ᠪᠠᠶᠠᠨᠵᠢᠷᠦᠬᠡ ᠰᠤᠮᠤ

ᠴᠢᠯᠦᠭᠡᠲᠦ ᠨᠡᠪᠲᠡᠷᠬᠡᠢ ᠲᠣᠯᠢ — ᠸᠢᠺᠢᠫᠧᠳᠢᠶ᠎ᠠ ᠠᠴᠠ
ᠬᠠᠷᠠᠶᠢᠬᠤ: ᠤᠳᠤᠷᠢᠳᠬᠤ, ᠬᠠᠶᠢᠯᠲᠠ
ᠮᠣᠩᠭᠣᠯ ᠮᠣᠩᠭᠣᠯ ᠤᠯᠤᠰ ᠤᠨ
Mn coa khuvsgul aymag.png ᠬᠥᠪᠰᠥᠭᠥᠯ ᠠᠶᠢᠮᠠᠭ ᠤᠨ
ᠪᠠᠶᠠᠨᠵᠢᠷᠦᠬᠡ ᠰᠤᠮᠤ
ᠤᠯᠠᠪᠢᠷ ᠰᠢᠷ᠎ᠠ ᠨᠢ ᠮᠥᠷᠡᠨ᠂ ᠶᠠᠭᠠᠨ ᠨᠢ ᠪᠠᠶᠠᠨᠵᠢᠷᠦᠬᠡ
4,300 ᠺᠦᠸᠠᠳ᠋ ᠺᠢᠯᠣᠮᠧᠲ᠋ᠷ ᠭᠠᠵᠠᠷ ᠨᠤᠲᠤᠭ ᠲᠠᠢ
4,202 ᠬᠦᠮᠦᠨ ᠣᠷᠣᠰᠢᠨ ᠰᠠᠭᠤᠳᠠᠭ
110,000 ᠲᠣᠯᠣᠭᠠᠢ ᠮᠠᠯ ᠲᠠᠢ
ᠲᠠᠪᠤᠨ ᠪᠠᠭ ᠡᠮ᠎ᠡ ᠳᠦ᠂ ᠬᠠᠶᠢᠰᠤ᠂ ᠲᠣᠭᠣᠮ᠂ ᠠᠭᠠᠷᠤ᠂ ᠪᠡᠯᠲᠡᠰ
1931 ᠣᠨ ᠳᠤ ᠡᠭᠦᠰᠬᠡᠨ ᠪᠠᠶᠢᠭᠤᠯᠤᠭᠳᠠᠭᠰᠠᠨ
ᠡᠷᠭᠢᠨ ᠲᠣᠭᠣᠷᠢᠨ ᠳᠤ ᠪᠠᠨ ᠤᠯᠠᠭᠠᠨ-ᠠᠭᠤᠯᠠᠠᠷᠤᠪᠤᠯᠠᠭᠴᠠᠭᠠᠨ-ᠠᠭᠤᠯᠠ ᠭᠡᠰᠡᠨ ᠭᠤᠷᠪᠠᠨ ᠰᠤᠮᠤ ᠲᠠᠢ ᠬᠠᠶᠠᠭᠠᠯᠠᠵᠤ᠂ БНТувУ ᠍ ᠍ ᠤᠨ ᠲᠧᠷᠧ-ᠬᠥᠯ ᠬᠣᠰᠢᠭᠤᠨ ᠤ ᠨᠤᠲᠤᠭ ᠢᠶᠠᠷ ᠣᠷᠣᠰ ᠬᠣᠯᠪᠣᠭᠠᠨ ᠤ ᠤᠯᠤᠰ ᠲᠠᠢ ᠬᠢᠯᠢ ᠵᠠᠯᠭᠠᠳᠠᠭ᠃

ᠪᠠᠶᠠᠨᠵᠢᠷᠦᠬᠡ ᠨᠢ ᠬᠥᠪᠰᠥᠭᠥᠯ ᠠᠶᠢᠮᠠᠭ ᠤᠨ ᠰᠤᠮᠤ ᠶᠤᠮ᠃ 4,300 ᠣᠷᠴᠢᠮ км² ᠭᠠᠵᠠᠷ ᠨᠤᠲᠤᠭ ᠲᠠᠢ᠂ ᠡᠭᠦᠨ ᠡᠴᠡ 2,600 ᠺᠦᠸᠠᠳ᠋ ᠺᠢᠯᠣᠮᠧᠲ᠋ᠷ ᠨᠢ ᠪᠡᠯᠴᠢᠭᠡᠷ ᠪᠣᠯᠤᠨ᠎ᠠ᠃ 2000 ᠣᠨ ᠤ ᠪᠠᠶᠢᠳᠠᠯ ᠢᠶᠠᠷ ᠲᠤᠰ ᠰᠤᠮᠤ 4202 ᠣᠷᠣᠰᠢᠨ ᠰᠠᠭᠤᠭᠴᠢ ᠲᠠᠢ ᠪᠠᠶᠢᠭᠰᠠᠨ ᠤ ᠶᠡᠬᠡᠩᠬᠢ ᠨᠢ ᠳᠠᠷᠬᠠᠳ ᠶᠠᠰᠤᠲᠠᠨ ᠪᠠᠶᠢᠪᠠ᠃ ᠰᠤᠮᠤ ᠶᠢᠨ ᠲᠥᠪ ᠠᠯᠲᠠᠷᠠᠭ᠎ᠠ ᠨᠢ ᠠᠯᠲᠠᠷᠠᠭ᠎ᠠ ᠪᠣᠯᠤᠨ ᠪᠡᠯᠲᠡᠰ ᠭᠣᠣᠯ ᠤᠨ ᠪᠡᠯᠴᠢᠷ ᠲᠦ᠂ ᠳᠡᠯᠭᠡᠷ ᠮᠥᠷᠡᠨ ᠦ ᠣᠶᠢᠷᠠᠯᠴᠠᠭ᠎ᠠ᠂ ᠠᠶᠢᠮᠠᠭ ᠤᠨ ᠲᠥᠪ ᠮᠥᠷᠡᠨ ᠶᠢ ᠡᠴᠡ ᠪᠠᠷᠠᠭᠤᠨ ᠬᠣᠶᠢᠰᠢ 127 ᠺᠢᠯᠣᠮᠧᠲ᠋ᠷ᠂ ᠨᠡᠶᠢᠰᠯᠡᠯ ᠤᠯᠠᠭᠠᠨᠪᠠᠭᠠᠲᠤᠷᠠ ᠠᠴᠠ 798 ᠺᠢᠯᠣᠮᠧᠲ᠋ᠷ ᠵᠠᠢ ᠳᠤ ᠣᠷᠣᠰᠢᠨ᠎ᠠ᠃

ᠲᠡᠦᠬᠡ[ᠵᠠᠰᠠᠪᠤᠷᠢᠯᠠᠬᠤ | ᠺᠣᠳ᠋ ᠢᠶᠠᠷ ᠵᠠᠰᠠᠬᠣ]

ᠬᠥᠪᠰᠥᠭᠥᠯ ᠠᠶᠢᠮᠠᠭ 1931 ᠣᠨ ᠳᠤ ᠪᠠᠶᠢᠭᠤᠯᠤᠭᠳᠠᠬᠤ ᠳᠤ ᠪᠠᠶᠠᠨᠵᠢᠷᠦᠬᠡ ᠰᠤᠮᠤ ᠵᠣᠬᠢᠶᠠᠨ ᠪᠠᠶᠢᠭᠤᠯᠤᠭᠳᠠᠭᠰᠠᠨ᠃ 1933 ᠣᠨ ᠳᠤ ᠲᠤᠰ ᠰᠤᠮᠤ ᠶᠢᠨ ᠶᠡᠬᠡᠩᠬᠢ ᠬᠡᠰᠡᠭ ᠢ ᠲᠠᠰᠤᠯᠵᠤ᠂ ᠤᠯᠠᠭᠠᠨ-ᠠᠭᠤᠯᠠ ᠰᠤᠮᠤ ᠍ ᠍ ᠢ ᠪᠠᠶᠢᠭᠤᠯᠵᠠᠢ᠃ ᠲᠡᠷᠡ ᠵᠢᠯ ᠦᠨ ᠲᠣᠭᠠᠯᠠᠯᠭ᠎ᠠ ᠪᠠᠷ ᠪᠠᠶᠠᠨᠵᠢᠷᠦᠬᠡ ᠰᠤᠮᠤ ᠨᠢ 499 ᠡᠷᠦᠬᠡ ᠶᠢᠨ 1,100 ᠣᠷᠣᠰᠢᠨ ᠰᠠᠭᠤᠭᠴᠢ᠂ 49,000 ᠣᠷᠴᠢᠮ ᠲᠣᠯᠣᠭᠠᠢ ᠮᠠᠯ ᠲᠠᠢ ᠪᠠᠶᠢᠪᠠ᠃ 1952 - 1990 ᠣᠨ ᠳᠤ ᠪᠠᠶᠠᠨᠵᠢᠷᠦᠬᠡ ᠰᠤᠮᠤᠨ ᠳᠤ 《ᠰᠤᠶᠤᠯ》 ᠨᠢᠭᠡᠳᠦᠯ ᠦᠢᠯᠡ ᠠᠵᠢᠯᠯᠠᠭ᠎ᠠ ᠶᠠᠪᠤᠭᠤᠯᠵᠤ ᠪᠠᠶᠢᠯ᠎ᠠ᠃

ᠡᠳ᠋ ᠍ ᠍ ᠦᠨ ᠵᠠᠰᠠᠭ[ᠵᠠᠰᠠᠪᠤᠷᠢᠯᠠᠬᠤ | ᠺᠣᠳ᠋ ᠢᠶᠠᠷ ᠵᠠᠰᠠᠬᠣ]

2004 ᠣᠨ ᠤ ᠪᠠᠶᠢᠳᠠᠯ ᠢᠶᠠᠷ ᠲᠤᠰ ᠰᠤᠮᠤ 110,000 ᠭᠠᠷᠤᠢ ᠮᠠᠯᠤ ᠲᠠᠢ ᠠᠴᠠ 55,000 ᠨᠢ ᠬᠣᠨᠢ᠂ 36,000 ᠨᠢ ᠢᠮᠠᠭ᠎ᠠ᠂ 13,000 ᠨᠢ ᠦᠬᠡᠷ ᠪᠣᠯᠤᠨ ᠰᠠᠷᠯᠤᠭ᠂ 6,000 ᠨᠢ ᠠᠳᠤᠭᠤ᠂ 280 ᠨᠢ ᠲᠡᠮᠡᠭᠡ ᠪᠠᠶᠢᠪᠠ[1]

ᠨᠣᠮ ᠵᠦᠢ[ᠵᠠᠰᠠᠪᠤᠷᠢᠯᠠᠬᠤ | ᠺᠣᠳ᠋ ᠢᠶᠠᠷ ᠵᠠᠰᠠᠬᠣ]

ᠮ᠃ᠨᠢᠮ᠎ᠠ ᠪᠠᠨ᠂ ᠬᠥᠪᠰᠥᠭᠥᠯ ᠠᠶᠢᠮᠠᠭ ᠤᠨ ᠯᠠᠪᠯᠠᠬᠤ ᠲᠣᠯᠢ, ᠤᠯᠠᠭᠠᠨᠪᠠᠭᠠᠲᠤᠷ 2001, ᠬ᠃29

ᠡᠰᠢᠯᠡᠯ[ᠵᠠᠰᠠᠪᠤᠷᠢᠯᠠᠬᠤ | ᠺᠣᠳ᠋ ᠢᠶᠠᠷ ᠵᠠᠰᠠᠬᠣ]

  1. ᠰᠲ᠋ᠠᠲ᠋ᠢᠰᠲ᠋ᠢᠭ ᠤᠨ ᠲᠥᠪ ᠭᠠᠵᠠᠷ: 2004 ᠣᠨ ᠤ ᠮᠠᠯ ᠲᠣᠭᠠᠯᠠᠯᠭ᠎ᠠ᠂ ᠬ᠃111

ᠪᠢᠴᠢᠭᠡᠰᠦ