ᠨᠢᠮ᠎ᠠ-ᠣᠰᠣᠷ ᠤᠨ ᠲᠤᠶᠠᠭ᠎ᠠ

ᠴᠢᠯᠦᠭᠡᠲᠦ ᠨᠡᠪᠲᠡᠷᠬᠡᠢ ᠲᠣᠯᠢ — ᠸᠢᠺᠢᠫᠧᠳᠢᠶ᠎ᠠ ᠠᠴᠠ
ᠬᠠᠷᠠᠶᠢᠬᠤ: ᠤᠳᠤᠷᠢᠳᠬᠤ, ᠬᠠᠶᠢᠯᠲᠠ

ᠨᠢᠮ᠎ᠠ-ᠣᠰᠣᠷ ᠤᠨ ᠲᠤᠶᠠᠭ᠎ᠠ (1958 - ) ᠨᠢ 1999 ᠣᠨ ᠤ 7 ᠰᠠᠷ᠎ᠠ ᠶᠢᠨ 22 ᠍ ᠨᠣᠣᠰᠣ 7 ᠰᠠᠷ᠎ᠠ ᠶᠢᠨ 30 ᠬᠦᠷᠲᠡᠯ᠎ᠡ 8 ᠡᠳᠦᠷ ᠦᠨ ᠲᠤᠷᠰᠢ ᠡᠭᠦᠷᠭᠡ ᠭᠦᠢᠴᠡᠳᠬᠡᠭᠴᠢ ᠶᠡᠷᠦᠩᠬᠡᠢ ᠰᠠᠶᠢᠳ ᠢᠶᠠᠷ ᠠᠵᠢᠯᠯᠠᠭᠰᠠᠨ ᠮᠣᠩᠭᠣᠯ ᠍ ᠤᠨ ᠤᠯᠤᠰ ᠲᠥᠷᠦᠴᠢ ᠶᠤᠮ᠃

ᠲᠡᠷᠡᠪᠡᠷ 1958 ᠣᠨ ᠳᠤ ᠤᠯᠠᠭᠠᠨᠪᠠᠭᠠᠲᠤᠷ ᠬᠣᠳᠠ ᠳᠤ ᠲᠦᠷᠦᠭᠰᠡᠨ᠃ 1975-1980 ᠣᠨ ᠳᠤ ᠬᠠᠭᠤᠴᠢᠨ ᠢᠶᠠᠷ ᠵᠥᠪᠯᠡᠯᠲᠦ ᠬᠣᠯᠪᠣᠭᠠᠲᠤ ᠤᠯᠤᠰ ᠍ ᠤᠨ ᠮᠣᠰᠺᠸᠠ ᠶᠢᠨ ᠣᠯᠠᠨ ᠤᠯᠤᠰ ᠤᠨ ᠬᠠᠷᠢᠯᠴᠠᠭᠠᠨ ᠤ ᠳᠡᠭᠡᠳᠦ ᠰᠤᠷᠭᠠᠭᠤᠯᠢ ᠲᠡᠭᠦᠰᠦᠭᠰᠡᠨ ᠪᠠ ᠣᠯᠠᠨ ᠤᠯᠤᠰ ᠤᠨ ᠰᠡᠳᠬᠦᠯᠴᠢ ᠮᠡᠷᠭᠡᠵᠢᠯ ᠲᠡᠢ᠃

1984-1985 ᠣᠨ ᠳᠤ ᠫᠠᠷᠢᠰ ᠍ ᠤᠨ ᠰᠣᠷᠪᠶᠠᠨ ᠤ ᠶᠡᠬᠡ ᠰᠤᠷᠭᠠᠭᠤᠯᠢ ᠳᠤ ᠰᠤᠷᠤᠯᠴᠠᠵᠤ᠂ ᠹᠷᠠᠨᠼᠢ ᠍ ᠤᠨ ᠰᠤᠶᠤᠯ ᠢᠷᠭᠡᠨᠰᠢᠯ ᠦᠨ ᠰᠡᠳᠦᠪ ᠢᠶᠡᠷ ᠳ᠋ᠢᠫᠯᠣᠮ ᠬᠠᠮᠠᠭᠠᠯᠠᠭᠰᠠᠨ᠃ 1994 ᠣᠨ ᠳᠤ ᠶᠡᠬᠡ ᠪᠷᠢᠲ᠋ᠠᠨ(ᠠᠩᠭᠯᠢ) ᠳᠤ ᠯᠢᠢᠳᠡᠰᠦ ᠶᠢᠨ ᠶᠡᠬᠡ ᠰᠤᠷᠭᠠᠭᠤᠯᠢ ᠳᠤ 《ᠠᠷᠠᠳᠴᠢᠯᠠᠯ ᠤᠨ ᠣᠨᠣᠯ᠂ ᠦᠢᠯᠡ ᠶᠠᠪᠤᠴᠠ》 ᠰᠡᠳᠦᠪ ᠢᠶᠡᠷ ᠰᠤᠷᠤᠯᠴᠠᠵᠤ᠂ ᠤᠯᠤᠰ ᠲᠥᠷᠥ ᠶᠢᠨ ᠤᠬᠠᠭᠠᠨ ᠤ ᠮᠠᠭᠢᠰᠲ᠋ᠷ ᠤᠨ ᠵᠡᠷᠭᠡ ᠬᠠᠮᠠᠭᠠᠯᠠᠭᠰᠠᠨ᠃

ᠨ᠃ᠲᠤᠶᠠᠭ᠎ᠠ ᠨᠢ ᠵᠠᠨᠯᠠᠪ ᠤᠨ ᠨᠠᠷᠠᠨᠴᠠᠴᠤᠷᠠᠯᠲᠤ ᠳᠣᠣᠷᠠᠬᠢ [[ᠮᠣᠩᠭᠣᠯ ᠤᠨ ᠦᠨᠳᠦᠰᠦᠨ ᠦ ᠠᠷᠠᠳᠴᠢᠯᠠᠭᠰᠠᠨ ᠨᠠᠮ-ᠮᠣᠩᠭᠣᠯ ᠤᠨ ᠰᠣᠴᠢᠶᠠᠯ ᠳᠧᠮᠣᠺᠷᠠᠲ ᠨᠠᠮ ᠤᠨ ᠠᠷᠠᠳᠴᠢᠯᠠᠭᠰᠠᠨ ᠬᠣᠯᠪᠣᠭ᠎ᠠ ᠡᠪᠰᠡᠯ|ᠮᠣᠩᠭᠣᠯ ᠤᠨ ᠦᠨᠳᠦᠰᠦᠨ ᠦ ᠠᠷᠠᠳᠴᠢᠯᠠᠭᠰᠠᠨ ᠨᠠᠮ-ᠮᠣᠩᠭᠣᠯ ᠤᠨ ᠰᠣᠴᠢᠶᠠᠯ ᠳᠧᠮᠣᠺᠷᠠᠲ ᠨᠠᠮ ᠤᠨ ᠠᠷᠠᠳᠴᠢᠯᠠᠭᠰᠠᠨ ᠬᠣᠯᠪᠣᠭ᠎ᠠ ᠡᠪᠰᠡᠯ ᠦᠨ]] ᠵᠠᠰᠠᠭ ᠤᠨ ᠭᠠᠵᠠᠷ ᠲᠤ 1998 ᠣᠨ ᠠᠴᠠ ᠭᠠᠳᠠᠭᠠᠳᠤ ᠬᠡᠷᠡᠭ ᠦᠨ ᠰᠠᠶᠢᠳ ᠢᠶᠠᠷ ᠠᠵᠢᠯᠯᠠᠵᠤ ᠪᠠᠶᠢᠭᠰᠠᠨ᠃ ᠡᠨᠡ ᠵᠠᠰᠠᠭ ᠤᠨ ᠭᠠᠵᠠᠷ ᠣᠭᠴᠠᠷᠠᠬᠤ ᠪᠣᠯᠤᠭᠰᠠᠨ ᠤ ᠳᠠᠷᠠᠭ᠎ᠠ ᠷᠢᠨᠴᠢᠨᠨᠢᠮ᠎ᠠ ᠶᠢᠨ ᠠᠮᠤᠷᠵᠢᠷᠭᠠᠯ ᠶᠡᠷᠦᠩᠬᠡᠢ ᠰᠠᠶᠢᠳ ᠢᠶᠠᠷ ᠲᠣᠮᠢᠯᠠᠭᠳᠠᠬᠤ ᠬᠦᠷᠲᠡᠯ᠎ᠡ 8 ᠬᠣᠨᠣᠭ ᠤᠨ ᠲᠤᠷᠰᠢ ᠡᠭᠦᠷᠭᠡ ᠭᠦᠢᠴᠡᠳᠬᠡᠭᠴᠢ ᠶᠡᠷᠦᠩᠬᠡᠢ ᠰᠠᠶᠢᠳ ᠢᠶᠠᠷ ᠠᠵᠢᠯᠯᠠᠭᠰᠠᠨ᠃ ᠡᠭᠦᠨ ᠦ ᠳᠠᠷᠠᠭ᠎ᠠ ᠪᠠᠷ 2000 ᠣᠨ ᠤ ᠰᠣᠩᠭᠣᠭᠤᠯᠢ ᠪᠠᠷ ᠮᠣᠩᠭᠣᠯ ᠠᠷᠠᠳ ᠤᠨ ᠬᠤᠪᠢᠰᠬᠠᠯᠲᠤ ᠨᠠᠮ ᠢᠯᠠᠯᠲᠠ ᠪᠠᠶᠢᠭᠤᠯᠬᠤ ᠬᠦᠷᠲᠡᠯ᠎ᠡ ᠭᠠᠳᠠᠭᠠᠳᠤ ᠬᠡᠷᠡᠭ ᠦᠨ ᠰᠠᠶᠢᠳ ᠢᠶᠠᠷ ᠠᠵᠢᠯᠯᠠᠭᠰᠠᠨ ᠪᠥᠭᠡᠳ ᠲᠤᠬᠠᠢ ᠶᠢᠨ ᠤᠯᠤᠰ ᠤᠨ ᠶᠡᠬᠡ ᠬᠤᠷᠠᠯ ᠍ ᠤᠨ ᠰᠣᠩᠭᠣᠭᠤᠯᠢ ᠳᠤ ᠬᠡᠨᠲᠡᠢ ᠠᠶᠢᠮᠠᠭ ᠲᠤ ᠨᠡᠷ᠎ᠡ ᠳᠡᠪᠰᠢᠭᠰᠡᠨ ᠴᠤ ᠢᠯᠠᠵᠤ ᠴᠢᠳᠠᠭ᠎ᠠ ᠦᠭᠡᠢ᠃

ᠨ᠃ᠲᠤᠶᠠᠭ᠎ᠠ ᠨᠢ ᠡᠳᠦᠭᠡ [[ᠠᠽᠢᠶ᠎ᠠ᠂ ᠨᠣᠮᠣᠬᠠᠨ ᠳᠠᠯᠠᠢ ᠶᠢᠨ ᠠᠶᠤᠯ ᠦᠭᠡᠢ ᠪᠠᠶᠢᠳᠠᠯ᠂ ᠬᠠᠮᠲᠤ ᠶᠢᠨ ᠠᠵᠢᠯᠯᠠᠭᠠᠨ ᠤ ᠮᠣᠩᠭᠣᠯ ᠤᠨ ᠦᠨᠳᠦᠰᠦᠨ ᠦ ᠬᠣᠷᠢᠶ᠎ᠠ]] ᠶᠢ ᠲᠡᠷᠢᠭᠦᠯᠡᠨ ᠠᠵᠢᠯᠯᠠᠵᠤ ᠪᠠᠶᠢᠨ᠎ᠠ᠃

ᠡᠮᠦᠨᠡᠬᠢ
ᠵᠠᠨᠯᠠᠪ ᠤᠨ ᠨᠠᠷᠠᠨᠴᠠᠴᠤᠷᠠᠯᠲᠤ
ᠮᠣᠩᠭᠣᠯ ᠤᠯᠤᠰ ᠤᠨ ᠶᠡᠷᠦᠩᠬᠡᠢ ᠰᠠᠶᠢᠳ
ᠡᠭᠦᠷᠭᠡ ᠭᠦᠢᠴᠡᠳᠬᠡᠭᠴᠢ

{{{on}}}
ᠳᠠᠷᠠᠭᠠᠬᠢ
ᠷᠢᠨᠴᠢᠨᠨᠢᠮ᠎ᠠ ᠶᠢᠨ ᠠᠮᠤᠷᠵᠢᠷᠭᠠᠯ

ᠪᠢᠴᠢᠭᠡᠰᠦ