ᠤᠰᠤᠨ ᠲᠡᠭᠡᠭᠡᠪᠦᠷᠢ

ᠴᠢᠯᠦᠭᠡᠲᠦ ᠨᠡᠪᠲᠡᠷᠬᠡᠢ ᠲᠣᠯᠢ — ᠸᠢᠺᠢᠫᠧᠳᠢᠶ᠎ᠠ ᠠᠴᠠ
ᠬᠠᠷᠠᠶᠢᠬᠤ: ᠤᠳᠤᠷᠢᠳᠬᠤ, ᠬᠠᠶᠢᠯᠲᠠ
ᠹᠷᠠᠨᠼᠢ ᠶᠢᠨ ᠤᠰᠤᠨ ᠲᠡᠭᠡᠭᠡᠪᠦᠷᠢ ᠶᠢᠨ CMA CGM ᠺᠣᠮᠫᠠᠨᠢᠢ ᠺᠣᠨᠲ᠋ᠧᠢᠨᠧᠷ ᠤᠨ ᠬᠥᠯᠥᠭ

ᠤᠰᠤᠨ ᠲᠡᠭᠡᠭᠡᠪᠦᠷᠢ ᠭᠡᠵᠦ ᠤᠰᠤᠨ ᠤ ᠲᠡᠭᠡᠭᠡᠪᠦᠷᠢ ᠶᠢᠨ ᠬᠡᠷᠡᠭᠰᠡᠯ ᠢ ᠠᠰᠢᠭᠯᠠᠨ ᠡᠬᠡ ᠭᠠᠵᠠᠷ ᠤᠨ ᠳᠣᠲᠣᠷ᠎ᠠ (ᠵᠢᠱᠢᠶ᠎ᠡ ᠨᠢ᠄ ᠭᠣᠣᠯ᠂ ᠮᠥᠷᠡᠨ᠂ ᠨᠠᠭᠤᠷ) ᠪᠣᠯᠤᠨ ᠳᠠᠯᠠᠢᠲᠡᠩᠭᠢᠰ ᠲᠤ ᠲᠥᠷᠥᠯ ᠪᠦᠷᠢ ᠶᠢᠨ ᠵᠣᠷᠢᠯᠭ᠎ᠠ ᠪᠠᠷ ᠲᠡᠭᠡᠭᠡᠪᠦᠷᠢ ᠬᠢᠬᠦ ᠪᠤᠶᠤ ᠢᠯᠠᠩᠭᠤᠶ᠎ᠠ ᠬᠦᠮᠦᠨ ᠪᠣᠯᠤᠨ ᠠᠴᠢᠶ᠎ᠠ ᠪᠠᠷᠠᠭ᠎ᠠ ᠶᠢ ᠪᠢᠽᠢᠨ᠋ᠧᠰ ᠦᠨ ᠵᠣᠷᠢᠯᠭ᠎ᠠ ᠪᠠᠷ ᠲᠡᠭᠡᠭᠡᠪᠦᠷᠢᠯᠡᠯᠲᠡ ᠬᠢᠬᠦ ᠶᠢ ᠬᠡᠯᠡᠳᠡᠭ᠃

ᠲᠡᠦᠬᠡ[ᠵᠠᠰᠠᠪᠤᠷᠢᠯᠠᠬᠤ | ᠺᠣᠳ᠋ ᠢᠶᠠᠷ ᠵᠠᠰᠠᠬᠣ]

ᠳᠠᠯᠪᠠᠭᠠᠲᠤ ᠵᠠᠪᠢ

ᠳᠠᠯᠠᠢ ᠶᠢᠨ ᠠᠶᠠᠯᠠᠯ ᠤᠨ ᠲᠡᠦᠬᠡ ᠭᠣᠣᠯ ᠤᠰᠤ ᠶᠢ ᠭᠠᠲᠤᠯᠬᠤ ᠱᠠᠭᠠᠷᠳᠠᠯᠭ᠎ᠠ ᠶᠢᠨ ᠤᠯᠠᠮ ᠠᠴᠠ ᠬᠦᠮᠦᠨ ᠲᠥᠷᠥᠯᠬᠢᠲᠡᠨ ᠮᠠᠰᠢ ᠡᠷᠲᠡ ᠳᠡᠭᠡᠷ᠎ᠡ ᠦᠶᠡᠰ ᠡᠬᠢᠯᠡᠨ ᠲᠥᠷᠥᠯ ᠪᠦᠷᠢ ᠶᠢᠨ ᠬᠥᠪᠪᠦᠬᠦ ᠡᠳ᠋ᠯᠡᠯ ᠢ ᠵᠣᠬᠢᠶᠠᠨ ᠪᠦᠲᠦᠭᠡᠭᠰᠡᠭᠡᠷ ᠢᠷᠡᠵᠡᠢ᠃ ᠰᠠᠯ ᠪᠣᠯᠤᠨ ᠤᠬᠠᠭᠠᠳᠠᠭᠰᠠᠨ ᠵᠠᠪᠢᠵᠡᠷᠭᠡ ᠨᠢ ᠮᠠᠭᠠᠳ ᠦᠭᠡᠢ ᠬᠠᠮᠤᠭ ᠤᠨ ᠡᠷᠲᠡᠨ ᠦ ᠤᠰᠤᠨ ᠤ ᠲᠡᠭᠡᠭᠡᠪᠦᠷᠢ ᠶᠢᠨ ᠬᠡᠷᠡᠭᠰᠡᠯ ᠪᠠᠶᠢᠭᠰᠠᠨ ᠪᠠᠶᠢᠨ᠎ᠠ᠃ ᠡᠳᠡᠭᠡᠷ ᠦᠨ ᠠᠴᠢ ᠪᠠᠷ ᠰᠠᠭᠠᠳ ᠪᠣᠯᠵᠤ ᠪᠠᠶᠢᠭᠰᠠᠨ ᠭᠣᠣᠯ ᠤᠰᠤ ᠨᠢ ᠲᠡᠭᠡᠭᠡᠪᠦᠷᠢ ᠶᠢᠨ ᠵᠠᠮ ᠪᠣᠯᠤᠨ ᠬᠤᠪᠢᠷᠠᠵᠠᠢ᠃ ᠤᠰᠤᠨ ᠲᠡᠭᠡᠭᠡᠪᠦᠷᠢ ᠨᠢ ᠰᠢᠨ᠎ᠡ ᠪᠡᠷ ᠭᠠᠵᠠᠷ ᠣᠷᠣᠨ ᠨᠡᠭᠡᠭᠡᠬᠦ ᠪᠣᠯᠤᠮᠵᠢ ᠮᠥᠨ ᠬᠤᠳᠠᠯᠳᠤᠭ᠎ᠠ ᠨᠠᠶᠢᠮᠠᠭ᠎ᠠ ᠬᠢᠬᠦ ᠪᠣᠯᠤᠮᠵᠢ ᠶᠢ ᠣᠯᠭᠤᠭᠰᠠᠨ ᠶᠤᠮ᠃ ᠡᠨᠡ ᠨᠢ ᠨᠢᠭᠡ ᠲᠠᠯ᠎ᠠ ᠠᠴᠠ ᠡᠳ᠋ ᠪᠠᠷᠠᠭ᠎ᠠ᠂ ᠰᠢᠨ᠎ᠡ ᠰᠠᠨᠠᠭ᠎ᠠ ᠣᠨᠣᠭ᠎ᠠ ᠪᠠᠨ ᠰᠤᠯᠢᠯᠴᠠᠬᠤ ᠪᠣᠯᠤᠯᠴᠠᠭ᠎ᠠ ᠶᠢ ᠪᠤᠢ ᠪᠣᠯᠭᠠᠭᠰᠠᠨ ᠴᠤ᠂ ᠨᠥᠭᠥᠭᠡ ᠲᠠᠯ᠎ᠠ ᠠᠴᠠ ᠭᠠᠵᠠᠷ ᠨᠤᠲᠤᠭ᠂ ᠡᠳ᠋ ᠍ ᠦᠨ ᠵᠠᠰᠠᠭ᠂ ᠴᠡᠷᠢᠭ ᠳᠠᠶᠢᠨ ᠤ ᠰᠣᠨᠢᠷᠬᠠᠯ ᠤᠨ ᠡᠭᠦᠳᠡᠨ ᠡᠴᠡ ᠪᠤᠢ ᠪᠣᠯᠤᠭᠰᠠᠨ ᠵᠥᠷᠢᠴᠡᠯᠳᠦᠭᠡᠨ ᠢ ᠴᠤ ᠪᠠᠰᠠ ᠠᠪᠴᠢᠷᠠᠭᠰᠠᠨ ᠪᠠᠶᠢᠨ᠎ᠠ᠃ ᠴᠠᠭ ᠬᠤᠭᠤᠴᠠᠭᠠᠨ ᠤ ᠡᠷᠭᠢᠯᠲᠡᠨ ᠳᠦ ᠤᠰᠤᠨ ᠲᠡᠭᠡᠭᠡᠪᠦᠷᠢ ᠴᠤ ᠪᠠᠰᠠ ᠬᠥᠭᠵᠢᠨ᠂ ᠢᠷᠭᠡᠨ ᠦ ᠪᠣᠯᠤᠨ ᠵᠡᠪᠰᠡᠭᠲᠦ ᠬᠦᠴᠦᠨ ᠦ ᠰᠠᠯᠪᠤᠷᠢ ᠳᠤ ᠢᠯᠭᠠᠷᠠᠭᠰᠠᠨ᠃ ᠮᠥᠨ ᠵᠢᠭᠠᠰᠤᠴᠢᠯᠠᠯ ᠪᠣᠯᠤᠨ ᠲᠡᠭᠦᠨ ᠦ ᠬᠤᠳᠠᠯᠳᠤᠭ᠎ᠠ᠂ ᠮᠥᠨ ᠲᠡᠭᠦᠨᠴᠢᠯᠡᠨ ᠤᠰᠤᠨ ᠲᠡᠭᠡᠭᠡᠪᠦᠷᠢ ᠲᠡᠢ ᠬᠣᠯᠪᠣᠭᠠᠲᠠᠢ ᠪᠠᠷ ᠤᠰᠤᠨ ᠪᠣᠭᠣᠮᠲᠠ ᠶᠢᠨ ᠦᠢᠯᠡᠴᠢᠯᠡᠭᠡ᠂ ᠨᠠᠪᠢᠭᠠᠼ᠂ ᠤᠰᠤᠨ ᠣᠩᠭᠣᠴᠠᠨ ᠤ ᠦᠢᠯᠡᠳᠪᠦᠷᠢᠯᠡᠯ ᠦᠨ ᠰᠠᠯᠪᠠᠷ ᠤᠳ ᠴᠤ ᠪᠤᠢ ᠪᠣᠯᠪᠠ᠃


ᠤᠰᠤᠨ ᠲᠡᠭᠡᠭᠡᠪᠦᠷᠢ ᠶᠢᠨ ᠭᠦᠢᠴᠡᠳᠭᠡᠬᠦ ᠡᠭᠦᠷᠭᠡ[ᠵᠠᠰᠠᠪᠤᠷᠢᠯᠠᠬᠤ | ᠺᠣᠳ᠋ ᠢᠶᠠᠷ ᠵᠠᠰᠠᠬᠣ]

ᠳᠡᠯᠡᠬᠡᠢ ᠶᠢᠨ ᠤᠰᠤᠨ ᠲᠡᠭᠡᠭᠡᠪᠦᠷᠢ ᠶᠢᠨ ᠦᠨᠳᠦᠰᠦᠨ ᠴᠢᠭᠯᠡᠯ ᠦᠳ ᠪᠣᠯᠤᠨ ᠨᠢᠭᠲᠠᠷᠠᠯ ᠢ ᠬᠠᠷᠠᠭᠤᠯᠤᠭᠰᠠᠨ ᠭᠠᠵᠠᠷ ᠤᠨ ᠵᠢᠷᠤᠭ

ᠤᠰᠤᠨ ᠲᠡᠭᠡᠭᠡᠪᠦᠷᠢ ᠶᠢᠨ ᠲᠤᠰᠠᠯᠠᠮᠵᠢ ᠲᠠᠢ ᠪᠠᠷ ᠤᠰᠤ ᠶᠢ ᠲᠡᠭᠡᠭᠡᠪᠦᠷᠢ ᠶᠢᠨ ᠵᠠᠮ ᠪᠣᠯᠭᠠᠨ ᠠᠰᠢᠭᠯᠠᠬᠤ ᠡᠰᠡᠪᠡᠯ ᠤᠰᠤᠨ ᠳᠣᠣᠷ᠎ᠠ ᠪᠠᠶᠢᠭ᠎ᠠ ᠪᠠᠶᠢᠭᠠᠯ ᠤᠨ ᠨᠥᠭᠡᠴᠡ ᠶᠢ ᠣᠯᠪᠤᠷᠢᠯᠠᠬᠤ ᠪᠣᠯᠤᠮᠵᠢ ᠲᠠᠢ ᠪᠣᠯᠪᠠ᠃ ᠡᠨᠡ ᠨᠥᠭᠡᠴᠡ ᠶᠢ ᠥᠪᠡᠷ ᠦᠨ ᠮᠡᠳᠡᠯ ᠳᠦ ᠠᠪᠬᠤ ᠶᠢᠨ ᠲᠤᠯᠠᠳᠠ ᠲᠣᠮᠣ ᠭᠦᠷᠦᠨ ᠨᠦᠭᠦᠳ ᠵᠡᠪᠰᠡᠭᠲᠦ ᠬᠦᠴᠦᠨ ᠦ ᠤᠰᠤᠨ ᠲᠡᠭᠡᠭᠡᠪᠦᠷᠢ ᠶᠢ ᠬᠥᠭᠵᠢᠭᠦᠯᠦᠨ ᠢᠷᠡᠭᠰᠡᠨ᠃ ᠣᠷᠴᠢᠨ ᠦᠶ᠎ᠡ ᠳᠦ ᠤᠰᠤ ᠶᠢ ᠵᠢᠭᠤᠯᠴᠢᠯᠠᠯ ᠤᠨ ᠵᠣᠷᠢᠯᠭ᠎ᠠ ᠲᠠᠢ ᠪᠠᠷ ᠠᠰᠢᠭᠯᠠᠬᠤ ᠨᠢ ᠨᠡᠯᠢᠶᠡᠳ ᠭᠠᠵᠠᠷ ᠠᠪᠴᠤ ᠪᠠᠶᠢᠨ᠎ᠠ᠃

ᠤᠰᠤ ᠶᠢ ᠲᠡᠭᠡᠭᠡᠪᠦᠷᠢ ᠶᠢᠨ ᠵᠠᠮ ᠢᠶᠠᠷ ᠠᠰᠢᠭᠯᠠᠬᠤ ᠨᠢ[ᠵᠠᠰᠠᠪᠤᠷᠢᠯᠠᠬᠤ | ᠺᠣᠳ᠋ ᠢᠶᠠᠷ ᠵᠠᠰᠠᠬᠣ]

ᠳᠠᠯᠠᠢ ᠶᠢᠨ ᠲᠡᠭᠡᠭᠡᠪᠦᠷᠢ[ᠵᠠᠰᠠᠪᠤᠷᠢᠯᠠᠬᠤ | ᠺᠣᠳ᠋ ᠢᠶᠠᠷ ᠵᠠᠰᠠᠬᠣ]

ᠳᠠᠯᠠᠢ ᠶᠢᠨ ᠲᠡᠭᠡᠭᠡᠪᠦᠷᠢ|ᠳᠠᠯᠠᠢ ᠶᠢᠨ ᠬᠤᠳᠠᠯᠳᠤᠭ᠎ᠠ ᠤᠰᠤ ᠪᠣᠯ ᠠᠰᠢᠭᠯᠠᠯᠲᠠ ᠶᠢᠨ ᠴᠢᠳᠠᠯ ᠬᠠᠮᠤᠭ ᠤᠨ ᠥᠨᠳᠥᠷ ᠲᠡᠢ ᠲᠡᠭᠡᠭᠡᠪᠦᠷᠢᠯᠡᠯᠲᠡ ᠶᠢᠨ ᠵᠠᠮ ᠶᠤᠮ᠃ ᠬᠦᠮᠦᠨ ᠲᠥᠷᠥᠯᠬᠢᠲᠡᠨ ᠦ ᠪᠦᠲᠦᠭᠡᠨ ᠪᠣᠰᠬᠠᠭᠰᠠᠨ ᠬᠠᠮᠤᠭ ᠤᠨ ᠲᠣᠮᠣ ᠬᠥᠳᠡᠯᠭᠡᠭᠡᠨᠳᠦ ᠪᠦᠲᠦᠭᠡᠯ ᠨᠢ ᠶᠠᠭᠠᠬᠢᠬᠤ ᠠᠷᠭ᠎ᠠ ᠦᠭᠡᠢ ᠤᠰᠤᠨ ᠣᠩᠭᠣᠴᠠ ᠶᠤᠮ᠃ ᠤᠰᠤᠨ ᠣᠩᠭᠣᠴᠠ ᠨᠢ ᠶᠡᠬᠡ ᠬᠡᠮᠵᠢᠶᠡᠨ ᠦ ᠪᠠᠷᠠᠭ᠎ᠠ ᠪᠦᠲᠦᠭᠡᠭᠳᠡᠬᠦᠨ ᠢ ᠴᠥᠭᠡᠨ ᠲᠣᠭᠠᠨ ᠤ ᠠᠵᠢᠯᠯᠠᠬᠤ ᠬᠦᠴᠦ ᠪᠣᠯᠤᠨ ᠪᠠᠭ᠎ᠠ ᠵᠠᠷᠤᠳᠠᠯ ᠢᠶᠠᠷ ᠲᠡᠭᠡᠭᠡᠪᠦᠷᠢᠯᠡᠳᠡᠭ᠃ ᠠᠰᠢᠭᠯᠠᠯᠲᠠ ᠶᠢᠨ ᠴᠢᠳᠡᠯ ᠥᠨᠳᠥᠷ ᠲᠡᠢ ᠳᠠᠯᠠᠢ ᠶᠢᠨ ᠲᠡᠭᠡᠭᠡᠪᠦᠷᠢ ᠨᠢ ᠳᠠᠶᠠᠭᠠᠷᠴᠢᠯᠠᠯ ᠤᠨ ᠡᠬᠢ ᠰᠠᠭᠤᠷᠢ ᠶᠤᠮ᠃

ᠤᠰᠤᠨ ᠲᠡᠭᠡᠭᠡᠪᠦᠷᠢ ᠨᠢ ᠳᠠᠯᠠᠢ ᠪᠠᠷ ᠲᠡᠭᠡᠭᠡᠪᠦᠷᠢᠯᠡᠯᠲᠡ ᠬᠢᠬᠦ ᠳᠦ ᠪᠡᠨ ᠲᠥᠷᠥᠯ ᠪᠦᠷᠢ ᠶᠢᠨ ᠪᠠᠷ᠎ᠠ ᠪᠠᠷ ᠲᠥᠷᠦᠯᠵᠢᠭᠰᠡᠨ ᠪᠠᠶᠢᠨ᠎ᠠ᠄ ‍ ᠰᠢᠷᠬᠡᠭ ᠦᠨ ᠪᠠᠷᠠᠭᠠᠨ ᠤ ᠤᠰᠤᠨ ᠣᠩᠭᠣᠴᠠ ‍ ᠲᠦᠯᠡᠰᠢ ᠲᠡᠭᠡᠭᠡᠪᠦᠷᠢᠯᠡᠭᠴᠢ ᠤᠰᠤᠨ ᠣᠩᠭᠣᠴᠠ᠂ ᠶᠡᠬᠡ ᠬᠡᠮᠵᠢᠶᠡᠨ ᠦ ᠪᠠᠷᠠᠭ᠎ᠠ ᠲᠡᠭᠡᠭᠡᠪᠦᠷᠢ ᠶᠢᠨ ᠣᠩᠭᠣᠴᠠ᠂ ᠮᠥᠨ ᠭᠠᠵᠠᠷ ᠤᠨ ᠲᠣᠰᠣ᠂ ᠨᠡᠭᠦᠷᠡᠰᠦ᠂ ᠪᠠᠶᠢᠭᠠᠯ ᠤᠨ ᠬᠡᠢ᠂ ᠬᠥᠳᠡᠷ ᠦᠨ ᠭ.ᠮ᠃ ‍ ᠺᠣᠨᠲ᠋ᠧᠢᠨᠧᠷ ᠲᠦ ᠠᠴᠢᠭᠰᠠᠨ ᠪᠠᠷ᠎ᠠ ᠶᠢ ᠲᠡᠭᠡᠭᠡᠪᠦᠷᠢᠯᠡᠬᠦ ᠺᠣᠨᠲ᠋ᠧᠢᠨᠧᠷ ᠤᠨ ᠤᠰᠤᠨ ᠣᠩᠭᠣᠴᠠ ‍ ᠳ᠋ᠠᠨ ᠠᠴᠢᠶᠠᠨ ᠳᠤ ᠵᠣᠷᠢᠭᠤᠯᠤᠭᠳᠠᠭᠰᠠᠨ ᠬᠦᠨᠳᠦ ᠠᠴᠢᠶ᠎ᠠ ᠲᠡᠭᠡᠭᠡᠪᠦᠷᠢ ᠶᠢᠨ ᠤᠰᠤᠨ ᠣᠩᠭᠣᠴᠠ ‍ ᠬᠤᠷᠳᠤᠨ ᠮᠠᠭᠤᠳᠠᠬᠤ ᠬᠦᠨᠡᠰᠦᠨ ᠦ ᠪᠦᠲᠦᠭᠡᠭᠳᠡᠬᠦᠨ ᠳᠦ ᠵᠣᠷᠢᠭᠤᠯᠤᠭᠰᠠᠨ ᠬᠥᠷᠥᠭᠡᠯᠲᠡ ᠲᠡᠢ ᠤᠰᠤᠨ ᠣᠩᠭᠣᠴᠠ ‍ ᠦ᠋ᠲ᠋ᠣᠮᠠᠰᠢᠨ ᠲᠡᠭᠡᠭᠡᠪᠦᠷᠢᠯᠡᠭᠴᠢ (ᠤᠰᠤᠨ ᠣᠩᠭᠣᠴᠠᠨ ᠤ ᠲᠥᠷᠥᠯ)

ᠪᠢᠴᠢᠭᠡᠰᠦ