ᠦᠨᠳᠦᠰᠦᠨ ᠬᠠᠤᠯᠢ

ᠴᠢᠯᠦᠭᠡᠲᠦ ᠨᠡᠪᠲᠡᠷᠬᠡᠢ ᠲᠣᠯᠢ — ᠸᠢᠺᠢᠫᠧᠳᠢᠶ᠎ᠠ ᠠᠴᠠ
ᠬᠠᠷᠠᠶᠢᠬᠤ: ᠤᠳᠤᠷᠢᠳᠬᠤ, ᠬᠠᠶᠢᠯᠲᠠ
ᠡᠨᠡ ᠨᠡᠷ᠎ᠡ ᠶᠢ ᠪᠤᠰᠤᠳ ᠦᠨᠳᠦᠰᠦᠨ ᠬᠠᠤᠯᠢᠢ ᠠᠴᠠ ᠢᠯᠭᠠᠨ ᠲᠠᠨᠢᠭᠠᠷᠠᠢ᠃

ᠦᠨᠳᠦᠰᠦᠨ ᠬᠠᠤᠯᠢ ᠨᠢ (ᠯᠠᠲ᠋ᠢᠨ ᠶᠢᠡᠷ constitutio— ᠵᠣᠬᠢᠴᠠᠭᠤᠯᠤᠯᠲᠠ ᠭᠡᠰᠡᠨ ᠤᠳᠬ᠎ᠠ ᠲᠠᠢ) ᠲᠥᠷᠥ ᠪᠣᠯᠤᠨ ᠪᠤᠰᠤᠳ ᠵᠠᠰᠠᠭ ᠤᠨ ᠡᠷᠬᠡ ᠪᠠᠷᠢᠵᠤ ᠪᠠᠶᠢᠭ᠎ᠠ ᠪᠠᠶᠢᠭᠤᠯᠤᠯᠭ᠎ᠠ ᠨᠤᠭᠤᠳ ᠤᠨ ᠦᠨᠳᠦᠰᠦᠨ ᠵᠠᠷᠴᠢᠮ ᠪᠤᠶᠤ ᠲᠣᠭᠲᠠᠭᠠᠭᠰᠠᠨ ᠵᠢᠱᠢᠭ ᠦᠵᠡᠭᠦᠯᠦᠯᠲᠡ ᠨᠦᠭᠦᠳ ᠶᠤᠮ᠃ ᠥᠭᠡᠷ᠎ᠡ ᠪᠡᠷ ᠬᠡᠯᠡᠪᠡᠯ ᠠᠯᠢᠪᠠ ᠤᠯᠤᠰ ᠤᠨ ᠦᠨᠳᠦᠰᠦᠨ ᠰᠠᠭᠤᠷᠢ ᠪᠣᠯᠤᠭᠰᠠᠨ ᠬᠠᠤᠯᠢ ᠶᠤᠮ᠃

ᠲᠡᠦᠬᠡ[ᠵᠠᠰᠠᠪᠤᠷᠢᠯᠠᠬᠤ | ᠺᠣᠳ᠋ ᠢᠶᠠᠷ ᠵᠠᠰᠠᠬᠣ]

ᠳᠡᠯᠡᠬᠡᠢ ᠶᠢᠨ ᠬᠠᠮᠤᠭ ᠤᠨ ᠠᠩᠬᠠᠨ ᠤ ᠪᠢᠴᠢᠭᠳᠡᠮᠡᠯ ᠬᠠᠤᠯᠢ ᠠᠩᠬ᠎ᠠ ᠠᠮᠧᠷᠢᠺᠠ ᠶᠢᠨ ᠨᠢᠭᠡᠳᠦᠭᠰᠡᠨ ᠤᠯᠤᠰ ᠲᠤ ᠡᠭᠦᠰᠦᠭᠰᠡᠨ ᠭᠡᠵᠦ ᠦᠵᠡᠳᠡᠭ ᠪᠥᠭᠡᠳ ᠡᠨᠡ ᠬᠠᠤᠯᠢ ᠶᠢ ᠪᠠᠲᠤᠯᠠᠬᠤ ᠳᠤ ᠠᠮᠧᠷᠢᠺᠠ ᠶᠢᠨ ᠨᠢᠭᠡᠳᠦᠭᠰᠡᠨ ᠤᠯᠤᠰ ᠤᠨ ᠠᠩᠬᠠᠨ ᠤ ᠶᠡᠷᠦᠩᠬᠡᠶᠢᠯᠡᠭᠴᠢ ᠵᠣᠷᠵᠢ ᠸᠠᠰᠢᠩᠲ᠋ᠣᠨ᠃ ᠠᠯᠧᠺᠰᠠᠨᠳᠠᠷ ᠭᠠᠮᠢᠯᠲᠠᠨ᠂ ᠵᠧᠮᠰ ᠮᠧᠳᠢᠭᠰᠠᠨ ᠵᠡᠷᠭᠡ ᠬᠦᠮᠦᠰ ᠲᠡᠦᠬᠡᠨ ᠭᠠᠪᠢᠶ᠎ᠠ ᠪᠠᠶᠢᠭᠤᠯᠵᠤ ᠴᠢᠳᠠᠭᠰᠠᠨ ᠪᠢᠯᠡ.ᠲᠡᠷᠡ ᠦᠶ᠎ᠡ ᠳᠦ 13 ᠮᠤᠵᠢ ᠤᠯᠤᠰ ᠨᠢᠭᠡᠳᠦᠨ ᠠᠩᠬ᠎ᠠ ᠠᠮᠧᠷᠢᠺᠠ ᠶᠢᠨ ᠨᠢᠭᠡᠳᠦᠭᠰᠡᠨ ᠤᠯᠤᠰ ᠶᠢ ᠪᠠᠶᠢᠭᠤᠯᠤᠭᠰᠠᠨ ᠶᠤᠮ. ᠲᠠ ᠰᠠᠶᠢᠨ ᠠᠵᠢᠭᠯᠠᠵᠤ ᠦᠵᠡᠪᠡᠯ ᠡᠭᠦᠨ ᠦ ᠣᠳᠣ ᠶᠢᠨ ᠠᠮᠧᠷᠢᠺᠠ ᠶᠢᠨ ᠨᠢᠭᠡᠳᠦᠭᠰᠡᠨ ᠤᠯᠤᠰ ᠤᠨ ᠲᠥᠷᠥ ᠶᠢᠨ ᠳᠠᠯᠪᠠᠭᠠᠨ ᠳᠡᠭᠡᠷ᠎ᠡ 13 ᠍ ᠶᠢᠨ ᠰᠢᠷᠬᠡᠭ ᠣᠳ ᠪᠠᠶᠢᠳᠠᠭ ᠨᠢ ᠡᠭᠦᠨ ᠢ ᠢᠯᠡᠷᠬᠡᠶᠢᠯᠡᠵᠦ ᠪᠡᠶᠡᠯᠡᠭᠳᠡᠵᠦ ᠪᠠᠶᠢᠭ᠎ᠠ ᠶᠤᠮ᠃ 1787 ᠣᠨ ᠤ 5 ᠰᠠᠷ᠎ᠠ ᠶᠢᠨ 27 ᠍ ᠳᠦ ᠨᠡᠶᠢᠲᠡ 9 ᠮᠤᠵᠢ ᠤᠯᠤᠰ ᠢ ᠲᠥᠯᠥᠭᠡᠯᠡᠨ 29 ᠲᠥᠯᠥᠭᠡᠯᠡᠭᠴᠢ ᠹᠢᠯᠠᠳᠧᠯᠹ ᠦ ᠮᠤᠵᠢ ᠤᠯᠤᠰ ᠤᠨ ᠮᠤᠵᠢ ᠶᠢᠨ ᠵᠠᠬᠢᠷᠭᠠᠨ ᠤ ᠣᠷᠳᠣᠨ ᠴᠤᠭᠯᠠᠷᠠᠵᠠᠢ᠃ ᠲᠥᠯᠥᠭᠡᠯᠡᠭᠴᠢᠳ ᠦᠨ ᠬᠤᠪᠢ ᠳᠤ ᠬᠠᠮᠤᠭ ᠤᠨ ᠠᠬᠠᠮᠠᠳ ᠨᠢ 81 ᠨᠠᠰᠤᠲᠠᠢ᠂ ᠳᠤᠮᠳᠠᠴᠢ ᠨᠠᠰᠤ ᠨᠢ 43 ᠪᠠᠶᠢᠴᠠᠢ᠃ ᠡᠨᠡᠬᠦ ᠬᠤᠷᠠᠯ ᠨᠡᠶᠢᠲᠡ 18 ᠡᠳᠦᠷ ᠪᠣᠯᠵᠤ ᠦᠨᠳᠦᠰᠦᠨ ᠬᠠᠤᠯᠢ ᠪᠠᠲᠤᠯᠠᠭᠳᠠᠭᠰᠠᠨ ᠶᠤᠮ᠃ 1787 ᠣᠨ ᠠᠴᠠ ᠬᠣᠶᠢᠰᠢ ᠠᠮᠧᠷᠢᠺᠠ ᠶᠢᠨ ᠨᠢᠭᠡᠳᠦᠭᠰᠡᠨ ᠤᠯᠤᠰ ᠤᠨ ᠦᠨᠳᠦᠰᠦᠨ ᠬᠠᠤᠯᠢ ᠳᠤ ᠨᠡᠶᠢᠲᠡ 26 ᠤᠳᠠᠭ᠎ᠠ ᠨᠡᠮᠡᠯᠲᠡ ᠥᠭᠡᠷᠡᠴᠢᠯᠡᠯᠲᠡ ᠣᠷᠣᠭᠰᠠᠨ ᠴᠤ ᠲᠡᠳᠡᠭᠡᠷ ᠨᠡᠮᠡᠯᠲᠡ ᠥᠭᠡᠷᠡᠴᠢᠯᠡᠯᠲᠡ ᠨᠦᠭᠦᠳ ᠨᠢ 《ᠵᠢᠵᠢᠭᠬᠡᠨ》 ᠨᠡᠮᠡᠯᠲᠡ ᠨᠦᠭᠦᠳ ᠪᠠᠶᠢᠳᠠᠭ᠃ ᠠᠮᠧᠷᠢᠺᠠ ᠶᠢᠨ ᠨᠢᠭᠡᠳᠦᠭᠰᠡᠨ ᠤᠯᠤᠰ ᠤᠨ ᠦᠨᠳᠦᠰᠦᠨ ᠬᠠᠤᠯᠢ ᠨᠢ ᠳᠡᠯᠡᠬᠡᠢ ᠶᠢᠨ ᠬᠠᠮᠤᠭ ᠤᠨ ᠠᠩᠬᠠᠨ ᠤ ᠪᠢᠴᠢᠭᠳᠡᠮᠡᠯ ᠦᠨᠳᠦᠰᠦᠨ ᠬᠠᠤᠯᠢ ᠪᠥᠭᠡᠳ ᠡᠭᠦᠨ ᠡᠴᠡ ᠭᠠᠳᠠᠨ᠎ᠠ ᠳᠡᠯᠡᠬᠡᠢ ᠳᠡᠭᠡᠷ᠎ᠡ ᠬᠠᠮᠤᠭ ᠤᠨ ᠤᠳᠠᠭᠠᠨ ᠣᠷᠣᠰᠢᠨ ᠲᠣᠭᠲᠠᠨᠢᠵᠤ ᠪᠠᠶᠢᠭ᠎ᠠ ᠦᠨᠳᠦᠰᠦᠨ ᠬᠠᠤᠯᠢ ᠪᠢᠯᠡ᠃

ᠮᠣᠩᠭᠣᠯ ᠤᠯᠤᠰ ᠲᠡᠦᠬᠡᠨ ᠳᠦ ᠪᠡᠨ 1924᠂ 1940᠂ 1960᠂ 1992 ᠤᠨ ᠤᠳ ᠲᠤ ᠦᠨᠳᠦᠰᠦᠨ ᠬᠠᠤᠯᠢ ᠶᠢ ᠳᠥᠷᠪᠡ ᠤᠳᠠᠭ᠎ᠠ ᠬᠡᠯᠡᠯᠴᠡᠨ ᠪᠠᠲᠤᠯᠠᠵᠤ ᠭᠠᠷᠭᠠᠭᠰᠠᠨ ᠪᠠ ᠮᠣᠩᠭᠣᠯ ᠲᠥᠷᠦ ᠶᠢᠨ ᠲᠤᠯᠭᠠᠭᠤᠷᠢ ᠪᠠᠷᠢᠮᠲᠠ ᠪᠣᠯᠬᠤ ᠦᠨᠳᠦᠰᠦᠨ ᠬᠠᠤᠯᠢ ᠨᠢ ᠲᠥᠷᠦ᠂ ᠢᠷᠭᠡᠨ ᠬᠣᠶᠠᠷ ᠤᠨ ᠬᠠᠷᠢᠯᠴᠠᠭᠠᠨ ᠤ ᠦᠨᠳᠦᠰᠦ ᠶᠢ ᠲᠣᠳᠣᠷᠬᠠᠶᠢᠯᠠᠵᠤ᠂ ᠰᠢᠳᠤᠷᠭᠤ ᠶᠣᠰᠣᠨ ᠤ ᠲᠠᠯᠠᠭᠠᠷᠬᠢ ᠠᠷᠠᠳ ᠲᠦᠮᠡᠨ ᠦ ᠰᠠᠭᠤᠷᠢ ᠦᠨᠡᠮᠯᠡᠮᠵᠢ ᠶᠢ ᠢᠯᠡᠷᠬᠡᠶᠢᠯᠡᠳᠡᠭ ᠳᠡᠭᠡᠳᠦ ᠬᠡᠮ ᠬᠡᠮᠵᠢᠶᠡᠨ ᠦ ᠨᠡᠶᠢᠯᠡᠪᠦᠷᠢ ᠶᠤᠮ᠃

Huuli.jpg

ᠮᠣᠩᠭᠣᠯ ᠤᠯᠤᠰ ᠤᠨ ᠠᠩᠬᠠᠳᠤᠭᠠᠷ ᠦᠨᠳᠦᠰᠦᠨ ᠬᠠᠤᠯᠢ

ᠮᠣᠩᠭᠣᠯ ᠤᠯᠤᠰ 1924 ᠣᠨ ᠤ ᠠᠷᠪᠠᠨ ᠨᠢᠭᠡᠳᠦᠭᠡᠷ ᠰᠠᠷ᠎ᠠ ᠶᠢᠨ 26 ᠍ ᠤ ᠡᠳᠦᠷ ᠦᠨ 16 ᠴᠠᠭ 17 ᠮᠢᠨᠦ᠋ᠲ ᠲᠤ ᠤᠯᠤᠰ ᠤᠨ ᠠᠩᠬᠠᠳᠤᠭᠠᠷ ᠶᠡᠬᠡ ᠬᠤᠷᠠᠯ ᠤᠨ 14 ᠳ᠋ᠦ᠋ᠭᠡᠷ ᠲᠣᠭᠲᠠᠭᠠᠯ ᠤᠨ 1 ᠳ᠋ᠦ᠋ᠭᠡᠷ ᠵᠦᠢᠯ ᠢᠶᠡᠷ ᠪᠦᠭᠦᠳᠡ ᠨᠠᠢᠷᠠᠮᠳᠠᠬᠤ ᠮᠤᠩᠭᠤᠯ ᠠᠷᠠᠳ ᠤᠯᠤᠰ ‍ ᠤᠨ(БНМАУ) ᠠᠩᠬᠠᠳᠤᠭᠠᠷ ᠦᠨᠳᠦᠰᠦᠨ ᠬᠠᠤᠯᠢ ᠶᠢ ᠪᠠᠲᠤᠯᠠᠭᠰᠠᠨ ᠶᠤᠮ᠃ ᠠᠩᠬᠠᠳᠤᠭᠠᠷ ᠦᠨᠳᠦᠰᠦᠨ ᠬᠠᠤᠯᠢ 6 ᠪᠦᠯᠦᠭ᠂ 50 ᠵᠦᠢᠯ ᠲᠡᠢ ᠪᠠ 1931 ᠣᠨ ᠤ ᠬᠣᠶᠠᠳᠤᠭᠠᠷ ᠰᠠᠷ᠎ᠠ ᠶᠢᠨ 14 ᠍ ᠦ ᠡᠳᠦᠷ ᠦᠨ ᠪᠦᠭᠦᠳᠡ ᠨᠠᠢᠷᠠᠮᠳᠠᠬᠤ ᠮᠤᠩᠭᠤᠯ ᠠᠷᠠᠳ ᠤᠯᠤᠰ ‍ ᠤᠨ 24 ᠳᠦᠭᠡᠷ ᠪᠠᠭ᠎ᠠ ᠬᠤᠷᠠᠯ ᠠᠴᠠ ᠭᠠᠷᠭᠠᠭᠰᠠᠨ ᠲᠣᠭᠲᠠᠭᠠᠯ ᠢᠶᠠᠷ 1924 ᠣᠨ ᠳᠤ ᠪᠠᠲᠤᠯᠠᠭᠳᠠᠭᠰᠠᠨ ᠠᠩᠬᠠᠳᠤᠭᠠᠷ ᠦᠨᠳᠦᠰᠦᠨ ᠬᠠᠤᠯᠢ ᠶᠢᠨ 11 ᠪᠠ 34 ᠳᠦᠭᠡᠷ ᠵᠦᠢᠯ ᠳᠦ ᠨᠡᠮᠡᠯᠲᠡ᠂ ᠥᠭᠡᠷᠡᠴᠢᠯᠡᠯᠲᠡ ᠣᠷᠣᠭᠤᠯᠤᠭᠰᠠᠨ ᠪᠠᠶᠢᠨ᠎ᠠ᠃ ᠲᠣᠳᠣᠷᠠᠭᠤᠯᠪᠠᠯ᠂ ᠤᠯᠤᠰ ᠤᠨ ᠪᠠᠭ᠎ᠠ ᠬᠤᠷᠠᠯ ᠤᠨ ᠡᠷᠬᠡ ᠬᠡᠮᠵᠢᠶ᠎ᠡ ᠪᠣᠯᠤᠨ ᠰᠣᠩᠭᠣᠭᠤᠯᠢ ᠶᠢᠨ ᠡᠷᠬᠡ ᠶᠢᠨ ᠬᠦᠷᠢᠶᠡᠨ ᠳᠦ ᠥᠭᠡᠷᠡᠴᠢᠯᠡᠯᠲᠡ ᠣᠷᠣᠭᠤᠯᠤᠭᠰᠠᠨ ᠶᠤᠮ᠃

1924.07.jpg
1924.00.jpg
1924.01.jpg
1924.02.jpg
1924.06.jpg
1924.07.jpg


ᠮᠣᠩᠭᠣᠯ ᠤᠯᠤᠰ ᠤᠨ ᠬᠣᠶᠠᠳᠤᠭᠠᠷ ᠦᠨᠳᠦᠰᠦᠨ ᠬᠠᠤᠯᠢ ᠮᠣᠩᠭᠣᠯ ᠤᠯᠤᠰ ᠤᠨ ᠬᠣᠶᠠᠳᠤᠭᠠᠷ ᠦᠨᠳᠦᠰᠦᠨ ᠬᠠᠤᠯᠢ ᠶᠢ 1940 ᠣᠨ ᠤ ᠵᠢᠷᠭᠤᠳᠤᠭᠠᠷ ᠰᠠᠷ᠎ᠠ ᠶᠢᠨ 30 ᠍ ᠤ ᠡᠳᠦᠷ ᠤᠯᠤᠰ ᠤᠨ ᠨᠠᠢᠮᠠᠳᠤᠭᠠᠷ ᠶᠡᠬᠡ ᠬᠤᠷᠠᠯ ᠢᠶᠠᠷ ᠪᠠᠲᠤᠯᠠᠭᠰᠠᠨ ᠪᠠᠶᠢᠨ᠎ᠠ᠃ ᠬᠣᠶᠠᠳᠤᠭᠠᠷ ᠦᠨᠳᠦᠰᠦᠨ ᠬᠠᠤᠯᠢ 12 ᠪᠦᠯᠦᠭ᠂ 95 ᠵᠦᠢᠯ ᠲᠡᠢ᠃ 1940 ᠣᠨ ᠤ ᠪᠦᠭᠦᠳᠡ ᠨᠠᠶᠢᠷᠠᠮᠳᠠᠬᠤ ᠮᠣᠩᠭᠣᠯ ᠠᠷᠠᠳ ᠤᠯᠤᠰ ᠤᠨ ᠦᠨᠳᠦᠰᠦᠨ ᠬᠠᠤᠯᠢ ᠳᠤ 16 ᠤᠳᠠᠭ᠎ᠠ ᠨᠡᠮᠡᠯᠲᠡ᠂ ᠥᠭᠡᠷᠡᠴᠢᠯᠡᠯᠲᠡ ᠣᠷᠣᠭᠤᠯᠤᠭᠰᠠᠨ ᠪᠠᠶᠢᠨ᠎ᠠ᠃ ᠲᠤᠬᠠᠶᠢᠯᠠᠪᠠᠯ᠂ ᠪᠦᠭᠦᠳᠡ ᠨᠠᠶᠢᠷᠠᠮᠳᠠᠬᠤ ᠮᠣᠩᠭᠣᠯ ᠠᠷᠠᠳ ᠤᠯᠤᠰ ᠤᠨ 24  ᠳᠦᠭᠡᠷ ᠪᠠᠭ᠎ᠠ ᠬᠤᠷᠠᠯ ᠠᠴᠠ ᠭᠠᠷᠭᠠᠭᠰᠠᠨ ᠲᠣᠭᠲᠠᠭᠠᠯ ᠢᠶᠠᠷ ᠪᠦᠭᠦᠳᠡ ᠨᠠᠶᠢᠷᠠᠮᠳᠠᠬᠤ ᠮᠣᠩᠭᠣᠯ ᠠᠷᠠᠳ ᠤᠯᠤᠰ ᠤᠨ ᠦᠨᠳᠦᠰᠦᠨ ᠬᠠᠤᠯᠢ ᠶᠢᠨ 11 ᠳᠦᠭᠡᠷ ᠵᠦᠢᠯ ᠳᠦ ᠣᠷᠣᠭᠤᠯᠤᠭᠰᠠᠨ ᠥᠭᠡᠷᠡᠴᠢᠯᠡᠯᠲᠡ ᠨᠢ 《ᠪᠦᠭᠦᠳᠡ ᠨᠠᠶᠢᠷᠠᠮᠳᠠᠬᠤ ᠮᠣᠩᠭᠣᠯ ᠠᠷᠠᠳ ᠤᠯᠤᠰ ᠨᠢ ᠲᠥᠪ᠂ ᠬᠡᠨᠲᠡᠢ᠂ ᠳᠣᠷᠣᠨᠠᠲᠤ᠂ ᠳᠣᠷᠣᠨᠠᠭᠣᠪᠢ᠂ ᠡᠮᠦᠨᠡᠭᠣᠪᠢ᠂ ᠥᠪᠦᠷᠬᠠᠩᠭᠠᠢ᠂ ᠠᠷᠤᠬᠠᠩᠭᠠᠢ᠂ ᠭᠣᠪᠢ-ᠠᠯᠲᠠᠢ᠂ ᠵᠠᠪᠬᠠᠨ᠂ ᠬᠣᠪᠳᠣ᠂ ᠪᠠᠶᠠᠨ-ᠥᠯᠥᠭᠡᠢ᠂ ᠬᠥᠪᠰᠥᠭᠥᠯ᠂ ᠪᠤᠯᠠᠭᠠᠨ᠂ ᠤᠪᠰ᠂ ᠰᠡᠯᠡᠩᠭᠡ ᠠᠶᠢᠮᠠᠭ ᠤᠳ ᠪᠠ ᠤᠯᠠᠭᠠᠨᠪᠠᠭᠠᠲᠤᠷ ᠬᠣᠲᠠ ᠪᠠᠷ ᠪᠦᠷᠢᠳᠦᠯ ᠪᠣᠯᠭᠠᠵᠤ ᠲᠣᠭᠲᠠᠭᠠᠨ᠎ᠠ》 ᠬᠡᠮᠡᠨ ᠵᠠᠭᠠᠴᠠᠢ


ᠮᠣᠩᠭᠣᠯ ᠤᠯᠤᠰ ᠤᠨ ᠭᠤᠷᠪᠠᠳᠤᠭᠠᠷ ᠦᠨᠳᠦᠰᠦᠨ ᠬᠠᠤᠯᠢ ᠮᠣᠩᠭᠣᠯ ᠤᠯᠤᠰ ᠤᠨ ᠭᠤᠷᠪᠠᠳᠤᠭᠠᠷ ᠦᠨᠳᠦᠰᠦᠨ ᠬᠠᠤᠯᠢ ᠶᠢ 1960 ᠣᠨ ᠤ ᠳᠣᠯᠣᠳᠤᠭᠠᠷ ᠰᠠᠷ᠎ᠠ ᠶᠢᠨ 6 ᠍ ᠤ ᠡᠳᠦᠷ ᠪᠠᠲᠤᠯᠠᠭᠰᠠᠨ ᠶᠤᠮ᠃ ᠡᠨᠡᠬᠦ ᠦᠨᠳᠦᠰᠦᠨ ᠬᠠᠤᠯᠢ 10 ᠪᠦᠯᠦᠭ᠂ 94 ᠵᠦᠢᠯ ᠲᠡᠢ᠃ 1960 ᠣᠨ ᠤ ᠪᠦᠭᠦᠳᠡ ᠨᠠᠶᠢᠷᠠᠮᠳᠠᠬᠤ ᠮᠣᠩᠭᠣᠯ ᠠᠷᠠᠳ ᠤᠯᠤᠰ ᠤᠨ ᠦᠨᠳᠦᠰᠦᠨ ᠬᠠᠤᠯᠢ ᠳᠤ 16 ᠤᠳᠠᠭ᠎ᠠ ᠨᠡᠮᠡᠯᠲᠡ᠂ ᠥᠭᠡᠷᠡᠴᠢᠯᠡᠯᠲᠡ ᠣᠷᠣᠭᠤᠯᠤᠭᠰᠠᠨ ᠶᠤᠮ᠃ ᠲᠤᠬᠠᠶᠢᠯᠠᠪᠠᠯ᠂ ᠠᠷᠠᠳ ᠤᠨ ᠶᠡᠬᠡ ᠬᠤᠷᠠᠯ ᠤᠨ ᠶᠢᠰᠦᠳᠦᠭᠡᠷ ᠤᠳᠠᠭ᠎ᠠ ᠶᠢᠨ ᠭᠤᠷᠪᠠᠳᠤᠭᠠᠷ ᠴᠢᠭᠤᠯᠭᠠᠨ ᠢᠶᠠᠷ ᠪᠦᠭᠦᠳᠡ ᠨᠠᠶᠢᠷᠠᠮᠳᠠᠬᠤ ᠮᠣᠩᠭᠣᠯ ᠠᠷᠠᠳ ᠤᠯᠤᠰ ᠤᠨ ᠦᠨᠳᠦᠰᠦᠨ ᠬᠠᠤᠯᠢ ᠶᠢᠨ 19 ᠳᠦᠭᠡᠷ ᠵᠦᠢᠯ ᠳᠦ ᠣᠷᠣᠭᠤᠯᠤᠭᠰᠠᠨ ᠨᠡᠮᠡᠯᠲᠡ᠂ ᠥᠭᠡᠷᠡᠴᠢᠯᠡᠯᠲᠡᠳ᠄ 《ᠪᠦᠭᠦᠳᠡ ᠨᠠᠶᠢᠷᠠᠮᠳᠠᠬᠤ ᠮᠣᠩᠭᠣᠯ ᠠᠷᠠᠳ ᠤᠯᠤᠰ ᠲᠤ ᠭᠠᠭᠴᠠᠬᠦ ᠪᠦᠭᠦᠳᠡ ᠨᠠᠶᠢᠷᠠᠮᠳᠠᠬᠤ ᠮᠣᠩᠭᠣᠯ ᠠᠷᠠᠳ ᠤᠯᠤᠰ ᠤᠨ ᠠᠷᠠᠳ ᠤᠨ ᠶᠡᠬᠡ ᠬᠤᠷᠠᠯ ᠬᠠᠤᠯᠢ ᠲᠣᠭᠲᠠᠭᠠᠬᠤ ᠡᠷᠬᠡ ᠲᠡᠢ ᠪᠠᠶᠢᠨ᠎ᠠ᠃ ᠪᠦᠭᠦᠳᠡ ᠨᠠᠶᠢᠷᠠᠮᠳᠠᠬᠤ ᠮᠣᠩᠭᠣᠯ ᠠᠷᠠᠳ ᠤᠯᠤᠰ ᠤᠨ ᠠᠷᠠᠳ ᠤᠨ ᠶᠡᠬᠡ ᠬᠤᠷᠠᠯ ᠤᠨ ᠲᠡᠷᠢᠭᠦᠯᠡᠭᠴᠢᠳ᠂ ᠪᠦᠭᠦᠳᠡ ᠨᠠᠶᠢᠷᠠᠮᠳᠠᠬᠤ ᠮᠣᠩᠭᠣᠯ ᠤᠯᠤᠰ ᠤᠨ ᠰᠠᠶᠢᠳ ᠨᠠᠷ ᠤᠨ ᠵᠥᠪᠯᠡᠯ᠂ ᠪᠦᠭᠦᠳᠡ ᠨᠠᠶᠢᠷᠠᠮᠳᠠᠬᠤ ᠮᠣᠩᠭᠣᠯ ᠠᠷᠠᠳ ᠤᠯᠤᠰ ᠤᠨ ᠠᠷᠠᠳ ᠤᠨ ᠶᠡᠬᠡ ᠬᠤᠷᠠᠯ ᠤᠨ ᠪᠠᠶᠢᠩᠭᠤ ᠶᠢᠨ ᠺᠣᠮᠢᠰ᠂ ᠪᠦᠭᠦᠳᠡ ᠨᠠᠶᠢᠷᠠᠮᠳᠠᠬᠤ ᠮᠣᠩᠭᠣᠯ ᠠᠷᠠᠳ ᠤᠯᠤᠰ ᠤᠨ ᠠᠷᠠᠳ ᠤᠨ ᠶᠡᠬᠡ ᠬᠤᠷᠠᠯ ᠤᠨ ᠳ᠋ᠧᠫᠦᠲ᠋ᠠᠲ ᠤᠳ᠂ ᠪᠦᠭᠦᠳᠡ ᠨᠠᠶᠢᠷᠠᠮᠳᠠᠬᠤ ᠮᠣᠩᠭᠣᠯ ᠠᠷᠠᠳ ᠤᠯᠤᠰ ᠤᠨ ᠳᠡᠭᠡᠳᠦ ᠰᠢᠭᠦᠬᠦ᠂ ᠪᠦᠭᠦᠳᠡ ᠨᠠᠶᠢᠷᠠᠮᠳᠠᠬᠤ ᠮᠣᠩᠭᠣᠯ ᠠᠷᠠᠳ ᠤᠯᠤᠰ ᠤᠨ ᠫᠷᠣᠺᠦ᠋ᠷᠣᠷ ᠬᠠᠤᠯᠢ ᠰᠠᠨᠠᠭᠠᠴᠢᠯᠠᠬᠤ ᠡᠷᠬᠡ ᠲᠡᠢ᠃ ᠮᠣᠩᠭᠣᠯ ᠤᠨ ᠦᠢᠯᠡᠳᠪᠦᠷᠢᠴᠢᠨ ᠦ ᠡᠪᠯᠡᠯ ᠨᠢ ᠲᠥᠪ ᠵᠥᠪᠯᠡᠯ ᠢᠶᠡᠷ ᠢᠶᠡᠨ᠂ ᠮᠣᠩᠭᠣᠯ ᠤᠨ ᠬᠤᠪᠢᠰᠬᠠᠯᠲᠤ ᠵᠠᠯᠠᠭᠤᠴᠤᠳ ᠤᠨ ᠡᠪᠯᠡᠯ ᠲᠥᠪ ᠬᠣᠷᠢᠶ᠎ᠠ ᠪᠠᠷ ᠢᠶᠠᠨ ᠤᠯᠠᠮᠵᠢᠯᠠᠨ ᠬᠠᠤᠯᠢ ᠰᠠᠨᠠᠭᠠᠴᠢᠯᠠᠬᠤ ᠡᠷᠬᠡ ᠡᠳ᠋ᠯᠡᠨ᠎ᠡ.》 ᠭᠡᠵᠦ ᠵᠢᠭᠠᠴᠠᠢ᠃

1960.jpg


ᠮᠣᠩᠭᠣᠯ ᠤᠯᠤᠰ ᠤᠨ ᠳᠥᠷᠪᠡᠳᠦᠭᠡᠷ ᠦᠨᠳᠦᠰᠦᠨ ᠬᠠᠤᠯᠢ ᠮᠣᠩᠭᠣᠯ ᠤᠯᠤᠰ ᠤᠨ ᠳᠥᠷᠪᠡᠳᠦᠭᠡᠷ ᠦᠨᠳᠦᠰᠦᠨ ᠬᠠᠤᠯᠢ ᠨᠢ 1992 ᠣᠨ ᠤ ᠨᠢᠭᠡᠳᠦᠭᠡᠷ ᠰᠠᠷ᠎ᠠ ᠶᠢᠨ 13 ᠍ ᠳᠦ ᠪᠦᠭᠦᠳᠡ ᠨᠠᠶᠢᠷᠠᠮᠳᠠᠬᠤ ᠮᠣᠩᠭᠣᠯ ᠠᠷᠠᠳ ᠤᠯᠤᠰ ᠤᠨ ᠠᠷᠠᠳ ᠤᠨ ᠶᠡᠬᠡ ᠬᠤᠷᠠᠯ ᠢᠶᠠᠷ ᠪᠠᠲᠤᠯᠠᠭᠳᠠᠵᠤ᠂ ᠲᠤᠬᠠᠢ ᠶᠢᠨ ᠣᠨ ᠤ ᠪᠠᠨ ᠬᠣᠶᠠᠳᠤᠭᠠᠷ ᠰᠠᠷ᠎ᠠ ᠶᠢᠨ 12 ᠍ ᠤ ᠡᠳᠦᠷ ᠡᠴᠡ ᠡᠬᠢᠯᠡᠨ ᠳᠠᠭᠠᠵᠤ ᠮᠥᠷᠳᠡᠵᠡᠢ᠃ ᠡᠨᠡᠬᠦ ᠦᠨᠳᠦᠰᠦᠨ ᠬᠠᠤᠯᠢ ᠣᠷᠣᠰᠢᠯ᠂ 6 ᠪᠦᠯᠦᠭ᠂ 70 ᠵᠦᠢᠯ ᠲᠡᠢ᠃ ᠡᠳᠦᠭᠡ ᠮᠥᠷᠳᠡᠭᠳᠡᠵᠦ ᠪᠤᠢ ᠦᠨᠳᠦᠰᠦᠨ ᠬᠠᠤᠯᠢ ᠳᠤ 2000 ᠣᠨ ᠤ 12 ᠳ᠋ᠤᠭᠠᠷ ᠰᠠᠷ᠎ᠠ ᠶᠢᠨ 14 ᠍ ᠦ ᠡᠳᠦᠷ ᠨᠡᠮᠡᠯᠲᠡ᠂ ᠥᠭᠡᠷᠡᠴᠢᠯᠡᠯᠲᠡ ᠣᠷᠣᠭᠤᠯᠤᠭᠰᠠᠨ ᠶᠤᠮ᠃ ᠲᠤᠬᠠᠶᠢᠯᠠᠪᠠᠯ᠂ ᠬᠣᠷᠢᠨ ᠬᠣᠶᠠᠳᠤᠭᠠᠷ ᠵᠦᠢᠯ ᠦᠨ 2 ᠳᠠᠬᠢ ᠬᠡᠰᠡᠭ ᠲᠦ᠄ 《ᠦᠨᠳᠦᠰᠦᠨ ᠬᠠᠤᠯᠢ ᠳᠤ ᠥᠭᠡᠷ᠎ᠡ ᠪᠡᠷ ᠵᠢᠭᠠᠭ᠎ᠠ ᠦᠭᠡᠢ ᠪᠣᠯ ᠮᠣᠩᠭᠣᠯ ᠤᠯᠤᠰ ᠤᠨ ᠶᠡᠷᠦᠩᠬᠡᠢ ᠰᠠᠶᠢᠳ ᠢ ᠲᠤᠮᠢᠯᠠᠬᠤ ᠰᠠᠨᠠᠯ ᠢ ᠤᠯᠤᠰ ᠤᠨ ᠶᠡᠬᠡ ᠬᠤᠷᠠᠯ ᠳᠤ ᠡᠷᠭᠦᠨ ᠮᠡᠳᠡᠭᠦᠯᠦᠭᠰᠡᠨ ᠡᠴᠡ ᠬᠣᠶᠢᠰᠢ ᠳᠥᠴᠢᠨ ᠲᠠᠪᠤ ᠬᠣᠨᠣᠭ ᠤᠨ ᠳᠣᠲᠣᠷ᠎ᠠ ᠤᠯᠤᠰ ᠤᠨ ᠶᠡᠬᠡ ᠬᠤᠷᠠᠯ ᠬᠡᠯᠡᠯᠴᠡᠨ ᠰᠢᠢᠳᠪᠦᠷᠢᠯᠡᠵᠦ ᠴᠢᠳᠠᠭ᠎ᠠ ᠦᠭᠡᠢ ᠪᠣᠯ ᠥᠪᠡᠷ ᠢᠶᠡᠨ ᠲᠠᠷᠠᠬᠤ ᠪᠤᠶᠤ ᠡᠰᠡᠬᠦᠯ᠎ᠡ ᠮᠣᠩᠭᠣᠯ ᠤᠯᠤᠰ ᠤᠨ ᠶᠡᠷᠦᠩᠬᠡᠶᠢᠯᠡᠭᠴᠢ ᠤᠯᠤᠰ ᠤᠨ ᠶᠡᠬᠡ ᠬᠤᠷᠠᠯ ᠢ ᠲᠠᠷᠠᠭᠠᠬᠤ ᠲᠤᠬᠠᠢ ᠰᠢᠢᠳᠪᠦᠷᠢ ᠭᠠᠷᠭᠠᠨ᠎ᠠ.》 ᠭᠡᠰᠡᠨ ᠵᠢᠭᠠᠯᠲᠠ ᠨᠡᠮᠡᠭᠰᠡᠨ ᠪᠠᠶᠢᠨ᠎ᠠ᠃

1990.004.jpg
1990.006.jpg

ᠮᠣᠩᠭᠣᠯ ᠤᠯᠤᠰ ᠤᠨ ᠦᠨᠳᠦᠰᠦᠨ ᠬᠠᠤᠯᠢ ᠳᠤ ᠣᠷᠣᠭᠤᠯᠬᠤ ᠨᠡᠮᠡᠯᠲᠡ᠂ ᠥᠭᠡᠷᠡᠴᠢᠯᠡᠯᠲᠡ ᠶᠢᠨ ᠲᠥᠰᠦᠯ ᠢ ᠡᠷᠭᠦᠨ ᠪᠠᠷᠢᠯ ᠢᠶᠠᠨ 2015 ᠣᠨ ᠤ 11 ᠳᠦᠭᠡᠷ ᠰᠠᠷ᠎ᠠ ᠶᠢᠨ 6 ᠍ ᠳᠦ ᠤᠯᠤᠰ ᠤᠨ ᠶᠡᠬᠡ ᠬᠤᠷᠠᠯ ᠤᠨ ᠳᠠᠷᠤᠭ᠎ᠠ ᠽ ∙ ᠡᠩᠬᠡᠪᠣᠯᠤᠳ ᠲᠤ ᠮᠣᠩᠭᠣᠯ ᠤᠯᠤᠰ ᠤᠨ ᠦᠨᠳᠦᠰᠦᠨ ᠬᠠᠤᠯᠢ ᠳᠤ ᠨᠡᠮᠡᠯᠲᠡ᠂ ᠥᠭᠡᠷᠡᠴᠢᠯᠡᠯᠲᠡ ᠤᠷᠤᠭᠤᠯᠬᠤ ᠲᠤᠬᠠᠢ ᠬᠠᠤᠯᠢ ᠶᠢᠨ ᠲᠥᠰᠥᠯ ᠡᠷᠭᠦᠨ ᠪᠠᠷᠢᠭᠰᠠᠨ ᠶᠤᠮ᠃ ᠤᠯᠤᠰ ᠤᠨ ᠶᠡᠬᠡ ᠬᠤᠷᠠᠯ ᠤᠨ ᠳᠠᠷᠤᠭ᠎ᠠ ᠶᠢᠨ 2013 ᠣᠨ ᠤ 02 ᠳ᠋ᠤᠭᠠᠷ ᠰᠠᠷ᠎ᠠ ᠶᠢᠨ 08 ᠍ ᠤ ᠡᠳᠦᠷ ᠦᠨ 27 ᠲᠣᠭᠠᠲᠤ ᠵᠠᠬᠢᠷᠤᠮᠵᠢ ᠪᠠᠷ ᠮᠣᠩᠭᠣᠯ ᠤᠯᠤᠰ ᠤᠨ ᠦᠨᠳᠦᠰᠦᠨ ᠬᠠᠤᠯᠢ ᠳᠤ ᠨᠡᠮᠡᠯᠲᠡ᠂ ᠥᠭᠡᠷᠡᠴᠢᠯᠡᠯᠲᠡ ᠤᠷᠤᠭᠤᠯᠬᠤ ᠡᠰᠡᠬᠦ ᠠᠰᠠᠭᠤᠳᠠᠯ ᠢ ᠰᠤᠳᠤᠯᠬᠤ ᠡᠭᠦᠷᠭᠡ ᠪᠦᠬᠦᠢ ᠠᠵᠢᠯ ᠤᠨ ᠬᠡᠰᠡᠭ ᠢ ᠤᠯᠤᠰ ᠤᠨ ᠶᠡᠬᠡ ᠬᠤᠷᠠᠯ ᠤᠨ ᠳᠡᠳ᠋ ᠳᠠᠷᠤᠭ᠎ᠠ ᠯ ∙ ᠴᠣᠭ ᠢᠶᠠᠷ ᠠᠬᠠᠯᠠᠭᠤᠯᠤᠨ ᠪᠠᠶᠢᠭᠤᠯᠤᠭᠰᠠᠨ ᠪᠣᠯᠤᠨ᠎ᠠ᠃ ᠠᠵᠢᠯ ᠤᠨ ᠬᠡᠰᠡᠭ ᠦᠨᠳᠦᠰᠦᠨ ᠬᠠᠤᠯᠢ ᠳᠤ ᠨᠡᠮᠡᠯᠲᠡ᠂ ᠥᠭᠡᠷᠡᠴᠢᠯᠡᠯᠲᠡ ᠣᠷᠣᠭᠤᠯᠬᠤ ᠱᠠᠭᠠᠷᠳᠠᠯᠭ᠎ᠠ ᠲᠠᠢ ᠭᠡᠵᠦ ᠳ᠋ᠦᠩᠨᠡᠭᠰᠡᠨ ᠶᠤᠮ᠃ ᠡᠨᠡ ᠳ᠋ᠦᠩᠨᠡᠯᠲᠡ ᠶᠢ ᠦᠨᠳᠦᠰᠦᠯᠡᠨ ᠤᠯᠤᠰ ᠤᠨ ᠶᠡᠬᠡ ᠬᠤᠷᠠᠯ ᠤᠨ ᠳᠠᠷᠤᠭ᠎ᠠ ᠽ ∙ ᠡᠩᠬᠡᠪᠣᠯᠤᠳ ᠮᠣᠩᠭᠣᠯ ᠤᠯᠤᠰ ᠤᠨ ᠦᠨᠳᠦᠰᠦᠨ ᠬᠠᠤᠯᠢ ᠳᠤ ᠨᠡᠮᠡᠯᠲᠡ᠂ ᠥᠭᠡᠷᠡᠴᠢᠯᠡᠯᠲᠡ ᠤᠷᠤᠭᠤᠯᠬᠤ ᠲᠤᠬᠠᠢ ᠬᠠᠤᠯᠢ ᠶᠢᠨ ᠲᠥᠰᠥᠯ ᠪᠣᠯᠪᠠᠰᠤᠷᠠᠭᠤᠯᠬᠤ ᠡᠭᠦᠷᠭᠡ ᠪᠦᠬᠦᠢ ᠠᠵᠢᠯ ᠤᠨ ᠬᠡᠰᠡᠭ ᠲᠤᠮᠢᠯᠠᠬᠤ ᠲᠤᠬᠠᠢ 08 ᠲᠣᠭᠠᠲᠤ ᠵᠠᠬᠢᠷᠤᠮᠵᠢ ᠶᠢ 2015 ᠣᠨ ᠤ 01 ᠳᠦᠭᠡᠷ ᠰᠠᠷ᠎ᠠ ᠶᠢᠨ 13 ᠍ ᠤ ᠡᠳᠦᠷ ᠭᠠᠷᠭᠠᠭᠰᠠᠨ ᠪᠣᠯᠤᠨ᠎ᠠ᠃ ᠠᠵᠢᠯ ᠤᠨ ᠬᠡᠰᠡᠭ ᠦᠨ ᠠᠬᠠᠯᠠᠭᠴᠢ ᠪᠠᠷ ᠤᠯᠤᠰ ᠤᠨ ᠶᠡᠬᠡ ᠬᠤᠷᠠᠯ ᠤᠨ ᠭᠡᠰᠢᠭᠦᠨ ᠨ ∙ ᠪᠠᠲᠤᠪᠠᠶᠠᠷ ᠲᠣᠮᠢᠯᠠᠭᠳᠠᠭᠰᠠᠨ ᠶᠤᠮ᠃ ᠮᠥᠨ ᠡᠳᠦᠷ /2015.11.06/ ᠠᠵᠢᠯ ᠤᠨ ᠬᠡᠰᠡᠭ ᠦᠨ ᠠᠬᠠᠯᠠᠭᠴᠢ᠂ ᠤᠯᠤᠰ ᠤᠨ ᠶᠡᠬᠡ ᠬᠤᠷᠠᠯ ᠤᠨ ᠭᠡᠰᠢᠭᠦᠨ ᠨ ∙ ᠪᠠᠲᠤᠪᠠᠶᠠᠷ 《ᠠᠷᠠᠳ ᠨᠡᠶᠢᠲᠡ ᠶᠢᠨ ᠰᠠᠨᠠᠯ ᠠᠰᠠᠭᠤᠯᠭ᠎ᠠ ᠶᠠᠪᠤᠭᠤᠯᠬᠤ ᠲᠤᠬᠠᠢ》 ᠤᠯᠤᠰ ᠤᠨ ᠶᠡᠬᠡ ᠬᠤᠷᠠᠯ ᠤᠨ ᠲᠣᠭᠲᠠᠭᠠᠯ ᠤᠨ ᠲᠥᠰᠥᠯ ᠮᠥᠨ ᠠᠷᠠᠳ ᠨᠡᠶᠢᠲᠡ ᠶᠢᠨ ᠰᠠᠨᠠᠯ ᠠᠰᠠᠭᠤᠯᠭ᠎ᠠ ᠶᠢᠨ ᠲᠤᠬᠠᠢ ᠬᠠᠤᠯᠢ ᠳᠤ ᠥᠭᠡᠷᠡᠴᠢᠯᠡᠯᠲᠡ ᠤᠷᠤᠭᠤᠯᠬᠤ ᠲᠤᠬᠠᠢ ᠬᠠᠤᠯᠢ ᠶᠢᠨ ᠲᠥᠰᠥᠯ ᠢ ᠡᠷᠭᠦᠨ ᠪᠠᠷᠢᠭᠰᠠᠨ ᠶᠤᠮ᠃

ᠦᠨᠳᠦᠰᠦ[ᠵᠠᠰᠠᠪᠤᠷᠢᠯᠠᠬᠤ | ᠺᠣᠳ᠋ ᠢᠶᠠᠷ ᠵᠠᠰᠠᠬᠣ]

ᠵᠠᠷᠴᠢᠮ[ᠵᠠᠰᠠᠪᠤᠷᠢᠯᠠᠬᠤ | ᠺᠣᠳ᠋ ᠢᠶᠠᠷ ᠵᠠᠰᠠᠬᠣ]

ᠶᠠᠮᠠᠷ ᠨᠢᠭᠡ ᠶᠠᠭᠤᠮ᠎ᠠ ᠪᠢᠴᠢᠭᠡᠴᠢ ᠳᠤᠷᠠᠺ ᠤᠳ ᠢᠶᠠᠨ

ᠡᠬᠢ ᠰᠤᠷᠪᠤᠯᠵᠢ[ᠵᠠᠰᠠᠪᠤᠷᠢᠯᠠᠬᠤ | ᠺᠣᠳ᠋ ᠢᠶᠠᠷ ᠵᠠᠰᠠᠬᠣ]

ᠨᠢᠭᠡᠳᠦᠭᠡᠷ ᠪᠦᠯᠦᠭ ᠮᠣᠩᠭᠣᠯ ᠤᠯᠤᠰ ᠤᠨ ᠪᠦᠷᠢᠨ ᠡᠷᠬᠡᠲᠦ ᠪᠠᠢᠢᠳᠠᠯ

ᠨᠢᠭᠡᠳᠦᠭᠡᠷ ᠵᠦᠢᠯ 1᠃ ᠮᠣᠩᠭᠣᠯ ᠤᠯᠤᠰ ᠪᠣᠯ ᠲᠤᠰᠠᠭᠠᠷ ᠲᠣᠭᠲᠠᠨᠢᠭᠰᠠᠨ᠂ ᠪᠥᠷᠢᠨ ᠡᠷᠬᠡᠲᠦ᠂ ᠪᠦᠭᠦᠳᠡ ᠨᠠᠶᠢᠷᠠᠮᠳᠠᠬᠤ ᠤᠯᠤᠰ ᠮᠥᠨ᠃ 2᠃ ᠠᠷᠠᠳᠴᠢᠯᠠᠭᠰᠠᠨ ᠶᠣᠰᠣ᠂ ᠰᠢᠳᠤᠷᠭᠤ ᠶᠣᠰᠣ᠂ ᠡᠷᠬᠡ ᠴᠢᠯᠦᠭᠡ᠂ ᠲᠡᠭᠰᠢ ᠪᠠᠶᠢᠳᠠᠯ᠂ ᠦᠨᠳᠦᠰᠦᠨ ᠦ ᠡᠪ ᠨᠢᠭᠡᠳᠦᠯ ᠢ ᠬᠠᠩᠭᠠᠬᠤ᠂ ᠬᠠᠤᠯᠢ ᠳᠡᠭᠡᠳᠦᠯᠡᠬᠦ ᠨᠢ ᠲᠥᠷᠥ ᠶᠢᠨ ᠦᠢᠯᠡ ᠠᠵᠢᠯᠯᠠᠭᠠᠨ ᠤ ᠦᠨᠳᠦᠰᠦᠨ ᠵᠠᠷᠴᠢᠮ ᠮᠥᠨ᠃

ᠬᠣᠶᠠᠳᠤᠭᠠᠷ ᠵᠦᠢᠯ᠃ 1᠃ ᠮᠣᠩᠭᠣᠯ ᠤᠯᠤᠰ ᠲᠥᠷᠦ ᠶᠢᠨ ᠪᠠᠶᠢᠭᠤᠯᠤᠮᠵᠢ ᠶᠢᠨ ᠬᠤᠪᠢ ᠳᠤ ᠨᠢᠭᠡᠳᠦᠮᠡᠯ ᠪᠠᠶᠢᠨ᠎ᠠ᠃ 2᠃ ᠮᠣᠩᠭᠣᠯ ᠤᠯᠤᠰ ᠤᠨ ᠨᠤᠲᠤᠭ ᠳᠡᠪᠢᠰᠬᠡᠷ ᠵᠥᠪᠬᠡᠨ ᠵᠠᠰᠠᠭ ᠵᠠᠬᠢᠷᠭᠠᠨ ᠤ ᠨᠢᠭᠡᠴᠡ ᠳᠦ ᠬᠤᠪᠢᠶᠠᠭᠳᠠᠨ᠎ᠠ᠃

ᠭᠤᠷᠪᠠᠳᠤᠭᠠᠷ ᠵᠦᠢᠯ᠃ 1᠃ ᠮᠣᠩᠭᠣᠯ ᠤᠯᠤᠰ ᠲᠤ ᠵᠠᠰᠠᠭ ᠤᠨ ᠪᠦᠬᠦ ᠡᠷᠬᠡ ᠠᠷᠠᠳ ᠲᠦᠮᠡᠨ ᠦ ᠮᠡᠳᠡᠯ ᠳᠦ ᠪᠠᠶᠢᠨ᠎ᠠ᠃ ᠮᠣᠩᠭᠣᠯ ᠤᠨ ᠠᠷᠠᠳ ᠲᠦᠮᠡᠨ ᠲᠥᠷᠦ ᠶᠢᠨ ᠦᠢᠯᠡ ᠬᠡᠷᠡᠭ ᠲᠦ ᠰᠢᠭᠤᠳ ᠣᠷᠣᠯᠴᠠᠵᠤ᠂ ᠮᠥᠨ ᠰᠣᠩᠭᠣᠵᠤ ᠪᠠᠶᠢᠭᠤᠯᠤᠭᠰᠠᠨ ᠲᠥᠷᠦ ᠶᠢᠨ ᠡᠷᠬᠡ ᠪᠠᠷᠢᠬᠤ ᠲᠥᠯᠦᠭᠡᠯᠡᠭᠴᠢᠳ ᠦᠨ ᠪᠠᠶᠢᠭᠤᠯᠤᠯᠭ᠎ᠠ ᠪᠠᠷ ᠢᠶᠠᠨ ᠤᠯᠠᠮᠵᠢᠯᠠᠨ ᠡᠨᠡᠬᠦ ᠡᠷᠬᠡ ᠪᠡᠨ ᠡᠳ᠋ᠯᠡᠨ᠎ᠡ᠃ 2᠃ ᠲᠥᠷᠦ ᠶᠢᠨ ᠡᠷᠬᠡ ᠮᠡᠳᠡᠯ ᠢ ᠬᠠᠤᠯᠢ ᠪᠤᠰᠤ ᠪᠠᠷ ᠠᠪᠬᠤ᠂ ᠠᠪᠬᠤ ᠪᠠᠷ ᠵᠠᠪᠳᠤᠬᠤ ᠶᠢ ᠬᠣᠷᠢᠭᠯᠠᠨ᠎ᠠ᠃

ᠳᠥᠷᠪᠡᠳᠦᠭᠡᠷ ᠵᠦᠢᠯ᠃ 1᠃ ᠮᠣᠩᠭᠣᠯ ᠤᠯᠤᠰ ᠤᠨ ᠨᠤᠲᠤᠭ ᠳᠡᠪᠢᠰᠬᠡᠷ ᠦᠨ ᠪᠦᠷᠢᠨ ᠪᠦᠲᠦᠨ ᠪᠠᠶᠢᠳᠠᠯ᠂ ᠤᠯᠤᠰ ᠤᠨ ᠬᠢᠯᠢ ᠬᠠᠯᠳᠠᠰᠢ ᠦᠭᠡᠢ ᠳᠠᠷᠬᠠᠨ ᠪᠠᠶᠢᠨ᠎ᠠ᠃ 2᠃ ᠮᠣᠩᠭᠣᠯ ᠤᠯᠤᠰ ᠤᠨ ᠬᠢᠯᠢ ᠶᠢ ᠬᠠᠤᠯᠢ ᠪᠠᠷ ᠪᠠᠲᠤᠳᠬᠠᠨ᠎ᠠ᠃ 3᠃ ᠬᠠᠤᠯᠢ ᠭᠠᠷᠭᠠᠬᠤ  ᠪᠡᠷ ᠭᠠᠳᠠᠭᠠᠳᠤ ᠶᠢᠨ ᠴᠡᠷᠢᠭ ᠦᠨ ᠬᠦᠴᠦᠨ ᠢ ᠮᠣᠩᠭᠣᠯ ᠤᠯᠤᠰ ᠤᠨ ᠨᠤᠲᠤᠭ ᠳᠡᠪᠢᠰᠬᠡᠷ ᠲᠦ ᠪᠠᠶᠢᠷᠢᠯᠠᠭᠤᠯᠬᠤ᠂ ᠳᠠᠮᠵᠢᠨ ᠥᠩᠭᠡᠷᠡᠭᠦᠯᠬᠦ ᠪᠡᠷ ᠤᠯᠤᠰ ᠤᠨ ᠬᠢᠯᠢ ᠨᠡᠪᠲᠡᠷᠡᠭᠦᠯᠬᠦ ᠶᠢ ᠬᠣᠷᠢᠭᠯᠠᠨ᠎ᠠ᠃

ᠲᠠᠪᠤᠳᠤᠭᠠᠷ ᠵᠦᠢᠯ᠃ 1᠃ ᠮᠣᠩᠭᠣᠯ ᠤᠯᠤᠰ ᠳᠡᠯᠡᠬᠡᠢ ᠶᠢᠨ ᠡᠳ᠋ ᠍ ᠦᠨ ᠵᠠᠰᠠᠭ ᠤᠨ ᠬᠥᠭᠵᠢᠯ ᠦᠨ ᠲᠦᠭᠡᠮᠡᠯ ᠬᠠᠨᠳᠤᠯᠭ᠎ᠠ᠂ ᠥᠪᠡᠷ ᠦᠨ ᠣᠷᠣᠨ ᠤ ᠥᠪᠡᠷᠮᠢᠴᠡ ᠣᠨᠴᠠᠯᠢᠭ ᠲᠤ ᠨᠡᠶᠢᠴᠡᠭᠰᠡᠨ ᠣᠯᠠᠨ ᠬᠡᠪᠰᠢᠯ ᠪᠦᠬᠦᠢ ᠡᠳ᠋ ᠍ ᠦᠨ ᠵᠠᠰᠠᠭ ᠲᠠᠢ ᠪᠠᠶᠢᠨ᠎ᠠ᠃ 2᠃ ᠲᠥᠷᠦ ᠨᠢ ᠨᠡᠶᠢᠲᠡ ᠶᠢᠨ ᠪᠣᠯᠤᠨ ᠬᠤᠪ ᠤᠨ ᠥᠮᠴᠢ ᠶᠢᠨ ᠠᠯᠢᠪᠠ ᠬᠡᠯᠪᠡᠷᠢ ᠶᠢ ᠬᠦᠯᠢᠶᠡᠨ ᠵᠥᠪᠰᠢᠶᠡᠷᠡᠴᠢ᠂ ᠥᠮᠴᠢᠯᠡᠭᠴᠢ ᠶᠢᠨ ᠡᠷᠬᠡ ᠶᠢ ᠬᠠᠤᠯᠢ ᠪᠠᠷ ᠬᠠᠮᠠᠭᠠᠯᠠᠨ᠎ᠠ᠃ 3᠃ ᠥᠮᠴᠢᠯᠡᠭᠴᠢ ᠶᠢᠨ ᠡᠷᠬᠡ ᠶᠢ ᠭᠠᠩᠴᠠ ᠬᠠᠤᠯᠢ ᠳᠤ ᠵᠢᠭᠠᠭᠰᠠᠨ ᠦᠨᠳᠦᠰᠦᠯᠡᠯ ᠢᠶᠡᠷ ᠬᠢᠵᠠᠭᠠᠷᠯᠠᠵᠤ ᠪᠣᠯᠤᠨ᠎ᠠ᠃ 4᠃ ᠲᠥᠷᠦ ᠨᠢ ᠦᠨᠳᠦᠰᠦᠨ ᠦ ᠡᠳ᠋ ᠍ ᠦᠨ ᠵᠠᠰᠠᠭ ᠤᠨ ᠠᠶᠤᠯ  ᠦᠭᠡᠢ ᠪᠠᠶᠢᠳᠠᠯ᠂ ᠠᠵᠤ ᠠᠬᠤᠢ ᠶᠢᠨ ᠪᠦᠬᠦ ᠬᠡᠪᠰᠢᠯ ᠦᠨ ᠪᠣᠯᠤᠨ ᠬᠦᠮᠦᠨ ᠠᠮᠠ ᠶᠢᠨ ᠨᠡᠶᠢᠭᠡᠮ ᠦᠨ ᠬᠥᠭᠵᠢᠯ ᠢ ᠬᠠᠩᠭᠠᠬᠤ ᠵᠣᠷᠢᠯᠭ᠎ᠠ ᠳᠤ ᠨᠡᠶᠢᠴᠡᠭᠦᠯᠦᠨ ᠡᠳ᠋ ᠍ ᠦᠨ ᠵᠠᠰᠠᠭ ᠢ ᠵᠣᠬᠢᠴᠠᠭᠤᠯᠤᠨ᠎ᠠ᠃

ᠵᠢᠷᠭᠤᠳᠤᠭᠠᠷ ᠵᠦᠢᠯ᠃ 1᠃ ᠮᠣᠩᠭᠣᠯ ᠤᠯᠤᠰ ᠲᠤ ᠭᠠᠵᠠᠷ᠂ ᠲᠡᠭᠦᠨ ᠦ ᠬᠡᠪᠡᠯᠢ᠂ ᠣᠢ᠂ ᠤᠰᠤ᠂ ᠠᠮᠢᠲᠠᠨ᠂ ᠤᠷᠭᠤᠮᠠᠯ ᠪᠣᠯᠤᠨ ᠪᠠᠢᠭᠠᠯᠢ ᠢᠢᠨ ᠪᠤᠰᠤᠳ ᠪᠠᠶᠠᠯᠢᠭ ᠭᠠᠭᠴᠠᠬᠤ ᠠᠷᠠᠳ ᠲᠦᠮᠡᠨ ᠦ ᠮᠡᠳᠡᠯ᠂ ᠲᠥᠷᠦ ᠶᠢᠨ ᠬᠠᠮᠠᠭᠠᠯᠠᠯᠲᠠ ᠳᠤ ᠪᠠᠶᠢᠨ᠎ᠠ᠃ 2᠃ ᠮᠣᠩᠭᠣᠯ ᠤᠯᠤᠰ ᠤᠨ ᠢᠷᠭᠡᠳ ᠲᠦ ᠥᠮᠴᠢᠯᠡᠭᠦᠯᠦᠭᠰᠡᠨ ᠡᠴᠡ ᠪᠤᠰᠤᠳ ᠭᠠᠵᠠᠷ᠂ ᠲᠡᠭᠦᠨᠴᠢᠯᠡᠨ ᠭᠠᠵᠠᠷ ᠤᠨ ᠬᠡᠪᠡᠯᠢ᠂ ᠲᠡᠭᠦᠨ ᠦ ᠪᠠᠶᠠᠯᠢᠭ᠂ ᠣᠢ᠂ ᠤᠰᠤᠨ ᠤ ᠨᠥᠭᠡᠴᠡ᠂ ᠠᠩ ᠠᠮᠢᠲᠠᠨ ᠲᠥᠷᠥ ᠶᠢᠨ ᠥᠮᠴᠢ ᠮᠥᠨ᠃ 3᠃ ᠪᠡᠯᠴᠢᠭᠡᠷ᠂ ᠨᠡᠶᠢᠲᠡ ᠶᠢᠨ ᠡᠳ᠋ᠯᠡᠪᠦᠷᠢ ᠶᠢᠨ ᠪᠠ ᠤᠯᠤᠰ ᠤᠨ ᠲᠤᠰᠬᠠᠢ ᠬᠡᠷᠡᠭᠴᠡᠭᠡᠨ ᠦ ᠬᠢ ᠡᠴᠡ ᠪᠤᠰᠤᠳ ᠭᠠᠵᠠᠷ ᠢ ᠵᠥᠪᠬᠡᠨ ᠮᠣᠩᠭᠣᠯ ᠤᠯᠤᠰ ᠤᠨ ᠢᠷᠭᠡᠨ ᠳᠦ ᠥᠮᠴᠢᠯᠡᠭᠦᠯᠵᠦ ᠪᠣᠯᠤᠨ᠎ᠠ᠃ ᠡᠨᠡ ᠨᠢ ᠭᠠᠵᠠᠷ ᠤᠨ ᠬᠡᠪᠡᠯᠢ ᠶᠢ ᠥᠮᠴᠢᠯᠡᠬᠦ ᠳᠦ ᠬᠠᠮᠢᠶᠠᠷᠬᠤ  ᠦᠭᠡᠢ ᠃ ᠢᠷᠭᠡᠳ ᠬᠤᠪᠢ ᠢᠢᠨ ᠥᠮᠴᠢ ᠶᠢᠨ ᠢᠶᠡᠨ ᠭᠠᠵᠠᠷ ᠢ ᠬᠤᠳᠠᠯᠳᠤᠬᠤ᠂ ᠠᠷᠠᠯᠵᠢᠬᠤ᠂ ᠪᠡᠯᠭᠡᠯᠡᠬᠦ᠂ ᠪᠠᠷᠢᠴᠠᠭᠠᠯᠠᠬᠤ ᠵᠡᠷᠭᠡ ᠪᠡᠷ ᠭᠠᠳᠠᠭᠠᠳᠤ ᠶᠢᠨ ᠢᠷᠭᠡᠨ᠂ ᠬᠠᠷᠢᠶᠠᠯᠠᠯ  ᠦᠭᠡᠢ ᠬᠦᠮᠦᠨ ᠦ ᠥᠮᠴᠢᠯᠡᠯ ᠳᠦ ᠰᠢᠯᠵᠢᠭᠦᠯᠬᠦ᠂ ᠲᠡᠭᠦᠨᠴᠢᠯᠡᠨ ᠲᠥᠷᠦ ᠶᠢᠨ ᠡᠷᠬᠡ ᠪᠦᠬᠦᠢ ᠪᠠᠶᠢᠭᠤᠯᠤᠯᠭ᠎ᠠ ᠶᠢᠨ ᠵᠥᠪᠰᠢᠶᠡᠷᠡᠯ ᠦᠭᠡᠢ  ᠪᠡᠷ ᠪᠤᠰᠤᠳ ᠲᠤ ᠡᠵᠡᠮᠰᠢᠭᠦᠯᠬᠦ᠂ ᠠᠰᠢᠭᠯᠠᠭᠤᠯᠬᠤ ᠶᠢ ᠬᠣᠷᠢᠭᠯᠠᠨ᠎ᠠ᠃ 4᠃ ᠲᠥᠷᠥ ᠭᠠᠵᠠᠷ ᠤᠨ ᠡᠵᠡᠨ ᠳᠦ ᠭᠠᠵᠠᠷ ᠲᠠᠢ ᠨᠢ ᠬᠣᠯᠪᠣᠭᠳᠠᠭᠰᠠᠨ ᠡᠭᠦᠷᠭᠡ ᠬᠦᠯᠢᠶᠡᠯᠭᠡᠬᠦ᠂ ᠤᠯᠤᠰ ᠤᠨ ᠲᠤᠰᠬᠠᠢ ᠬᠡᠷᠡᠭᠴᠡᠭᠡ ᠶᠢ ᠦᠨᠳᠦᠰᠦᠯᠡᠨ ᠨᠥᠬᠥᠬᠥ ᠣᠯᠭᠣᠪᠤᠷᠢ ᠲᠠᠢ ᠪᠠᠷ ᠭᠠᠵᠠᠷ ᠢ ᠰᠣᠯᠢᠬᠤ ᠪᠤᠶᠤ ᠡᠷᠭᠢᠭᠦᠯᠦᠨ ᠠᠪᠬᠤ᠂ ᠤᠭ ᠭᠠᠵᠠᠷ ᠢ ᠬᠦᠮᠦᠨ ᠠᠮᠠ ᠶᠢᠨ ᠡᠷᠡᠭᠦᠯ ᠮᠡᠨᠳᠦ᠂ ᠪᠠᠶᠢᠭᠠᠯᠢ ᠬᠠᠮᠠᠭᠠᠯᠠᠯ᠂ ᠦᠨᠳᠦᠰᠦᠨ ᠦ ᠠᠶᠤᠯ  ᠦᠭᠡᠢ ᠪᠠᠶᠢᠳᠠᠯ ᠤᠨ ᠠᠰᠢᠭ ᠰᠣᠨᠢᠷᠬᠠᠯ ᠳᠤ ᠬᠠᠷᠠᠰᠢᠷ᠎ᠠ ᠠᠰᠢᠭᠯᠠᠪᠠᠯ ᠬᠤᠷᠢᠶᠠᠨ ᠠᠪᠴᠤ ᠪᠣᠯᠤᠨ᠎ᠠ᠃ 5᠃ ᠲᠥᠷᠦ ᠡᠴᠡ ᠭᠠᠳᠠᠭᠠᠳᠤ ᠶᠢᠨ ᠢᠷᠭᠡᠨ᠂ ᠬᠠᠤᠯᠢ ᠶᠢᠨ ᠡᠲᠡᠭᠡᠳ᠂ ᠬᠠᠷᠢᠶᠠᠯᠠᠯ  ᠦᠭᠡᠢ ᠬᠦᠨᠳᠦ ᠭᠠᠵᠠᠷ ᠢ ᠲᠥᠯᠦᠪᠦᠷᠢ᠂ ᠬᠤᠭᠤᠴᠠᠭ᠎ᠠ ᠲᠠᠢ ᠪᠠᠷ ᠪᠣᠯᠤᠨ ᠬᠠᠤᠯᠢ ᠳᠤ ᠵᠢᠭᠠᠭᠰᠠᠨ ᠪᠤᠰᠤᠳ ᠪᠣᠯᠵᠣᠯ᠂ ᠵᠢᠷᠤᠮ ᠢᠶᠠᠷ ᠠᠰᠢᠭᠯᠠᠭᠤᠯᠵᠤ ᠪᠣᠯᠤᠨ᠎ᠠ᠃

ᠳᠣᠯᠣᠳᠤᠭᠠᠷ ᠵᠦᠢᠯ᠃ 1᠃ ᠮᠣᠩᠭᠣᠯ ᠤᠨ ᠠᠷᠠᠳ ᠲᠦᠮᠡᠨ ᠦ ᠲᠡᠦᠬᠡ᠂ ᠰᠤᠶᠤᠯ ᠤᠨ ᠳᠤᠷᠠᠰᠬᠠᠯᠲᠤ ᠵᠦᠢᠯ᠂ ᠰᠢᠨᠵᠢᠯᠡᠬᠦ ᠤᠬᠠᠭᠠᠨ᠂ ᠣᠶᠤᠨ ᠤ ᠥᠪ ᠲᠥᠷᠥ ᠶᠢᠨ ᠬᠠᠮᠠᠭᠠᠯᠠᠯᠲᠠ ᠳᠤ ᠪᠠᠶᠢᠨ᠎ᠠ᠃ 2᠃ ᠢᠷᠭᠡᠨ ᠦ ᠲᠤᠭᠤᠷᠪᠢᠭᠰᠠᠨ ᠣᠶᠤᠨ ᠤ ᠦᠨᠡᠲᠦ ᠵᠦᠢᠯ ᠪᠣᠯ ᠵᠣᠬᠢᠶᠠᠭᠴᠢ ᠶᠢᠨ ᠬᠢ ᠨᠢ ᠥᠮᠴᠢ᠂ ᠮᠣᠩᠭᠣᠯ ᠤᠯᠤᠰ ᠤᠨ ᠦᠨᠳᠦᠰᠦᠨ ᠦ ᠪᠠᠶᠠᠯᠢᠭ ᠮᠥᠨ᠃

ᠨᠠᠶᠢᠮᠠᠳᠤᠭᠠᠷ ᠵᠦᠢᠯ᠃ 1᠃ ᠮᠣᠩᠭᠣᠯ ᠬᠡᠯᠡ ᠪᠣᠯ ᠲᠥᠷᠥ ᠶᠢᠨ ᠠᠯᠪᠠᠨ ᠶᠣᠰᠣᠨ ᠤ ᠬᠡᠯᠡ ᠮᠥᠨ᠃ 2᠃ ᠡᠨᠡ ᠵᠦᠢᠯ ᠦᠨ 1 ᠳ᠋ᠡᠬᠢ ᠬᠡᠰᠡᠭ ᠦᠨ ᠵᠢᠭᠠᠯᠲᠠ ᠨᠢ ᠬᠦᠮᠦᠨ ᠠᠮᠠ ᠶᠢᠨ ᠥᠭᠡᠷ᠎ᠡ ᠬᠡᠯᠡ ᠪᠦᠬᠦᠢ ᠦᠨᠳᠦᠰᠦᠲᠡᠨ ᠦ ᠴᠥᠭᠡᠩᠬᠢ ᠡᠬᠡ ᠬᠡᠯᠡ ᠪᠡᠷ ᠢᠶᠡᠨ ᠰᠤᠷᠤᠯᠴᠠᠬᠤ᠂ ᠬᠠᠷᠢᠯᠴᠠᠬᠤ᠂ ᠰᠤᠶᠤᠯ᠂ ᠤᠷᠠᠯᠢᠭ᠂ ᠰᠢᠨᠵᠢᠯᠡᠬᠦ ᠤᠬᠠᠭᠠᠨ ᠤ ᠦᠢᠯᠡ ᠠᠵᠢᠯᠯᠠᠭ᠎ᠠ ᠶᠠᠪᠤᠭᠤᠯᠬᠤ ᠡᠷᠬᠡ ᠶᠢ ᠦᠯᠦ ᠬᠥᠨᠳᠡᠨ᠎ᠡ᠃

ᠶᠢᠰᠦᠳᠦᠭᠡᠷ ᠵᠦᠢᠯ᠃ 1᠃ ᠮᠣᠩᠭᠣᠯ ᠤᠯᠤᠰ ᠲᠤ ᠲᠥᠷᠥ ᠨᠢ ᠱᠠᠰᠢᠨ ᠢᠶᠠᠨ ᠬᠦᠨᠳᠦᠳᠭᠡᠵᠦ᠂ ᠱᠠᠰᠢᠨ ᠨᠢ ᠲᠥᠷᠥ ᠪᠡᠨ ᠳᠡᠭᠡᠳᠦᠯᠡᠨ᠎ᠡ᠃ 2᠃ ᠲᠥᠷᠥ ᠶᠢᠨ ᠪᠠᠶᠢᠭᠤᠯᠤᠯᠭ᠎ᠠ ᠱᠠᠰᠢᠨ ᠤ᠂ ᠰᠦᠮ᠎ᠡ ᠬᠡᠶᠢᠳ ᠤᠯᠤᠰ ᠲᠥᠷᠥ ᠶᠢᠨ ᠦᠢᠯᠡ ᠠᠵᠢᠯᠯᠠᠭ᠎ᠠ ᠡᠷᠬᠢᠯᠡᠨ ᠶᠠᠪᠤᠭᠤᠯᠵᠤ ᠪᠣᠯᠬᠤ  ᠦᠭᠡᠢ ᠃ 3᠃ ᠲᠥᠷᠥ᠂ ᠰᠦᠮ᠎ᠡ ᠬᠡᠶᠢᠳ ᠦᠨ ᠬᠣᠭᠣᠷᠣᠨᠳᠣ ᠶᠢᠨ ᠬᠠᠷᠢᠯᠴᠠᠭ᠎ᠠ ᠶᠢ ᠬᠠᠤᠯᠢ ᠪᠠᠷ ᠵᠣᠬᠢᠴᠠᠭᠤᠯᠤᠨ᠎ᠠ᠃

ᠠᠷᠪᠠᠳᠤᠭᠠᠷ ᠵᠦᠢᠯ᠃ 1᠃ ᠮᠣᠩᠭᠣᠯ ᠤᠯᠤᠰ ᠣᠯᠠᠨ ᠤᠯᠤᠰ ᠤᠨ ᠡᠷᠬᠡ ᠵᠦᠢ ᠶᠢᠨ ᠨᠡᠶᠢᠲᠡ ᠪᠡᠷ ᠬᠦᠯᠢᠶᠡᠨ ᠵᠥᠪᠰᠢᠶᠡᠷᠡᠭᠰᠡᠨ ᠬᠡᠮ ᠬᠡᠮᠵᠢᠶ᠎ᠡ᠂ ᠵᠠᠷᠴᠢᠮ ᠢ ᠪᠠᠷᠢᠮᠲᠠᠯᠠᠵᠤ ᠡᠩᠬᠡ ᠶᠢ ᠡᠷᠬᠢᠮᠯᠡᠭᠰᠡᠨ ᠭᠠᠳᠠᠭᠠᠳᠤ ᠪᠣᠳᠣᠯᠭ᠎ᠠ ᠶᠠᠪᠤᠭᠤᠯᠤᠨ᠎ᠠ᠃ 2᠃ ᠮᠣᠩᠭᠣᠯ ᠤᠯᠤᠰ ᠣᠯᠠᠨ ᠤᠯᠤᠰ ᠤᠨ ᠭᠡᠷ᠎ᠡ ᠪᠡᠷ ᠬᠦᠯᠢᠶᠡᠭᠰᠡᠨ ᠡᠭᠦᠷᠭᠡ ᠪᠡᠨ ᠰᠢᠳᠤᠷᠭᠤ ᠪᠠᠷ ᠰᠠᠬᠢᠩ ᠪᠡᠶᠡᠯᠡᠭᠦᠯᠦᠨ᠎ᠡ 3᠃ ᠮᠣᠩᠭᠣᠯ ᠤᠯᠤᠰ ᠤᠨ ᠣᠯᠠᠨ ᠤᠯᠤᠰ ᠤᠨ ᠭᠡᠷ᠎ᠡ ᠨᠢ ᠰᠣᠶᠣᠷᠬᠠᠨ ᠪᠠᠲᠤᠯᠠᠭᠰᠠᠨ ᠪᠤᠶᠤ ᠨᠢᠭᠡᠳᠦᠨ ᠣᠷᠣᠭᠰᠠᠨ ᠲᠤᠬᠠᠢ ᠬᠠᠤᠯᠢ ᠬᠦᠴᠦᠨ ᠲᠡᠭᠦᠯᠳᠡᠷ ᠪᠣᠯᠤᠮᠠᠭᠴᠠ ᠳᠣᠲᠣᠭᠠᠳᠤ ᠶᠢᠨ ᠬᠠᠤᠯᠢ ᠲᠣᠭᠲᠠᠭᠠᠮᠵᠢ ᠶᠢᠨ ᠨᠢᠭᠡᠨ ᠠᠳᠠᠯᠢ ᠦᠢᠯᠡᠴᠢᠯᠡᠨ᠎ᠡ᠃ 4᠃ ᠮᠣᠩᠭᠣᠯ ᠤᠯᠤᠰ ᠦᠨᠳᠦᠰᠦᠨ ᠬᠠᠤᠯᠢᠳᠠᠭ᠎ᠠ ᠬᠠᠷᠰᠢᠯᠠᠭᠰᠠᠨ ᠣᠯᠠᠨ ᠤᠯᠤᠰ ᠤᠨ ᠭᠡᠷ᠎ᠡ᠂ ᠪᠤᠰᠤᠳ ᠪᠠᠷᠢᠮᠲᠠ ᠪᠢᠴᠢᠭ ᠢ ᠳᠠᠭᠠᠵᠤ ᠮᠥᠷᠳᠡᠬᠦ  ᠦᠭᠡᠢ ᠃

ᠠᠷᠪᠠᠨ ᠨᠢᠭᠡᠳᠦᠭᠡᠷ ᠵᠦᠢᠯ᠃ 1᠃ ᠡᠬᠡ ᠣᠷᠣᠨ ᠤ ᠪᠠᠨ ᠲᠤᠰᠠᠭᠠᠷ ᠲᠣᠭᠲᠠᠨᠢᠯ ᠢ ᠪᠠᠲᠤᠯᠠᠨ ᠬᠠᠮᠠᠭᠠᠯᠠᠵᠤ᠂ ᠦᠨᠳᠦᠰᠦᠨ ᠦ ᠠᠶᠤᠯ  ᠦᠭᠡᠢ ᠪᠠᠶᠢᠳᠠᠯ᠂ ᠨᠡᠶᠢᠭᠡᠮ ᠤᠨ ᠳᠢᠭ ᠵᠢᠷᠤᠮ ᠢ ᠬᠠᠩᠭᠠᠬᠤ ᠨᠢ ᠲᠥᠷᠥ ᠶᠢᠨ ᠡᠭᠦᠷᠭᠡ ᠮᠥᠨ᠃ 2᠃ ᠮᠣᠩᠭᠣᠯ ᠤᠯᠤᠰ ᠥᠪᠡᠷ ᠢ ᠪᠡᠨ ᠬᠠᠮᠠᠭᠠᠯᠠᠬᠤ ᠵᠡᠪᠰᠡᠭᠲᠦ ᠬᠦᠴᠦᠨᠲᠡᠢ ᠪᠠᠶᠢᠨ᠎ᠠ᠃ ᠵᠡᠪᠰᠡᠭᠲᠦ ᠬᠦᠴᠦᠨ ᠦ ᠪᠦᠲᠦᠴᠡ᠂ ᠵᠣᠬᠢᠶᠠᠨ ᠪᠠᠶᠢᠭᠤᠯᠤᠯᠲᠠ᠂ ᠲᠡᠭᠦᠨ ᠳᠦ ᠠᠯᠪᠠ ᠬᠠᠭᠠᠬᠤ ᠵᠢᠷᠤᠮ ᠢ ᠬᠠᠤᠯᠢ ᠪᠠᠷ ᠲᠣᠭᠲᠠᠭᠠᠨ᠎ᠠ᠃

ᠠᠷᠪᠠᠨ ᠬᠣᠶᠠᠳᠤᠭᠠᠷ ᠵᠦᠢᠯ᠃ 1᠃ ᠮᠣᠩᠭᠣᠯ ᠤᠯᠤᠰ ᠤᠨ ᠲᠤᠰᠠᠭᠠᠷ ᠲᠣᠭᠲᠠᠨᠢᠯ᠂ ᠪᠦᠷᠢᠨ ᠡᠷᠬᠡᠲᠦ ᠪᠠᠶᠢᠳᠠᠯ ᠤᠨ ᠪᠡᠯᠭᠡ ᠲᠡᠮᠳᠡᠭ ᠨᠢ ᠲᠥᠷᠥ ᠶᠢᠨ ᠰᠦᠯᠳᠡ᠂ ᠲᠤᠭ᠂ ᠳᠠᠯᠪᠠᠭ᠎ᠠ᠂ ᠲᠠᠮᠠᠭ᠎ᠠ᠂ ᠳᠠᠭᠤᠯᠠᠯ ᠮᠥᠨ᠃ 2᠃ ᠲᠥᠷᠦ ᠶᠢᠨ ᠰᠦᠯᠳᠡ᠂ ᠲᠤᠭ᠂ ᠳᠠᠯᠪᠠᠭ᠎ᠠ᠂ ᠳᠠᠭᠤᠯᠠᠯ ᠨᠢ ᠮᠣᠩᠭᠣᠯ ᠤᠨ ᠠᠷᠠᠳ ᠲᠦᠮᠡᠨ ᠦ ᠲᠡᠦᠬᠡᠨ ᠤᠯᠠᠮᠵᠢᠯᠠᠯ᠂ ᠬᠦᠰᠡᠯ ᠲᠡᠮᠡᠦᠯᠡᠯ᠂ ᠡᠪ ᠨᠢᠭᠡᠳᠦᠯ᠂ ᠰᠢᠳᠤᠷᠭᠤ ᠶᠣᠰᠣ᠂ ᠴᠣᠭ ᠬᠡᠶᠢᠮᠣᠷᠢ ᠶᠢ ᠢᠯᠡᠷᠬᠡᠶᠢᠯᠡᠨ᠎ᠡ᠃ 3᠃ ᠲᠥᠷᠥ ᠶᠢᠨ ᠰᠦᠯᠳᠡ ᠨᠢ ᠠᠷᠢᠭᠤᠨ ᠴᠠᠭᠠᠨ ᠥᠩᠭᠡ ᠶᠢᠨ ᠪᠠᠳᠮ᠎ᠠ ᠴᠡᠴᠡᠭ ᠰᠠᠭᠤᠷᠢ ᠲᠠᠢ᠂ ᠲᠡᠭᠦᠰᠬᠡᠯ  ᠦᠭᠡᠢ ᠦᠷᠭᠦᠯᠵᠢᠯᠡᠨ ᠳᠡᠯᠭᠡᠷᠡᠬᠦ ᠲᠦᠮᠡᠨ ᠨᠠᠰᠤᠨ ᠬᠡ ᠪᠡᠷ ᠬᠥᠪᠡᠭᠡᠯᠡᠭᠰᠡᠨ᠂ ᠮᠥᠩᠬᠡ ᠲᠩᠷᠢ ᠶᠢ ᠪᠡᠯᠭᠡᠳᠡᠭᠰᠡᠨ ᠳᠤᠤᠭᠠᠷᠭ ᠬᠥᠬᠡ ᠳᠡᠪᠢᠰᠬᠡᠷ ᠲᠡᠢ ᠪᠠᠶᠢᠨ᠎ᠠ᠃ ᠰᠦᠯᠳᠡᠨ ᠦ ᠲᠥᠪ ᠬᠡᠰᠡᠭ ᠲᠦ ᠮᠣᠩᠭᠣᠯ ᠤᠯᠤᠰ ᠤᠨ ᠲᠤᠰᠠᠭᠠᠷ ᠲᠣᠭᠲᠠᠨᠢᠯ᠂ ᠪᠦᠷᠢᠨ ᠡᠷᠬᠡᠲᠦ ᠪᠠᠶᠢᠳᠠᠯ᠂ ᠴᠣᠭ ᠬᠡᠶᠢᠮᠣᠷᠢ ᠶᠢ ᠢᠯᠡᠳᠬᠡᠭᠰᠡᠨ ᠠᠯᠲᠠᠨ ᠰᠣᠶᠣᠮᠪᠣ᠂ ᠡᠷᠳᠡᠨᠢ ᠶᠢᠨ ᠬᠦᠯᠢᠭ ᠢ ᠬᠣᠣᠰᠯᠠᠭᠤᠯᠤᠨ ᠳᠦᠷᠰᠦᠯᠡᠭᠰᠡᠨ ᠪᠠᠶᠢᠨ᠎ᠠ᠃ ᠰᠦᠯᠳᠡᠨ ᠦ ᠬᠦᠷᠢᠶᠡᠨ ᠦ ᠮᠠᠩᠨᠠᠢ ᠶᠢᠨ ᠬᠡᠰᠡᠭ ᠲᠦ ᠡᠷᠲᠡ᠂ ᠡᠳᠦᠭᠡ᠂ ᠢᠷᠡᠭᠡᠳᠦᠢ ᠭᠤᠷᠪᠠᠨ ᠴᠠᠭ ᠢ ᠪᠡᠯᠭᠡᠳᠡᠭᠰᠡᠨ ᠬᠦᠰᠡᠯ ᠢ ᠬᠠᠩᠭᠠᠭᠴᠢ ᠴᠢᠨᠳᠠᠮᠠᠨᠢ ᠡᠷᠳᠡᠨᠢ᠂ ᠳ᠋ᠣᠣ ᠳᠤ ᠬᠡᠰᠡᠭ ᠲᠦ ᠡᠬᠡ ᠭᠠᠵᠠᠷ ᠢ ᠲᠥᠯᠦᠭᠡᠯᠡᠭᠰᠡᠨ ᠨᠣᠭᠣᠭᠠᠨ ᠥᠩᠭᠡ ᠶᠢᠨ ᠠᠭᠤᠯᠠᠨ ᠬᠡ᠂ ᠠᠰᠢᠳᠠ ᠳᠡᠪᠵᠢᠬᠦ ᠶᠢᠨ ᠥᠯᠵᠡᠢ ᠬᠤᠲᠤᠭ ᠣᠷᠣᠰᠢᠭᠰᠠᠨ ᠬᠦᠷᠳ᠋ ᠍ ᠢ ᠲᠤᠰ ᠲᠤᠰ ᠳᠦᠷᠰᠦᠯᠡᠨ᠎ᠡ᠃ ᠬᠦᠷᠳ᠋ ᠍ ᠢ ᠬᠠᠳᠠᠭ ᠢᠶᠠᠷ ᠳᠡᠭᠡᠳᠦᠯᠡᠨ ᠰᠦᠯᠵᠢᠭᠰᠡᠨ ᠪᠠᠶᠢᠨ᠎ᠠ᠃ 4᠃ ᠮᠣᠩᠭᠣᠯ ᠤᠨ ᠨᠢᠭᠡᠳᠦᠭᠰᠡᠨ ᠲᠤᠯᠭᠤᠷ ᠲᠥᠷᠦ ᠶᠢᠨ ᠤᠯᠠᠮᠵᠢᠯᠠᠯᠲᠤ ᠶᠡᠬᠡ ᠴᠠᠭᠠᠨ ᠲᠤᠭ ᠨᠢ ᠮᠣᠩᠭᠣᠯ ᠤᠯᠤᠰ ᠤᠨ ᠲᠥᠷᠦ ᠶᠢᠨ ᠬᠦᠨᠳᠦᠳᠬᠡᠯ ᠦᠨ ᠪᠡᠯᠭᠡᠳᠡᠯ ᠮᠥᠨ᠃ 5᠃ ᠮᠣᠩᠭᠣᠯ ᠤᠯᠤᠰ ᠤᠨ ᠲᠥᠷᠥ ᠶᠢᠨ ᠳᠠᠯᠪᠠᠭ᠎ᠠ ᠨᠢ ᠤᠯᠠᠭᠠᠨ᠂ ᠬᠥᠬᠡ᠂ ᠤᠯᠠᠭᠠᠨ ᠬᠣᠣᠰᠯᠠᠭᠰᠠᠨ ᠥᠩᠭᠡ ᠲᠡᠢ ᠪᠠᠶᠢᠨ᠎ᠠ᠃ ᠳᠠᠯᠪᠠᠭᠠᠨ ᠤ ᠭᠤᠷᠪᠠ ᠬᠤᠪᠢᠶᠠᠭᠰᠠᠨ ᠤ ᠨᠢᠭᠡ ᠶᠢᠨ ᠬᠡᠮᠵᠢᠶ᠎ᠡ ᠲᠡᠢ ᠳᠤᠮᠳᠠᠬᠢ ᠬᠡᠰᠡᠭ ᠨᠢ ᠮᠥᠩᠬᠡ ᠲᠩᠷᠢ ᠶᠢᠨ ᠬᠥᠬᠡ᠂ ᠲᠡᠭᠦᠨ ᠦ ᠬᠣᠶᠠᠷ ᠲᠠᠯ᠎ᠠ ᠨᠢ ᠮᠠᠨᠳᠤᠨ ᠪᠠᠳᠠᠷᠠᠬᠤ ᠶᠢᠨ ᠪᠡᠯᠭᠡᠳᠡᠯ ᠤᠯᠠᠭᠠᠨ ᠥᠩᠭᠡᠲᠡᠢ ᠪᠠᠶᠢᠨ᠎ᠠ᠃ ᠳᠠᠯᠪᠠᠭᠠᠨ ᠤ ᠡᠰᠢᠨ ᠲᠠᠯ᠎ᠠ ᠶᠢᠨ ᠤᠯᠠᠭᠠᠨ ᠳᠡᠪᠢᠰᠬᠡᠷ ᠦᠨ ᠲᠥᠪ ᠬᠡᠰᠡᠭ ᠲᠦ ᠠᠯᠲᠠᠨ ᠰᠣᠶᠣᠮᠪᠣ ᠪᠠᠶᠢᠷᠢᠯᠠᠭᠤᠯᠤᠨ᠎ᠠ᠃ ᠳᠠᠯᠪᠠᠭᠠᠨ ᠤ ᠥᠷᠭᠡᠨ᠂ ᠤᠷᠲᠤ ᠨᠢ 1᠄2 ᠍ ᠶᠢᠨ ᠬᠠᠷᠢᠴᠠᠭ᠎ᠠ ᠲᠠᠢ ᠪᠠᠶᠢᠨ᠎ᠠ᠃ 6᠃ ᠲᠥᠷᠥ ᠶᠢᠨ ᠲᠠᠮᠠᠭ᠎ᠠ ᠳᠥᠷᠪᠡᠯᠵᠢᠨ ᠬᠡᠯᠪᠡᠷᠢᠲᠡᠢ᠂ ᠭᠣᠣᠯ ᠳᠤ ᠪᠠᠨ ᠲᠥᠷᠥ ᠶᠢᠨ ᠰᠦᠯᠳᠡ ᠲᠡᠢ᠂ ᠰᠦᠯᠳᠡᠨ ᠦ ᠬᠣᠶᠠᠷ ᠲᠠᠯ᠎ᠠ ᠪᠠᠷ ᠮᠣᠩᠭᠣᠯ ᠤᠯᠤᠰ ᠭᠡᠰᠡᠨ ᠪᠢᠴᠢᠭᠡᠰᠦ ᠲᠡᠢ᠂ ᠠᠷᠰᠯᠠᠨᠠᠭ ᠤᠨ ᠳᠦᠷᠰᠦ ᠪᠦᠬᠦᠢ ᠪᠠᠷᠢᠭᠤᠯ ᠲᠠᠢ ᠪᠠᠶᠢᠨ᠎ᠠ᠃ ᠲᠥᠷᠥ ᠶᠢᠨ ᠲᠠᠮᠠᠭ᠎ᠠ ᠶᠢ ᠮᠣᠩᠭᠣᠯ ᠤᠯᠤᠰ ᠤᠨ ᠶᠡᠷᠦᠩᠬᠡᠶᠢᠯᠡᠭᠴᠢ ᠪᠠᠷᠢᠨ᠎ᠠ᠃ 7᠃ ᠲᠥᠷᠥ ᠶᠢᠨ ᠪᠡᠯᠭᠡ ᠲᠡᠮᠳᠡᠭ ᠢ ᠳᠡᠭᠡᠳᠦᠯᠡᠨ ᠬᠡᠷᠡᠭᠯᠡᠬᠦ ᠵᠢᠷᠤᠮ᠂ ᠲᠥᠷᠥ ᠶᠢᠨ ᠳᠠᠭᠤᠯᠠᠯ ᠤᠨ ᠦᠭᠡ᠂ ᠠᠶ᠎ᠠ ᠶᠢ ᠬᠠᠤᠯᠢ ᠪᠠᠷ ᠪᠠᠲᠤᠳᠬᠠᠨ᠎ᠠ᠃

ᠠᠷᠪᠠᠨ ᠭᠤᠷᠪᠠᠳᠤᠭᠠᠷ ᠵᠦᠢᠯ᠃ 1᠃ ᠮᠣᠩᠭᠣᠯ ᠤᠯᠤᠰ ᠤᠨ ᠲᠥᠷᠦ ᠶᠢᠨ ᠳᠡᠭᠡᠳᠦ ᠪᠠᠶᠢᠭᠤᠯᠤᠯᠭ᠎ᠠ ᠨᠤᠭᠤᠳ ᠪᠠᠶᠢᠩᠭᠤ ᠣᠷᠣᠰᠢᠳᠠᠭ ᠬᠣᠲᠠ ᠶᠢ ᠤᠯᠤᠰ ᠤᠨ ᠨᠡᠶᠢᠰᠯᠡᠯ ᠭᠡᠨ᠎ᠡ᠃ ᠮᠣᠩᠭᠣᠯ ᠤᠯᠤᠰ ᠤᠨ ᠨᠡᠶᠢᠰᠯᠡᠯ ᠤᠯᠠᠭᠠᠨᠪᠠᠭᠠᠲᠤᠷ ᠬᠣᠲᠠ ᠮᠥᠨ᠃ 2᠃ ᠮᠣᠩᠭᠣᠯ ᠤᠯᠤᠰ ᠤᠨ ᠨᠡᠶᠢᠰᠯᠡᠯ ᠦᠨ ᠡᠷᠬᠡ ᠵᠦᠢ ᠶᠢᠨ ᠦᠨᠳᠦᠰᠦ ᠶᠢ ᠬᠠᠤᠯᠢ ᠪᠠᠷ ᠲᠣᠭᠲᠠᠭᠠᠨ᠎ᠠ᠃

ᠬᠤᠶᠠᠳᠤᠭᠠᠷ ᠪᠦᠯᠦᠭ ᠬᠦᠮᠦᠨ ᠤ ᠡᠷᠡᠬᠡ ᠂ ᠡᠷᠡᠭᠡ ᠴᠢᠯᠦᠭᠡ

ᠠᠷᠪᠠᠨ ᠳᠥᠷᠪᠡᠳᠦᠭᠡᠷ ᠵᠦᠢᠯ᠃ 1᠃ ᠮᠣᠩᠭᠣᠯ ᠤᠯᠤᠰ ᠲᠤ ᠬᠠᠤᠯᠢ ᠶᠣᠰᠣᠭᠠᠷ ᠣᠷᠣᠰᠢᠨ ᠰᠠᠭᠤᠭ᠎ᠠ ᠬᠦᠮᠦᠨ ᠪᠦᠷᠢ ᠬᠠᠤᠯᠢ᠂ ᠰᠢᠭᠦᠬᠦ ᠶᠢᠨ ᠡᠮᠦᠨ᠎ᠡ ᠡᠷᠬᠡ ᠲᠡᠭᠰᠢ ᠪᠠᠶᠢᠨ᠎ᠠ᠃ 2᠃ ᠬᠦᠮᠦᠨ ᠤ ᠦᠨᠳᠦᠰᠦ᠂ ᠤᠭᠰᠠᠭ᠎ᠠ᠂ ᠬᠡᠯᠡ᠂ ᠠᠷᠠᠰᠤᠨ ᠤ ᠥᠩᠭᠡ᠂ ᠨᠠᠰᠤ᠂ ᠬᠦᠢᠰᠦ᠂ ᠨᠡᠶᠢᠭᠡᠮ ᠤᠨ ᠭᠠᠷᠤᠯ᠂ ᠪᠠᠶᠢᠳᠠᠯ᠂ ᠬᠥᠷᠥᠩᠭᠡ ᠴᠢᠨᠡᠭᠡ᠂ ᠡᠷᠬᠢᠯᠡᠭᠰᠡᠨ ᠠᠵᠢᠯ᠂ ᠠᠯᠪᠠᠨ ᠲᠤᠰᠢᠶᠠᠯ᠂ ᠱᠠᠰᠢᠨ ᠰᠢᠲᠦᠯᠭᠡ᠂ ᠦᠵᠡᠯ ᠪᠣᠳᠣᠯ᠂ ᠪᠣᠯᠪᠠᠰᠤᠷᠠᠯ ᠢᠶᠠᠷ ᠨᠢ ᠢᠯᠭᠠᠪᠤᠷᠢᠯᠠᠨ ᠭᠠᠳᠠᠭᠤᠷᠬᠠᠵᠤ ᠦᠯᠦ ᠪᠣᠯᠤᠨ᠎ᠠ᠃ ᠬᠦᠮᠦᠨ ᠪᠦᠷᠢ ᠡᠷᠬᠡ ᠵᠦᠢ ᠶᠢᠨ ᠡᠲᠡᠭᠡᠳ ᠪᠠᠶᠢᠨ᠎ᠠ᠃

ᠠᠷᠪᠠᠨ ᠲᠠᠪᠤᠳᠤᠭᠠᠷ ᠵᠦᠢᠯ᠃ 1᠃ ᠮᠣᠩᠭᠣᠯ ᠤᠯᠤᠰ ᠤᠨ ᠢᠷᠭᠡᠨ ᠦ ᠬᠠᠷᠢᠶᠠᠯᠠᠯ ᠬᠢᠭᠡᠳ ᠬᠠᠷᠢᠶᠠᠲᠤ ᠪᠣᠯᠬᠤ᠂ ᠬᠠᠷᠢᠶᠠᠲᠤ ᠠᠴᠠ ᠭᠠᠷᠬᠤ ᠦᠨᠳᠦᠰᠦᠯᠡᠯ᠂ ᠵᠢᠷᠤᠮ ᠢ ᠭᠠᠭᠴᠠᠬᠤ ᠬᠠᠤᠯᠢ ᠪᠠᠷ ᠲᠣᠭᠲᠠᠭᠠᠨ᠎ᠠ᠃ 2᠃ ᠮᠣᠩᠭᠣᠯ ᠤᠯᠤᠰ ᠤᠨ ᠢᠷᠭᠡᠨ ᠢ ᠬᠠᠷᠢᠶᠠᠲᠤ ᠠᠴᠠ ᠬᠠᠰᠤᠬᠤ᠂ ᠡᠬᠡ ᠣᠷᠣᠨ ᠠᠴᠠ ᠪᠠᠨ ᠬᠥᠭᠡᠭᠡᠬᠦ᠂ ᠥᠭᠡᠷ᠎ᠡ ᠤᠯᠤᠰ ᠲᠤ ᠰᠢᠯᠵᠢᠭᠦᠯᠦᠨ ᠥᠭᠬᠦ ᠶᠢ ᠬᠣᠷᠢᠭᠯᠠᠨ᠎ᠠ᠃

ᠠᠷᠪᠠᠨ ᠵᠢᠷᠭᠤᠳᠤᠭᠠᠷ ᠵᠦᠢᠯ᠃ ᠮᠣᠩᠭᠣᠯ ᠤᠯᠤᠰ ᠤᠨ ᠢᠷᠭᠡᠨ ᠳᠠᠷᠠᠭᠠᠬᠢ ᠦᠨᠳᠦᠰᠦᠨ ᠡᠷᠬᠡ᠂ ᠡᠷᠬᠡ ᠴᠢᠯᠦᠭᠡ ᠶᠢ ᠪᠠᠲᠤᠯᠠᠭ᠎ᠠ ᠲᠠᠢ ᠡᠳ᠋ᠯᠡᠨ᠎ᠡ᠄ 1/ ᠠᠮᠢᠳᠤ ᠶᠠᠪᠤᠬᠤ ᠡᠷᠬᠡ ᠲᠡᠢ᠃ ᠮᠣᠩᠭᠣᠯ ᠤᠯᠤᠰ ᠤᠨ ᠡᠷᠡᠭᠦᠦ ᠶᠢᠨ ᠬᠠᠤᠯᠢ ᠳᠤ ᠵᠢᠭᠠᠭᠰᠠᠨ ᠣᠨᠴᠠ ᠬᠦᠨᠳᠦ ᠭᠡᠮᠲᠦ ᠬᠡᠷᠡᠭ ᠦᠢᠯᠡᠳᠦᠭᠰᠡᠨ ᠦ ᠤᠴᠢᠷ ᠰᠢᠭᠦᠬᠦ ᠶᠢᠨ ᠬᠦᠴᠦᠨ ᠲᠡᠭᠦᠯᠳᠡᠷ ᠲᠣᠭᠲᠠᠭᠠᠯ ᠢᠶᠠᠷ ᠶᠠᠯ᠎ᠠ ᠶᠢᠨ ᠳᠡᠭᠡᠳᠦ ᠬᠡᠮᠵᠢᠶ᠎ᠡ ᠣᠨᠣᠭᠳᠠᠭᠤᠯᠤᠭᠰᠠᠨ ᠠᠴᠠ ᠪᠤᠰᠤᠳ ᠲᠣᠬᠢᠶᠠᠯᠳᠤᠯ ᠳᠤ ᠬᠦᠮᠦᠨ ᠦ ᠠᠮᠢ ᠨᠠᠰᠤ ᠪᠤᠰᠠᠨᠢᠭᠤᠯᠬᠤ ᠶᠢ ᠬᠠᠲᠠᠭᠤ ᠬᠣᠷᠢᠭᠯᠠᠨ᠎ᠠ; 2/ ᠡᠷᠡᠭᠦᠯ᠂ ᠠᠶᠤᠯ  ᠦᠭᠡᠢ ᠣᠷᠴᠢᠨ ᠳᠤ ᠠᠮᠢᠳᠤᠷᠠᠬᠤ᠂ ᠣᠷᠴᠢᠨ ᠤ ᠪᠣᠬᠢᠷᠳᠠᠯ᠂ ᠪᠠᠶᠢᠭᠠᠯᠢ ᠢᠢᠨ ᠲᠡᠩᠴᠡᠯ ᠠᠯᠳᠠᠭᠳᠠᠬᠤ ᠠᠴᠠ ᠬᠠᠮᠠᠭᠠᠯᠠᠭᠤᠯᠬᠤ ᠡᠷᠬᠡ ᠲᠡᠢ; 3/ ᠬᠥᠳᠡᠯᠬᠦ᠂ ᠦᠯᠦ ᠬᠥᠳᠡᠯᠬᠦ ᠬᠥᠷᠥᠩᠭᠡ ᠰᠢᠳᠤᠷᠭᠤ ᠪᠠᠷ ᠣᠯᠵᠤ ᠠᠪᠬᠤ᠂ ᠡᠵᠡᠮᠰᠢᠬᠦ᠂ ᠥᠮᠴᠢᠯᠡᠬᠦ᠂ ᠥᠪ ᠵᠠᠯᠭᠠᠮᠵᠢᠯᠠᠭᠤᠯᠬᠤ ᠡᠷᠬᠡ ᠲᠡᠢ᠃ ᠬᠤᠪᠤ ᠶᠢᠨ ᠥᠮᠴᠢ ᠶᠢ ᠬᠠᠤᠯᠢ ᠪᠤᠰᠤ ᠪᠠᠷ ᠬᠤᠷᠢᠶᠠᠬᠤ᠂ ᠳᠠᠶᠢᠴᠢᠯᠠᠨ ᠠᠪᠬᠤ ᠶᠢ ᠬᠣᠷᠢᠭᠯᠠᠨ᠎ᠠ᠃ ᠲᠥᠷᠦ᠂ ᠲᠡᠭᠦᠨ ᠦ ᠡᠷᠬᠡ ᠪᠦᠬᠦᠢ ᠪᠠᠶᠢᠭᠤᠯᠤᠯᠭ᠎ᠠ ᠨᠢ ᠨᠡᠶᠢᠭᠡᠮ ᠦᠨ ᠵᠠᠶᠢᠯᠠᠰᠢ ᠦᠭᠡᠢ ᠬᠡᠷᠡᠭᠴᠡᠭᠡ ᠶᠢ ᠦᠨᠳᠦᠰᠦᠯᠡᠨ ᠬᠤᠪᠢ ᠢᠢᠨ ᠥᠮᠴᠢ ᠶᠢᠨ ᠡᠳ᠋ ᠬᠥᠷᠦᠩᠭᠡ ᠶᠢ ᠳᠠᠶᠢᠴᠢᠯᠠᠨ ᠠᠪᠤᠪᠠᠯ ᠨᠥᠬᠦᠬᠦ ᠣᠯᠭᠣᠪᠤᠷᠢ᠂ ᠦᠨ᠎ᠡ ᠶᠢ ᠲᠥᠯᠦᠨ᠎ᠡ; 4/ ᠠᠵᠢᠯ ᠮᠡᠷᠭᠡᠵᠢᠯ ᠢᠶᠡᠨ ᠴᠢᠯᠦᠭᠡᠲᠡᠢ ᠰᠣᠩᠭᠣᠬᠤ᠂ ᠬᠥᠳᠡᠯᠮᠦᠷᠢ ᠶᠢᠨ ᠠᠶᠠᠲᠠᠢ ᠨᠥᠬᠥᠴᠡᠯ ᠢᠶᠡᠷ ᠬᠠᠩᠭᠠᠭᠤᠯᠬᠤ᠂ ᠴᠠᠯᠢᠩ ᠬᠥᠯᠦᠰᠦ ᠠᠪᠬᠤ᠂ ᠠᠮᠠᠷᠠᠬᠤ᠂ ᠬᠤᠪᠢ ᠢᠢᠨ ᠠᠵᠤ ᠠᠬᠤᠢ ᠡᠷᠬᠢᠯᠡᠬᠦ ᠡᠷᠬᠡ ᠲᠡᠢ᠃ ᠬᠡᠨ ᠢ ᠴᠤ ᠬᠠᠤᠯᠢ ᠪᠤᠰᠤ ᠪᠠᠷ ᠠᠯᠪᠠᠳᠠᠨ ᠬᠥᠳᠡᠯᠮᠦᠷᠢᠯᠡᠭᠦᠯᠵᠦ ᠪᠣᠯᠬᠤ ᠦᠭᠡᠢ ; 5/ ᠥᠨᠳᠥᠷ ᠨᠠᠰᠤᠯᠠᠬᠤ᠂ ᠬᠥᠳᠡᠯᠮᠦᠷᠢ ᠶᠢᠨ ᠴᠢᠳᠠᠪᠤᠷᠢ ᠠᠯᠳᠠᠬᠤ᠂ ᠬᠡᠦᠬᠡᠳ ᠲᠥᠷᠥᠭᠦᠯᠬᠦ᠂ ᠠᠰᠠᠷᠠᠬᠤ ᠪᠣᠯᠤᠨ ᠬᠠᠤᠯᠢ ᠳᠤ ᠵᠢᠭᠠᠭᠰᠠᠨ ᠪᠤᠰᠤᠳ ᠲᠣᠬᠢᠶᠠᠯᠳᠤᠯ ᠳᠤ ᠡᠳ᠋᠂ ᠮᠥᠩᠭᠥᠨ ᠦ ᠲᠤᠰᠠᠯᠠᠮᠵᠢ ᠠᠪᠬᠤ ᠡᠷᠬᠡ ᠲᠡᠢ; 6/ ᠡᠷᠡᠭᠦᠯ ᠮᠡᠨᠳᠦ ᠪᠡᠨ ᠬᠠᠮᠠᠭᠠᠯᠠᠭᠤᠯᠬᠤ᠂ ᠡᠮᠨᠡᠯᠭᠡ ᠶᠢᠨ ᠲᠤᠰᠠᠯᠠᠮᠵᠢ ᠠᠪᠬᠤ ᠡᠷᠬᠡ ᠲᠡᠢ᠃ ᠢᠷᠭᠡᠳ ᠲᠦ ᠡᠮᠨᠡᠯᠭᠡ ᠶᠢᠨ ᠲᠥᠯᠦᠪᠦᠷᠢ ᠦᠭᠡᠢ ᠲᠤᠰᠠᠯᠠᠮᠵᠢ ᠦᠵᠡᠭᠦᠯᠬᠦ ᠪᠣᠯᠵᠣᠯ᠂ ᠵᠢᠷᠤᠮ ᠢ ᠬᠠᠤᠯᠢ ᠪᠠᠷ ᠲᠣᠭᠲᠠᠭᠠᠨ᠎ᠠ; 7/ ᠰᠤᠷᠴᠤ ᠪᠣᠯᠪᠠᠰᠤᠷᠠᠬᠤ ᠡᠷᠬᠡ ᠲᠡᠢ᠃ ᠲᠥᠷᠥ ᠡᠴᠡ ᠪᠦᠬᠦ ᠨᠡᠶᠢᠲᠡ ᠶᠢᠨ ᠶᠡᠷᠦᠩᠬᠡᠢ ᠪᠣᠯᠪᠠᠰᠤᠷᠠᠯ ᠢ ᠲᠥᠯᠦᠪᠦᠷᠢ  ᠦᠭᠡᠢ ᠣᠯᠭᠤᠨ᠎ᠠ᠃ ᠢᠷᠭᠡᠳ ᠲᠥᠷᠥ ᠡᠴᠡ ᠲᠠᠯᠪᠢᠬᠤ ᠱᠠᠭᠠᠷᠳᠠᠯᠭ᠎ᠠ ᠳᠤ ᠨᠡᠶᠢᠴᠡᠭᠰᠡᠨ ᠬᠤᠪ ᠤᠨ ᠰᠤᠷᠭᠠᠭᠤᠯᠢ ᠪᠠᠶᠢᠭᠤᠯᠤᠨ ᠠᠵᠢᠯᠯᠠᠭᠤᠯᠵᠤ ᠪᠣᠯᠤᠨ᠎ᠠ; 8/ ᠰᠤᠶᠤᠯ᠂ ᠤᠷᠠᠯᠢᠭ᠂ ᠰᠢᠨᠵᠢᠯᠡᠬᠦ ᠤᠬᠠᠭᠠᠨ ᠤ ᠦᠢᠯᠡ ᠠᠵᠢᠯᠯᠠᠭ᠎ᠠ ᠶᠠᠪᠤᠭᠤᠯᠬᠤ᠂ ᠪᠦᠲᠦᠭᠡᠯ ᠲᠤᠭᠤᠷᠪᠢᠬᠤ᠂ ᠦᠷ᠎ᠡ ᠰᠢᠮ᠎ᠡ ᠶᠢ ᠨᠢ ᠬᠦᠷᠲᠡᠬᠦ ᠡᠷᠬᠡ ᠲᠡᠢ᠃ ᠵᠣᠬᠢᠶᠠᠭᠴᠢ᠂ ᠰᠢᠨ᠎ᠡ ᠪᠦᠲᠦᠭᠡᠯ᠂ ᠨᠡᠭᠡᠭᠡᠯᠲᠡ ᠶᠢᠨ ᠡᠷᠬᠡ ᠶᠢ ᠬᠠᠤᠯᠢ ᠪᠠᠷ ᠬᠠᠮᠠᠭᠠᠯᠠᠨ᠎ᠠ; 9/ ᠰᠢᠭᠤᠳ ᠪᠤᠶᠤ ᠲᠥᠯᠥᠭᠡᠯᠡᠭᠴᠢᠳ ᠦᠨ ᠪᠠᠶᠢᠭᠤᠯᠤᠯᠭ᠎ᠠ ᠪᠠᠷ ᠢᠶᠠᠨ ᠤᠯᠠᠮᠵᠢᠯᠠᠨ ᠲᠥᠷᠥ ᠶᠢ ᠤᠳᠤᠷᠢᠳᠬᠤ ᠬᠡᠷᠡᠭ ᠲᠦ ᠤᠷᠤᠯᠴᠠᠬᠤ ᠡᠷᠬᠡ ᠲᠡᠢ᠃ ᠲᠥᠷᠥ ᠶᠢᠨ ᠪᠠᠶᠢᠭᠤᠯᠤᠯᠭ᠎ᠠ ᠳᠤ ᠰᠤᠩᠭᠤᠬᠤ᠂ ᠰᠣᠩᠭᠣᠭᠳᠠᠬᠤ ᠡᠷᠬᠡ ᠲᠡᠢ᠃ ᠰᠤᠩᠭᠤᠬᠤ ᠡᠷᠬᠡ ᠶᠢ ᠠᠷᠪᠠᠨ ᠨᠠᠶᠢᠮᠠᠨ ᠨᠠᠰᠤᠨ ᠠᠴᠠ ᠡᠳ᠋ᠯᠡᠨ᠎ᠡ᠃ ᠰᠣᠩᠭᠣᠭᠳᠠᠬᠤ ᠨᠠᠰᠤ ᠶᠢ ᠲᠥᠷᠥ ᠶᠢᠨ ᠵᠣᠬᠢᠬᠤ ᠪᠠᠶᠢᠭᠤᠯᠤᠯᠭ᠎ᠠ᠂ ᠠᠯᠪᠠᠨ ᠲᠤᠰᠢᠶᠠᠯ ᠳᠤ ᠲᠠᠯᠪᠢᠬᠤ ᠱᠠᠭᠠᠷᠳᠠᠯᠭ᠎ᠠ ᠶᠢ ᠬᠠᠷᠠᠭᠠᠯᠵᠠᠨ ᠬᠠᠤᠯᠢ ᠪᠠᠷ ᠲᠣᠭᠲᠠᠭᠠᠨ᠎ᠠ; 10/ ᠨᠡᠶᠢᠭᠡᠮ ᠤᠨ ᠪᠣᠯᠤᠨ ᠥᠪᠡᠷᠰᠡᠳ ᠦᠨ ᠠᠰᠢᠭ ᠰᠣᠨᠢᠷᠬᠠᠯ᠂ ᠦᠵᠡᠯ ᠪᠣᠳᠣᠯ ᠤᠨ ᠡᠭᠦᠳᠡᠨ ᠡᠴᠡ ᠨᠠᠮ᠂ ᠣᠯᠠᠨ ᠨᠡᠶᠢᠲᠡ ᠶᠢᠨ ᠪᠤᠰᠤᠳ ᠪᠠᠶᠢᠭᠤᠯᠤᠯᠭ᠎ᠠ ᠪᠠᠶᠢᠭᠤᠯᠬᠤ᠂ ᠰᠠᠶᠢᠨ ᠳᠤᠷ᠎ᠠ ᠪᠠᠷ ᠢᠶᠠᠨ ᠡᠪᠯᠡᠯᠳᠦᠨ ᠨᠢᠭᠡᠳᠦᠬᠦ ᠡᠷᠬᠡ ᠲᠡᠢ᠃ ᠨᠠᠮ᠂ ᠣᠯᠠᠨ ᠨᠡᠶᠢᠲᠡ ᠶᠢᠨ ᠪᠤᠰᠤᠳ ᠪᠦᠬᠦ ᠪᠠᠶᠢᠭᠤᠯᠤᠯᠭ᠎ᠠ ᠨᠡᠶᠢᠭᠡᠮ᠂ ᠲᠥᠷᠥ ᠶᠢᠨ ᠠᠶᠤᠯ  ᠦᠭᠡᠢ ᠪᠠᠶᠢᠳᠠᠯ ᠢ ᠰᠠᠬᠢᠵᠤ᠂ ᠬᠠᠤᠯᠢ ᠶᠢ ᠳᠡᠭᠡᠳᠦᠯᠡᠨ ᠪᠡᠶᠡᠯᠡᠭᠦᠯᠦᠨ᠎ᠡ᠃ ᠠᠯᠢ ᠨᠢᠭᠡᠨ ᠨᠠᠮ᠂ ᠣᠯᠠᠨ ᠨᠡᠶᠢᠲᠡ ᠶᠢᠨ ᠪᠤᠰᠤᠳ ᠪᠠᠶᠢᠭᠤᠯᠤᠯᠭ᠎ᠠ ᠳᠤ ᠡᠪᠯᠡᠯᠳᠦᠨ ᠨᠢᠭᠡᠳᠦᠭᠰᠡᠨ ᠦ ᠲᠥᠯᠥᠭᠡ ᠪᠣᠯᠤᠨ ᠭᠡᠰᠢᠭᠦᠨ ᠦ ᠨᠢ ᠬᠤᠪᠢ ᠳᠤ ᠬᠦᠮᠦᠨ ᠢ ᠢᠯᠭᠠᠪᠤᠷᠢᠯᠠᠨ ᠭᠠᠳᠠᠭᠤᠷᠬᠠᠬᠤ᠂ ᠬᠡᠯᠮᠡᠭᠳᠡᠭᠦᠯᠬᠦ ᠶᠢ ᠬᠣᠷᠢᠭᠯᠠᠨ᠎ᠠ᠃ ᠲᠥᠷᠥ ᠶᠢᠨ ᠵᠠᠷᠢᠮ ᠲᠥᠷᠥᠯ ᠦᠨ ᠠᠯᠪᠠᠨ ᠬᠠᠭᠠᠭᠴᠢ ᠶᠢᠨ ᠨᠠᠮ ᠤᠨ ᠭᠡᠰᠢᠭᠦᠨ ᠢ ᠲᠦᠳᠡᠭᠡᠯᠵᠡᠭᠦᠯᠵᠦ ᠪᠣᠯᠤᠨ᠎ᠠ; 11/ ᠤᠯᠤᠰ ᠲᠥᠷᠥ᠂ ᠡᠳ᠋ ᠍ ᠦᠨ ᠵᠠᠰᠠᠭ᠂ ᠨᠡᠶᠢᠭᠡᠮ ᠰᠤᠶᠤᠯ ᠤᠨ ᠠᠮᠢᠳᠤᠷᠠᠯ᠂ ᠭᠡᠷ ᠪᠦᠯᠢ ᠶᠢᠨ ᠬᠠᠷᠢᠯᠴᠠᠭᠠᠨ ᠳᠤ ᠡᠷᠡᠭᠲᠡᠢ᠂ ᠡᠮᠡᠭᠲᠡᠢ ᠲᠡᠭᠰᠢ ᠡᠷᠬᠡ ᠲᠡᠢ᠃ ᠭᠡᠷᠯᠡᠯᠲᠡ ᠨᠢ ᠬᠠᠤᠯᠢ ᠪᠠᠷ ᠲᠣᠭᠲᠠᠭᠠᠭᠰᠠᠨ ᠨᠠᠰᠤᠨ ᠳᠤ ᠬᠦᠷᠦᠭᠰᠡᠨ ᠡᠷᠡᠭᠲᠡᠢ᠂ ᠡᠮᠡᠭᠲᠡᠢ ᠬᠣᠶᠠᠷ ᠤᠨ ᠲᠡᠭᠰᠢ ᠡᠷᠬᠡ᠂ ᠰᠠᠶᠢᠨ ᠳᠤᠷ᠎ᠠ ᠶᠢᠨ ᠬᠠᠷᠢᠯᠴᠠᠭᠠᠨ ᠳᠤ ᠦᠨᠳᠦᠰᠦᠯᠡᠨ᠎ᠡ᠃ ᠭᠡᠷ ᠪᠦᠯᠢ᠂ ᠡᠬᠡ ᠨᠢᠯᠬᠠᠰ᠂ ᠬᠡᠦᠬᠡᠳ ᠦᠨ ᠠᠰᠢᠭ ᠰᠣᠨᠢᠷᠬᠠᠯ ᠢ ᠲᠥᠷᠥ ᠬᠠᠮᠠᠭᠠᠯᠠᠨ᠎ᠠ; 12/ ᠲᠥᠷᠥ ᠶᠢᠨ ᠪᠠᠶᠢᠭᠤᠯᠤᠯᠭ᠎ᠠ᠂ ᠠᠯᠪᠠᠨ ᠲᠤᠰᠢᠶᠠᠯᠲᠠᠨ ᠳᠤ ᠡᠷᠭᠦᠳᠡᠯ᠂ ᠭᠣᠮᠣᠳᠠᠯ ᠢᠶᠠᠨ ᠭᠠᠷᠭᠠᠵᠤ ᠰᠢᠢᠳᠪᠦᠷᠢᠯᠡᠭᠦᠯᠬᠦ ᠡᠷᠬᠡ ᠲᠡᠢ᠃ ᠲᠥᠷᠥ ᠶᠢᠨ ᠪᠠᠶᠢᠭᠤᠯᠤᠯᠭ᠎ᠠ᠂ ᠠᠯᠪᠠᠨ ᠲᠤᠰᠢᠶᠠᠯᠲᠠᠨ ᠨᠢ ᠢᠷᠭᠡᠳ ᠦᠨ ᠡᠷᠭᠦᠳᠡᠯ᠂ ᠭᠣᠮᠣᠳᠠᠯ ᠢ ᠬᠠᠤᠯᠢ ᠶᠢᠨ ᠳᠠᠭᠠᠤ ᠰᠢᠢᠳᠪᠦᠷᠢᠯᠡᠬᠦ ᠡᠭᠦᠷᠭᠡ ᠲᠡᠢ; 13/ ᠬᠠᠯᠳᠠᠰᠢ  ᠦᠭᠡᠢ ᠂ ᠴᠢᠯᠦᠭᠡᠲᠡᠢ ᠪᠠᠶᠢᠬᠤ ᠡᠷᠬᠡ ᠲᠡᠢ᠃ ᠬᠠᠤᠯᠢ ᠳᠤ ᠵᠢᠭᠠᠭᠰᠠᠨ ᠦᠨᠳᠦᠰᠦᠯᠡᠯ᠂ ᠵᠢᠷᠤᠮ ᠠᠴᠠ ᠭᠠᠳᠠᠭᠤᠷ ᠳᠤᠷ᠎ᠠ ᠮᠡᠳᠡᠨ ᠬᠡᠨ ᠢ ᠴᠤ ᠨᠡᠩᠵᠢᠬᠦ᠂ ᠪᠠᠷᠢᠪᠴᠢᠯᠠᠬᠤ᠂ ᠬᠤᠷᠢᠬᠤ᠂ ᠮᠥᠷᠳᠡᠨ ᠮᠥᠰᠬᠢᠬᠤ᠂ ᠡᠷᠬᠡ ᠴᠢᠯᠦᠭᠡ ᠶᠢ ᠨᠢ ᠬᠢᠵᠠᠭᠠᠷᠯᠠᠬᠤ ᠶᠢ ᠬᠣᠷᠢᠭᠯᠠᠨ᠎ᠠ᠃ ᠬᠡᠨ ᠳᠦ ᠪᠣᠯᠪᠠᠴᠤ ᠡᠷᠡᠭᠦᠦ ᠰᠢᠭᠦᠯᠲᠡ ᠲᠤᠯᠭᠠᠵᠤ᠂ ᠬᠦᠮᠦᠯᠢᠭ ᠪᠤᠰᠤ᠂ ᠬᠡᠷᠴᠡᠭᠡᠢ ᠬᠠᠨᠳᠤᠵᠤ᠂ ᠨᠡᠷ᠎ᠡ ᠲᠥᠷᠥ ᠶᠢ ᠨᠢ ᠳᠣᠷᠣᠮᠵᠢᠯᠠᠵᠤ ᠪᠣᠯᠬᠤ  ᠦᠭᠡᠢ ᠃ ᠪᠠᠷᠢᠪᠴᠢᠯᠠᠭᠰᠠᠨ ᠰᠢᠯᠲᠠᠭᠠᠨ᠂ ᠦᠨᠳᠦᠰᠦᠯᠡᠯ ᠢ ᠪᠠᠷᠢᠪᠴᠢᠯᠠᠭᠳᠠᠭᠰᠠᠨ ᠬᠦᠮᠦᠨ᠂ ᠲᠡᠭᠦᠨ ᠦ ᠭᠡᠷ ᠪᠦᠯᠢ ᠶᠢᠨ ᠬᠢᠨ᠂ ᠥᠮᠥᠭᠡᠯᠡᠭᠴᠢ ᠳᠦ ᠨᠢ ᠬᠠᠤᠯᠢ ᠳᠤ ᠵᠢᠭᠠᠭᠰᠠᠨ ᠬᠤᠭᠤᠴᠠᠭᠠᠨ ᠳᠤ ᠮᠡᠳᠡᠭᠳᠡᠨ᠎ᠡ᠃ ᠢᠷᠭᠡᠨ ᠦ ᠬᠤᠪ ᠤᠨ ᠪᠠ ᠭᠡᠷ ᠪᠦᠯᠢ᠂ ᠵᠠᠬᠢᠳᠠᠯ ᠬᠠᠷᠢᠯᠴᠠᠭᠠᠨ ᠤ ᠨᠢᠭᠤᠴᠠ᠂ ᠣᠷᠣᠨ ᠪᠠᠶᠢᠷᠢᠨ ᠤ ᠬᠠᠯᠳᠠᠰᠢ ᠦᠭᠡᠢ ᠪᠠᠶᠢᠳᠠᠯ ᠢ ᠬᠠᠤᠯᠢ ᠪᠠᠷ ᠬᠠᠮᠠᠭᠠᠯᠠᠨ᠎ᠠ;

14/ ᠮᠣᠩᠭᠣᠯ ᠤᠯᠤᠰ ᠤᠨ ᠬᠠᠤᠯᠢ᠂ ᠣᠯᠠᠨ ᠤᠯᠤᠰ ᠤᠨ ᠭᠡᠷᠢᠶᠡᠨ ᠳᠦ ᠵᠢᠭᠠᠭᠰᠠᠨ ᠡᠷᠬᠡ᠂ ᠡᠷᠬᠡ ᠴᠢᠯᠦᠭᠡ ᠨᠢ ᠵᠥᠷᠢᠴᠡᠭᠳᠡᠭᠰᠡᠨ ᠭᠡᠵᠦ ᠦᠵᠡᠪᠡᠯ ᠤᠤᠯ ᠡᠷᠬᠡ ᠪᠡᠨ ᠬᠠᠮᠠᠭᠠᠯᠠᠭᠤᠯᠬᠤ ᠪᠠᠷ ᠰᠢᠭᠦᠬᠦ ᠳᠦ ᠭᠣᠮᠣᠳᠠᠯ ᠭᠠᠷᠭᠠᠬᠤ᠂ ᠪᠤᠰᠤᠳ ᠤᠨ ᠬᠠᠤᠯᠢ ᠪᠤᠰᠤ ᠪᠠᠷ ᠤᠴᠠᠷᠠᠭᠤᠯᠤᠭᠰᠠᠨ ᠬᠣᠬᠢᠷᠠᠯ ᠢ ᠨᠥᠬᠥᠨ ᠲᠥᠯᠥᠭᠦᠯᠬᠦ᠂ ᠥᠪᠡᠷ ᠦᠨ ᠪᠣᠯᠤᠨ ᠭᠡᠷ ᠪᠦᠯᠢ ᠶᠢᠨ ᠭᠡᠰᠢᠭᠦᠳ᠂ ᠡᠴᠢᠭᠡ ᠡᠬᠡ᠂ ᠦᠷ᠎ᠡ ᠬᠡᠦᠬᠡᠳ ᠦᠨ ᠢᠶᠡᠨ ᠡᠰᠡᠷᠡᠭ ᠮᠡᠳᠡᠭᠦᠯᠭᠡ ᠥᠭᠭᠦᠬᠦ  ᠦᠭᠡᠢ ᠪᠠᠶᠢᠬᠤ᠂ ᠥᠪᠡᠷ ᠢ ᠪᠡᠨ ᠥᠮᠥᠭᠡᠯᠡᠬᠦ᠂ ᠬᠠᠤᠯᠢ ᠵᠦᠢ ᠶᠢᠨ ᠲᠤᠰᠠᠯᠠᠯᠴᠠᠭ᠎ᠠ ᠠᠪᠬᠤ᠂ ᠨᠤᠲᠠᠯᠠᠬᠤ ᠪᠠᠷᠢᠮᠲᠠ ᠶᠢ ᠰᠢᠯᠭᠠᠭᠤᠯᠬᠤ᠂ ᠰᠢᠳᠤᠷᠭᠤ ᠰᠢᠭᠦᠬᠦ ᠪᠡᠷ ᠰᠢᠭᠦᠯᠭᠡᠬᠦ᠂ ᠬᠡᠷᠡᠭ ᠢᠶᠡᠨ ᠰᠢᠭᠦᠬᠦ ᠠᠵᠢᠯᠯᠠᠭᠠᠨ ᠳᠤ ᠪᠡᠶ᠎ᠡ ᠪᠡᠷ ᠤᠷᠤᠯᠴᠠᠬᠤ᠂ ᠰᠢᠭᠦᠬᠦ ᠶᠢᠨ ᠰᠢᠢᠳᠪᠦᠷᠢ ᠶᠢ ᠳᠠᠪᠠᠵᠤ ᠵᠠᠭᠠᠯᠳᠤᠬᠤ᠂ ᠠᠭᠤᠴᠢᠯᠠᠯ ᠬᠦᠰᠡᠬᠦ ᠡᠷᠬᠡ ᠲᠡᠢ᠃ ᠥᠪᠡᠷ ᠢᠶᠡᠨ ᠥᠪᠡᠷ ᠦᠨ ᠢᠶᠡᠨ ᠡᠰᠡᠷᠡᠭ ᠮᠡᠳᠡᠭᠦᠯᠭᠡ ᠥᠭᠬᠦ ᠶᠢ ᠱᠠᠭᠠᠷᠳᠠᠬᠤ᠂ ᠮᠡᠳᠡᠭᠦᠯᠭᠡ ᠭᠠᠷᠭᠠᠭᠤᠯᠬᠤ ᠪᠠᠷ ᠰᠢᠬᠠᠯᠲᠠ ᠦᠵᠡᠭᠦᠯᠬᠦ᠂ ᠬᠦᠴᠦ ᠬᠡᠷᠡᠭᠯᠡᠬᠦ ᠶᠢ ᠬᠣᠷᠢᠭᠯᠠᠨ᠎ᠠ᠃ ᠭᠡᠮ ᠪᠤᠷᠤᠭᠤ ᠲᠠᠢ ᠨᠢ ᠬᠠᠤᠯᠢ ᠶᠢᠨ ᠳᠠᠭᠠᠤ ᠰᠢᠭᠦᠬᠦ ᠪᠡᠷ ᠨᠣᠲᠠᠯᠠᠭᠳᠠᠬᠤ ᠬᠦᠷᠲᠡᠯ᠎ᠡ ᠬᠡᠨ ᠢ ᠴᠤ ᠭᠡᠮᠲᠦ ᠬᠡᠷᠡᠭ ᠦᠢᠯᠡᠳᠦᠭᠰᠡᠨ ᠭᠡᠮ ᠪᠤᠷᠤᠭᠤᠲᠠᠢ ᠳᠤ ᠲᠣᠭᠠᠴᠠᠵᠤ ᠦᠯᠦ ᠪᠣᠯᠤᠨ᠎ᠠ᠃ ᠭᠡᠮ ᠪᠤᠷᠤᠭᠤᠲᠠᠨ ᠤ ᠶᠠᠯ᠎ᠠ ᠵᠢᠮᠡᠯᠡᠯ ᠢ ᠲᠡᠭᠦᠨ ᠦ ᠭᠡᠷ ᠪᠦᠯᠢ ᠶᠢᠨ ᠭᠡᠰᠢᠭᠦᠳ᠂ ᠲᠥᠷᠥᠯ ᠰᠠᠳᠤᠨ ᠳᠤ ᠨᠢ ᠬᠠᠯᠳᠠᠭᠠᠨ ᠬᠡᠷᠡᠭᠯᠡᠬᠦ ᠶᠢ ᠬᠣᠷᠢᠭᠯᠠᠨ᠎ᠠ;

15/ ᠱᠠᠰᠢᠨ ᠰᠢᠲᠦᠬᠦ᠂ ᠡᠰᠡ ᠰᠢᠲᠦᠬᠦ ᠡᠷᠬᠡ ᠴᠢᠯᠦᠭᠡ ᠲᠡᠢ;

16/ ᠢᠲᠡᠭᠡᠯ ᠦᠨᠡᠮᠰᠢᠯᠲᠡᠢ ᠪᠠᠶᠢᠬᠤ᠂ ᠦᠵᠡᠯ ᠪᠣᠳᠣᠯ ᠢᠶᠠᠨ ᠴᠢᠯᠦᠭᠡᠲᠡᠢ ᠢᠯᠡᠷᠬᠡᠶᠢᠯᠡᠬᠦ᠂ ᠦᠭᠡ ᠬᠡᠯᠡᠬᠦ᠂ ᠬᠡᠪᠯᠡᠨ ᠨᠡᠶᠢᠲᠡᠯᠡᠬᠦ᠂ ᠲᠠᠶᠢᠪᠤᠩ ᠵᠢᠭᠰᠠᠭᠠᠯ᠂ ᠴᠤᠭᠯᠠᠭᠠᠨ ᠬᠢᠬᠦ ᠡᠷᠬᠡ ᠴᠢᠯᠦᠭᠡ ᠲᠡᠢ᠃ ᠵᠢᠭᠰᠠᠭᠠᠯ᠂ ᠴᠤᠭᠯᠠᠭᠠᠨ ᠬᠢᠬᠦ ᠵᠢᠷᠤᠮ ᠢ ᠬᠠᠤᠯᠢ ᠪᠠᠷ ᠲᠣᠭᠲᠠᠭᠠᠨ᠎ᠠ;

17/ ᠲᠥᠷᠥ᠂ ᠲᠡᠭᠦᠨ ᠦ ᠪᠠᠶᠢᠭᠤᠯᠤᠯᠭ᠎ᠠ ᠠᠴᠠ ᠬᠠᠤᠯᠢ ᠶᠣᠰᠣᠭᠠᠷ ᠲᠤᠰᠬᠠᠶᠢᠯᠠᠨ ᠬᠠᠮᠠᠭᠠᠯᠠᠪᠠᠯ ᠵᠣᠬᠢᠬᠤ ᠨᠢᠭᠤᠴᠠ ᠳᠤ ᠬᠠᠮᠢᠶᠠᠷᠬᠤ ᠦᠭᠡᠢ ᠠᠰᠠᠭᠤᠳᠠᠯ ᠢᠶᠠᠷ ᠮᠡᠳᠡᠭᠡᠯᠡᠯ ᠬᠠᠶᠢᠬᠤ᠂ ᠬᠦᠯᠢᠶᠡᠨ ᠠᠪᠬᠤ ᠡᠷᠬᠡ ᠲᠡᠢ᠃ ᠬᠦᠮᠦᠨ ᠦ ᠡᠷᠬᠡ᠂ ᠨᠡᠷ᠎ᠡ ᠲᠥᠷᠥ᠂ ᠠᠯᠳᠠᠷ ᠬᠦᠨᠳᠦ᠂ ᠤᠯᠤᠰ ᠢ ᠪᠠᠲᠤᠯᠠᠨ ᠬᠠᠮᠠᠭᠠᠯᠠᠬᠤ᠂ ᠦᠨᠳᠦᠰᠦᠨ ᠦ ᠠᠶᠤᠯ  ᠦᠭᠡᠢ ᠪᠠᠶᠢᠳᠠᠯ᠂ ᠨᠡᠶᠢᠭᠡᠮ ᠤᠨ ᠬᠡᠪ ᠵᠢᠷᠤᠮ ᠢ ᠬᠠᠩᠭᠠᠬᠤ ᠵᠣᠷᠢᠯᠭ᠎ᠠ ᠪᠠᠷ ᠵᠠᠳᠠᠷᠠᠭᠤᠯᠵᠤ ᠦᠯᠦ ᠪᠣᠯᠬᠤ ᠲᠥᠷᠥ᠂ ᠪᠠᠶᠢᠭᠤᠯᠤᠯᠭ᠎ᠠ᠂ ᠬᠤᠪᠢ ᠬᠦᠮᠦᠨ ᠦ ᠨᠢᠭᠤᠴᠠ ᠶᠢ ᠬᠠᠤᠯᠢ ᠪᠠᠷ ᠲᠣᠭᠲᠠᠭᠠᠨ ᠬᠠᠮᠠᠭᠠᠯᠠᠨ᠎ᠠ;

18/ ᠤᠯᠤᠰ ᠤᠨ ᠢᠶᠠᠨ ᠨᠤᠲᠤᠭ ᠳᠡᠪᠢᠰᠬᠡᠷ ᠲᠦ ᠴᠢᠯᠦᠭᠡᠲᠡᠢ ᠵᠣᠷᠴᠢᠬᠤ᠂ ᠲᠦᠷᠢ ᠪᠤᠶᠤ ᠪᠠᠶᠢᠩᠭᠤ ᠣᠷᠣᠰᠢᠨ ᠰᠠᠭᠤᠬᠤ ᠭᠠᠵᠠᠷ ᠢᠶᠠᠨ ᠰᠤᠩᠭᠤᠬᠤ᠂ ᠭᠠᠳᠠᠭᠠᠳᠤ ᠳᠤ ᠶᠠᠪᠤᠬᠤ᠂ ᠣᠷᠣᠰᠢᠨ ᠰᠠᠭᠤᠬᠤ᠂ ᠡᠬᠡ ᠣᠷᠣᠨ ᠳᠤ ᠪᠠᠨ ᠪᠤᠴᠠᠵᠤ ᠢᠷᠡᠬᠦ ᠡᠷᠬᠡ ᠲᠡᠢ᠃ ᠭᠠᠳᠠᠭᠠᠳᠤ ᠳᠤ ᠶᠠᠪᠤᠬᠤ᠂ ᠣᠷᠣᠰᠢᠨ ᠰᠠᠭᠤᠬᠤ ᠡᠷᠬᠡ ᠶᠢ ᠦᠨᠳᠦᠰᠦᠨ ᠦ ᠪᠣᠯᠤᠨ ᠬᠦᠮᠦᠨ ᠠᠮᠠ ᠶᠢᠨ ᠠᠶᠤᠯ  ᠦᠭᠡᠢ ᠪᠠᠶᠢᠳᠠᠯ ᠢ ᠬᠠᠩᠭᠠᠬᠤ᠂ ᠨᠡᠶᠢᠭᠡᠮ ᠤᠨ ᠬᠡᠪ ᠵᠢᠷᠤᠮ ᠢ ᠬᠠᠮᠠᠭᠠᠯᠠᠬᠤ ᠶᠢᠨ ᠲᠤᠯᠠᠳᠠ ᠵᠥᠪᠬᠡᠨ ᠬᠠᠤᠯᠢ ᠪᠠᠷ ᠬᠢᠵᠠᠭᠠᠷᠯᠠᠵᠤ ᠪᠣᠯᠤᠨ᠎ᠠ᠃ ᠠᠷᠪᠠᠨ ᠳᠣᠯᠣᠳᠤᠭᠠᠷ ᠵᠦᠢᠯ᠃ 1᠃ ᠮᠣᠩᠭᠣᠯ ᠤᠯᠤᠰ ᠤᠨ ᠢᠷᠭᠡᠨ ᠰᠢᠳᠤᠷᠭᠤ᠂ ᠬᠦᠮᠦᠯᠢᠭ ᠶᠣᠰᠣ ᠶᠢ ᠡᠷᠬᠢᠮᠯᠡᠨ ᠳᠠᠷᠠᠭᠠᠬᠢ ᠦᠨᠳᠦᠰᠦᠨ ᠡᠭᠦᠷᠭᠡ ᠶᠢ ᠶᠣᠰᠣᠴᠢᠯᠠᠨ ᠪᠡᠶᠡᠯᠡᠭᠦᠯᠦᠨ᠎ᠡ᠄

1/ ᠦᠨᠳᠦᠰᠦᠨ ᠬᠠᠤᠯᠢ᠂ ᠪᠤᠰᠤᠳ ᠬᠠᠤᠯᠢ ᠶᠢ ᠳᠡᠭᠡᠳᠦᠯᠡᠨ ᠬᠦᠨᠳᠦᠳᠭᠡᠵᠦ᠂ ᠰᠠᠬᠢᠩ ᠪᠡᠶᠡᠯᠡᠭᠦᠯᠬᠦ;

2/ ᠬᠦᠮᠦᠨ ᠦ ᠨᠡᠷ᠎ᠡ ᠲᠥᠷᠥ᠂ ᠠᠯᠳᠠᠷ ᠬᠦᠨᠳᠦ᠂ ᠡᠷᠬᠡ᠂ ᠬᠠᠤᠯᠢ ᠶᠣᠰᠣᠨ ᠤ ᠠᠰᠢᠭ ᠰᠣᠨᠢᠷᠬᠠᠯ ᠢ ᠬᠦᠨᠳᠦᠳᠭᠡᠬᠦ;

3/ ᠬᠠᠤᠯᠢ ᠪᠠᠷ ᠨᠣᠭᠳᠠᠭᠤᠯᠤᠭᠰᠠᠨ ᠠᠯᠪᠠᠨ ᠲᠠᠲᠠᠪᠤᠷᠢ ᠤᠯᠭᠤᠬᠤ;

4/ ᠡᠬᠡ ᠣᠷᠣᠨ ᠢᠶᠠᠨ ᠬᠠᠮᠠᠭᠠᠯᠠᠬᠤ᠂ ᠬᠠᠤᠯᠢ ᠶᠢᠨ ᠳᠠᠭᠠᠤ ᠴᠡᠷᠢᠭ ᠦᠨ ᠠᠯᠪᠠ ᠬᠠᠭᠠᠬᠤ᠃

2᠃ ᠬᠦᠳᠡᠯᠮᠦᠷᠢᠯᠡᠬᠦ᠂ ᠡᠷᠡᠭᠦᠯ ᠮᠡᠨᠳᠦ ᠪᠡᠨ ᠬᠠᠮᠠᠭᠠᠯᠠᠬᠤ᠂ ᠦᠷ᠎ᠡ ᠬᠡᠦᠬᠡᠳ ᠢᠶᠡᠨ ᠥᠰᠬᠡᠨ ᠬᠦᠮᠦᠵᠢᠭᠦᠯᠬᠦ᠂ ᠪᠠᠶᠢᠭᠠᠯᠢ ᠣᠷᠴᠢᠨ ᠢᠶᠠᠨ ᠬᠠᠮᠠᠭᠠᠯᠠᠬᠤ ᠨᠢ ᠢᠷᠭᠡᠨ ᠪᠦᠷᠢ ᠶᠢᠨ ᠵᠢᠷᠤᠮᠲᠤ ᠡᠭᠦᠷᠭᠡ ᠮᠥᠨ᠃ ᠠᠷᠪᠠᠨ ᠨᠠᠶᠢᠮᠠᠳᠤᠭᠠᠷ ᠵᠦᠢᠯ᠃ 1᠃ ᠮᠣᠩᠭᠣᠯ ᠤᠯᠤᠰ ᠤᠨ ᠨᠤᠲᠤᠭ ᠳᠡᠪᠢᠰᠬᠡᠷ ᠲᠦ ᠪᠠᠶᠢᠭ᠎ᠠ ᠭᠠᠳᠠᠭᠠᠳᠤ ᠶᠢᠨ ᠢᠷᠭᠡᠨ ᠦ ᠡᠷᠬᠡ᠂ ᠡᠭᠦᠷᠭᠡ ᠶᠢ ᠮᠣᠩᠭᠣᠯ ᠤᠯᠤᠰ ᠤᠨ ᠬᠠᠤᠯᠢ᠂ ᠠᠭᠤᠯᠠ ᠢᠷᠭᠡᠨ ᠢ ᠬᠠᠷᠢᠶᠠᠯᠠᠭᠰᠠᠨ ᠤᠯᠤᠰ ᠲᠠᠢ ᠪᠠᠶᠢᠭᠤᠯᠤᠭᠰᠠᠨ ᠭᠡᠷ᠎ᠡ ᠪᠡᠷ ᠲᠣᠭᠲᠠᠭᠠᠨ᠎ᠠ᠃

2᠃ ᠮᠣᠩᠭᠣᠯ ᠤᠯᠤᠰ ᠣᠯᠠᠨ ᠤᠯᠤᠰ ᠤᠨ ᠭᠡᠷ᠎ᠡ ᠪᠡᠷ ᠭᠠᠳᠠᠭᠠᠳᠤ ᠶᠢᠨ ᠢᠷᠭᠡᠨ ᠦ ᠡᠷᠬᠡ᠂ ᠡᠭᠦᠷᠭᠡ ᠶᠢ ᠲᠣᠳᠣᠷᠬᠠᠶᠢᠯᠠᠬᠤ ᠳᠤ ᠪᠠᠨ ᠠᠭᠤᠯᠠ ᠢᠷᠭᠡᠨ ᠢ ᠬᠠᠷᠢᠶᠠᠯᠠᠭᠰᠠᠨ ᠤᠯᠤᠰ ᠲᠠᠢ ᠡᠨᠡ ᠲᠠᠯ᠎ᠠ ᠪᠠᠷ ᠬᠠᠷᠢᠯᠴᠠᠨ ᠠᠳᠠᠯᠢ ᠪᠠᠶᠢᠬᠤ ᠵᠠᠷᠴᠢᠮ ᠪᠠᠷᠢᠮᠲᠠᠯᠠᠨ᠎ᠠ᠃

3᠃ ᠮᠣᠩᠭᠣᠯ ᠤᠯᠤᠰ ᠨᠤᠲᠤᠭ ᠳᠡᠪᠢᠰᠬᠡᠷᠲᠦ ᠪᠡᠨ ᠪᠠᠶᠢᠭ᠎ᠠ ᠬᠠᠷᠢᠶᠠᠯᠠᠯ ᠦᠭᠡᠢ ᠬᠦᠮᠦᠨ ᠦ ᠡᠷᠬᠡ᠂ ᠡᠭᠦᠷᠭᠡ ᠶᠢ ᠥᠪᠡᠷ ᠦᠨ ᠬᠠᠤᠯᠢ ᠪᠠᠷ ᠲᠣᠭᠲᠠᠭᠠᠨ᠎ᠠ᠃

4᠃ ᠦᠵᠡᠯ ᠪᠣᠳᠣᠯ᠂ ᠤᠯᠤᠰ ᠲᠥᠷᠥ ᠶᠢᠨ ᠬᠢᠭᠡᠳ ᠰᠢᠳᠤᠷᠭᠤ ᠶᠣᠰᠣᠨ ᠤ ᠪᠤᠰᠤᠳ ᠦᠢᠯᠡ ᠠᠵᠢᠯᠯᠠᠭᠠᠨ ᠤ ᠪᠠᠨ ᠤᠯᠠᠮ ᠠᠴᠠ ᠬᠠᠪᠴᠢᠭᠳᠠᠨ ᠮᠥᠰᠬᠢᠭᠳᠡᠭᠰᠡᠨ ᠭᠠᠳᠠᠭᠠᠳᠤ ᠶᠢᠨ ᠢᠷᠭᠡᠨ᠂ ᠬᠠᠷᠢᠶᠠᠯᠠᠯ  ᠦᠭᠡᠢ ᠬᠦᠮᠦᠨ ᠦᠨᠳᠦᠰᠦᠯᠡᠯ ᠪᠦᠬᠦᠢ ᠬᠦᠰᠡᠯᠲᠡ ᠭᠠᠷᠭᠠᠪᠠᠯ ᠮᠣᠩᠭᠣᠯ ᠤᠯᠤᠰ ᠲᠤ ᠤᠷᠤᠩᠨᠠᠬᠤ ᠡᠷᠬᠡ ᠣᠯᠭᠤᠵᠤ ᠪᠣᠯᠤᠨ᠎ᠠ᠃

5᠃ ᠦᠨᠳᠦᠰᠦᠨ ᠬᠠᠤᠯᠢ ᠶᠢᠨ ᠠᠷᠪᠠᠨ ᠵᠢᠷᠭᠤᠳᠤᠭᠠᠷ ᠵᠦᠢᠯ ᠳᠦ ᠵᠢᠭᠠᠭᠰᠠᠨ ᠮᠣᠩᠭᠣᠯ ᠤᠯᠤᠰ ᠤᠨ ᠢᠷᠭᠡᠨ ᠦ ᠦᠨᠳᠦᠰᠦᠨ ᠡᠷᠬᠡ᠂ ᠡᠷᠬᠡ ᠴᠢᠯᠦᠭᠡ ᠶᠢ ᠲᠤᠰ ᠤᠯᠤᠰ ᠤᠨ ᠨᠤᠲᠤᠭ ᠳᠡᠪᠢᠰᠬᠡᠷ ᠲᠦ ᠪᠠᠶᠢᠭ᠎ᠠ ᠭᠠᠳᠠᠭᠠᠳᠤ ᠶᠢᠨ ᠢᠷᠭᠡᠨ᠂ ᠬᠠᠷᠢᠶᠠᠯᠠᠯ  ᠦᠭᠡᠢ ᠬᠦᠨᠳᠦ ᠡᠳ᠋ᠯᠡᠭᠦᠯᠬᠦ ᠳᠦ ᠪᠡᠨ ᠮᠣᠩᠭᠣᠯ ᠤᠯᠤᠰ ᠤᠨ ᠨᠢᠭᠡᠳᠦᠨ ᠣᠷᠣᠭᠰᠠᠨ ᠣᠯᠠᠨ ᠤᠯᠤᠰ ᠤᠨ ᠭᠡᠷᠢᠶᠡᠨ ᠳᠦ ᠵᠢᠭᠠᠭᠰᠠᠨ ᠬᠦᠮᠦᠨ ᠦ ᠰᠠᠯᠤᠰᠢ  ᠦᠭᠡᠢ ᠡᠷᠬᠡ ᠡᠴᠡ ᠪᠤᠰᠤᠳ ᠡᠷᠬᠡ ᠶᠢᠨ ᠬᠤᠪᠢ ᠳᠤ ᠦᠨᠳᠦᠰᠦᠨ ᠦ ᠪᠣᠯᠤᠨ ᠬᠦᠮᠦᠨ ᠠᠮᠠ ᠶᠢᠨ ᠠᠶᠤᠯ  ᠦᠭᠡᠢ ᠪᠠᠶᠢᠳᠠᠯ ᠢ ᠬᠠᠩᠭᠠᠬᠤ᠂ ᠨᠡᠶᠢᠭᠡᠮ ᠤᠨ ᠬᠡᠪ ᠵᠢᠷᠤᠮ ᠢ ᠬᠠᠮᠠᠭᠠᠯᠠᠬᠤ ᠶᠢᠨ ᠲᠤᠯᠠᠳᠠ ᠬᠠᠤᠯᠢ ᠪᠠᠷ ᠵᠣᠬᠢᠬᠤ ᠬᠢᠵᠠᠭᠠᠷᠯᠠᠯ ᠲᠣᠭᠲᠠᠭᠠᠵᠤ ᠪᠣᠯᠤᠨ᠎ᠠ᠃

ᠬᠡᠪᠯᠡᠬᠦ ᠠᠷᠪᠠᠨ ᠶᠢᠰᠦᠳᠦᠭᠡᠷ ᠵᠦᠢᠯ᠃ 1᠃ ᠲᠥᠷᠦ ᠡᠴᠡ ᠬᠦᠮᠦᠨ ᠦ ᠡᠷᠬᠡ᠂ ᠡᠷᠬᠡ ᠴᠢᠯᠦᠭᠡ ᠶᠢ ᠬᠠᠩᠭᠠᠬᠤᠶᠢᠴᠠ ᠡᠳ᠋ ᠍ ᠦᠨ ᠵᠠᠰᠠᠭ᠂ ᠨᠡᠶᠢᠭᠡᠮ᠂ ᠬᠠᠤᠯᠢ ᠵᠦᠢ ᠶᠢᠨ ᠪᠣᠯᠤᠨ ᠪᠤᠰᠤᠳ ᠪᠠᠲᠤᠯᠠᠭ᠎ᠠ ᠶᠢ ᠪᠦᠷᠢᠳᠦᠭᠦᠯᠬᠦ᠂ ᠬᠦᠮᠦᠨ ᠦ ᠡᠷᠬᠡ᠂ ᠡᠷᠬᠡ ᠴᠢᠯᠦᠭᠡ ᠶᠢ ᠵᠥᠷᠢᠴᠡᠬᠦ ᠲᠡᠢ ᠲᠡᠮᠡᠴᠡᠬᠦ᠂ ᠬᠥᠨᠳᠡᠭᠳᠡᠭᠰᠡᠨ ᠡᠷᠬᠡ ᠶᠢ ᠰᠡᠷᠭᠦᠭᠡᠨ ᠡᠳ᠋ᠯᠡᠭᠦᠯᠬᠦ ᠡᠭᠦᠷᠭᠡ ᠶᠢ ᠢᠷᠭᠡᠨ ᠦ ᠪᠡᠨ ᠡᠮᠦᠨ᠎ᠡ ᠬᠠᠷᠢᠭᠤᠴᠠᠨ᠎ᠠ᠃

2᠃ ᠣᠨᠴᠠ ᠪᠣᠯᠤᠨ ᠳᠠᠶᠢᠨ ᠤ ᠪᠠᠶᠢᠳᠠᠯ ᠵᠠᠷᠯᠠᠭᠰᠠᠨ ᠲᠣᠬᠢᠶᠠᠯᠳᠤᠯ ᠳᠤ ᠦᠨᠳᠦᠰᠦᠨ ᠬᠠᠤᠯᠢ᠂ ᠪᠤᠰᠤᠳ ᠬᠠᠤᠯᠢ ᠳᠤ ᠵᠢᠭᠠᠭᠰᠠᠨ ᠬᠦᠮᠦᠨ ᠦ ᠡᠷᠬᠡ᠂ ᠡᠷᠬᠡ ᠴᠢᠯᠦᠭᠡ ᠶᠢ ᠭᠠᠭᠴᠠᠬᠦ ᠬᠠᠤᠯᠢ ᠪᠠᠷ ᠬᠢᠵᠠᠭᠠᠷᠯᠠᠵᠤ ᠪᠣᠯᠤᠨ᠎ᠠ᠃ ᠲᠥᠶᠢᠨᠬᠦᠦ ᠬᠢᠵᠠᠭᠠᠷᠯᠠᠭᠰᠠᠨ ᠬᠠᠤᠯᠢ ᠨᠢ ᠬᠦᠮᠦᠨ ᠦ ᠠᠮᠢᠳᠤ ᠶᠠᠪᠤᠬᠤ ᠡᠷᠬᠡ᠂ ᠢᠲᠡᠭᠡᠯ ᠦᠨᠡᠮᠰᠢᠯᠲᠡᠢ ᠪᠠᠶᠢᠬᠤ᠂ ᠱᠠᠰᠢᠨ ᠰᠢᠲᠦᠬᠦ᠂ ᠡᠰᠡ ᠰᠢᠲᠦᠬᠦ ᠡᠷᠬᠡ ᠴᠢᠯᠦᠭᠡ᠂ ᠲᠡᠭᠦᠨᠴᠢᠯᠡᠨ ᠬᠡᠨ ᠳᠦ ᠪᠣᠯᠪᠠᠴᠤ ᠡᠷᠡᠭᠦᠦ ᠰᠢᠭᠦᠯᠲᠡ ᠲᠤᠯᠭᠠᠬᠤ᠂ ᠬᠦᠮᠦᠯᠢᠭ ᠪᠤᠰᠤ᠂ ᠬᠡᠷᠴᠡᠭᠡᠢ ᠬᠠᠨᠳᠤᠬᠤ ᠶᠢ ᠬᠣᠷᠢᠭᠯᠠᠭᠰᠠᠨ ᠬᠠᠤᠯᠢ ᠶᠢᠨ ᠵᠢᠭᠠᠯᠲᠠ ᠶᠢ ᠦᠯᠦ ᠬᠥᠨᠳᠡᠨ᠎ᠡ᠃

3᠃ ᠬᠦᠮᠦᠨ ᠡᠷᠬᠡ᠂ ᠡᠷᠬᠡ ᠴᠢᠯᠦᠭᠡ ᠪᠡᠨ ᠡᠳ᠋ᠯᠡᠬᠦ ᠳᠦ ᠪᠡᠨ ᠦᠨᠳᠦᠰᠦᠨ ᠦ ᠠᠶᠤᠯ  ᠦᠭᠡᠢ ᠪᠠᠶᠢᠳᠠᠯ᠂ ᠪᠤᠰᠤᠳ ᠬᠦᠮᠦᠨ ᠦ ᠡᠷᠬᠡ᠂ ᠡᠷᠬᠡ ᠴᠢᠯᠦᠭᠡ ᠶᠢ ᠬᠣᠬᠢᠷᠠᠭᠠᠵᠤ᠂ ᠨᠡᠶᠢᠭᠡᠮ ᠦᠨ ᠬᠡᠪ ᠵᠢᠷᠤᠮ ᠢ ᠭᠠᠵᠢᠭᠤᠳᠠᠭᠤᠯᠵᠤ ᠪᠣᠯᠬᠤ  ᠦᠭᠡᠢ ᠃ ГУРАВДУГААР БҮЛЭГ МОНГОЛ УЛСЫН ТӨРИЙН БАЙГУУЛАЛ

НЭГ. Монгол Улсын Их Хурал

ᠬᠣᠷᠢᠳᠤᠭᠠᠷ ᠵᠦᠢᠯ᠃ ᠮᠣᠩᠭᠣᠯ ᠤᠯᠤᠰ ᠤᠨ ᠶᠡᠬᠡ ᠬᠤᠷᠠᠯ ᠪᠣᠯ ᠲᠥᠷᠥ ᠶᠢᠨ ᠡᠷᠬᠡ ᠪᠠᠷᠢᠬᠤ ᠳᠡᠭᠡᠳᠦ ᠪᠠᠶᠢᠭᠤᠯᠤᠯᠭ᠎ᠠ ᠮᠥᠨ ᠪᠥᠭᠡᠳ ᠬᠠᠤᠯᠢ ᠲᠣᠭᠲᠠᠭᠠᠬᠤ ᠡᠷᠬᠡ ᠮᠡᠳᠡᠯ ᠢ ᠭᠠᠭᠴᠠᠬᠦ ᠤᠯᠤᠰ ᠤᠨ ᠶᠡᠬᠡ ᠬᠤᠷᠠᠯ ᠳᠤ ᠬᠠᠳᠠᠭᠠᠯᠠᠨ᠎ᠠ᠃ ᠬᠡᠪᠯᠡᠬᠦ ᠬᠣᠷᠢᠨ ᠨᠢᠭᠡᠳᠦᠭᠡᠷ ᠵᠦᠢᠯ᠃ 1᠃ ᠤᠯᠤᠰ ᠤᠨ ᠶᠡᠬᠡ ᠬᠤᠷᠠᠯ ᠨᠢᠭᠡ ᠲᠠᠩᠬᠢᠮ ᠲᠠᠢ᠂ ᠳᠠᠯᠠᠨ ᠵᠢᠷᠭᠤᠭᠠᠨ ᠭᠡᠰᠢᠭᠦᠨ ᠲᠡᠢ ᠪᠠᠶᠢᠨ᠎ᠠ᠃

2᠃ ᠤᠯᠤᠰ ᠤᠨ ᠶᠡᠬᠡ ᠬᠤᠷᠠᠯ ᠤᠨ ᠭᠡᠰᠢᠭᠦᠨ ᠢ ᠮᠣᠩᠭᠣᠯ ᠤᠯᠤᠰ ᠤᠨ ᠰᠣᠩᠭᠣᠭᠤᠯᠢ ᠶᠢᠨ ᠡᠷᠬᠡ ᠪᠦᠬᠦᠢ ᠢᠷᠭᠡᠳ ᠨᠡᠶᠢᠲᠡ ᠪᠡᠷ ᠢᠶᠡᠨ᠂ ᠴᠢᠯᠦᠭᠡᠲᠡᠢ᠂ ᠰᠢᠭᠤᠳ ᠰᠤᠩᠭᠤᠬᠤ ᠡᠷᠬᠡ ᠶᠢᠨ ᠦᠨᠳᠦᠰᠦᠨ ᠳᠡᠭᠡᠷ᠎ᠡ ᠰᠠᠨᠠᠯ ᠢᠶᠠᠨ ᠨᠢᠭᠤᠴᠠ ᠪᠠᠷ ᠭᠠᠷᠭᠠᠵᠤ᠂ ᠳᠥᠷᠪᠡᠨ ᠵᠢᠯ ᠦᠨ ᠬᠤᠭᠤᠴᠠᠭ᠎ᠠ ᠪᠠᠷ ᠰᠣᠩᠭᠣᠨ᠎ᠠ᠃

3᠃ ᠤᠯᠤᠰ ᠤᠨ ᠶᠡᠬᠡ ᠬᠤᠷᠠᠯ ᠤᠨ ᠭᠡᠰᠢᠭᠦᠨ ᠢᠶᠡᠷ ᠮᠣᠩᠭᠣᠯ ᠤᠯᠤᠰ ᠤᠨ ᠬᠣᠷᠢᠨ ᠲᠠᠪᠤᠨ ᠨᠠᠰᠤ ᠬᠦᠷᠦᠭᠰᠡᠨ᠂ ᠰᠣᠩᠭᠣᠭᠤᠯᠢ ᠶᠢᠨ ᠡᠷᠬᠡ ᠪᠦᠬᠦᠢ ᠢᠷᠭᠡᠨ ᠢ ᠰᠣᠩᠭᠣᠨ᠎ᠠ᠃

4᠃ ᠤᠯᠤᠰ ᠤᠨ ᠶᠡᠬᠡ ᠬᠤᠷᠠᠯ ᠤᠨ ᠰᠣᠩᠭᠣᠭᠤᠯᠢ ᠶᠢᠨ ᠵᠢᠷᠤᠮ ᠢ ᠬᠠᠤᠯᠢ ᠪᠠᠷ ᠲᠣᠭᠲᠠᠭᠠᠨ᠎ᠠ᠃ ᠬᠣᠷᠢᠨ ᠬᠣᠶᠠᠳᠤᠭᠠᠷ ᠵᠦᠢᠯ᠃ 1᠃ ᠤᠯᠤᠰ ᠤᠨ ᠨᠡᠶᠢᠲᠡ ᠨᠤᠲᠤᠭ ᠳᠡᠪᠢᠰᠬᠡᠷ ᠪᠤᠶᠤ ᠵᠠᠷᠢᠮ ᠬᠡᠰᠡᠭ ᠢ ᠨᠢ ᠬᠠᠮᠤᠷᠤᠭᠰᠠᠨ ᠭᠡᠨᠡᠳᠲᠡ ᠶᠢᠨ ᠠᠶᠤᠯ ᠲᠣᠬᠢᠶᠠᠯᠳᠤᠭᠰᠠᠨ᠂ ᠳᠠᠶᠢᠨ ᠤ ᠪᠠ ᠨᠡᠶᠢᠲᠡ ᠶᠢᠨ ᠡᠮᠬᠢ ᠵᠠᠮᠪᠠᠷᠠᠭ᠎ᠠ  ᠦᠭᠡᠢ ᠪᠠᠶᠢᠳᠠᠯ ᠡᠭᠦᠰᠦᠭᠰᠡᠨ ᠵᠡᠷᠭᠡ ᠣᠨᠴᠠᠭᠠᠢ ᠨᠥᠬᠥᠴᠡᠯ ᠦᠨ ᠤᠯᠠᠮ ᠠᠴᠠ ᠡᠭᠡᠯᠵᠢᠲᠦ ᠰᠣᠩᠭᠣᠭᠤᠯᠢ ᠶᠠᠪᠤᠭᠤᠯᠬᠤ ᠪᠣᠯᠤᠮᠵᠢ  ᠦᠭᠡᠢ ᠪᠣᠯ ᠮᠥᠩᠬᠦᠦ ᠨᠥᠬᠥᠴᠡᠯ ᠠᠷᠢᠯᠵᠤ᠂ ᠰᠢᠨ᠎ᠡ ᠰᠣᠩᠭᠣᠭᠳᠠᠭᠰᠠᠨ ᠭᠡᠰᠢᠭᠦᠳ ᠢᠶᠡᠨ ᠲᠠᠩᠭᠠᠷᠢᠭ ᠡᠷᠭᠦᠲᠡᠯ᠎ᠡ ᠤᠯᠤᠰ ᠤᠨ ᠶᠡᠬᠡ ᠬᠤᠷᠠᠯ ᠪᠦᠷᠢᠨ ᠡᠷᠬᠡ ᠪᠡᠨ ᠬᠡᠷᠡᠭᠵᠢᠭᠦᠯᠦᠨ᠎ᠡ᠃

2᠃ ᠤᠯᠤᠰ ᠤᠨ ᠶᠡᠬᠡ ᠬᠤᠷᠠᠯ ᠪᠦᠷᠢᠨ ᠡᠷᠬᠡ ᠪᠡᠨ ᠬᠡᠷᠡᠭᠵᠢᠭᠦᠯᠬᠦ ᠪᠣᠯᠤᠮᠵᠢ  ᠦᠭᠡᠢ ᠭᠡᠵᠦ ᠨᠡᠶᠢᠲᠡ ᠭᠡᠰᠢᠭᠦᠨ ᠦ ᠭᠤᠷᠪᠠᠨ ᠤ ᠬᠣᠶᠠᠷ ᠠᠴᠠ ᠳᠣᠭᠣᠭᠰᠢ ᠦᠭᠡᠢ ᠨᠢ ᠦᠵᠡᠭᠰᠡᠨ ᠢᠶᠡᠷ ᠪᠤᠶᠤ ᠡᠰᠡᠬᠦᠯ᠎ᠡ ᠮᠥᠩᠬᠦᠦ ᠰᠢᠯᠲᠠᠭᠠᠨ ᠢᠶᠠᠷ ᠶᠡᠷᠦᠩᠬᠡᠶᠢᠯᠡᠭᠴᠢ ᠤᠯᠤᠰ ᠤᠨ ᠶᠡᠬᠡ ᠬᠤᠷᠠᠯ ᠤᠨ ᠳᠠᠷᠤᠭ᠎ᠠ ᠲᠠᠢ ᠵᠥᠪᠰᠢᠯᠴᠡᠨ ᠰᠠᠨᠠᠯ ᠪᠣᠯᠭᠠᠭᠰᠠᠨ ᠢᠶᠠᠷ ᠥᠪᠡᠷ ᠢᠶᠡᠨ ᠲᠠᠷᠠᠬᠤ ᠰᠢᠢᠳᠪᠦᠷᠢ ᠭᠠᠷᠭᠠᠵᠤ ᠪᠣᠯᠤᠨ᠎ᠠ᠃ ᠡᠶᠢᠨᠬᠦᠦ ᠲᠠᠷᠠᠬᠤ ᠰᠢᠢᠳᠪᠦᠷᠢ ᠭᠠᠷᠭᠠᠭᠰᠠᠨ ᠪᠣᠯ ᠰᠢᠨ᠎ᠡ ᠰᠣᠩᠭᠣᠭᠳᠠᠭᠰᠠᠨ ᠭᠡᠰᠢᠭᠦᠳ ᠢᠶᠡᠨ ᠲᠠᠩᠭᠠᠷᠢᠭ ᠡᠷᠭᠦᠲᠡᠯ᠎ᠡ ᠤᠯᠤᠰ ᠤᠨ ᠶᠡᠬᠡ ᠬᠤᠷᠠᠯ ᠪᠦᠷᠢᠨ ᠡᠷᠬᠡ ᠪᠡᠨ ᠡᠳ᠋ᠯᠡᠨ᠎ᠡ᠃

ᠦᠨᠳᠦᠰᠦᠨ ᠬᠠᠤᠯᠢ ᠳᠤ ᠥᠭᠡᠷ᠎ᠡ ᠪᠡᠷ ᠵᠢᠭᠠᠭ᠎ᠠ ᠦᠭᠡᠢ ᠪᠣᠯ ᠮᠣᠩᠭᠣᠯ ᠤᠯᠤᠰ ᠤᠨ ᠶᠡᠷᠦᠩᠬᠡᠢ ᠰᠠᠶᠢᠳ ᠢ ᠲᠤᠮᠢᠯᠠᠬᠤ ᠰᠠᠨᠠᠯ ᠢ ᠤᠯᠤᠰ ᠤᠨ ᠶᠡᠬᠡ ᠬᠤᠷᠠᠯ ᠳᠤ ᠡᠷᠭᠦᠨ ᠮᠡᠳᠡᠭᠦᠯᠦᠭᠰᠡᠨ ᠡᠴᠡ ᠬᠣᠶᠢᠰᠢ ᠳᠥᠴᠢᠨ ᠲᠠᠪᠤ ᠬᠣᠨᠣᠭ ᠤᠨ ᠳᠣᠲᠣᠷ᠎ᠠ ᠤᠯᠤᠰ ᠤᠨ ᠶᠡᠬᠡ ᠬᠤᠷᠠᠯ ᠬᠡᠯᠡᠯᠴᠡᠨ ᠰᠢᠢᠳᠪᠦᠷᠢᠯᠡᠵᠦ ᠴᠢᠳᠠᠭ᠎ᠠ ᠦᠭᠡᠢ ᠪᠣᠯ ᠥᠪᠡᠷ ᠢᠶᠡᠨ ᠲᠠᠷᠠᠬᠤ ᠪᠤᠶᠤ ᠡᠰᠡᠬᠦᠯ᠎ᠡ ᠮᠣᠩᠭᠣᠯ ᠤᠯᠤᠰ ᠤᠨ ᠶᠡᠷᠦᠩᠬᠡᠶᠢᠯᠡᠭᠴᠢ ᠤᠯᠤᠰ ᠤᠨ ᠶᠡᠬᠡ ᠬᠤᠷᠠᠯ ᠢ ᠲᠠᠷᠠᠭᠠᠬᠤ ᠲᠤᠬᠠᠢ ᠰᠢᠢᠳᠪᠦᠷᠢ ᠭᠠᠷᠭᠠᠨ᠎ᠠ᠃

/ᠡᠨᠡ ᠬᠡᠰᠡᠭ ᠢ 1999 ᠣᠨ ᠤ 12 ᠳ᠋ᠤᠭᠠᠷ ᠰᠠᠷ᠎ᠠ ᠶᠢᠨ 24 ᠍ ᠦ ᠡᠳᠦᠷ ᠪᠠᠲᠤᠯᠠᠭᠳᠠᠭᠰᠠᠨ ᠮᠣᠩᠭᠣᠯ ᠤᠯᠤᠰ ᠤᠨ ᠦᠨᠳᠦᠰᠦᠨ ᠬᠠᠤᠯᠢ ᠳᠤ ᠣᠷᠣᠭᠤᠯᠤᠭᠰᠠᠨ ᠨᠡᠮᠡᠯᠲᠡ᠂ ᠥᠭᠡᠷᠡᠴᠢᠯᠡᠯᠲᠡ ᠪᠡᠷ ᠨᠡᠮᠡᠭᠰᠡᠨ ᠪᠥᠭᠡᠳ ᠦᠨᠳᠦᠰᠦᠨ ᠬᠠᠤᠯᠢ ᠶᠢᠨ ᠴᠡᠴᠡ ᠶᠢᠨ 2000 ᠣᠨ ᠤ 02 ᠳ᠋ᠤᠭᠠᠷ ᠲᠣᠭᠲᠠᠭᠠᠯ ᠢᠶᠠᠷ ᠬᠦᠴᠦᠨ ᠭᠦᠢ ᠪᠣᠯᠤᠭᠰᠠᠨ᠃ ᠮᠥᠨ 2000 ᠣᠨ ᠤ 12 ᠳ᠋ᠤᠭᠠᠷ ᠰᠠᠷ᠎ᠠ ᠶᠢᠨ 14 ᠍ ᠦ ᠡᠳᠦᠷ ᠪᠠᠲᠤᠯᠠᠭᠳᠠᠭᠰᠠᠨ ᠮᠣᠩᠭᠣᠯ ᠤᠯᠤᠰ ᠤᠨ ᠦᠨᠳᠦᠰᠦᠨ ᠬᠠᠤᠯᠢ ᠳᠤ ᠣᠷᠣᠭᠤᠯᠤᠭᠰᠠᠨ ᠨᠡᠮᠡᠯᠲᠡ᠂ ᠥᠭᠡᠷᠡᠴᠢᠯᠡᠯᠲᠡ ᠪᠡᠷ ᠨᠡᠮᠡᠭᠰᠡᠨ/ ᠬᠣᠷᠢᠨ ᠭᠤᠷᠪᠠᠳᠤᠭᠠᠷ ᠵᠦᠢᠯ᠃ 1᠃ ᠤᠯᠤᠰ ᠤᠨ ᠶᠡᠬᠡ ᠬᠤᠷᠠᠯ ᠤᠨ ᠭᠡᠰᠢᠭᠦᠨ ᠪᠣᠯ ᠠᠷᠠᠳ ᠲᠦᠮᠡᠨ ᠦ ᠡᠯᠴᠢ ᠮᠥᠨ ᠪᠥᠭᠡᠳ ᠨᠡᠶᠢᠲᠡ ᠢᠷᠭᠡᠨ᠂ ᠤᠯᠤᠰ ᠤᠨ ᠠᠰᠢᠭ ᠰᠣᠨᠢᠷᠬᠠᠯ ᠢ ᠡᠷᠬᠢᠮᠯᠡᠨ ᠪᠠᠷᠢᠮᠲᠠᠯᠠᠨ᠎ᠠ᠃

2᠃ ᠤᠯᠤᠰ ᠤᠨ ᠶᠡᠬᠡ ᠬᠤᠷᠠᠯ ᠤᠨ ᠭᠡᠰᠢᠭᠦᠨ ᠦ ᠪᠥᠷᠢᠨ ᠡᠷᠬᠡ ᠨᠢ ᠲᠥᠷᠦ ᠶᠢᠨ ᠰᠦᠯᠳᠡᠨ ᠳᠦ ᠪᠡᠨ ᠲᠠᠩᠭᠠᠷᠢᠭ ᠡᠷᠭᠦᠭᠰᠡᠨ ᠢᠶᠡᠷ ᠡᠬᠢᠯᠡᠵᠦ᠂ ᠤᠯᠤᠰ ᠤᠨ ᠶᠡᠬᠡ ᠬᠤᠷᠠᠯ ᠤᠨ ᠳᠠᠷᠤᠭ᠎ᠠ ᠶᠢᠨ ᠰᠣᠩᠭᠣᠭᠤᠯᠢ ᠪᠠᠷ ᠰᠢᠨ᠎ᠡ ᠰᠣᠩᠭᠣᠭᠳᠠᠭᠰᠠᠨ ᠭᠡᠰᠢᠭᠦᠳ ᠲᠠᠩᠭᠠᠷᠢᠭ ᠡᠷᠭᠦᠭᠰᠡᠨ ᠢᠶᠡᠷ ᠳᠠᠭᠤᠰᠬᠠᠪᠤᠷᠢ ᠪᠣᠯᠤᠨ᠎ᠠ᠃

ᠬᠡᠪᠯᠡᠬᠦ ᠬᠣᠷᠢᠨ ᠳᠥᠷᠪᠡᠳᠦᠭᠡᠷ ᠵᠦᠢᠯ᠃ 1᠃ ᠤᠯᠤᠰ ᠤᠨ ᠶᠡᠬᠡ ᠬᠤᠷᠠᠯ ᠤᠨ ᠳᠠᠷᠤᠭ᠎ᠠ᠂ ᠳᠡᠳ᠋ ᠳᠠᠷᠤᠭ᠎ᠠ ᠶᠢ ᠤᠯᠤᠰ ᠤᠨ ᠶᠡᠬᠡ ᠬᠤᠷᠠᠯ ᠤᠨ ᠭᠡᠰᠢᠭᠦᠳ ᠦᠨ ᠳᠣᠲᠣᠷ᠎ᠠ ᠠᠴᠠ ᠨᠡᠷ᠎ᠡ ᠳᠡᠪᠰᠢᠭᠦᠯᠦᠨ ᠰᠠᠨᠠᠯ᠎ᠠ ᠢᠯᠡ ᠪᠡᠷ ᠭᠠᠷᠭᠠᠵᠤ ᠰᠣᠩᠭᠣᠨ᠎ᠠ᠃ ᠤᠯᠤᠰ ᠤᠨ ᠶᠡᠬᠡ ᠬᠤᠷᠠᠯ ᠤᠨ ᠲᠤᠬᠠᠢ ᠶᠢᠨ ᠰᠣᠩᠭᠣᠭᠤᠯᠢ ᠶᠢᠨ ᠳᠦᠩ ᠳᠦ ᠪᠤᠢ ᠪᠣᠯᠤᠭᠰᠠᠨ ᠨᠠᠮ᠂ ᠡᠪᠰᠡᠯ ᠦᠨ ᠪᠦᠯᠦᠭ ᠲᠤᠰ ᠪᠦᠷᠢ ᠡᠴᠡ ᠤᠯᠤᠰ ᠤᠨ ᠶᠡᠬᠡ ᠬᠤᠷᠠᠯ ᠤᠨ ᠳᠡᠳ᠋ ᠳᠠᠷᠤᠭ᠎ᠠ ᠶᠢ ᠰᠣᠩᠭᠣᠨ᠎ᠠ᠃

/ᠡᠨᠡ ᠬᠡᠰᠡᠭ ᠢ 1999 ᠣᠨ ᠤ 12 ᠳ᠋ᠤᠭᠠᠷ ᠰᠠᠷ᠎ᠠ ᠶᠢᠨ 24 ᠍ ᠦ ᠡᠳᠦᠷ ᠪᠠᠲᠤᠯᠠᠭᠳᠠᠭᠰᠠᠨ ᠮᠣᠩᠭᠣᠯ ᠤᠯᠤᠰ ᠤᠨ ᠦᠨᠳᠦᠰᠦᠨ ᠬᠠᠤᠯᠢ ᠳᠤ ᠣᠷᠣᠭᠤᠯᠤᠭᠰᠠᠨ ᠨᠡᠮᠡᠯᠲᠡ᠂ ᠥᠭᠡᠷᠡᠴᠢᠯᠡᠯᠲᠡ ᠪᠡᠷ ᠥᠭᠡᠷᠡᠴᠢᠯᠡᠨ ᠨᠠᠶᠢᠷᠠᠭᠤᠯᠤᠭᠰᠠᠨ ᠪᠥᠭᠡᠳ ᠦᠨᠳᠦᠰᠦᠨ ᠬᠠᠤᠯᠢ ᠶᠢᠨ ᠴᠡᠴᠡ ᠶᠢᠨ 2000 ᠣᠨ ᠤ 02 ᠳ᠋ᠤᠭᠠᠷ ᠲᠣᠭᠲᠠᠭᠠᠯ ᠢᠶᠠᠷ ᠬᠦᠴᠦᠨ ᠭᠦᠢ ᠪᠣᠯᠤᠭᠰᠠᠨ᠃ ᠮᠥᠨ 2000 ᠣᠨ ᠤ 12 ᠳ᠋ᠤᠭᠠᠷ ᠰᠠᠷ᠎ᠠ ᠶᠢᠨ 14 ᠍ ᠦ ᠡᠳᠦᠷ ᠪᠠᠲᠤᠯᠠᠭᠳᠠᠭᠰᠠᠨ ᠮᠣᠩᠭᠣᠯ ᠤᠯᠤᠰ ᠤᠨ ᠦᠨᠳᠦᠰᠦᠨ ᠬᠠᠤᠯᠢ ᠳᠤ ᠣᠷᠣᠭᠤᠯᠤᠭᠰᠠᠨ ᠨᠡᠮᠡᠯᠲᠡ᠂ ᠥᠭᠡᠷᠡᠴᠢᠯᠡᠯᠲᠡ ᠪᠡᠷ ᠥᠭᠡᠷᠡᠴᠢᠯᠡᠨ ᠨᠠᠶᠢᠷᠠᠭᠤᠯᠤᠭᠰᠠᠨ/ 2᠃ ᠤᠯᠤᠰ ᠤᠨ ᠶᠡᠬᠡ ᠬᠤᠷᠠᠯ ᠤᠨ ᠳᠠᠷᠤᠭ᠎ᠠ᠂ ᠳᠡᠳ᠋ ᠳᠠᠷᠤᠭ᠎ᠠ ᠶᠢᠨ ᠪᠥᠷᠢᠨ ᠡᠷᠬᠡ ᠶᠢᠨ ᠬᠤᠭᠤᠴᠠᠭ᠎ᠠ ᠳᠥᠷᠪᠡᠨ ᠵᠢᠯ ᠪᠠᠶᠢᠬᠤ ᠪᠥᠭᠡᠳ ᠬᠠᠤᠯᠢ ᠳᠤ ᠵᠢᠭᠠᠭᠰᠠᠨ ᠦᠨᠳᠦᠰᠦᠯᠡᠯ ᠢᠶᠡᠷ ᠬᠤᠭᠤᠴᠠᠭᠠᠨ ᠠᠴᠠ ᠨᠢ ᠡᠮᠦᠨ᠎ᠡ ᠴᠢᠯᠦᠭᠡᠯᠡᠵᠦ᠂ ᠣᠭᠴᠣᠷᠠᠭᠤᠯᠵᠤ ᠪᠣᠯᠤᠨ᠎ᠠ᠃ ᠬᠣᠷᠢᠨ ᠲᠠᠪᠤᠳᠤᠭᠠᠷ ᠵᠦᠢᠯ᠃ 1᠃ ᠤᠯᠤᠰ ᠤᠨ ᠶᠡᠬᠡ ᠬᠤᠷᠠᠯ ᠲᠥᠷᠥ ᠶᠢᠨ ᠳᠣᠲᠣᠭᠠᠳᠤ᠂ ᠭᠠᠳᠠᠭᠠᠳᠤ ᠪᠣᠳᠣᠯᠭ᠎ᠠ ᠶᠢᠨ ᠠᠯᠢ ᠴᠤ ᠠᠰᠠᠭᠤᠳᠠᠯ ᠢ ᠰᠠᠨᠠᠭᠠᠴᠢᠯᠠᠨ ᠬᠡᠯᠡᠯᠴᠡᠵᠦ ᠪᠣᠯᠬᠤ ᠪᠥᠭᠡᠳ ᠳᠠᠷᠠᠭᠠᠬᠢ ᠠᠰᠠᠭᠤᠳᠠᠯ ᠢ ᠥᠪᠡᠷ ᠦᠨ ᠣᠨᠴᠠᠭᠠᠢ ᠪᠦᠷᠢᠨ ᠡᠷᠬᠡ ᠳᠦ ᠬᠠᠳᠠᠭᠠᠯᠠᠵᠤ ᠰᠢᠢᠳᠪᠦᠷᠢᠯᠡᠨ᠎ᠡ᠄

1/ ᠬᠠᠤᠯᠢ ᠪᠠᠲᠤᠯᠠᠬᠤ᠂ ᠨᠡᠮᠡᠯᠲᠡ᠂ ᠥᠭᠡᠷᠡᠴᠢᠯᠡᠯᠲᠡ ᠤᠷᠤᠭᠤᠯᠬᠤ;

2/ ᠲᠥᠷᠥ ᠶᠢᠨ ᠳᠣᠲᠣᠭᠠᠳᠤ᠂ ᠭᠠᠳᠠᠭᠠᠳᠤ ᠪᠣᠳᠣᠯᠭ᠎ᠠ ᠶᠢᠨ ᠦᠨᠳᠦᠰᠦ ᠶᠢ ᠲᠣᠳᠣᠷᠬᠠᠶᠢᠯᠠᠬᠤ;

3/ ᠶᠡᠷᠦᠩᠬᠡᠶᠢᠯᠡᠭᠴᠢ ᠶᠢᠨ ᠪᠠ ᠤᠯᠤᠰ ᠤᠨ ᠶᠡᠬᠡ ᠬᠤᠷᠠᠯ᠂ ᠲᠡᠭᠦᠨ ᠦ ᠭᠡᠰᠢᠭᠦᠨ ᠦ ᠰᠣᠩᠭᠣᠭᠤᠯᠢ ᠶᠢ ᠲᠣᠪᠯᠠᠨ ᠵᠠᠷᠯᠠᠬᠤ;

4/ ᠤᠯᠤᠰ ᠤᠨ ᠶᠡᠬᠡ ᠬᠤᠷᠠᠯ ᠤᠨ ᠪᠠᠶᠢᠩᠭᠤ ᠶᠢᠨ ᠬᠣᠷᠢᠶ᠎ᠠ᠂ ᠵᠠᠰᠠᠭ ᠤᠨ ᠭᠠᠵᠠᠷ᠂ ᠬᠠᠤᠯᠢ ᠳᠤ ᠵᠢᠭᠠᠭᠰᠠᠨ ᠢᠶᠠᠷ ᠤᠯᠤᠰ ᠤᠨ ᠶᠡᠬᠡ ᠬᠤᠷᠠᠯ ᠳᠤ ᠠᠵᠢᠯ ᠢᠶᠠᠨ ᠰᠢᠭᠤᠳ ᠬᠠᠷᠢᠭᠤᠴᠠᠨ ᠲᠠᠶᠢᠯᠤᠩᠨᠠᠳᠠᠭ ᠪᠤᠰᠤᠳ ᠪᠠᠶᠢᠭᠤᠯᠤᠯᠭ᠎ᠠ ᠶᠢᠨ ᠪᠦᠲᠦᠴᠡ᠂ ᠪᠦᠷᠢᠯᠳᠦᠬᠦᠨ ᠢ ᠲᠣᠭᠲᠠᠭᠠᠬᠤ᠂ ᠥᠭᠡᠷᠡᠴᠢᠯᠡᠬᠦ;

5/ ᠶᠡᠷᠦᠩᠬᠡᠶᠢᠯᠡᠭᠴᠢ ᠶᠢ ᠰᠣᠩᠭᠣᠭᠳᠠᠭᠰᠠᠨ ᠭᠡᠵᠦ ᠦᠵᠡᠵᠦ ᠪᠦᠷᠢᠨ ᠡᠷᠬᠡ ᠶᠢ ᠨᠢ ᠬᠦᠯᠢᠶᠡᠨ ᠵᠥᠪᠰᠢᠶᠡᠷᠡᠭᠰᠡᠨ ᠬᠠᠤᠯᠢ ᠭᠠᠷᠭᠠᠬᠤ᠂ ᠴᠢᠯᠦᠭᠡᠯᠡᠬᠦ᠂ ᠣᠭᠴᠣᠷᠠᠭᠤᠯᠬᠤ;

6/ ᠶᠡᠷᠦᠩᠬᠡᠢ ᠰᠠᠶᠢᠳ᠂ ᠵᠠᠰᠠᠭ ᠤᠨ ᠭᠠᠵᠠᠷ ᠤᠨ ᠭᠡᠰᠢᠭᠦᠳ᠂ ᠬᠠᠤᠯᠢ ᠳᠤ ᠵᠢᠭᠠᠭᠰᠠᠨ ᠢᠶᠠᠷ ᠤᠯᠤᠰ ᠤᠨ ᠶᠡᠬᠡ ᠬᠤᠷᠠᠯ ᠳᠤ ᠠᠵᠢᠯ ᠢᠶᠠᠨ ᠰᠢᠭᠤᠳ ᠬᠠᠷᠢᠭᠤᠴᠠᠨ ᠲᠠᠶᠢᠯᠤᠩᠨᠠᠳᠠᠭ ᠪᠤᠰᠤᠳ ᠪᠠᠶᠢᠭᠤᠯᠤᠯᠭ᠎ᠠ ᠶᠢᠨ ᠪᠦᠷᠢᠯᠳᠦᠬᠦᠨ ᠢ ᠲᠤᠮᠢᠯᠠᠬᠤ᠂ ᠥᠭᠡᠷᠡᠴᠢᠯᠡᠬᠦ᠂ ᠣᠭᠴᠣᠷᠠᠭᠤᠯᠬᠤ;

7/ ᠲᠥᠷᠥ ᠶᠢᠨ ᠰᠠᠩᠬᠦᠦ᠂ ᠵᠡᠭᠡᠯᠢ᠂ ᠠᠯᠪᠠᠨ ᠲᠠᠲᠠᠪᠤᠷᠢ᠂ ᠮᠥᠩᠭᠥᠨ ᠦ ᠪᠣᠳᠣᠯᠭ᠎ᠠ᠂ ᠤᠯᠤᠰ ᠤᠨ ᠡᠳ᠋ ᠍ ᠦᠨ ᠵᠠᠰᠠᠭ᠂ ᠨᠡᠶᠢᠭᠡᠮ ᠤᠨ ᠬᠥᠭᠵᠢᠯ ᠦᠨ ᠦᠨᠳᠦᠰᠦᠨ ᠴᠢᠭᠯᠡᠯ ᠢ ᠲᠣᠳᠣᠷᠬᠠᠶᠢᠯᠠᠵᠤ᠂ ᠵᠠᠰᠠᠭ ᠤᠨ ᠭᠠᠵᠠᠷ ᠤᠨ ᠦᠢᠯᠡ ᠠᠵᠢᠯᠯᠠᠭᠠᠨ ᠤ ᠬᠥᠲᠥᠯᠪᠦᠷᠢ᠂ ᠤᠯᠤᠰ ᠤᠨ ᠲᠥᠰᠥᠪ᠂ ᠲᠡᠭᠦᠨ ᠦ ᠭᠦᠢᠴᠡᠳᠬᠡᠯ ᠦᠨ ᠲᠠᠶᠢᠯᠠᠩ ᠢ ᠪᠠᠲᠤᠯᠠᠬᠤ;

8/ ᠬᠠᠤᠯᠢ᠂ ᠤᠯᠤᠰ ᠤᠨ ᠶᠡᠬᠡ ᠬᠤᠷᠠᠯ ᠤᠨ ᠪᠤᠰᠤᠳ ᠰᠢᠢᠳᠪᠦᠷᠢ ᠶᠢᠨ ᠪᠡᠶᠡᠯᠡᠯᠲᠡ ᠶᠢ ᠬᠢᠨᠠᠨ ᠰᠢᠯᠭᠠᠬᠤ;

9/ ᠤᠯᠤᠰ ᠤᠨ ᠬᠢᠯᠢ ᠲᠣᠭᠲᠠᠭᠠᠬᠤ;

10/ ᠮᠣᠩᠭᠣᠯ ᠤᠯᠤᠰ ᠤᠨ ᠦᠨᠳᠦᠰᠦᠨ ᠦ ᠠᠶᠤᠯ  ᠦᠭᠡᠢ ᠪᠠᠶᠢᠳᠠᠯ ᠤᠨ ᠵᠥᠪᠯᠡᠯ ᠦᠨ ᠪᠦᠲᠦᠴᠡ᠂ ᠪᠦᠷᠢᠯᠳᠦᠬᠦᠨ᠂ ᠪᠦᠷᠢᠨ ᠡᠷᠬᠡ ᠶᠢ ᠲᠣᠭᠲᠠᠭᠠᠬᠤ;

11/ ᠵᠠᠰᠠᠭ ᠤᠨ ᠭᠠᠵᠠᠷ ᠤᠨ ᠡᠷᠭᠦᠨ ᠮᠡᠳᠡᠭᠦᠯᠦᠭᠰᠡᠨ ᠢᠶᠡᠷ ᠮᠣᠩᠭᠣᠯ ᠤᠯᠤᠰ ᠤᠨ ᠵᠠᠰᠠᠭ ᠵᠠᠬᠢᠷᠭ᠎ᠠ᠂ ᠨᠤᠲᠤᠭ ᠳᠡᠪᠢᠰᠬᠡᠷ ᠦᠨ ᠬᠤᠪᠢᠶᠠᠷᠢ ᠶᠢ ᠪᠠᠲᠤᠯᠠᠬᠤ᠂ ᠥᠭᠡᠷᠡᠴᠢᠯᠡᠬᠦ;

12/ ᠨᠤᠲᠤᠭ ᠤᠨ ᠥᠪᠡᠷ ᠢᠶᠡᠨ ᠤᠳᠤᠷᠢᠳᠬᠤ ᠪᠣᠯᠤᠨ ᠵᠠᠬᠢᠷᠭᠠᠨ ᠤ ᠪᠠᠶᠢᠭᠤᠯᠤᠯᠭ᠎ᠠ ᠶᠢᠨ ᠲᠣᠭᠲᠠᠯᠴᠠᠭ᠎ᠠ᠂ ᠵᠣᠬᠢᠶᠠᠨ ᠪᠠᠶᠢᠭᠤᠯᠤᠯᠲᠠ᠂ ᠦᠢᠯᠡ ᠠᠵᠢᠯᠯᠠᠭᠠᠨ ᠤ ᠡᠷᠬᠡ ᠵᠦᠢ ᠶᠢᠨ ᠦᠨᠳᠦᠰᠦ ᠶᠢ ᠲᠣᠭᠲᠠᠭᠠᠬᠤ;

13/ ᠤᠯᠤᠰ ᠤᠨ ᠴᠣᠯᠠ᠂ ᠣᠳᠣᠨ᠂ ᠮᠧᠳᠠᠯ᠂ ᠴᠡᠷᠢᠭ ᠦᠨ ᠳᠡᠭᠡᠳᠦ ᠴᠣᠯᠠ ᠪᠤᠢ ᠪᠣᠯᠭᠠᠬᠤ᠂ ᠲᠥᠷᠥ ᠶᠢᠨ ᠠᠯᠪᠠᠨ ᠤ ᠵᠠᠷᠢᠮ ᠲᠤᠰᠬᠠᠢ ᠰᠠᠯᠪᠤᠷᠢ ᠶᠢᠨ ᠠᠯᠪᠠᠨ ᠲᠤᠰᠢᠶᠠᠯ ᠤᠨ ᠵᠡᠷᠭᠡ ᠳᠡᠪ ᠢ ᠲᠣᠭᠲᠠᠭᠠᠬᠤ;

14/ ᠥᠷᠥᠰᠢᠶᠡᠯ ᠦᠵᠡᠭᠦᠯᠬᠦ ᠰᠢᠢᠳᠪᠦᠷᠢ ᠭᠠᠷᠭᠠᠬᠤ;

15/ ᠵᠠᠰᠠᠭ ᠤᠨ ᠭᠠᠵᠠᠷ ᠤᠨ ᠡᠷᠭᠦᠨ ᠮᠡᠳᠡᠭᠦᠯᠦᠭᠰᠡᠨ ᠢᠶᠡᠷ ᠮᠣᠩᠭᠣᠯ ᠤᠯᠤᠰ ᠤᠨ ᠣᠯᠠᠨ ᠤᠯᠤᠰ ᠤᠨ ᠭᠡᠷ᠎ᠡ ᠶᠢ ᠰᠣᠶᠣᠷᠬᠠᠨ ᠪᠠᠲᠤᠯᠠᠬᠤ᠂ ᠴᠤᠴᠠᠯᠬᠤ᠂ ᠭᠠᠳᠠᠭᠠᠳᠤ ᠤᠯᠤᠰ ᠲᠠᠢ ᠳ᠋ᠢᠫᠯᠣᠮᠠᠲ ᠬᠠᠷᠢᠯᠴᠠᠭ᠎ᠠ ᠲᠣᠭᠲᠠᠭᠠᠬᠤ᠂ ᠴᠤᠴᠠᠯᠬᠤ;

16/ ᠠᠷᠠᠳ ᠨᠡᠶᠢᠲᠡ ᠶᠢᠨ ᠰᠠᠨᠠᠯ ᠠᠰᠠᠭᠤᠯᠭ᠎ᠠ ᠶᠠᠪᠤᠭᠤᠯᠬᠤ᠃ ᠰᠣᠩᠭᠣᠭᠤᠯᠢ ᠶᠢᠨ ᠡᠷᠬᠡ ᠪᠦᠬᠦᠢ ᠢᠷᠭᠡᠳ ᠦᠨ ᠣᠯᠠᠩᠬᠢ ᠨᠢ ᠣᠷᠣᠯᠴᠠᠭᠰᠠᠨ ᠠᠷᠠᠳ ᠨᠡᠶᠢᠲᠡ ᠶᠢᠨ ᠰᠠᠨᠠᠯ ᠠᠰᠠᠭᠤᠯᠭ᠎ᠠ ᠶᠢ ᠬᠦᠴᠦᠨᠲᠡᠢ ᠳᠦ ᠲᠣᠭᠠᠴᠠᠵᠤ᠂ ᠣᠯᠠᠩᠬᠢ ᠶᠢᠨ ᠰᠠᠨᠠᠯ ᠠᠪᠤᠭᠰᠠᠨ ᠠᠰᠠᠭᠤᠳᠠᠯ ᠢ ᠰᠢᠢᠳᠪᠦᠷᠢᠯᠡᠭᠳᠡᠭᠰᠡᠨ ᠭᠡᠵᠦ ᠦᠵᠡᠨ᠎ᠡ; 17/ ᠲᠥᠷᠥ᠂ ᠲᠡᠭᠦᠨ ᠦ ᠪᠠᠶᠢᠭᠤᠯᠤᠯᠭ᠎ᠠ ᠠᠴᠠ ᠬᠠᠤᠯᠢ ᠶᠣᠰᠣᠭᠠᠷ ᠲᠤᠰᠬᠠᠶᠢᠯᠠᠨ ᠬᠠᠮᠠᠭᠠᠯᠠᠪᠠᠯ ᠵᠣᠬᠢᠬᠤ ᠨᠢᠭᠤᠴᠠ ᠳᠤ ᠬᠠᠮᠢᠶᠠᠷᠬᠤ  ᠦᠭᠡᠢ ᠠᠰᠠᠭᠤᠳᠠᠯ ᠢᠶᠠᠷ ᠮᠡᠳᠡᠭᠡᠯᠡᠯ ᠬᠠᠶᠢᠬᠤ᠂ ᠬᠦᠯᠢᠶᠡᠨ ᠠᠪᠬᠤ ᠡᠷᠬᠡ ᠲᠡᠢ᠃ ᠬᠦᠮᠦᠨ ᠦ ᠡᠷᠬᠡ᠂ ᠨᠡᠷ᠎ᠡ ᠲᠥᠷᠥ᠂ ᠠᠯᠳᠠᠷ ᠬᠦᠨᠳᠦ᠂ ᠤᠯᠤᠰ ᠢ ᠪᠠᠲᠤᠯᠠᠨ ᠬᠠᠮᠠᠭᠠᠯᠠᠬᠤ᠂ ᠦᠨᠳᠦᠰᠦᠨ ᠦ ᠠᠶᠤᠯ  ᠦᠭᠡᠢ ᠪᠠᠶᠢᠳᠠᠯ᠂ ᠨᠡᠶᠢᠭᠡᠮ ᠤᠨ ᠬᠡᠪ ᠵᠢᠷᠤᠮ ᠢ ᠬᠠᠩᠭᠠᠬᠤ ᠵᠣᠷᠢᠯᠭ᠎ᠠ ᠪᠠᠷ ᠵᠠᠳᠠᠷᠠᠭᠤᠯᠵᠤ ᠦᠯᠦ ᠪᠣᠯᠬᠤ ᠲᠥᠷᠥ᠂ ᠪᠠᠶᠢᠭᠤᠯᠤᠯᠭ᠎ᠠ᠂ ᠬᠤᠪᠢ ᠬᠦᠮᠦᠨ ᠦ ᠨᠢᠭᠤᠴᠠ ᠶᠢ ᠬᠠᠤᠯᠢ ᠪᠠᠷ ᠲᠣᠭᠲᠠᠭᠠᠨ ᠬᠠᠮᠠᠭᠠᠯᠠᠨ᠎ᠠ;

18/ ᠤᠯᠤᠰ ᠤᠨ ᠢᠶᠠᠨ ᠨᠤᠲᠤᠭ ᠳᠡᠪᠢᠰᠬᠡᠷ ᠲᠦ ᠴᠢᠯᠦᠭᠡᠲᠡᠢ ᠵᠣᠷᠴᠢᠬᠤ᠂ ᠲᠦᠷᠢ ᠪᠤᠶᠤ ᠪᠠᠶᠢᠩᠭᠤ ᠣᠷᠣᠰᠢᠨ ᠰᠠᠭᠤᠬᠤ ᠭᠠᠵᠠᠷ ᠢᠶᠠᠨ ᠰᠤᠩᠭᠤᠬᠤ᠂ ᠭᠠᠳᠠᠭᠠᠳᠤ ᠳᠤ ᠶᠠᠪᠤᠬᠤ᠂ ᠣᠷᠣᠰᠢᠨ ᠰᠠᠭᠤᠬᠤ᠂ ᠡᠬᠡ ᠣᠷᠣᠨ ᠳᠤ ᠪᠠᠨ ᠪᠤᠴᠠᠵᠤ ᠢᠷᠡᠬᠦ ᠡᠷᠬᠡ ᠲᠡᠢ᠃ ᠭᠠᠳᠠᠭᠠᠳᠤ ᠳᠤ ᠶᠠᠪᠤᠬᠤ᠂ ᠣᠷᠣᠰᠢᠨ ᠰᠠᠭᠤᠬᠤ ᠡᠷᠬᠡ ᠶᠢ ᠦᠨᠳᠦᠰᠦᠨ ᠦ ᠪᠣᠯᠤᠨ ᠬᠦᠮᠦᠨ ᠠᠮᠠ ᠶᠢᠨ ᠠᠶᠤᠯ  ᠦᠭᠡᠢ ᠪᠠᠶᠢᠳᠠᠯ ᠢ ᠬᠠᠩᠭᠠᠬᠤ᠂ ᠨᠡᠶᠢᠭᠡᠮ ᠦᠨ ᠬᠡᠪ ᠵᠢᠷᠤᠮ ᠢ ᠬᠠᠮᠠᠭᠠᠯᠠᠬᠤ ᠶᠢᠨ ᠲᠤᠯᠠᠳᠠ ᠵᠥᠪᠬᠡᠨ ᠬᠠᠤᠯᠢ ᠪᠠᠷ ᠬᠢᠵᠠᠭᠠᠷᠯᠠᠵᠤ ᠪᠣᠯᠤᠨ᠎ᠠ᠃

ᠬᠡᠪᠯᠡᠬᠦ ᠠᠷᠪᠠᠨ ᠳᠣᠯᠣᠳᠤᠭᠠᠷ ᠵᠦᠢᠯ᠃ 1᠃ ᠮᠣᠩᠭᠣᠯ ᠤᠯᠤᠰ ᠤᠨ ᠢᠷᠭᠡᠨ ᠰᠢᠳᠤᠷᠭᠤ᠂ ᠬᠦᠮᠦᠯᠢᠭ ᠶᠣᠰᠣ ᠶᠢ ᠡᠷᠬᠢᠮᠯᠡᠨ ᠳᠠᠷᠠᠭᠠᠬᠢ ᠦᠨᠳᠦᠰᠦᠨ ᠡᠭᠦᠷᠭᠡ ᠶᠢ ᠶᠣᠰᠣᠴᠢᠯᠠᠨ ᠪᠡᠶᠡᠯᠡᠭᠦᠯᠦᠨ᠎ᠡ᠄

1/ ᠦᠨᠳᠦᠰᠦᠨ ᠬᠠᠤᠯᠢ᠂ ᠪᠤᠰᠤᠳ ᠬᠠᠤᠯᠢ ᠶᠢ ᠳᠡᠭᠡᠳᠦᠯᠡᠨ ᠬᠦᠨᠳᠦᠳᠭᠡᠵᠦ᠂ ᠰᠠᠬᠢᠩ ᠪᠡᠶᠡᠯᠡᠭᠦᠯᠬᠦ;

2/ ᠬᠦᠮᠦᠨ ᠦ ᠨᠡᠷ᠎ᠡ ᠲᠥᠷᠥ᠂ ᠠᠯᠳᠠᠷ ᠬᠦᠨᠳᠦ᠂ ᠡᠷᠬᠡ᠂ ᠬᠠᠤᠯᠢ ᠶᠣᠰᠣᠨ ᠤ ᠠᠰᠢᠭ ᠰᠣᠨᠢᠷᠬᠠᠯ ᠢ ᠬᠦᠨᠳᠦᠳᠭᠡᠬᠦ;

3/ ᠬᠠᠤᠯᠢ ᠪᠠᠷ ᠨᠣᠭᠳᠠᠭᠤᠯᠤᠭᠰᠠᠨ ᠠᠯᠪᠠᠨ ᠲᠠᠲᠠᠪᠤᠷᠢ ᠤᠯᠭᠤᠬᠤ;

4/ ᠡᠬᠡ ᠣᠷᠣᠨ ᠢᠶᠠᠨ ᠬᠠᠮᠠᠭᠠᠯᠠᠬᠤ᠂ ᠬᠠᠤᠯᠢ ᠶᠢᠨ ᠳᠠᠭᠠᠤ ᠴᠡᠷᠢᠭ ᠦᠨ ᠠᠯᠪᠠ ᠬᠠᠭᠠᠬᠤ᠃

2᠃ ᠬᠦᠳᠡᠯᠮᠦᠷᠢᠯᠡᠬᠦ᠂ ᠡᠷᠡᠭᠦᠯ ᠮᠡᠨᠳᠦ ᠪᠡᠨ ᠬᠠᠮᠠᠭᠠᠯᠠᠬᠤ᠂ ᠦᠷ᠎ᠡ ᠬᠡᠦᠬᠡᠳ ᠢᠶᠡᠨ ᠥᠰᠬᠡᠨ ᠬᠦᠮᠦᠵᠢᠭᠦᠯᠬᠦ᠂ ᠪᠠᠶᠢᠭᠠᠯᠢ ᠣᠷᠴᠢᠨ ᠢᠶᠠᠨ ᠬᠠᠮᠠᠭᠠᠯᠠᠬᠤ ᠨᠢ ᠢᠷᠭᠡᠨ ᠪᠦᠷᠢ ᠶᠢᠨ ᠵᠢᠷᠤᠮᠲᠤ ᠡᠭᠦᠷᠭᠡ ᠮᠥᠨ᠃ ᠠᠷᠪᠠᠨ ᠨᠠᠶᠢᠮᠠᠳᠤᠭᠠᠷ ᠵᠦᠢᠯ᠃ 1᠃ ᠮᠣᠩᠭᠣᠯ ᠤᠯᠤᠰ ᠤᠨ ᠨᠤᠲᠤᠭ ᠳᠡᠪᠢᠰᠬᠡᠷ ᠲᠦ ᠪᠠᠶᠢᠭ᠎ᠠ ᠭᠠᠳᠠᠭᠠᠳᠤ ᠶᠢᠨ ᠢᠷᠭᠡᠨ ᠦ ᠡᠷᠬᠡ᠂ ᠡᠭᠦᠷᠭᠡ ᠶᠢ ᠮᠣᠩᠭᠣᠯ ᠤᠯᠤᠰ ᠤᠨ ᠬᠠᠤᠯᠢ᠂ ᠠᠭᠤᠯᠠ ᠢᠷᠭᠡᠨ ᠢ ᠬᠠᠷᠢᠶᠠᠯᠠᠭᠰᠠᠨ ᠤᠯᠤᠰ ᠲᠠᠢ ᠪᠠᠶᠢᠭᠤᠯᠤᠭᠰᠠᠨ ᠭᠡᠷ᠎ᠡ ᠪᠡᠷ ᠲᠣᠭᠲᠠᠭᠠᠨ᠎ᠠ᠃

2᠃ ᠮᠣᠩᠭᠣᠯ ᠤᠯᠤᠰ ᠣᠯᠠᠨ ᠤᠯᠤᠰ ᠤᠨ ᠭᠡᠷ᠎ᠡ ᠪᠡᠷ ᠭᠠᠳᠠᠭᠠᠳᠤ ᠶᠢᠨ ᠢᠷᠭᠡᠨ ᠦ ᠡᠷᠬᠡ᠂ ᠡᠭᠦᠷᠭᠡ ᠶᠢ ᠲᠣᠳᠣᠷᠬᠠᠶᠢᠯᠠᠬᠤ ᠳᠤ ᠪᠠᠨ ᠠᠭᠤᠯᠠ ᠢᠷᠭᠡᠨ ᠢ ᠬᠠᠷᠢᠶᠠᠯᠠᠭᠰᠠᠨ ᠤᠯᠤᠰ ᠲᠠᠢ ᠡᠨᠡ ᠲᠠᠯ᠎ᠠ ᠪᠠᠷ ᠬᠠᠷᠢᠯᠴᠠᠨ ᠠᠳᠠᠯᠢ ᠪᠠᠶᠢᠬᠤ ᠵᠠᠷᠴᠢᠮ ᠪᠠᠷᠢᠮᠲᠠᠯᠠᠨ᠎ᠠ᠃

3᠃ ᠮᠣᠩᠭᠣᠯ ᠤᠯᠤᠰ ᠨᠤᠲᠤᠭ ᠳᠡᠪᠢᠰᠬᠡᠷᠲᠦ ᠪᠡᠨ ᠪᠠᠶᠢᠭ᠎ᠠ ᠬᠠᠷᠢᠶᠠᠯᠠᠯ ᠦᠭᠡᠢ ᠬᠦᠮᠦᠨ ᠦ ᠡᠷᠬᠡ᠂ ᠡᠭᠦᠷᠭᠡ ᠶᠢ ᠥᠪᠡᠷ ᠦᠨ ᠬᠠᠤᠯᠢ ᠪᠠᠷ ᠲᠣᠭᠲᠠᠭᠠᠨ᠎ᠠ᠃

4᠃ ᠦᠵᠡᠯ ᠪᠣᠳᠣᠯ᠂ ᠤᠯᠤᠰ ᠲᠥᠷᠥ ᠶᠢᠨ ᠬᠢᠭᠡᠳ ᠰᠢᠳᠤᠷᠭᠤ ᠶᠣᠰᠣᠨ ᠤ ᠪᠤᠰᠤᠳ ᠦᠢᠯᠡ ᠠᠵᠢᠯᠯᠠᠭᠠᠨ ᠤ ᠪᠠᠨ ᠤᠯᠠᠮ ᠠᠴᠠ ᠬᠠᠪᠴᠢᠭᠳᠠᠨ ᠮᠥᠰᠬᠢᠭᠳᠡᠭᠰᠡᠨ ᠭᠠᠳᠠᠭᠠᠳᠤ ᠶᠢᠨ ᠢᠷᠭᠡᠨ᠂ ᠬᠠᠷᠢᠶᠠᠯᠠᠯ ᠦᠭᠡᠢ ᠬᠦᠮᠦᠨ ᠦᠨᠳᠦᠰᠦᠯᠡᠯ ᠪᠦᠬᠦᠢ ᠬᠦᠰᠡᠯᠲᠡ ᠭᠠᠷᠭᠠᠪᠠᠯ ᠮᠣᠩᠭᠣᠯ ᠤᠯᠤᠰ ᠲᠤ ᠤᠷᠤᠩᠨᠠᠬᠤ ᠡᠷᠬᠡ ᠣᠯᠭᠤᠵᠤ ᠪᠣᠯᠤᠨ᠎ᠠ᠃

5᠃ ᠦᠨᠳᠦᠰᠦᠨ ᠬᠠᠤᠯᠢ ᠶᠢᠨ ᠠᠷᠪᠠᠨ ᠵᠢᠷᠭᠤᠳᠤᠭᠠᠷ ᠵᠦᠢᠯ ᠳᠦ ᠵᠢᠭᠠᠭᠰᠠᠨ ᠮᠣᠩᠭᠣᠯ ᠤᠯᠤᠰ ᠤᠨ ᠢᠷᠭᠡᠨ ᠦ ᠦᠨᠳᠦᠰᠦᠨ ᠡᠷᠬᠡ᠂ ᠡᠷᠬᠡ ᠴᠢᠯᠦᠭᠡ ᠶᠢ ᠲᠤᠰ ᠤᠯᠤᠰ ᠤᠨ ᠨᠤᠲᠤᠭ ᠳᠡᠪᠢᠰᠬᠡᠷ ᠲᠦ ᠪᠠᠶᠢᠭ᠎ᠠ ᠭᠠᠳᠠᠭᠠᠳᠤ ᠶᠢᠨ ᠢᠷᠭᠡᠨ᠂ ᠬᠠᠷᠢᠶᠠᠯᠠᠯ ᠦᠭᠡᠢ ᠬᠦᠨᠳᠦ ᠡᠳ᠋ᠯᠡᠭᠦᠯᠬᠦ ᠳᠦ ᠪᠡᠨ ᠮᠣᠩᠭᠣᠯ ᠤᠯᠤᠰ ᠤᠨ ᠨᠢᠭᠡᠳᠦᠨ ᠣᠷᠣᠭᠰᠠᠨ ᠣᠯᠠᠨ ᠤᠯᠤᠰ ᠤᠨ ᠭᠡᠷᠢᠶᠡᠨ ᠳᠦ ᠵᠢᠭᠠᠭᠰᠠᠨ ᠬᠦᠮᠦᠨ ᠦ ᠰᠠᠯᠤᠰᠢ ᠦᠭᠡᠢ ᠡᠷᠬᠡ ᠡᠴᠡ ᠪᠤᠰᠤᠳ ᠡᠷᠬᠡ ᠶᠢᠨ ᠬᠤᠪᠢ ᠳᠤ ᠦᠨᠳᠦᠰᠦᠨ ᠦ ᠪᠣᠯᠤᠨ ᠬᠦᠮᠦᠨ ᠠᠮᠠ ᠶᠢᠨ ᠠᠶᠤᠯ ᠦᠭᠡᠢ ᠪᠠᠶᠢᠳᠠᠯ ᠢ ᠬᠠᠩᠭᠠᠬᠤ᠂ ᠨᠡᠶᠢᠭᠡᠮ ᠤᠨ ᠬᠡᠪ ᠵᠢᠷᠤᠮ ᠢ ᠬᠠᠮᠠᠭᠠᠯᠠᠬᠤ ᠶᠢᠨ ᠲᠤᠯᠠᠳᠠ ᠬᠠᠤᠯᠢ ᠪᠠᠷ ᠵᠣᠬᠢᠬᠤ ᠬᠢᠵᠠᠭᠠᠷᠯᠠᠯ ᠲᠣᠭᠲᠠᠭᠠᠵᠤ ᠪᠣᠯᠤᠨ᠎ᠠ᠃ ᠠᠷᠪᠠᠨ ᠶᠢᠰᠦᠳᠦᠭᠡᠷ ᠵᠦᠢᠯ᠃ 1᠃ ᠲᠥᠷᠦ ᠡᠴᠡ ᠬᠦᠮᠦᠨ ᠦ ᠡᠷᠬᠡ᠂ ᠡᠷᠬᠡ ᠴᠢᠯᠦᠭᠡ ᠶᠢ ᠬᠠᠩᠭᠠᠬᠤᠶᠢᠴᠠ ᠡᠳ᠋ ᠍ ᠦᠨ ᠵᠠᠰᠠᠭ᠂ ᠨᠡᠶᠢᠭᠡᠮ᠂ ᠬᠠᠤᠯᠢ ᠵᠦᠢ ᠶᠢᠨ ᠪᠣᠯᠤᠨ ᠪᠤᠰᠤᠳ ᠪᠠᠲᠤᠯᠠᠭ᠎ᠠ ᠶᠢ ᠪᠦᠷᠢᠳᠦᠭᠦᠯᠬᠦ᠂ ᠬᠦᠮᠦᠨ ᠦ ᠡᠷᠬᠡ᠂ ᠡᠷᠬᠡ ᠴᠢᠯᠦᠭᠡ ᠶᠢ ᠵᠥᠷᠢᠴᠡᠬᠦ ᠲᠡᠢ ᠲᠡᠮᠡᠴᠡᠬᠦ᠂ ᠬᠥᠨᠳᠡᠭᠳᠡᠭᠰᠡᠨ ᠡᠷᠬᠡ ᠶᠢ ᠰᠡᠷᠭᠦᠭᠡᠨ ᠡᠳ᠋ᠯᠡᠭᠦᠯᠬᠦ ᠡᠭᠦᠷᠭᠡ ᠶᠢ ᠢᠷᠭᠡᠨ ᠦ ᠪᠡᠨ ᠡᠮᠦᠨ᠎ᠡ ᠬᠠᠷᠢᠭᠤᠴᠠᠨ᠎ᠠ᠃

2᠃ ᠣᠨᠴᠠ ᠪᠣᠯᠤᠨ ᠳᠠᠶᠢᠨ ᠤ ᠪᠠᠶᠢᠳᠠᠯ ᠵᠠᠷᠯᠠᠭᠰᠠᠨ ᠲᠣᠬᠢᠶᠠᠯᠳᠤᠯ ᠳᠤ ᠦᠨᠳᠦᠰᠦᠨ ᠬᠠᠤᠯᠢ᠂ ᠪᠤᠰᠤᠳ ᠬᠠᠤᠯᠢ ᠳᠤ ᠵᠢᠭᠠᠭᠰᠠᠨ ᠬᠦᠮᠦᠨ ᠦ ᠡᠷᠬᠡ᠂ ᠡᠷᠬᠡ ᠴᠢᠯᠦᠭᠡ ᠶᠢ ᠭᠠᠭᠴᠠᠬᠦ ᠬᠠᠤᠯᠢ ᠪᠠᠷ ᠬᠢᠵᠠᠭᠠᠷᠯᠠᠵᠤ ᠪᠣᠯᠤᠨ᠎ᠠ᠃ ᠲᠥᠶᠢᠨᠬᠦᠦ ᠬᠢᠵᠠᠭᠠᠷᠯᠠᠭᠰᠠᠨ ᠬᠠᠤᠯᠢ ᠨᠢ ᠬᠦᠮᠦᠨ ᠦ ᠠᠮᠢᠳᠤ ᠶᠠᠪᠤᠬᠤ ᠡᠷᠬᠡ᠂ ᠢᠲᠡᠭᠡᠯ ᠦᠨᠡᠮᠰᠢᠯᠲᠡᠢ ᠪᠠᠶᠢᠬᠤ᠂ ᠱᠠᠰᠢᠨ ᠰᠢᠲᠦᠬᠦ᠂ ᠡᠰᠡ ᠰᠢᠲᠦᠬᠦ ᠡᠷᠬᠡ ᠴᠢᠯᠦᠭᠡ᠂ ᠲᠡᠭᠦᠨᠴᠢᠯᠡᠨ ᠬᠡᠨ ᠳᠦ ᠪᠣᠯᠪᠠᠴᠤ ᠡᠷᠡᠭᠦᠦ ᠰᠢᠭᠦᠯᠲᠡ ᠲᠤᠯᠭᠠᠬᠤ᠂ ᠬᠦᠮᠦᠯᠢᠭ ᠪᠤᠰᠤ᠂ ᠬᠡᠷᠴᠡᠭᠡᠢ ᠬᠠᠨᠳᠤᠬᠤ ᠶᠢ ᠬᠣᠷᠢᠭᠯᠠᠭᠰᠠᠨ ᠬᠠᠤᠯᠢ ᠶᠢᠨ ᠵᠢᠭᠠᠯᠲᠠ ᠶᠢ ᠦᠯᠦ ᠬᠥᠨᠳᠡᠨ᠎ᠡ᠃

3᠃ ᠬᠦᠮᠦᠨ ᠡᠷᠬᠡ᠂ ᠡᠷᠬᠡ ᠴᠢᠯᠦᠭᠡ ᠪᠡᠨ ᠡᠳ᠋ᠯᠡᠬᠦ ᠳᠦ ᠪᠡᠨ ᠦᠨᠳᠦᠰᠦᠨ ᠦ ᠠᠶᠤᠯ ᠦᠭᠡᠢ ᠪᠠᠶᠢᠳᠠᠯ᠂ ᠪᠤᠰᠤᠳ ᠬᠦᠮᠦᠨ ᠦ ᠡᠷᠬᠡ᠂ ᠡᠷᠬᠡ ᠴᠢᠯᠦᠭᠡ ᠶᠢ ᠬᠣᠬᠢᠷᠠᠭᠠᠵᠤ᠂ ᠨᠡᠶᠢᠭᠡᠮ ᠦᠨ ᠬᠡᠪ ᠵᠢᠷᠤᠮ ᠢ ᠭᠠᠵᠢᠭᠤᠳᠠᠭᠤᠯᠵᠤ ᠪᠣᠯᠬᠤ ᠦᠭᠡᠢ᠃

ᠬᠡᠪᠯᠡᠬᠦ ГУРАВДУГААР БҮЛЭГ МОНГОЛ УЛСЫН ТӨРИЙН БАЙГУУЛАЛ

НЭГ. Монгол Улсын Их Хурал

ᠬᠣᠷᠢᠳᠤᠭᠠᠷ ᠵᠦᠢᠯ᠃ ᠮᠣᠩᠭᠣᠯ ᠤᠯᠤᠰ ᠤᠨ ᠶᠡᠬᠡ ᠬᠤᠷᠠᠯ ᠪᠣᠯ ᠲᠥᠷᠥ ᠶᠢᠨ ᠡᠷᠬᠡ ᠪᠠᠷᠢᠬᠤ ᠳᠡᠭᠡᠳᠦ ᠪᠠᠶᠢᠭᠤᠯᠤᠯᠭ᠎ᠠ ᠮᠥᠨ ᠪᠥᠭᠡᠳ ᠬᠠᠤᠯᠢ ᠲᠣᠭᠲᠠᠭᠠᠬᠤ ᠡᠷᠬᠡ ᠮᠡᠳᠡᠯ ᠢ ᠭᠠᠭᠴᠠᠬᠦ ᠤᠯᠤᠰ ᠤᠨ ᠶᠡᠬᠡ ᠬᠤᠷᠠᠯ ᠳᠤ ᠬᠠᠳᠠᠭᠠᠯᠠᠨ᠎ᠠ᠃ ᠬᠡᠪᠯᠡᠬᠦ ᠬᠣᠷᠢᠨ ᠨᠢᠭᠡᠳᠦᠭᠡᠷ ᠵᠦᠢᠯ᠃ 1᠃ ᠤᠯᠤᠰ ᠤᠨ ᠶᠡᠬᠡ ᠬᠤᠷᠠᠯ ᠨᠢᠭᠡ ᠲᠠᠩᠬᠢᠮ ᠲᠠᠢ᠂ ᠳᠠᠯᠠᠨ ᠵᠢᠷᠭᠤᠭᠠᠨ ᠭᠡᠰᠢᠭᠦᠨ ᠲᠡᠢ ᠪᠠᠶᠢᠨ᠎ᠠ᠃

2᠃ ᠤᠯᠤᠰ ᠤᠨ ᠶᠡᠬᠡ ᠬᠤᠷᠠᠯ ᠤᠨ ᠭᠡᠰᠢᠭᠦᠨ ᠢ ᠮᠣᠩᠭᠣᠯ ᠤᠯᠤᠰ ᠤᠨ ᠰᠣᠩᠭᠣᠭᠤᠯᠢ ᠶᠢᠨ ᠡᠷᠬᠡ ᠪᠦᠬᠦᠢ ᠢᠷᠭᠡᠳ ᠨᠡᠶᠢᠲᠡ ᠪᠡᠷ ᠢᠶᠡᠨ᠂ ᠴᠢᠯᠦᠭᠡᠲᠡᠢ᠂ ᠰᠢᠭᠤᠳ ᠰᠤᠩᠭᠤᠬᠤ ᠡᠷᠬᠡ ᠶᠢᠨ ᠦᠨᠳᠦᠰᠦᠨ ᠳᠡᠭᠡᠷ᠎ᠡ ᠰᠠᠨᠠᠯ ᠢᠶᠠᠨ ᠨᠢᠭᠤᠴᠠ ᠪᠠᠷ ᠭᠠᠷᠭᠠᠵᠤ᠂ ᠳᠥᠷᠪᠡᠨ ᠵᠢᠯ ᠦᠨ ᠬᠤᠭᠤᠴᠠᠭ᠎ᠠ ᠪᠠᠷ ᠰᠣᠩᠭᠣᠨ᠎ᠠ᠃

3᠃ ᠤᠯᠤᠰ ᠤᠨ ᠶᠡᠬᠡ ᠬᠤᠷᠠᠯ ᠤᠨ ᠭᠡᠰᠢᠭᠦᠨ ᠢᠶᠡᠷ ᠮᠣᠩᠭᠣᠯ ᠤᠯᠤᠰ ᠤᠨ ᠬᠣᠷᠢᠨ ᠲᠠᠪᠤᠨ ᠨᠠᠰᠤ ᠬᠦᠷᠦᠭᠰᠡᠨ᠂ ᠰᠣᠩᠭᠣᠭᠤᠯᠢ ᠶᠢᠨ ᠡᠷᠬᠡ ᠪᠦᠬᠦᠢ ᠢᠷᠭᠡᠨ ᠢ ᠰᠣᠩᠭᠣᠨ᠎ᠠ᠃

4᠃ ᠤᠯᠤᠰ ᠤᠨ ᠶᠡᠬᠡ ᠬᠤᠷᠠᠯ ᠤᠨ ᠰᠣᠩᠭᠣᠭᠤᠯᠢ ᠶᠢᠨ ᠵᠢᠷᠤᠮ ᠢ ᠬᠠᠤᠯᠢ ᠪᠠᠷ ᠲᠣᠭᠲᠠᠭᠠᠨ᠎ᠠ᠃ ᠬᠣᠷᠢᠨ ᠬᠣᠶᠠᠳᠤᠭᠠᠷ ᠵᠦᠢᠯ᠃ 1᠃ ᠤᠯᠤᠰ ᠤᠨ ᠨᠡᠶᠢᠲᠡ ᠨᠤᠲᠤᠭ ᠳᠡᠪᠢᠰᠬᠡᠷ ᠪᠤᠶᠤ ᠵᠠᠷᠢᠮ ᠬᠡᠰᠡᠭ ᠢ ᠨᠢ ᠬᠠᠮᠤᠷᠤᠭᠰᠠᠨ ᠭᠡᠨᠡᠳᠲᠡ ᠶᠢᠨ ᠠᠶᠤᠯ ᠲᠣᠬᠢᠶᠠᠯᠳᠤᠭᠰᠠᠨ᠂ ᠳᠠᠶᠢᠨ ᠤ ᠪᠠ ᠨᠡᠶᠢᠲᠡ ᠶᠢᠨ ᠡᠮᠬᠢ ᠵᠠᠮᠪᠠᠷᠠᠭ᠎ᠠ ᠦᠭᠡᠢ ᠪᠠᠶᠢᠳᠠᠯ ᠡᠭᠦᠰᠦᠭᠰᠡᠨ ᠵᠡᠷᠭᠡ ᠣᠨᠴᠠᠭᠠᠢ ᠨᠥᠬᠥᠴᠡᠯ ᠦᠨ ᠤᠯᠠᠮ ᠠᠴᠠ ᠡᠭᠡᠯᠵᠢᠲᠦ ᠰᠣᠩᠭᠣᠭᠤᠯᠢ ᠶᠠᠪᠤᠭᠤᠯᠬᠤ ᠪᠣᠯᠤᠮᠵᠢ ᠦᠭᠡᠢ ᠪᠣᠯ ᠮᠥᠩᠬᠦᠦ ᠨᠥᠬᠥᠴᠡᠯ ᠠᠷᠢᠯᠵᠤ᠂ ᠰᠢᠨ᠎ᠡ ᠰᠣᠩᠭᠣᠭᠳᠠᠭᠰᠠᠨ ᠭᠡᠰᠢᠭᠦᠳ ᠢᠶᠡᠨ ᠲᠠᠩᠭᠠᠷᠢᠭ ᠡᠷᠭᠦᠲᠡᠯ᠎ᠡ ᠤᠯᠤᠰ ᠤᠨ ᠶᠡᠬᠡ ᠬᠤᠷᠠᠯ ᠪᠦᠷᠢᠨ ᠡᠷᠬᠡ ᠪᠡᠨ ᠬᠡᠷᠡᠭᠵᠢᠭᠦᠯᠦᠨ᠎ᠡ᠃

2᠃ ᠤᠯᠤᠰ ᠤᠨ ᠶᠡᠬᠡ ᠬᠤᠷᠠᠯ ᠪᠦᠷᠢᠨ ᠡᠷᠬᠡ ᠪᠡᠨ ᠬᠡᠷᠡᠭᠵᠢᠭᠦᠯᠬᠦ ᠪᠣᠯᠤᠮᠵᠢ ᠦᠭᠡᠢ ᠭᠡᠵᠦ ᠨᠡᠶᠢᠲᠡ ᠭᠡᠰᠢᠭᠦᠨ ᠦ ᠭᠤᠷᠪᠠᠨ ᠤ ᠬᠣᠶᠠᠷ ᠠᠴᠠ ᠳᠣᠭᠣᠭᠰᠢ ᠦᠭᠡᠢ ᠨᠢ ᠦᠵᠡᠭᠰᠡᠨ ᠢᠶᠡᠷ ᠪᠤᠶᠤ ᠡᠰᠡᠬᠦᠯ᠎ᠡ ᠮᠥᠩᠬᠦᠦ ᠰᠢᠯᠲᠠᠭᠠᠨ ᠢᠶᠠᠷ ᠶᠡᠷᠦᠩᠬᠡᠶᠢᠯᠡᠭᠴᠢ ᠤᠯᠤᠰ ᠤᠨ ᠶᠡᠬᠡ ᠬᠤᠷᠠᠯ ᠤᠨ ᠳᠠᠷᠤᠭ᠎ᠠ ᠲᠠᠢ ᠵᠥᠪᠰᠢᠯᠴᠡᠨ ᠰᠠᠨᠠᠯ ᠪᠣᠯᠭᠠᠭᠰᠠᠨ ᠢᠶᠠᠷ ᠥᠪᠡᠷ ᠢᠶᠡᠨ ᠲᠠᠷᠠᠬᠤ ᠰᠢᠢᠳᠪᠦᠷᠢ ᠭᠠᠷᠭᠠᠵᠤ ᠪᠣᠯᠤᠨ᠎ᠠ᠃ ᠡᠶᠢᠨᠬᠦᠦ ᠲᠠᠷᠠᠬᠤ ᠰᠢᠢᠳᠪᠦᠷᠢ ᠭᠠᠷᠭᠠᠭᠰᠠᠨ ᠪᠣᠯ ᠰᠢᠨ᠎ᠡ ᠰᠣᠩᠭᠣᠭᠳᠠᠭᠰᠠᠨ ᠭᠡᠰᠢᠭᠦᠳ ᠢᠶᠡᠨ ᠲᠠᠩᠭᠠᠷᠢᠭ ᠡᠷᠭᠦᠲᠡᠯ᠎ᠡ ᠤᠯᠤᠰ ᠤᠨ ᠶᠡᠬᠡ ᠬᠤᠷᠠᠯ ᠪᠦᠷᠢᠨ ᠡᠷᠬᠡ ᠪᠡᠨ ᠡᠳ᠋ᠯᠡᠨ᠎ᠡ᠃

ᠦᠨᠳᠦᠰᠦᠨ ᠬᠠᠤᠯᠢ ᠳᠤ ᠥᠭᠡᠷ᠎ᠡ ᠪᠡᠷ ᠵᠢᠭᠠᠭ᠎ᠠ ᠦᠭᠡᠢ ᠪᠣᠯ ᠮᠣᠩᠭᠣᠯ ᠤᠯᠤᠰ ᠤᠨ ᠶᠡᠷᠦᠩᠬᠡᠢ ᠰᠠᠶᠢᠳ ᠢ ᠲᠤᠮᠢᠯᠠᠬᠤ ᠰᠠᠨᠠᠯ ᠢ ᠤᠯᠤᠰ ᠤᠨ ᠶᠡᠬᠡ ᠬᠤᠷᠠᠯ ᠳᠤ ᠡᠷᠭᠦᠨ ᠮᠡᠳᠡᠭᠦᠯᠦᠭᠰᠡᠨ ᠡᠴᠡ ᠬᠣᠶᠢᠰᠢ ᠳᠥᠴᠢᠨ ᠲᠠᠪᠤ ᠬᠣᠨᠣᠭ ᠤᠨ ᠳᠣᠲᠣᠷ᠎ᠠ ᠤᠯᠤᠰ ᠤᠨ ᠶᠡᠬᠡ ᠬᠤᠷᠠᠯ ᠬᠡᠯᠡᠯᠴᠡᠨ ᠰᠢᠢᠳᠪᠦᠷᠢᠯᠡᠵᠦ ᠴᠢᠳᠠᠭ᠎ᠠ ᠦᠭᠡᠢ ᠪᠣᠯ ᠥᠪᠡᠷ ᠢᠶᠡᠨ ᠲᠠᠷᠠᠬᠤ ᠪᠤᠶᠤ ᠡᠰᠡᠬᠦᠯ᠎ᠡ ᠮᠣᠩᠭᠣᠯ ᠤᠯᠤᠰ ᠤᠨ ᠶᠡᠷᠦᠩᠬᠡᠶᠢᠯᠡᠭᠴᠢ ᠤᠯᠤᠰ ᠤᠨ ᠶᠡᠬᠡ ᠬᠤᠷᠠᠯ ᠢ ᠲᠠᠷᠠᠭᠠᠬᠤ ᠲᠤᠬᠠᠢ ᠰᠢᠢᠳᠪᠦᠷᠢ ᠭᠠᠷᠭᠠᠨ᠎ᠠ᠃

/ᠡᠨᠡ ᠬᠡᠰᠡᠭ ᠢ 1999 ᠣᠨ ᠤ 12 ᠳ᠋ᠤᠭᠠᠷ ᠰᠠᠷ᠎ᠠ ᠶᠢᠨ 24 ᠍ ᠦ ᠡᠳᠦᠷ ᠪᠠᠲᠤᠯᠠᠭᠳᠠᠭᠰᠠᠨ ᠮᠣᠩᠭᠣᠯ ᠤᠯᠤᠰ ᠤᠨ ᠦᠨᠳᠦᠰᠦᠨ ᠬᠠᠤᠯᠢ ᠳᠤ ᠣᠷᠣᠭᠤᠯᠤᠭᠰᠠᠨ ᠨᠡᠮᠡᠯᠲᠡ᠂ ᠥᠭᠡᠷᠡᠴᠢᠯᠡᠯᠲᠡ ᠪᠡᠷ ᠨᠡᠮᠡᠭᠰᠡᠨ ᠪᠥᠭᠡᠳ ᠦᠨᠳᠦᠰᠦᠨ ᠬᠠᠤᠯᠢ ᠶᠢᠨ ᠴᠡᠴᠡ ᠶᠢᠨ 2000 ᠣᠨ ᠤ 02 ᠳ᠋ᠤᠭᠠᠷ ᠲᠣᠭᠲᠠᠭᠠᠯ ᠢᠶᠠᠷ ᠬᠦᠴᠦᠨ ᠭᠦᠢ ᠪᠣᠯᠤᠭᠰᠠᠨ᠃ ᠮᠥᠨ 2000 ᠣᠨ ᠤ 12 ᠳ᠋ᠤᠭᠠᠷ ᠰᠠᠷ᠎ᠠ ᠶᠢᠨ 14 ᠍ ᠦ ᠡᠳᠦᠷ ᠪᠠᠲᠤᠯᠠᠭᠳᠠᠭᠰᠠᠨ ᠮᠣᠩᠭᠣᠯ ᠤᠯᠤᠰ ᠤᠨ ᠦᠨᠳᠦᠰᠦᠨ ᠬᠠᠤᠯᠢ ᠳᠤ ᠣᠷᠣᠭᠤᠯᠤᠭᠰᠠᠨ ᠨᠡᠮᠡᠯᠲᠡ᠂ ᠥᠭᠡᠷᠡᠴᠢᠯᠡᠯᠲᠡ ᠪᠡᠷ ᠨᠡᠮᠡᠭᠰᠡᠨ/ ᠬᠣᠷᠢᠨ ᠭᠤᠷᠪᠠᠳᠤᠭᠠᠷ ᠵᠦᠢᠯ᠃ 1᠃ ᠤᠯᠤᠰ ᠤᠨ ᠶᠡᠬᠡ ᠬᠤᠷᠠᠯ ᠤᠨ ᠭᠡᠰᠢᠭᠦᠨ ᠪᠣᠯ ᠠᠷᠠᠳ ᠲᠦᠮᠡᠨ ᠦ ᠡᠯᠴᠢ ᠮᠥᠨ ᠪᠥᠭᠡᠳ ᠨᠡᠶᠢᠲᠡ ᠢᠷᠭᠡᠨ᠂ ᠤᠯᠤᠰ ᠤᠨ ᠠᠰᠢᠭ ᠰᠣᠨᠢᠷᠬᠠᠯ ᠢ ᠡᠷᠬᠢᠮᠯᠡᠨ ᠪᠠᠷᠢᠮᠲᠠᠯᠠᠨ᠎ᠠ᠃

2᠃ ᠤᠯᠤᠰ ᠤᠨ ᠶᠡᠬᠡ ᠬᠤᠷᠠᠯ ᠤᠨ ᠭᠡᠰᠢᠭᠦᠨ ᠦ ᠪᠥᠷᠢᠨ ᠡᠷᠬᠡ ᠨᠢ ᠲᠥᠷᠦ ᠶᠢᠨ ᠰᠦᠯᠳᠡᠨ ᠳᠦ ᠪᠡᠨ ᠲᠠᠩᠭᠠᠷᠢᠭ ᠡᠷᠭᠦᠭᠰᠡᠨ ᠢᠶᠡᠷ ᠡᠬᠢᠯᠡᠵᠦ᠂ ᠤᠯᠤᠰ ᠤᠨ ᠶᠡᠬᠡ ᠬᠤᠷᠠᠯ ᠤᠨ ᠳᠠᠷᠤᠭ᠎ᠠ ᠶᠢᠨ ᠰᠣᠩᠭᠣᠭᠤᠯᠢ ᠪᠠᠷ ᠰᠢᠨ᠎ᠡ ᠰᠣᠩᠭᠣᠭᠳᠠᠭᠰᠠᠨ ᠭᠡᠰᠢᠭᠦᠳ ᠲᠠᠩᠭᠠᠷᠢᠭ ᠡᠷᠭᠦᠭᠰᠡᠨ ᠢᠶᠡᠷ ᠳᠠᠭᠤᠰᠬᠠᠪᠤᠷᠢ ᠪᠣᠯᠤᠨ᠎ᠠ᠃

ᠬᠡᠪᠯᠡᠬᠦ ᠬᠣᠷᠢᠨ ᠳᠥᠷᠪᠡᠳᠦᠭᠡᠷ ᠵᠦᠢᠯ᠃ 1᠃ ᠤᠯᠤᠰ ᠤᠨ ᠶᠡᠬᠡ ᠬᠤᠷᠠᠯ ᠤᠨ ᠳᠠᠷᠤᠭ᠎ᠠ᠂ ᠳᠡᠳ᠋ ᠳᠠᠷᠤᠭ᠎ᠠ ᠶᠢ ᠤᠯᠤᠰ ᠤᠨ ᠶᠡᠬᠡ ᠬᠤᠷᠠᠯ ᠤᠨ ᠭᠡᠰᠢᠭᠦᠳ ᠦᠨ ᠳᠣᠲᠣᠷ᠎ᠠ ᠠᠴᠠ ᠨᠡᠷ᠎ᠡ ᠳᠡᠪᠰᠢᠭᠦᠯᠦᠨ ᠰᠠᠨᠠᠯ᠎ᠠ ᠢᠯᠡ ᠪᠡᠷ ᠭᠠᠷᠭᠠᠵᠤ ᠰᠣᠩᠭᠣᠨ᠎ᠠ᠃ ᠤᠯᠤᠰ ᠤᠨ ᠶᠡᠬᠡ ᠬᠤᠷᠠᠯ ᠤᠨ ᠲᠤᠬᠠᠢ ᠶᠢᠨ ᠰᠣᠩᠭᠣᠭᠤᠯᠢ ᠶᠢᠨ ᠳᠦᠩ ᠳᠦ ᠪᠤᠢ ᠪᠣᠯᠤᠭᠰᠠᠨ ᠨᠠᠮ᠂ ᠡᠪᠰᠡᠯ ᠦᠨ ᠪᠦᠯᠦᠭ ᠲᠤᠰ ᠪᠦᠷᠢ ᠡᠴᠡ ᠤᠯᠤᠰ ᠤᠨ ᠶᠡᠬᠡ ᠬᠤᠷᠠᠯ ᠤᠨ ᠳᠡᠳ᠋ ᠳᠠᠷᠤᠭ᠎ᠠ ᠶᠢ ᠰᠣᠩᠭᠣᠨ᠎ᠠ᠃

/ᠡᠨᠡ ᠬᠡᠰᠡᠭ ᠢ 1999 ᠣᠨ ᠤ 12 ᠳ᠋ᠤᠭᠠᠷ ᠰᠠᠷ᠎ᠠ ᠶᠢᠨ 24 ᠍ ᠦ ᠡᠳᠦᠷ ᠪᠠᠲᠤᠯᠠᠭᠳᠠᠭᠰᠠᠨ ᠮᠣᠩᠭᠣᠯ ᠤᠯᠤᠰ ᠤᠨ ᠦᠨᠳᠦᠰᠦᠨ ᠬᠠᠤᠯᠢ ᠳᠤ ᠣᠷᠣᠭᠤᠯᠤᠭᠰᠠᠨ ᠨᠡᠮᠡᠯᠲᠡ᠂ ᠥᠭᠡᠷᠡᠴᠢᠯᠡᠯᠲᠡ ᠪᠡᠷ ᠥᠭᠡᠷᠡᠴᠢᠯᠡᠨ ᠨᠠᠶᠢᠷᠠᠭᠤᠯᠤᠭᠰᠠᠨ ᠪᠥᠭᠡᠳ ᠦᠨᠳᠦᠰᠦᠨ ᠬᠠᠤᠯᠢ ᠶᠢᠨ ᠴᠡᠴᠡ ᠶᠢᠨ 2000 ᠣᠨ ᠤ 02 ᠳ᠋ᠤᠭᠠᠷ ᠲᠣᠭᠲᠠᠭᠠᠯ ᠢᠶᠠᠷ ᠬᠦᠴᠦᠨ ᠭᠦᠢ ᠪᠣᠯᠤᠭᠰᠠᠨ᠃ ᠮᠥᠨ 2000 ᠣᠨ ᠤ 12 ᠳ᠋ᠤᠭᠠᠷ ᠰᠠᠷ᠎ᠠ ᠶᠢᠨ 14 ᠍ ᠦ ᠡᠳᠦᠷ ᠪᠠᠲᠤᠯᠠᠭᠳᠠᠭᠰᠠᠨ ᠮᠣᠩᠭᠣᠯ ᠤᠯᠤᠰ ᠤᠨ ᠦᠨᠳᠦᠰᠦᠨ ᠬᠠᠤᠯᠢ ᠳᠤ ᠣᠷᠣᠭᠤᠯᠤᠭᠰᠠᠨ ᠨᠡᠮᠡᠯᠲᠡ᠂ ᠥᠭᠡᠷᠡᠴᠢᠯᠡᠯᠲᠡ ᠪᠡᠷ ᠥᠭᠡᠷᠡᠴᠢᠯᠡᠨ ᠨᠠᠶᠢᠷᠠᠭᠤᠯᠤᠭᠰᠠᠨ/ 2᠃ ᠤᠯᠤᠰ ᠤᠨ ᠶᠡᠬᠡ ᠬᠤᠷᠠᠯ ᠤᠨ ᠳᠠᠷᠤᠭ᠎ᠠ᠂ ᠳᠡᠳ᠋ ᠳᠠᠷᠤᠭ᠎ᠠ ᠶᠢᠨ ᠪᠥᠷᠢᠨ ᠡᠷᠬᠡ ᠶᠢᠨ ᠬᠤᠭᠤᠴᠠᠭ᠎ᠠ ᠳᠥᠷᠪᠡᠨ ᠵᠢᠯ ᠪᠠᠶᠢᠬᠤ ᠪᠥᠭᠡᠳ ᠬᠠᠤᠯᠢ ᠳᠤ ᠵᠢᠭᠠᠭᠰᠠᠨ ᠦᠨᠳᠦᠰᠦᠯᠡᠯ ᠢᠶᠡᠷ ᠬᠤᠭᠤᠴᠠᠭᠠᠨ ᠠᠴᠠ ᠨᠢ ᠡᠮᠦᠨ᠎ᠡ ᠴᠢᠯᠦᠭᠡᠯᠡᠵᠦ᠂ ᠣᠭᠴᠣᠷᠠᠭᠤᠯᠵᠤ ᠪᠣᠯᠤᠨ᠎ᠠ᠃ ᠬᠣᠷᠢᠨ ᠲᠠᠪᠤᠳᠤᠭᠠᠷ ᠵᠦᠢᠯ᠃ 1᠃ ᠤᠯᠤᠰ ᠤᠨ ᠶᠡᠬᠡ ᠬᠤᠷᠠᠯ ᠲᠥᠷᠥ ᠶᠢᠨ ᠳᠣᠲᠣᠭᠠᠳᠤ᠂ ᠭᠠᠳᠠᠭᠠᠳᠤ ᠪᠣᠳᠣᠯᠭ᠎ᠠ ᠶᠢᠨ ᠠᠯᠢ ᠴᠤ ᠠᠰᠠᠭᠤᠳᠠᠯ ᠢ ᠰᠠᠨᠠᠭᠠᠴᠢᠯᠠᠨ ᠬᠡᠯᠡᠯᠴᠡᠵᠦ ᠪᠣᠯᠬᠤ ᠪᠥᠭᠡᠳ ᠳᠠᠷᠠᠭᠠᠬᠢ ᠠᠰᠠᠭᠤᠳᠠᠯ ᠢ ᠥᠪᠡᠷ ᠦᠨ ᠣᠨᠴᠠᠭᠠᠢ ᠪᠦᠷᠢᠨ ᠡᠷᠬᠡ ᠳᠦ ᠬᠠᠳᠠᠭᠠᠯᠠᠵᠤ ᠰᠢᠢᠳᠪᠦᠷᠢᠯᠡᠨ᠎ᠡ᠄

1/ ᠬᠠᠤᠯᠢ ᠪᠠᠲᠤᠯᠠᠬᠤ᠂ ᠨᠡᠮᠡᠯᠲᠡ᠂ ᠥᠭᠡᠷᠡᠴᠢᠯᠡᠯᠲᠡ ᠤᠷᠤᠭᠤᠯᠬᠤ;

2/ ᠲᠥᠷᠥ ᠶᠢᠨ ᠳᠣᠲᠣᠭᠠᠳᠤ᠂ ᠭᠠᠳᠠᠭᠠᠳᠤ ᠪᠣᠳᠣᠯᠭ᠎ᠠ ᠶᠢᠨ ᠦᠨᠳᠦᠰᠦ ᠶᠢ ᠲᠣᠳᠣᠷᠬᠠᠶᠢᠯᠠᠬᠤ;

3/ ᠶᠡᠷᠦᠩᠬᠡᠶᠢᠯᠡᠭᠴᠢ ᠶᠢᠨ ᠪᠠ ᠤᠯᠤᠰ ᠤᠨ ᠶᠡᠬᠡ ᠬᠤᠷᠠᠯ᠂ ᠲᠡᠭᠦᠨ ᠦ ᠭᠡᠰᠢᠭᠦᠨ ᠦ ᠰᠣᠩᠭᠣᠭᠤᠯᠢ ᠶᠢ ᠲᠣᠪᠯᠠᠨ ᠵᠠᠷᠯᠠᠬᠤ;

4/ ᠤᠯᠤᠰ ᠤᠨ ᠶᠡᠬᠡ ᠬᠤᠷᠠᠯ ᠤᠨ ᠪᠠᠶᠢᠩᠭᠤ ᠶᠢᠨ ᠬᠣᠷᠢᠶ᠎ᠠ᠂ ᠵᠠᠰᠠᠭ ᠤᠨ ᠭᠠᠵᠠᠷ᠂ ᠬᠠᠤᠯᠢ ᠳᠤ ᠵᠢᠭᠠᠭᠰᠠᠨ ᠢᠶᠠᠷ ᠤᠯᠤᠰ ᠤᠨ ᠶᠡᠬᠡ ᠬᠤᠷᠠᠯ ᠳᠤ ᠠᠵᠢᠯ ᠢᠶᠠᠨ ᠰᠢᠭᠤᠳ ᠬᠠᠷᠢᠭᠤᠴᠠᠨ ᠲᠠᠶᠢᠯᠤᠩᠨᠠᠳᠠᠭ ᠪᠤᠰᠤᠳ ᠪᠠᠶᠢᠭᠤᠯᠤᠯᠭ᠎ᠠ ᠶᠢᠨ ᠪᠦᠲᠦᠴᠡ᠂ ᠪᠦᠷᠢᠯᠳᠦᠬᠦᠨ ᠢ ᠲᠣᠭᠲᠠᠭᠠᠬᠤ᠂ ᠥᠭᠡᠷᠡᠴᠢᠯᠡᠬᠦ;

5/ ᠶᠡᠷᠦᠩᠬᠡᠶᠢᠯᠡᠭᠴᠢ ᠶᠢ ᠰᠣᠩᠭᠣᠭᠳᠠᠭᠰᠠᠨ ᠭᠡᠵᠦ ᠦᠵᠡᠵᠦ ᠪᠦᠷᠢᠨ ᠡᠷᠬᠡ ᠶᠢ ᠨᠢ ᠬᠦᠯᠢᠶᠡᠨ ᠵᠥᠪᠰᠢᠶᠡᠷᠡᠭᠰᠡᠨ ᠬᠠᠤᠯᠢ ᠭᠠᠷᠭᠠᠬᠤ᠂ ᠴᠢᠯᠦᠭᠡᠯᠡᠬᠦ᠂ ᠣᠭᠴᠣᠷᠠᠭᠤᠯᠬᠤ;

6/ ᠶᠡᠷᠦᠩᠬᠡᠢ ᠰᠠᠶᠢᠳ᠂ ᠵᠠᠰᠠᠭ ᠤᠨ ᠭᠠᠵᠠᠷ ᠤᠨ ᠭᠡᠰᠢᠭᠦᠳ᠂ ᠬᠠᠤᠯᠢ ᠳᠤ ᠵᠢᠭᠠᠭᠰᠠᠨ ᠢᠶᠠᠷ ᠤᠯᠤᠰ ᠤᠨ ᠶᠡᠬᠡ ᠬᠤᠷᠠᠯ ᠳᠤ ᠠᠵᠢᠯ ᠢᠶᠠᠨ ᠰᠢᠭᠤᠳ ᠬᠠᠷᠢᠭᠤᠴᠠᠨ ᠲᠠᠶᠢᠯᠤᠩᠨᠠᠳᠠᠭ ᠪᠤᠰᠤᠳ ᠪᠠᠶᠢᠭᠤᠯᠤᠯᠭ᠎ᠠ ᠶᠢᠨ ᠪᠦᠷᠢᠯᠳᠦᠬᠦᠨ ᠢ ᠲᠤᠮᠢᠯᠠᠬᠤ᠂ ᠥᠭᠡᠷᠡᠴᠢᠯᠡᠬᠦ᠂ ᠣᠭᠴᠣᠷᠠᠭᠤᠯᠬᠤ;

7/ ᠲᠥᠷᠥ ᠶᠢᠨ ᠰᠠᠩᠬᠦᠦ᠂ ᠵᠡᠭᠡᠯᠢ᠂ ᠠᠯᠪᠠᠨ ᠲᠠᠲᠠᠪᠤᠷᠢ᠂ ᠮᠥᠩᠭᠥᠨ ᠦ ᠪᠣᠳᠣᠯᠭ᠎ᠠ᠂ ᠤᠯᠤᠰ ᠤᠨ ᠡᠳ᠋ ᠍ ᠦᠨ ᠵᠠᠰᠠᠭ᠂ ᠨᠡᠶᠢᠭᠡᠮ ᠤᠨ ᠬᠥᠭᠵᠢᠯ ᠦᠨ ᠦᠨᠳᠦᠰᠦᠨ ᠴᠢᠭᠯᠡᠯ ᠢ ᠲᠣᠳᠣᠷᠬᠠᠶᠢᠯᠠᠵᠤ᠂ ᠵᠠᠰᠠᠭ ᠤᠨ ᠭᠠᠵᠠᠷ ᠤᠨ ᠦᠢᠯᠡ ᠠᠵᠢᠯᠯᠠᠭᠠᠨ ᠤ ᠬᠥᠲᠥᠯᠪᠦᠷᠢ᠂ ᠤᠯᠤᠰ ᠤᠨ ᠲᠥᠰᠥᠪ᠂ ᠲᠡᠭᠦᠨ ᠦ ᠭᠦᠢᠴᠡᠳᠬᠡᠯ ᠦᠨ ᠲᠠᠶᠢᠯᠠᠩ ᠢ ᠪᠠᠲᠤᠯᠠᠬᠤ;

8/ ᠬᠠᠤᠯᠢ᠂ ᠤᠯᠤᠰ ᠤᠨ ᠶᠡᠬᠡ ᠬᠤᠷᠠᠯ ᠤᠨ ᠪᠤᠰᠤᠳ ᠰᠢᠢᠳᠪᠦᠷᠢ ᠶᠢᠨ ᠪᠡᠶᠡᠯᠡᠯᠲᠡ ᠶᠢ ᠬᠢᠨᠠᠨ ᠰᠢᠯᠭᠠᠬᠤ;

9/ ᠤᠯᠤᠰ ᠤᠨ ᠬᠢᠯᠢ ᠲᠣᠭᠲᠠᠭᠠᠬᠤ; 10/ ᠮᠣᠩᠭᠣᠯ ᠤᠯᠤᠰ ᠤᠨ ᠦᠨᠳᠦᠰᠦᠨ ᠦ ᠠᠶᠤᠯ ᠦᠭᠡᠢ ᠪᠠᠶᠢᠳᠠᠯ ᠤᠨ ᠵᠥᠪᠯᠡᠯ ᠦᠨ ᠪᠦᠲᠦᠴᠡ᠂ ᠪᠦᠷᠢᠯᠳᠦᠬᠦᠨ᠂ ᠪᠦᠷᠢᠨ ᠡᠷᠬᠡ ᠶᠢ ᠲᠣᠭᠲᠠᠭᠠᠬᠤ;

11/ ᠵᠠᠰᠠᠭ ᠤᠨ ᠭᠠᠵᠠᠷ ᠤᠨ ᠡᠷᠭᠦᠨ ᠮᠡᠳᠡᠭᠦᠯᠦᠭᠰᠡᠨ ᠢᠶᠡᠷ ᠮᠣᠩᠭᠣᠯ ᠤᠯᠤᠰ ᠤᠨ ᠵᠠᠰᠠᠭ ᠵᠠᠬᠢᠷᠭ᠎ᠠ᠂ ᠨᠤᠲᠤᠭ ᠳᠡᠪᠢᠰᠬᠡᠷ ᠦᠨ ᠬᠤᠪᠢᠶᠠᠷᠢ ᠶᠢ ᠪᠠᠲᠤᠯᠠᠬᠤ᠂ ᠦᠭᠡᠷᠡᠴᠢᠯᠡᠬᠦ;

12/ ᠨᠤᠲᠤᠭ ᠤᠨ ᠥᠪᠡᠷ ᠢᠶᠡᠨ ᠤᠳᠤᠷᠢᠳᠬᠤ ᠪᠣᠯᠤᠨ ᠵᠠᠬᠢᠷᠭᠠᠨ ᠤ ᠪᠠᠶᠢᠭᠤᠯᠤᠯᠭ᠎ᠠ ᠶᠢᠨ ᠲᠣᠭᠲᠠᠯᠴᠠᠭ᠎ᠠ᠂ ᠵᠣᠬᠢᠶᠠᠨ ᠪᠠᠶᠢᠭᠤᠯᠤᠯᠲᠠ᠂ ᠦᠢᠯᠡ ᠠᠵᠢᠯᠯᠠᠭᠠᠨ ᠤ ᠡᠷᠬᠡ ᠵᠦᠢ ᠶᠢᠨ ᠦᠨᠳᠦᠰᠦ ᠶᠢ ᠲᠣᠭᠲᠠᠭᠠᠬᠤ;

13/ ᠤᠯᠤᠰ ᠤᠨ ᠴᠣᠯᠠ᠂ ᠣᠳᠤᠨ᠂ ᠮᠧᠳᠠᠯ᠂ ᠴᠡᠷᠢᠭ ᠦᠨ ᠳᠡᠭᠡᠳᠦ ᠴᠣᠯᠠ ᠪᠤᠢ ᠪᠣᠯᠭᠠᠬᠤ᠂ ᠲᠥᠷᠦ ᠶᠢᠨ ᠠᠯᠪᠠᠨ ᠤ ᠵᠠᠷᠢᠮ ᠲᠤᠰᠬᠠᠢ ᠰᠠᠯᠪᠤᠷᠢ ᠶᠢᠨ ᠠᠯᠪᠠᠨ ᠲᠤᠰᠢᠶᠠᠯ ᠤᠨ ᠵᠡᠷᠭᠡ ᠳᠡᠪ ᠢ ᠲᠣᠭᠲᠠᠭᠠᠬᠤ;

14/ ᠥᠷᠥᠰᠢᠶᠡᠯ ᠦᠵᠡᠭᠦᠯᠬᠦ ᠰᠢᠢᠳᠪᠦᠷᠢ ᠭᠠᠷᠭᠠᠬᠤ;

15/ ᠵᠠᠰᠠᠭ ᠤᠨ ᠭᠠᠵᠠᠷ ᠤᠨ ᠡᠷᠭᠦᠨ ᠮᠡᠳᠡᠭᠦᠯᠦᠭᠰᠡᠨ ᠢᠶᠡᠷ ᠮᠣᠩᠭᠣᠯ ᠤᠯᠤᠰ ᠤᠨ ᠣᠯᠠᠨ ᠤᠯᠤᠰ ᠤᠨ ᠭᠡᠷ᠎ᠡ ᠶᠢ ᠰᠣᠶᠣᠷᠬᠠᠨ ᠪᠠᠲᠤᠯᠠᠬᠤ᠂ ᠴᠤᠴᠠᠯᠬᠤ᠂ ᠭᠠᠳᠠᠭᠠᠳᠤ ᠤᠯᠤᠰ ᠲᠠᠢ ᠳ᠋ᠢᠫᠯᠣᠮᠠᠲ ᠬᠠᠷᠢᠯᠴᠠᠭ᠎ᠠ ᠲᠣᠭᠲᠠᠭᠠᠬᠤ᠂ ᠴᠤᠴᠠᠯᠬᠤ;

16/ ᠠᠷᠠᠳ ᠨᠡᠶᠢᠲᠡ ᠶᠢᠨ ᠰᠠᠨᠠᠯ ᠠᠰᠠᠭᠤᠯᠭ᠎ᠠ ᠶᠠᠪᠤᠭᠤᠯᠬᠤ᠃ ᠰᠣᠩᠭᠣᠭᠤᠯᠢ ᠶᠢᠨ ᠡᠷᠬᠡ ᠪᠦᠬᠦᠢ ᠢᠷᠭᠡᠳ ᠦᠨ ᠣᠯᠠᠩᠬᠢ ᠨᠢ ᠣᠷᠣᠯᠴᠠᠭᠰᠠᠨ ᠠᠷᠠᠳ ᠨᠡᠶᠢᠲᠡ ᠶᠢᠨ ᠰᠠᠨᠠᠯ ᠠᠰᠠᠭᠤᠯᠭ᠎ᠠ ᠶᠢ ᠬᠦᠴᠦᠨ ᠲᠡᠢ ᠳᠦ ᠲᠣᠭᠠᠴᠠᠵᠤ᠂ ᠣᠯᠠᠩᠬᠢ ᠶᠢᠨ ᠰᠠᠨᠠᠯ ᠠᠪᠤᠭᠰᠠᠨ ᠠᠰᠠᠭᠤᠳᠠᠯ ᠢ ᠰᠢᠢᠳᠪᠦᠷᠢᠯᠡᠭᠳᠡᠭᠰᠡᠨ ᠭᠡᠵᠦ ᠦᠵᠡᠨ᠎ᠡ;

17/ ᠮᠣᠩᠭᠣᠯ ᠤᠯᠤᠰ ᠤᠨ ᠲᠤᠰᠠᠭᠠᠷ ᠲᠣᠭᠲᠠᠨᠢᠯ᠂ ᠪᠦᠷᠢᠨ ᠡᠷᠬᠡᠲᠦ ᠪᠠᠶᠢᠳᠠᠯ ᠳᠤ ᠪᠤᠰᠤᠳ ᠤᠯᠤᠰ ᠠᠴᠠ ᠠᠶᠤᠯ ᠵᠠᠨᠤᠯ ᠤᠴᠠᠷᠠᠭᠤᠯᠵᠤ᠂ ᠵᠡᠪᠰᠡᠭᠯᠡᠨ ᠬᠠᠯᠠᠳᠠᠪᠠᠯ ᠳᠠᠶᠢᠨ ᠪᠦᠬᠦᠢ ᠪᠠᠶᠢᠳᠠᠯ ᠵᠠᠷᠯᠠᠬᠤ᠂ ᠴᠤᠴᠠᠯᠬᠤ;

18/ ᠡᠨᠡ ᠵᠦᠢᠯ ᠦᠨ 2᠂ ᠽ ᠳᠠᠬᠢ ᠬᠡᠰᠡᠭ ᠲᠦ ᠵᠢᠭᠠᠭᠰᠠᠨ ᠣᠨᠴᠠᠭᠠᠢ ᠨᠥᠬᠥᠴᠡᠯ ᠳᠦ ᠤᠯᠤᠰ ᠤᠨ ᠨᠡᠶᠢᠲᠡ ᠨᠤᠲᠤᠭ ᠳᠡᠪᠢᠰᠬᠡᠷ ᠲᠦ ᠪᠤᠶᠤ ᠵᠠᠷᠢᠮ ᠬᠡᠰᠡᠭ ᠲᠦ ᠨᠢ ᠣᠨᠴᠠ ᠪᠣᠯᠤᠨ ᠳᠠᠶᠢᠨ ᠤ ᠪᠠᠶᠢᠳᠠᠯ ᠵᠠᠷᠯᠠᠬᠤ᠂ ᠡᠰᠡᠬᠦᠯ᠎ᠡ ᠡᠨᠡ ᠲᠤᠬᠠᠢ ᠭᠠᠷᠭᠠᠭᠰᠠᠨ ᠶᠡᠷᠦᠩᠬᠡᠶᠢᠯᠡᠭᠴᠢ ᠶᠢᠨ ᠵᠠᠷᠯᠢᠭ ᠢ ᠪᠠᠲᠤᠯᠠᠬᠤ᠂ ᠬᠦᠴᠦᠨ ᠭᠦᠢ ᠪᠣᠯᠭᠠᠬᠤ᠃

2᠃ ᠳᠠᠷᠠᠭᠠᠬᠢ ᠣᠨᠴᠠᠭᠠᠢ ᠨᠥᠬᠥᠴᠡᠯ ᠪᠤᠢ ᠪᠣᠯᠤᠭᠰᠠᠨ ᠦᠶ᠎ᠡ ᠳᠦ ᠦᠷ᠎ᠡ ᠳᠠᠭᠠᠪᠤᠷᠢ ᠶᠢ ᠨᠢ ᠠᠷᠢᠯᠭᠠᠬᠤ᠂ ᠬᠦᠮᠦᠨ ᠠᠮᠠ᠂ ᠨᠡᠶᠢᠭᠡᠮ ᠦᠨ ᠠᠮᠢᠳᠤᠷᠠᠯ ᠢ ᠬᠡᠪ ᠦᠨ ᠪᠣᠯᠭᠠᠬᠤ ᠶᠢᠨ ᠲᠤᠯᠠᠳᠠ ᠣᠨᠴᠠ ᠪᠠᠶᠢᠳᠠᠯ ᠵᠠᠷᠯᠠᠵᠤ ᠪᠣᠯᠤᠨ᠎ᠠ᠄

1/ ᠤᠯᠤᠰ ᠤᠨ ᠨᠡᠶᠢᠲᠡ ᠨᠤᠲᠤᠭ ᠳᠡᠪᠢᠰᠬᠡᠷ ᠲᠦ ᠪᠤᠶᠤ ᠵᠠᠷᠢᠮ ᠬᠡᠰᠡᠭ ᠲᠦ ᠨᠢ ᠣᠷᠣᠰᠢᠨ ᠰᠠᠭᠤᠭ᠎ᠠ ᠬᠦᠮᠦᠨ ᠠᠮᠠ ᠶᠢᠨ ᠠᠮᠢ ᠨᠠᠰᠤ᠂ ᠡᠷᠡᠭᠦᠯ ᠮᠡᠨᠳᠦ᠂ ᠠᠵᠤ ᠠᠮᠢᠳᠤᠷᠠᠯ᠂ ᠨᠡᠶᠢᠲᠡ ᠶᠢᠨ ᠠᠶᠤᠯ ᠦᠭᠡᠢ ᠪᠠᠶᠢᠳᠠᠯ ᠳᠤ ᠰᠢᠭᠤᠳ ᠠᠶᠤᠯ ᠤᠴᠠᠷᠠᠭᠤᠯᠤᠭᠰᠠᠨ ᠪᠤᠶᠤ ᠤᠴᠠᠷᠠᠭᠤᠯᠬᠤᠶᠢᠴᠠ ᠪᠠᠶᠢᠭᠠᠯ ᠤᠨ ᠭᠠᠮᠰᠢᠭ᠂ ᠭᠡᠨᠡᠳᠲᠡ ᠶᠢᠨ ᠪᠤᠰᠤᠳ ᠠᠶᠤᠯ ᠲᠣᠬᠢᠶᠠᠯᠳᠤᠭᠰᠠᠨ;

2/ ᠦᠨᠳᠦᠰᠦᠨ ᠬᠠᠤᠯᠢ ᠶᠢᠨ ᠳᠢᠭ ᠵᠢᠷᠤᠮ᠂ ᠨᠡᠶᠢᠭᠡᠮ ᠤᠨ ᠬᠠᠤᠯᠢ ᠶᠣᠰᠣᠨ ᠤ ᠲᠣᠭᠲᠠᠯᠴᠠᠭ᠎ᠠ ᠣᠷᠣᠰᠢᠨ ᠲᠣᠭᠲᠠᠨᠢᠬᠤ ᠳᠤ ᠵᠠᠨᠤᠯᠬᠢᠯᠡᠭᠰᠡᠨ ᠠᠯᠢᠪᠠ ᠪᠠᠶᠢᠭᠤᠯᠤᠯᠭ᠎ᠠ᠂ ᠪᠦᠯᠦᠭ ᠬᠦᠮᠦᠨ ᠦ ᠵᠣᠬᠢᠶᠠᠨ ᠪᠠᠶᠢᠭᠤᠯᠤᠯᠲᠠ ᠪᠦᠬᠦᠢ ᠬᠦᠴᠦ ᠬᠡᠷᠡᠭᠯᠡᠭᠰᠡᠨ ᠬᠠᠤᠯᠢ ᠪᠤᠰᠤ ᠦᠢᠯᠡ ᠠᠵᠢᠯᠯᠠᠭᠠᠨ ᠤ ᠤᠯᠠᠮ ᠠᠴᠠ ᠡᠭᠦᠰᠦᠭᠰᠡᠨ ᠨᠡᠶᠢᠲᠡ ᠶᠢᠨ ᠡᠮᠬᠢ ᠵᠠᠮᠪᠠᠷᠠᠭ᠎ᠠ ᠦᠭᠡᠢ ᠪᠠᠶᠢᠳᠠᠯ ᠢ ᠲᠥᠷᠥ ᠶᠢᠨ ᠪᠠᠶᠢᠭᠤᠯᠤᠯᠭ᠎ᠠ ᠡᠷᠬᠡ ᠬᠡᠮᠵᠢᠶᠡᠨ ᠦ ᠪᠡᠨ ᠳᠣᠲᠣᠷ᠎ᠠ ᠶᠡᠷᠦᠳᠡ ᠶᠢᠨ ᠠᠷᠭ᠎ᠠ ᠬᠡᠷᠡᠭᠰᠡᠯ ᠢᠶᠡᠷ ᠲᠣᠬᠣᠨᠢᠭᠤᠯᠬᠤ ᠪᠣᠯᠤᠮᠵᠢ ᠦᠭᠡᠢ ᠪᠣᠯᠤᠭᠰᠠᠨ᠃

3᠃ ᠤᠯᠤᠰ ᠤᠨ ᠨᠡᠶᠢᠲᠡ ᠨᠤᠲᠤᠭ ᠳᠡᠪᠢᠰᠬᠡᠷ ᠲᠦ ᠪᠤᠶᠤ ᠵᠠᠷᠢᠮ ᠬᠡᠰᠡᠭ ᠲᠦ ᠨᠢ ᠨᠡᠶᠢᠲᠡ ᠶᠢᠨ ᠡᠮᠬᠢ ᠵᠠᠮᠪᠠᠷᠠᠭ᠎ᠠ ᠦᠭᠡᠢ ᠪᠠᠶᠢᠳᠠᠯ ᠡᠭᠦᠰᠴᠢ᠂ ᠵᠡᠪᠰᠡᠭᠲᠦ ᠮᠥᠷᠭᠥᠯᠳᠦᠭᠡᠨ ᠳᠦ ᠬᠦᠷᠦᠭᠰᠡᠨ᠂ ᠲᠡᠶᠢᠮᠦ ᠮᠥᠷᠭᠥᠯᠳᠦᠭᠡᠨ ᠭᠠᠷᠬᠤ ᠪᠣᠳᠠᠲᠤ ᠠᠶᠤᠯ ᠪᠤᠢ ᠪᠣᠯᠤᠭᠰᠠᠨ᠂ ᠪᠤᠰᠤᠳ ᠤᠯᠤᠰ ᠠᠴᠠ ᠴᠡᠷᠢᠭ ᠦᠨ ᠬᠦᠴᠦ ᠪᠡᠷ ᠲᠦᠷᠢᠮᠡᠭᠡᠶᠢᠯᠡᠨ ᠬᠠᠯᠠᠳᠠᠭᠰᠠᠨ᠂ ᠡᠰᠡᠬᠦᠯ᠎ᠡ ᠲᠥᠶᠢᠨᠬᠦᠦ ᠬᠠᠯᠠᠳᠠᠬᠤ ᠨᠢ ᠪᠣᠳᠠᠲᠠᠢ ᠪᠣᠯᠤᠭᠰᠠᠨ ᠦᠶ᠎ᠡ ᠳᠦ ᠳᠠᠶᠢᠨ ᠤ ᠪᠠᠶᠢᠳᠠᠯ ᠵᠠᠷᠯᠠᠵᠤ ᠪᠣᠯᠤᠨ᠎ᠠ᠃

4᠃ ᠤᠯᠤᠰ ᠤᠨ ᠶᠡᠬᠡ ᠬᠤᠷᠠᠯ ᠤᠨ ᠪᠤᠰᠤᠳ ᠪᠦᠷᠢᠨ ᠡᠷᠬᠡ᠂ ᠵᠣᠬᠢᠶᠠᠨ ᠪᠠᠶᠢᠭᠤᠯᠤᠯᠲᠠ᠂ ᠦᠢᠯᠡ ᠠᠵᠢᠯᠯᠠᠭᠠᠨ ᠤ ᠵᠢᠷᠤᠮ ᠢ ᠬᠠᠤᠯᠢ ᠪᠠᠷ ᠲᠣᠭᠲᠠᠭᠠᠨ᠎ᠠ᠃ ᠬᠣᠷᠢᠨ ᠵᠢᠷᠭᠤᠳᠤᠭᠠᠷ ᠵᠦᠢᠯ᠃ 1᠃ ᠶᠡᠷᠦᠩᠬᠡᠶᠢᠯᠡᠭᠴᠢ᠂ ᠤᠯᠤᠰ ᠤᠨ ᠶᠡᠬᠡ ᠬᠤᠷᠠᠯ ᠤᠨ ᠭᠡᠰᠢᠭᠦᠨ᠂ ᠵᠠᠰᠠᠭ ᠤᠨ ᠭᠠᠵᠠᠷ ᠬᠠᠤᠯᠢ ᠰᠠᠨᠠᠭᠠᠴᠢᠯᠠᠬᠤ ᠡᠷᠬᠡ ᠡᠳ᠋ᠯᠡᠨ᠎ᠡ᠃

2᠃ ᠢᠷᠭᠡᠳ᠂ ᠪᠤᠰᠤᠳ ᠪᠠᠶᠢᠭᠤᠯᠤᠯᠭ᠎ᠠ ᠬᠠᠤᠯᠢ ᠶᠢᠨ ᠲᠥᠰᠥᠯ ᠦᠨ ᠲᠤᠬᠠᠢ ᠰᠠᠨᠠᠯ ᠢᠶᠠᠨ ᠬᠠᠤᠯᠢ ᠰᠠᠨᠠᠭᠠᠴᠢᠯᠠᠭᠴᠢ ᠳᠤ ᠤᠯᠠᠮᠵᠢᠯᠠᠨ᠎ᠠ᠃

3᠃ ᠮᠣᠩᠭᠣᠯ ᠤᠯᠤᠰ ᠤᠨ ᠬᠠᠤᠯᠢ ᠶᠢ ᠤᠯᠤᠰ ᠤᠨ ᠶᠡᠬᠡ ᠬᠤᠷᠠᠯ ᠠᠯᠪᠠᠨ ᠶᠣᠰᠣᠭᠠᠷ ᠨᠡᠶᠢᠳᠡᠯᠡᠬᠦ ᠪᠥᠭᠡᠳ ᠬᠡᠷᠪᠡ ᠬᠠᠤᠯᠢ ᠳᠤ ᠥᠭᠡᠷ᠎ᠡ ᠪᠡᠷ ᠵᠢᠭᠠᠭ᠎ᠠ ᠦᠭᠡᠢ ᠪᠣᠯ ᠡᠶᠢᠨᠬᠦᠦ ᠨᠡᠶᠢᠲᠡᠯᠡᠭᠰᠡᠨ ᠡᠴᠡ ᠬᠣᠶᠢᠰᠢ ᠠᠷᠪᠠ ᠬᠣᠨᠣᠭ ᠤᠨ ᠳᠠᠷᠠᠭ᠎ᠠ ᠬᠦᠴᠦᠨ ᠲᠡᠭᠦᠯᠳᠡᠷ ᠪᠣᠯᠤᠨ᠎ᠠ᠃

ᠬᠡᠪᠯᠡᠬᠦ ᠬᠣᠷᠢᠨ ᠳᠣᠯᠣᠳᠤᠭᠠᠷ ᠵᠦᠢᠯ᠃ 1᠃ ᠤᠯᠤᠰ ᠤᠨ ᠶᠡᠬᠡ ᠬᠤᠷᠠᠯ ᠪᠦᠷᠢᠨ ᠡᠷᠬᠡ ᠪᠡᠨ ᠴᠢᠭᠤᠯᠭᠠᠨ᠂ ᠵᠣᠬᠢᠶᠠᠨ ᠪᠠᠶᠢᠭᠤᠯᠤᠯᠲᠠ ᠶᠢᠨ ᠪᠤᠰᠤᠳ ᠬᠡᠯᠪᠡᠷᠢ ᠪᠡᠷ ᠬᠡᠷᠡᠭᠵᠢᠭᠦᠯᠦᠨ᠎ᠡ᠃

2᠃ ᠤᠯᠤᠰ ᠤᠨ ᠶᠡᠬᠡ ᠬᠤᠷᠠᠯ ᠤᠨ ᠡᠭᠡᠯᠵᠢᠲᠦ ᠴᠢᠭᠤᠯᠭᠠᠨ ᠬᠠᠭᠠᠰ ᠵᠢᠯ ᠲᠤᠲᠤᠮ ᠨᠢᠭᠡ ᠤᠳᠠᠭ᠎ᠠ ᠲᠠᠪᠢ ᠠᠴᠠ ᠳᠣᠭᠣᠭᠰᠢ ᠦᠭᠡᠢ ᠠᠵᠢᠯ ᠤᠨ ᠡᠳᠦᠷ ᠴᠢᠭᠤᠯᠤᠨ᠎ᠠ᠃

/ᠡᠨᠡ ᠬᠡᠰᠡᠭ ᠢ 1999 ᠣᠨ ᠤ 12 ᠳ᠋ᠤᠭᠠᠷ ᠰᠠᠷ᠎ᠠ ᠶᠢᠨ 24 ᠍ ᠦ ᠡᠳᠦᠷ ᠪᠠᠲᠤᠯᠠᠭᠳᠠᠭᠰᠠᠨ ᠮᠣᠩᠭᠣᠯ ᠤᠯᠤᠰ ᠤᠨ ᠦᠨᠳᠦᠰᠦᠨ ᠬᠠᠤᠯᠢ ᠳᠤ ᠣᠷᠣᠭᠤᠯᠤᠭᠰᠠᠨ ᠨᠡᠮᠡᠯᠲᠡ᠂ ᠥᠭᠡᠷᠡᠴᠢᠯᠡᠯᠲᠡ ᠪᠡᠷ ᠥᠭᠡᠷᠡᠴᠢᠯᠡᠨ ᠨᠠᠶᠢᠷᠠᠭᠤᠯᠤᠭᠰᠠᠨ ᠪᠥᠭᠡᠳ ᠦᠨᠳᠦᠰᠦᠨ ᠬᠠᠤᠯᠢ ᠶᠢᠨ ᠴᠡᠴᠡ ᠶᠢᠨ 2000 ᠣᠨ ᠤ 02 ᠳ᠋ᠤᠭᠠᠷ ᠲᠣᠭᠲᠠᠭᠠᠯ ᠢᠶᠠᠷ ᠬᠦᠴᠦᠨ ᠭᠦᠢ ᠪᠣᠯᠤᠭᠰᠠᠨ᠃ ᠮᠥᠨ 2000 ᠣᠨ ᠤ 12 ᠳ᠋ᠤᠭᠠᠷ ᠰᠠᠷ᠎ᠠ ᠶᠢᠨ 14 ᠍ ᠦ ᠡᠳᠦᠷ ᠪᠠᠲᠤᠯᠠᠭᠳᠠᠭᠰᠠᠨ ᠮᠣᠩᠭᠣᠯ ᠤᠯᠤᠰ ᠤᠨ ᠦᠨᠳᠦᠰᠦᠨ ᠬᠠᠤᠯᠢ ᠳᠤ ᠣᠷᠣᠭᠤᠯᠤᠭᠰᠠᠨ ᠨᠡᠮᠡᠯᠲᠡ᠂ ᠥᠭᠡᠷᠡᠴᠢᠯᠡᠯᠲᠡ ᠪᠡᠷ ᠥᠭᠡᠷᠡᠴᠢᠯᠡᠨ ᠨᠠᠶᠢᠷᠠᠭᠤᠯᠤᠭᠰᠠᠨ/ 3᠃ ᠤᠯᠤᠰ ᠤᠨ ᠶᠡᠬᠡ ᠬᠤᠷᠠᠯ ᠤᠨ ᠭᠡᠰᠢᠭᠦᠳ ᠦᠨ ᠭᠤᠷᠪᠠᠨ ᠤ ᠨᠢᠭᠡ ᠡᠴᠡ ᠳᠡᠭᠡᠭᠰᠢᠬᠢ ᠶᠢᠨ ᠱᠠᠭᠠᠷᠳᠠᠰᠤᠨ ᠢᠶᠠᠷ᠂ ᠡᠰᠡᠬᠦᠯ᠎ᠡ ᠶᠡᠷᠦᠩᠬᠡᠶᠢᠯᠡᠭᠴᠢ᠂ ᠤᠯᠤᠰ ᠤᠨ ᠶᠡᠬᠡ ᠬᠤᠷᠠᠯ ᠤᠨ ᠳᠠᠷᠤᠭ᠎ᠠ ᠶᠢᠨ ᠰᠠᠨᠠᠭᠠᠴᠢᠯᠠᠭ᠎ᠠ ᠪᠠᠷ ᠡᠭᠡᠯᠵᠢᠲᠦ ᠪᠤᠰᠤ ᠴᠢᠭᠤᠯᠭᠠᠨ ᠴᠢᠭᠤᠯᠵᠤ ᠪᠣᠯᠤᠨ᠎ᠠ᠃

4᠃ ᠤᠯᠤᠰ ᠤᠨ ᠶᠡᠬᠡ ᠬᠤᠷᠠᠯ ᠤᠨ ᠠᠩᠬᠠᠳᠤᠭᠠᠷ ᠴᠢᠭᠤᠯᠭᠠᠨ ᠢ ᠰᠣᠩᠭᠣᠭᠤᠯᠢ ᠶᠠᠪᠤᠭᠤᠯᠤᠭᠰᠠᠨ ᠡᠳᠦᠷ ᠡᠴᠡ ᠬᠣᠶᠢᠰᠢ ᠭᠤᠴᠢ ᠬᠣᠨᠣᠭ ᠤᠨ ᠳᠣᠲᠣᠷ᠎ᠠ ᠶᠡᠷᠦᠩᠬᠡᠶᠢᠯᠡᠭᠴᠢ᠂ ᠪᠤᠰᠤᠳ ᠴᠢᠭᠤᠯᠭᠠᠨ ᠢ ᠤᠯᠤᠰ ᠤᠨ ᠶᠡᠬᠡ ᠬᠤᠷᠠᠯ ᠤᠨ ᠳᠠᠷᠤᠭ᠎ᠠ ᠲᠣᠪᠯᠠᠨ ᠵᠠᠷᠯᠠᠨ᠎ᠠ᠃

5᠃ ᠶᠡᠷᠦᠩᠬᠡᠶᠢᠯᠡᠭᠴᠢ ᠣᠨᠴᠠ ᠪᠣᠯᠤᠨ ᠳᠠᠶᠢᠨ ᠤ ᠪᠠᠶᠢᠳᠠᠯ ᠵᠠᠷᠯᠠᠪᠠᠯ ᠲᠡᠭᠦᠨ ᠡᠴᠡ ᠬᠣᠶᠢᠰᠢ ᠳᠠᠯᠠᠨ ᠬᠣᠶᠠᠷ ᠴᠠᠭ ᠤᠨ ᠳᠣᠲᠣᠷ᠎ᠠ ᠤᠯᠤᠰ ᠤᠨ ᠶᠡᠬᠡ ᠬᠤᠷᠠᠯ ᠣᠨᠴᠠᠭᠠᠢ ᠴᠢᠭᠤᠯᠭᠠᠨ ᠢᠶᠠᠨ ᠲᠤᠰᠬᠠᠶᠢᠯᠠᠨ ᠲᠣᠪᠯᠠᠬᠤ ᠦᠭᠡᠢ ᠪᠡᠷ ᠴᠢᠭᠤᠯᠤᠨ᠎ᠠ᠃ 6᠃ ᠤᠯᠤᠰ ᠤᠨ ᠶᠡᠬᠡ ᠬᠤᠷᠠᠯ ᠤᠨ ᠴᠢᠭᠤᠯᠭᠠᠨ ᠤ ᠪᠣᠯᠤᠨ ᠪᠠᠶᠢᠩᠭᠤ ᠶᠢᠨ ᠬᠣᠷᠢᠶᠠᠨ ᠤ ᠬᠤᠷᠠᠯᠳᠤᠭᠠᠨ ᠢ ᠭᠡᠰᠢᠭᠦᠳ ᠦᠨ ᠣᠯᠠᠩᠬᠢ ᠨᠢ ᠬᠦᠷᠦᠯᠴᠡᠨ ᠢᠷᠡᠭᠰᠡᠨ ᠢᠶᠡᠷ ᠬᠦᠴᠦᠨ ᠲᠡᠢ ᠳᠦ ᠦᠵᠡᠵᠦ᠂ ᠬᠤᠷᠠᠯᠳᠤᠭᠠᠨ ᠳᠤ ᠣᠷᠣᠯᠴᠠᠭᠰᠠᠨ ᠭᠡᠰᠢᠭᠦᠳ ᠦᠨ ᠣᠯᠠᠩᠬᠢ ᠶᠢᠨ ᠰᠠᠨᠠᠯ ᠢᠶᠠᠷ ᠠᠰᠠᠭᠤᠳᠠᠯ ᠢ ᠰᠢᠢᠳᠪᠦᠷᠢᠯᠡᠨ᠎ᠡ᠃ ᠶᠡᠷᠦᠩᠬᠡᠢ ᠰᠠᠶᠢᠳ᠂ ᠵᠠᠰᠠᠭ ᠤᠨ ᠭᠠᠵᠠᠷ ᠤᠨ ᠭᠡᠰᠢᠭᠦᠨ ᠢ ᠲᠤᠮᠢᠯᠠᠬᠤ ᠲᠤᠬᠠᠢ ᠠᠰᠠᠭᠤᠳᠠᠯ᠂ ᠲᠡᠭᠦᠨᠴᠢᠯᠡᠨ ᠬᠠᠤᠯᠢ ᠳᠤ ᠥᠭᠡᠷ᠎ᠡ ᠪᠡᠷ ᠵᠢᠭᠠᠭ᠎ᠠ ᠦᠭᠡᠢ ᠪᠣᠯ ᠪᠤᠰᠤᠳ ᠠᠰᠠᠭᠤᠳᠠᠯ ᠢ ᠰᠠᠨᠠᠯ᠎ᠠ ᠢᠯᠡ ᠪᠡᠷ ᠭᠠᠷᠭᠠᠵᠤ ᠰᠢᠢᠳᠪᠦᠷᠢᠯᠡᠨ᠎ᠡ᠃

/ᠡᠨᠡ ᠬᠡᠰᠡᠭ ᠢ 1999 ᠣᠨ ᠤ 12 ᠳ᠋ᠤᠭᠠᠷ ᠰᠠᠷ᠎ᠠ ᠶᠢᠨ 24 ᠍ ᠦ ᠡᠳᠦᠷ ᠪᠠᠲᠤᠯᠠᠭᠳᠠᠭᠰᠠᠨ ᠮᠣᠩᠭᠣᠯ ᠤᠯᠤᠰ ᠤᠨ ᠦᠨᠳᠦᠰᠦᠨ ᠬᠠᠤᠯᠢ ᠳᠤ ᠣᠷᠣᠭᠤᠯᠤᠭᠰᠠᠨ ᠨᠡᠮᠡᠯᠲᠡ᠂ ᠥᠭᠡᠷᠡᠴᠢᠯᠡᠯᠲᠡ ᠪᠡᠷ ᠥᠭᠡᠷᠡᠴᠢᠯᠡᠨ ᠨᠠᠶᠢᠷᠠᠭᠤᠯᠤᠭᠰᠠᠨ ᠪᠥᠭᠡᠳ ᠦᠨᠳᠦᠰᠦᠨ ᠬᠠᠤᠯᠢ ᠶᠢᠨ ᠴᠡᠴᠡ ᠶᠢᠨ 2000 ᠣᠨ ᠤ 02 ᠳ᠋ᠤᠭᠠᠷ ᠲᠣᠭᠲᠠᠭᠠᠯ ᠢᠶᠠᠷ ᠬᠦᠴᠦᠨ ᠭᠦᠢ ᠪᠣᠯᠤᠭᠰᠠᠨ᠃ ᠮᠥᠨ 2000 ᠣᠨ ᠤ 12 ᠳ᠋ᠤᠭᠠᠷ ᠰᠠᠷ᠎ᠠ ᠶᠢᠨ 14 ᠍ ᠦ ᠡᠳᠦᠷ ᠪᠠᠲᠤᠯᠠᠭᠳᠠᠭᠰᠠᠨ ᠮᠣᠩᠭᠣᠯ ᠤᠯᠤᠰ ᠤᠨ ᠦᠨᠳᠦᠰᠦᠨ ᠬᠠᠤᠯᠢ ᠳᠤ ᠣᠷᠣᠭᠤᠯᠤᠭᠰᠠᠨ ᠨᠡᠮᠡᠯᠲᠡ᠂ ᠥᠭᠡᠷᠡᠴᠢᠯᠡᠯᠲᠡ ᠪᠡᠷ ᠥᠭᠡᠷᠡᠴᠢᠯᠡᠨ ᠨᠠᠶᠢᠷᠠᠭᠤᠯᠤᠭᠰᠠᠨ/ᠬᠡᠪᠯᠡᠬᠦ ᠬᠣᠷᠢᠨ ᠨᠠᠶᠢᠮᠠᠳᠤᠭᠠᠷ ᠵᠦᠢᠯ᠃ 1᠃ ᠤᠯᠤᠰ ᠤᠨ ᠶᠡᠬᠡ ᠬᠤᠷᠠᠯ ᠦᠢᠯᠡ ᠠᠵᠢᠯᠯᠠᠭᠠᠨ ᠤ ᠪᠠᠨ ᠵᠣᠬᠢᠬᠤ ᠰᠠᠯᠪᠤᠷᠢ᠂ ᠴᠢᠭᠯᠡᠯ ᠢᠶᠡᠷ ᠪᠠᠶᠢᠩᠭᠤ ᠶᠢᠨ ᠬᠣᠷᠢᠶᠠᠳ ᠲᠠᠢ ᠪᠠᠶᠢᠨ᠎ᠠ᠃

2᠃ ᠪᠠᠶᠢᠩᠭᠤ ᠶᠢᠨ ᠬᠣᠷᠢᠶᠠᠨ ᠤ ᠪᠦᠷᠢᠨ ᠡᠷᠬᠡ᠂ ᠵᠣᠬᠢᠶᠠᠨ ᠪᠠᠶᠢᠭᠤᠯᠤᠯᠲᠠ᠂ ᠦᠢᠯᠡ ᠠᠵᠢᠯᠯᠠᠭᠠᠨ ᠤ ᠵᠢᠷᠤᠮ ᠢ ᠤᠯᠤᠰ ᠤᠨ ᠶᠡᠬᠡ ᠬᠤᠷᠠᠯ ᠲᠣᠭᠲᠠᠭᠠᠨ᠎ᠠ᠃

ᠬᠡᠪᠯᠡᠬᠦ ᠬᠣᠷᠢᠨ ᠶᠢᠰᠦᠳᠦᠭᠡᠷ ᠵᠦᠢᠯ᠃ 1᠃ ᠤᠯᠤᠰ ᠤᠨ ᠶᠡᠬᠡ ᠬᠤᠷᠠᠯ ᠤᠨ ᠭᠡᠰᠢᠭᠦᠨ ᠪᠥᠷᠢᠨ ᠡᠷᠬᠡ ᠶᠢᠨ ᠢᠶᠡᠨ ᠬᠤᠭᠤᠴᠠᠭᠠᠨ ᠳᠤ ᠤᠯᠤᠰ ᠤᠨ ᠲᠥᠰᠦᠪ ᠡᠴᠡ ᠴᠠᠯᠢᠩ ᠠᠪᠤᠨ᠎ᠠ᠃ ᠤᠯᠤᠰ ᠤᠨ ᠶᠡᠬᠡ ᠬᠤᠷᠠᠯ ᠤᠨ ᠭᠡᠰᠢᠭᠦᠨ ᠨᠢ ᠶᠡᠷᠦᠩᠬᠡᠢ ᠰᠠᠶᠢᠳ᠂ ᠵᠠᠰᠠᠭ ᠤᠨ ᠭᠠᠵᠠᠷ ᠤᠨ ᠭᠡᠰᠢᠭᠦᠨ ᠡᠴᠡ ᠪᠤᠰᠤᠳ᠂ ᠬᠠᠤᠯᠢ ᠪᠠᠷ ᠲᠣᠭᠲᠠᠭᠠᠭᠰᠠᠨ ᠡᠭᠦᠷᠭᠡᠲᠦ ᠨᠢ ᠦᠯᠦ ᠬᠠᠮᠢᠶᠠᠷᠬᠤ ᠠᠵᠢᠯ᠂ ᠠᠯᠪᠠᠨ ᠲᠤᠰᠢᠶᠠᠯ ᠬᠠᠪᠰᠤᠷᠴᠢ ᠪᠣᠯᠬᠤ ᠦᠭᠡᠢ᠃

/ᠡᠨᠡ ᠬᠡᠰᠡᠭ ᠢ 1999 ᠣᠨ ᠤ 12 ᠳ᠋ᠤᠭᠠᠷ ᠰᠠᠷ᠎ᠠ ᠶᠢᠨ 24 ᠍ ᠦ ᠡᠳᠦᠷ ᠪᠠᠲᠤᠯᠠᠭᠳᠠᠭᠰᠠᠨ ᠮᠣᠩᠭᠣᠯ ᠤᠯᠤᠰ ᠤᠨ ᠦᠨᠳᠦᠰᠦᠨ ᠬᠠᠤᠯᠢ ᠳᠤ ᠣᠷᠣᠭᠤᠯᠤᠭᠰᠠᠨ ᠨᠡᠮᠡᠯᠲᠡ᠂ ᠥᠭᠡᠷᠡᠴᠢᠯᠡᠯᠲᠡ ᠪᠡᠷ ᠥᠭᠡᠷᠡᠴᠢᠯᠡᠨ ᠨᠠᠶᠢᠷᠠᠭᠤᠯᠤᠭᠰᠠᠨ ᠪᠥᠭᠡᠳ ᠦᠨᠳᠦᠰᠦᠨ ᠬᠠᠤᠯᠢ ᠶᠢᠨ ᠴᠡᠴᠡ ᠶᠢᠨ 2000 ᠣᠨ ᠤ 02 ᠳ᠋ᠤᠭᠠᠷ ᠲᠣᠭᠲᠠᠭᠠᠯ ᠢᠶᠠᠷ ᠬᠦᠴᠦᠨ ᠭᠦᠢ ᠪᠣᠯᠤᠭᠰᠠᠨ᠃ ᠮᠥᠨ 2000 ᠣᠨ ᠤ 12 ᠳ᠋ᠤᠭᠠᠷ ᠰᠠᠷ᠎ᠠ ᠶᠢᠨ 14 ᠍ ᠦ ᠡᠳᠦᠷ ᠪᠠᠲᠤᠯᠠᠭᠳᠠᠭᠰᠠᠨ ᠮᠣᠩᠭᠣᠯ ᠤᠯᠤᠰ ᠤᠨ ᠦᠨᠳᠦᠰᠦᠨ ᠬᠠᠤᠯᠢ ᠳᠤ ᠣᠷᠣᠭᠤᠯᠤᠭᠰᠠᠨ ᠨᠡᠮᠡᠯᠲᠡ᠂ ᠥᠭᠡᠷᠡᠴᠢᠯᠡᠯᠲᠡ ᠪᠡᠷ ᠥᠭᠡᠷᠡᠴᠢᠯᠡᠨ ᠨᠠᠶᠢᠷᠠᠭᠤᠯᠤᠭᠰᠠᠨ/ 2᠃ ᠤᠯᠤᠰ ᠤᠨ ᠶᠡᠬᠡ ᠬᠤᠷᠠᠯ ᠤᠨ ᠭᠡᠰᠢᠭᠦᠨ ᠦ ᠬᠠᠯᠳᠠᠰᠢ ᠦᠭᠡᠢ ᠪᠠᠶᠢᠳᠠᠯ ᠢ ᠬᠠᠤᠯᠢ ᠪᠠᠷ ᠬᠠᠮᠠᠭᠠᠯᠠᠨ᠎ᠠ᠃ 3᠃ ᠤᠯᠤᠰ ᠤᠨ ᠶᠡᠬᠡ ᠬᠤᠷᠠᠯ ᠤᠨ ᠭᠡᠰᠢᠭᠦᠨ ᠭᠡᠮᠲᠦ ᠬᠡᠷᠡᠭ ᠲᠦ ᠬᠣᠯᠪᠣᠭᠳᠠᠭᠰᠠᠨ ᠲᠤᠬᠠᠢ ᠠᠰᠠᠭᠤᠳᠠᠯ ᠢ ᠤᠯᠤᠰ ᠤᠨ ᠶᠡᠬᠡ ᠬᠤᠷᠠᠯ ᠤᠨ ᠴᠢᠭᠤᠯᠭᠠᠨ ᠢᠶᠠᠷ ᠬᠡᠯᠡᠯᠴᠡᠵᠦ᠂ ᠪᠦᠷᠢᠨ ᠡᠷᠬᠡ ᠶᠢ ᠨᠢ ᠲᠦᠳᠡᠭᠡᠯᠵᠡᠭᠦᠯᠬᠦ ᠡᠰᠡᠬᠦ ᠶᠢ ᠰᠢᠢᠳᠪᠦᠷᠢᠯᠡᠨ᠎ᠡ᠃ ᠤᠤᠯ ᠭᠡᠰᠢᠭᠦᠨ ᠭᠡᠮᠲᠦ ᠬᠡᠷᠡᠭ ᠦᠢᠯᠡᠳᠦᠭᠰᠡᠨ ᠭᠡᠵᠦ ᠰᠢᠭᠦᠬᠦ ᠲᠣᠭᠲᠠᠭᠠᠪᠠᠯ ᠤᠯᠤᠰ ᠤᠨ ᠶᠡᠬᠡ ᠬᠤᠷᠠᠯ ᠲᠡᠭᠦᠨ ᠢ ᠭᠡᠰᠢᠭᠦᠨ᠎ᠡ ᠡᠴᠡ ᠨᠢ ᠡᠭᠡᠭᠦᠯᠦᠨ ᠲᠠᠲᠠᠨ᠎ᠠ᠃

ХОЁР᠃ ᠮᠣᠩᠭᠣᠯ ᠤᠯᠤᠰ ᠤᠨ ᠶᠡᠷᠦᠩᠬᠡᠶᠢᠯᠡᠭᠴᠢ

ᠬᠡᠪᠯᠡᠬᠦ ᠭᠤᠴᠢᠳᠤᠭᠠᠷ ᠵᠦᠢᠯ᠃ 1᠃ ᠮᠣᠩᠭᠣᠯ ᠤᠯᠤᠰ ᠤᠨ ᠶᠡᠷᠦᠩᠬᠡᠶᠢᠯᠡᠭᠴᠢ ᠪᠣᠯ ᠲᠥᠷᠦ ᠶᠢᠨ ᠲᠡᠷᠢᠭᠦᠨ᠂ ᠮᠣᠩᠭᠣᠯ ᠤᠨ ᠠᠷᠠᠳ ᠲᠦᠮᠡᠨ ᠦ ᠡᠪ ᠨᠢᠭᠡᠳᠦᠯ ᠢ ᠢᠯᠡᠷᠬᠡᠶᠢᠯᠡᠭᠴᠢ ᠮᠥᠨ᠃

2᠃ ᠶᠡᠷᠦᠩᠬᠡᠶᠢᠯᠡᠭᠴᠢ ᠪᠡᠷ ᠳᠥᠴᠢᠨ ᠲᠠᠪᠤᠨ ᠨᠠᠰᠤ ᠬᠦᠷᠦᠭᠰᠡᠨ᠂ ᠰᠡᠭᠦᠯ ᠦᠨ ᠲᠠᠪᠤ ᠠᠴᠠ ᠳᠣᠭᠣᠭᠰᠢ ᠦᠭᠡᠢ ᠵᠢᠯ ᠡᠬᠡ ᠣᠷᠣᠨ ᠳᠤ ᠪᠠᠨ ᠪᠠᠶᠢᠩᠭᠤ ᠣᠷᠣᠰᠢᠨ ᠰᠠᠭᠤᠭᠰᠠᠨ᠂ ᠮᠣᠩᠭᠣᠯ ᠤᠯᠤᠰ ᠤᠨ ᠠᠭᠤᠭᠤᠯ ᠢᠷᠭᠡᠨ ᠢ ᠳᠥᠷᠪᠡᠨ ᠵᠢᠯ ᠦᠨ ᠬᠤᠭᠤᠴᠠᠭ᠎ᠠ ᠪᠠᠷ ᠰᠣᠩᠭᠣᠨ᠎ᠠ᠃

ᠬᠡᠪᠯᠡᠬᠦ ᠭᠤᠴᠢᠨ ᠨᠢᠭᠡᠳᠦᠭᠡᠷ ᠵᠦᠢᠯ᠃ 1᠃ ᠶᠡᠷᠦᠩᠬᠡᠶᠢᠯᠡᠭᠴᠢ ᠶᠢᠨ ᠰᠣᠩᠭᠣᠭᠤᠯᠢ ᠬᠣᠶᠠᠷ ᠱᠠᠲᠤ ᠲᠠᠢ ᠪᠠᠶᠢᠨ᠎ᠠ᠃

2᠃ ᠤᠯᠤᠰ ᠤᠨ ᠶᠡᠬᠡ ᠬᠤᠷᠠᠯ ᠳᠤ ᠰᠠᠭᠤᠳᠠᠯ ᠪᠦᠬᠦᠢ ᠨᠠᠮ ᠳᠠᠩ ᠢᠶᠠᠷ ᠢᠶᠠᠨ ᠪᠤᠶᠤ ᠬᠠᠮᠲᠤᠷᠠᠨ ᠶᠡᠷᠦᠩᠬᠡᠶᠢᠯᠡᠭᠴᠢ ᠳᠦ ᠲᠤᠰ ᠪᠦᠷᠢ ᠨᠢᠭᠡ ᠬᠦᠮᠦᠨ ᠦ ᠨᠡᠷ᠎ᠡ ᠳᠡᠪᠰᠢᠭᠦᠯᠦᠨ᠎ᠡ᠃

3᠃ ᠠᠩᠬᠠᠨ ᠱᠠᠲᠤᠨ ᠤ ᠰᠣᠩᠭᠣᠭᠤᠯᠢ ᠳᠤ ᠮᠣᠩᠭᠣᠯ ᠤᠯᠤᠰ ᠤᠨ ᠰᠣᠩᠭᠣᠭᠤᠯᠢ ᠶᠢᠨ ᠡᠷᠬᠡ ᠪᠦᠬᠦᠢ ᠢᠷᠭᠡᠳ ᠨᠡᠶᠢᠲᠡ ᠪᠡᠷ ᠢᠶᠡᠨ᠂ ᠴᠢᠯᠦᠭᠡᠲᠡᠢ᠂ ᠰᠢᠭᠤᠳ ᠰᠣᠩᠭᠣᠬᠤ ᠡᠷᠬᠡ ᠲᠡᠢ ᠣᠷᠣᠯᠴᠠᠵᠤ᠂ ᠶᠡᠷᠦᠩᠬᠡᠶᠢᠯᠡᠭᠴᠢ ᠳᠦ ᠨᠡᠷ᠎ᠡ ᠳᠡᠪᠰᠢᠭᠴᠢ ᠶᠢᠨ ᠲᠠᠯ᠎ᠠ ᠪᠠᠷ ᠰᠠᠨᠠᠯ ᠢᠶᠠᠨ ᠨᠢᠭᠤᠴᠠ ᠪᠠᠷ ᠭᠠᠷᠭᠠᠨ᠎ᠠ᠃

4᠃ ᠶᠡᠷᠦᠩᠬᠡᠶᠢᠯᠡᠭᠴᠢ ᠶᠢᠨ ᠠᠩᠬᠠᠨ ᠱᠠᠲᠤᠨ ᠤ ᠰᠣᠩᠭᠣᠭᠤᠯᠢ ᠳᠤ ᠣᠷᠣᠯᠴᠠᠭᠰᠠᠨ ᠨᠡᠶᠢᠲᠡ ᠰᠣᠩᠭᠣᠭᠴᠢ ᠶᠢᠨ ᠣᠯᠠᠩᠬᠢ ᠶᠢᠨ ᠰᠠᠨᠠᠯ ᠠᠪᠤᠭᠰᠠᠨ ᠨᠡᠷ᠎ᠡ ᠳᠡᠪᠰᠢᠭᠴᠢ ᠶᠢ ᠤᠯᠤᠰ ᠤᠨ ᠶᠡᠬᠡ ᠬᠤᠷᠠᠯ ᠶᠡᠷᠦᠩᠬᠡᠶᠢᠯᠡᠭᠴᠢ ᠪᠡᠷ ᠰᠣᠩᠭᠣᠭᠳᠠᠭᠰᠠᠨ ᠭᠡᠵᠦ ᠦᠵᠡᠵᠦ ᠪᠥᠷᠢᠨ ᠡᠷᠬᠡ ᠶᠢ ᠨᠢ ᠬᠦᠯᠢᠶᠡᠨ ᠵᠥᠪᠰᠢᠶᠡᠷᠡᠭᠰᠡᠨ ᠬᠠᠤᠯᠢ ᠭᠠᠷᠭᠠᠨ᠎ᠠ᠃

5᠃ ᠶᠡᠷᠦᠩᠬᠡᠶᠢᠯᠡᠭᠴᠢ ᠳᠦ ᠨᠡᠷ᠎ᠡ ᠳᠡᠪᠰᠢᠭᠴᠢᠳ ᠦᠨ ᠬᠡᠨ ᠨᠢ ᠴᠤ ᠡᠶᠢᠨᠬᠦᠦ ᠰᠣᠩᠭᠣᠭᠴᠢᠳ ᠤᠨ ᠣᠯᠠᠩᠬᠢ ᠶᠢᠨ ᠰᠠᠨᠠᠯ ᠠᠪᠤᠭ᠎ᠠ ᠦᠭᠡᠢ ᠪᠣᠯ ᠠᠩᠬᠠᠨ ᠤ ᠰᠠᠨᠠᠯ ᠬᠤᠷᠢᠶᠠᠯᠲᠠ ᠳᠤ ᠣᠷᠣᠯᠴᠠᠭᠰᠠᠨ ᠨᠡᠶᠢᠲᠡ ᠰᠣᠩᠭᠣᠭᠴᠢ ᠶᠢᠨ ᠬᠠᠮᠤᠭ ᠤᠨ ᠣᠯᠠᠨ ᠰᠠᠨᠠᠯ ᠠᠪᠤᠭᠰᠠᠨ ᠬᠣᠶᠠᠷ ᠬᠦᠮᠦᠨ ᠢ ᠳ᠋ᠠᠬᠢᠨ ᠰᠠᠨᠠᠯ ᠬᠤᠷᠢᠶᠠᠯᠲᠠ ᠳᠤ ᠣᠷᠣᠭᠤᠯᠤᠨ᠎ᠠ᠃ ᠳ᠋ᠠᠬᠢᠨ ᠰᠠᠨᠠᠯ ᠬᠤᠷᠢᠶᠠᠯᠲᠠ ᠪᠠᠷ ᠰᠣᠩᠭᠣᠭᠤᠯᠢ ᠳᠤ ᠣᠷᠣᠯᠴᠠᠭᠰᠠᠨ ᠨᠡᠶᠢᠲᠡ ᠰᠣᠩᠭᠣᠭᠴᠢ ᠶᠢᠨ ᠣᠯᠠᠩᠬᠢ ᠶᠢᠨ ᠰᠠᠨᠠᠯ ᠠᠪᠤᠭᠰᠠᠨ ᠨᠡᠷ᠎ᠡ ᠳᠡᠪᠰᠢᠭᠴᠢ ᠶᠢ ᠤᠯᠤᠰ ᠤᠨ ᠶᠡᠬᠡ ᠬᠤᠷᠠᠯ ᠶᠡᠷᠦᠩᠬᠡᠶᠢᠯᠡᠭᠴᠢ ᠪᠡᠷ ᠰᠣᠩᠭᠣᠭᠳᠠᠭᠰᠠᠨ ᠭᠡᠵᠦ ᠦᠵᠡᠵᠦ ᠪᠥᠷᠢᠨ ᠡᠷᠬᠡ ᠶᠢ ᠨᠢ ᠬᠦᠯᠢᠶᠡᠨ ᠵᠥᠪᠰᠢᠶᠡᠷᠡᠭᠰᠡᠨ ᠬᠠᠤᠯᠢ ᠭᠠᠷᠭᠠᠨ᠎ᠠ᠃

6᠃ ᠬᠡᠷᠪᠡ ᠬᠣᠶᠠᠷ ᠳ᠋ᠠᠬᠢ ᠰᠠᠨᠠᠯ ᠬᠤᠷᠢᠶᠠᠯᠲᠠ ᠪᠠᠷ ᠶᠡᠷᠦᠩᠬᠡᠶᠢᠯᠡᠭᠴᠢ ᠳᠦ ᠨᠡᠷ᠎ᠡ ᠳᠡᠪᠰᠢᠭᠴᠢᠳ ᠦᠨ ᠬᠡᠨ ᠨᠢ ᠴᠤ ᠡᠶᠢᠨᠬᠦᠦ ᠰᠣᠩᠭᠣᠭᠴᠢᠳ ᠤᠨ ᠣᠯᠠᠩᠬᠢ ᠶᠢᠨ ᠰᠠᠨᠠᠯ ᠠᠪᠤᠭ᠎ᠠ ᠦᠭᠡᠢ ᠪᠣᠯ ᠳ᠋ᠠᠬᠢᠨ ᠰᠣᠩᠭᠣᠭᠤᠯᠢ ᠶᠠᠪᠤᠭᠤᠯᠤᠨ᠎ᠠ᠃ 7᠃ ᠶᠡᠷᠦᠩᠬᠡᠶᠢᠯᠡᠭᠴᠢ ᠶᠢ ᠵᠥᠪᠬᠡᠨ ᠨᠢᠭᠡ ᠤᠳᠠᠭ᠎ᠠ ᠤᠯᠠᠷᠢᠭᠤᠯᠤᠨ ᠰᠣᠩᠭᠣᠵᠤ ᠪᠣᠯᠤᠨ᠎ᠠ᠃

8᠃ ᠶᠡᠷᠦᠩᠬᠡᠶᠢᠯᠡᠭᠴᠢ ᠨᠢ ᠶᠡᠷᠦᠩᠬᠡᠢ ᠰᠠᠶᠢᠳ᠂ ᠤᠯᠤᠰ ᠤᠨ ᠶᠡᠬᠡ ᠬᠤᠷᠠᠯ᠂ ᠵᠠᠰᠠᠭ ᠤᠨ ᠭᠠᠵᠠᠷ ᠤᠨ ᠭᠡᠰᠢᠭᠦᠨ᠂ ᠬᠠᠤᠯᠢ ᠪᠠᠷ ᠲᠣᠭᠲᠠᠭᠠᠭᠰᠠᠨ ᠡᠭᠦᠷᠭᠡᠲᠦ ᠨᠢ ᠦᠯᠦ ᠬᠠᠮᠢᠶᠠᠷᠬᠤ ᠪᠤᠰᠤᠳ ᠠᠵᠢᠯ᠂ ᠠᠯᠪᠠᠨ ᠲᠤᠰᠢᠶᠠᠯ ᠬᠠᠪᠰᠤᠷᠴᠢ ᠪᠣᠯᠬᠤ ᠦᠭᠡᠢ᠃ ᠬᠡᠷᠪᠡ ᠶᠡᠷᠦᠩᠬᠡᠶᠢᠯᠡᠭᠴᠢ ᠥᠭᠡᠷ᠎ᠡ ᠠᠵᠢᠯ᠂ ᠠᠯᠪᠠᠨ ᠲᠤᠰᠢᠶᠠᠯ ᠡᠷᠬᠢᠯᠡᠵᠦ ᠪᠠᠶᠢᠭ᠎ᠠ ᠪᠣᠯ ᠲᠠᠩᠭᠠᠷᠢᠭ ᠡᠷᠭᠦᠭᠰᠡᠨ ᠡᠳᠦᠷ ᠡᠴᠡ ᠪᠡᠨ ᠡᠬᠢᠯᠡᠨ ᠠᠭᠤᠯᠠ ᠡᠭᠦᠷᠭᠡ ᠡᠴᠡ ᠴᠢᠯᠦᠭᠡᠯᠡᠭᠳᠡᠨ᠎ᠡ᠃

ᠬᠡᠪᠯᠡᠬᠦ ᠭᠤᠴᠢᠨ ᠬᠣᠶᠠᠳᠤᠭᠠᠷ ᠵᠦᠢᠯ᠃ 1᠃ ᠶᠡᠷᠦᠩᠬᠡᠶᠢᠯᠡᠭᠴᠢ ᠶᠢᠨ ᠪᠥᠷᠢᠨ ᠡᠷᠬᠡ ᠲᠠᠩᠭᠠᠷᠢᠭ ᠡᠷᠭᠦᠭᠰᠡᠨ ᠢᠶᠡᠷ ᠡᠬᠢᠯᠡᠵᠦ᠂ ᠰᠢᠨ᠎ᠡ ᠰᠣᠩᠭᠣᠭᠳᠠᠭᠰᠠᠨ ᠶᠡᠷᠦᠩᠬᠡᠶᠢᠯᠡᠭᠴᠢ ᠲᠠᠩᠭᠠᠷᠢᠭ ᠡᠷᠭᠦᠭᠰᠡᠨ ᠢᠶᠡᠷ ᠳᠠᠭᠤᠰᠬᠠᠪᠤᠷᠢ ᠪᠣᠯᠤᠨ᠎ᠠ᠃

2᠃ ᠶᠡᠷᠦᠩᠬᠡᠶᠢᠯᠡᠭᠴᠢ ᠰᠣᠩᠭᠣᠭᠳᠣᠰᠣᠨ ᠠᠴᠠ ᠪᠠᠨ ᠬᠣᠶᠢᠰᠢ ᠭᠤᠴᠢ ᠬᠣᠨᠣᠭ ᠤᠨ ᠳᠣᠲᠣᠷ᠎ᠠ 《ᠮᠣᠩᠭᠣᠯ ᠤᠯᠤᠰ ᠤᠨ ᠲᠤᠰᠠᠭᠠᠷ ᠲᠣᠭᠲᠠᠨᠢᠯ᠂ ᠪᠥᠷᠢᠨ ᠡᠷᠬᠡᠲᠦ ᠪᠠᠶᠢᠳᠠᠯ᠂ ᠠᠷᠠᠳ ᠲᠦᠮᠡᠨ ᠦ ᠪᠡᠨ ᠡᠷᠬᠡ ᠴᠢᠯᠦᠭᠡ᠂ ᠦᠨᠳᠦᠰᠦᠨ ᠦ ᠡᠪ ᠨᠢᠭᠡᠳᠦᠯ ᠢ ᠡᠷᠬᠢᠮᠯᠡᠨ ᠬᠠᠮᠠᠭᠠᠯᠠᠵᠤ᠂ ᠦᠨᠳᠦᠰᠦᠨ ᠬᠠᠤᠯᠢ ᠶᠢ ᠳᠡᠭᠡᠳᠦᠯᠡᠨ ᠰᠠᠬᠢᠵᠤ᠂ ᠶᠡᠷᠦᠩᠬᠡᠶᠢᠯᠡᠭᠴᠢ ᠶᠢᠨ ᠡᠭᠦᠷᠭᠡ ᠶᠢ ᠰᠢᠳᠤᠷᠭᠤ ᠪᠠᠷ ᠪᠡᠶᠡᠯᠡᠭᠦᠯᠬᠦ ᠪᠡᠨ ᠪᠠᠲᠤᠯᠠᠨ ᠲᠠᠩᠭᠠᠷᠢᠭᠯᠠᠶ᠎ᠠ》 ᠬᠡᠮᠡᠨ ᠤᠯᠤᠰ ᠤᠨ ᠶᠡᠬᠡ ᠬᠤᠷᠠᠯ ᠳᠤ ᠲᠠᠩᠭᠠᠷᠢᠭ ᠡᠷᠭᠦᠨ᠎ᠡ᠃

ᠬᠡᠪᠯᠡᠬᠦ ᠭᠤᠴᠢᠨ ᠭᠤᠷᠪᠠᠳᠤᠭᠠᠷ ᠵᠦᠢᠯ᠃ 1᠃ ᠶᠡᠷᠦᠩᠬᠡᠶᠢᠯᠡᠭᠴᠢ ᠳᠠᠷᠠᠭᠠᠬᠢ ᠦᠨᠳᠦᠰᠦᠨ ᠪᠦᠷᠢᠨ ᠡᠷᠬᠡ ᠶᠢ ᠬᠡᠷᠡᠭᠵᠢᠭᠦᠯᠦᠨ᠎ᠡ᠄

1/ ᠤᠯᠤᠰ ᠤᠨ ᠶᠡᠬᠡ ᠬᠤᠷᠠᠯ ᠤᠨ ᠪᠠᠲᠤᠯᠠᠭᠰᠠᠨ ᠬᠠᠤᠯᠢ᠂ ᠪᠤᠰᠤᠳ ᠰᠢᠢᠳᠪᠦᠷᠢᠲᠦ ᠪᠦᠬᠦᠯᠢ ᠳᠦ ᠨᠢ ᠪᠤᠶᠤ ᠵᠠᠷᠢᠮ ᠬᠡᠰᠡᠭ ᠲᠦ ᠨᠢ ᠬᠣᠷᠢᠭ ᠲᠠᠯᠪᠢᠬᠤ᠃ ᠶᠡᠷᠦᠩᠬᠡᠶᠢᠯᠡᠭᠴᠢ ᠶᠢᠨ ᠲᠠᠯᠪᠢᠭᠰᠠᠨ ᠬᠣᠷᠢᠭ ᠢ ᠤᠯᠤᠰ ᠤᠨ ᠶᠡᠬᠡ ᠬᠤᠷᠠᠯ ᠢᠶᠠᠷ ᠬᠡᠯᠡᠯᠴᠡᠵᠦ᠂ ᠴᠢᠭᠤᠯᠭᠠᠨ ᠳᠤ ᠣᠷᠣᠯᠴᠠᠭᠰᠠᠨ ᠨᠡᠶᠢᠲᠡ ᠭᠡᠰᠢᠭᠦᠨ ᠦ ᠭᠤᠷᠪᠠᠨ ᠤ ᠬᠣᠶᠠᠷ ᠨᠢ ᠬᠦᠯᠢᠶᠡᠵᠦ ᠠᠪᠤᠭ᠎ᠠ ᠦᠭᠡᠢ ᠪᠣᠯ ᠤᠭ ᠬᠠᠤᠯᠢ᠂ ᠰᠢᠢᠳᠪᠦᠷᠢ ᠬᠦᠴᠦᠨ ᠲᠡᠭᠦᠯᠳᠡᠷ ᠬᠡᠪ ᠢᠶᠡᠷ ᠦᠯᠡᠳᠡᠨ᠎ᠡ; 2/ ᠤᠯᠤᠰ ᠤᠨ ᠶᠡᠬᠡ ᠬᠤᠷᠠᠯ ᠳᠤ ᠣᠯᠠᠩᠬᠢ ᠰᠠᠭᠤᠳᠠᠯ ᠠᠪᠤᠭᠰᠠᠨ ᠨᠠᠮ᠂ ᠡᠪᠰᠡᠯ ᠡᠴᠡ ᠨᠡᠷ᠎ᠡ ᠳᠡᠪᠰᠢᠭᠦᠯᠦᠭᠰᠡᠨ ᠬᠦᠮᠦᠨ ᠢ; ᠠᠯᠢ ᠴᠤ ᠨᠠᠮ᠂ ᠡᠪᠰᠡᠯ ᠣᠯᠠᠩᠬᠢ ᠶᠢᠨ ᠰᠠᠭᠤᠳᠠᠯ ᠠᠪᠤᠭ᠎ᠠ ᠦᠭᠡᠢ ᠪᠣᠯ ᠬᠠᠮᠤᠭ ᠤᠨ ᠣᠯᠠᠨ ᠰᠠᠭᠤᠳᠠᠯ ᠠᠪᠤᠭᠰᠠᠨ ᠨᠠᠮ᠂ ᠡᠪᠰᠡᠯ ᠪᠤᠰᠤᠳ ᠨᠠᠮ᠂ ᠡᠪᠰᠡᠯ ᠲᠡᠢ ᠵᠥᠪᠰᠢᠯᠴᠡᠨ ᠨᠡᠷ᠎ᠡ ᠳᠡᠪᠰᠢᠭᠦᠯᠦᠭᠰᠡᠨ ᠬᠦᠮᠦᠨ ᠢ; ᠬᠡᠷᠪᠡ ᠬᠠᠮᠤᠭ ᠤᠨ ᠣᠯᠠᠨ ᠰᠠᠭᠤᠳᠠᠯ ᠠᠪᠤᠭᠰᠠᠨ ᠨᠠᠮ᠂ ᠡᠪᠰᠡᠯ ᠪᠤᠰᠤᠳ ᠨᠠᠮ᠂ ᠡᠪᠰᠡᠯ ᠲᠡᠢ ᠵᠥᠪᠰᠢᠯᠴᠡᠵᠦ ᠶᠡᠷᠦᠩᠬᠡᠢ ᠰᠠᠶᠢᠳ ᠲᠤ ᠨᠡᠷ᠎ᠡ ᠳᠡᠪᠰᠢᠭᠦᠯᠵᠦ ᠴᠢᠳᠠᠭ᠎ᠠ ᠦᠭᠡᠢ ᠪᠣᠯ ᠤᠯᠤᠰ ᠤᠨ ᠶᠡᠬᠡ ᠬᠤᠷᠠᠯ ᠳᠤ ᠰᠠᠭᠤᠳᠠᠯ ᠠᠪᠤᠭᠰᠠᠨ ᠨᠠᠮ᠂ ᠡᠪᠰᠡᠯ ᠵᠥᠪᠰᠢᠯᠴᠡᠨ ᠣᠯᠠᠩᠬᠢ ᠪᠠᠷ ᠢᠶᠠᠨ ᠨᠡᠷ᠎ᠡ ᠳᠡᠪᠰᠢᠭᠦᠯᠦᠭᠰᠡᠨ ᠬᠦᠮᠦᠨ ᠢ ᠶᠡᠷᠦᠩᠬᠡᠢ ᠰᠠᠶᠢᠳ ᠢᠶᠠᠷ ᠲᠤᠮᠢᠯᠠᠬᠤ ᠰᠠᠨᠠᠯ ᠢ ᠲᠠᠪᠤ ᠬᠣᠨᠣᠭ ᠤᠨ ᠳᠣᠲᠣᠷ᠎ᠠ ᠤᠯᠤᠰ ᠤᠨ ᠶᠡᠬᠡ ᠬᠤᠷᠠᠯ ᠳᠤ ᠤᠷᠤᠭᠤᠯᠬᠤ;

/ᠡᠨᠡ ᠵᠢᠭᠠᠯᠲᠠ ᠶᠢ 1999 ᠣᠨ ᠤ 12 ᠳ᠋ᠤᠭᠠᠷ ᠰᠠᠷ᠎ᠠ ᠶᠢᠨ 24 ᠍ ᠦ ᠡᠳᠦᠷ ᠪᠠᠲᠤᠯᠠᠭᠳᠠᠭᠰᠠᠨ ᠮᠣᠩᠭᠣᠯ ᠤᠯᠤᠰ ᠤᠨ ᠦᠨᠳᠦᠰᠦᠨ ᠬᠠᠤᠯᠢ ᠳᠤ ᠣᠷᠣᠭᠤᠯᠤᠭᠰᠠᠨ ᠨᠡᠮᠡᠯᠲᠡ᠂ ᠥᠭᠡᠷᠡᠴᠢᠯᠡᠯᠲᠡ ᠪᠡᠷ ᠥᠭᠡᠷᠡᠴᠢᠯᠡᠨ ᠨᠠᠶᠢᠷᠠᠭᠤᠯᠤᠭᠰᠠᠨ ᠪᠥᠭᠡᠳ ᠦᠨᠳᠦᠰᠦᠨ ᠬᠠᠤᠯᠢ ᠶᠢᠨ ᠴᠡᠴᠡ ᠶᠢᠨ 2000 ᠣᠨ ᠤ 02 ᠳ᠋ᠤᠭᠠᠷ ᠲᠣᠭᠲᠠᠭᠠᠯ ᠢᠶᠠᠷ ᠬᠦᠴᠦᠨ ᠭᠦᠢ ᠪᠣᠯᠤᠭᠰᠠᠨ᠃ ᠮᠥᠨ 2000 ᠣᠨ ᠤ 12 ᠳ᠋ᠤᠭᠠᠷ ᠰᠠᠷ᠎ᠠ ᠶᠢᠨ 14 ᠍ ᠦ ᠡᠳᠦᠷ ᠪᠠᠲᠤᠯᠠᠭᠳᠠᠭᠰᠠᠨ ᠮᠣᠩᠭᠣᠯ ᠤᠯᠤᠰ ᠤᠨ ᠦᠨᠳᠦᠰᠦᠨ ᠬᠠᠤᠯᠢ ᠳᠤ ᠣᠷᠣᠭᠤᠯᠤᠭᠰᠠᠨ ᠨᠡᠮᠡᠯᠲᠡ᠂ ᠥᠭᠡᠷᠡᠴᠢᠯᠡᠯᠲᠡ ᠪᠡᠷ ᠥᠭᠡᠷᠡᠴᠢᠯᠡᠨ ᠨᠠᠶᠢᠷᠠᠭᠤᠯᠤᠭᠰᠠᠨ/ 3/ ᠥᠪᠡᠷ ᠦᠨ ᠪᠦᠷᠢᠨ ᠡᠷᠬᠡ ᠳᠦ ᠬᠠᠮᠢᠶᠠᠷᠬᠤ ᠠᠰᠠᠭᠤᠳᠠᠯ ᠢᠶᠠᠷ ᠵᠠᠰᠠᠭ ᠤᠨ ᠭᠠᠵᠠᠷ ᠲᠤ ᠴᠢᠭᠯᠡᠯ ᠥᠭᠬᠦ᠃ ᠡᠨᠡ ᠲᠠᠯ᠎ᠠ ᠪᠠᠷ ᠶᠡᠷᠦᠩᠬᠡᠶᠢᠯᠡᠭᠴᠢ ᠵᠠᠷᠯᠢᠭ ᠭᠠᠷᠭᠠᠪᠠᠯ ᠲᠡᠭᠦᠨ ᠳᠦ ᠶᠡᠷᠦᠩᠬᠡᠢ ᠰᠠᠶᠢᠳ ᠭᠠᠷ ᠤᠨ ᠦᠰᠦᠭ ᠵᠢᠷᠤᠭᠰᠠᠨ ᠢᠶᠠᠷ ᠬᠦᠴᠦᠨ ᠲᠡᠭᠦᠯᠳᠡᠷ ᠪᠣᠯᠤᠨ᠎ᠠ;

4/ ᠭᠠᠳᠠᠭᠠᠳᠤ ᠬᠠᠷᠢᠯᠴᠠᠭᠠᠨ ᠳᠤ ᠤᠯᠤᠰ ᠢᠶᠠᠨ ᠪᠥᠷᠢᠨ ᠡᠷᠬᠡ ᠲᠡᠢ ᠲᠥᠯᠦᠭᠡᠯᠡᠵᠦ᠂ ᠤᠯᠤᠰ ᠤᠨ ᠶᠡᠬᠡ ᠬᠤᠷᠠᠯᠲᠠᠢ ᠵᠥᠪᠰᠢᠯᠴᠡᠨ ᠮᠣᠩᠭᠣᠯ ᠤᠯᠤᠰ ᠤᠨ ᠨᠡᠷ᠎ᠡ ᠶᠢᠨ ᠡᠮᠦᠨ᠎ᠡ ᠡᠴᠡ ᠣᠯᠠᠨ ᠤᠯᠤᠰ ᠤᠨ ᠭᠡᠷ᠎ᠡ ᠪᠠᠶᠢᠭᠤᠯᠬᠤ;

5/ ᠮᠣᠩᠭᠣᠯ ᠤᠯᠤᠰ ᠠᠴᠠ ᠭᠠᠳᠠᠭᠠᠳᠤ ᠤᠯᠤᠰ ᠲᠤ ᠰᠠᠭᠤᠬᠤ ᠪᠦᠷᠢᠨ ᠡᠷᠬᠡᠲᠦ ᠲᠥᠯᠥᠭᠡᠯᠡᠭᠴᠢ ᠶᠢᠨ ᠭᠠᠵᠠᠷ ᠤᠨ ᠲᠡᠷᠢᠭᠦᠨ ᠢ ᠤᠯᠤᠰ ᠤᠨ ᠶᠡᠬᠡ ᠬᠤᠷᠠᠯᠲᠠᠢ ᠵᠥᠪᠰᠢᠯᠴᠡᠨ ᠲᠤᠮᠢᠯᠠᠬᠤ ᠪᠤᠶᠤ ᠡᠭᠡᠭᠦᠯᠦᠨ ᠲᠠᠲᠠᠬᠤ;

6/ ᠮᠣᠩᠭᠣᠯ ᠤᠯᠤᠰ ᠲᠤ ᠰᠠᠭᠤᠬᠤ ᠭᠠᠳᠠᠭᠠᠳᠤ ᠤᠯᠤᠰ ᠤᠨ ᠪᠥᠷᠢᠨ ᠡᠷᠬᠡᠲᠦ ᠲᠥᠯᠦᠭᠡᠯᠡᠭᠴᠢ ᠶᠢᠨ ᠭᠠᠵᠠᠷ ᠤᠨ ᠲᠡᠷᠢᠭᠦᠨ ᠦ ᠢᠲᠡᠭᠡᠮᠵᠢᠯᠡᠬᠦ᠂ ᠡᠭᠡᠭᠦᠯᠦᠨ ᠲᠠᠲᠠᠬᠤ ᠵᠢᠭᠤᠬᠤ ᠪᠢᠴᠢᠭ ᠢ ᠬᠦᠯᠢᠶᠡᠨ ᠠᠪᠬᠤ;

7/ ᠤᠯᠤᠰ ᠤᠨ ᠴᠣᠯᠠ᠂ ᠴᠡᠷᠢᠭ ᠦᠨ ᠳᠡᠭᠡᠳᠦ ᠴᠣᠯᠠ ᠬᠦᠷᠲᠡᠭᠡᠬᠦ᠂ ᠣᠳᠤᠨ᠂ ᠮᠧᠳᠠᠯ ᠢᠶᠠᠷ ᠱᠠᠩᠨᠠᠬᠤ;

8/ ᠠᠭᠤᠴᠢᠯᠠᠯ ᠦᠵᠡᠭᠦᠯᠬᠦ;

9/ ᠮᠣᠩᠭᠣᠯ ᠤᠯᠤᠰ ᠤᠨ ᠬᠠᠷᠢᠶᠠᠲᠤ ᠪᠣᠯᠬᠤ᠂ ᠬᠠᠷᠢᠶᠠᠲᠤ ᠠᠴᠠ ᠭᠠᠷᠬᠤ᠂ ᠲᠤᠰ ᠤᠯᠤᠰ ᠲᠤ ᠣᠷᠣᠩᠨᠠᠬᠤ ᠡᠷᠬᠡ ᠣᠯᠭᠤᠬᠤ ᠠᠰᠠᠭᠤᠳᠠᠯ ᠢ ᠰᠢᠢᠳᠪᠦᠷᠢᠯᠡᠬᠦ;

10/ ᠮᠣᠩᠭᠣᠯ ᠤᠯᠤᠰ ᠤᠨ ᠦᠨᠳᠦᠰᠦᠨ ᠦ ᠠᠶᠤᠯ ᠦᠭᠡᠢ ᠪᠠᠶᠢᠳᠠᠯ ᠤᠨ ᠵᠥᠪᠯᠡᠯ ᠢ ᠲᠡᠷᠢᠭᠦᠯᠡᠬᠦ;

11/ ᠪᠦᠬᠦ ᠨᠡᠶᠢᠲᠡ ᠶᠢᠨ ᠪᠤᠶᠤ ᠬᠡᠰᠡᠭᠴᠢᠯᠡᠭᠰᠡᠨ ᠴᠡᠷᠢᠭ ᠦᠨ ᠳᠠᠶᠢᠴᠢᠯᠠᠭ᠎ᠠ ᠵᠠᠷᠯᠠᠬᠤ;

12/ ᠦᠨᠳᠦᠰᠦᠨ ᠬᠠᠤᠯᠢ ᠶᠢᠨ ᠬᠣᠷᠢᠨ ᠲᠠᠪᠤᠳᠤᠭᠠᠷ ᠵᠦᠢᠯ ᠦᠨ 2᠂ ᠽ ᠳᠠᠬᠢ ᠬᠡᠰᠡᠭ ᠲᠦ ᠵᠢᠭᠠᠭᠰᠠᠨ ᠣᠨᠴᠠᠭᠠᠢ ᠨᠥᠬᠥᠴᠡᠯ ᠪᠤᠢ ᠪᠣᠯᠪᠠᠯ ᠤᠯᠤᠰ ᠤᠨ ᠶᠡᠬᠡ ᠬᠤᠷᠠᠯ ᠤᠨ ᠴᠢᠭᠤᠯᠭᠠᠨ ᠤ ᠴᠢᠯᠦᠭᠡ ᠴᠠᠭ ᠲᠤ᠂ ᠬᠣᠶᠢᠰᠢᠯᠠᠭᠤᠯᠤᠰᠢ ᠦᠭᠡᠢ ᠲᠣᠬᠢᠶᠠᠯᠳᠤᠯ ᠳᠤ ᠤᠯᠤᠰ ᠤᠨ ᠨᠡᠶᠢᠲᠡ ᠨᠤᠲᠤᠭ ᠳᠡᠪᠢᠰᠬᠡᠷ ᠲᠦ ᠪᠤᠶᠤ ᠵᠠᠷᠢᠮ ᠬᠡᠰᠡᠭ ᠲᠦ ᠨᠢ ᠣᠨᠴᠠ ᠪᠣᠯᠤᠨ ᠳᠠᠶᠢᠨ ᠤ ᠪᠠᠶᠢᠳᠠᠯ ᠵᠠᠷᠯᠠᠬᠤ᠂ ᠲᠡᠭᠦᠨᠴᠢᠯᠡᠨ ᠴᠡᠷᠢᠭ ᠬᠦᠳᠡᠯᠭᠡᠬᠦ ᠵᠠᠬᠢᠷᠤᠮᠵᠢ ᠥᠭᠬᠦ᠃ ᠣᠨᠴᠠ ᠪᠠᠶᠢᠳᠠᠯ᠂ ᠳᠠᠶᠢᠨ ᠤ ᠪᠠᠶᠢᠳᠠᠯ ᠵᠠᠷᠯᠠᠭᠰᠠᠨ ᠶᠡᠷᠦᠩᠬᠡᠶᠢᠯᠡᠭᠴᠢ ᠶᠢᠨ ᠵᠠᠷᠯᠢᠭ ᠢ ᠤᠯᠤᠰ ᠤᠨ ᠶᠡᠬᠡ ᠬᠤᠷᠠᠯ ᠠᠭᠤᠯᠠ ᠵᠠᠷᠯᠢᠭ ᠭᠠᠷᠤᠭᠰᠠᠨ ᠠᠴᠠ ᠬᠣᠶᠢᠰᠢ ᠳᠣᠯᠣᠭ᠎ᠠ ᠬᠣᠨᠣᠭ ᠤᠨ ᠳᠣᠲᠣᠷ᠎ᠠ ᠬᠡᠯᠡᠯᠴᠡᠵᠦ ᠪᠠᠲᠤᠯᠠᠬᠤ ᠪᠤᠶᠤ ᠬᠦᠴᠦᠨ ᠭᠦᠢ ᠪᠣᠯᠭᠠᠨ᠎ᠠ᠃ ᠬᠡᠷᠪᠡ ᠤᠯᠤᠰ ᠤᠨ ᠶᠡᠬᠡ ᠬᠤᠷᠠᠯ ᠰᠢᠢᠳᠪᠦᠷᠢ ᠭᠠᠷᠭᠠᠭ᠎ᠠ ᠦᠭᠡᠢ ᠪᠣᠯ ᠤᠤᠯ ᠵᠠᠷᠯᠢᠭ ᠬᠦᠴᠦᠨ ᠭᠦᠢ ᠪᠣᠯᠤᠨ᠎ᠠ᠃

2᠃ ᠶᠡᠷᠦᠩᠬᠡᠶᠢᠯᠡᠭᠴᠢ ᠮᠣᠩᠭᠣᠯ ᠤᠯᠤᠰ ᠤᠨ ᠵᠡᠪᠰᠡᠭᠲᠦ ᠬᠦᠴᠦᠨ ᠦ ᠶᠡᠷᠦᠩᠬᠡᠢ ᠺᠣᠮᠠᠨᠳᠠᠯᠠᠭᠴᠢ ᠪᠠᠶᠢᠨ᠎ᠠ᠃

3᠃ ᠶᠡᠷᠦᠩᠬᠡᠶᠢᠯᠡᠭᠴᠢ ᠤᠯᠤᠰ ᠤᠨ ᠶᠡᠬᠡ ᠬᠤᠷᠠᠯ ᠳᠤ ᠪᠣᠯᠤᠨ ᠠᠷᠠᠳ ᠲᠦᠮᠡᠨ ᠳᠦ ᠪᠡᠨ ᠬᠠᠨᠳᠤᠨ ᠢᠯᠡᠭᠡᠯᠲᠡ ᠭᠠᠷᠭᠠᠵᠤ᠂ ᠴᠢᠭᠤᠯᠭᠠᠨ ᠳᠤ ᠥᠪᠡᠷ ᠦᠨ ᠲᠠᠭᠠᠯᠠᠯ ᠢᠶᠠᠷ ᠣᠷᠣᠯᠴᠠᠨ ᠤᠯᠤᠰ ᠣᠷᠣᠨ ᠤ ᠳᠣᠲᠣᠭᠠᠳᠤ᠂ ᠭᠠᠳᠠᠭᠠᠳᠤ ᠪᠠᠶᠢᠳᠠᠯ ᠤᠨ ᠨᠡᠩ ᠴᠢᠬᠤᠯᠠ ᠠᠰᠠᠭᠤᠳᠠᠯ ᠢᠶᠠᠷ ᠮᠡᠳᠡᠭᠡᠯᠡᠵᠦ᠂ ᠰᠠᠨᠠᠯ᠎ᠠ ᠣᠷᠣᠭᠤᠯᠵᠤ ᠪᠣᠯᠤᠨ᠎ᠠ᠃

4᠃ ᠶᠡᠷᠦᠩᠬᠡᠶᠢᠯᠡᠭᠴᠢ ᠳᠦ ᠲᠣᠳᠣᠷᠬᠠᠢ ᠪᠦᠷᠢᠨ ᠡᠷᠬᠡ ᠶᠢ ᠵᠥᠪᠬᠡᠨ ᠬᠠᠤᠯᠢ ᠪᠠᠷ ᠣᠯᠭᠤᠵᠤ ᠪᠣᠯᠤᠨ᠎ᠠ᠃ ᠭᠤᠴᠢᠨ ᠳᠥᠷᠪᠡᠳᠦᠭᠡᠷ ᠵᠦᠢᠯ᠃ 1᠃ ᠶᠡᠷᠦᠩᠬᠡᠶᠢᠯᠡᠭᠴᠢ ᠪᠦᠷᠢᠨ ᠡᠷᠬᠡ ᠶᠢᠨ ᠢᠶᠡᠨ ᠬᠦᠷᠢᠶᠡᠨ ᠳᠦ ᠬᠠᠤᠯᠢ ᠳᠤ ᠨᠡᠶᠢᠴᠡᠭᠦᠯᠦᠨ ᠵᠠᠷᠯᠢᠭ ᠭᠠᠷᠭᠠᠨ᠎ᠠ᠃

2᠃ ᠶᠡᠷᠦᠩᠬᠡᠶᠢᠯᠡᠭᠴᠢ ᠶᠢᠨ ᠵᠠᠷᠯᠢᠭ ᠬᠠᠤᠯᠢ ᠳᠤ ᠨᠡᠶᠢᠴᠡᠭᠡ ᠦᠭᠡᠢ ᠪᠣᠯ ᠶᠡᠷᠦᠩᠬᠡᠶᠢᠯᠡᠭᠴᠢ ᠥᠪᠡᠷ ᠢᠶᠡᠨ ᠪᠤᠶᠤ ᠤᠯᠤᠰ ᠤᠨ ᠶᠡᠬᠡ ᠬᠤᠷᠠᠯ ᠬᠦᠴᠦᠨ ᠭᠦᠢ ᠪᠣᠯᠭᠠᠨ᠎ᠠ᠃

ᠬᠡᠪᠯᠡᠬᠦ ᠭᠤᠴᠢᠨ ᠲᠠᠪᠤᠳᠤᠭᠠᠷ ᠵᠦᠢᠯ᠃ 1᠃ ᠶᠡᠷᠦᠩᠬᠡᠶᠢᠯᠡᠭᠴᠢ ᠤᠯᠤᠰ ᠤᠨ ᠶᠡᠬᠡ ᠬᠤᠷᠠᠯ ᠳᠤ ᠠᠵᠢᠯ ᠢᠶᠠᠨ ᠬᠠᠷᠢᠭᠤᠴᠠᠨ᠎ᠠ᠃

2᠃ ᠶᠡᠷᠦᠩᠬᠡᠶᠢᠯᠡᠭᠴᠢ ᠲᠠᠩᠭᠠᠷᠢᠭ ᠠᠴᠠ ᠪᠠᠨ ᠨᠢᠴᠤᠵᠤ ᠦᠨᠳᠦᠰᠦᠨ ᠬᠠᠤᠯᠢ᠂ ᠶᠡᠷᠦᠩᠬᠡᠶᠢᠯᠡᠭᠴᠢ ᠶᠢᠨ ᠪᠦᠷᠢᠨ ᠡᠷᠬᠡ ᠶᠢ ᠵᠥᠷᠢᠴᠡᠪᠡᠯ ᠦᠨᠳᠦᠰᠦᠨ ᠬᠠᠤᠯᠢ ᠶᠢᠨ ᠴᠡᠴᠡ ᠶᠢᠨ ᠳ᠋ᠦᠩᠨᠡᠯᠲᠡ ᠶᠢ ᠦᠨᠳᠦᠰᠦᠯᠡᠨ ᠤᠯᠤᠰ ᠤᠨ ᠶᠡᠬᠡ ᠬᠤᠷᠠᠯ ᠢᠶᠠᠷ ᠬᠡᠯᠡᠯᠴᠡᠵᠦ ᠴᠢᠭᠤᠯᠭᠠᠨ ᠳᠤ ᠣᠷᠣᠯᠴᠠᠭᠰᠠᠨ ᠨᠡᠶᠢᠲᠡ ᠭᠡᠰᠢᠭᠦᠨ ᠦ ᠳᠡᠶᠢᠯᠦᠩᠬᠢ ᠣᠯᠠᠩᠬᠢ ᠶᠢᠨ ᠰᠠᠨᠠᠯ ᠢᠶᠠᠷ ᠣᠭᠴᠣᠷᠠᠭᠤᠯᠤᠨ᠎ᠠ᠃

ᠬᠡᠪᠯᠡᠬᠦ ᠭᠤᠴᠢᠨ ᠵᠢᠷᠭᠤᠳᠤᠭᠠᠷ ᠵᠦᠢᠯ᠃ 1᠃ ᠶᠡᠷᠦᠩᠬᠡᠶᠢᠯᠡᠭᠴᠢ ᠶᠢᠨ ᠪᠡᠶ᠎ᠡ᠂ ᠥᠷᠭᠥᠭᠡ᠂ ᠤᠨᠤᠭ᠎ ᠠ ᠬᠠᠯᠳᠠᠰᠢ ᠦᠭᠡᠢ ᠳᠠᠷᠬᠠᠨ ᠪᠠᠶᠢᠨ᠎ᠠ᠃

2᠃ ᠶᠡᠷᠦᠩᠬᠡᠶᠢᠯᠡᠭᠴᠢ ᠶᠢᠨ ᠨᠡᠷ᠎ᠡ ᠲᠥᠷᠥ᠂ ᠬᠠᠯᠳᠠᠰᠢ ᠦᠭᠡᠢ ᠪᠠᠶᠢᠳᠠᠯ ᠢ ᠬᠠᠤᠯᠢ ᠪᠠᠷ ᠬᠠᠮᠠᠭᠠᠯᠠᠨ᠎ᠠ᠃

ᠬᠡᠪᠯᠡᠬᠦ ᠭᠤᠴᠢᠨ ᠳᠣᠯᠣᠳᠤᠭᠠᠷ ᠵᠦᠢᠯ᠃ 1᠃ ᠶᠡᠷᠦᠩᠬᠡᠶᠢᠯᠡᠭᠴᠢ ᠶᠢ ᠲᠦᠷᠢ ᠡᠵᠡᠭᠦᠢ ᠳᠦ ᠪᠦᠷᠢᠨ ᠡᠷᠬᠡ ᠶᠢ ᠨᠢ ᠤᠯᠤᠰ ᠤᠨ ᠶᠡᠬᠡ ᠬᠤᠷᠠᠯ ᠤᠨ ᠳᠠᠷᠤᠭ᠎ᠠ ᠬᠡᠷᠡᠭᠵᠢᠭᠦᠯᠦᠨ᠎ᠡ᠃

2᠃ ᠶᠡᠷᠦᠩᠬᠡᠶᠢᠯᠡᠭᠴᠢ ᠣᠭᠴᠣᠷᠠᠭᠰᠠᠨ᠂ ᠨᠠᠰᠤ ᠨᠥᠭᠴᠢᠭᠰᠡᠨ᠂ ᠬᠦᠰᠡᠯᠲᠡ ᠪᠡᠷ ᠢᠶᠡᠨ ᠴᠢᠯᠦᠭᠡᠯᠡᠭᠳᠡᠭᠰᠡᠨ ᠪᠣᠯ ᠶᠡᠷᠦᠩᠬᠡᠶᠢᠯᠡᠭᠴᠢ ᠰᠢᠨ᠎ᠡ ᠪᠡᠷ ᠰᠣᠩᠭᠣᠭᠳᠠᠵᠤ ᠲᠠᠩᠭᠠᠷᠢᠭ ᠡᠷᠭᠦᠬᠦ ᠬᠦᠷᠲᠡᠯ᠎ᠡ ᠪᠦᠷᠢᠨ ᠡᠷᠬᠡ ᠶᠢ ᠨᠢ ᠤᠯᠤᠰ ᠤᠨ ᠶᠡᠬᠡ ᠬᠤᠷᠠᠯ ᠤᠨ ᠳᠠᠷᠤᠭ᠎ᠠ ᠬᠡᠷᠡᠭᠵᠢᠭᠦᠯᠦᠨ᠎ᠡ᠃ ᠡᠨᠡ ᠲᠣᠬᠢᠶᠠᠯᠳᠤᠯ ᠳᠤ ᠤᠯᠤᠰ ᠤᠨ ᠶᠡᠬᠡ ᠬᠤᠷᠠᠯ ᠶᠡᠷᠦᠩᠬᠡᠶᠢᠯᠡᠭᠴᠢ ᠶᠢᠨ ᠰᠣᠩᠭᠣᠭᠤᠯᠢ ᠶᠢ ᠳᠥᠷᠪᠡᠨ ᠰᠠᠷ᠎ᠠ ᠶᠢᠨ ᠳᠣᠲᠣᠷ᠎ᠠ ᠵᠠᠷᠯᠠᠨ ᠶᠠᠪᠤᠭᠤᠯᠤᠨ᠎ᠠ᠃

3᠃ ᠤᠯᠤᠰ ᠤᠨ ᠶᠡᠬᠡ ᠬᠤᠷᠠᠯ ᠤᠨ ᠳᠠᠷᠤᠭ᠎ᠠ ᠶᠡᠷᠦᠩᠬᠡᠶᠢᠯᠡᠭᠴᠢ ᠶᠢᠨ ᠡᠭᠦᠷᠭᠡ ᠭᠦᠢᠴᠡᠳᠭᠡᠬᠦ ᠵᠢᠷᠤᠮ ᠢ ᠬᠠᠤᠯᠢ ᠪᠠᠷ ᠲᠣᠭᠲᠠᠭᠠᠨ᠎ᠠ᠃

ГУРАВ᠃ ᠮᠣᠩᠭᠣᠯ ᠤᠯᠤᠰ ᠤᠨ ᠵᠠᠰᠠᠭ ᠤᠨ ᠭᠠᠵᠠᠷ

ᠬᠡᠪᠯᠡᠬᠦ ᠭᠤᠴᠢᠨ ᠨᠠᠶᠢᠮᠠᠳᠤᠭᠠᠷ ᠵᠦᠢᠯ᠃ 1᠃ ᠮᠣᠩᠭᠣᠯ ᠤᠯᠤᠰ ᠤᠨ ᠵᠠᠰᠠᠭ ᠤᠨ ᠭᠠᠵᠠᠷ ᠪᠣᠯ ᠲᠥᠷᠥ ᠶᠢᠨ ᠭᠦᠢᠴᠡᠳᠭᠡᠬᠦ ᠳᠡᠭᠡᠳᠦ ᠪᠠᠶᠢᠭᠤᠯᠤᠯᠭ᠎ᠠ ᠮᠥᠨ᠃

2᠃ ᠵᠠᠰᠠᠭ ᠤᠨ ᠭᠠᠵᠠᠷ ᠲᠥᠷᠥ ᠶᠢᠨ ᠬᠠᠤᠯᠢ ᠶᠢ ᠪᠡᠶᠡᠯᠡᠭᠦᠯᠵᠦ᠂ ᠠᠵᠤ ᠠᠬᠤᠢ᠂ ᠨᠡᠶᠢᠭᠡᠮ᠂ ᠰᠤᠶᠤᠯ ᠤᠨ ᠪᠠᠶᠢᠭᠤᠯᠤᠯᠲᠠ ᠶᠢ ᠤᠳᠤᠷᠢᠳᠬᠤ ᠨᠡᠶᠢᠲᠡᠯᠢᠭ ᠴᠢᠭ ᠡᠭᠦᠷᠭᠡ ᠶᠢᠨ ᠳᠠᠭᠠᠤ ᠳᠠᠷᠠᠭᠠᠬᠢ ᠦᠨᠳᠦᠰᠦᠨ ᠪᠦᠷᠢᠨ ᠡᠷᠬᠡ ᠶᠢ ᠬᠡᠷᠡᠭᠵᠢᠭᠦᠯᠦᠨ᠎ᠡ᠄

1/ ᠦᠨᠳᠦᠰᠦᠨ ᠬᠠᠤᠯᠢ᠂ ᠪᠤᠰᠤᠳ ᠬᠠᠤᠯᠢ ᠶᠢᠨ ᠪᠡᠶᠡᠯᠡᠯᠲᠡ ᠶᠢ ᠤᠯᠤᠰ ᠳᠠᠶᠠᠭᠠᠷ ᠵᠣᠬᠢᠶᠠᠨ ᠪᠠᠶᠢᠭᠤᠯᠵᠤ ᠬᠠᠩᠭᠠᠬᠤ;

2/ ᠰᠢᠨᠵᠢᠯᠡᠬᠦ ᠤᠬᠠᠭᠠᠨ᠂ ᠲᠧᠭᠨᠣᠯᠣᠭᠢ ᠶᠢᠨ ᠨᠢᠭᠡᠳᠦᠭᠰᠡᠨ ᠪᠣᠳᠣᠯᠭ᠎ᠠ᠂ ᠤᠯᠤᠰ ᠤᠨ ᠡᠳ᠋ ᠍ ᠦᠨ ᠵᠠᠰᠠᠭ᠂ ᠨᠡᠶᠢᠭᠡᠮ ᠤᠨ ᠬᠥᠭᠵᠢᠯ ᠦᠨ ᠦᠨᠳᠦᠰᠦᠨ ᠴᠢᠭᠯᠡᠯ᠂ ᠤᠯᠤᠰ ᠤᠨ ᠲᠥᠰᠥᠪ᠂ ᠵᠡᠭᠡᠯᠢ᠂ ᠰᠠᠩᠬᠦᠦ ᠶᠢᠨ ᠲᠥᠯᠥᠪᠯᠡᠭᠡ ᠶᠢ ᠪᠣᠯᠪᠠᠰᠤᠷᠠᠭᠤᠯᠵᠤ ᠤᠯᠤᠰ ᠤᠨ ᠶᠡᠬᠡ ᠬᠤᠷᠠᠯ ᠳᠤ ᠡᠷᠭᠦᠵᠦ᠂ ᠭᠠᠷᠤᠭᠰᠠᠨ ᠰᠢᠢᠳᠪᠦᠷᠢ ᠶᠢ ᠪᠡᠶᠡᠯᠡᠭᠦᠯᠬᠦ;

3/ ᠰᠠᠯᠪᠤᠷᠢ ᠶᠢᠨ ᠪᠠ ᠰᠠᠯᠪᠤᠷᠢ ᠬᠣᠭᠣᠷᠣᠨᠳᠣ ᠶᠢᠨ᠂ ᠲᠡᠭᠦᠨᠴᠢᠯᠡᠨ ᠪᠥᠰᠡ ᠨᠤᠲᠤᠭ ᠤᠨ ᠬᠥᠭᠵᠢᠯ ᠦᠨ ᠠᠰᠠᠭᠤᠳᠠᠯ ᠢᠶᠠᠷ ᠠᠷᠭ᠎ᠠ ᠬᠡᠮᠵᠢᠶ᠎ᠡ ᠪᠣᠯᠪᠠᠰᠤᠷᠠᠭᠤᠯᠵᠤ ᠬᠡᠷᠡᠭᠵᠢᠭᠦᠯᠬᠦ;

4/ ᠬᠦᠷᠢᠶᠡᠯᠡᠨ ᠪᠠᠶᠢᠭ᠎ᠠ ᠣᠷᠴᠢᠨ ᠢ ᠬᠠᠮᠠᠭᠠᠯᠠᠬᠤ᠂ ᠪᠠᠶᠢᠭᠠᠯ ᠤᠨ ᠪᠠᠶᠠᠯᠢᠭ ᠢ ᠵᠦᠢ ᠵᠣᠬᠢᠰᠲᠠᠢ ᠠᠰᠢᠭᠯᠠᠬᠤ᠂ ᠨᠥᠬᠥᠨ ᠰᠡᠷᠭᠦᠭᠡᠬᠦ ᠠᠷᠭ᠎ᠠ ᠬᠡᠮᠵᠢᠶ᠎ᠡ ᠠᠪᠬᠤ;

5/ ᠲᠥᠷᠥ ᠶᠢᠨ ᠵᠠᠬᠢᠷᠭᠠᠨ ᠤ ᠲᠥᠪ ᠪᠠᠶᠢᠭᠤᠯᠤᠯᠭ᠎ᠠ ᠶᠢ ᠰᠢᠭᠤᠷᠬᠠᠢ ᠤᠳᠤᠷᠢᠳᠴᠤ᠂ ᠨᠤᠲᠤᠭ ᠤᠨ ᠵᠠᠬᠢᠷᠭᠠᠨ ᠤ ᠪᠠᠶᠢᠭᠤᠯᠤᠯᠭ᠎ᠠ ᠶᠢᠨ ᠦᠢᠯᠡ ᠠᠵᠢᠯᠯᠠᠭ᠎ᠠ ᠶᠢ ᠤᠳᠤᠷᠢᠳᠤᠨ ᠴᠢᠭᠯᠡᠭᠦᠯᠬᠦ;

6/ ᠤᠯᠤᠰ ᠢ ᠪᠠᠲᠤᠯᠠᠨ ᠬᠠᠮᠠᠭᠠᠯᠠᠬᠤ ᠬᠦᠴᠦᠨ ᠴᠢᠳᠠᠯ ᠢ ᠪᠡᠬᠢᠵᠢᠭᠦᠯᠵᠦ᠂ ᠦᠨᠳᠦᠰᠦᠨ ᠦ ᠠᠶᠤᠯ ᠦᠭᠡᠢ ᠪᠠᠶᠢᠳᠠᠯ ᠢ ᠬᠠᠩᠭᠠᠬᠤ;

7/ ᠬᠦᠮᠦᠨ ᠦ ᠡᠷᠬᠡ᠂ ᠡᠷᠬᠡ ᠴᠢᠯᠦᠭᠡ ᠶᠢ ᠬᠠᠮᠠᠭᠠᠯᠠᠬᠤ᠂ ᠨᠡᠶᠢᠭᠡᠮ ᠤᠨ ᠬᠡᠪ ᠵᠢᠷᠤᠮ ᠢ ᠪᠡᠬᠢᠵᠢᠭᠦᠯᠬᠦ᠂ ᠭᠡᠮᠲᠦ ᠬᠡᠷᠡᠭ ᠲᠡᠢ ᠲᠡᠮᠡᠴᠡᠬᠦ ᠠᠷᠭ᠎ᠠ ᠬᠡᠮᠵᠢᠶ᠎ᠡ ᠠᠪᠴᠤ ᠬᠡᠷᠡᠭᠵᠢᠭᠦᠯᠬᠦ;

8/ ᠲᠥᠷᠥ ᠶᠢᠨ ᠭᠠᠳᠠᠭᠠᠳᠤ ᠪᠣᠳᠣᠯᠭ᠎ᠠ ᠬᠡᠷᠡᠭᠵᠢᠭᠦᠯᠬᠦ; 9/ ᠤᠯᠤᠰ ᠤᠨ ᠶᠡᠬᠡ ᠬᠤᠷᠠᠯᠲᠠᠢ ᠵᠥᠪᠰᠢᠯᠴᠡᠵᠦ ᠳᠠᠷᠠᠭ᠎ᠠ ᠰᠣᠶᠣᠷᠬᠠᠨ ᠪᠠᠲᠤᠯᠠᠭᠤᠯᠬᠤ ᠪᠠᠷ ᠮᠣᠩᠭᠣᠯ ᠤᠯᠤᠰ ᠤᠨ ᠣᠯᠠᠨ ᠤᠯᠤᠰ ᠤᠨ ᠭᠡᠷ᠎ᠡ ᠪᠠᠶᠢᠭᠤᠯᠬᠤ᠂ ᠬᠡᠷᠡᠭᠵᠢᠭᠦᠯᠬᠦ᠂ ᠲᠡᠭᠦᠨᠴᠢᠯᠡᠨ ᠵᠠᠰᠠᠭ ᠤᠨ ᠭᠠᠵᠠᠷ ᠬᠣᠭᠣᠷᠣᠨᠳᠣ ᠶᠢᠨ ᠭᠡᠷ ᠢᠶᠡᠨ ᠪᠠᠶᠢᠭᠤᠯᠬᠤ᠂ ᠴᠤᠴᠠᠯᠬᠤ᠃

3᠃ ᠵᠠᠰᠠᠭ ᠤᠨ ᠭᠠᠵᠠᠷ ᠤᠨ ᠲᠣᠳᠣᠷᠬᠠᠢ ᠪᠦᠷᠢᠨ ᠡᠷᠬᠡ᠂ ᠵᠣᠬᠢᠶᠠᠨ ᠪᠠᠶᠢᠭᠤᠯᠤᠯᠲᠠ᠂ ᠦᠢᠯᠡ ᠠᠵᠢᠯᠯᠠᠭᠠᠨ ᠤ ᠵᠢᠷᠤᠮ ᠢ ᠬᠠᠤᠯᠢ ᠪᠠᠷ ᠲᠣᠭᠲᠠᠭᠠᠨ᠎ᠠ᠃

ᠬᠡᠪᠯᠡᠬᠦ ᠭᠤᠴᠢᠨ ᠶᠢᠰᠦᠳᠦᠭᠡᠷ ᠵᠦᠢᠯ᠃ 1᠃ ᠵᠠᠰᠠᠭ ᠤᠨ ᠭᠠᠵᠠᠷ ᠶᠡᠷᠦᠩᠬᠡᠢ ᠰᠠᠶᠢᠳ᠂ ᠭᠡᠰᠢᠭᠦᠳ ᠡᠴᠡ ᠪᠥᠷᠢᠳᠦᠨ᠎ᠡ᠃

2᠃ ᠮᠣᠩᠭᠣᠯ ᠤᠯᠤᠰ ᠤᠨ ᠶᠡᠷᠦᠩᠬᠡᠢ ᠰᠠᠶᠢᠳ ᠵᠠᠰᠠᠭ ᠤᠨ ᠭᠠᠵᠠᠷ ᠤᠨ ᠪᠦᠲᠦᠴᠡ᠂ ᠪᠦᠷᠢᠯᠳᠦᠬᠦᠨ᠂ ᠲᠡᠭᠦᠨ ᠳᠦ ᠥᠭᠡᠷᠡᠴᠢᠯᠡᠯᠲᠡ ᠤᠷᠤᠭᠤᠯᠬᠤ ᠰᠠᠨᠠᠯ᠎ᠠ ᠶᠡᠷᠦᠩᠬᠡᠶᠢᠯᠡᠭᠴᠢ ᠲᠡᠢ ᠵᠥᠪᠰᠢᠯᠴᠡᠨ ᠤᠯᠤᠰ ᠤᠨ ᠶᠡᠬᠡ ᠬᠤᠷᠠᠯ ᠳᠤ ᠡᠷᠭᠦᠨ ᠮᠡᠳᠡᠭᠦᠯᠦᠨ᠎ᠡ᠃

ᠶᠡᠷᠦᠩᠬᠡᠢ ᠰᠠᠶᠢᠳ ᠤᠤᠯ ᠠᠰᠠᠭᠤᠳᠠᠯ ᠢ ᠶᠡᠷᠦᠩᠬᠡᠶᠢᠯᠡᠭᠴᠢ ᠲᠡᠢ ᠳᠣᠯᠣᠭ᠎ᠠ ᠬᠣᠨᠣᠭ ᠤᠨ ᠳᠣᠲᠣᠷ᠎ᠠ ᠵᠥᠪᠰᠢᠯᠴᠡᠵᠦ ᠴᠢᠳᠠᠭ᠎ᠠ ᠦᠭᠡᠢ ᠪᠣᠯ ᠤᠯᠤᠰ ᠤᠨ ᠶᠡᠬᠡ ᠬᠤᠷᠠᠯ ᠳᠤ ᠥᠪᠡᠷ ᠢᠶᠡᠨ ᠥᠷᠭᠡᠨ ᠮᠡᠳᠡᠭᠦᠯᠦᠨ᠎ᠡ᠃

/ᠡᠨᠡ ᠬᠡᠰᠡᠭ ᠢ 1999 ᠣᠨ ᠤ 12 ᠳ᠋ᠤᠭᠠᠷ ᠰᠠᠷ᠎ᠠ ᠶᠢᠨ 24 ᠍ ᠦ ᠡᠳᠦᠷ ᠪᠠᠲᠤᠯᠠᠭᠳᠠᠭᠰᠠᠨ ᠮᠣᠩᠭᠣᠯ ᠤᠯᠤᠰ ᠤᠨ ᠦᠨᠳᠦᠰᠦᠨ ᠬᠠᠤᠯᠢ ᠳᠤ ᠣᠷᠣᠭᠤᠯᠤᠭᠰᠠᠨ ᠨᠡᠮᠡᠯᠲᠡ᠂ ᠥᠭᠡᠷᠡᠴᠢᠯᠡᠯᠲᠡ ᠪᠡᠷ ᠨᠡᠮᠡᠭᠰᠡᠨ ᠪᠥᠭᠡᠳ ᠦᠨᠳᠦᠰᠦᠨ ᠬᠠᠤᠯᠢ ᠶᠢᠨ ᠴᠡᠴᠡ ᠶᠢᠨ 2000 ᠣᠨ ᠤ 02 ᠳ᠋ᠤᠭᠠᠷ ᠲᠣᠭᠲᠠᠭᠠᠯ ᠢᠶᠠᠷ ᠬᠦᠴᠦᠨ ᠭᠦᠢ ᠪᠣᠯᠤᠭᠰᠠᠨ᠃ ᠮᠥᠨ 2000 ᠣᠨ ᠤ 12 ᠳ᠋ᠤᠭᠠᠷ ᠰᠠᠷ᠎ᠠ ᠶᠢᠨ 14 ᠍ ᠦ ᠡᠳᠦᠷ ᠪᠠᠲᠤᠯᠠᠭᠳᠠᠭᠰᠠᠨ ᠮᠣᠩᠭᠣᠯ ᠤᠯᠤᠰ ᠤᠨ ᠦᠨᠳᠦᠰᠦᠨ ᠬᠠᠤᠯᠢ ᠳᠤ ᠣᠷᠣᠭᠤᠯᠤᠭᠰᠠᠨ ᠨᠡᠮᠡᠯᠲᠡ᠂ ᠥᠭᠡᠷᠡᠴᠢᠯᠡᠯᠲᠡ ᠪᠡᠷ ᠨᠡᠮᠡᠭᠰᠡᠨ/ 3᠃ ᠵᠠᠰᠠᠭ ᠤᠨ ᠭᠠᠵᠠᠷ ᠤᠨ ᠭᠡᠰᠢᠭᠦᠳ ᠢ ᠶᠡᠷᠦᠩᠬᠡᠢ ᠰᠠᠶᠢᠳ ᠤᠨ ᠡᠷᠭᠦᠨ ᠮᠡᠳᠡᠭᠦᠯᠦᠭᠰᠡᠨ ᠢᠶᠡᠷ ᠤᠯᠤᠰ ᠤᠨ ᠶᠡᠬᠡ ᠬᠤᠷᠠᠯ ᠬᠦᠮᠦᠨ ᠪᠦᠷᠢ ᠪᠡᠷ ᠬᠡᠯᠡᠯᠴᠡᠵᠦ ᠲᠣᠮᠢᠯᠠᠨ᠎ᠠ᠃

ᠬᠡᠪᠯᠡᠬᠦ ᠳᠥᠴᠢᠳᠦᠭᠡᠷ ᠵᠦᠢᠯ᠃ 1᠃ ᠵᠠᠰᠠᠭ ᠤᠨ ᠭᠠᠵᠠᠷ ᠤᠨ ᠪᠦᠷᠢᠨ ᠡᠷᠬᠡ ᠶᠢᠨ ᠬᠤᠭᠤᠴᠠᠭ᠎ᠠ ᠳᠥᠷᠪᠡᠨ ᠵᠢᠯ ᠪᠠᠶᠢᠨ᠎ᠠ᠃

2᠃ ᠵᠠᠰᠠᠭ ᠤᠨ ᠭᠠᠵᠠᠷ ᠤᠨ ᠪᠥᠷᠢᠨ ᠡᠷᠬᠡ ᠤᠯᠤᠰ ᠤᠨ ᠶᠡᠬᠡ ᠬᠤᠷᠠᠯ ᠠᠴᠠ ᠶᠡᠷᠦᠩᠬᠡᠢ ᠰᠠᠶᠢᠳ ᠢ ᠲᠣᠮᠢᠯᠠᠭᠰᠠᠨ ᠢᠶᠠᠷ ᠡᠬᠢᠯᠡᠵᠦ᠂ ᠰᠢᠨ᠎ᠡ ᠶᠡᠷᠦᠩᠬᠡᠢ ᠰᠠᠶᠢᠳ ᠢ ᠲᠣᠮᠢᠯᠠᠭᠰᠠᠨ ᠢᠶᠠᠷ ᠳᠠᠭᠤᠰᠬᠠᠪᠤᠷᠢ ᠪᠣᠯᠤᠨ᠎ᠠ᠃ ᠳᠥᠴᠢᠨ ᠨᠢᠭᠡᠳᠦᠭᠡᠷ ᠵᠦᠢᠯ᠃ 1᠃ ᠶᠡᠷᠦᠩᠬᠡᠢ ᠰᠠᠶᠢᠳ ᠵᠠᠰᠠᠭ ᠤᠨ ᠭᠠᠵᠠᠷ ᠢ ᠤᠳᠤᠷᠢᠳᠴᠤ᠂ ᠲᠥᠷᠥ ᠶᠢᠨ ᠬᠠᠤᠯᠢ ᠪᠡᠶᠡᠯᠡᠭᠦᠯᠬᠦ ᠠᠵᠢᠯ ᠢ ᠤᠯᠤᠰ ᠤᠨ ᠶᠡᠬᠡ ᠬᠤᠷᠠᠯ ᠤᠨ ᠡᠮᠦᠨ᠎ᠡ ᠬᠠᠷᠢᠭᠤᠴᠠᠨ᠎ᠠ᠃

2᠃ ᠵᠠᠰᠠᠭ ᠤᠨ ᠭᠠᠵᠠᠷ ᠦᠢᠯᠡ ᠠᠵᠢᠯᠯᠠᠭ᠎ᠠ ᠶᠢ ᠪᠠᠨ ᠤᠯᠤᠰ ᠤᠨ ᠶᠡᠬᠡ ᠬᠤᠷᠠᠯ ᠳᠤ ᠲᠠᠶᠢᠯᠤᠩᠨᠠᠨ᠎ᠠ᠃

ᠬᠡᠪᠯᠡᠬᠦ ᠳᠥᠴᠢᠨ ᠬᠣᠶᠠᠳᠤᠭᠠᠷ ᠵᠦᠢᠯ᠃ ᠶᠡᠷᠦᠩᠬᠡᠢ ᠰᠠᠶᠢᠳ᠂ ᠵᠠᠰᠠᠭ ᠤᠨ ᠭᠠᠵᠠᠷ ᠤᠨ ᠭᠡᠰᠢᠭᠦᠨ ᠦ ᠬᠠᠯᠳᠠᠰᠢ ᠦᠭᠡᠢ ᠪᠠᠶᠢᠳᠠᠯ ᠢ ᠬᠠᠤᠯᠢ ᠪᠠᠷ ᠬᠠᠮᠠᠭᠠᠯᠠᠨ᠎ᠠ᠃ ᠬᠡᠪᠯᠡᠬᠦ ᠳᠥᠴᠢᠨ ᠭᠤᠷᠪᠠᠳᠤᠭᠠᠷ ᠵᠦᠢᠯ᠃ 1᠃ ᠵᠠᠰᠠᠭ ᠤᠨ ᠭᠠᠵᠠᠷ ᠪᠥᠷᠢᠨ ᠡᠷᠬᠡ ᠪᠡᠨ ᠬᠡᠷᠡᠭᠵᠢᠭᠦᠯᠬᠦ ᠪᠣᠯᠤᠮᠵᠢ ᠦᠭᠡᠢ ᠭᠡᠵᠦ ᠦᠵᠡᠪᠡᠯ ᠬᠤᠭᠤᠴᠠᠭ᠎ᠠ ᠳᠠᠭᠤᠰᠬᠤ ᠠᠴᠠ ᠡᠮᠦᠨ᠎ᠡ ᠣᠭᠴᠣᠷᠠᠬᠤ ᠲᠤᠬᠠᠢ ᠶᠢ ᠪᠠᠨ ᠶᠡᠷᠦᠩᠬᠡᠢ ᠰᠠᠶᠢᠳ ᠤᠯᠤᠰ ᠤᠨ ᠶᠡᠬᠡ ᠬᠤᠷᠠᠯ ᠳᠤ ᠡᠷᠭᠦᠨ ᠮᠡᠳᠡᠭᠦᠯᠵᠦ ᠪᠣᠯᠤᠨ᠎ᠠ᠃

2᠃ ᠶᠡᠷᠦᠩᠬᠡᠢ ᠰᠠᠶᠢᠳ᠂ ᠡᠰᠡᠬᠦᠯ᠎ᠡ ᠵᠠᠰᠠᠭ ᠤᠨ ᠭᠠᠵᠠᠷ ᠤᠨ ᠭᠡᠰᠢᠭᠦᠳ ᠦᠨ ᠲᠡᠩ ᠬᠠᠭᠠᠰ ᠨᠢ ᠨᠢᠭᠡᠨ ᠵᠡᠷᠭᠡ ᠣᠭᠴᠣᠷᠠᠪᠠᠯ ᠵᠠᠰᠠᠭ ᠤᠨ ᠭᠠᠵᠠᠷ ᠪᠥᠷᠢᠯᠳᠦᠬᠡᠬᠦᠨ ᠢᠶᠡᠷ ᠢᠶᠡᠨ ᠣᠭᠴᠣᠷᠠᠨ᠎ᠠ᠃

3᠃ ᠤᠯᠤᠰ ᠤᠨ ᠶᠡᠬᠡ ᠬᠤᠷᠠᠯ ᠵᠠᠰᠠᠭ ᠤᠨ ᠭᠠᠵᠠᠷ ᠢ ᠣᠭᠴᠣᠷᠠᠭᠤᠯᠬᠤ ᠲᠤᠬᠠᠢ ᠥᠪᠡᠷ ᠢᠶᠡᠨ ᠰᠠᠨᠠᠭᠠᠴᠢᠯᠠᠭᠰᠠᠨ ᠪᠣᠯᠤᠨ ᠶᠡᠷᠦᠩᠬᠡᠶᠢᠯᠡᠭᠴᠢ ᠶᠢᠨ ᠰᠠᠨᠠᠯ᠂ ᠶᠡᠷᠦᠩᠬᠡᠢ ᠰᠠᠶᠢᠳ ᠤᠨ ᠮᠡᠳᠡᠭᠳᠡᠯ ᠢ ᠬᠦᠯᠢᠶᠡᠨ ᠠᠪᠤᠭᠰᠠᠨ ᠠᠴᠠ ᠬᠣᠶᠢᠰᠢ ᠠᠷᠪᠠᠨ ᠲᠠᠪᠤ ᠬᠣᠨᠣᠭ ᠤᠨ ᠳᠣᠲᠣᠷ᠎ᠠ ᠵᠠᠰᠠᠭ ᠤᠨ ᠭᠠᠵᠠᠷ ᠢ ᠣᠭᠴᠣᠷᠠᠭᠤᠯᠬᠤ ᠡᠰᠡᠬᠦ ᠶᠢ ᠬᠡᠯᠡᠯᠴᠡᠨ ᠰᠢᠢᠳᠪᠦᠷᠢᠯᠡᠨ᠎ᠡ᠃

4᠃ ᠤᠯᠤᠰ ᠤᠨ ᠶᠡᠬᠡ ᠬᠤᠷᠠᠯ ᠤᠨ ᠭᠡᠰᠢᠭᠦᠳ ᠦᠨ ᠳᠥᠷᠪᠡᠨ ᠦ ᠨᠢᠭᠡ ᠡᠴᠡ ᠳᠣᠭᠣᠭᠰᠢ ᠦᠭᠡᠢ ᠨᠢ ᠵᠠᠰᠠᠭ ᠤᠨ ᠭᠠᠵᠠᠷ ᠢ ᠣᠭᠴᠣᠷᠠᠭᠤᠯᠬᠤ ᠲᠤᠬᠠᠢ ᠰᠠᠨᠠᠯ ᠢ ᠠᠯᠪᠠᠨ ᠶᠣᠰᠣᠭᠠᠷ ᠲᠠᠯᠪᠢᠪᠠᠯ ᠤᠯᠤᠰ ᠤᠨ ᠶᠡᠬᠡ ᠬᠤᠷᠠᠯ ᠬᠡᠯᠡᠯᠴᠡᠨ ᠰᠢᠢᠳᠪᠦᠷᠢᠯᠡᠨ᠎ᠡ᠃ ᠳᠥᠴᠢᠨ ᠳᠥᠷᠪᠡᠳᠦᠭᠡᠷ ᠵᠦᠢᠯ᠃ ᠥᠪᠡᠷ ᠲᠦ ᠨᠢ ᠢᠲᠡᠭᠡᠯ ᠬᠦᠯᠢᠶᠡᠯᠭᠡᠵᠦ ᠪᠠᠶᠢᠭ᠎ᠠ ᠡᠰᠡᠬᠦ ᠶᠢ ᠢᠯᠡᠷᠬᠡᠶᠢᠯᠡᠵᠦ ᠥᠭᠬᠦ ᠶᠢ ᠬᠦᠰᠴᠢ ᠵᠠᠰᠠᠭ ᠤᠨ ᠭᠠᠵᠠᠷ ᠲᠣᠭᠲᠠᠭᠠᠯ ᠤᠨ ᠲᠥᠰᠥᠯ ᠣᠷᠣᠭᠤᠯᠪᠠᠯ ᠤᠯᠤᠰ ᠤᠨ ᠶᠡᠬᠡ ᠬᠤᠷᠠᠯ ᠤᠤᠯ ᠠᠰᠠᠭᠤᠳᠠᠯ ᠢ ᠳᠥᠴᠢᠨ ᠭᠤᠷᠪᠠᠳᠤᠭᠠᠷ ᠵᠦᠢᠯ ᠦᠨ 3 ᠳᠠᠬᠢ ᠬᠡᠰᠡᠭ ᠲᠦ ᠵᠢᠭᠠᠭᠰᠠᠨ ᠵᠢᠷᠤᠮ ᠢᠶᠠᠷ ᠰᠢᠢᠳᠪᠦᠷᠢᠯᠡᠨ᠎ᠡ᠃ ᠬᠡᠪᠯᠡᠬᠦ ᠳᠥᠴᠢᠨ ᠲᠠᠪᠤᠳᠤᠭᠠᠷ ᠵᠦᠢᠯ᠃ 1᠃ ᠵᠠᠰᠠᠭ ᠤᠨ ᠭᠠᠵᠠᠷ ᠬᠠᠤᠯᠢ ᠲᠣᠭᠲᠠᠭᠠᠮᠵᠢ ᠳᠤ ᠨᠡᠶᠢᠴᠡᠭᠦᠯᠦᠨ ᠪᠦᠷᠢᠨ ᠡᠷᠬᠡ ᠶᠢᠨ ᠢᠶᠡᠨ ᠳᠣᠲᠣᠷ᠎ᠠ ᠲᠣᠭᠲᠠᠭᠠᠯ᠂ ᠵᠠᠬᠢᠷᠤᠮᠵᠢ ᠭᠠᠷᠭᠠᠬᠤ ᠪᠥᠭᠡᠳ ᠲᠡᠭᠦᠨ ᠳᠦ ᠶᠡᠷᠦᠩᠬᠡᠢ ᠰᠠᠶᠢᠳ᠂ ᠲᠤᠬᠠᠢ ᠶᠢᠨ ᠰᠢᠢᠳᠪᠦᠷᠢ ᠶᠢᠨ ᠪᠡᠶᠡᠯᠡᠯᠲᠡ ᠶᠢ ᠬᠠᠷᠢᠭᠤᠴᠠᠭᠰᠠᠨ ᠰᠠᠶᠢᠳ ᠭᠠᠷ ᠤᠨ ᠦᠰᠦᠭ ᠵᠢᠷᠤᠨ᠎ᠠ᠃

2᠃ ᠵᠠᠰᠠᠭ ᠤᠨ ᠭᠠᠵᠠᠷ ᠤᠨ ᠲᠣᠭᠲᠠᠭᠠᠯ᠂ ᠵᠠᠬᠢᠷᠤᠮᠵᠢ ᠨᠢ ᠬᠠᠤᠯᠢ ᠲᠣᠭᠲᠠᠭᠠᠮᠵᠢ ᠳᠤ ᠨᠡᠶᠢᠴᠡᠭᠡ ᠦᠭᠡᠢ ᠪᠣᠯ ᠵᠠᠰᠠᠭ ᠤᠨ ᠭᠠᠵᠠᠷ ᠥᠪᠡᠷ ᠢᠶᠡᠨ ᠪᠤᠶᠤ ᠤᠯᠤᠰ ᠤᠨ ᠶᠡᠬᠡ ᠬᠤᠷᠠᠯ ᠬᠦᠴᠦᠨ ᠭᠦᠢ ᠪᠣᠯᠭᠠᠨ᠎ᠠ᠃

ᠬᠡᠪᠯᠡᠬᠦ ᠳᠥᠴᠢᠨ ᠵᠢᠷᠭᠤᠳᠤᠭᠠᠷ ᠵᠦᠢᠯ᠃ 1᠃ ᠮᠣᠩᠭᠣᠯ ᠤᠯᠤᠰ ᠤᠨ ᠶᠠᠮᠤ᠂ ᠲᠥᠷᠥ ᠶᠢᠨ ᠪᠤᠰᠤᠳ ᠠᠯᠪᠠᠨ ᠭᠠᠵᠠᠷ ᠢ ᠬᠠᠤᠯᠢ ᠶᠢᠨ ᠳᠠᠭᠠᠤ ᠪᠠᠶᠢᠭᠤᠯᠤᠨ᠎ᠠ᠃

2᠃ ᠮᠣᠩᠭᠣᠯ ᠤᠯᠤᠰ ᠤᠨ ᠲᠥᠷᠥ ᠶᠢᠨ ᠵᠢᠩᠬᠢᠨᠢ ᠠᠯᠪᠠᠨ ᠬᠠᠭᠠᠭᠴᠢ ᠮᠣᠩᠭᠣᠯ ᠤᠯᠤᠰ ᠤᠨ ᠢᠷᠭᠡᠨ ᠪᠠᠶᠢᠬᠤ ᠪᠥᠭᠡᠳ ᠦᠨᠳᠦᠰᠦᠨ ᠬᠠᠤᠯᠢ᠂ ᠪᠤᠰᠤᠳ ᠬᠠᠤᠯᠢ ᠶᠢ ᠴᠢᠩᠳᠠᠯᠠᠨ ᠪᠠᠷᠢᠮᠲᠠᠯᠠᠵᠤ ᠠᠷᠠᠳ ᠲᠦᠮᠡᠨ ᠦ ᠪᠡᠨ ᠲᠤᠰᠠ ᠶᠢᠨ ᠲᠤᠯᠠᠳᠠ᠂ ᠢᠷᠭᠡᠨ ᠦ ᠶᠣᠰᠣᠭᠠᠷ ᠲᠥᠷᠥ ᠶᠢᠨ ᠠᠰᠢᠭ ᠰᠣᠨᠢᠷᠬᠠᠯ ᠳᠤ ᠵᠠᠬᠢᠷᠤᠭᠳᠠᠨ ᠠᠵᠢᠯᠯᠠᠨ᠎ᠠ᠃

3᠃ ᠲᠥᠷᠥ ᠶᠢᠨ ᠠᠯᠪᠠᠨ ᠬᠠᠭᠠᠭᠴᠢ ᠶᠢᠨ ᠠᠵᠢᠯᠯᠠᠬᠤ ᠨᠥᠬᠥᠴᠡᠯ᠂ ᠪᠠᠲᠤᠯᠠᠭ᠎ᠠ ᠶᠢ ᠬᠠᠤᠯᠢ ᠪᠠᠷ ᠲᠣᠭᠲᠠᠭᠠᠨ᠎ᠠ᠃

ДӨРӨВ᠃ ᠰᠢᠭᠦᠬᠦ ᠡᠷᠬᠡ ᠮᠡᠳᠡᠯ ᠳᠥᠴᠢᠨ ᠳᠣᠯᠣᠳᠤᠭᠠᠷ ᠵᠦᠢᠯ᠃ 1᠃ ᠮᠣᠩᠭᠣᠯ ᠤᠯᠤᠰ ᠲᠤ ᠰᠢᠭᠦᠬᠦ ᠡᠷᠬᠡ ᠮᠡᠳᠡᠯ ᠢ ᠭᠠᠭᠴᠠᠬᠦ ᠰᠢᠭᠦᠬᠦ ᠬᠡᠷᠡᠭᠵᠢᠭᠦᠯᠦᠨ᠎ᠡ᠃

2᠃ ᠶᠠᠮᠠᠷ ᠴᠤ ᠨᠥᠬᠥᠴᠡᠯ ᠳᠦ ᠬᠠᠤᠯᠢ ᠠᠴᠠ ᠭᠠᠳᠠᠭᠤᠷ ᠰᠢᠭᠦᠬᠦ ᠪᠠᠶᠢᠭᠤᠯᠬᠤ᠂ ᠰᠢᠭᠦᠬᠦ ᠡᠷᠬᠡ ᠮᠡᠳᠡᠯ ᠢ ᠥᠭᠡᠷ᠎ᠡ ᠪᠠᠶᠢᠭᠤᠯᠤᠯᠭ᠎ᠠ ᠡᠷᠬᠢᠯᠡᠨ ᠬᠡᠷᠡᠭᠵᠢᠭᠦᠯᠬᠦ ᠶᠢ ᠬᠣᠷᠢᠭᠯᠠᠨ᠎ᠠ᠃

3᠃ ᠰᠢᠭᠦᠬᠦ ᠶᠢ ᠵᠥᠪᠬᠡᠨ ᠦᠨᠳᠦᠰᠦᠨ ᠬᠠᠤᠯᠢ᠂ ᠪᠤᠰᠤᠳ ᠬᠠᠤᠯᠢ ᠶᠢᠨ ᠳᠠᠭᠠᠤ ᠪᠠᠶᠢᠭᠤᠯᠤᠨ᠎ᠠ᠃

ᠬᠡᠪᠯᠡᠬᠦ ᠳᠥᠴᠢᠨ ᠨᠠᠶᠢᠮᠠᠳᠤᠭᠠᠷ ᠵᠦᠢᠯ᠃ 1᠃ ᠰᠢᠭᠦᠬᠦ ᠶᠢᠨ ᠦᠨᠳᠦᠰᠦᠨ ᠲᠣᠭᠲᠠᠯᠴᠠᠭ᠎ᠠ ᠤᠯᠤᠰ ᠤᠨ ᠳᠡᠭᠡᠳᠦ ᠰᠢᠭᠦᠬᠦ᠂ ᠠᠶᠢᠮᠠᠭ᠂ ᠨᠡᠶᠢᠰᠯᠡᠯ ᠦᠨ ᠰᠢᠭᠦᠬᠦ᠂ ᠰᠤᠮᠤ ᠪᠤᠶᠤ ᠰᠤᠮᠤ ᠳᠤᠮᠳᠠ ᠶᠢᠨ᠂ ᠳᠡᠭᠦᠷᠭᠡ ᠶᠢᠨ ᠰᠢᠭᠦᠬᠦ ᠡᠴᠡ ᠪᠥᠷᠢᠳᠬᠦ ᠪᠥᠭᠡᠳ ᠡᠷᠡᠭᠦᠦ᠂ ᠢᠷᠭᠡᠨ᠂ ᠵᠠᠬᠢᠷᠭᠠᠨ ᠤ ᠵᠡᠷᠭᠡ ᠰᠢᠭᠦᠨ ᠲᠠᠰᠤᠯᠬᠤ ᠠᠵᠢᠯ ᠤᠨ ᠲᠥᠷᠥᠯ ᠢᠶᠡᠷ ᠰᠢᠭᠦᠬᠦ ᠶᠢ ᠳᠠᠩᠨᠠᠨ ᠪᠠᠶᠢᠭᠤᠯᠵᠤ ᠪᠣᠯᠤᠨ᠎ᠠ᠃ ᠳᠠᠩᠨᠠᠭᠰᠠᠨ ᠰᠢᠭᠦᠬᠦ ᠶᠢᠨ ᠦᠢᠯᠡ ᠠᠵᠢᠯᠯᠠᠭ᠎ᠠ᠂ ᠰᠢᠢᠳᠪᠦᠷᠢ ᠨᠢ ᠤᠯᠤᠰ ᠤᠨ ᠳᠡᠭᠡᠳᠦ ᠰᠢᠭᠦᠬᠦ ᠶᠢᠨ ᠬᠢᠨᠠᠯᠲᠠ ᠠᠴᠠ ᠭᠠᠳᠠᠭᠤᠷ ᠪᠠᠶᠢᠵᠤ ᠦᠯᠦ ᠪᠣᠯᠤᠨ᠎ᠠ᠃

2᠃ ᠰᠢᠭᠦᠬᠦ ᠶᠢᠨ ᠵᠣᠬᠢᠶᠠᠨ ᠪᠠᠶᠢᠭᠤᠯᠤᠯᠲᠠ᠂ ᠦᠢᠯᠡ ᠠᠵᠢᠯᠯᠠᠭᠠᠨ ᠤ ᠡᠷᠬᠡ ᠵᠦᠢ ᠶᠢᠨ ᠦᠨᠳᠦᠰᠦ ᠶᠢ ᠬᠠᠤᠯᠢ ᠪᠠᠷ ᠲᠣᠭᠲᠠᠭᠠᠨ᠎ᠠ᠃

3᠃ ᠰᠢᠭᠦᠬᠦ ᠤᠯᠤᠰ ᠤᠨ ᠲᠥᠰᠥᠪ ᠡᠴᠡ ᠰᠠᠩᠬᠦᠵᠢᠨ᠎ᠡ᠃ ᠰᠢᠭᠦᠬᠦ ᠦᠢᠯᠡ ᠠᠵᠢᠯᠯᠠᠭ᠎ᠠ ᠶᠢ ᠪᠠᠨ ᠶᠠᠪᠤᠭᠤᠯᠬᠤ ᠡᠳ᠋ ᠍ ᠦᠨ ᠵᠠᠰᠠᠭ ᠤᠨ ᠪᠠᠲᠤᠯᠠᠭ᠎ᠠ ᠶᠢ ᠲᠥᠷᠥ ᠬᠠᠩᠭᠠᠨ᠎ᠠ᠃

ᠬᠡᠪᠯᠡᠬᠦ ᠳᠥᠴᠢᠨ ᠶᠢᠰᠦᠳᠦᠭᠡᠷ ᠵᠦᠢᠯ᠃ 1᠃ ᠰᠢᠭᠦᠭᠴᠢ ᠬᠠᠷᠠᠭᠠᠲᠤ ᠪᠤᠰᠤ ᠪᠠᠶᠢᠵᠤ᠂ ᠭᠠᠭᠴᠠᠬᠦ ᠬᠠᠤᠯᠢ ᠳᠤ ᠵᠠᠬᠢᠷᠤᠭᠳᠠᠨ᠎ᠠ᠃

2᠃ ᠶᠡᠷᠦᠩᠬᠡᠶᠢᠯᠡᠭᠴᠢ᠂ ᠶᠡᠷᠦᠩᠬᠡᠢ ᠰᠠᠶᠢᠳ᠂ ᠤᠯᠤᠰ ᠤᠨ ᠶᠡᠬᠡ ᠬᠤᠷᠠᠯ ᠤᠨ ᠪᠠ ᠵᠠᠰᠠᠭ ᠤᠨ ᠭᠠᠵᠠᠷ ᠤᠨ ᠭᠡᠰᠢᠭᠦᠨ᠂ ᠲᠥᠷᠥ᠂ ᠨᠠᠮ᠂ ᠣᠯᠠᠨ ᠨᠡᠶᠢᠲᠡ ᠶᠢᠨ ᠪᠤᠰᠤᠳ ᠪᠠᠶᠢᠭᠤᠯᠤᠯᠭ᠎ᠠ ᠶᠢᠨ ᠠᠯᠪᠠᠨ ᠲᠤᠰᠢᠶᠠᠯᠲᠠᠨ᠂ ᠢᠷᠭᠡᠨ ᠬᠡᠨ ᠪᠣᠯᠪᠠᠴᠤ ᠱᠦᠭᠦᠭᠴᠢ ᠡᠴᠡ ᠰᠢᠭᠦᠨ ᠲᠠᠰᠤᠯᠬᠤ ᠡᠭᠦᠷᠭᠡ ᠪᠡᠨ ᠬᠡᠷᠡᠭᠵᠢᠭᠦᠯᠬᠦ ᠳᠦ ᠬᠥᠨᠳᠡᠯᠡᠨ ᠡᠴᠡ ᠣᠷᠣᠯᠴᠠᠵᠤ ᠪᠣᠯᠬᠤ ᠦᠭᠡᠢ᠃

3᠃ ᠰᠢᠭᠦᠭᠴᠢ ᠶᠢᠨ ᠬᠠᠷᠠᠭᠠᠲᠤ ᠪᠤᠰᠤ᠂ ᠰᠢᠭᠦᠬᠦ ᠶᠢᠨ ᠪᠡᠶ᠎ᠡ ᠳᠠᠭᠠᠭᠰᠠᠨ ᠪᠠᠶᠢᠳᠠᠯ ᠢ ᠬᠠᠩᠭᠠᠬᠤ ᠵᠣᠷᠢᠯᠭ᠎ᠠ ᠪᠠᠷ ᠰᠢᠭᠦᠬᠦ ᠶᠢᠨ ᠶᠡᠷᠦᠩᠬᠡᠢ ᠵᠥᠪᠯᠡᠯ ᠠᠵᠢᠯᠯᠠᠨ᠎ᠠ᠃

4᠃ ᠰᠢᠭᠦᠬᠦ ᠶᠢᠨ ᠶᠡᠷᠦᠩᠬᠡᠢ ᠵᠥᠪᠯᠡᠯ ᠰᠢᠭᠦᠬᠦ᠂ ᠰᠢᠭᠦᠭᠴᠢ ᠶᠢᠨ ᠰᠢᠭᠦᠨ ᠲᠠᠰᠤᠯᠬᠤ ᠠᠵᠢᠯᠯᠠᠭᠠᠨ ᠳᠤ ᠣᠷᠣᠯᠴᠠᠬᠤ ᠦᠭᠡᠢ ᠪᠡᠷ᠂ ᠭᠠᠭᠴᠠᠬᠦ ᠬᠠᠤᠯᠢᠴᠢᠳ ᠠᠴᠠ ᠰᠢᠭᠦᠭᠴᠢ ᠶᠢ ᠰᠢᠯᠵᠢ ᠤᠯᠬᠤ᠂ ᠡᠷᠬᠡ ᠠᠰᠢᠭ ᠢ ᠨᠢ ᠬᠠᠮᠠᠭᠠᠯᠠᠬᠤ ᠵᠡᠷᠭᠡ ᠰᠢᠭᠦᠬᠦ ᠶᠢ ᠪᠡᠶ᠎ᠡ ᠳᠠᠩ ᠠᠵᠢᠯᠯᠠᠬᠤ ᠨᠥᠬᠥᠴᠡᠯ ᠢᠶᠡᠷ ᠬᠠᠩᠭᠠᠬᠤ ᠲᠠᠢ ᠬᠣᠯᠪᠣᠭᠳᠠᠭᠰᠠᠨ ᠡᠭᠦᠷᠭᠡ ᠶᠢ ᠪᠡᠶᠡᠯᠡᠭᠦᠯᠦᠨ᠎ᠡ᠃

5᠃ ᠰᠢᠭᠦᠬᠦ ᠶᠢᠨ ᠶᠡᠷᠦᠩᠬᠡᠢ ᠵᠥᠪᠯᠡᠯ ᠦᠨ ᠵᠣᠬᠢᠶᠠᠨ ᠪᠠᠶᠢᠭᠤᠯᠤᠯᠲᠠ᠂ ᠦᠢᠯᠡ ᠠᠵᠢᠯᠯᠠᠭᠠᠨ ᠤ ᠵᠢᠷᠤᠮ ᠢ ᠬᠠᠤᠯᠢ ᠪᠠᠷ ᠲᠣᠭᠲᠠᠭᠠᠨ᠎ᠠ᠃ ᠲᠠᠪᠢᠳᠤᠭᠠᠷ ᠵᠦᠢᠯ᠃ 1᠃ ᠮᠣᠩᠭᠣᠯ ᠤᠯᠤᠰ ᠤᠨ ᠳᠡᠭᠡᠳᠦ ᠰᠢᠭᠦᠬᠦ ᠪᠣᠯ ᠰᠢᠭᠦᠬᠦ ᠶᠢᠨ ᠳᠡᠭᠡᠳᠦ ᠪᠠᠶᠢᠭᠤᠯᠤᠯᠭ᠎ᠠ ᠮᠥᠨ ᠪᠥᠭᠡᠳ ᠳᠠᠷᠠᠭᠠᠬᠢ ᠪᠦᠷᠢᠨ ᠡᠷᠬᠡ ᠶᠢ ᠬᠡᠷᠡᠭᠵᠢᠭᠦᠯᠦᠨ᠎ᠡ᠄

1/ ᠬᠠᠤᠯᠢ ᠪᠠᠷ ᠬᠠᠷᠢᠶᠠᠯᠠᠭᠤᠯᠤᠭᠰᠠᠨ ᠡᠷᠡᠭᠦᠦ ᠶᠢᠨ ᠬᠡᠷᠡᠭ᠂ ᠡᠷᠬᠡ ᠵᠦᠢ ᠶᠢᠨ ᠮᠠᠷᠭᠤᠭᠠᠨ ᠢ ᠠᠩᠬᠠᠨ ᠱᠠᠲᠤᠨ ᠤ ᠵᠢᠷᠤᠮ ᠢᠶᠠᠷ ᠬᠢᠨᠠᠨ ᠰᠢᠢᠳᠪᠦᠷᠢᠯᠡᠬᠦ;

2/ ᠳᠠᠪᠠᠵᠤ ᠵᠠᠭᠠᠯᠳᠤᠬᠤ ᠪᠣᠯᠤᠨ ᠬᠢᠨᠠᠯᠲᠠ ᠶᠢᠨ ᠵᠢᠷᠤᠮ ᠢᠶᠠᠷ ᠳ᠋ᠣᠣ ᠳᠤ ᠱᠠᠲᠤᠨ ᠤ ᠰᠢᠭᠦᠬᠦ ᠶᠢᠨ ᠰᠢᠢᠳᠪᠦᠷᠢ ᠶᠢ ᠬᠢᠨᠠᠨ ᠦᠵᠡᠬᠦ;

3/ ᠬᠠᠤᠯᠢ᠂ ᠲᠡᠭᠦᠨ ᠳᠦ ᠵᠢᠭᠠᠭᠰᠠᠨ ᠬᠦᠮᠦᠨ ᠦ ᠡᠷᠬᠡ᠂ ᠡᠷᠬᠡ ᠴᠢᠯᠦᠭᠡ ᠶᠢ ᠬᠠᠮᠠᠭᠠᠯᠠᠬᠤ ᠲᠠᠯ᠎ᠠ ᠪᠠᠷ ᠦᠨᠳᠦᠰᠦᠨ ᠬᠠᠤᠯᠢ ᠶᠢᠨ ᠴᠡᠴᠡ᠂ ᠤᠯᠤᠰ ᠤᠨ ᠶᠡᠷᠦᠩᠬᠡᠢ ᠫᠷᠣᠺᠤᠶᠢᠷᠣᠷ ᠠᠴᠠ ᠰᠢᠯᠵᠢᠭᠦᠯᠦᠭᠰᠡᠨ ᠠᠰᠠᠭᠤᠳᠠᠯ ᠢ ᠬᠢᠨᠠᠨ ᠰᠢᠢᠳᠪᠦᠷᠢᠯᠡᠬᠦ;

4/ ᠦᠨᠳᠦᠰᠦᠨ ᠬᠠᠤᠯᠢ ᠠᠴᠠ ᠪᠤᠰᠤᠳ ᠬᠠᠤᠯᠢ ᠶᠢ ᠵᠥᠪ ᠬᠡᠷᠡᠭᠯᠡᠬᠦ ᠲᠠᠯ᠎ᠠ ᠪᠠᠷ ᠠᠯᠪᠠᠨ ᠶᠣᠰᠣᠨ ᠤ ᠲᠠᠶᠢᠯᠪᠤᠷᠢ ᠭᠠᠷᠭᠠᠬᠤ;

5/ ᠬᠠᠤᠯᠢ ᠪᠠᠷ ᠡᠷᠬᠡ ᠣᠯᠭᠤᠭᠰᠠᠨ ᠪᠤᠰᠤᠳ ᠠᠰᠠᠭᠤᠳᠠᠯ ᠢ ᠰᠢᠢᠳᠪᠦᠷᠢᠯᠡᠬᠦ᠃

2᠃ ᠤᠯᠤᠰ ᠤᠨ ᠳᠡᠭᠡᠳᠦ ᠰᠢᠭᠦᠬᠦ ᠶᠢᠨ ᠰᠢᠢᠳᠪᠦᠷᠢ ᠰᠢᠭᠦᠬᠦ ᠶᠢᠨ ᠡᠴᠦᠰ ᠦᠨ ᠰᠢᠢᠳᠪᠦᠷᠢ ᠪᠠᠶᠢᠬᠤ ᠪᠥᠭᠡᠳ ᠲᠡᠭᠦᠨ ᠢ ᠪᠦᠬᠦ ᠰᠢᠭᠦᠬᠦ᠂ ᠪᠤᠰᠤᠳ ᠡᠲᠡᠭᠡᠳ ᠵᠠᠪᠠᠯ ᠪᠡᠶᠡᠯᠡᠭᠦᠯᠦᠨ᠎ᠡ᠃ ᠬᠡᠷᠪᠡ ᠤᠯᠤᠰ ᠤᠨ ᠳᠡᠭᠡᠳᠦ ᠰᠢᠭᠦᠬᠦ ᠶᠢᠨ ᠰᠢᠢᠳᠪᠦᠷᠢ ᠬᠠᠤᠯᠢ ᠳᠤ ᠬᠠᠷᠰᠢᠯᠠᠪᠠᠯ ᠲᠡᠭᠦᠨ ᠢ ᠤᠯᠤᠰ ᠤᠨ ᠳᠡᠭᠡᠳᠦ ᠰᠢᠭᠦᠬᠦ ᠥᠪᠡᠷ ᠢᠶᠡᠨ ᠬᠦᠴᠦᠨ ᠭᠦᠢ ᠪᠣᠯᠭᠠᠨ᠎ᠠ᠃ ᠤᠯᠤᠰ ᠤᠨ ᠳᠡᠭᠡᠳᠦ ᠰᠢᠭᠦᠬᠦ ᠶᠢᠨ ᠲᠠᠶᠢᠯᠪᠤᠷᠢ ᠬᠠᠤᠯᠢ ᠳᠤ ᠬᠠᠷᠰᠢᠯᠠᠪᠠᠯ ᠬᠠᠤᠯᠢ ᠶᠢ ᠳᠠᠭᠠᠵᠤ ᠪᠡᠶᠡᠯᠡᠭᠦᠯᠦᠨ᠎ᠡ᠃

3᠃ ᠤᠯᠤᠰ ᠤᠨ ᠳᠡᠭᠡᠳᠦ ᠰᠢᠭᠦᠬᠦ᠂ ᠪᠤᠰᠤᠳ ᠰᠢᠭᠦᠬᠦ ᠨᠢ ᠦᠨᠳᠦᠰᠦᠨ ᠬᠠᠤᠯᠢ ᠳᠤ ᠨᠡᠶᠢᠴᠡᠭᠡ ᠦᠭᠡᠢ᠂ ᠠᠯᠪᠠᠨ ᠶᠣᠰᠣᠭᠠᠷ ᠨᠡᠶᠢᠲᠡᠯᠡᠭᠡ ᠦᠭᠡᠢ ᠬᠠᠤᠯᠢ ᠶᠢ ᠬᠡᠷᠡᠭᠯᠡᠬᠦ ᠡᠷᠬᠡ ᠦᠭᠡᠢ᠃ ᠲᠠᠪᠢᠨ ᠨᠢᠭᠡᠳᠦᠭᠡᠷ ᠵᠦᠢᠯ᠃ 1᠃ ᠤᠯᠤᠰ ᠤᠨ ᠳᠡᠭᠡᠳᠦ ᠰᠢᠭᠦᠬᠦ ᠶᠡᠷᠦᠩᠬᠡᠢ ᠰᠢᠭᠦᠭᠴᠢ᠂ ᠰᠢᠭᠦᠭᠴᠢᠳ ᠡᠴᠡ ᠪᠥᠷᠢᠳᠦᠨ᠎ᠡ᠃

2᠃ ᠰᠢᠭᠦᠬᠦ ᠶᠢᠨ ᠶᠡᠷᠦᠩᠬᠡᠢ ᠵᠥᠪᠯᠡᠯ ᠡᠴᠡ ᠤᠯᠤᠰ ᠤᠨ ᠳᠡᠭᠡᠳᠦ ᠰᠢᠭᠦᠬᠦ ᠶᠢᠨ ᠰᠢᠭᠦᠭᠴᠢᠳ ᠢ ᠤᠯᠤᠰ ᠤᠨ ᠶᠡᠬᠡ ᠬᠤᠷᠠᠯ ᠳᠤ ᠲᠠᠨᠢᠯᠴᠠᠭᠤᠯᠤᠭᠰᠠᠨ ᠢᠶᠠᠷ᠂ ᠪᠤᠰᠤᠳ ᠰᠢᠭᠦᠬᠦ ᠶᠢᠨ ᠰᠢᠭᠦᠭᠴᠢᠳ ᠢ ᠰᠢᠭᠦᠬᠦ ᠶᠢᠨ ᠶᠡᠷᠦᠩᠬᠡᠢ ᠵᠥᠪᠯᠡᠯ ᠦᠨ ᠰᠠᠨᠠᠯ ᠪᠣᠯᠭᠠᠭᠰᠠᠨ ᠢᠶᠠᠷ ᠲᠤᠰ ᠲᠤᠰ ᠶᠡᠷᠦᠩᠬᠡᠶᠢᠯᠡᠭᠴᠢ ᠲᠣᠮᠢᠯᠠᠨ᠎ᠠ᠃ ᠶᠡᠷᠦᠩᠬᠡᠢ ᠰᠢᠭᠦᠭᠴᠢ ᠶᠢ ᠤᠯᠤᠰ ᠤᠨ ᠳᠡᠭᠡᠳᠦ ᠰᠢᠭᠦᠬᠦ ᠶᠢᠨ ᠰᠠᠨᠠᠯ ᠪᠣᠯᠭᠠᠭᠰᠠᠨ ᠢᠶᠠᠷ ᠭᠡᠰᠢᠭᠦᠳ ᠦᠨ ᠬᠢ ᠨᠢ ᠳᠣᠲᠣᠷ᠎ᠠ ᠠᠴᠠ ᠵᠢᠷᠭᠤᠭᠠᠨ ᠵᠢᠯ ᠦᠨ ᠬᠤᠭᠤᠴᠠᠭ᠎ᠠ ᠪᠠᠷ ᠶᠡᠷᠦᠩᠬᠡᠶᠢᠯᠡᠭᠴᠢ ᠲᠣᠮᠢᠯᠠᠨ᠎ᠠ᠃

3᠃ ᠬᠠᠤᠯᠢ ᠵᠦᠢ ᠶᠢᠨ ᠳᠡᠭᠡᠳᠦ ᠪᠣᠯᠪᠠᠰᠤᠷᠠᠯ ᠲᠠᠢ᠂ ᠮᠡᠷᠭᠡᠵᠢᠯ ᠢᠶᠡᠷ ᠢᠶᠡᠨ ᠠᠷᠪᠠ ᠠᠴᠠ ᠳᠣᠭᠣᠭᠰᠢ ᠦᠭᠡᠢ ᠵᠢᠯ ᠠᠵᠢᠯᠯᠠᠭᠰᠠᠨ᠂ ᠮᠣᠩᠭᠣᠯ ᠤᠯᠤᠰ ᠤᠨ ᠭᠤᠴᠢᠨ ᠲᠠᠪᠤᠨ ᠨᠠᠰᠤ ᠬᠦᠷᠦᠭᠰᠡᠨ ᠢᠷᠭᠡᠨ ᠢ ᠤᠯᠤᠰ ᠤᠨ ᠳᠡᠭᠡᠳᠦ ᠰᠢᠭᠦᠬᠦ ᠶᠢᠨ ᠰᠢᠭᠦᠭᠴᠢ ᠪᠡᠷ; ᠬᠠᠤᠯᠢ ᠵᠦᠢ ᠶᠢᠨ ᠳᠡᠭᠡᠳᠦ ᠪᠣᠯᠪᠠᠰᠤᠷᠠᠯ ᠲᠠᠢ᠂ ᠭᠤᠷᠪᠠ ᠠᠴᠠ ᠳᠣᠭᠣᠭᠰᠢ ᠦᠭᠡᠢ ᠵᠢᠯ ᠮᠡᠷᠭᠡᠵᠢᠯ ᠢᠶᠡᠷ ᠢᠶᠡᠨ ᠠᠵᠢᠯᠯᠠᠭᠰᠠᠨ᠂ ᠮᠣᠩᠭᠣᠯ ᠤᠯᠤᠰ ᠤᠨ ᠬᠣᠷᠢᠨ ᠲᠠᠪᠤᠨ ᠨᠠᠰᠤ ᠬᠦᠷᠦᠭᠰᠡᠨ ᠢᠷᠭᠡᠨ ᠢ ᠪᠤᠰᠤᠳ ᠰᠢᠭᠦᠬᠦ ᠶᠢᠨ ᠰᠢᠭᠦᠭᠴᠢ ᠪᠡᠷ ᠲᠣᠮᠢᠯᠠᠵᠤ ᠪᠣᠯᠤᠨ᠎ᠠ᠃

4᠃ ᠦᠨᠳᠦᠰᠦᠨ ᠬᠠᠤᠯᠢ᠂ ᠰᠢᠭᠦᠬᠦ ᠶᠢᠨ ᠲᠤᠬᠠᠢ ᠬᠠᠤᠯᠢ ᠳᠤ ᠵᠢᠭᠠᠭᠰᠠᠨ ᠦᠨᠳᠦᠰᠦᠯᠡᠯ᠂ ᠰᠢᠭᠦᠬᠦ ᠶᠢᠨ ᠬᠦᠴᠦᠨ ᠲᠡᠭᠦᠯᠳᠡᠷ ᠰᠢᠢᠳᠪᠦᠷᠢ ᠶᠢᠨ ᠳᠠᠭᠠᠤ ᠣᠭᠴᠣᠷᠠᠭᠤᠯᠬᠤ᠂ ᠡᠰᠡᠬᠦᠯ᠎ᠡ ᠬᠦᠰᠡᠯᠲᠦ ᠪᠡᠷ ᠨᠢ ᠴᠢᠯᠦᠭᠡᠯᠡᠬᠦ ᠡᠴᠡ ᠪᠤᠰᠤᠳ ᠲᠣᠬᠢᠶᠠᠯᠳᠤᠯ ᠳᠤ ᠠᠯᠢ ᠴᠤ ᠱᠠᠲᠤᠨ ᠤ ᠰᠢᠭᠦᠬᠦ ᠶᠢᠨ ᠰᠢᠭᠦᠭᠴᠢ ᠶᠢ ᠣᠭᠴᠣᠷᠠᠭᠤᠯᠬᠤ ᠶᠢ ᠬᠣᠷᠢᠭᠯᠠᠨ᠎ᠠ᠃

ᠬᠡᠪᠯᠡᠬᠦ ᠲᠠᠪᠢᠨ ᠬᠣᠶᠠᠳᠤᠭᠠᠷ ᠵᠦᠢᠯ᠃ 1᠃ ᠪᠦᠬᠦ ᠱᠠᠲᠤᠨ ᠤ ᠰᠢᠭᠦᠬᠦ ᠬᠡᠷᠡᠭ᠂ ᠮᠠᠷᠭᠤᠭᠠᠨ ᠢ ᠬᠠᠮᠲᠤ ᠶᠢᠨ ᠵᠠᠷᠴᠢᠮ ᠢᠶᠠᠷ ᠬᠢᠨᠠᠨ ᠬᠡᠯᠡᠯᠴᠡᠵᠦ ᠰᠢᠢᠳᠪᠦᠷᠢᠯᠡᠨ᠎ᠡ᠃

2᠃ ᠠᠩᠬᠠᠨ ᠱᠠᠲᠤᠨ ᠤ ᠰᠢᠭᠦᠬᠦ ᠬᠡᠷᠡᠭ᠂ ᠮᠠᠷᠭᠤᠭᠠᠨ ᠢ ᠬᠠᠮᠲᠤᠷᠠᠨ ᠰᠢᠢᠳᠪᠦᠷᠢᠯᠡᠬᠦ ᠳᠦ ᠪᠡᠨ ᠢᠷᠭᠡᠳ ᠦᠨ ᠲᠥᠯᠦᠭᠡᠯᠡᠭᠴᠢᠳ ᠢ ᠬᠠᠤᠯᠢ ᠳᠤ ᠵᠢᠭᠠᠭᠰᠠᠨ ᠵᠢᠷᠤᠮ ᠤᠨ ᠳᠠᠭᠠᠤ ᠣᠷᠤᠯᠴᠠᠭᠤᠯᠤᠨ᠎ᠠ᠃

3᠃ ᠬᠠᠤᠯᠢ ᠳᠤ ᠲᠤᠰᠬᠠᠶᠢᠯᠠᠨ ᠵᠦᠢᠯᠴᠢᠯᠡᠵᠦ ᠵᠢᠭᠠᠭᠰᠠᠨ ᠵᠠᠷᠢᠮ ᠬᠡᠷᠡᠭ ᠢ ᠰᠢᠭᠦᠭᠴᠢ ᠳᠠᠩ ᠢᠶᠠᠷ ᠬᠢᠨᠠᠨ ᠰᠢᠢᠳᠪᠦᠷᠢᠯᠡᠵᠦ ᠪᠣᠯᠤᠨ᠎ᠠ᠃

ᠬᠡᠪᠯᠡᠬᠦ ᠲᠠᠪᠢᠨ ᠭᠤᠷᠪᠠᠳᠤᠭᠠᠷ ᠵᠦᠢᠯ᠃ 1᠃ ᠰᠢᠭᠦᠨ ᠲᠠᠰᠤᠯᠬᠤ ᠠᠵᠢᠯᠯᠠᠭ᠎ᠠ ᠶᠢ ᠮᠣᠩᠭᠣᠯ ᠬᠡᠯᠡ ᠪᠡᠷ ᠶᠠᠪᠤᠭᠤᠯᠤᠨ᠎ᠠ᠃

2᠃ ᠮᠣᠩᠭᠣᠯ ᠬᠡᠯᠡ ᠮᠡᠳᠡᠬᠦ ᠦᠭᠡᠢ ᠬᠦᠨᠳᠦ ᠬᠡᠷᠡᠭ ᠦᠨ ᠪᠠᠷᠢᠮᠲᠠ ᠰᠡᠯᠲᠡ ᠶᠢ ᠬᠡᠯᠡᠮᠦᠷᠴᠢᠯᠡᠭᠦᠯᠦᠨ ᠪᠥᠷᠢᠨ ᠲᠠᠨᠢᠯᠴᠠᠭᠤᠯᠬᠤ ᠪᠥᠭᠡᠳ ᠰᠢᠭᠦᠬᠦ ᠬᠤᠷᠠᠯᠳᠤᠭᠠᠨ ᠳᠡᠭᠡᠷ᠎ᠡ ᠡᠬᠡ ᠬᠡᠯᠡ ᠪᠡᠷ ᠨᠢ ᠦᠭᠡ ᠬᠡᠯᠡᠬᠦ ᠡᠷᠬᠡ ᠣᠯᠭᠤᠨ᠎ᠠ᠃ ᠲᠠᠪᠢᠨ ᠳᠥᠷᠪᠡᠳᠦᠭᠡᠷ ᠵᠦᠢᠯ᠃ ᠬᠠᠤᠯᠢ ᠳᠤ ᠲᠤᠰᠬᠠᠶᠢᠯᠠᠨ ᠵᠢᠭᠠᠭᠰᠠᠨ ᠠᠴᠠ ᠪᠤᠰᠤᠳ ᠲᠣᠬᠢᠶᠠᠯᠳᠤᠯ ᠳᠤ ᠰᠢᠭᠦᠬᠦ ᠬᠡᠷᠡᠭ ᠢ ᠢᠯᠡ ᠲᠠᠰᠤᠯᠤᠨ ᠰᠢᠢᠳᠪᠦᠷᠢᠯᠡᠨ᠎ᠡ᠃ ᠬᠡᠪᠯᠡᠬᠦ ᠲᠠᠪᠢᠨ ᠲᠠᠪᠤᠳᠤᠭᠠᠷ ᠵᠦᠢᠯ᠃ 1᠃ ᠰᠢᠭᠦᠭᠳᠡᠭᠴᠢ ᠥᠪᠡᠷ ᠢ ᠪᠡᠨ ᠥᠮᠥᠭᠡᠯᠡᠬᠦ ᠡᠷᠬᠡ ᠲᠡᠢ᠃

2᠃ ᠰᠢᠭᠦᠭᠳᠡᠭᠴᠢᠳ ᠡᠨᠡ ᠡᠷᠬᠡ ᠪᠡᠨ ᠡᠳ᠋ᠯᠡᠬᠦ ᠳᠦ ᠬᠦᠰᠡᠯᠲᠦ ᠪᠡᠷ ᠨᠢ ᠪᠤᠶᠤ ᠬᠠᠤᠯᠢ ᠳᠤ ᠵᠢᠭᠠᠭᠰᠠᠨ ᠢᠶᠠᠷ ᠬᠠᠤᠯᠢ ᠵᠦᠢ ᠶᠢᠨ ᠮᠡᠷᠭᠡᠵᠢᠯ ᠦᠨ ᠲᠤᠰᠠᠯᠠᠯᠴᠠᠭ᠎ᠠ ᠦᠵᠡᠭᠦᠯᠦᠨ᠎ᠡ᠃

ᠬᠡᠪᠯᠡᠬᠦ ᠲᠠᠪᠢᠨ ᠵᠢᠷᠭᠤᠳᠤᠭᠠᠷ ᠵᠦᠢᠯ᠃ 1᠃ ᠫᠷᠣᠺᠦ᠋ᠷᠣᠷ ᠬᠡᠷᠡᠭ ᠪᠦᠷᠢᠳᠬᠡᠬᠦ᠂ ᠮᠥᠷᠳᠡᠨ ᠪᠠᠶᠢᠴᠠᠭᠠᠬᠤ᠂ ᠢᠯᠠ ᠡᠳ᠋ᠯᠡᠭᠦᠯᠬᠦ ᠠᠵᠢᠯᠯᠠᠭᠠᠨ ᠳᠤ ᠬᠢᠨᠠᠯᠲᠠ ᠲᠠᠯᠪᠢᠵᠤ᠂ ᠰᠢᠭᠦᠬᠦ ᠬᠤᠷᠠᠯᠳᠤᠭᠠᠨ ᠳᠤ ᠲᠥᠷᠦ ᠶᠢᠨ ᠨᠡᠷ᠎ᠡ ᠶᠢᠨ ᠡᠮᠦᠨ᠎ᠡ ᠡᠴᠡ ᠣᠷᠣᠯᠴᠠᠨ᠎ᠠ᠃

2᠃ ᠤᠯᠤᠰ ᠤᠨ ᠶᠡᠷᠦᠩᠬᠡᠢ ᠫᠷᠣᠺᠦ᠋ᠷᠣᠷ᠂ ᠲᠡᠭᠦᠨ ᠦ ᠣᠷᠣᠯᠠᠭᠴᠢ ᠨᠠᠷ ᠢ ᠤᠯᠤᠰ ᠤᠨ ᠶᠡᠬᠡ ᠬᠤᠷᠠᠯᠲᠠᠢ ᠵᠥᠪᠰᠢᠯᠴᠡᠨ ᠶᠡᠷᠦᠩᠬᠡᠶᠢᠯᠡᠭᠴᠢ ᠵᠢᠷᠭᠤᠭᠠᠨ ᠵᠢᠯ ᠦᠨ ᠬᠤᠭᠤᠴᠠᠭ᠎ᠠ ᠪᠠᠷ ᠲᠣᠮᠢᠯᠠᠨ᠎ᠠ᠃

3᠃ ᠮᠣᠩᠭᠣᠯ ᠤᠯᠤᠰ ᠤᠨ ᠫᠷᠣᠺᠦ᠋ᠷᠣᠷ ᠤᠨ ᠪᠠᠶᠢᠭᠤᠯᠤᠯᠭ᠎ᠠ ᠶᠢᠨ ᠲᠣᠭᠲᠠᠯᠴᠠᠭ᠎ᠠ᠂ ᠵᠣᠬᠢᠶᠠᠨ ᠪᠠᠶᠢᠭᠤᠯᠤᠯᠲᠠ᠂ ᠦᠢᠯᠡ ᠠᠵᠢᠯᠯᠠᠭᠠᠨ ᠤ ᠡᠷᠬᠡ ᠵᠦᠢ ᠶᠢᠨ ᠦᠨᠳᠦᠰᠦ ᠶᠢ ᠬᠠᠤᠯᠢ ᠪᠠᠷ ᠲᠣᠭᠲᠠᠭᠠᠨ᠎ᠠ᠃ ДӨРӨВДҮГЭЭР БҮЛЭГ МОНГОЛ УЛСЫН ЗАСАГ ЗАХИРГАА, НУТАГ

ДЭВСГЭРИЙН НЭГЖ, ТҮҮНИЙ УДИРДЛАГА

ᠲᠠᠪᠢᠨ ᠳᠣᠯᠣᠳᠤᠭᠠᠷ ᠵᠦᠢᠯ᠃ 1᠃ ᠮᠣᠩᠭᠣᠯ ᠤᠯᠤᠰ ᠤᠨ ᠨᠤᠲᠤᠭ ᠳᠡᠪᠢᠰᠬᠡᠷ ᠵᠠᠰᠠᠭ ᠵᠠᠬᠢᠷᠭᠠᠨ ᠤ ᠬᠤᠪᠢ ᠳᠤ ᠠᠶᠢᠮᠠᠭ᠂ ᠨᠡᠶᠢᠰᠯᠡᠯ ᠳᠦ᠂ ᠠᠶᠢᠮᠠᠭ ᠨᠢ ᠰᠤᠮᠤᠨ ᠳᠤ᠂ ᠰᠤᠮᠤ ᠨᠢ ᠪᠠᠭ ᠲᠤ᠂ ᠨᠡᠶᠢᠰᠯᠡᠯ ᠨᠢ ᠳᠡᠭᠦᠷᠭᠡ ᠳᠦ᠂ ᠳᠡᠭᠦᠷᠭᠡ ᠨᠢ ᠬᠣᠷᠢᠶᠠᠨ ᠳᠤ ᠬᠤᠪᠢᠶᠠᠭᠳᠠᠨ᠎ᠠ᠃

2᠃ ᠵᠠᠰᠠᠭ ᠵᠠᠬᠢᠷᠭ᠎ᠠ᠂ ᠨᠤᠲᠤᠭ ᠳᠡᠪᠢᠰᠬᠡᠷ ᠦᠨ ᠨᠢᠭᠡᠴᠡ ᠳ᠋ᠡᠬᠢ ᠬᠣᠲᠠ᠂ ᠲᠣᠰᠬᠣᠨ ᠤ ᠡᠷᠬᠡ ᠵᠦᠢ ᠶᠢᠨ ᠦᠨᠳᠦᠰᠦ ᠶᠢ ᠬᠠᠤᠯᠢ ᠪᠠᠷ ᠲᠣᠭᠲᠠᠭᠠᠨ᠎ᠠ᠃

3᠃ ᠵᠠᠰᠠᠭ ᠵᠠᠬᠢᠷᠭ᠎ᠠ᠂ ᠨᠤᠲᠤᠭ ᠳᠡᠪᠢᠰᠬᠡᠷ ᠦᠨ ᠨᠢᠭᠡᠴᠡ ᠶᠢ ᠦᠭᠡᠷᠡᠴᠢᠯᠡᠬᠦ ᠠᠰᠠᠭᠤᠳᠠᠯ ᠢ ᠡᠳ᠋ ᠍ ᠦᠨ ᠵᠠᠰᠠᠭ ᠤᠨ ᠪᠦᠲᠦᠴᠡ᠂ ᠬᠦᠮᠦᠨ ᠠᠮᠠ ᠶᠢᠨ ᠪᠠᠶᠢᠷᠢᠰᠢᠯ ᠢ ᠬᠠᠷᠠᠭᠠᠯᠵᠠᠨ ᠲᠤᠬᠠᠢ ᠶᠢᠨ ᠨᠤᠲᠤᠭ ᠤᠨ ᠬᠤᠷᠠᠯ᠂ ᠢᠷᠭᠡᠳ ᠦᠨ ᠰᠠᠨᠠᠯ ᠢ ᠦᠨᠳᠦᠰᠦᠯᠡᠨ ᠤᠯᠤᠰ ᠤᠨ ᠶᠡᠬᠡ ᠬᠤᠷᠠᠯ ᠰᠢᠢᠳᠪᠦᠷᠢᠯᠡᠨ᠎ᠡ᠃

ᠬᠡᠪᠯᠡᠬᠦ ᠲᠠᠪᠢᠨ ᠨᠠᠶᠢᠮᠠᠳᠤᠭᠠᠷ ᠵᠦᠢᠯ᠃ 1᠃ ᠠᠶᠢᠮᠠᠭ᠂ ᠨᠡᠶᠢᠰᠯᠡᠯ᠂ ᠰᠤᠮᠤ᠂ ᠳᠡᠭᠦᠷᠭᠡ ᠪᠣᠯ ᠬᠠᠤᠯᠢ ᠪᠠᠷ ᠲᠤᠰᠬᠠᠶᠢᠯᠠᠨ ᠣᠯᠭᠤᠭᠰᠠᠨ ᠴᠢᠭ ᠡᠭᠦᠷᠭᠡ᠂ ᠥᠪᠡᠷ ᠦᠨ ᠤᠳᠤᠷᠢᠳᠤᠯᠭ᠎ᠠ ᠪᠦᠬᠦᠢ ᠵᠠᠰᠠᠭ ᠵᠠᠬᠢᠷᠭ᠎ᠠ᠂ ᠨᠤᠲᠤᠭ ᠳᠡᠪᠢᠰᠬᠡᠷ᠂ ᠡᠳ᠋ ᠍ ᠦᠨ ᠵᠠᠰᠠᠭ᠂ ᠨᠡᠶᠢᠭᠡᠮ ᠦᠨ ᠴᠣᠭᠴᠠᠯᠠᠪᠤᠷᠢ ᠮᠥᠨ᠃

2᠃ ᠠᠶᠢᠮᠠᠭ᠂ ᠨᠡᠶᠢᠰᠯᠡᠯ᠂ ᠰᠤᠮᠤ᠂ ᠳᠡᠭᠦᠷᠭᠡ ᠶᠢᠨ ᠬᠢᠯᠢ ᠶᠢᠨ ᠴᠧᠰᠧ ᠶᠢ ᠵᠠᠰᠠᠭ ᠤᠨ ᠭᠠᠵᠠᠷ ᠤᠨ ᠡᠷᠭᠦᠨ ᠮᠡᠳᠡᠭᠦᠯᠦᠭᠰᠡᠨ ᠢᠶᠡᠷ ᠤᠯᠤᠰ ᠤᠨ ᠶᠡᠬᠡ ᠬᠤᠷᠠᠯ ᠪᠠᠲᠤᠯᠠᠨ᠎ᠠ᠃

ᠬᠡᠪᠯᠡᠬᠦ ᠲᠠᠪᠢᠨ ᠶᠢᠰᠦᠳᠦᠭᠡᠷ ᠵᠦᠢᠯ᠃ 1᠃ ᠮᠣᠩᠭᠣᠯ ᠤᠯᠤᠰ ᠤᠨ ᠵᠠᠰᠠᠭ ᠵᠠᠬᠢᠷᠭ᠎ᠠ᠂ ᠨᠤᠲᠤᠭ ᠳᠡᠪᠢᠰᠬᠡᠷ ᠦᠨ ᠨᠢᠭᠡᠴᠡ ᠶᠢᠨ ᠤᠳᠤᠷᠢᠳᠤᠯᠭ᠎ᠠ ᠨᠢ ᠨᠤᠲᠤᠭ ᠤᠨ ᠥᠪᠡᠷ ᠢᠶᠡᠨ ᠤᠳᠤᠷᠢᠳᠬᠤ ᠶᠣᠰᠣ ᠶᠢ ᠲᠥᠷᠥ ᠶᠢᠨ ᠤᠳᠤᠷᠢᠳᠤᠯᠭ᠎ᠠ ᠲᠠᠢ ᠬᠣᠣᠰᠯᠠᠭᠤᠯᠬᠤ ᠦᠨᠳᠦᠰᠦᠨ ᠳᠡᠭᠡᠷ᠎ᠡ ᠬᠡᠷᠡᠭᠵᠢᠨ᠎ᠡ᠃

2᠃ ᠨᠤᠲᠤᠭ ᠤᠨ ᠥᠪᠡᠷ ᠢᠶᠡᠨ ᠤᠳᠤᠷᠢᠳᠬᠤ ᠪᠠᠶᠢᠭᠤᠯᠤᠯᠭ᠎ᠠ ᠪᠣᠯ ᠠᠶᠢᠮᠠᠭ᠂ ᠨᠡᠶᠢᠰᠯᠡᠯ᠂ ᠰᠤᠮᠤ᠂ ᠳᠡᠭᠦᠷᠭᠡ ᠳᠦ ᠲᠤᠬᠠᠢ ᠶᠢᠨ ᠨᠤᠲᠤᠭ ᠳᠡᠪᠢᠰᠬᠡᠷ ᠦᠨ ᠢᠷᠭᠡᠳ ᠦᠨ ᠲᠥᠯᠦᠭᠡᠯᠡᠭᠴᠢᠳ ᠦᠨ ᠬᠤᠷᠠᠯ᠂ ᠪᠠᠭ᠂ ᠬᠣᠷᠢᠶᠠᠨ ᠳᠤ ᠢᠷᠭᠡᠳ ᠦᠨ ᠨᠡᠶᠢᠲᠡ ᠶᠢᠨ ᠬᠤᠷᠠᠯ᠂ ᠲᠤᠬᠠᠢ ᠶᠢᠨ ᠬᠤᠷᠠᠯ ᠤᠨ ᠬᠤᠷᠠᠯᠳᠤᠭᠠᠨ ᠤ ᠴᠢᠯᠦᠭᠡ ᠴᠠᠭ ᠲᠤ ᠲᠡᠭᠦᠨ ᠦ ᠲᠡᠷᠢᠭᠦᠯᠡᠭᠴᠢᠳ ᠮᠥᠨ᠃

3᠃ ᠠᠶᠢᠮᠠᠭ᠂ ᠨᠡᠶᠢᠰᠯᠡᠯ ᠦᠨ ᠲᠥᠯᠥᠭᠡᠯᠡᠭᠴᠢᠳ ᠦᠨ ᠬᠤᠷᠠᠯ ᠢ ᠳᠥᠷᠪᠡᠨ ᠵᠢᠯ ᠦᠨ ᠬᠤᠭᠤᠴᠠᠭ᠎ᠠ ᠪᠠᠷ ᠰᠣᠩᠭᠣᠨ᠎ᠠ᠃ ᠡᠳᠡᠭᠡᠷ ᠬᠤᠷᠠᠯ ᠤᠨ ᠪᠣᠯᠤᠨ ᠰᠤᠮᠤ᠂ ᠳᠡᠭᠦᠷᠭᠡ ᠶᠢᠨ ᠬᠤᠷᠠᠯ ᠤᠨ ᠲᠥᠯᠥᠭᠡᠯᠡᠭᠴᠢᠳ ᠦᠨ ᠲᠣᠭ᠎ᠠ᠂ ᠰᠤᠩᠭᠤᠬᠤ ᠵᠢᠷᠤᠮ ᠢ ᠬᠠᠤᠯᠢ ᠪᠠᠷ ᠲᠣᠭᠲᠠᠭᠠᠨ᠎ᠠ᠃ ᠵᠢᠷᠠᠳᠤᠭᠠᠷ ᠵᠦᠢᠯ᠃ 1᠃ ᠠᠶᠢᠮᠠᠭ᠂ ᠨᠡᠶᠢᠰᠯᠡᠯ᠂ ᠰᠤᠮᠤ᠂ ᠳᠡᠭᠦᠷᠭᠡ᠂ ᠪᠠᠭ᠂ ᠬᠣᠷᠢᠶᠠᠨ ᠤ ᠨᠤᠲᠤᠭ ᠳᠡᠪᠢᠰᠬᠡᠷ ᠲᠦ ᠲᠥᠷᠥ ᠶᠢᠨ ᠤᠳᠤᠷᠢᠳᠤᠯᠭ᠎ᠠ ᠶᠢ ᠲᠤᠬᠠᠢ ᠶᠢᠨ ᠠᠶᠢᠮᠠᠭ᠂ ᠨᠡᠶᠢᠰᠯᠡᠯ᠂ ᠰᠤᠮᠤ᠂ ᠳᠡᠭᠦᠷᠭᠡ᠂ ᠪᠠᠭ᠂ ᠬᠣᠷᠢᠶᠠᠨ ᠤ ᠵᠠᠰᠠᠭ ᠳᠠᠷᠤᠭ᠎ᠠ ᠬᠡᠷᠡᠭᠵᠢᠭᠦᠯᠦᠨ᠎ᠡ᠃

2᠃ ᠵᠠᠰᠠᠭ ᠳᠠᠷᠤᠭ᠎ᠠ ᠶᠢ ᠲᠤᠬᠠᠢ ᠶᠢᠨ ᠠᠶᠢᠮᠠᠭ᠂ ᠨᠡᠶᠢᠰᠯᠡᠯ᠂ ᠰᠤᠮᠤ᠂ ᠳᠡᠭᠦᠷᠭᠡ᠂ ᠪᠠᠭ᠂ ᠬᠣᠷᠢᠶᠠᠨ ᠤ ᠬᠤᠷᠠᠯ ᠠᠴᠠ ᠨᠡᠷ᠎ᠡ ᠳᠡᠪᠰᠢᠭᠦᠯᠵᠦ᠂ ᠠᠶᠢᠮᠠᠭ᠂ ᠨᠡᠶᠢᠰᠯᠡᠯ ᠦᠨ ᠵᠠᠰᠠᠭ ᠳᠠᠷᠤᠭ᠎ᠠ ᠶᠢ ᠶᠡᠷᠦᠩᠬᠡᠢ ᠰᠠᠶᠢᠳ; ᠰᠤᠮᠤ᠂ ᠳᠡᠭᠦᠷᠭᠡ ᠶᠢᠨ ᠵᠠᠰᠠᠭ ᠳᠠᠷᠤᠭ᠎ᠠ ᠶᠢ ᠬᠠᠷᠢᠶᠠᠯᠠᠬᠤ ᠠᠶᠢᠮᠠᠭ᠂ ᠨᠡᠶᠢᠰᠯᠡᠯ ᠦᠨ ᠵᠠᠰᠠᠭ ᠳᠠᠷᠤᠭ᠎ᠠ; ᠪᠠᠭ᠂ ᠬᠣᠷᠢᠶᠠᠨ ᠤ ᠵᠠᠰᠠᠭ ᠳᠠᠷᠤᠭ᠎ᠠ ᠶᠢ ᠬᠠᠷᠢᠶᠠᠯᠠᠬᠤ ᠰᠤᠮᠤ᠂ ᠳᠡᠭᠦᠷᠭᠡ ᠶᠢᠨ ᠵᠠᠰᠠᠭ ᠳᠠᠷᠤᠭ᠎ᠠ ᠲᠤᠰ ᠲᠤᠰ ᠳᠥᠷᠪᠡᠨ ᠵᠢᠯ ᠦᠨ ᠬᠤᠭᠤᠴᠠᠭ᠎ᠠ ᠪᠠᠷ ᠲᠣᠮᠢᠯᠠᠨ᠎ᠠ᠃

3᠃ ᠶᠡᠷᠦᠩᠬᠡᠢ ᠰᠠᠶᠢᠳ ᠪᠤᠶᠤ ᠳᠡᠭᠡᠳᠦ ᠱᠠᠲᠤᠨ ᠤ ᠨᠢᠭᠡᠴᠡ ᠶᠢᠨ ᠵᠠᠰᠠᠭ ᠳᠠᠷᠤᠭ᠎ᠠ ᠳ᠋ᠣᠣ ᠳᠤ ᠱᠠᠲᠤᠨ ᠤ ᠪᠠᠨ ᠨᠢᠭᠡᠴᠡ ᠶᠢᠨ ᠵᠠᠰᠠᠭ ᠳᠠᠷᠤᠭ᠎ᠠ ᠳᠤ ᠨᠡᠷ᠎ᠡ ᠳᠡᠪᠰᠢᠭᠴᠢ ᠶᠢ ᠲᠣᠮᠢᠯᠠᠬᠤ ᠠᠴᠠ ᠲᠠᠲᠠᠭᠠᠯᠵᠠᠪᠠᠯ ᠡᠨᠡ ᠵᠦᠢᠯ ᠦᠨ 2 ᠳᠠᠬᠢ ᠬᠡᠰᠡᠭ ᠲᠦ ᠵᠢᠭᠠᠭᠰᠠᠨ ᠵᠢᠷᠤᠮ ᠢᠶᠠᠷ ᠳᠠᠬᠢᠨ ᠨᠡᠷ᠎ᠡ ᠳᠡᠪᠰᠢᠭᠦᠯᠵᠦ ᠲᠣᠮᠢᠯᠠᠲᠠᠯ᠎ᠠ ᠡᠮᠦᠨᠡᠬᠢ ᠵᠠᠰᠠᠭ ᠳᠠᠷᠤᠭ᠎ᠠ ᠪᠦᠷᠢᠨ ᠡᠷᠬᠡ ᠪᠡᠨ ᠬᠡᠪ ᠢᠶᠡᠷ ᠬᠠᠳᠠᠭᠠᠯᠠᠨ᠎ᠠ᠃

ᠬᠡᠪᠯᠡᠬᠦ ᠵᠢᠷᠠᠨ ᠨᠢᠭᠡᠳᠦᠭᠡᠷ ᠵᠦᠢᠯ᠃ 1᠃ ᠵᠠᠰᠠᠭ ᠳᠠᠷᠤᠭ᠎ᠠ ᠲᠤᠬᠠᠢ ᠶᠢᠨ ᠬᠤᠷᠠᠯ ᠤᠨ ᠰᠢᠢᠳᠪᠦᠷᠢ ᠶᠢ ᠬᠡᠷᠡᠭᠵᠢᠭᠦᠯᠬᠦ ᠶᠢᠨ ᠬᠠᠮᠲᠤ ᠵᠠᠰᠠᠭ ᠲᠥᠷᠥ ᠶᠢᠨ ᠲᠥᠯᠥᠭᠡᠯᠡᠭᠴᠢ ᠶᠢᠨ ᠬᠤᠪᠢ ᠳᠤ ᠬᠠᠷᠢᠶ᠎ᠠ ᠨᠤᠲᠤᠭ ᠳᠡᠪᠢᠰᠬᠡᠷᠲᠦ ᠪᠡᠨ ᠬᠠᠤᠯᠢ ᠲᠣᠭᠲᠠᠭᠠᠮᠵᠢ᠂ ᠵᠠᠰᠠᠭ ᠤᠨ ᠭᠠᠵᠠᠷ᠂ ᠬᠠᠷᠢᠶᠠᠯᠠᠬᠤ ᠳᠡᠭᠡᠳᠦ ᠱᠠᠲᠤᠨ ᠤ ᠪᠠᠨ ᠪᠠᠶᠢᠭᠤᠯᠤᠯᠭ᠎ᠠ ᠶᠢᠨ ᠰᠢᠢᠳᠪᠦᠷᠢ ᠶᠢᠨ ᠭᠦᠢᠴᠡᠳᠬᠡᠯ ᠢ ᠬᠠᠩᠭᠠᠬᠤ ᠠᠵᠢᠯ ᠢ ᠵᠠᠰᠠᠭ ᠤᠨ ᠭᠠᠵᠠᠷ᠂ ᠳᠡᠭᠡᠳᠦ ᠱᠠᠲᠤᠨ ᠤ ᠵᠠᠰᠠᠭ ᠳᠠᠷᠤᠭ᠎ᠠ ᠶᠢᠨ ᠡᠮᠦᠨ᠎ᠡ ᠬᠠᠷᠢᠭᠤᠴᠠᠨ᠎ᠠ᠃

2᠃ ᠵᠠᠰᠠᠭ ᠳᠠᠷᠤᠭ᠎ᠠ ᠲᠤᠬᠠᠢ ᠶᠢᠨ ᠠᠶᠢᠮᠠᠭ᠂ ᠨᠡᠶᠢᠰᠯᠡᠯ᠂ ᠰᠤᠮᠤ᠂ ᠳᠡᠭᠦᠷᠭᠡ᠂ ᠪᠠᠭ᠂ ᠬᠣᠷᠢᠶᠠᠨ ᠤ ᠬᠤᠷᠠᠯ ᠤᠨ ᠰᠢᠢᠳᠪᠦᠷᠢ ᠳᠦ ᠬᠣᠷᠢᠭ ᠲᠠᠯᠪᠢᠬᠤ ᠡᠷᠬᠡ ᠲᠡᠢ᠃

3᠃ ᠲᠠᠯᠪᠢᠭᠰᠠᠨ ᠬᠣᠷᠢᠭ ᠢ ᠨᠢ ᠬᠤᠷᠠᠯ ᠥᠪᠡᠷ ᠦᠨ ᠲᠥᠯᠥᠭᠡᠯᠡᠭᠴᠢᠳ ᠦᠨ ᠣᠯᠠᠩᠬᠢ ᠶᠢᠨ ᠰᠠᠨᠠᠯ ᠢᠶᠠᠷ ᠨᠢᠴᠤᠭᠠᠭᠰᠠᠨ ᠨᠥᠬᠥᠴᠡᠯ ᠳᠦ ᠵᠠᠰᠠᠭ ᠳᠠᠷᠤᠭ᠎ᠠ ᠤᠤᠯ ᠰᠢᠢᠳᠪᠦᠷᠢ ᠶᠢ ᠪᠡᠶᠡᠯᠡᠭᠦᠯᠬᠦ ᠪᠣᠯᠤᠮᠵᠢ ᠦᠭᠡᠢ ᠭᠡᠵᠦ ᠦᠵᠡᠪᠡᠯ ᠣᠭᠴᠣᠷᠠᠬᠤ ᠬᠦᠰᠡᠯᠲᠦ ᠪᠡᠨ ᠵᠣᠬᠢᠬᠤ ᠬᠤᠷᠠᠯ᠂ ᠶᠡᠷᠦᠩᠬᠡᠢ ᠰᠠᠶᠢᠳ ᠪᠤᠶᠤ ᠬᠠᠷᠢᠶᠠᠯᠠᠬᠤ ᠳᠡᠭᠡᠳᠦ ᠱᠠᠲᠤᠨ ᠤ ᠵᠠᠰᠠᠭ ᠳᠠᠷᠤᠭ᠎ᠠ ᠳᠤ ᠭᠠᠷᠭᠠᠵᠤ ᠪᠣᠯᠤᠨ᠎ᠠ᠃

4᠃ ᠠᠶᠢᠮᠠᠭ᠂ ᠨᠡᠶᠢᠰᠯᠡᠯ᠂ ᠰᠤᠮᠤ᠂ ᠳᠡᠭᠦᠷᠭᠡ ᠶᠢᠨ ᠵᠠᠰᠠᠭ ᠳᠠᠷᠤᠭ᠎ᠠ ᠶᠢᠨ ᠠᠵᠢᠯ ᠤᠨ ᠠᠯᠪᠠ ᠨᠢ ᠲᠠᠮᠠᠭ᠎ᠠ ᠶᠢᠨ ᠭᠠᠵᠠᠷ ᠮᠥᠨ᠃ ᠲᠠᠮᠠᠭ᠎ᠠ ᠶᠢᠨ ᠭᠠᠵᠠᠷ ᠤᠨ ᠪᠦᠲᠦᠴᠡ᠂ ᠣᠷᠣᠨ ᠲᠣᠭᠠᠨ ᠤ ᠬᠢᠵᠠᠭᠠᠷ ᠢ ᠵᠠᠰᠠᠭ ᠤᠨ ᠭᠠᠵᠠᠷ ᠨᠢᠭᠡ ᠪᠥᠷᠢᠴᠢᠯᠡᠨ ᠪᠤᠶᠤ ᠨᠢᠭᠡ ᠮᠠᠶ᠋ᠢᠭ ᠢᠶᠠᠷ ᠲᠣᠭᠲᠠᠭᠠᠨ᠎ᠠ᠃ ᠵᠢᠷᠠᠨ ᠬᠣᠶᠠᠳᠤᠭᠠᠷ ᠵᠦᠢᠯ᠃ 1᠃ ᠨᠤᠲᠤᠭ ᠤᠨ ᠥᠪᠡᠷ ᠢᠶᠡᠨ ᠤᠳᠤᠷᠢᠳᠬᠤ ᠪᠠᠶᠢᠭᠤᠯᠤᠯᠭ᠎ᠠ ᠲᠤᠬᠠᠢ ᠶᠢᠨ ᠠᠶᠢᠮᠠᠭ᠂ ᠨᠡᠶᠢᠰᠯᠡᠯ᠂ ᠰᠤᠮᠤ᠂ ᠳᠡᠭᠦᠷᠭᠡ᠂ ᠪᠠᠭ᠂ ᠬᠣᠷᠢᠶᠠᠨ ᠤ ᠨᠤᠲᠤᠭ ᠳᠡᠪᠢᠰᠬᠡᠷ ᠦᠨ ᠬᠡᠮᠵᠢᠶᠡᠨ ᠦ ᠡᠳ᠋ ᠍ ᠦᠨ ᠵᠠᠰᠠᠭ᠂ ᠨᠡᠶᠢᠭᠡᠮ ᠦᠨ ᠠᠮᠢᠳᠤᠷᠠᠯ ᠤᠨ ᠠᠰᠠᠭᠤᠳᠠᠯ ᠢ ᠪᠡᠶ᠎ᠡ ᠳᠠᠭᠠᠭᠠᠵᠤ ᠰᠢᠢᠳᠪᠦᠷᠢᠯᠡᠬᠦ ᠶᠢᠨ ᠬᠠᠮᠲᠤ ᠤᠯᠤᠰ᠂ ᠳᠡᠭᠡᠳᠦ ᠱᠠᠲᠤᠨ ᠤ ᠨᠢᠭᠡᠴᠡ ᠶᠢᠨ ᠴᠢᠨᠠᠷᠲᠠᠢ ᠠᠰᠠᠭᠤᠳᠠᠯ ᠢ ᠰᠢᠢᠳᠪᠦᠷᠢᠯᠡᠬᠦ ᠳᠦ ᠬᠦᠮᠦᠨ ᠠᠮᠠ ᠶᠢ ᠵᠣᠬᠢᠶᠠᠨ ᠪᠠᠶᠢᠭᠤᠯᠵᠤ ᠣᠷᠤᠯᠴᠠᠭᠤᠯᠤᠨ᠎ᠠ᠃

2᠃ ᠨᠤᠲᠤᠭ ᠤᠨ ᠥᠪᠡᠷ ᠢᠶᠡᠨ ᠤᠳᠤᠷᠢᠳᠬᠤ ᠪᠠᠶᠢᠭᠤᠯᠤᠯᠭ᠎ᠠ ᠶᠢᠨ ᠡᠷᠬᠡ ᠬᠡᠮᠵᠢᠶᠡᠨ ᠦ ᠠᠰᠠᠭᠤᠳᠠᠯ ᠢ ᠳᠡᠭᠡᠳᠦ ᠱᠠᠲᠤᠨ ᠤ ᠪᠠᠶᠢᠭᠤᠯᠤᠯᠭ᠎ᠠ ᠨᠢ ᠰᠢᠢᠳᠪᠦᠷᠢᠯᠡᠵᠦ ᠦᠯᠦ ᠪᠣᠯᠤᠨ᠎ᠠ᠃ ᠬᠡᠷᠪᠡ ᠨᠤᠲᠤᠭ ᠳᠡᠪᠢᠰᠬᠡᠷ ᠦᠨ ᠠᠮᠢᠳᠤᠷᠠᠯ ᠤᠨ ᠲᠣᠳᠣᠷᠬᠠᠢ ᠠᠰᠠᠭᠤᠳᠠᠯ ᠢ ᠰᠢᠢᠳᠪᠦᠷᠢᠯᠡᠬᠦ ᠲᠠᠯ᠎ᠠ ᠪᠠᠷ ᠬᠠᠤᠯᠢ᠂ ᠲᠥᠷᠦ ᠶᠢᠨ ᠵᠣᠬᠢᠬᠤ ᠳᠡᠭᠡᠳᠦ ᠪᠠᠶᠢᠭᠤᠯᠤᠯᠭ᠎ᠠ ᠶᠢᠨ ᠰᠢᠢᠳᠪᠦᠷᠢ ᠳᠦ ᠲᠤᠬᠠᠶᠢᠯᠠᠨ ᠵᠢᠭᠠᠭ᠎ᠠ ᠦᠭᠡᠢ ᠪᠣᠯ ᠨᠤᠲᠤᠭ ᠤᠨ ᠥᠪᠡᠷ ᠢᠶᠡᠨ ᠤᠳᠤᠷᠢᠳᠬᠤ ᠪᠠᠶᠢᠭᠤᠯᠤᠯᠭ᠎ᠠ ᠦᠨᠳᠦᠰᠦᠨ ᠬᠠᠤᠯᠢ ᠳᠤ ᠨᠡᠶᠢᠴᠡᠭᠦᠯᠦᠨ ᠪᠡᠶ᠎ᠡ ᠳᠠᠩ ᠰᠢᠢᠳᠪᠦᠷᠢᠯᠡᠵᠦ ᠪᠣᠯᠤᠨ᠎ᠠ᠃

3᠃ ᠤᠯᠤᠰ ᠤᠨ ᠶᠡᠬᠡ ᠬᠤᠷᠠᠯ᠂ ᠵᠠᠰᠠᠭ ᠤᠨ ᠭᠠᠵᠠᠷ ᠠᠴᠠ ᠱᠠᠭᠠᠷᠳᠠᠯᠭ᠎ᠠ ᠲᠠᠢ ᠬᠡᠮᠡᠨ ᠦᠵᠡᠭᠰᠡᠨ ᠲᠣᠬᠢᠶᠠᠯᠳᠤᠯ ᠳᠤ ᠥᠪᠡᠷ ᠦᠨ ᠪᠥᠷᠢᠨ ᠡᠷᠬᠡ ᠳᠦ ᠬᠠᠮᠢᠶᠠᠷᠬᠤ ᠵᠠᠷᠢᠮ ᠠᠰᠠᠭᠤᠳᠠᠯ ᠢ ᠰᠢᠢᠳᠪᠦᠷᠢᠯᠡᠭᠦᠯᠬᠦ ᠪᠡᠷ ᠠᠶᠢᠮᠠᠭ᠂ ᠨᠡᠶᠢᠰᠯᠡᠯ ᠦᠨ ᠬᠤᠷᠠᠯ᠂ ᠵᠠᠰᠠᠭ ᠳᠠᠷᠤᠭ᠎ᠠ ᠳᠤ ᠰᠢᠯᠵᠢᠭᠦᠯᠵᠦ ᠪᠣᠯᠤᠨ᠎ᠠ᠃

ᠬᠡᠪᠯᠡᠬᠦ ᠵᠢᠷᠠᠨ ᠭᠤᠷᠪᠠᠳᠤᠭᠠᠷ ᠵᠦᠢᠯ᠃ 1᠃ ᠠᠶᠢᠮᠠᠭ᠂ ᠨᠡᠶᠢᠰᠯᠡᠯ᠂ ᠰᠤᠮᠤ᠂ ᠳᠡᠭᠦᠷᠭᠡ᠂ ᠪᠠᠭ᠂ ᠬᠣᠷᠢᠶᠠᠨ ᠤ ᠬᠤᠷᠠᠯ ᠡᠷᠬᠡ ᠬᠡᠮᠵᠢᠶᠡᠨ ᠦ ᠪᠡᠨ ᠳᠣᠲᠣᠷ᠎ᠠ ᠲᠣᠭᠲᠠᠭᠠᠯ᠂ ᠵᠠᠰᠠᠭ ᠳᠠᠷᠤᠭ᠎ᠠ ᠵᠠᠬᠢᠷᠤᠮᠵᠢ ᠭᠠᠷᠭᠠᠨ᠎ᠠ᠃

2᠃ ᠬᠤᠷᠠᠯ ᠤᠨ ᠲᠣᠭᠲᠠᠭᠠᠯ᠂ ᠵᠠᠰᠠᠭ ᠳᠠᠷᠤᠭ᠎ᠠ ᠶᠢᠨ ᠵᠠᠬᠢᠷᠤᠮᠵᠢ ᠨᠢ ᠬᠠᠤᠯᠢ ᠲᠣᠭᠲᠠᠭᠠᠮᠵᠢ᠂ ᠶᠡᠷᠦᠩᠬᠡᠶᠢᠯᠡᠭᠴᠢ ᠶᠢᠨ ᠵᠠᠷᠯᠢᠭ᠂ ᠵᠠᠰᠠᠭ ᠤᠨ ᠭᠠᠵᠠᠷ᠂ ᠬᠠᠷᠢᠶᠠᠯᠠᠬᠤ ᠳᠡᠭᠡᠳᠦ ᠱᠠᠲᠤᠨ ᠤ ᠪᠠᠶᠢᠭᠤᠯᠤᠯᠭ᠎ᠠ ᠶᠢᠨ ᠰᠢᠢᠳᠪᠦᠷᠢ ᠳᠦ ᠨᠡᠶᠢᠴᠡᠭᠰᠡᠨ ᠪᠠᠶᠢᠬᠤ ᠪᠥᠭᠡᠳ ᠲᠡᠭᠦᠨ ᠢ ᠲᠤᠰ ᠲᠤᠰ ᠤᠨ ᠨᠤᠲᠤᠭ ᠳᠡᠪᠢᠰᠬᠡᠷ ᠲᠦ ᠬᠦᠴᠦᠨ ᠲᠡᠭᠦᠯᠳᠡᠷ ᠳᠠᠭᠠᠵᠤ ᠮᠥᠷᠳᠡᠨ᠎ᠡ᠃

3᠃ ᠵᠠᠰᠠᠭ ᠵᠠᠬᠢᠷᠭ᠎ᠠ᠂ ᠨᠤᠲᠤᠭ ᠳᠡᠪᠢᠰᠬᠡᠷ ᠦᠨ ᠨᠢᠭᠡᠴᠡ᠂ ᠲᠡᠭᠦᠨ ᠦ ᠤᠳᠤᠷᠢᠳᠤᠯᠭ᠎ᠠ ᠶᠢᠨ ᠡᠷᠬᠡ ᠬᠡᠮᠵᠢᠶ᠎ᠡ᠂ ᠵᠣᠬᠢᠶᠠᠨ ᠪᠠᠶᠢᠭᠤᠯᠤᠯᠲᠠ᠂ ᠦᠢᠯᠡ ᠠᠵᠢᠯᠯᠠᠭᠠᠨ ᠤ ᠵᠢᠷᠤᠮ ᠢ ᠬᠠᠤᠯᠢ ᠪᠠᠷ ᠲᠣᠭᠲᠠᠭᠠᠨ᠎ᠠ᠃ ТАВДУГААР БҮЛЭГ МОНГОЛ УЛСЫН ҮНДСЭН ХУУЛИЙН ЦЭЦ

ᠵᠢᠷᠠᠨ ᠳᠥᠷᠪᠡᠳᠦᠭᠡᠷ ᠵᠦᠢᠯ᠃ 1᠃ ᠮᠣᠩᠭᠣᠯ ᠤᠯᠤᠰ ᠤᠨ ᠦᠨᠳᠦᠰᠦᠨ ᠬᠠᠤᠯᠢ ᠶᠢᠨ ᠴᠡᠴᠡ ᠪᠣᠯ ᠦᠨᠳᠦᠰᠦᠨ ᠬᠠᠤᠯᠢ ᠶᠢᠨ ᠪᠡᠶᠡᠯᠡᠯᠲᠡ ᠳᠦ ᠳᠡᠭᠡᠳᠦ ᠬᠢᠨᠠᠯᠲᠠ ᠲᠠᠯᠪᠢᠬᠤ᠂ ᠲᠡᠭᠦᠨ ᠦ ᠵᠢᠭᠠᠯᠲᠠ ᠶᠢ ᠵᠥᠷᠢᠴᠡᠭᠰᠡᠨ ᠲᠤᠬᠠᠢ ᠳ᠋ᠦᠩᠨᠡᠯᠲᠡ ᠭᠠᠷᠭᠠᠬᠤ᠂ ᠮᠠᠷᠭᠤᠭᠠᠨ ᠢ ᠮᠠᠭᠠᠳᠯᠠᠨ ᠰᠢᠢᠳᠪᠦᠷᠢᠯᠡᠬᠦ ᠪᠦᠷᠢᠨ ᠡᠷᠬᠡ ᠪᠦᠬᠦᠢ ᠪᠠᠶᠢᠭᠤᠯᠤᠯᠭ᠎ᠠ᠂ ᠦᠨᠳᠦᠰᠦᠨ ᠬᠠᠤᠯᠢ ᠶᠢ ᠴᠢᠩᠳᠠᠯᠠᠨ ᠰᠠᠬᠢᠭᠤᠯᠬᠤ ᠪᠠᠲᠤᠯᠠᠭ᠎ᠠ ᠮᠥᠨ᠃

2᠃ ᠦᠨᠳᠦᠰᠦᠨ ᠬᠠᠤᠯᠢ ᠶᠢᠨ ᠴᠡᠴᠡ᠂ ᠲᠡᠭᠦᠨ ᠦ ᠭᠡᠰᠢᠭᠦᠨ ᠡᠭᠦᠷᠭᠡ ᠪᠡᠨ ᠭᠦᠢᠴᠡᠳᠭᠡᠬᠦ ᠳᠦ ᠪᠡᠨ ᠭᠠᠭᠴᠠᠬᠦ ᠦᠨᠳᠦᠰᠦᠨ ᠬᠠᠤᠯᠢ ᠳᠤ ᠵᠠᠬᠢᠷᠤᠭᠳᠠᠬᠤ ᠪᠥᠭᠡᠳ ᠠᠯᠢᠪᠠ ᠪᠠᠶᠢᠭᠤᠯᠤᠯᠭ᠎ᠠ᠂ ᠠᠯᠪᠠᠨ ᠲᠤᠰᠢᠶᠠᠯᠲᠠᠨ᠂ ᠪᠤᠰᠤᠳ ᠬᠦᠮᠦᠨ ᠡᠴᠡ ᠬᠠᠷᠠᠭᠠᠲᠤ ᠪᠤᠰᠤ ᠪᠠᠶᠢᠨ᠎ᠠ᠃

3᠃ ᠦᠨᠳᠦᠰᠦᠨ ᠬᠠᠤᠯᠢ ᠶᠢᠨ ᠴᠡᠴᠡ ᠶᠢᠨ ᠭᠡᠰᠢᠭᠦᠨ ᠦ ᠬᠠᠷᠠᠭᠠᠲᠤ ᠪᠤᠰᠤ ᠪᠠᠶᠢᠳᠠᠯ ᠦᠨᠳᠦᠰᠦᠨ ᠬᠠᠤᠯᠢ᠂ ᠪᠤᠰᠤᠳ ᠬᠠᠤᠯᠢ ᠪᠠᠷ ᠲᠣᠭᠲᠠᠭᠠᠭᠰᠠᠨ ᠪᠠᠲᠤᠯᠠᠭ᠎ᠠ ᠪᠠᠷ ᠬᠠᠩᠭᠠᠭᠳᠠᠨ᠎ᠠ᠃

ᠬᠡᠪᠯᠡᠬᠦ ᠵᠢᠷᠠᠨ ᠲᠠᠪᠤᠳᠤᠭᠠᠷ ᠵᠦᠢᠯ᠃ 1᠃ ᠦᠨᠳᠦᠰᠦᠨ ᠬᠠᠤᠯᠢ ᠶᠢᠨ ᠴᠡᠴᠡ ᠶᠢᠰᠦᠨ ᠭᠡᠰᠢᠭᠦᠨ ᠡᠴᠡ ᠪᠥᠷᠢᠳᠦᠨ᠎ᠡ᠃ ᠲᠡᠳᠡᠭᠡᠷ ᠦᠨ ᠭᠤᠷᠪᠠ ᠶᠢ ᠤᠯᠤᠰ ᠤᠨ ᠶᠡᠬᠡ ᠬᠤᠷᠠᠯ᠂ ᠭᠤᠷᠪᠠ ᠶᠢ ᠶᠡᠷᠦᠩᠬᠡᠶᠢᠯᠡᠭᠴᠢ᠂ ᠭᠤᠷᠪᠠ ᠶᠢ ᠤᠯᠤᠰ ᠤᠨ ᠳᠡᠭᠡᠳᠦ ᠰᠢᠭᠦᠬᠦ ᠶᠢᠨ ᠰᠠᠨᠠᠯ ᠪᠣᠯᠭᠠᠭᠰᠠᠨ ᠢᠶᠠᠷ ᠤᠯᠤᠰ ᠤᠨ ᠶᠡᠬᠡ ᠬᠤᠷᠠᠯ ᠵᠢᠷᠭᠤᠭᠠᠨ ᠵᠢᠯ ᠦᠨ ᠬᠤᠭᠤᠴᠠᠭ᠎ᠠ ᠪᠠᠷ ᠲᠣᠮᠢᠯᠠᠨ᠎ᠠ᠃

2᠃ ᠦᠨᠳᠦᠰᠦᠨ ᠬᠠᠤᠯᠢ ᠶᠢᠨ ᠴᠡᠴᠡ ᠶᠢᠨ ᠭᠡᠰᠢᠭᠦᠨ ᠢᠶᠡᠷ ᠬᠠᠤᠯᠢ ᠵᠦᠢ᠂ ᠤᠯᠤᠰ ᠲᠥᠷᠥ ᠶᠢᠨ ᠥᠨᠳᠥᠷ ᠮᠡᠷᠭᠡᠰᠢᠯ ᠲᠡᠢ᠂ ᠮᠣᠩᠭᠣᠯ ᠤᠯᠤᠰ ᠤᠨ ᠳᠥᠴᠢᠨ ᠨᠠᠰᠤ ᠬᠦᠷᠦᠭᠰᠡᠨ ᠢᠷᠭᠡᠨ ᠢ ᠲᠣᠮᠢᠯᠠᠨ᠎ᠠ᠃

3᠃ ᠦᠨᠳᠦᠰᠦᠨ ᠬᠠᠤᠯᠢ ᠶᠢᠨ ᠴᠡᠴᠡ ᠶᠢᠨ ᠳᠠᠷᠤᠭ᠎ᠠ ᠪᠠᠷ ᠶᠢᠰᠦᠨ ᠭᠡᠰᠢᠭᠦᠨ ᠦ ᠠᠯᠢ ᠨᠢᠭᠡ ᠶᠢ ᠭᠤᠷᠪᠠᠨ ᠵᠢᠯ ᠦᠨ ᠬᠤᠭᠤᠴᠠᠭ᠎ᠠ ᠪᠠᠷ ᠭᠡᠰᠢᠭᠦᠳ ᠦᠨ ᠣᠯᠠᠩᠬᠢ ᠶᠢᠨ ᠰᠠᠨᠠᠯ ᠢᠶᠠᠷ ᠰᠣᠩᠭᠣᠨ᠎ᠠ᠃ ᠲᠡᠭᠦᠨ ᠢ ᠨᠢᠭᠡ ᠤᠳᠠᠭ᠎ᠠ ᠤᠯᠠᠷᠢᠭᠤᠯᠤᠨ ᠰᠣᠩᠭᠣᠵᠤ ᠪᠣᠯᠤᠨ᠎ᠠ᠃

4᠃ ᠦᠨᠳᠦᠰᠦᠨ ᠬᠠᠤᠯᠢ ᠶᠢᠨ ᠴᠡᠴᠡ ᠶᠢᠨ ᠳᠠᠷᠤᠭ᠎ᠠ᠂ ᠭᠡᠰᠢᠭᠦᠨ ᠬᠠᠤᠯᠢ ᠵᠥᠷᠢᠴᠡᠪᠡᠯ ᠦᠨᠳᠦᠰᠦᠨ ᠬᠠᠤᠯᠢ ᠶᠢᠨ ᠴᠡᠴᠡ ᠶᠢᠨ ᠰᠢᠢᠳᠪᠦᠷᠢ᠂ ᠠᠩᠬ᠎ᠠ ᠢᠯᠡᠭᠡᠭᠰᠡᠨ ᠪᠠᠶᠢᠭᠤᠯᠤᠯᠭ᠎ᠠ ᠶᠢᠨ ᠰᠠᠨᠠᠯ ᠢ ᠦᠨᠳᠦᠰᠦᠯᠡᠨ ᠤᠯᠤᠰ ᠤᠨ ᠶᠡᠬᠡ ᠬᠤᠷᠠᠯ ᠡᠭᠡᠭᠦᠯᠦᠨ ᠲᠠᠲᠠᠵᠤ ᠪᠣᠯᠤᠨ᠎ᠠ᠃

5᠃ ᠦᠨᠳᠦᠰᠦᠨ ᠬᠠᠤᠯᠢ ᠶᠢᠨ ᠴᠡᠴᠡ ᠶᠢᠨ ᠪᠦᠷᠢᠯᠳᠦᠬᠦᠨ ᠳᠦ ᠶᠡᠷᠦᠩᠬᠡᠶᠢᠯᠡᠭᠴᠢ᠂ ᠤᠯᠤᠰ ᠤᠨ ᠶᠡᠬᠡ ᠬᠤᠷᠠᠯ ᠤᠨ ᠭᠡᠰᠢᠭᠦᠨ᠂ ᠶᠡᠷᠦᠩᠬᠡᠢ ᠰᠠᠶᠢᠳ᠂ ᠵᠠᠰᠠᠭ ᠤᠨ ᠭᠠᠵᠠᠷ ᠤᠨ ᠭᠡᠰᠢᠭᠦᠨ᠂ ᠤᠯᠤᠰ ᠤᠨ ᠳᠡᠭᠡᠳᠦ ᠰᠢᠭᠦᠬᠦ ᠶᠢᠨ ᠰᠢᠭᠦᠭᠴᠢ ᠣᠷᠣᠵᠤ ᠦᠯᠦ ᠪᠣᠯᠤᠨ᠎ᠠ᠃

ᠬᠡᠪᠯᠡᠬᠦ ᠵᠢᠷᠠᠨ ᠵᠢᠷᠭᠤᠳᠤᠭᠠᠷ ᠵᠦᠢᠯ᠃ 1᠃ ᠦᠨᠳᠦᠰᠦᠨ ᠬᠠᠤᠯᠢ ᠶᠢᠨ ᠴᠡᠴᠡ ᠨᠢ ᠦᠨᠳᠦᠰᠦᠨ ᠬᠠᠤᠯᠢ ᠶᠢ ᠵᠥᠷᠢᠴᠡᠭᠰᠡᠨ ᠲᠤᠬᠠᠢ ᠮᠠᠷᠭᠤᠭᠠᠨ ᠢ ᠢᠷᠭᠡᠳ ᠦᠨ ᠡᠷᠭᠦᠳᠡᠯ᠂ ᠮᠡᠳᠡᠭᠡᠯᠡᠯ ᠦᠨ ᠳᠠᠭᠠᠤ ᠥᠪᠡᠷ ᠦᠨ ᠰᠠᠨᠠᠭᠠᠴᠢᠯᠠᠭ᠎ᠠ ᠪᠠᠷ ᠪᠤᠶᠤ ᠤᠯᠤᠰ ᠤᠨ ᠶᠡᠬᠡ ᠬᠤᠷᠠᠯ᠂ ᠶᠡᠷᠦᠩᠬᠡᠶᠢᠯᠡᠭᠴᠢ᠂ ᠶᠡᠷᠦᠩᠬᠡᠢ ᠰᠠᠶᠢᠳ᠂ ᠤᠯᠤᠰ ᠤᠨ ᠳᠡᠭᠡᠳᠦ ᠰᠢᠭᠦᠬᠦ᠂ ᠤᠯᠤᠰ ᠤᠨ ᠶᠡᠷᠦᠩᠬᠡᠢ ᠫᠷᠣᠺᠤᠶᠢᠷᠣᠷ ᠤᠨ ᠬᠦᠰᠡᠯᠲᠦ ᠪᠡᠷ ᠬᠢᠨᠠᠨ ᠰᠢᠢᠳᠪᠦᠷᠢᠯᠡᠨ᠎ᠡ᠃

2᠃ ᠦᠨᠳᠦᠰᠦᠨ ᠬᠠᠤᠯᠢ ᠶᠢᠨ ᠴᠡᠴᠡ ᠡᠨᠡ ᠵᠦᠢᠯ ᠦᠨ 1 ᠳ᠋ᠡᠬᠢ ᠬᠡᠰᠡᠭ ᠲᠦ ᠵᠢᠭᠠᠭᠰᠠᠨ ᠦᠨᠳᠦᠰᠦᠯᠡᠯ ᠢᠶᠡᠷ ᠳᠠᠷᠠᠭᠠᠬᠢ ᠮᠠᠷᠭᠤᠭᠠᠨ ᠲᠠᠢ ᠠᠰᠠᠭᠤᠳᠠᠯ ᠢᠶᠠᠷ ᠳ᠋ᠦᠩᠨᠡᠯᠲᠡ ᠭᠠᠷᠭᠠᠵᠤ ᠤᠯᠤᠰ ᠤᠨ ᠶᠡᠬᠡ ᠬᠤᠷᠠᠯ ᠳᠤ ᠣᠷᠣᠭᠤᠯᠤᠨ᠎ᠠ᠄

1/ ᠬᠠᠤᠯᠢ᠂ ᠵᠠᠷᠯᠢᠭ᠂ ᠤᠯᠤᠰ ᠤᠨ ᠶᠡᠬᠡ ᠬᠤᠷᠠᠯ᠂ ᠶᠡᠷᠦᠩᠬᠡᠶᠢᠯᠡᠭᠴᠢ ᠶᠢᠨ ᠪᠤᠰᠤᠳ ᠰᠢᠢᠳᠪᠦᠷᠢ᠂ ᠲᠡᠭᠦᠨᠴᠢᠯᠡᠨ ᠵᠠᠰᠠᠭ ᠤᠨ ᠭᠠᠵᠠᠷ ᠤᠨ ᠰᠢᠢᠳᠪᠦᠷᠢ᠂ ᠮᠣᠩᠭᠣᠯ ᠤᠯᠤᠰ ᠤᠨ ᠣᠯᠠᠨ ᠤᠯᠤᠰ ᠤᠨ ᠭᠡᠷ᠎ᠡ ᠦᠨᠳᠦᠰᠦᠨ ᠬᠠᠤᠯᠢ ᠳᠤ ᠨᠡᠶᠢᠴᠡᠵᠦ ᠪᠠᠶᠢᠭ᠎ᠠ ᠡᠰᠡᠬᠦ;

2/ ᠠᠷᠠᠳ ᠨᠡᠶᠢᠲᠡ ᠶᠢᠨ ᠰᠠᠨᠠᠯ ᠠᠰᠠᠭᠤᠯᠭ᠎ᠠ᠂ ᠤᠯᠤᠰ ᠤᠨ ᠶᠡᠬᠡ ᠬᠤᠷᠠᠯ᠂ ᠲᠡᠭᠦᠨ ᠦ ᠭᠡᠰᠢᠭᠦᠨ ᠦ ᠪᠠ ᠶᠡᠷᠦᠩᠬᠡᠶᠢᠯᠡᠭᠴᠢ ᠶᠢᠨ ᠰᠣᠩᠭᠣᠭᠤᠯᠢ ᠶᠢᠨ ᠲᠠᠯ᠎ᠠ ᠪᠠᠷ ᠰᠣᠩᠭᠣᠭᠤᠯᠢ ᠶᠢᠨ ᠲᠥᠪ ᠪᠠᠶᠢᠭᠤᠯᠤᠯᠭ᠎ᠠ ᠶᠢᠨ ᠭᠠᠷᠭᠠᠭᠰᠠᠨ ᠰᠢᠢᠳᠪᠦᠷᠢ ᠦᠨᠳᠦᠰᠦᠨ ᠬᠠᠤᠯᠢ ᠳᠤ ᠨᠡᠶᠢᠴᠡᠵᠦ ᠪᠠᠶᠢᠭ᠎ᠠ ᠡᠰᠡᠬᠦ;

3/ ᠶᠡᠷᠦᠩᠬᠡᠶᠢᠯᠡᠭᠴᠢ᠂ ᠤᠯᠤᠰ ᠤᠨ ᠶᠡᠬᠡ ᠬᠤᠷᠠᠯ ᠤᠨ ᠳᠠᠷᠤᠭ᠎ᠠ᠂ ᠭᠡᠰᠢᠭᠦᠨ᠂ ᠶᠡᠷᠦᠩᠬᠡᠢ ᠰᠠᠶᠢᠳ᠂ ᠵᠠᠰᠠᠭ ᠤᠨ ᠭᠠᠵᠠᠷ ᠤᠨ ᠭᠡᠰᠢᠭᠦᠨ᠂ ᠤᠯᠤᠰ ᠤᠨ ᠳᠡᠭᠡᠳᠦ ᠰᠢᠭᠦᠬᠦ ᠶᠢᠨ ᠶᠡᠷᠦᠩᠬᠡᠢ ᠰᠢᠭᠦᠭᠴᠢ᠂ ᠤᠯᠤᠰ ᠤᠨ ᠶᠡᠷᠦᠩᠬᠡᠢ ᠫᠷᠣᠺᠦ᠋ᠷᠣᠷ ᠦᠨᠳᠦᠰᠦᠨ ᠬᠠᠤᠯᠢ ᠵᠥᠷᠢᠴᠡᠭᠰᠡᠨ ᠡᠰᠡᠬᠦ;

4/ ᠶᠡᠷᠦᠩᠬᠡᠶᠢᠯᠡᠭᠴᠢ᠂ ᠤᠯᠤᠰ ᠤᠨ ᠶᠡᠬᠡ ᠬᠤᠷᠠᠯ ᠤᠨ ᠳᠠᠷᠤᠭ᠎ᠠ᠂ ᠶᠡᠷᠦᠩᠬᠡᠢ ᠰᠠᠶᠢᠳ ᠢ ᠣᠭᠴᠣᠷᠠᠭᠤᠯᠬᠤ᠂ ᠤᠯᠤᠰ ᠤᠨ ᠶᠡᠬᠡ ᠬᠤᠷᠠᠯ ᠤᠨ ᠭᠡᠰᠢᠭᠦᠨ ᠢ ᠡᠭᠡᠭᠦᠯᠦᠨ ᠲᠠᠲᠠᠬᠤ ᠦᠨᠳᠦᠰᠦᠯᠡᠯ ᠪᠠᠶᠢᠭ᠎ᠠ ᠡᠰᠡᠬᠦ᠃

3᠃ ᠡᠨᠡ ᠵᠦᠢᠯ ᠦᠨ 2 ᠳᠠᠬᠢ ᠬᠡᠰᠡᠭ ᠦᠨ 1᠂ 2 ᠍ ᠳᠦ ᠵᠢᠭᠠᠭᠰᠠᠨ ᠤ ᠳᠠᠭᠠᠤ ᠣᠷᠣᠭᠤᠯᠤᠭᠰᠠᠨ ᠳ᠋ᠦᠩᠨᠡᠯᠲᠡ ᠶᠢ ᠤᠯᠤᠰ ᠤᠨ ᠶᠡᠬᠡ ᠬᠤᠷᠠᠯ ᠬᠦᠯᠢᠶᠡᠨ ᠵᠥᠪᠰᠢᠶᠡᠷᠡᠭᠡ ᠦᠭᠡᠢ ᠪᠣᠯ ᠦᠨᠳᠦᠰᠦᠨ ᠬᠠᠤᠯᠢ ᠶᠢᠨ ᠴᠡᠴᠡ ᠳᠠᠬᠢᠨ ᠬᠢᠨᠠᠨ ᠦᠵᠡᠵᠦ ᠡᠴᠦᠰ ᠦᠨ ᠰᠢᠢᠳᠪᠦᠷᠢ ᠭᠠᠷᠭᠠᠨ᠎ᠠ᠃

4᠃ ᠬᠠᠤᠯᠢ᠂ ᠵᠠᠷᠯᠢᠭ᠂ ᠤᠯᠤᠰ ᠤᠨ ᠶᠡᠬᠡ ᠬᠤᠷᠠᠯ᠂ ᠶᠡᠷᠦᠩᠬᠡᠶᠢᠯᠡᠭᠴᠢ ᠶᠢᠨ ᠪᠤᠰᠤᠳ ᠰᠢᠢᠳᠪᠦᠷᠢ᠂ ᠲᠡᠭᠦᠨᠴᠢᠯᠡᠨ ᠵᠠᠰᠠᠭ ᠤᠨ ᠭᠠᠵᠠᠷ ᠤᠨ ᠰᠢᠢᠳᠪᠦᠷᠢ᠂ ᠮᠣᠩᠭᠣᠯ ᠤᠯᠤᠰ ᠤᠨ ᠣᠯᠠᠨ ᠤᠯᠤᠰ ᠤᠨ ᠭᠡᠷ᠎ᠡ ᠨᠢ ᠦᠨᠳᠦᠰᠦᠨ ᠬᠠᠤᠯᠢ ᠳᠤ ᠨᠡᠶᠢᠴᠡᠭᠡ ᠦᠭᠡᠢ ᠭᠡᠵᠦ ᠦᠨᠳᠦᠰᠦᠨ ᠬᠠᠤᠯᠢ ᠶᠢᠨ ᠴᠡᠴᠡ ᠰᠢᠢᠳᠪᠦᠷᠢ ᠭᠠᠷᠭᠠᠪᠠᠯ ᠵᠣᠬᠢᠬᠤ ᠬᠠᠤᠯᠢ᠂ ᠵᠠᠷᠯᠢᠭ᠂ ᠪᠠᠲᠤᠯᠠᠮᠵᠢ᠂ ᠰᠢᠢᠳᠪᠦᠷᠢ ᠬᠦᠴᠦᠨ ᠭᠦᠢ ᠪᠣᠯᠤᠨ᠎ᠠ ᠵᠢᠷᠠᠨ ᠳᠣᠯᠣᠳᠤᠭᠠᠷ ᠵᠦᠢᠯ᠃ ᠦᠨᠳᠦᠰᠦᠨ ᠬᠠᠤᠯᠢ ᠶᠢᠨ ᠴᠡᠴᠡ ᠶᠢᠨ ᠰᠢᠢᠳᠪᠦᠷᠢ ᠭᠠᠷᠤᠮᠠᠭᠴᠠ ᠪᠠᠨ ᠬᠦᠴᠦᠨ ᠲᠡᠭᠦᠯᠳᠡᠷ ᠪᠣᠯᠤᠨ᠎ᠠ᠃ ЗУРГАДУГААР БҮЛЭГ МОНГОЛ УЛСЫН ҮНДСЭН ХУУЛЬД НЭМЭЛТ,

ӨӨРЧЛӨЛТ ОРУУЛАХ

ᠵᠢᠷᠠᠨ ᠨᠠᠶᠢᠮᠠᠳᠤᠭᠠᠷ ᠵᠦᠢᠯ᠃ 1᠃ ᠦᠨᠳᠦᠰᠦᠨ ᠬᠠᠤᠯᠢ ᠳᠤ ᠨᠡᠮᠡᠯᠲᠡ᠂ ᠥᠭᠡᠷᠡᠴᠢᠯᠡᠯᠲᠡ ᠤᠷᠤᠭᠤᠯᠬᠤ ᠰᠠᠨᠠᠭᠠᠴᠢᠯᠠᠭ᠎ᠠ ᠶᠢ ᠬᠠᠤᠯᠢ ᠰᠠᠨᠠᠭᠠᠴᠢᠯᠠᠬᠤ ᠡᠷᠬᠡ ᠪᠦᠬᠦᠢ ᠪᠠᠶᠢᠭᠤᠯᠤᠯᠭ᠎ᠠ᠂ ᠠᠯᠪᠠᠨ ᠲᠤᠰᠢᠶᠠᠯᠲᠠᠨ ᠭᠠᠷᠭᠠᠬᠤ ᠪᠥᠭᠡᠳ ᠰᠠᠨᠠᠯ ᠢ ᠦᠨᠳᠦᠰᠦᠨ ᠬᠠᠤᠯᠢ ᠶᠢᠨ ᠴᠡᠴᠡ ᠤᠯᠤᠰ ᠤᠨ ᠶᠡᠬᠡ ᠬᠤᠷᠠᠯ ᠳᠤ ᠡᠷᠭᠦᠨ ᠮᠡᠳᠡᠭᠦᠯᠵᠦ ᠪᠣᠯᠤᠨ᠎ᠠ᠃

2᠃ ᠦᠨᠳᠦᠰᠦᠨ ᠬᠠᠤᠯᠢ ᠳᠤ ᠨᠡᠮᠡᠯᠲᠡ᠂ ᠥᠭᠡᠷᠡᠴᠢᠯᠡᠯᠲᠡ ᠤᠷᠤᠭᠤᠯᠬᠤ ᠠᠰᠠᠭᠤᠳᠠᠯ ᠢᠶᠠᠷ ᠤᠯᠤᠰ ᠤᠨ ᠶᠡᠬᠡ ᠬᠤᠷᠠᠯ ᠤᠨ ᠭᠡᠰᠢᠭᠦᠳ ᠦᠨ ᠭᠤᠷᠪᠠᠨ ᠤ ᠬᠣᠶᠠᠷ ᠠᠴᠠ ᠳᠣᠭᠣᠭᠰᠢ ᠦᠭᠡᠢ ᠶᠢᠨ ᠰᠠᠨᠠᠯ ᠢᠶᠠᠷ ᠠᠷᠠᠳ ᠨᠡᠶᠢᠲᠡ ᠶᠢᠨ ᠰᠠᠨᠠᠯ ᠠᠰᠠᠭᠤᠯᠭ᠎ᠠ ᠶᠠᠪᠤᠭᠤᠯᠵᠤ ᠪᠣᠯᠤᠨ᠎ᠠ᠃ ᠰᠠᠨᠠᠯ ᠠᠰᠠᠭᠤᠯᠭ᠎ᠠ ᠶᠢ ᠦᠨᠳᠦᠰᠦᠨ ᠬᠠᠤᠯᠢ ᠶᠢᠨ ᠬᠣᠷᠢᠨ ᠲᠠᠪᠤᠳᠤᠭᠠᠷ ᠵᠦᠢᠯ ᠦᠨ 1 ᠳ᠋ᠡᠬᠢ ᠬᠡᠰᠡᠭ ᠦᠨ 16 ᠍ ᠳᠦ ᠵᠢᠭᠠᠭᠰᠠᠨ ᠦᠨᠳᠦᠰᠦᠯᠡᠯ ᠦᠨ ᠳᠠᠭᠠᠤ ᠶᠠᠪᠤᠭᠤᠯᠤᠨ᠎ᠠ᠃

ᠬᠡᠪᠯᠡᠬᠦ ᠵᠢᠷᠠᠨ ᠶᠢᠰᠦᠳᠦᠭᠡᠷ ᠵᠦᠢᠯ᠃ 1᠃ ᠦᠨᠳᠦᠰᠦᠨ ᠬᠠᠤᠯᠢ᠂ ᠲᠡᠭᠦᠨ ᠳᠦ ᠤᠷᠤᠭᠤᠯᠬᠤ ᠨᠡᠮᠡᠯᠲᠡ᠂ ᠥᠭᠡᠷᠡᠴᠢᠯᠡᠯᠲᠡ ᠶᠢ ᠤᠯᠤᠰ ᠤᠨ ᠶᠡᠬᠡ ᠬᠤᠷᠠᠯ ᠤᠨ ᠨᠡᠶᠢᠲᠡ ᠭᠡᠰᠢᠭᠦᠨ ᠦ ᠳᠥᠷᠪᠡᠨ ᠦ ᠭᠤᠷᠪᠠ ᠠᠴᠠ ᠳᠣᠭᠣᠭᠰᠢ ᠦᠭᠡᠢ ᠶᠢᠨ ᠰᠠᠨᠠᠯ ᠢᠶᠠᠷ ᠪᠠᠲᠤᠯᠠᠨ᠎ᠠ᠃

2᠃ ᠦᠨᠳᠦᠰᠦᠨ ᠬᠠᠤᠯᠢ ᠳᠤ ᠤᠷᠤᠭᠤᠯᠬᠤ ᠨᠡᠮᠡᠯᠲᠡ᠂ ᠥᠭᠡᠷᠡᠴᠢᠯᠡᠯᠲᠡ ᠶᠢ ᠤᠯᠤᠰ ᠤᠨ ᠶᠡᠬᠡ ᠬᠤᠷᠠᠯ ᠳᠤ ᠬᠣᠶᠠᠷ ᠤᠳᠠᠭ᠎ᠠ ᠠᠪᠴᠤ ᠬᠡᠯᠡᠯᠴᠡᠬᠦ ᠳᠦ ᠡᠶᠢᠨᠬᠦᠦ ᠨᠡᠶᠢᠲᠡ ᠭᠡᠰᠢᠭᠦᠨ ᠦ ᠳᠥᠷᠪᠡᠨ ᠦ ᠭᠤᠷᠪᠠ ᠠᠴᠠ ᠳᠣᠭᠣᠭᠰᠢ ᠦᠭᠡᠢ ᠶᠢᠨ ᠰᠠᠨᠠᠯ ᠠᠪᠴᠤ ᠡᠰᠡ ᠴᠢᠳᠠᠪᠠᠯ ᠤᠤᠯ ᠲᠥᠰᠥᠯ ᠢ ᠡᠭᠡᠯᠵᠢᠲᠦ ᠰᠣᠩᠭᠣᠭᠤᠯᠢ ᠪᠠᠷ ᠰᠣᠩᠭᠣᠭᠳᠠᠭᠰᠠᠨ ᠤᠯᠤᠰ ᠤᠨ ᠶᠡᠬᠡ ᠬᠤᠷᠠᠯ ᠤᠨ ᠰᠢᠨ᠎ᠡ ᠪᠦᠷᠢᠯᠳᠦᠬᠦᠨ ᠠᠵᠢᠯ ᠢᠶᠠᠨ ᠡᠬᠢᠯᠡᠲᠡᠯ᠎ᠡ ᠳᠠᠬᠢᠨ ᠠᠪᠴᠤ ᠬᠡᠯᠡᠯᠴᠡᠬᠦ ᠦᠭᠡᠢ᠃

3᠃ ᠤᠯᠤᠰ ᠤᠨ ᠶᠡᠬᠡ ᠬᠤᠷᠠᠯ ᠡᠭᠡᠯᠵᠢᠲᠦ ᠰᠣᠩᠭᠣᠭᠤᠯᠢ ᠶᠠᠪᠤᠭᠤᠯᠬᠤ ᠶᠢᠨ ᠡᠮᠦᠨᠡᠬᠢ ᠵᠢᠷᠭᠤᠭᠠᠨ ᠰᠠᠷ᠎ᠠ ᠶᠢᠨ ᠳᠣᠲᠣᠷ᠎ᠠ ᠦᠨᠳᠦᠰᠦᠨ ᠬᠠᠤᠯᠢ ᠳᠤ ᠨᠡᠮᠡᠯᠲᠡ᠂ ᠥᠭᠡᠷᠡᠴᠢᠯᠡᠯᠲᠡ ᠣᠷᠣᠭᠤᠯᠵᠤ ᠦᠯᠦ ᠪᠣᠯᠤᠨ᠎ᠠ᠃

4᠃ ᠦᠨᠳᠦᠰᠦᠨ ᠬᠠᠤᠯᠢ ᠳᠤ ᠣᠷᠣᠭᠤᠯᠤᠭᠰᠠᠨ ᠨᠡᠮᠡᠯᠲᠡ᠂ ᠥᠭᠡᠷᠡᠴᠢᠯᠡᠯᠲᠡ ᠦᠨᠳᠦᠰᠦᠨ ᠬᠠᠤᠯᠢ ᠶᠢᠨ ᠨᠢᠭᠡᠨ ᠠᠳᠠᠯᠢ ᠬᠦᠴᠦᠨᠲᠡᠢ ᠪᠠᠶᠢᠨ᠎ᠠ᠃

ᠬᠡᠪᠯᠡᠬᠦ ᠳᠠᠯᠠᠳᠤᠭᠠᠷ ᠵᠦᠢᠯ᠃ 1᠃ ᠦᠨᠳᠦᠰᠦᠨ ᠬᠠᠤᠯᠢ ᠳᠤ ᠬᠠᠤᠯᠢ᠂ ᠵᠠᠷᠯᠢᠭ᠂ ᠲᠥᠷᠥ ᠶᠢᠨ ᠪᠠᠶᠢᠭᠤᠯᠤᠯᠭ᠎ᠠ ᠶᠢᠨ ᠪᠤᠰᠤᠳ ᠰᠢᠢᠳᠪᠦᠷᠢ᠂ ᠨᠡᠶᠢᠲᠡ ᠪᠠᠶᠢᠭᠤᠯᠤᠯᠭ᠎ᠠ᠂ ᠢᠷᠭᠡᠨ ᠦ ᠦᠢᠯᠡ ᠠᠵᠢᠯᠯᠠᠭ᠎ᠠ ᠪᠦᠷᠢᠨ᠎ᠡ ᠨᠡᠶᠢᠴᠡᠭᠰᠡᠨ ᠪᠠᠶᠢᠪᠠᠯ ᠵᠣᠬᠢᠨ᠎ᠠ᠃

2᠃ ᠮᠣᠩᠭᠣᠯ ᠤᠯᠤᠰ ᠤᠨ ᠦᠨᠳᠦᠰᠦᠨ ᠬᠠᠤᠯᠢ ᠶᠢ 1992 ᠣᠨ ᠤ ᠬᠣᠶᠠᠳᠤᠭᠠᠷ ᠰᠠᠷ᠎ᠠ ᠶᠢᠨ 12 ᠍ ᠤ ᠡᠳᠦᠷ ᠦᠨ 12 ᠴᠠᠭ ᠪᠤᠶᠤ ᠠᠷᠪᠠᠨ ᠳᠣᠯᠣᠳᠤᠭᠠᠷ ᠵᠢᠷᠠᠨ ᠤ ᠤᠰᠤᠨ ᠪᠡᠴᠢᠨ ᠵᠢᠯ ᠦᠨ ᠬᠠᠪᠤᠷ ᠤᠨ ᠲᠡᠷᠢᠭᠦᠨ ᠬᠠᠷ᠎ᠠ ᠪᠠᠷᠰ ᠰᠠᠷ᠎ᠠ ᠶᠢᠨ ᠰᠢᠨ᠎ᠡ ᠶᠢᠨ ᠶᠢᠰᠦᠨ ᠦ ᠢᠳᠡᠷ ᠦᠨ ᠪᠠᠷᠢᠯᠳᠤᠯᠭᠠᠭ᠎ᠠ ᠲᠠᠢ ᠥᠯᠵᠡᠶᠢᠲᠦ ᠰᠠᠶᠢᠨ ᠰᠢᠷ᠎ᠠ ᠮᠣᠷᠢᠨ ᠡᠳᠦᠷ ᠦᠨ ᠮᠣᠷᠢᠨ ᠴᠠᠭ ᠠᠴᠠ ᠡᠬᠢᠯᠡᠨ ᠤᠯᠤᠰ ᠳᠠᠶᠠᠭᠠᠷ ᠳᠠᠭᠠᠵᠤ ᠮᠥᠷᠳᠡᠨ᠎ᠡ᠃

ᠮᠡᠳᠡᠭᠲᠦᠩ᠂ ᠰᠠᠬᠢᠭᠲᠤᠨ!

БҮГД НАЙРАМДАХ МОНГОЛ АРД УЛСЫН

АРДЫН ᠶᠡᠬᠡ ᠬᠤᠷᠠᠯ ХУРАЛ

1992 ᠣᠨ ᠤ ᠨᠢᠭᠡᠳᠦᠭᠡᠷ ᠰᠠᠷ᠎ᠠ ᠶᠢᠨ ᠤᠯᠠᠭᠠᠨᠪᠠᠭᠠᠲᠤᠷ

ᠪᠤᠰᠤᠳ ᠤᠩᠰᠢᠬᠤ[ᠵᠠᠰᠠᠪᠤᠷᠢᠯᠠᠬᠤ | ᠺᠣᠳ᠋ ᠢᠶᠠᠷ ᠵᠠᠰᠠᠬᠣ]

ᠭᠠᠳᠠᠭᠠᠳᠤ ᠬᠣᠯᠪᠣᠭᠠᠰᠤ[ᠵᠠᠰᠠᠪᠤᠷᠢᠯᠠᠬᠤ | ᠺᠣᠳ᠋ ᠢᠶᠠᠷ ᠵᠠᠰᠠᠬᠣ]

ᠸᠢᠭᠮᠧᠳᠢᠶᠠ ᠵᠢᠷᠤᠭ ᠤᠨ ᠰᠠᠩ:
«ᠦᠨᠳᠦᠰᠦᠨ ᠬᠠᠤᠯᠢ»

ᠵᠠᠭᠪᠤᠷ:ᠬᠠᠤᠯᠢ

ᠪᠢᠴᠢᠭᠡᠰᠦ