ᠨᠣᠷᠪᠤ ᠶᠢᠨ ᠠᠯᠲᠠᠨᠬᠤᠶᠠᠭ

ᠴᠢᠯᠦᠭᠡᠲᠦ ᠨᠡᠪᠲᠡᠷᠬᠡᠢ ᠲᠣᠯᠢ — ᠸᠢᠺᠢᠫᠧᠳᠢᠶ᠎ᠠ ᠠᠴᠠ
ᠬᠠᠷᠠᠶᠢᠬᠤ: ᠤᠳᠤᠷᠢᠳᠬᠤ, ᠬᠠᠶᠢᠯᠲᠠ
ᠨᠣᠷᠪᠤ ᠶᠢᠨ ᠠᠯᠲᠠᠨᠬᠤᠶᠠᠭ


ᠮᠣᠩᠭᠣᠯ ᠮᠣᠩᠭᠣᠯ ᠤᠯᠤᠰ ᠤᠨ 27 ᠳᠠᠬᠢ
ᠶᠡᠷᠦᠩᠬᠡᠢ ᠰᠠᠶᠢᠳ
ᠣᠳᠣ ᠬᠠᠰᠢᠵᠤ ᠪᠤᠢ
ᠠᠯᠪᠠ ᠪᠠᠨ ᠬᠦᠯᠢᠶᠡᠨ ᠠᠪᠤᠭᠰᠠᠨ;
2012 ᠣᠨ ᠤ 8 ᠰᠠᠷ᠎ᠠ ᠶᠢᠨ 9
ᠶᠡᠷᠦᠩᠬᠡᠶᠢᠯᠡᠭᠴᠢ ᠴᠠᠬᠢᠭ᠎ᠠ ᠶᠢᠨ ᠡᠯᠪᠡᠭᠳᠣᠷᠵᠢ
ᠡᠮᠦᠨᠡᠬᠢ ᠰᠦᠬᠡᠪᠠᠭᠠᠲᠤᠷ ᠤᠨ ᠪᠠᠲᠤᠪᠠᠯ ᠳᠤ

ᠠᠷᠠᠳᠴᠢᠯᠠᠭᠰᠠᠨ ᠨᠠᠮ ᠍ ᠤᠨ ᠳᠠᠷᠤᠭ᠎ᠠ
ᠣᠳᠣ ᠬᠠᠰᠢᠵᠤ ᠪᠤᠢ
ᠠᠯᠪᠠ ᠪᠠᠨ ᠬᠦᠯᠢᠶᠡᠨ ᠠᠪᠤᠭᠰᠠᠨ;
2008 ᠣᠨ ᠤ 9 ᠰᠠᠷ᠎ᠠ ᠶᠢᠨ 2
ᠡᠮᠦᠨᠡᠬᠢ ᠴᠠᠬᠢᠭ᠎ᠠ ᠶᠢᠨ ᠡᠯᠪᠡᠭᠳᠣᠷᠵᠢ

ᠲᠦᠷᠦᠭᠰᠡᠨ 1958 ᠣᠨ ᠤ 1 ᠰᠠᠷ᠎ᠠ ᠶᠢᠨ 20 (1958-01-20) (61 ᠨᠠᠰᠣᠳᠠᠢ)
ᠤᠪᠰᠤᠤᠯᠠᠭᠠᠨᠠᠭᠠᠮ
ᠤᠯᠤᠰ ᠲᠥᠷᠥ ᠶᠢᠨ ᠨᠠᠮ ᠠᠷᠠᠳᠴᠢᠯᠠᠭᠰᠠᠨ ᠨᠠᠮ
ᠲᠡᠭᠦᠰᠦᠭᠰᠡᠨ ᠰᠤᠷᠭᠠᠭᠤᠯᠢ ᠮᠣᠩᠭᠣᠯ ᠤᠯᠤᠰ ᠤᠨ ᠶᠡᠬᠡ ᠰᠤᠷᠭᠠᠭᠤᠯᠢ
ᠸᠪᠰᠠᠢ ᠳᠤ ᠠᠯᠪᠠᠨ ᠶᠣᠰᠣᠨ ᠤ ᠴᠠᠬᠢᠮ ᠬᠠᠭᠤᠳᠠᠰᠤ

ᠨᠣᠷᠪᠤ ᠶᠢᠨ ᠠᠯᠲᠠᠨᠬᠤᠶᠠᠭ ᠨᠢ ᠮᠣᠩᠭᠣᠯ ᠤᠯᠤᠰ ᠍ ᠤᠨ ᠤᠯᠤᠰ ᠲᠥᠷᠦᠴᠢ᠂ ᠲᠤᠰ ᠤᠯᠤᠰ ᠤᠨ 27 ᠳᠠᠬᠢ ᠶᠡᠷᠦᠩᠬᠡᠢ ᠰᠠᠶᠢᠳ ᠶᠤᠮ᠃ 1958 ᠣᠨ ᠤ 1 ᠰᠠᠷ᠎ᠠ ᠶᠢᠨ 20 ᠍ ᠳᠦ ᠤᠪᠰᠤ ᠠᠶᠢᠮᠠᠭ ᠤᠨ ᠤᠯᠠᠭᠠᠨᠠᠭᠠᠮ ᠬᠣᠳᠠ ᠳᠤ ᠲᠦᠷᠦᠭᠰᠡᠨ᠃ ᠮᠣᠩᠭᠣᠯ ᠤᠯᠤᠰ ᠤᠨ ᠶᠡᠬᠡ ᠰᠤᠷᠭᠠᠭᠤᠯᠢ ᠍ ᠢ ᠹᠢᠽᠢᠺᠴᠢ ᠮᠡᠷᠭᠡᠵᠢᠯ ᠢᠶᠡᠷ ᠲᠡᠭᠦᠰᠴᠦ᠂ ᠲᠡᠨᠳᠡ ᠪᠡᠨ ᠪᠠᠭᠰᠢᠯᠠᠵᠤ ᠪᠠᠶᠢᠭᠠᠳ 1996 ᠣᠨ ᠳᠤ ᠤᠯᠤᠰ ᠤᠨ ᠶᠡᠬᠡ ᠬᠤᠷᠠᠯ ᠤᠨ ᠭᠡᠰᠢᠭᠦᠨ ᠢᠶᠡᠷ ᠰᠣᠩᠭᠣᠭᠳᠠᠨ᠂ 1998 ᠣᠨ ᠳᠤ ᠮᠣᠩᠭᠣᠯ ᠤᠯᠤᠰ ᠤᠨ ᠬᠥᠳᠡᠭᠡ ᠠᠵᠤ ᠠᠬᠤᠢ᠂ ᠦᠢᠯᠡᠳᠪᠦᠷᠢ ᠶᠢᠨ ᠰᠠᠶᠢᠳ ᠢᠶᠠᠷ ᠲᠣᠮᠢᠯᠠᠭᠳᠠᠨ ᠠᠵᠢᠯᠯᠠᠭᠰᠠᠨ᠃ 2004 ᠣᠨ ᠳᠤ ᠡᠪᠰᠡᠯ ᠦᠨ ᠵᠠᠰᠠᠭ ᠤᠨ ᠭᠠᠵᠠᠷ ᠤᠨ ᠰᠠᠩ ᠤᠨ ᠰᠠᠶᠢᠳ ᠢᠶᠠᠷ ᠲᠣᠮᠢᠯᠠᠭᠳᠠᠨ ᠠᠵᠢᠯᠯᠠᠭᠰᠠᠨ ᠪᠣᠯ 2008 ᠣᠨ ᠠᠴᠠ ᠤᠯᠤᠰ ᠤᠨ ᠶᠡᠬᠡ ᠬᠤᠷᠠᠯ ᠤᠨ ᠭᠡᠰᠢᠭᠦᠨ ᠢᠶᠡᠷ ᠰᠣᠩᠭᠣᠭᠳᠠᠵᠤ᠂ 2008-2012 ᠣᠨ ᠳᠤ ᠮᠣᠩᠭᠣᠯ ᠤᠯᠤᠰ ᠶᠢᠨ ᠲᠡᠷᠢᠭᠦᠨ ᠰᠢᠳᠠᠷ ᠰᠠᠶᠢᠳ ᠢᠶᠠᠷ ᠠᠵᠢᠯᠯᠠᠵᠠᠢ᠃ 2008 ᠣᠨ ᠳᠤ ᠠᠷᠠᠳᠴᠢᠯᠠᠭᠰᠠᠨ ᠨᠠᠮ ᠍ ᠤᠨ 5 ᠳᠠᠬᠢ ᠳᠠᠷᠤᠭ᠎ᠠ ᠪᠠᠷ ᠲᠣᠮᠢᠯᠠᠭᠳᠠᠭᠰᠠᠨ᠃

2009 ᠣᠨ ᠤ 10 ᠰᠠᠷ᠎ᠠ ᠶᠢᠨ 28 ᠍ ᠳᠦ ᠶᠡᠷᠦᠩᠬᠡᠢ ᠰᠠᠶᠢᠳ ᠰ᠃ᠪᠠᠶᠠᠷ ᠡᠪᠡᠳᠴᠢᠨ ᠦ ᠤᠯᠠᠮ ᠠᠴᠠ ᠡᠭᠦᠷᠭᠡᠲᠦ ᠠᠵᠢᠯ ᠢᠶᠠᠨ ᠬᠦᠯᠢᠶᠡᠯᠭᠡᠨ ᠥᠭᠭᠦᠭᠰᠡᠨ ᠦ ᠳᠠᠷᠠᠭ᠎ᠠ ᠶᠡᠷᠦᠩᠬᠡᠢ ᠰᠠᠶᠢᠳ ᠤᠨ ᠡᠭᠦᠷᠭᠡ ᠭᠦᠢᠴᠡᠳᠬᠡᠭᠴᠢ ᠪᠡᠷ 1 ᠬᠣᠨᠣᠭ ᠠᠵᠢᠯᠯᠠᠭᠰᠠᠨ᠃[1]

2012 ᠣᠨ ᠤ ᠤᠯᠤᠰ ᠤᠨ ᠶᠡᠬᠡ ᠬᠤᠷᠠᠯ ᠤᠨ ᠰᠣᠩᠭᠣᠭᠤᠯᠢ ᠳᠤ ᠲᠡᠭᠦᠨ ᠦ ᠤᠳᠤᠷᠢᠳᠤᠭᠰᠠᠨ ᠠᠷᠠᠳᠴᠢᠯᠠᠭᠰᠠᠨ ᠨᠠᠮ ᠠᠮᠵᠢᠯᠲᠠᠲᠠᠢ ᠣᠷᠣᠯᠴᠠᠵᠤ᠂ ᠬᠠᠮᠤᠭ ᠤᠨ ᠣᠯᠠᠨ ᠰᠠᠭᠤᠳᠠᠯ ᠠᠪᠤᠭᠰᠠᠨ ᠢᠶᠠᠷ ᠲᠡᠷᠡᠪᠡᠷ 8 ᠰᠠᠷ᠎ᠠ ᠶᠢᠨ 9 ᠍ ᠳᠦ ᠶᠡᠷᠦᠩᠬᠡᠢ ᠰᠠᠶᠢᠳ ᠢᠶᠠᠷ ᠲᠣᠮᠢᠯᠠᠭᠳᠠᠵᠤ ᠰᠢᠨᠡᠴᠢᠯᠡᠯ ᠦᠨ ᠵᠠᠰᠠᠭ ᠤᠨ ᠭᠠᠵᠠᠷ ᠢ ᠪᠠᠶᠢᠭᠤᠯᠤᠨ ᠠᠵᠢᠯᠯᠠᠭᠰᠠᠨ᠃ 2014 ᠣᠨ ᠤ 11 ᠍ ᠳᠦᠭᠡᠷ ᠰᠠᠷ᠎ᠠ ᠶᠢᠨ 5 ᠍ ᠤ ᠡᠳᠦᠷ ᠦᠨ ᠤᠯᠤᠰ ᠤᠨ ᠶᠡᠬᠡ ᠬᠤᠷᠠᠯ ᠍ ᠤᠨ ᠨᠢᠭᠡᠳᠦᠭᠰᠡᠨ ᠬᠤᠷᠠᠯᠳᠤᠭᠠᠨ ᠢᠶᠠᠷ ᠨ᠃ᠠᠯᠲᠠᠨᠬᠤᠶᠠᠭ ᠢ ᠡᠭᠦᠷᠭᠡᠲᠦ ᠠᠵᠢᠯ ᠠᠴᠠ ᠨᠢ ᠣᠭᠴᠠᠷᠠᠭᠤᠯᠤᠭᠰᠠᠨ᠃

ᠡᠰᠢᠯᠡᠯ[ᠵᠠᠰᠠᠪᠤᠷᠢᠯᠠᠬᠤ | ᠺᠣᠳ᠋ ᠢᠶᠠᠷ ᠵᠠᠰᠠᠬᠣ]

  1. Badrakh (28 October 2009). Parliament approves resignation of S.Bayar. BusinessMongolia.com. 31 October 2009 ᠍ ᠳᠦ ᠬᠠᠨᠳᠤᠭᠰᠠᠨ᠃

ᠭᠠᠳᠠᠨ᠎ᠠ ᠶᠢᠨ ᠬᠣᠯᠪᠣᠭᠠᠰᠤ[ᠵᠠᠰᠠᠪᠤᠷᠢᠯᠠᠬᠤ | ᠺᠣᠳ᠋ ᠢᠶᠠᠷ ᠵᠠᠰᠠᠬᠣ]

ᠡᠮᠦᠨᠡᠬᠢ
ᠪᠠᠲᠤᠪᠠᠯ ᠳᠤ
ᠮᠣᠩᠭᠣᠯ ᠤᠯᠤᠰ ᠤᠨ ᠶᠡᠷᠦᠩᠬᠡᠢ ᠰᠠᠶᠢᠳ
{{{on}}}
ᠳᠠᠷᠠᠭᠠᠬᠢ
ᠰᠠᠶᠢᠬᠠᠨᠪᠢᠯᠢᠭ



ᠪᠢᠴᠢᠭᠡᠰᠦ