠠᠷᠠᠭ᠎ᠠ ᠨᠡᠶᠢᠲᠡ ᠭᠡᠰᠢᠭᠦᠨ ᠦ ᠳᠥᠷᠪᠡᠨ ᠦ ᠭᠤᠷᠪᠠ ᠪᠤᠶᠤ 57 ᠍ ᠠᠴᠠ ᠳᠣᠭᠣᠭᠰᠢ ᠦᠭᠡᠢ ᠭᠡᠰᠢᠭᠦᠨ ᠰᠣᠩᠭᠣᠭᠳᠠᠵᠤ᠂ ᠤᠯᠤᠰ ᠤᠨ ᠶᠡᠬᠡ ᠬᠤᠷᠠᠯ ᠤᠨ ᠭᠡᠰᠢᠭᠦᠨ ᠦ ᠲᠠᠩᠭᠠᠷᠢᠭ ᠡᠷᠭᠦᠭᠰᠡᠨ ᠪᠣᠯ ᠤᠯᠤᠰ ᠤᠨ ᠶᠡᠬᠡ ᠬᠤᠷᠠᠯ ᠢ ᠪᠦᠷᠢᠨ ᠡᠷᠬᠡ ᠪᠡᠨ ᠬᠡᠷᠡᠭᠵᠢᠭᠦᠯᠬᠦ ᠪᠥᠷᠢᠯᠳᠦᠬᠡᠬᠦᠨ ᠲᠡᠢ ᠳᠦ ᠲᠣᠭᠠᠴᠠᠳᠠᠭ᠃
ᠤᠯᠤᠰ ᠤᠨ ᠶᠡᠬᠡ ᠬᠤᠷᠠᠯ ᠶᠢᠨ ᠭᠡᠰᠢᠭᠦᠨ ᠪᠣᠯ ᠠᠷᠠᠳ ᠲᠦᠮᠡᠨ ᠦ ᠡᠯᠴᠢ ᠮᠥᠨ ᠪᠥᠭᠡᠳ ᠨᠡᠶᠢᠲᠡ ᠢᠷᠭᠡᠨ᠂ ᠠᠷᠠᠳ ᠲᠦᠮᠡᠨ ᠦ ᠠᠰᠢᠭ ᠰᠣᠨᠢᠷᠬᠠᠯ ᠢ ᠡᠷᠬᠢᠮᠯᠡᠨ ᠪᠠᠷᠢᠮᠲᠠᠯᠠᠨ᠎ᠠ᠃
ᠤᠯᠤᠰ ᠤᠨ ᠶᠡᠬᠡ ᠬᠤᠷᠠᠯ ᠤᠨ ᠭᠡᠰᠢᠭᠦᠨ ᠦ ᠪᠦᠷᠢᠨ ᠡᠷᠬᠡ ᠨᠢ ᠲᠥᠷᠥ ᠶᠢᠨ ᠰᠦᠯᠳᠡᠩ ᠳᠦ ᠲᠠᠩᠭᠠᠷᠢᠭ ᠡᠷᠭᠦᠭᠰᠡᠨ ᠢᠶᠡᠷ ᠡᠬᠢᠯᠡᠵᠦ᠂ ᠤᠯᠤᠰ ᠤᠨ ᠶᠡᠬᠡ ᠬᠤᠷᠠᠯ ᠤᠨ ᠳᠠᠷᠤᠭ᠎ᠠ ᠶᠢᠨ ᠰᠣᠩᠭᠣᠭᠤᠯᠢ ᠪᠠᠷ ᠰᠢᠨ᠎ᠡ ᠰᠣᠩᠭᠣᠭᠳᠠᠭᠰᠠᠨ ᠭᠡᠰᠢᠭᠦᠳ ᠲᠠᠩᠭᠠᠷᠢᠭ ᠡᠷᠭᠦᠭᠰᠡᠨ ᠢᠶᠡᠷ ᠳᠠᠭᠤᠰᠬᠠᠪᠤᠷᠢ ᠪᠣᠯᠤᠨ᠎ᠠ᠃
ᠤᠯᠤᠰ ᠤᠨ ᠶᠡᠬᠡ ᠬᠤᠷᠠᠯ ᠤᠨ ᠣᠳᠣ ᠶᠢᠨ ᠳᠡᠳ᠋ ᠳᠠᠷᠤᠭ᠎ᠠ ᠨᠠᠷ:
- ᠤᠯᠤᠰ ᠤᠨ ᠶᠡᠬᠡ ᠬᠤᠷᠠᠯ ᠶᠢᠨ ᠭᠡᠰᠢᠭᠦᠨ᠂ ᠤᠯᠤᠰ ᠤᠨ ᠶᠡᠬᠡ ᠬᠤᠷᠠᠯ ᠳᠠᠬᠢ АН ᠍ ᠤᠨ ᠪᠦᠯᠦᠭ ᠡᠴᠡ ᠰᠣᠩᠭᠣᠭᠳᠠᠭᠰᠠᠨ ᠤᠯᠤᠰ ᠤᠨ ᠶᠡᠬᠡ ᠬᠤᠷᠠᠯ ᠤᠨ ᠳᠡᠳ᠋ ᠳᠠᠷᠤᠭ᠎ᠠ ᠷᠠᠳᠨᠠᠰᠦᠮᠪᠡᠷᠢᠯ ᠦᠨ ГОНЧИГДОРЖ
- ᠤᠯᠤᠰ ᠤᠨ ᠶᠡᠬᠡ ᠬᠤᠷᠠᠯ ᠶᠢᠨ ᠭᠡᠰᠢᠭᠦᠨ᠂ ᠤᠯᠤᠰ ᠤᠨ ᠶᠡᠬᠡ ᠬᠤᠷᠠᠯ ᠳᠠᠬᠢ ᠮᠣᠩᠭᠣᠯ ᠠᠷᠠᠳ ᠤᠨ ᠬᠤᠪᠢᠰᠬᠠᠯᠲᠤ ᠨᠠᠮ-ᠮᠣᠩᠭᠣᠯ ᠤᠨ ᠦᠨᠳᠦᠰᠦᠨ ᠦ ᠠᠷᠠᠳᠴᠢᠯᠠᠭᠰᠠᠨ ᠨᠠᠮ ᠤᠨ 《ᠰᠢᠳᠤᠷᠭᠤ ᠶᠣᠰᠣ》 ᠡᠪᠰᠡᠯ ᠦᠨ ᠪᠦᠯᠦᠭ ᠡᠴᠡ ᠰᠣᠩᠭᠣᠭᠳᠠᠭᠰᠠᠨ ᠤᠯᠤᠰ ᠤᠨ ᠶᠡᠬᠡ ᠬᠤᠷᠠᠯ ᠤᠨ ᠳᠡᠳ᠋ ᠳᠠᠷᠤᠭ᠎ᠠ ᠯᠣᠭ ᠤᠨ ЦОГ
- ᠤᠯᠤᠰ ᠤᠨ ᠶᠡᠬᠡ ᠬᠤᠷᠠᠯ ᠶᠢᠨ ᠭᠡᠰᠢᠭᠦᠨ᠂ ᠤᠯᠤᠰ ᠤᠨ ᠶᠡᠬᠡ ᠬᠤᠷᠠᠯ ᠳᠠᠬᠢ МАН ᠍ ᠤᠨ ᠪᠦᠯᠦᠭ ᠡᠴᠡ ᠰᠣᠩᠭᠣᠭᠳᠠᠭᠰᠠᠨ ᠤᠯᠤᠰ ᠤᠨ ᠶᠡᠬᠡ ᠬᠤᠷᠠᠯ ᠤᠨ ᠳᠡᠳ᠋ ᠳᠠᠷᠤᠭ᠎ᠠ ᠮᠡᠶ ᠡᠣᠮᠪᠣ ᠶᠢᠨ ЭНХБОЛД
ᠤᠯᠤᠰ ᠤᠨ ᠶᠡᠬᠡ ᠬᠤᠷᠠᠯ ᠤᠨ ᠦᠢᠯᠡ ᠠᠵᠢᠯᠯᠠᠭᠠᠨ ᠤ ᠦᠨᠳᠦᠰᠦᠨ ᠬᠡᠯᠪᠡᠷᠢ
ᠠᠩᠬᠠᠳᠤᠭᠠᠷ ᠴᠢᠭᠤᠯᠭᠠᠨ
ᠡᠭᠡᠯᠵᠢᠲᠦ ᠴᠢᠭᠤᠯᠭᠠᠨ
ᠡᠭᠡᠯᠵᠢᠲᠦ ᠪᠤᠰᠤ ᠴᠢᠭᠤᠯᠭᠠᠨ
ᠣᠨᠴᠠᠭᠠᠢ ᠴᠢᠭᠤᠯᠭᠠᠨ
ᠤᠯᠤᠰ ᠤᠨ ᠶᠡᠬᠡ ᠬᠤᠷᠠᠯ ᠤᠨ ᠴᠢᠭᠤᠯᠭᠠᠨ ᠤ ᠵᠣᠬᠢᠶᠠᠨ ᠪᠠᠶᠢᠭᠤᠯᠤᠯᠲᠠ ᠶᠢᠨ ᠬᠡᠯᠪᠡᠷᠢ ᠨᠦᠭᠦᠳ
ᠤᠯᠤᠰ ᠤᠨ ᠶᠡᠬᠡ ᠬᠤᠷᠠᠯ ᠤᠨ ᠨᠢᠭᠡᠳᠦᠭᠰᠡᠨ ᠬᠤᠷᠠᠯᠳᠤᠭᠠᠨ ᠢᠶᠠᠷ
ᠤᠯᠤᠰ ᠤᠨ ᠶᠡᠬᠡ ᠬᠤᠷᠠᠯ ᠤᠨ ᠬᠦᠨᠳᠦᠳᠬᠡᠯ ᠦᠨ ᠬᠤᠷᠠᠯᠳᠤᠭᠠᠨ
ᠪᠠᠶᠢᠩᠭᠤ ᠶᠢᠨ ᠪᠣᠯᠤᠨ ᠳᠡᠳ᠋ ᠬᠣᠷᠢᠶᠠᠳ ᠤᠨ ᠬᠤᠷᠠᠯᠳᠤᠭᠠᠨ
ᠨᠠᠮ᠂ ᠡᠪᠰᠡᠯ ᠦᠨ ᠪᠦᠯᠦᠭ ᠦᠨ ᠬᠤᠷᠠᠯᠳᠤᠭᠠᠨ

ᠬᠠᠤᠯᠢ ᠲᠣᠭᠲᠠᠭᠠᠬᠤᠦᠢᠯᠡ ᠠᠵᠢᠯᠯᠠᠭ᠎ᠠ[ᠵᠠᠰᠠᠪᠤᠷᠢᠯᠠᠬᠤ | ᠺᠣᠳ᠋ ᠢᠶᠠᠷ ᠵᠠᠰᠠᠬᠣ]

ᠬᠠᠤᠯᠢ ᠶᠢ ᠬᠡᠨ ᠰᠠᠨᠠᠭᠠᠴᠢᠯᠠᠳᠠᠭ ᠪᠤᠢ?
ᠮᠣᠩᠭᠣᠯ ᠤᠯᠤᠰ ᠤᠨ ᠶᠡᠷᠦᠩᠬᠡᠶᠢᠯᠡᠭᠴᠢ
ᠮᠣᠩᠭᠣᠯ ᠤᠯᠤᠰ ᠤᠨ ᠶᠡᠬᠡ ᠬᠤᠷᠠᠯ ᠤᠨ ᠭᠡᠰᠢᠭᠦᠨ
ᠮᠣᠩᠭᠣᠯ ᠤᠯᠤᠰ ᠤᠨ ᠵᠠᠰᠠᠭ ᠤᠨ ᠭᠠᠵᠠᠷ
ХУУЛИЙН ТӨСӨЛ ХЭЛЭЛЦЭХ᠂ БАТЛАХ ҮЕ ШАТ
ᠨᠢᠭᠡᠳᠦᠭᠡᠷ ᠦᠶ᠎ᠡ ᠱᠠᠲᠤᠨ ᠤ ᠠᠵᠢᠯᠯᠠᠭ᠎ᠠ:
• ᠨᠠᠮ᠂ ᠡᠪᠰᠡᠯ ᠦᠨ ᠪᠦᠯᠦᠭ ᠪᠣᠯᠤᠨ ᠬᠣᠯᠪᠣᠭᠳᠠᠬᠤ ᠪᠠᠶᠢᠩᠭᠤ ᠶᠢᠨ ᠬᠣᠷᠢᠶᠠᠨ ᠤ ᠬᠤᠷᠠᠯᠳᠤᠭᠠᠨ ᠢᠶᠠᠷ ᠬᠠᠤᠯᠢ ᠶᠢᠨ ᠲᠥᠰᠥᠯ ᠢ ᠤᠯᠤᠰ ᠤᠨ ᠶᠡᠬᠡ ᠬᠤᠷᠠᠯ ᠤᠨ ᠨᠢᠭᠡᠳᠦᠭᠰᠡᠨ ᠬᠤᠷᠠᠯᠳᠤᠭᠠᠨ ᠢᠶᠠᠷ ᠬᠡᠯᠡᠯᠴᠡᠬᠦ ᠡᠰᠡᠬᠦ ᠲᠤᠬᠠᠢ ᠰᠠᠨᠠᠯ᠂ ᠳ᠋ᠦᠩᠨᠡᠯᠲᠡ ᠭᠠᠷᠭᠠᠨ᠎ᠠ᠃
• ᠤᠯᠤᠰ ᠤᠨ ᠶᠡᠬᠡ ᠬᠤᠷᠠᠯ ᠤᠨ ᠨᠢᠭᠡᠳᠦᠭᠰᠡᠨ ᠬᠤᠷᠠᠯᠳᠤᠭᠠᠨ ᠢᠶᠠᠷ ᠤᠭ ᠲᠥᠰᠥᠯ ᠢ ᠬᠡᠯᠡᠯᠴᠡᠬᠦ ᠡᠰᠡᠬᠦ ᠠᠰᠠᠭᠤᠳᠠᠯ ᠢ ᠬᠡᠯᠡᠯᠴᠡᠨ᠎ᠡ᠃
• ᠲᠥᠰᠥᠯ ᠢ ᠬᠡᠯᠡᠯᠴᠡᠬᠦ ᠪᠡᠷ ᠰᠢᠢᠳᠪᠦᠷᠢᠯᠡᠭᠰᠡᠨ ᠪᠣᠯ ᠠᠩᠬᠠᠨ ᠤ ᠬᠡᠯᠡᠯᠴᠡᠭᠦᠯᠭᠡ ᠳᠦ ᠪᠡᠯᠡᠳᠬᠡᠭᠦᠯᠬᠦ ᠪᠡᠷ ᠪᠠᠶᠢᠩᠭᠤ ᠶᠢᠨ ᠬᠣᠷᠢᠶᠠᠨ ᠳᠤ ᠰᠢᠯᠵᠢᠭᠦᠯᠦᠨ᠎ᠡ᠃ ᠬᠠᠷᠢᠨ ᠬᠡᠯᠡᠯᠴᠡᠭᠦᠯᠬᠦ ᠱᠠᠭᠠᠷᠳᠠᠯᠭ᠎ᠠ ᠦᠭᠡᠢ ᠭᠡᠵᠦ ᠦᠵᠡᠪᠡᠯ ᠲᠥᠰᠥᠯ ᠰᠠᠨᠠᠭᠠᠴᠢᠯᠠᠭᠴᠢᠳ ᠪᠤᠴᠠᠭᠠᠬᠤ ᠰᠢᠢᠳᠪᠦᠷᠢ ᠭᠠᠷᠭᠠᠨ᠎ᠠ᠃
ᠬᠣᠶᠠᠳᠤᠭᠠᠷ ᠦᠶ᠎ᠡ ᠱᠠᠲᠤᠨ ᠤ ᠠᠵᠢᠯᠯᠠᠭ᠎ᠠ:
• ᠪᠠᠶᠢᠩᠭᠤ ᠶᠢᠨ ᠬᠣᠷᠢᠶᠠᠨ ᠤ ᠬᠤᠷᠠᠯᠳᠤᠭᠠᠨ ᠢᠶᠠᠷ ᠲᠥᠰᠥᠯ ᠢ ᠠᠩᠬᠠᠨ ᠤ ᠬᠡᠯᠡᠯᠴᠡᠭᠦᠯᠭᠡ ᠳᠦ ᠪᠡᠯᠡᠳᠬᠡᠵᠦ᠂ ᠰᠠᠨᠠᠯ᠂ ᠳ᠋ᠦᠩᠨᠡᠯᠲᠡ ᠭᠠᠷᠭᠠᠨ᠎ᠠ᠃ ᠡᠨᠡ ᠦᠶ᠎ᠡ ᠱᠠᠲᠤᠨ ᠳᠤ ᠨᠠᠮ᠂ ᠡᠪᠰᠡᠯ ᠦᠨ ᠪᠦᠯᠦᠭ ᠤᠯᠤᠰ ᠤᠨ ᠶᠡᠬᠡ ᠬᠤᠷᠠᠯ ᠤᠨ ᠭᠡᠰᠢᠭᠦᠳ ᠲᠥᠰᠥᠯ ᠲᠡᠢ ᠬᠣᠯᠪᠣᠭᠳᠠᠭᠰᠠᠨ ᠵᠠᠷᠴᠢᠮ ᠤᠨ ᠵᠥᠷᠢᠭᠦᠦ ᠲᠡᠢ ᠰᠠᠨᠠᠯ᠎ᠠ ᠭᠠᠷᠭᠠᠨ ᠬᠤᠷᠢᠶᠠᠯᠭᠠᠵᠤ᠂ ᠪᠠᠶᠢᠩᠭᠤ ᠶᠢᠨ ᠬᠣᠷᠢᠶᠠᠨ ᠤ ᠰᠠᠨᠠᠯ᠂ ᠳ᠋ᠦᠩᠨᠡᠯᠲᠡ ᠳᠦ ᠲᠤᠰᠬᠠᠭᠤᠯᠤᠨ᠎ᠠ᠃
• ᠤᠯᠤᠰ ᠤᠨ ᠶᠡᠬᠡ ᠬᠤᠷᠠᠯ ᠤᠨ ᠨᠢᠭᠡᠳᠦᠭᠰᠡᠨ ᠬᠤᠷᠠᠯᠳᠤᠭᠠᠨ ᠢᠶᠠᠷ ᠲᠥᠰᠥᠯ ᠦᠨ ᠠᠩᠬᠠᠨ ᠤ ᠬᠡᠯᠡᠯᠴᠡᠭᠦᠯᠭᠡ ᠶᠢ ᠬᠢᠵᠦ᠂ ᠪᠠᠶᠢᠩᠭᠤ ᠶᠢᠨ ᠬᠣᠷᠢᠶᠠᠨ ᠠᠴᠠ ᠣᠷᠣᠭᠤᠯᠤᠭᠰᠠᠨ ᠵᠠᠷᠴᠢᠮ ᠤᠨ ᠵᠥᠷᠢᠭᠦᠦ ᠲᠡᠢ ᠰᠠᠨᠠᠯ ᠨᠢᠭᠡ ᠪᠦᠷᠢ ᠪᠡᠷ ᠰᠠᠨᠠᠯ ᠬᠤᠷᠢᠶᠠᠨ᠎ᠠ᠃
• ᠰᠠᠨᠠᠯ ᠬᠤᠷᠢᠶᠠᠯᠲᠠ ᠳᠠᠭᠤᠰᠤᠭᠰᠠᠨ ᠤ ᠳᠠᠷᠠᠭ᠎ᠠ ᠲᠥᠰᠥᠯ ᠢ ᠡᠴᠦᠰ ᠦᠨ ᠬᠡᠯᠡᠯᠴᠡᠭᠦᠯᠭᠡ ᠳᠦ ᠪᠡᠯᠡᠳᠬᠡᠭᠦᠯᠬᠦ ᠪᠡᠷ ᠪᠠᠶᠢᠩᠭᠤ ᠶᠢᠨ ᠬᠣᠷᠢᠶᠠᠨ ᠳᠤ ᠰᠢᠯᠵᠢᠭᠦᠯᠦᠨ᠎ᠡ᠃
ᠭᠤᠷᠪᠠᠳᠤᠭᠠᠷ ᠦᠶ᠎ᠡ ᠱᠠᠲᠤᠨ ᠤ ᠠᠵᠢᠯᠯᠠᠭ᠎ᠠ:
• ᠪᠠᠶᠢᠩᠭᠤ ᠶᠢᠨ ᠬᠣᠷᠢᠶ᠎ᠠ ᠠᠩᠬᠠᠨ ᠤ ᠬᠡᠯᠡᠯᠴᠡᠭᠦᠯᠭᠡ ᠪᠡᠷ ᠰᠢᠢᠳᠪᠦᠷᠢᠯᠡᠭᠰᠡᠨ ᠠᠰᠠᠭᠤᠳᠠᠯ ᠢ ᠡᠬᠡ ᠲᠥᠰᠥᠯ ᠳᠦ ᠲᠤᠰᠬᠠᠵᠤ᠂ ᠡᠴᠦᠰ ᠦᠨ ᠬᠡᠯᠡᠯᠴᠡᠭᠦᠯᠭᠡ ᠳᠦ ᠬᠡᠷᠬᠢᠨ ᠪᠡᠯᠡᠳᠬᠡᠭᠰᠡᠨ ᠲᠠᠯ᠎ᠠ ᠪᠠᠷ ᠲᠠᠨᠢᠯᠴᠠᠭᠤᠯᠭ᠎ᠠ ᠭᠠᠷᠭᠠᠨ᠎ᠠ᠃
• ᠤᠯᠤᠰ ᠤᠨ ᠶᠡᠬᠡ ᠬᠤᠷᠠᠯ ᠤᠨ ᠨᠢᠭᠡᠳᠦᠭᠰᠡᠨ ᠬᠤᠷᠠᠯᠳᠤᠭᠠᠨ ᠢᠶᠠᠷ ᠲᠥᠰᠥᠯ ᠢ ᠡᠴᠦᠰ ᠦᠨ ᠬᠡᠯᠡᠯᠴᠡᠭᠦᠯᠭᠡ ᠳᠦ ᠪᠡᠯᠡᠳᠬᠡᠭᠰᠡᠨ ᠲᠠᠯ᠎ᠠ ᠪᠠᠷ ᠪᠠᠶᠢᠩᠭᠤ ᠶᠢᠨ ᠬᠣᠷᠢᠶ᠎ᠠ ᠲᠠᠨᠢᠯᠴᠠᠭᠤᠯᠤᠨ᠎ᠠ᠃ ᠡᠨᠡ ᠦᠶ᠎ᠡ ᠱᠠᠲᠤᠨ ᠳᠤ ᠪᠠᠶᠢᠩᠭᠤ ᠶᠢᠨ ᠬᠣᠷᠢᠶᠠᠨ ᠠᠴᠠ ᠳᠡᠭᠲᠦ ᠵᠢᠭᠠᠭᠰᠠᠨ ᠠᠰᠠᠭᠤᠳᠠᠯ ᠢᠶᠠᠷ ᠳᠠᠬᠢᠨ ᠰᠠᠨᠠᠯ ᠬᠤᠷᠢᠶᠠᠯᠭᠠᠬᠤ ᠪᠠᠷ ᠰᠠᠨᠠᠯ ᠤᠨ ᠲᠣᠮᠢᠶᠠᠯᠠᠯ ᠣᠷᠣᠭᠤᠯᠵᠤ ᠪᠣᠯᠤᠨ᠎ᠠ᠃
• ᠤᠯᠤᠰ ᠤᠨ ᠶᠡᠬᠡ ᠬᠤᠷᠠᠯ ᠤᠨ ᠨᠢᠭᠡᠳᠦᠭᠰᠡᠨ ᠬᠤᠷᠠᠯᠳᠤᠭᠠᠨ ᠢᠶᠠᠷ ᠲᠥᠰᠥᠯ ᠦᠨ ᠡᠴᠦᠰ ᠦᠨ ᠬᠡᠯᠡᠯᠴᠡᠭᠦᠯᠭᠡ ᠬᠡᠢ ᠶᠢᠨ᠂ ᠰᠠᠨᠠᠯ ᠬᠤᠷᠢᠶᠠᠯᠲᠠ ᠶᠠᠪᠤᠭᠤᠯᠵᠤ᠂ ᠲᠥᠰᠥᠯ ᠢ ᠪᠦᠬᠦᠯᠢ ᠳᠦ ᠨᠢ ᠪᠠᠲᠤᠯᠠᠨ᠎ᠠ᠃ ᠬᠡᠷᠪᠡ ᠲᠥᠰᠥᠯ ᠢ ᠪᠦᠬᠦᠯᠢ ᠳᠦ ᠨᠢ ᠪᠠᠲᠤᠯᠠᠭ᠎ᠠ ᠦᠭᠡᠢ ᠪᠣᠯ ᠬᠠᠤᠯᠢ ᠰᠠᠨᠠᠭᠠᠴᠢᠯᠠᠭᠴᠢ ᠳᠤ ᠪᠤᠴᠠᠭᠠᠬᠤ ᠰᠢᠢᠳᠪᠦᠷᠢ ᠭᠠᠷᠭᠠᠨ᠎ᠠ᠃
ᠳᠥᠷᠪᠡᠳᠦᠭᠡᠷ ᠦᠶ᠎ᠡ ᠱᠠᠲᠤᠨ ᠤ ᠠᠵᠢᠯᠯᠠᠭ᠎ᠠ:
• ᠪᠠᠶᠢᠩᠭᠤ ᠶᠢᠨ ᠬᠣᠷᠢᠶ᠎ᠠ ᠡᠴᠦᠰ ᠦᠨ ᠬᠡᠯᠡᠯᠴᠡᠭᠦᠯᠭᠡ ᠪᠡᠷ ᠰᠢᠢᠳᠪᠦᠷᠢᠯᠡᠭᠰᠡᠨ ᠠᠰᠠᠭᠤᠳᠠᠯ ᠢ ᠲᠤᠰᠬᠠᠵᠤ᠂ ᠬᠠᠤᠯᠢ᠂ ᠤᠯᠤᠰ ᠤᠨ ᠶᠡᠬᠡ ᠬᠤᠷᠠᠯ ᠤᠨ ᠪᠤᠰᠤᠳ ᠰᠢᠢᠳᠪᠦᠷᠢ ᠶᠢᠨ ᠡᠴᠦᠰ ᠦᠨ ᠨᠠᠶᠢᠷᠠᠭᠤᠯᠭ᠎ᠠ ᠶᠢ ᠪᠡᠯᠡᠳᠬᠡᠨ᠎ᠡ᠃
• ᠤᠯᠤᠰ ᠤᠨ ᠶᠡᠬᠡ ᠬᠤᠷᠠᠯ ᠤᠨ ᠨᠢᠭᠡᠳᠦᠭᠰᠡᠨ ᠬᠤᠷᠠᠯᠳᠤᠭᠠᠨ ᠳᠤ ᠬᠠᠤᠯᠢ᠂ ᠤᠯᠤᠰ ᠤᠨ ᠶᠡᠬᠡ ᠬᠤᠷᠠᠯ ᠤᠨ ᠪᠤᠰᠤᠳ ᠰᠢᠢᠳᠪᠦᠷᠢ ᠶᠢᠨ ᠡᠴᠦᠰ ᠦᠨ ᠨᠠᠶᠢᠷᠠᠭᠤᠯᠭ᠎ᠠ ᠶᠢ ᠲᠠᠨᠢᠯᠴᠠᠭᠤᠯᠤᠨ᠎ᠠ᠃
• ᠬᠠᠤᠯᠢ᠂ ᠤᠯᠤᠰ ᠤᠨ ᠶᠡᠬᠡ ᠬᠤᠷᠠᠯ ᠤᠨ ᠪᠤᠰᠤᠳ ᠰᠢᠢᠳᠪᠦᠷᠢ ᠶᠢᠨ ᠡᠴᠦᠰ ᠦᠨ ᠨᠠᠶᠢᠷᠠᠭᠤᠯᠭ᠎ᠠ ᠶᠢ ᠤᠯᠤᠰ ᠤᠨ ᠶᠡᠬᠡ ᠬᠤᠷᠠᠯ ᠳᠦ ᠲᠠᠨᠢᠯᠴᠠᠭᠤᠯᠤᠭᠰᠠᠨ ᠠᠴᠠ ᠬᠣᠶᠢᠰᠢ ᠤᠯᠤᠰ ᠤᠨ ᠶᠡᠬᠡ ᠬᠤᠷᠠᠯ ᠤᠨ ᠳᠠᠷᠤᠭ᠎ᠠ ᠠᠵᠢᠯ ᠤᠨᠨ 3 ᠡᠳᠦᠷ ᠦᠨ ᠳᠣᠲᠣᠷ᠎ᠠ ᠲᠡᠭᠦᠨ ᠳᠦ ᠭᠠᠷ ᠤᠨ ᠦᠰᠦᠭ ᠵᠢᠷᠤᠵᠤ ᠶᠣᠰᠣᠴᠢᠯᠠᠨ᠎ᠠ᠃
• ᠬᠠᠤᠯᠢ᠂ ᠤᠯᠤᠰ ᠤᠨ ᠶᠡᠬᠡ ᠬᠤᠷᠠᠯ ᠤᠨ ᠪᠤᠰᠤᠳ ᠰᠢᠢᠳᠪᠦᠷᠢ ᠶᠢ ᠶᠣᠰᠣᠴᠢᠯᠠᠭᠰᠠᠨ ᠠᠴᠠ ᠬᠣᠶᠢᠰᠢ 24 ᠴᠠᠭ ᠤᠨ ᠳᠣᠲᠣᠷ᠎ᠠ ᠮᠣᠩᠭᠣᠯ ᠤᠯᠤᠰ ᠤᠨ ᠶᠡᠷᠦᠩᠬᠡᠶᠢᠯᠡᠭᠴᠢ ᠳᠤ ᠢᠯᠡᠭᠡᠨ᠎ᠡ᠃ ᠶᠡᠷᠦᠩᠬᠡᠶᠢᠯᠡᠭᠴᠢ ᠬᠣᠷᠢᠭ ᠲᠠᠯᠪᠢᠭᠰᠠᠨ ᠪᠣᠯ ᠲᠤᠬᠠᠢ ᠶᠢᠨ ᠠᠰᠠᠭᠤᠳᠠᠯ ᠢ ᠬᠡᠯᠡᠯᠴᠡᠵᠦ ᠰᠢᠢᠳᠪᠦᠷᠢᠯᠡᠨ᠎ᠡ᠃
• ᠬᠠᠤᠯᠢ᠂ ᠪᠤᠰᠤᠳ ᠰᠢᠢᠳᠪᠦᠷᠢ ᠶᠢ 《ᠲᠥᠷᠥ ᠶᠢᠨ ᠮᠡᠳᠡᠭᠡᠯᠡᠯ》 ᠡᠮᠬᠢᠳᠬᠡᠯ ᠳᠦ ᠨᠡᠶᠢᠲᠡᠯᠡᠨ᠎ᠡ᠃

ᠤᠯᠤᠰ ᠤᠨ ᠶᠡᠬᠡ ᠬᠤᠷᠠᠯ ᠤᠨ ᠲᠠᠮᠠᠭ᠎ᠠ ᠶᠢᠨ ᠭᠠᠵᠠᠷ[ᠵᠠᠰᠠᠪᠤᠷᠢᠯᠠᠬᠤ | ᠺᠣᠳ᠋ ᠢᠶᠠᠷ ᠵᠠᠰᠠᠬᠣ]

ҮЕ ҮЕИЙН ᠤᠯᠤᠰ ᠤᠨ ᠶᠡᠬᠡ ᠬᠤᠷᠠᠯ-ЫН ТАМГЫН ГАЗРЫН ЕРӨНХИЙ НАРИЙН БИЧГИЙН ДАРГА НАР:

1. ᠪᠢᠷᠠᠭ᠎ᠠ ᠶᠢᠨ ЧИМЭД УБХ ᠍ ᠶᠢᠨ ᠨᠠᠷᠢᠨ ᠪᠢᠴᠢᠭ ᠦᠨ ᠳᠠᠷᠤᠭ᠎ᠠ᠂ УБХ ᠍ ᠤᠨ ᠲᠠᠮᠠᠭ᠎ᠠ ᠶᠢᠨ ᠭᠠᠵᠠᠷ ᠤᠨ ᠳᠠᠷᠤᠭ᠎ᠠ 1990-1992 ᠣᠨ

2. ᠨᠠᠮᠰᠠᠷᠠᠢ ᠶᠢᠨ РЕНЧИНДОРЖ 1992-1996 ᠣᠨ

3. ᠯᠣᠭ ᠤᠨ ЦОГ 1996-1999 ᠣᠨ

4. ᠪᠠᠰᠠᠩᠭᠣᠮᠪᠣ ᠶᠢᠨ ЭНЭБИШ 1999-2001 ᠣᠨ

5. ᠳᠠᠳᠠᠨᠬᠦᠦ ᠶᠢᠨ БАТБААТАР 2001-2003 ᠣᠨ

6. ᠨᠠᠮᠰᠠᠷᠠᠶᠢᠵᠠᠪ ᠤᠨ ЛУВСАНЖАВ 2003-2008 ᠣᠨ

7. ᠳᠠᠨᠽᠠᠨᠠᠭ ᠤᠨ САНДАГ- ОЧИР 2008.05.20- 2008.09.25

8. ᠰᠡᠷᠡᠩᠬᠦᠦ ᠶᠢᠨ ШАРАВДОРЖ 2008-2012 ᠣᠨ

9. ᠪᠢᠮᠪᠠᠳᠣᠷᠵᠢ ᠶᠢᠨ БОЛДБААТАР 2012 ᠣᠨ ᠠᠴᠠ

ᠮᠥᠨ ᠦᠵᠡᠬᠦ[ᠵᠠᠰᠠᠪᠤᠷᠢᠯᠠᠬᠤ | ᠺᠣᠳ᠋ ᠢᠶᠠᠷ ᠵᠠᠰᠠᠬᠣ]


ᠭᠠᠳᠠᠭᠠᠳᠤ ᠬᠣᠯᠪᠣᠭᠠᠰᠤ[ᠵᠠᠰᠠᠪᠤᠷᠢᠯᠠᠬᠤ | ᠺᠣᠳ᠋ ᠢᠶᠠᠷ ᠵᠠᠰᠠᠬᠣ]

ᠪᠢᠴᠢᠭᠡᠰᠦ