ᠨᠠᠯᠠᠶᠢᠬᠤ

ᠴᠢᠯᠦᠭᠡᠲᠦ ᠨᠡᠪᠲᠡᠷᠬᠡᠢ ᠲᠣᠯᠢ — ᠸᠢᠺᠢᠫᠧᠳᠢᠶ᠎ᠠ ᠠᠴᠠ
ᠬᠠᠷᠠᠶᠢᠬᠤ: ᠤᠳᠤᠷᠢᠳᠬᠤ, ᠬᠠᠶᠢᠯᠲᠠ
ᠨᠠᠯᠠᠶᠢᠬᠤ ᠳᠡᠭᠦᠷᠭᠡ
ᠤᠯᠤᠰ ᠣᠷᠣᠨ Flag of Mongolia.svg ᠮᠣᠩᠭᠣᠯ
ᠨᠡᠶᠢᠰᠯᠡᠯ Mn coa ulaanbaatar.png ᠤᠯᠠᠭᠠᠨᠪᠠᠭᠠᠲᠤᠷ
ᠳᠡᠭᠦᠷᠭᠡ ᠨᠠᠯᠠᠶᠢᠬᠤ
ᠬᠣᠷᠢᠶ᠎ᠠ 1 - 7 ᠳ᠋ᠤᠭᠠᠷ ᠲᠠᠢ 7 ᠬᠣᠷᠤᠭ᠎ᠠ
ᠭᠠᠵᠠᠷ ᠨᠤᠲᠤᠭ 687.6 ᠺᠦᠸᠠᠳ᠋ ᠺᠢᠯᠣᠮᠧᠲ᠋ᠷ
ᠬᠦᠮᠦᠨ ᠠᠮᠠ (ᠲᠣᠭᠠᠯᠠᠯ) 2010 ᠣᠨ ᠳᠤ 30,049 ᠬᠦᠮᠦᠨ [1]
ᠬᠦᠮᠦᠨ ᠠᠮᠠ (ᠲᠣᠭᠠᠴᠠ᠃) 2011 ᠣᠨ ᠳᠤ 32,513 ᠬᠦᠮᠦᠨ [2]
ᠡᠷᠦᠬᠡ (ᠲᠣᠭᠠᠴᠠ᠃) 2011 ᠣᠨ ᠳᠤ 8,992 ᠡᠷᠦᠬᠡ ᠠᠶᠢᠯ ᠣᠷᠤᠭᠤᠯᠵᠤ ᠬᠡᠷᠡᠭᠯᠡᠭᠰᠡᠨ ᠠᠯᠳᠠᠭ᠎ᠠ ᠄ ᠬᠦᠴᠦᠨ ᠦᠭᠡᠢ <ref> ᠲᠡᠮᠳᠡᠭ ︔ ᠠᠭᠤᠯᠭ᠎ᠠ ᠲᠠᠭᠯᠠᠭᠰᠠᠨ ᠦᠭᠡᠢ ᠣᠷᠤᠯᠪᠤᠷᠢ ᠨᠢ ᠡᠷᠬᠡᠪᠰᠢ name ᠴᠢᠨᠠᠷ ᠢ ᠨᠢ ᠲᠠᠭᠯᠠᠬᠤ ᠬᠡᠷᠡᠭᠲᠡᠢ ︕
- ᠪᠠᠶᠢᠰᠢᠩ ᠬᠣᠣᠷ᠃ 24% = 2,194 ᠡᠷᠦᠬᠡ
- ᠭᠡᠷ ᠬᠣᠷᠢᠶᠠᠯᠠ᠃ 76% = 6,798 ᠡᠷᠦᠬᠡ
ᠨᠢᠭᠲᠠᠴᠠ ᠰᠡᠶᠢᠷᠡᠭ 47.3 ᠬᠦᠮᠦᠨ/км²
ᠨᠤᠲᠤᠭ ᠤᠨ ᠣᠯᠠᠨ ᠨᠠᠯᠠᠶᠢᠬᠠᠴᠤᠳ
ᠴᠠᠭ ᠤᠨ ᠪᠥᠰᠡ ᠤᠯᠠᠭᠠᠨᠪᠠᠭᠠᠲᠤᠷ ᠤᠨ ᠴᠠᠭ (ГЦ+8)
ᠴᠠᠬᠢᠮ ᠭᠠᠵᠠᠷ nad.ub.gov.mn (ᠮᠣᠩᠭᠣᠯ ᠬᠡᠯᠡ ᠪᠡᠷ)
ᠵᠥᠪᠬᠡᠨ ᠮᠣᠩᠭᠣᠯ ᠤᠯᠤᠰ ᠶᠢᠨ ᠰᠠᠭᠤᠷᠢᠨ ᠢᠷᠭᠡᠨ ᠦ ᠲᠣᠭ᠎ᠠ᠃ ᠭᠠᠳᠠᠭᠠᠳᠤ ᠶᠢᠨ ᠬᠠᠷᠢᠶᠠᠲᠤ ᠢᠷᠭᠡᠨ᠂ ᠭᠠᠳᠠᠭᠠᠳᠤ ᠳᠤ ᠣᠷᠣᠰᠢᠨ ᠰᠠᠭᠤᠭ᠎ᠠ ᠮᠣᠩᠭᠣᠯ ᠤᠯᠤᠰ ᠶᠢᠨ ᠢᠷᠭᠡᠨ ᠪᠠᠭᠠᠳᠤᠭ᠎ᠠ ᠦᠭᠡᠢ᠃
ᠨᠠᠯᠠᠶᠢᠬᠤ ᠬᠣᠲᠠ

ᠨᠠᠯᠠᠶᠢᠬᠤ
ᠤᠯᠤᠰ ᠣᠷᠣᠨ Flag of Mongolia.svg ᠮᠣᠩᠭᠣᠯ
ᠨᠡᠶᠢᠰᠯᠡᠯ ᠬᠣᠲᠠ Mn coa ulaanbaatar.png ᠤᠯᠠᠭᠠᠨᠪᠠᠭᠠᠲᠤᠷ
ᠳᠡᠭᠦᠷᠭᠡ ᠨᠠᠯᠠᠶᠢᠬᠤ
ᠬᠣᠲᠠ (ᠦᠨᠡᠨ ᠳᠦ ᠪᠡᠨ) ᠨᠠᠯᠠᠶᠢᠬᠤ
ᠴᠠᠭ ᠤᠨ ᠪᠥᠰᠡ ᠤᠯᠠᠭᠠᠨᠪᠠᠭᠠᠲᠤᠷ ᠤᠨ ᠴᠠᠭ (ГЦ+8)

ᠨᠠᠯᠠᠶᠢᠬᠤ ᠨᠢ ᠤᠯᠠᠭᠠᠨᠪᠠᠭᠠᠲᠤᠷ ᠬᠣᠲᠠ ᠶᠢᠨ 9 ᠳᠡᠭᠦᠷᠭᠡ ᠶᠢᠨ ᠨᠢᠭᠡ ᠪᠥᠭᠡᠳ ᠲᠥᠪ ᠡᠴᠡ ᠠᠯᠤᠰᠯᠠᠭᠳᠠᠭᠰᠠᠨ᠃ ᠠᠷᠠᠳ ᠤᠨ ᠬᠤᠪᠢᠰᠬᠠᠯ ᠠᠴᠠ ᠡᠮᠦᠨ᠎ᠡ ᠡᠨᠳᠡ ᠬᠢᠲᠠᠳ ᠤᠨ ᠫᠦᠦᠰᠦᠦ ᠳᠦ ᠨᠡᠭᠦᠷᠡᠰᠦ ᠣᠯᠪᠤᠷᠢᠯᠠᠳᠠᠭ ᠪᠠᠶᠢᠭᠰᠠᠨ᠃ ᠵᠠᠰᠠᠭ ᠵᠠᠬᠢᠷᠭᠠᠨ ᠤ ᠬᠤᠪᠢ ᠳᠤ 7 ᠬᠣᠷᠢᠶ᠎ᠠ ᠲᠠᠢ᠃ ᠬᠦᠮᠦᠨ ᠠᠮᠠ ᠶᠢᠨ ᠲᠣᠭ᠎ᠠ 31000. ᠨᠠᠯᠠᠶᠢᠬᠤ ᠨᠢ ᠲᠡᠮᠦᠷ ᠵᠠᠮ᠂ ᠨᠢᠰᠬᠦ ᠣᠩᠭᠣᠴᠠᠨ ᠤ ᠪᠠᠭᠤᠳᠠᠯ᠂ ᠡᠷᠴᠢᠮ ᠬᠦᠴᠦ᠂ ᠰᠢᠯᠢᠨ ᠺᠠᠪᠧᠯ ᠭᠡᠬᠦ ᠮᠡᠲᠦᠴᠢᠯᠠᠨ ᠳᠡᠳ᠋ ᠪᠦᠲᠦᠴᠡ ᠰᠠᠶᠢᠲᠠᠢ᠃

ᠡᠭᠦᠰᠦᠯ[ᠵᠠᠰᠠᠪᠤᠷᠢᠯᠠᠬᠤ | ᠺᠣᠳ᠋ ᠢᠶᠠᠷ ᠵᠠᠰᠠᠬᠣ]

ᠨᠠᠯᠠᠶᠢᠬᠤ ᠳᠡᠭᠦᠷᠭᠡ ᠶᠢᠨ ᠣᠷᠴᠢᠮ ᠤᠨ ᠭᠠᠵᠠᠷ ᠨᠢ ᠴᠢᠩ ᠤᠯᠤᠰ ᠤᠨ ᠦᠶ᠎ᠡ ᠳᠦ ᠲᠦᠰᠢᠶᠡᠲᠦ ᠬᠠᠨ ᠠᠶᠢᠮᠠᠭ ᠤᠨ ᠳᠠᠷᠬᠠᠨ ᠴᠢᠨ ᠸᠠᠩ ᠤᠨ ᠬᠣᠰᠢᠭᠤᠨ ᠤ ᠨᠤᠲᠤᠭ ᠲᠤ ᠬᠠᠮᠢᠶᠠᠷᠴᠢ ᠪᠠᠶᠢᠭᠰᠠᠨ᠃ ᠲᠤᠬᠠᠢ ᠶᠢᠨ ᠴᠠᠭ ᠲᠤ ᠲᠤᠰ ᠭᠠᠵᠠᠷ ᠣᠷᠣᠨ ᠢ ᠨᠠᠯᠠᠭᠤ ᠶᠢᠨ ᠬᠤᠸᠠ ᠬᠡᠮᠡᠨ ᠨᠡᠷᠡᠯᠡᠵᠦ ᠪᠠᠶᠢᠭᠰᠠᠨ᠃ 1900 ᠍ ᠍ ᠊ᠭᠠᠳ ᠣᠨ ᠤ ᠡᠬᠢ ᠪᠡᠷ ᠬᠢᠲᠠᠳ ᠨᠠᠶᠢᠮᠠᠶᠢᠴᠢᠳ ᠢᠷᠡᠵᠦ ᠴᠢᠯᠠᠭᠤᠨ ᠨᠡᠭᠦᠷᠡᠰᠦ ᠣᠯᠪᠤᠷᠢᠯᠠᠬᠤ ᠪᠣᠯᠰᠠᠨ᠎ᠠ ᠪᠠᠷ ᠬᠦᠮᠦᠨ ᠰᠠᠭᠤᠷᠢᠰᠢᠵᠤ ᠡᠬᠢᠯᠡᠭᠰᠡᠨ᠃ 1922 ᠣᠨ ᠳᠤ ᠬᠢᠲᠠᠳ ᠫᠦᠰᠡ ᠨᠦᠭᠦᠳ ᠦᠨ ᠡᠵᠡᠮᠰᠢᠯ ᠳᠦ ᠪᠠᠶᠢᠭᠰᠠᠨ ᠠᠭᠤᠷᠬᠠᠢ ᠨᠤᠭᠤᠳ ᠢ ᠬᠤᠷᠢᠶᠠᠨ ᠠᠪᠴᠤ ᠤᠯᠤᠰ ᠤᠨ ᠮᠡᠳᠡᠯ ᠳᠦ ᠰᠢᠯᠵᠢᠭᠦᠯᠦᠭᠰᠡᠨ ᠢᠶᠡᠷ ᠮᠣᠩᠭᠣᠯ ᠳᠤ ᠠᠭᠤᠯᠠ ᠠᠭᠤᠷᠬᠠᠢ ᠶᠢᠨ ᠰᠠᠯᠪᠤᠷᠢ ᠬᠥᠭᠵᠢᠵᠦ ᠡᠬᠢᠯᠡᠭᠰᠡᠨ ᠶᠤᠮ᠃

ᠲᠡᠦᠬᠡᠨ ᠬᠥᠭᠵᠢᠯ[ᠵᠠᠰᠠᠪᠤᠷᠢᠯᠠᠬᠤ | ᠺᠣᠳ᠋ ᠢᠶᠠᠷ ᠵᠠᠰᠠᠬᠣ]

1922 ᠣᠨ ᠤ 12 ᠍ ᠍ ᠳᠦᠭᠡᠷ ᠰᠠᠷ᠎ᠠ ᠶᠢᠨ 25 ᠍ ᠍ ᠳᠦ ᠨᠠᠯᠠᠶᠢᠬᠤ ᠶᠢᠨ ᠠᠭᠤᠷᠬᠠᠢ ᠤᠯᠤᠰ ᠤᠨ ᠦᠢᠯᠡᠳᠪᠦᠷᠢ ᠪᠣᠯᠤᠭᠰᠠᠨ᠃ 1932 ᠣᠨ ᠬᠦᠷᠲᠡᠯ᠎ᠡ ᠨᠠᠯᠠᠶᠢᠬᠤ ᠶᠢᠨ ᠠᠭᠤᠷᠬᠠᠢ ᠤᠯᠠᠷᠢᠯ ᠤᠨ ᠴᠢᠨᠠᠷᠲᠠᠢ ᠦᠢᠯᠡ ᠠᠵᠢᠯᠯᠠᠭ᠎ᠠ ᠶᠢ ᠪᠠᠨ ᠶᠠᠪᠤᠭᠤᠯᠵᠤ ᠪᠠᠶᠢᠭᠠᠳ ᠲᠧᠭᠨᠢᠭ ᠲᠧᠭᠨᠣᠯᠣᠭᠢ ᠶᠢᠨ ᠰᠢᠨᠡᠴᠢᠯᠡᠯ ᠬᠢᠵᠦ 1954-1958 ᠣᠨ ᠨᠤᠭᠤᠳ ᠲᠤ ᠨᠠᠯᠠᠶᠢᠬᠤ ᠶᠢᠨ ᠶᠡᠬᠡ ᠠᠭᠤᠷᠬᠠᠢ ᠶᠢ ᠪᠠᠷᠢᠵᠤ ᠪᠠᠶᠢᠭᠤᠯᠤᠭᠰᠠᠨ ᠪᠠᠶᠢᠨ᠎ᠠ᠃ 1962 ᠣᠨ ᠳᠤ ᠶᠡᠬᠡ ᠠᠭᠤᠷᠬᠠᠢ ᠶᠢ ᠲᠦᠰᠢᠭᠯᠡᠨ ᠨᠠᠯᠠᠶᠢᠬᠤ ᠬᠣᠲᠠ ᠪᠠᠶᠢᠭᠤᠯᠬᠤ ᠲᠤᠬᠠᠢ ᠪᠦᠭᠦᠳᠡ ᠨᠠᠶᠢᠷᠠᠮᠳᠠᠬᠤ ᠮᠣᠩᠭᠣᠯ ᠠᠷᠠᠳ ᠤᠯᠤᠰ ᠍ ᠍ ᠤᠨ ᠠᠷᠠᠳ ᠤᠨ ᠶᠡᠬᠡ ᠬᠤᠷᠠᠯ ᠤᠨ ᠲᠡᠷᠢᠭᠦᠯᠡᠭᠴᠢᠳ ᠦᠨ 88 ᠳ᠋ᠤᠭᠠᠷ ᠵᠠᠷᠤᠯᠢᠭ ᠭᠠᠷᠴᠤ ᠨᠠᠯᠠᠶᠢᠬᠤ ᠬᠣᠲᠠ ᠪᠠᠶᠢᠭᠤᠯᠬᠤ ᠶᠡᠬᠡ ᠦᠢᠯᠡᠰ ᠡᠬᠢᠯᠡᠭᠰᠡᠨ ᠶᠤᠮ᠃ 1992 ᠣᠨ ᠠᠴᠠ ᠮᠣᠩᠭᠣᠯ ᠤᠯᠤᠰ ᠤᠨ ᠰᠢᠨ᠎ᠡ ᠦᠨᠳᠦᠰᠦᠨ ᠬᠠᠤᠯᠢ ᠪᠠᠷ ᠨᠠᠯᠠᠶᠢᠬᠤ ᠳᠡᠭᠦᠷᠭᠡ ᠪᠣᠯᠤᠭᠰᠠᠨ᠃[3]

ᠬᠦᠮᠦᠨ ᠠᠮᠠ[ᠵᠠᠰᠠᠪᠤᠷᠢᠯᠠᠬᠤ | ᠺᠣᠳ᠋ ᠢᠶᠠᠷ ᠵᠠᠰᠠᠬᠣ]

ᠬᠦᠮᠦᠨ ᠠᠮᠠ ᠨᠢ 2008 ᠣᠨ ᠤ ᠪᠠᠶᠢᠳᠠᠯ ᠢᠶᠠᠷ 28,152 ᠪᠥᠭᠡᠳ 687.6 ᠺᠦᠸᠠᠳ᠋ ᠺᠢᠯᠣᠮᠧᠲ᠋ᠷ ᠭᠠᠵᠠᠷ ᠨᠤᠲᠤᠭ ᠲᠠᠢ᠃[4]

ᠪᠤᠰᠤᠳ ᠳᠦᠭᠦᠷᠭᠡ ᠨᠦᠭᠦᠳ ᠢ ᠪᠣᠳᠣᠪᠠᠯ ᠨᠠᠯᠠᠶᠢᠬᠤ ᠨᠢ ᠪᠠᠷᠤᠭ ᠲᠤᠰ ᠲᠤ ᠪᠠᠨ ᠬᠣᠲᠠ ᠪᠣᠯᠪᠠᠴᠤ ᠨᠡᠶᠢᠰᠯᠡᠯ ᠦᠨ ᠵᠠᠰᠠᠭ ᠵᠠᠬᠢᠷᠭᠠᠨ ᠳᠣᠣᠷ᠎ᠠ ᠪᠠᠶᠢᠳᠠᠭ᠃ ᠴᠠᠭ ᠤᠨ ᠪᠥᠰᠡ - UTC+8.

ᠵᠢᠷᠤᠭ[ᠵᠠᠰᠠᠪᠤᠷᠢᠯᠠᠬᠤ | ᠺᠣᠳ᠋ ᠢᠶᠠᠷ ᠵᠠᠰᠠᠬᠣ]


ᠡᠰᠢᠯᠡᠯ[ᠵᠠᠰᠠᠪᠤᠷᠢᠯᠠᠬᠤ | ᠺᠣᠳ᠋ ᠢᠶᠠᠷ ᠵᠠᠰᠠᠬᠣ]

  1. ᠮᠣᠩᠭᠣᠯ ᠤᠯᠤᠰ ᠤᠨ 2010 ᠣᠨ ᠤ ᠬᠦᠮᠦᠨ ᠠᠮᠠ ᠶᠢᠨ ᠲᠣᠭᠠᠯᠠᠯᠭ᠎ᠠ ᠶᠢᠨ ᠳᠦᠩ (ᠰᠤᠮᠤ᠂ ᠳᠡᠭᠦᠷᠭᠡ ᠪᠡᠷ)
  2. ᠨᠡᠶᠢᠰᠯᠡᠯ ᠦᠨ ᠪᠦᠷᠢᠳᠭᠡᠯ ᠤᠨ ᠭᠠᠵᠠᠷ᠃ ᠲᠠᠨᠢᠯᠴᠠᠭᠤᠯᠭ᠎ᠠ᠂ ᠰᠤᠳᠤᠯᠭ᠎ᠠ. ᠨᠡᠶᠢᠰᠯᠡᠯ᠃ ᠵᠢᠯ ᠦᠨ ᠲᠠᠨᠢᠯᠴᠠᠭᠤᠯᠭ᠎ᠠ 2011
  3. ᠨᠡᠶᠢᠰᠯᠡᠯ ᠦᠨ ᠨᠠᠯᠠᠶᠢᠬᠤ ᠳᠡᠭᠦᠷᠭᠡ ᠶᠢᠨ ᠸᠪ ᠰᠢᠲ᠂[1]
  4. ᠤᠯᠠᠭᠠᠨᠪᠠᠭᠠᠲᠤᠷ ᠬᠣᠲᠠ ᠶᠢᠨ ᠰᠲ᠋ᠠᠲ᠋ᠢᠰᠲ᠋ᠢᠭ ᠤᠨ ᠭᠠᠵᠠᠷ᠂ stat2701.pdf pop2006.01.01.pdf

ᠵᠠᠭᠪᠤᠷ:ᠨᠡᠶᠢᠰᠯᠡᠯ ᠤᠯᠠᠭᠠᠨᠪᠠᠭᠠᠲᠤᠷ ᠤᠨ ᠶᠢᠰᠦᠨ ᠳᠦᠭᠦᠷᠦᠭ

ᠪᠢᠴᠢᠭᠡᠰᠦ