ᠦᠨᠳᠦᠰᠦᠨ ᠦ ᠡᠷᠬᠡ ᠴᠢᠯᠦᠭᠡᠨ ᠦ ᠬᠤᠪᠢᠰᠬᠠᠯ

ᠴᠢᠯᠦᠭᠡᠲᠦ ᠨᠡᠪᠲᠡᠷᠬᠡᠢ ᠲᠣᠯᠢ — ᠸᠢᠺᠢᠫᠧᠳᠢᠶ᠎ᠠ ᠠᠴᠠ
ᠬᠠᠷᠠᠶᠢᠬᠤ: ᠤᠳᠤᠷᠢᠳᠬᠤ, ᠬᠠᠶᠢᠯᠲᠠ

ᠮᠣᠩᠭᠣᠯ ᠤᠯᠤᠰ ᠍ ᠤᠨ ᠲᠡᠦᠬᠡᠨ ᠳᠦ 200 ᠭᠠᠷᠤᠢ ᠵᠢᠯ ᠦᠷᠭᠦᠯᠵᠢᠯᠡᠭᠰᠡᠨ ᠮᠠᠨᠵᠤ ᠴᠢᠩ ᠭᠦᠷᠦᠨ ᠦ ᠨᠣᠶᠠᠷᠬᠠᠯ ᠢ ᠡᠴᠦᠰ ᠪᠣᠯᠭᠠᠨ ᠮᠣᠩᠭᠣᠯ ᠲᠥᠷᠥ ᠶᠢ ᠰᠡᠷᠭᠦᠭᠡᠨ ᠪᠠᠶᠢᠭᠤᠯᠵᠤ᠂ ᠮᠣᠩᠭᠣᠯᠴᠤᠳ ᠤᠨ ᠰᠡᠷᠭᠦᠨ ᠮᠠᠨᠳᠤᠯ ᠤᠨ ᠡᠬᠢ ᠶᠢ ᠲᠠᠯᠪᠢᠭᠰᠠᠨ 1911 ᠣᠨ ᠤ ᠦᠨᠳᠦᠰᠦᠨ ᠦ ᠡᠷᠬᠡ ᠴᠢᠯᠦᠭᠡᠨ ᠦ ᠬᠤᠪᠢᠰᠬᠠᠯ ᠨᠢ ᠲᠥᠷᠥ ᠳᠦ ᠶᠣᠰᠣᠨ ᠤ ᠥᠨᠢ ᠡᠷᠲᠡᠨ ᠦ ᠤᠯᠠᠮᠵᠢᠯᠠᠯᠲᠠᠢ ᠮᠣᠩᠭᠣᠯ ᠤᠨ ᠠᠷᠠᠳ ᠲᠦᠮᠡᠨ ᠦ ᠲᠡᠦᠬᠡ ᠶᠢᠨ ᠣᠨᠴᠠᠭᠠᠢ ᠬᠠᠭᠤᠳᠠᠰᠤ᠂ ᠬᠣᠶᠢᠴᠢ ᠦᠶ᠎ᠡ ᠨᠢ ᠪᠠᠬᠠᠷᠬᠠᠨ ᠳᠤᠷᠠᠰᠪᠠᠯ ᠵᠣᠬᠢᠬᠤ ᠲᠡᠦᠬᠡᠲᠦ ᠦᠢᠯᠡ ᠶᠠᠪᠤᠳᠠᠯ ᠮᠥᠨ᠃ ᠡᠨᠡᠬᠦ ᠦᠨᠳᠦᠰᠦᠨ ᠦ ᠡᠷᠬᠡ ᠴᠢᠯᠦᠭᠡᠨ ᠦ ᠬᠤᠪᠢᠰᠬᠠᠯ ᠨᠢ ᠮᠣᠩᠭᠣᠯᠴᠤᠳ ᠤᠨ ᠲᠤᠭᠤᠷᠭ᠎ᠠ ᠲᠤᠰᠠᠭᠠᠷ ᠤᠯᠤᠰ ᠢᠶᠠᠨ ᠰᠡᠷᠭᠦᠭᠡᠨ ᠪᠠᠶᠢᠭᠤᠯᠬᠤ ᠭᠡᠰᠡᠨ ᠣᠯᠠᠨ ᠠᠷᠪᠠᠨ ᠵᠢᠯ ᠦᠨ ᠮᠣᠬᠣᠰᠢ ᠦᠭᠡᠢ ᠬᠦᠰᠡᠯ ᠲᠡᠮᠡᠦᠯᠡᠯ᠂ ᠲᠤᠤᠱᠲᠠᠢ ᠲᠡᠮᠡᠴᠡᠯ ᠦᠨ ᠪᠡᠶᠡᠯᠡᠯ᠂ ᠦᠨᠳᠦᠰᠦᠨ ᠦ ᠤᠬᠠᠮᠰᠠᠷ ᠤᠨ ᠶᠡᠬᠡ ᠰᠡᠷᠭᠦᠯᠲᠡ ᠶᠢᠨ ᠡᠬᠢᠯᠡᠯ᠂ 1921 ᠣᠨ ᠤ ᠠᠷᠠᠳ ᠤᠨ ᠬᠤᠪᠢᠰᠬᠠᠯ ᠤᠨ ᠪᠣᠳᠠᠲᠤ ᠬᠥᠷᠦᠰ ᠪᠣᠯᠤᠭᠰᠠᠨ ᠪᠢᠯᠡ᠃ᠢᠯᠠᠯᠲᠠ ᠲᠠᠢ ᠪᠣᠯᠤᠭᠰᠠᠨ ᠡᠷᠬᠡ ᠴᠢᠯᠦᠭᠡᠨ ᠦ ᠲᠡᠮᠡᠴᠡᠯ ᠢ ᠬᠤᠪᠢᠰᠬᠠᠯ᠂ ᠠᠮᠵᠢᠯᠲᠠ ᠦᠭᠡᠢ ᠪᠣᠯᠤᠭᠰᠠᠨ ᠪᠣᠯ ᠬᠥᠳᠡᠯᠭᠡᠭᠡᠨ ᠭᠡᠵᠦ ᠨᠡᠷᠡᠯᠡᠳᠡᠭ᠃

ᠪᠣᠭᠳᠠ ᠬᠠᠭᠠᠨ ᠤ ᠣᠷᠳᠣᠨ ᠳᠠᠬᠢ ᠡᠨᠡ ᠶᠣᠰᠣᠯᠠᠯ ᠤᠨ ᠬᠠᠭᠠᠯᠭ᠎ᠠ ᠶᠢ ᠲᠤᠰᠠᠭᠠᠷ ᠲᠣᠭᠲᠠᠨᠢᠯ ᠢᠶᠠᠨ ᠲᠤᠩᠬᠠᠭᠯᠠᠭᠰᠠᠨ ᠳᠤ ᠵᠣᠷᠢᠭᠤᠯᠵᠤ ᠬᠢᠵᠡᠢ

1911 ᠣᠨ ᠤ 12 ᠳ᠋ᠤᠭᠠᠷ ᠰᠠᠷ᠎ᠠ ᠶᠢᠨ 29 ᠍ ᠦ ᠡᠳᠦᠷ ᠦᠨᠳᠦᠰᠦᠨ ᠦ ᠡᠷᠬᠡ ᠴᠢᠯᠦᠭᠡᠨ ᠦ ᠬᠤᠪᠢᠰᠬᠠᠯ ᠤᠨ ᠣᠯᠤᠯᠲᠠ ᠶᠢ ᠪᠠᠲᠤᠯᠠᠭᠠᠵᠢᠭᠤᠯᠠᠨ ᠮᠣᠩᠭᠣᠯ ᠤᠯᠤᠰ ᠲᠤᠰᠠᠭᠠᠷ ᠲᠣᠭᠲᠠᠨᠢᠯ ᠢᠶᠠᠨ ᠲᠤᠩᠬᠠᠭᠯᠠᠨ ᠵᠠᠷᠯᠠᠵᠤ᠂ ᠪᠣᠭᠳᠠ ᠵᠠᠪᠽᠠᠨᠳᠠᠮᠪᠠ ᠬᠤᠲᠤᠭᠲᠤ ᠍ ᠢ ᠬᠠᠭᠠᠨ ᠰᠢᠷᠡᠭᠡᠨ ᠳᠦ ᠵᠠᠯᠠᠵᠤ᠂ ᠲᠡᠭᠦᠨ ᠳᠦ ᠲᠥᠷᠥ ᠶᠢᠨ ᠲᠠᠮᠠᠭ᠎ᠠᠳᠠᠯᠪᠠᠭ᠎ᠠ᠂ ᠡᠷᠭᠦᠮᠵᠢᠯᠡᠯ᠂ ᠬᠦᠨᠳᠦᠳᠬᠡᠯ ᠢ ᠡᠷᠭᠦᠵᠦ᠂ ᠲᠠᠪᠤᠨ ᠶᠠᠮᠤ ᠪᠦᠬᠦᠢ ᠵᠠᠰᠠᠭ ᠤᠨ ᠭᠠᠵᠠᠷ ᠢ ᠪᠠᠶᠢᠭᠤᠯᠬᠤ ᠲᠡᠦᠬᠡᠨ ᠰᠢᠢᠳᠪᠦᠷᠢ ᠭᠠᠷᠭᠠᠭᠰᠠᠨ ᠶᠤᠮ᠃

ᠰᠠᠨᠳᠣ ᠠᠮᠪᠠᠨ ᠢ ᠬᠦᠭᠡᠭᠡᠪᠡ[ᠵᠠᠰᠠᠪᠤᠷᠢᠯᠠᠬᠤ | ᠺᠣᠳ᠋ ᠢᠶᠠᠷ ᠵᠠᠰᠠᠬᠣ]

ᠮᠠᠨᠵᠤ ᠠᠴᠠ ᠲᠤᠰᠠᠭᠠᠷ ᠪᠣᠯᠬᠤ ᠶᠢᠨ ᠲᠤᠯᠠᠳᠠ ᠡᠬᠢᠯᠡᠭᠡᠳ ᠬᠦᠷᠢᠶᠡᠨ ᠳᠦ ᠪᠠᠶᠢᠭᠰᠠᠨ ᠮᠠᠨᠵᠤ ᠶᠢᠨ ᠰᠠᠨᠳᠣ ᠠᠮᠪᠠᠨ ᠶᠢ ᠵᠠᠶᠢᠯᠠᠭᠤᠯᠬᠤ ᠱᠠᠭᠠᠷᠳᠠᠯᠭ᠎ᠠ ᠲᠠᠢ ᠪᠣᠯᠤᠭᠰᠠᠨ ᠶᠤᠮ᠃ ᠲᠡᠶᠢᠮᠦ ᠡᠴᠡ ᠬᠠᠯᠬ᠎ᠠ ᠶᠢᠨ ᠨᠤᠲᠤᠭ ᠪᠦᠷᠢ ᠡᠴᠡ ᠰᠠᠶᠢᠨ ᠳᠤᠷ᠎ᠠ ᠶᠢᠨ ᠴᠡᠷᠢᠭ ᠡᠷᠡᠰ ᠢ ᠴᠤᠭᠯᠠᠭᠤᠯᠵᠤ᠂ ᠡᠭᠦᠨ ᠡᠴᠡ ᠵᠢᠷᠦᠬᠡ ᠠᠯᠠᠳᠠᠨ ᠠᠶᠤᠭᠰᠠᠨ ᠰᠠᠨᠳᠣ ᠵᠢᠭᠤᠳᠠᠨ ᠣᠷᠣᠰ ᠤᠨ ᠺᠣᠨᠰᠤᠶᠢᠯ ᠳᠤ ᠬᠣᠷᠭᠣᠳᠠᠨ᠂ 1911 ᠣᠨ ᠤ 12 ᠳ᠋ᠤᠭᠠᠷ ᠰᠠᠷ᠎ᠠ ᠶᠢᠨ 4 ᠍ ᠳᠦ ᠣᠷᠣᠰ ᠴᠡᠷᠢᠭ ᠢᠶᠡᠷ ᠬᠠᠮᠠᠭᠠᠯᠠᠭᠤᠯᠤᠨ ᠬᠢᠶᠠᠭᠲᠤ ᠢᠶᠠᠷ ᠳᠠᠮᠵᠢᠨ ᠮᠣᠩᠭᠣᠯ ᠨᠤᠲᠤᠭ ᠠᠴᠠ ᠭᠠᠷᠤᠭᠰᠠᠨ ᠶᠠᠭᠤᠮ᠎ᠠ᠃

ᠠᠩᠬᠠᠨ ᠤ ᠶᠠᠮᠤ ᠳᠤ[ᠵᠠᠰᠠᠪᠤᠷᠢᠯᠠᠬᠤ | ᠺᠣᠳ᠋ ᠢᠶᠠᠷ ᠵᠠᠰᠠᠬᠣ]

ᠣᠯᠠᠨ᠎ᠠ ᠡᠷᠭᠦᠭᠳᠡᠭᠰᠡᠨ ᠮᠣᠩᠭᠣᠯ ᠤᠯᠤᠰ ᠍ ᠤᠨ ᠶᠠᠮᠤ ᠨᠢ 5 ᠶᠠᠮᠤᠳ ᠠᠴᠠ ᠪᠥᠷᠢᠳᠴᠦ ᠪᠠᠶᠢᠪᠠ᠃ ᠭᠠᠳᠠᠭᠠᠳᠤ ᠬᠡᠷᠡᠭ ᠢ ᠡᠷᠬᠢᠯᠡᠨ ᠰᠢᠢᠳᠭᠡᠬᠦ ᠶᠠᠮᠤ ᠴᠢᠨ ᠸᠠᠩ ᠬᠠᠨᠳᠤᠳᠣᠷᠵᠢ/ᠣᠳᠣ ᠶᠢᠨ ᠭᠠᠳᠠᠭᠠᠳᠤ ᠬᠡᠷᠡᠭ ᠦᠨ ᠶᠠᠮᠤ/, ᠴᠡᠷᠢᠭ ᠦᠨ ᠶᠠᠮᠤ ᠡᠷᠳᠡᠨᠢ ᠳᠠᠯᠠᠢ ᠸᠠᠩ ᠭᠣᠮᠪᠣᠰᠦ᠋ᠷᠦᠩ/ᠣᠳᠣ ᠶᠢᠨ ᠪᠠᠲᠤᠯᠠᠨ ᠬᠠᠮᠠᠭᠠᠯᠠᠬᠤ ᠶᠠᠮᠤ/, ᠰᠠᠩ ᠤᠨ ᠶᠠᠮᠤ ᠲᠦᠰᠢᠶ᠎ᠡ ᠭᠦᠨᠴᠠᠭᠳᠠᠷᠵᠠᠪ/ ᠣᠳᠣ ᠶᠢᠨ ᠰᠠᠩ ᠤᠨ ᠶᠠᠮᠤ/, ᠰᠢᠭᠦᠬᠦ ᠶᠠᠮᠤ ᠡᠷᠳᠡᠨᠢ ᠸᠠᠩ ᠨᠠᠮᠰᠠᠷᠠᠢ᠂ ᠳᠣᠲᠣᠭᠠᠳᠤ ᠶᠠᠪᠤᠳᠠᠯ ᠤᠨ ᠶᠠᠮᠤ ᠳᠠ ᠯᠠᠮᠠ ᠰᠡᠷᠡᠩᠴᠢᠮᠡᠳ /ᠣᠳᠣ ᠶᠢᠨ ᠬᠠᠤᠯᠢ ᠵᠦᠢ᠂ ᠳᠣᠲᠣᠭᠠᠳᠤ ᠬᠡᠷᠡᠭ ᠦᠨ ᠶᠠᠮᠤ/ ᠨᠠᠷ ᠤᠨ ᠰᠠᠶᠢᠳ ᠲᠠᠢ ᠪᠠᠷ ᠪᠠᠶᠢᠭᠤᠯᠤᠭᠳᠠᠪᠠ᠃ ᠡᠳᠡᠭᠡᠷ ᠰᠠᠶᠢᠳ ᠨᠠᠷ ᠤᠨ ᠡᠷᠬᠡ ᠮᠡᠳᠡᠯ ᠦᠨ ᠵᠥᠷᠢᠴᠡᠯᠳᠦᠭᠡᠨ ᠦ ᠤᠯᠠᠮ ᠠᠴᠠ ᠲᠡᠳᠡᠨ ᠦ ᠳᠡᠭᠡᠷ᠎ᠡ ᠶᠡᠷᠦᠩᠬᠡᠢ ᠰᠠᠶᠢᠳ ᠢᠶᠠᠷ ᠰᠠᠶᠢᠨ ᠨᠣᠶᠠᠨ ᠬᠠᠨ ᠨᠠᠮᠨᠠᠨᠰᠦ᠋ᠷᠦᠩ ᠶᠢ ᠲᠠᠯᠪᠢᠵᠠᠢ᠃

100 ᠵᠢᠯ ᠦᠨ ᠣᠢ[ᠵᠠᠰᠠᠪᠤᠷᠢᠯᠠᠬᠤ | ᠺᠣᠳ᠋ ᠢᠶᠠᠷ ᠵᠠᠰᠠᠬᠣ]

ᠮᠣᠩᠭᠣᠯ ᠤᠯᠤᠰ ᠤᠨ ᠶᠡᠷᠦᠩᠬᠡᠶᠢᠯᠡᠭᠴᠢ ᠨ᠃ᠡᠩᠬᠡᠪᠠᠶᠠᠷ 《ᠦᠨᠳᠦᠰᠦᠨ ᠦ ᠡᠷᠬᠡ ᠴᠢᠯᠦᠭᠡᠨ ᠦ ᠬᠤᠪᠢᠰᠬᠠᠯ ᠤᠨ 100 ᠵᠢᠯ ᠦᠨ ᠣᠢ》 ᠍ ᠢ ᠲᠡᠮᠳᠡᠭᠯᠡᠬᠦ ᠲᠤᠬᠠᠢ ᠵᠠᠷᠯᠢᠭ 2008 ᠣᠨ ᠤ 12 ᠳ᠋ᠤᠭᠠᠷ ᠰᠠᠷ᠎ᠠ ᠶᠢᠨ 28 ᠍ ᠳᠦ ᠭᠠᠷᠭᠠᠵᠤ ᠠᠷᠪᠠᠨ ᠲᠠᠪᠥᠳ ᠢᠶᠠᠷ ᠵᠢᠷᠠᠨ ᠤ ᠴᠠᠭᠠᠭᠴᠢᠨ ᠭᠠᠬᠠᠢ ᠵᠢᠯ ᠦᠨ ᠡᠪᠦᠯ ᠦᠨ ᠳᠤᠮᠳᠠ ᠰᠠᠷ᠎ᠠ ᠶᠢᠨ ᠰᠢᠨ᠎ᠡ ᠶᠢᠨ ᠶᠢᠰᠦᠨ ᠪᠤᠶᠤ ᠠᠷᠭ᠎ᠠ ᠶᠢᠨ ᠲᠣᠭᠠᠯᠠᠯ ᠤᠨ 1911 ᠣᠨ ᠤ 12 ᠳ᠋ᠤᠭᠠᠷ ᠰᠠᠷ᠎ᠠ ᠶᠢᠨ 29 ᠍ ᠦ ᠡᠳᠦᠷ ᠦᠨᠳᠦᠰᠦᠨ ᠦ ᠡᠷᠬᠡ ᠴᠢᠯᠦᠭᠡᠨ ᠦ ᠬᠤᠪᠢᠰᠬᠠᠯ ᠤᠨ ᠣᠯᠤᠯᠲᠠ ᠶᠢ ᠪᠠᠲᠤᠯᠠᠭᠠᠵᠢᠭᠤᠯᠵᠤ ᠮᠣᠩᠭᠣᠯ ᠤᠯᠤᠰ ᠤᠨ ᠲᠤᠰᠠᠭᠠᠷ ᠲᠣᠭᠲᠠᠨᠢᠯ ᠢ ᠳᠠᠶᠠᠭᠠᠷ ᠣᠯᠠᠨ ᠢᠶᠠᠨ ᠲᠤᠩᠬᠠᠭᠯᠠᠨ ᠵᠠᠷᠯᠠᠭᠰᠠᠨ ᠲᠡᠦᠬᠡᠨ ᠦᠢᠯᠡ ᠶᠠᠪᠤᠳᠠᠯ ᠢ ᠲᠣᠬᠢᠶᠠᠯᠳᠤᠭᠤᠯᠤᠨ ᠮᠣᠩᠭᠣᠯ ᠤᠯᠤᠰ ᠲᠤ ᠦᠨᠳᠦᠰᠦᠨ ᠦ ᠡᠷᠬᠡ ᠴᠢᠯᠦᠭᠡᠨ ᠦ ᠬᠤᠪᠢᠰᠬᠠᠯ ᠥᠷᠨᠢᠭᠰᠡᠨ ᠦ 100 ᠵᠢᠯ ᠦᠨ ᠣᠢ ᠶᠢ 2011 ᠣᠨ ᠤ 12 ᠳ᠋ᠤᠭᠠᠷ ᠰᠠᠷ᠎ᠠ ᠶᠢᠨ 29 ᠍ ᠦ ᠡᠳᠦᠷ /ᠦᠨᠳᠦᠰᠦᠨ ᠦ ᠡᠷᠬᠡ ᠴᠢᠯᠦᠭᠡᠨ ᠦ ᠡᠳᠦᠷ/ ᠣᠷᠣᠨ ᠳᠠᠶᠠᠭᠠᠷ ᠲᠡᠮᠳᠡᠭᠯᠡᠬᠦ ᠪᠡᠷ ᠪᠣᠯᠤᠭᠰᠠᠨ᠃[1]

ᠡᠰᠢᠯᠡᠯ[ᠵᠠᠰᠠᠪᠤᠷᠢᠯᠠᠬᠤ | ᠺᠣᠳ᠋ ᠢᠶᠠᠷ ᠵᠠᠰᠠᠬᠣ]

ᠪᠢᠴᠢᠭᠡᠰᠦ