ᠣᠯᠠᠨ᠎ᠠ ᠡᠷᠭᠦᠭᠳᠡᠭᠰᠡᠨ ᠮᠣᠩᠭᠣᠯ ᠤᠯᠤᠰ

ᠴᠢᠯᠦᠭᠡᠲᠦ ᠨᠡᠪᠲᠡᠷᠬᠡᠢ ᠲᠣᠯᠢ — ᠸᠢᠺᠢᠫᠧᠳᠢᠶ᠎ᠠ ᠠᠴᠠ
— «ᠪᠣᠭᠳᠠ ᠬᠠᠭᠠᠨᠲᠤ ᠮᠣᠩᠭᠣᠯ ᠤᠯᠤᠰ» ᠭᠡᠳ ᠬᠣᠯᠪᠣᠭᠳᠠᠪᠠ —
ᠬᠠᠷᠠᠶᠢᠬᠤ: ᠤᠳᠤᠷᠢᠳᠬᠤ, ᠬᠠᠶᠢᠯᠲᠠ
ᠣᠯᠠᠨ᠎ᠠ ᠡᠷᠭᠦᠭᠳᠡᠭᠰᠡᠨ ᠮᠣᠩᠭᠣᠯ ᠤᠯᠤᠰ
ᠮᠣᠩᠭᠣᠯ ᠤᠯᠤᠰ
ᠬᠠᠭᠠᠨᠲᠤ ᠤᠯᠤᠰ
1911–1924
Anthem
ᠮᠢᠩᠭᠠᠨ ᠯᠠᠩ ᠤᠨ ᠵᠢᠷᠤᠭ᠎ᠠ ᠴᠠᠭᠠᠨ ᠯᠠᠭᠤᠰᠠ
ᠨᠡᠶᠢᠰᠯᠡᠯ ᠨᠡᠶᠢᠰᠯᠡᠯ ᠬᠦᠷᠢᠶ᠎ᠡ
ᠬᠡᠯᠡ ᠠᠶᠠᠯᠭᠤ ᠮᠣᠩᠭᠣᠯ ᠬᠡᠯᠡ
ᠱᠠᠰᠢᠨ ᠰᠢᠲᠦᠯᠭᠡ ᠪᠥᠭᠡᠪᠤᠳ᠋ᠳ᠋ᠾᠠ ᠶᠢᠨ ᠱᠠᠰᠢᠨ
ᠲᠥᠷᠥ ᠵᠠᠰᠠᠭ ᠱᠠᠰᠢᠨ ᠲᠥᠷᠥ ᠶᠢ ᠬᠣᠣᠰᠯᠠᠭᠰᠠᠨ ᠬᠡᠮᠵᠢᠶ᠎ᠡ ᠦᠭᠡᠢ ᠡᠷᠬᠡᠲᠦ ᠬᠠᠭᠠᠨᠲᠤ ᠤᠯᠤᠰ
ᠱᠠᠰᠢᠨ ᠲᠥᠷᠥ ᠶᠢ ᠬᠣᠣᠰᠯᠠᠨ ᠪᠠᠷᠢᠭᠴᠢ᠂ ᠨᠠᠷᠠᠨᠭᠡᠷᠡᠯᠲᠦ᠂ ᠲᠦᠮᠡᠨ ᠨᠠᠰᠤᠲᠤ ᠬᠠᠭᠠᠨ ᠪᠣᠭᠳᠠ ᠵᠠᠪᠵᠠᠩᠳᠠᠮᠪᠠ
ᠲᠡᠦᠬᠡ
 - ᠦᠨᠳᠦᠰᠦᠨ ᠦ ᠡᠷᠬᠡ ᠴᠢᠯᠦᠭᠡᠨ ᠦ ᠬᠤᠪᠢᠰᠬᠠᠯ 1911.12.29
 - Disestablished
ᠬᠦᠮᠦᠨ ᠠᠮᠠ ᠶᠢᠨ ᠲᠣᠭ᠎ᠠ
 -  ᠲᠣᠭᠠᠴᠠ᠃ 542 000 
Today part of Flag of Mongolia.svg ᠮᠣᠩᠭᠣᠯ
Flag of Russia.svg ᠣᠷᠣᠰ
Flag of the People's Republic of China.svg ᠬᠢᠲᠠᠳ

ᠣᠯᠠᠨ᠎ᠠ ᠡᠷᠭᠦᠭᠳᠡᠭᠰᠡᠨ ᠮᠣᠩᠭᠣᠯ ᠤᠯᠤᠰ ᠨᠢ 1911 ᠣᠨ ᠤ ᠦᠨᠳᠦᠰᠦᠨ ᠦ ᠡᠷᠬᠡ ᠴᠢᠯᠦᠭᠡᠨ ᠦ ᠬᠤᠪᠢᠰᠬᠠᠯ ᠢᠶᠠᠷ ᠮᠠᠨᠵᠤ ᠴᠢᠩ ᠤᠯᠤᠰᠠ ᠠᠴᠠ ᠲᠤᠰᠠᠭᠠᠷ ᠲᠣᠭᠲᠠᠨᠢᠯ ᠢᠶᠠᠨ ᠵᠠᠷᠯᠠᠭᠰᠠᠨ᠂ ᠪᠦᠭᠦᠳᠡ ᠨᠠᠶᠢᠷᠠᠮᠳᠠᠬᠤ ᠮᠣᠩᠭᠣᠯ ᠠᠷᠠᠳ ᠤᠯᠤᠰ ᠍ ᠤᠨ ᠡᠮᠦᠨᠡᠬᠢ ᠤᠯᠤᠰ᠃

ᠲᠡᠦᠬᠡ[ᠵᠠᠰᠠᠪᠤᠷᠢᠯᠠᠬᠤ | ᠺᠣᠳ᠋ ᠢᠶᠠᠷ ᠵᠠᠰᠠᠬᠣ]

1911 ᠣᠨ ᠤ 12 ᠰᠠᠷ᠎ᠠ ᠶᠢᠨ 29 ᠍ ᠳᠦ ᠴᠢᠨ ᠤᠯᠤᠰ ᠤᠨ ᠵᠠᠰᠠᠭ ᠵᠠᠬᠢᠷᠭ᠎ᠠ ᠶᠢ ᠲᠦᠯᠬᠢᠨ ᠤᠨᠠᠭᠠᠵᠤ VIII ᠪᠣᠭᠳᠠ ᠵᠢᠪᠵᠤᠩᠳᠠᠮᠪᠠ ᠬᠤᠲᠤᠭᠲᠤ ᠶᠢ ᠬᠠᠭᠠᠨ ᠰᠢᠷᠡᠭᠡᠨ ᠳᠦ ᠵᠠᠯᠠᠵᠤ ᠲᠥᠷᠥ ᠶᠢᠨ ᠲᠤᠰᠠᠭᠠᠷ ᠲᠣᠭᠲᠠᠨᠢᠯ ᠢᠶᠠᠨ ᠰᠡᠷᠭᠦᠭᠡᠪᠡ᠃ ᠠᠩᠬᠠᠨ ᠤ ᠵᠠᠰᠠᠭ ᠤᠨ ᠭᠠᠵᠠᠷ ᠢ ᠲᠠᠪᠤᠨ ᠶᠠᠮᠤ ᠲᠠᠢ ᠪᠠᠶᠢᠭᠤᠯᠤᠭᠰᠠᠨ ᠤ ᠨᠢᠭᠡ ᠰᠠᠩ ᠤᠨ ᠶᠠᠮᠤᠨ ᠤ ᠲᠡᠷᠢᠭᠦᠨ ᠰᠠᠶᠢᠳ ᠢᠶᠠᠷ ᠲᠦᠰᠢᠶᠡᠲᠦ ᠵᠠᠰᠠᠭ᠂ ᠸᠠᠩ ᠭ᠃ᠴᠠᠭᠳᠠᠷᠵᠠᠪ ᠍ ᠢ (ᠣᠳᠣ ᠶᠢᠨ ᠡᠮᠦᠨᠡᠭᠣᠪᠢ ᠠᠶᠢᠮᠠᠭ ᠤᠨ ᠬᠠᠨᠪᠣᠭᠳᠠ ᠰᠤᠮᠤ ᠶᠢᠨ ᠠᠭᠤᠭᠤᠯ) ᠲᠣᠮᠢᠯᠠᠭᠰᠠᠨ ᠪᠠᠶᠢᠨ᠎ᠠ᠃ ᠬᠠᠭᠠᠨᠲᠤ ᠣᠷᠣᠰ ᠤᠯᠤᠰᠠ ᠠᠴᠠ ᠵᠠᠷᠢᠮ ᠲᠤᠰᠠᠯᠠᠮᠵᠢ ᠠᠪᠴᠤ ᠬᠢᠲᠠᠳ ᠦᠳ ᠤᠨ ᠡᠰᠡᠷᠬᠦ ᠲᠠᠪᠤᠨ ᠵᠠᠮ ᠤᠨ ᠪᠠᠶᠢᠯᠳᠤᠭᠠᠨ ᠬᠢᠵᠦ ᠲᠤᠯᠤᠯᠳᠤᠵᠤ᠂ ᠤᠯᠠᠮ ᠢᠶᠠᠷ ᠥᠪᠥᠷ ᠮᠣᠩᠭᠣᠯ ᠍ ᠢ ᠨᠢᠭᠡᠳᠬᠡᠬᠦ ᠵᠣᠷᠢᠯᠲᠠ ᠲᠠᠯᠪᠢᠵᠤ ᠪᠠᠶᠢᠭᠰᠠᠨ ᠪᠣᠯᠪᠠᠴᠤ ᠠᠮᠵᠢᠯᠲᠠ ᠦᠭᠡᠢ ᠪᠣᠯᠤᠭᠰᠠᠨ ᠪᠠᠶᠢᠨ᠎ᠠ᠃ ᠮᠥᠨ ᠲᠠᠩᠨᠠ ᠲᠤᠸᠠᠪᠤᠷᠢᠶᠠᠳ ᠍ ᠢ ᠨᠢᠭᠡᠳᠬᠡᠬᠦ ᠪᠣᠳᠣᠯᠭ᠎ᠠ ᠲᠠᠯᠪᠢᠵᠤ ᠪᠠᠶᠢᠴᠠᠢ᠃

ОӨМУ ᠪᠠᠶᠢᠭᠤᠯᠤᠭᠳᠠᠬᠤ ᠳᠤ ᠪᠠᠷᠭᠤ ᠮᠣᠩᠭᠣᠯᠴᠤᠳ᠂ ᠰᠢᠨᠵᠢᠶᠠᠩ ᠳᠠᠬᠢ ᠢᠯᠢ ᠶᠢᠨ ᠬᠢᠵᠠᠭᠠᠷ ᠤᠨ 26 ᠣᠶᠢᠷᠠᠳ ᠬᠣᠰᠢᠭᠤᠳᠡᠭᠡᠳᠦ ᠮᠣᠩᠭᠣᠯᠴᠤᠳ ᠍ ᠤᠨ 26 ᠬᠣᠰᠢᠭᠤᠨ ᠤ 24 ᠨᠢ᠂ ᠥᠪᠥᠷ ᠮᠣᠩᠭᠣᠯ ᠍ ᠤᠨ 49 ᠬᠣᠰᠢᠭᠤᠨ ᠤ 35 ᠨᠢ ᠡᠷᠭᠦᠬᠦ ᠪᠢᠴᠢᠭ ᠢᠯᠡᠭᠡᠨ ᠳᠠᠭᠠᠷ᠎ᠠ ᠣᠷᠣᠵᠠᠢ᠃ ᠲᠠᠪᠤᠨ ᠵᠠᠮ ᠤᠨ ᠪᠠᠶᠢᠯᠳᠤᠭᠠᠨ ᠢᠶᠠᠷ ᠥᠪᠥᠷ ᠮᠣᠩᠭᠣᠯ ᠤᠨ ᠶᠡᠬᠡᠩᠬᠢ ᠬᠡᠰᠡᠭ ᠢ ᠴᠢᠯᠦᠭᠡᠯᠡᠭᠰᠡᠨ ᠴᠤ 1915 ᠣᠨ ᠤ ᠬᠢᠶᠠᠭᠲᠤ ᠶᠢᠨ ᠭᠡᠷ᠎ᠡᠭᠡᠷ᠎ᠡ ᠮᠣᠩᠭᠣᠯ ᠤᠨ ᠨᠤᠲᠤᠭ ᠢ ᠬᠠᠯᠬ᠎ᠠᠳᠠᠷᠢᠭᠠᠩᠭ᠎ᠠᠬᠥᠪᠰᠥᠭᠥᠯᠡᠶᠢᠨ ᠬᠢᠵᠠᠭᠠᠷ᠂ ᠬᠣᠪᠳᠣ ᠶᠢᠨ ᠬᠢᠵᠠᠭᠠᠷ ᠍ ᠢ ᠣᠷᠤᠯᠴᠠᠭᠤᠯᠤᠨ ᠲᠣᠭᠲᠠᠭᠠᠴᠠᠢ᠃

ᠣᠯᠠᠨ᠎ᠠ ᠡᠷᠭᠦᠭᠳᠡᠭᠰᠡᠨ ᠮᠣᠩᠭᠣᠯ ᠤᠯᠤᠰ ᠪᠣᠯᠤᠨ ᠮᠣᠩᠭᠣᠯ ᠣᠪᠤᠭ ᠤᠳ ᠤᠨ ᠲᠠᠷᠬᠠᠯᠲᠠ

ᠣᠯᠠᠨ᠎ᠠ ᠡᠷᠭᠦᠭᠳᠡᠭᠰᠡᠨ ᠮᠣᠩᠭᠣᠯ ᠤᠯᠤᠰ ᠤᠨ ᠦᠶ᠎ᠡ ᠳᠦ ᠣᠷᠴᠢᠨ ᠦᠶ᠎ᠡ ᠶᠢᠨ ᠣᠯᠠᠨ ᠰᠢᠨᠡᠴᠢᠯᠡᠯ ᠦᠳ ᠢ ᠬᠢᠭᠰᠡᠨ ᠦ ᠳᠣᠲᠣᠷ᠎ᠠ ᠪᠠᠶᠢᠩᠭᠤ ᠶᠢᠨ ᠮᠡᠷᠭᠡᠵᠢᠯ ᠦᠨ ᠠᠷᠮᠢ ᠪᠠᠶᠢᠭᠤᠯᠬᠤ᠂ᠬᠣᠯᠪᠣᠭ᠎ᠠ ᠬᠠᠷᠢᠯᠴᠠᠭᠠᠨ ᠤ ᠭᠠᠵᠠᠷ᠂ ᠰᠤᠷᠭᠠᠭᠤᠯᠢ ᠪᠠᠶᠢᠭᠤᠯᠤᠨ᠂ ᠬᠡᠪᠯᠡᠯ ᠦᠨ ᠡᠬᠢ ᠶᠢ ᠲᠠᠯᠪᠢᠭᠰᠠᠨ ᠪᠠᠶᠢᠨ᠎ᠠ᠃ ᠮᠥᠬᠥᠵᠦ ᠪᠠᠶᠢᠭᠰᠠᠨ ᠮᠠᠨᠵᠤ ᠴᠢᠩ ᠤᠯᠤᠰ ᠢ ᠬᠤᠪᠢᠶᠠᠨ ᠬᠠᠭᠠᠰ ᠺᠣᠯᠣᠨᠢ ᠬᠠᠷᠠᠭᠠᠲᠤ ᠣᠷᠣᠨ ᠪᠣᠯᠭᠠᠭᠰᠠᠨ ᠲᠣᠮᠣ ᠭᠦᠷᠦᠨ ᠨᠦᠭᠦᠳ᠂ ᠮᠠᠨᠵᠤ ᠶᠢᠨ ᠬᠠᠭᠠᠨᠴᠢᠯᠠᠯ ᠬᠠᠯᠠᠭᠳᠠᠵᠤ᠂ ᠶᠡᠷᠦᠩᠬᠡᠶᠢᠯᠡᠭᠴᠢ ᠶᠢᠨ ᠵᠠᠰᠠᠭᠯᠠᠯ ᠲᠠᠢ ᠪᠦᠭᠦᠳᠡ ᠨᠠᠶᠢᠷᠠᠮᠳᠠᠬᠤ ᠳᠤᠮᠳᠠᠳᠤ ᠢᠷᠭᠡᠨ ᠤᠯᠤᠰ 1911 ᠣᠨ ᠤ ᠠᠷᠪᠠᠨ ᠬᠣᠶᠠᠳᠤᠭᠠᠷ ᠰᠠᠷ᠎ᠠ ᠳᠤ ᠪᠠᠶᠢᠭᠤᠯᠤᠭᠳᠠᠰᠤᠨ ᠤ ᠳᠠᠷᠠᠭ᠎ᠠ ᠴᠤ ᠨᠥᠯᠦᠭᠡᠨ ᠦ ᠬᠦᠷᠢᠶ᠎ᠡ ᠪᠡᠨ ᠥᠷᠭᠡᠳᠬᠡᠬᠦ ᠶᠢᠨ ᠲᠥᠯᠥᠭᠡ ᠥᠷᠢᠰᠦᠯᠳᠦᠭᠰᠡᠭᠡᠷ ᠪᠠᠶᠢᠯ᠎ᠠ᠃ ᠪᠤᠷᠢᠶᠠᠳ ᠮᠣᠩᠭᠣᠯ ᠢ ᠥᠪᠡᠷᠲᠡᠭᠡᠨ ᠨᠢᠭᠡᠳᠬᠡᠭᠡᠳ᠂ ᠲᠠᠷᠢᠶᠠᠴᠢᠳ ᠢᠶᠠᠨ ᠰᠠᠭᠤᠷᠢᠰᠢᠭᠤᠯᠤᠨ ᠮᠠᠨᠵᠤ ᠴᠢᠩ ᠤᠯᠤᠰ ᠲᠠᠢ ᠬᠠᠶᠠᠭ᠎ᠠ ᠨᠡᠶᠢᠯᠡᠨ ᠬᠢᠯᠢᠯᠡᠬᠦ ᠪᠣᠯᠤᠭᠰᠠᠨ ᠣᠷᠣᠰ ᠤᠯᠤᠰ 1907, 1910 ᠣᠨ ᠳᠤ ᠭᠠᠳᠠᠭᠠᠳᠤ ᠮᠣᠩᠭᠣᠯ ᠳᠠᠬᠢ "ᠲᠤᠰᠬᠠᠢ ᠡᠷᠬᠡ ᠠᠰᠢᠭ ᠢᠶᠠᠨ" ᠶᠠᠫᠣᠨ ᠤᠯᠤᠰ ᠢᠶᠠᠷ ᠵᠥᠪᠰᠢᠶᠡᠷᠡᠭᠦᠯᠦᠨ ᠪᠠᠶᠢᠷᠢ ᠰᠠᠭᠤᠷᠢ ᠪᠠᠨ ᠪᠡᠬᠢᠵᠢᠭᠦᠯᠵᠦ᠂ ᠤᠯᠠᠮ ᠢᠶᠠᠷ ᠤᠷᠢᠶᠠᠩᠬᠠᠢ ᠶᠢᠨ ᠬᠢᠵᠠᠭᠠᠷ ᠢ ᠠᠪᠬᠤ ᠪᠠᠷ ᠲᠡᠮᠡᠦᠯᠵᠦ ᠪᠠᠶᠢᠪᠠ᠃ ᠭᠡᠪᠡᠴᠦ ᠶᠠᠫᠣᠨ᠂ ᠠᠮᠧᠷᠢᠺᠠ ᠶᠢᠨ ᠨᠢᠭᠡᠳᠦᠭᠰᠡᠨ ᠤᠯᠤᠰ᠂ ᠭᠧᠷᠮᠠᠨ ᠵᠡᠷᠭᠡ ᠣᠷᠣᠨ ᠨᠤᠭᠤᠳ ᠮᠥᠨ ᠮᠣᠩᠭᠣᠯ ᠤᠨ ᠭᠠᠵᠠᠷ ᠨᠤᠲᠤᠭ᠂ ᠬᠤᠳᠠᠯᠳᠤᠭᠠᠨ ᠤ ᠪᠣᠯᠤᠮᠵᠢ ᠶᠢ ᠰᠤᠳᠤᠯᠤᠨ᠂ ᠬᠢᠲᠠᠳ ᠤᠨ ᠬᠤᠳᠠᠯᠳᠤᠭᠠᠴᠢᠳ ᠢᠶᠠᠷ ᠵᠠᠭᠤᠴᠢᠯᠠᠭᠤᠯᠤᠨ ᠪᠠᠷ᠎ᠠ ᠶᠢ ᠪᠠᠨ ᠪᠣᠷᠣᠯᠠᠭᠤᠯᠵᠤ᠂ ᠣᠷᠣᠰ ᠤᠳ ᠢ ᠰᠢᠬᠠᠵᠤ᠂ ᠠᠯᠲᠠ ᠨᠡᠭᠦᠷᠡᠰᠦᠨ ᠦ ᠠᠭᠤᠷᠬᠠᠢ ᠪᠠᠶᠢᠭᠤᠯᠬᠤ ᠪᠣᠯᠤᠯ᠎ᠠ᠃

ᠶᠠᠫᠣᠨ ᠤᠯᠤᠰ ᠮᠥᠨ ᠰᠣᠯᠣᠩᠭᠣᠰ ᠳᠠᠬᠢ "ᠲᠤᠰᠬᠠᠢ ᠡᠷᠬᠡ ᠠᠰᠢᠭ ᠢᠶᠠᠨ" ᠣᠷᠣᠰ ᠢᠶᠠᠷ ᠵᠥᠪᠰᠢᠶᠡᠷᠡᠭᠦᠯᠦᠭᠡᠳ᠂ ᠮᠠᠨᠵᠤᠤᠷ ᠢᠶᠠᠷ ᠳᠠᠮᠵᠢᠭᠤᠯᠠᠨ ᠠᠽᠢᠶ᠎ᠠ ᠲᠢᠪ ᠲᠦ ᠨᠥᠯᠥᠭᠡ ᠪᠡᠨ ᠶᠡᠬᠡᠰᠭᠡᠵᠦ ᠪᠠᠶᠢᠭᠰᠠᠨ ᠲᠤᠯᠠ ᠣᠷᠣᠰ ᠤᠯᠤᠰ ᠮᠣᠩᠭᠣᠯ ᠲᠠᠢ ᠬᠢᠯᠢᠯᠡᠭᠰᠡᠨ ᠬᠢᠯᠢ ᠶᠢᠨ ᠢᠶᠡᠨ ᠳᠠᠭᠠᠤ ᠴᠡᠷᠢᠭ ᠦᠨ ᠠᠩᠭᠢ ᠨᠤᠭᠤᠳ ᠢᠶᠠᠨ ᠪᠠᠶᠢᠷᠢᠯᠠᠭᠤᠯᠤᠭᠰᠠᠨ ᠪᠠᠶᠢᠯ᠎ᠠ᠃ ᠬᠦᠴᠦᠷᠬᠡᠭ ᠭᠦᠷᠦᠨ ᠨᠦᠭᠦᠳ ᠦᠨ ᠠᠯᠤᠰ ᠳᠣᠷᠣᠨᠠᠲᠤ᠂ ᠬᠢᠲᠠᠳ ᠳᠠᠬᠢ ᠳᠠᠶᠢᠨ᠂ ᠣᠷᠣᠰ᠂ ᠬᠢᠲᠠᠳ ᠤᠨ ᠬᠤᠪᠢᠰᠬᠠᠯᠲᠤ ᠬᠥᠳᠡᠯᠭᠡᠭᠡᠨ ᠮᠠᠨᠵᠤ ᠶᠢᠨ ᠵᠠᠬ᠎ᠠ ᠬᠢᠵᠠᠭᠠᠷ ᠮᠣᠩᠭᠣᠯ ᠳᠤ ᠨᠥᠯᠦᠭᠡᠯᠡᠵᠦ᠂ ᠵᠠᠬ᠎ᠠ ᠵᠡᠭᠡᠯᠢ ᠶᠢᠨ ᠬᠠᠷᠢᠯᠴᠠᠭ᠎ᠠ ᠨᠡᠪᠲᠡᠷᠡᠴᠢ᠂ ᠭᠠᠳᠠᠭᠠᠳᠤ ᠣᠷᠣᠨ ᠤ ᠦᠢᠯᠡᠳᠪᠦᠷᠢ ᠶᠢᠨ ᠪᠦᠲᠦᠭᠡᠭᠳᠡᠬᠦᠨ ᠰᠢᠨ᠎ᠡ ᠰᠣᠨᠢᠨ ᠬᠠᠴᠢᠨ ᠵᠦᠢᠯᠡᠰ ᠮᠣᠩᠭᠣᠯᠴᠤᠳ ᠢ ᠭᠠᠶᠢᠬᠠᠰᠢᠷᠠᠭᠤᠯᠤᠨ ᠬᠣᠴᠣᠷᠤᠭᠳᠠᠯ ᠢ ᠨᠢ ᠣᠶᠢᠯᠠᠭᠠᠭᠤᠯᠵᠤ ᠪᠠᠶᠢᠪᠠ᠃ ᠮᠠᠨᠵᠤ ᠶᠢᠨ ᠲᠥᠷᠥ ᠶᠢᠨ "ᠰᠢᠨ᠎ᠡ ᠵᠠᠰᠠᠭ ᠤᠨ ᠪᠣᠳᠣᠯᠭ᠎ᠠ" ᠮᠣᠩᠭᠣᠯᠴᠤᠳ ᠤᠨ "ᠦᠨᠳᠦᠰᠦ ᠶᠢ ᠲᠠᠰᠤᠯᠬᠤ᠂ ᠱᠠᠰᠢᠨ ᠢ ᠰᠥᠨᠥᠭᠡᠬᠦ" ᠍ ᠳᠦ ᠴᠢᠭᠯᠡᠵᠦ᠂ ᠲᠤᠰᠠᠭᠠᠷ ᠲᠣᠭᠲᠠᠨᠢᠯ ᠤᠨ ᠲᠥᠯᠥᠭᠡ ᠪᠣᠰᠬᠤ ᠨᠥᠬᠥᠴᠡᠯ ᠢ ᠪᠦᠷᠢᠳᠦᠭᠦᠯᠦᠯ᠎ᠡ᠃

1911 ᠣᠨ ᠤ ᠵᠤᠨ VIII ᠪᠣᠭᠳᠠ ᠵᠠᠪᠽᠠᠨᠳᠠᠮᠪᠠ ᠬᠤᠲᠤᠭᠲᠤ ᠳᠤ ᠪᠠᠲᠤ ᠣᠷᠣᠰᠢᠯ ᠡᠷᠭᠦᠬᠦ ᠦᠶ᠎ᠡ ᠪᠡᠷ ᠵᠥᠪᠯᠡᠯᠳᠦᠨ ᠮᠠᠨᠵᠤ ᠶᠢᠨ ᠡᠷᠬᠡᠰᠢᠶᠡᠯ ᠡᠴᠡ ᠠᠩᠭᠢᠵᠢᠷᠠᠬᠤ ᠪᠠᠷ ᠰᠢᠢᠳᠪᠦᠷᠢᠯᠡᠭᠰᠡᠨ ᠠᠷᠤ ᠮᠣᠩᠭᠣᠯ ᠤᠨ ᠨᠣᠶᠠᠳ᠂ ᠳᠡᠭᠡᠳᠦ ᠯᠠᠮᠠ ᠨᠠᠷ ᠴᠢᠨ ᠸᠠᠩ ᠬᠠᠨᠳᠤᠳᠣᠷᠵᠢ ᠲᠡᠷᠢᠭᠦᠲᠡᠢ ᠲᠥᠯᠥᠭᠡᠯᠡᠭᠴᠢᠳ ᠢ ᠣᠷᠣᠰ ᠤᠯᠤᠰ ᠲᠤ ᠣᠳᠣᠭᠤᠯᠪᠠ᠃ ᠵᠠᠪᠵᠠᠩᠳᠠᠮᠪᠠ ᠬᠤᠲᠤᠭᠲᠤ᠂ ᠬᠠᠯᠬ᠎ᠠ ᠶᠢᠨ ᠬᠠᠨ ᠨᠠᠷ ᠨᠡᠷ᠎ᠡ ᠬᠠᠮᠲᠤᠷᠠᠭᠰᠠᠨ ᠪᠢᠴᠢᠭᠲᠦ ᠪᠡᠨ ᠭᠠᠳᠠᠭᠠᠳᠤ ᠮᠣᠩᠭᠣᠯ᠂ ᠥᠪᠥᠷ ᠮᠣᠩᠭᠣᠯ᠂ ᠪᠠᠷᠭᠤ᠂ ᠤᠷᠢᠶᠠᠩᠬᠠᠢ ᠶᠢᠨ ᠬᠢᠵᠠᠭᠠᠷ ᠢ ᠪᠠᠭᠲᠠᠭᠠᠭᠰᠠᠨ ᠶᠡᠬᠡ ᠮᠣᠩᠭᠣᠯ ᠤᠯᠤᠰ ᠢ ᠪᠠᠶᠢᠭᠤᠯᠬᠤ ᠳᠤ ᠪᠠᠨ ᠣᠷᠣᠰ ᠤᠯᠤᠰ ᠠᠴᠠ ᠲᠤᠰᠠᠯᠠᠮᠵᠢ ᠠᠪᠬᠤ᠂ ᠬᠤᠳᠠᠯᠳᠤᠭᠠᠨ ᠤ ᠵᠡᠷᠭᠡ ᠬᠠᠷᠢᠯᠴᠠᠭ᠎ᠠ ᠲᠣᠭᠲᠠᠭᠠᠬᠤ ᠬᠦᠰᠡᠯ ᠲᠡᠢ ᠪᠠᠶᠢᠭ᠎ᠠ ᠪᠠᠨ ᠢᠯᠡᠷᠬᠡᠶᠢᠯᠡᠭᠰᠡᠨ ᠪᠠᠶᠢᠨ᠎ᠠ᠃ ᠮᠣᠩᠭᠣᠯ ᠤᠨ ᠲᠥᠯᠥᠭᠡᠯᠡᠭᠴᠢᠳ ᠢ ᠣᠷᠣᠰ ᠤᠯᠤᠰ ᠤᠨ ᠭᠠᠳᠠᠭᠠᠳᠤ ᠶᠠᠪᠤᠳᠠᠯ ᠤᠨ ᠶᠠᠮᠤᠨ ᠤ ᠬᠡᠷᠡᠭ ᠢ ᠲᠦᠷᠢ ᠡᠷᠬᠢᠯᠡᠭᠴᠢ ᠠ᠃ᠨᠧᠷᠠᠲ᠋ᠣᠪ᠂ ᠰᠠᠶᠢᠳ ᠨᠠᠷ ᠤᠨ ᠵᠥᠪᠯᠡᠯ ᠦᠨ ᠳᠠᠷᠤᠭ᠎ᠠ ᠫ᠃ᠠ᠃ᠰᠲᠠᠷ ᠤᠫᠠᠨII ᠨᠢᠺᠣᠯᠠᠢ ᠬᠠᠭᠠᠨ ᠬᠦᠯᠢᠶᠡᠨ ᠠᠪᠴᠤ ᠠᠭᠤᠯᠵᠠᠵᠠᠢ᠃ ᠣᠷᠣᠰ ᠤᠨ ᠵᠠᠰᠠᠭ ᠤᠨ ᠭᠠᠵᠠᠷ ᠮᠠᠨᠵᠤ ᠠᠴᠠ ᠲᠤᠰᠠᠭᠠᠷᠯᠠᠬᠤ ᠶᠢ ᠳᠡᠮᠵᠢᠯ ᠦᠭᠡᠢ᠂ "ᠰᠢᠨ᠎ᠡ ᠵᠠᠰᠠᠭ ᠤᠨ ᠪᠣᠳᠣᠯᠭ᠎ᠠ" ᠍ ᠢ ᠵᠣᠭᠰᠣᠭᠠᠬᠤ ᠳᠤ ᠬᠢᠲᠠᠳ ᠮᠣᠩᠭᠣᠯ ᠤᠨ ᠬᠣᠭᠣᠷᠣᠨᠳᠣ ᠵᠠᠭᠤᠴᠢᠯᠠᠬᠤ ᠠᠮᠠᠯᠠᠯᠲᠠ ᠥᠭᠭᠦᠭᠰᠡᠨ ᠪᠠᠶᠢᠨ᠎ᠠ᠃ ᠲᠡᠷᠡ ᠦᠶ᠎ᠡ ᠳᠦ ᠪᠡᠭᠡᠵᠢᠩ ᠳᠦ ᠰᠠᠭᠤᠵᠤ ᠪᠠᠶᠢᠭᠰᠠᠨ ᠡᠯᠴᠢᠨ ᠺᠣᠷᠣᠰᠲ᠋ᠣᠸᠧᠼ᠂ ᠣᠷᠣᠰ ᠤᠨ ᠭᠠᠳᠠᠭᠠᠳᠤ ᠶᠠᠪᠤᠳᠠᠯ ᠤᠨ ᠶᠠᠮᠤᠨ ᠤ ᠠᠯᠤᠰ ᠳᠣᠷᠣᠨᠠᠲᠤ ᠶᠢᠨ ᠭᠠᠵᠠᠷ ᠤᠨ ᠳᠠᠷᠤᠭ᠎ᠠ᠂ ᠮᠣᠩᠭᠣᠯ ᠤᠨ ᠲᠠᠯ᠎ᠠ ᠪᠠᠷ ᠬᠢ ᠪᠣᠳᠣᠯᠭ᠎ᠠ ᠳᠤ ᠰᠢᠢᠳᠪᠦᠷᠢᠯᠡᠬᠦ ᠡᠭᠦᠷᠭᠡ ᠲᠡᠢ ᠪᠠᠶᠢᠭᠰᠠᠨ ᠵ᠃ᠠ᠃ ᠺᠦᠽᠠᠺᠣᠸ ᠲᠤ ᠬᠡᠳᠦ ᠬᠡᠳᠦᠨ ᠴᠢᠬᠤᠯᠠ ᠰᠠᠨᠠᠭ᠎ᠠ ᠬᠡᠯᠡᠵᠦ ᠨᠥᠯᠥᠭᠡᠯᠡᠬᠦ ᠶᠢᠨ ᠵᠡᠷᠭᠡᠴᠡᠭᠡ᠂ ᠰᠢᠨ᠎ᠡ ᠵᠠᠰᠠᠭ ᠤᠨ ᠪᠣᠳᠣᠯᠭ᠎ᠠ ᠪᠠᠨ ᠵᠣᠭᠰᠣᠭᠠᠬᠤ ᠶᠢ ᠬᠢᠲᠠᠳ ᠤᠳ ᠠᠴᠠ ᠱᠠᠭᠠᠷᠳᠠᠵᠤ ᠪᠠᠶᠢᠪᠠ᠃

ᠮᠣᠩᠭᠣᠯᠴᠤᠳ ᠮᠥᠨ ᠣᠨ ᠤ ᠪᠠᠨ 12 ᠍ ᠳᠦᠭᠡᠷ ᠰᠠᠷ᠎ᠠ ᠳᠤ ᠬᠦᠷᠢᠶᠡᠨ ᠦ ᠮᠠᠨᠵᠤ ᠠᠮᠪᠠᠨ ᠢ ᠨᠤᠲᠤᠭ ᠪᠤᠴᠠᠭᠠᠨ ᠵᠠᠰᠠᠭ ᠵᠠᠬᠢᠷᠭ᠎ᠠ ᠶᠢ ᠨᠢ ᠬᠠᠯᠠᠳ᠋ 29 ᠍ ᠤ ᠡᠳᠦᠷ ᠲᠤᠰᠠᠭᠠᠷ ᠲᠣᠭᠲᠠᠨᠢᠭᠰᠠᠨ ᠤᠯᠤᠰ ᠢᠶᠠᠨ ᠲᠤᠩᠬᠠᠭᠯᠠᠵᠤ᠂ ᠣᠨ ᠤ ᠴᠣᠯᠠ ᠶᠢ ᠣᠯᠠᠨ᠎ᠠ ᠡᠷᠭᠦᠭᠳᠡᠭᠰᠡᠨ᠂ ᠤᠯᠤᠰ ᠤᠨ ᠨᠡᠷ᠎ᠡ ᠶᠢ ᠮᠣᠩᠭᠣᠯ ᠤᠯᠤᠰ ᠬᠡᠮᠡᠨ ᠵᠠᠷᠯᠠᠵᠤ᠂ ᠮᠣᠩᠭᠣᠯ ᠤᠯᠤᠰ ᠤᠨ ᠱᠠᠰᠢᠨ ᠲᠥᠷᠥ ᠶᠢ ᠬᠣᠣᠰᠯᠠᠨ ᠪᠠᠷᠢᠭᠴᠢ ᠪᠣᠭᠳᠠ ᠬᠠᠭᠠᠨ ᠳᠤ ᠵᠠᠪᠽᠠᠨᠳᠠᠮᠪᠠ ᠬᠤᠲᠤᠭᠲᠤ ᠶᠢ ᠡᠷᠭᠦᠮᠵᠢᠯᠡᠨ᠂ ᠰᠣᠶᠣᠮᠪᠣ ᠳᠤ ᠰᠢᠷ᠎ᠠ ᠲᠤᠭ ᠢᠶᠠᠨ ᠮᠠᠨᠳᠤᠭᠤᠯᠪᠠ᠃

ᠡᠶᠢᠨᠬᠦᠦ "ᠮᠣᠩᠭᠣᠯ ᠣᠪᠣᠭᠲᠠᠨ ᠪᠥᠭᠥᠳᠡᠭᠡᠷ ᠢᠶᠡᠨ ᠨᠡᠶᠢᠯᠡᠵᠦ ᠥᠪᠡᠷᠲᠡᠭᠡᠨ ᠤᠯᠤᠰ ᠪᠣᠯᠤᠨ ᠲᠣᠭᠲᠠᠨᠢᠵᠤ ᠱᠠᠰᠢᠨ ᠢᠶᠠᠨ ᠮᠠᠨᠳᠤᠭᠤᠯᠬᠤ" , ᠮᠣᠩᠭᠣᠯ ᠤᠨ ᠲᠤᠰᠠᠭᠠᠷ ᠲᠣᠭᠲᠠᠨᠢᠯ ᠢ ᠬᠣᠶᠠᠷ ᠶᠡᠬᠡ ᠬᠥᠷᠰᠢ ᠪᠣᠯᠤᠨ ᠪᠤᠰᠤᠳ ᠣᠷᠣᠨ ᠨᠤᠭᠤᠳ ᠢᠶᠠᠷ ᠬᠦᠯᠢᠶᠡᠨ ᠵᠥᠪᠰᠢᠶᠡᠷᠡᠭᠦᠯᠬᠦ ᠶᠢᠨ ᠲᠥᠯᠥᠭᠡ ᠤᠶᠢᠭ᠎ᠠ ᠦᠭᠡᠢ ᠲᠡᠮᠡᠴᠡᠯ ᠢᠶᠡᠨ᠃ ᠮᠠᠨᠵᠤ ᠴᠢᠩ ᠭᠦᠷᠦᠨ ᠦ ᠵᠠᠬᠢᠷᠭᠠᠨ ᠳᠤ ᠪᠠᠶᠢᠭᠰᠠᠨ ᠮᠣᠩᠭᠣᠯ ᠣᠪᠣᠭᠲᠠᠨ ᠨᠤᠭᠤᠳ ᠬᠦᠷᠢᠶᠡᠨ ᠦ ᠵᠠᠰᠠᠭ ᠤᠨ ᠭᠠᠵᠠᠷ ᠲᠤ ᠨᠢᠭᠡᠳᠬᠦ ᠪᠡᠨ ᠢᠯᠡᠷᠬᠡᠶᠢᠯᠡᠨ ᠳᠠᠭᠠᠷ᠎ᠠ ᠣᠷᠣᠵᠤ ᠪᠠᠶᠢᠭᠰᠠᠨ ᠪᠣᠯᠪᠠᠴᠤ᠂ ᠳᠥᠩᠭᠡᠵᠢ ᠪᠠᠶᠢᠭᠤᠯᠤᠭᠳᠠᠵᠤ ᠪᠠᠶᠢᠭᠰᠠᠨ ᠳᠤᠮᠳᠠᠳᠤ ᠢᠷᠭᠡᠨ ᠤᠯᠤᠰ ᠥᠪᠡᠷ ᠢ ᠪᠡᠨ ᠮᠠᠨᠵᠤ ᠴᠢᠩ ᠤᠯᠤᠰ ᠢ ᠵᠠᠯᠭᠠᠮᠵᠢᠯᠠᠭᠴᠢ᠂ ᠮᠣᠩᠭᠣᠯ ᠢ ᠥᠪᠡᠷ ᠦᠨ ᠨᠢᠭᠡ ᠮᠤᠵᠢ ᠭᠡᠵᠦ ᠦᠵᠡᠵᠦ ᠪᠠᠶᠢᠪᠠ᠃ ᠪᠣᠭᠳᠠ ᠬᠠᠭᠠᠨ ᠤ ᠵᠠᠰᠠᠭ ᠤᠨ ᠭᠠᠵᠠᠷ ᠹᠷᠠᠨᠼᠢ᠂ ᠠᠩᠭᠯᠢ᠂ ᠭᠧᠷᠮᠠᠨ᠂ ᠠᠮᠧᠷᠢᠺᠠ᠂ ᠶᠠᠫᠣᠨ ᠵᠡᠷᠭᠡ ᠤᠯᠤᠰ ᠤᠨ ᠵᠠᠰᠠᠭ ᠤᠨ ᠭᠠᠵᠠᠷ ᠲᠤ ᠲᠤᠰᠠᠭᠠᠷ ᠲᠣᠭᠲᠠᠨᠢᠯ ᠢᠶᠠᠨ ᠰᠡᠷᠭᠦᠭᠡᠭᠰᠡᠨ ᠲᠤᠬᠠᠢ ᠶᠢ ᠪᠠᠨ ᠮᠡᠳᠡᠭᠳᠡᠭᠰᠡᠨ ᠪᠣᠯᠪᠠᠴᠤ ᠬᠠᠷᠢᠭᠤ ᠢᠷᠡᠭᠦᠯᠦᠭᠡ ᠦᠭᠡᠢ ᠪᠠ ᠳᠡᠯᠡᠬᠡᠢ ᠶᠢᠨ ᠪᠤᠰᠤᠳ ᠤᠯᠤᠰ ᠤᠳ ᠲᠠᠢ ᠬᠣᠯᠪᠣᠭ᠎ᠠ ᠲᠣᠭᠲᠠᠭᠠᠬᠤ ᠶᠠᠪᠤᠳᠠᠯ ᠳᠤ ᠣᠷᠣᠰ᠂ ᠬᠢᠲᠠᠳ ᠬᠣᠶᠠᠷ ᠶᠡᠬᠡᠬᠡᠨ ᠰᠠᠭᠠᠳ ᠲᠠᠯᠪᠢᠵᠤ ᠪᠠᠶᠢᠪᠠ᠃ ᠲᠡᠶᠢᠮᠦ ᠡᠴᠡ ᠬᠣᠶᠠᠷ ᠲᠣᠮᠣ ᠭᠦᠷᠦᠨ ᠦ ᠵᠠᠪᠰᠠᠷ ᠲᠡᠰᠴᠢ ᠦᠯᠡᠳᠡᠬᠦ ᠶᠢᠨ ᠲᠥᠯᠥᠭᠡ ᠲᠡᠮᠡᠴᠡᠭᠰᠡᠨ ᠮᠣᠩᠭᠣᠯ ᠤᠨ ᠠᠷᠠᠳ ᠲᠦᠮᠡᠨ ᠦ ᠲᠡᠦᠬᠡ ᠡᠳᠡᠭᠡᠷ ᠣᠷᠣᠨ ᠨᠤᠭᠤᠳ ᠤᠨ ᠲᠡᠦᠬᠡ ᠲᠡᠢ ᠬᠠᠷᠢᠯᠴᠠᠨ ᠬᠠᠮᠢᠶᠠᠷᠤᠯ ᠲᠠᠢ ᠥᠷᠨᠢᠯ᠎ᠡ᠃

1912 ᠣᠨ ᠤ ᠨᠢᠭᠡᠳᠦᠭᠡᠷ ᠰᠠᠷ᠎ᠠ ᠶᠢᠨ 21 ᠍ ᠳᠦ ᠤᠯᠢᠶᠠᠰᠤᠲᠠᠢ ᠬᠣᠲᠠ ᠶᠢᠨ ᠮᠠᠨᠵᠤ ᠵᠠᠩᠵᠤᠨ᠂ ᠰᠠᠶᠢᠳ ᠨᠠᠷ ᠪᠠᠭᠤᠵᠤ ᠥᠭᠭᠦᠭᠰᠡᠨ ᠪᠠ ᠬᠠᠲᠠᠨᠪᠠᠭᠠᠲᠤᠷ ᠮᠠᠭᠰᠤᠷᠵᠠᠪ ᠭᠦᠨ᠂ ᠮᠠᠩᠯᠠᠶᠢᠪᠠᠭᠠᠲᠤᠷ ᠳᠠᠮᠳᠢᠨᠰᠦ᠋ᠷᠦᠩ ᠭᠦᠨ᠂ ᠲᠣᠭᠲᠠᠬᠤ ᠭᠦᠨ᠂ ᠬᠠᠶᠢᠰᠠᠩ ᠭᠦᠨ᠂ ᠳᠠᠮᠪᠢᠵᠠᠨᠼᠠᠨ᠂ ᠵᠢᠯᠠᠬᠠᠨᠵᠠ ᠬᠤᠲᠤᠭᠲᠤ ᠳᠠᠮᠳᠢᠨᠪᠠᠽᠠᠷ ᠨᠠᠷ ᠤᠨ ᠤᠳᠤᠷᠢᠳᠤᠭᠰᠠᠨ ᠴᠡᠷᠢᠭ ᠦᠳ ᠬᠢᠲᠠᠳ ᠴᠡᠷᠢᠭ ᠲᠡᠢ 3 ᠰᠠᠷ᠎ᠠ ᠭᠠᠷᠤᠢ ᠲᠤᠯᠤᠯᠳᠤᠵᠤ᠂ 1912 ᠣᠨ ᠤ ᠨᠠᠶᠢᠮᠠᠳᠤᠭᠠᠷ ᠰᠠᠷ᠎ᠠ ᠶᠢᠨ 7 ᠍ ᠳᠦ ᠬᠣᠪᠳᠣ ᠬᠣᠲᠠ ᠶᠢ ᠪᠦᠷᠢᠨ ᠴᠢᠯᠦᠭᠡᠯᠡᠭᠰᠡᠨ ᠢᠶᠡᠷ ᠪᠠᠷᠠᠭᠤᠨ ᠬᠢᠵᠠᠭᠠᠷ ᠲᠤ ᠮᠠᠨᠵᠤ ᠶᠢᠨ ᠵᠠᠰᠠᠭ ᠵᠠᠬᠢᠷᠭ᠎ᠠ ᠶᠢ ᠤᠰᠠᠳᠬᠠᠭᠰᠠᠨ ᠪᠠᠶᠢᠨ᠎ᠠ᠃ ᠭᠡᠪᠡᠴᠦ ᠳᠤᠮᠳᠠᠳᠤ ᠢᠷᠭᠡᠨ ᠤᠯᠤᠰ ᠮᠣᠩᠭᠣᠯ ᠤᠨ ᠬᠤᠪᠢᠰᠬᠠᠯ ᠢ ᠳᠠᠷᠤᠬᠤ ᠪᠠᠷ ᠬᠣᠪᠳᠣ ᠷᠤ ᠴᠡᠷᠢᠭ ᠬᠥᠳᠡᠯᠭᠡᠪᠡ᠃ ᠣᠷᠣᠰ ᠤᠯᠤᠰ 1912 ᠣᠨ ᠤ 5 ᠳ᠋ᠤᠭᠠᠷ ᠰᠠᠷ᠎ᠠ ᠶᠢᠨ 6,14,18 ᠍ ᠳᠦ ᠭᠠᠳᠠᠭᠠᠳᠤ ᠶᠠᠮᠤᠨ ᠳᠤ ᠪᠠᠨ ᠵᠣᠬᠢᠶᠠᠨ ᠪᠠᠶᠢᠭᠤᠯᠤᠭᠰᠠᠨ ᠶᠠᠮᠤᠳ ᠤᠨ ᠠᠭᠤᠯᠵᠠᠯᠲᠠ ᠳᠡᠭᠡᠷ᠎ᠡ ᠪᠡᠨ ᠮᠣᠩᠭᠣᠯ ᠤᠨ ᠠᠰᠠᠭᠤᠳᠠᠯ ᠢᠶᠠᠷ ᠪᠠᠷᠢᠮᠲᠠᠯᠠᠬᠤ ᠭᠤᠷᠪᠠᠨ ᠭᠣᠣᠯ ᠵᠠᠷᠴᠢᠮ ᠢᠶᠠᠨ ᠲᠣᠳᠣᠷᠬᠠᠶᠢᠯᠠᠵᠠᠢ᠃ ᠡᠳᠡᠭᠡᠷ ᠨᠢ: 1 ᠍ ᠳᠦ ᠬᠢᠲᠠᠳ ᠤᠨ ᠪᠦᠭᠦᠳᠡ ᠨᠠᠶᠢᠷᠠᠮᠳᠠᠬᠤ ᠤᠯᠤᠰ ᠤᠨ ᠰ ᠲᠽᠧᠷᠧᠨᠢᠲ᠋ᠧᠲ ᠳᠣᠣᠷ᠎ᠠ ᠪᠣᠭᠳᠠ ᠬᠠᠭᠠᠨ ᠲᠠᠢ ᠠᠦ᠋ᠲ᠋ᠣᠨᠣᠮᠢᠲᠤ ᠭᠠᠳᠠᠭᠠᠳᠤ ᠮᠣᠩᠭᠣᠯ ᠤᠯᠤᠰ ᠢ ᠪᠠᠶᠢᠭᠤᠯᠬᠤ᠂ 2 ᠍ ᠳᠦ ᠠᠦ᠋ᠲ᠋ᠣᠨᠣᠮᠢᠲᠤ ᠭᠠᠳᠠᠭᠠᠳᠤ ᠮᠣᠩᠭᠣᠯ ᠳᠤ ᠬᠢᠲᠠᠳ ᠭᠤᠷᠪᠠᠨ ᠣᠨᠴᠠᠭᠠᠢ ᠪᠠᠲᠤᠯᠠᠭ᠎ᠠ ᠥᠭᠬᠦ᠂ ᠲᠤᠬᠠᠶᠢᠯᠠᠪᠠᠯ ᠭᠠᠳᠠᠭᠠᠳᠤ ᠮᠣᠩᠭᠣᠯ ᠳᠤ ᠴᠡᠷᠢᠭ ᠣᠷᠣᠭᠤᠯᠬᠤ ᠦᠭᠡᠢ ᠪᠠᠶᠢᠬᠤ᠂ ᠺᠣᠯᠣᠨᠢᠴᠢᠯᠠᠬᠤ ᠦᠭᠡᠢ ᠪᠠᠶᠢᠬᠤ᠂ ᠬᠢᠲᠠᠳ ᠤᠨ ᠵᠠᠰᠠᠭ ᠵᠠᠬᠢᠷᠭ᠎ᠠ ᠪᠠᠶᠢᠭᠤᠯᠬᠤ ᠦᠭᠡᠢ ᠪᠠᠶᠢᠬᠤ᠂ 3 ᠍ ᠳᠦ ᠣᠷᠣᠰ ᠨᠢ ᠭᠠᠳᠠᠭᠠᠳᠤ ᠮᠣᠩᠭᠣᠯ ᠳᠤ ᠡᠳ᠋ ᠍ ᠦᠨ ᠵᠠᠰᠠᠭ ᠤᠨ ᠣᠨᠴᠠᠭᠠᠢ ᠡᠷᠬᠡ᠂ ᠰᠣᠨᠢᠷᠬᠠᠯ ᠣᠯᠵᠤ ᠠᠪᠬᠤ ᠪᠠᠶᠢᠪᠠ᠃ ᠳᠡᠭᠡᠷᠡᠬᠢ ᠵᠠᠷᠴᠢᠮ ᠢ ᠲᠣᠳᠣᠷᠬᠠᠶᠢᠯᠠᠬᠤ ᠳᠤ ᠬᠠᠰᠠᠺᠣᠸ᠂ ᠨᠧᠷᠠᠲ᠋ᠣᠪ᠂ ᠡᠯᠴᠢᠨ ᠺᠣᠷᠣᠰᠲ᠋ᠣᠸᠧᠼ ᠨᠠᠷᠠ ᠭᠣᠣᠯ ᠡᠭᠦᠷᠭᠡ ᠲᠡᠢ ᠪᠠᠶᠢᠴᠠᠢ᠃

ᠪᠣᠭᠳᠠ ᠬᠠᠭᠠᠨᠲᠤ ᠮᠣᠩᠭᠣᠯ ᠤᠯᠤᠰ ᠤᠨ ᠪᠠᠭ᠎ᠠ ᠪᠣᠯᠵᠣᠭᠠᠲᠤ ᠮᠥᠩᠭᠥᠨ ᠳᠡᠪᠢᠰᠬᠡᠷᠲᠦ

ᠡᠶᠢᠨᠬᠦᠦ ᠭᠠᠳᠠᠭᠠᠳᠤ ᠮᠣᠩᠭᠣᠯ ᠢ ᠬᠢᠲᠠᠳ ᠲᠠᠢ ᠬᠠᠷᠢᠯᠴᠠᠬᠤ ᠠᠦ᠋ᠲ᠋ᠣᠨᠣᠮᠢᠲᠤ ᠡᠷᠬᠡ ᠲᠡᠢ ᠵᠠᠪᠰᠠᠷ ᠤᠨ ᠪᠥᠰᠡ ᠪᠣᠯᠭᠠᠬᠤ ᠪᠠᠷ ᠰᠢᠢᠳᠴᠦ ᠬᠡᠷᠡᠭᠵᠢᠭᠦᠯᠦᠭᠰᠡᠨ ᠶᠤᠮ᠃ ᠣᠷᠣᠰ ᠤᠯᠤᠰ 19 ᠵᠠᠭᠤᠨ ᠤ ᠳᠤᠮᠳᠠ ᠠᠴᠠ ᠰᠢᠨᠵᠢᠯᠡᠭᠡᠨ ᠦ ᠠᠩᠭᠢ ᠪᠠᠨ ᠮᠣᠩᠭᠣᠯ ᠳᠤ ᠢᠯᠡᠭᠡᠵᠦ ᠮᠠᠲ᠋ᠧᠷᠢᠶᠠᠯ ᠴᠤᠭᠯᠠᠭᠤᠯᠤᠨ᠂ ᠭᠠᠵᠠᠷ ᠤᠨ ᠵᠢᠷᠤᠭ ᠵᠡᠷᠭᠡ ᠬᠡᠷᠡᠭᠯᠡᠭᠳᠡᠬᠦᠨ ᠬᠢᠵᠦ ᠠᠰᠢᠭᠯᠠᠵᠤ ᠪᠠᠶᠢᠪᠠ᠃ ᠳᠡᠭᠡᠷᠡᠬᠢ ᠭᠠᠵᠠᠷ ᠤᠨ ᠵᠢᠷᠤᠭ ᠢ ᠬᠢᠬᠦ ᠳᠦ ᠣᠷᠣᠯᠴᠠᠭᠰᠠᠨ ᠸ᠃ᠯᠠ᠃ᠺᠣᠲ᠋ᠸᠢᠴᠢ ᠰᠠᠩ ᠤᠨ ᠶᠠᠮᠤᠨ ᠤ ᠳᠣᠷᠣᠨᠠᠲᠤ ᠬᠡᠯᠲᠡᠰ ᠦᠨ ᠲᠠᠰᠤᠭ ᠤᠨ ᠡᠷᠬᠢᠯᠡᠭᠴᠢ ᠪᠠᠶᠢᠯ᠎ᠠ᠃ ᠡᠨᠡ ᠬᠡᠯᠲᠡᠰ ᠨᠢ ᠠᠽᠢᠶ᠎ᠠ ᠶᠢᠨ ᠣᠷᠣᠨ ᠨᠤᠭᠤᠳ ᠢ ᠰᠤᠳᠤᠯᠤᠨ ᠣᠷᠣᠰ ᠤᠯᠤᠰ ᠤᠨ ᠨᠥᠯᠥᠭᠡ ᠶᠢ ᠤᠯᠠᠮ ᠪᠡᠬᠢᠵᠢᠭᠦᠯᠬᠦ ᠵᠣᠷᠢᠯᠭ᠎ᠠ ᠲᠠᠢ ᠪᠠᠶᠢᠪᠠ᠃ ᠮᠥᠨ ᠰᠠᠩ ᠤᠨ ᠶᠠᠮᠤ ᠶᠢ ᠲᠥᠪ᠂ ᠵᠡᠭᠦᠨ ᠠᠽᠢᠶ᠎ᠠ ᠶᠢ ᠰᠤᠳᠤᠯᠬᠤ "ᠣᠷᠣᠰ ᠤᠨ ᠬᠣᠷᠤᠭ᠎ᠠ" ᠍ ᠳᠦ ᠲᠥᠯᠦᠭᠡᠯᠡᠵᠦ ᠪᠠᠶᠢᠴᠠᠢ᠃ ᠳᠣᠷᠣᠨ᠎ᠠ ᠳᠠᠬᠢᠨ ᠤ ᠰᠤᠳᠤᠯᠤᠭᠠᠴᠢᠳ᠂ ᠵᠠᠰᠠᠭ ᠤᠨ ᠭᠠᠵᠠᠷ ᠤᠨ ᠪᠣᠯᠤᠨ ᠨᠡᠷᠡᠲᠡᠢ ᠬᠤᠪᠢ ᠬᠦᠮᠦᠰ ᠣᠷᠣᠯᠴᠠᠵᠤ᠂ ᠢᠪᠡᠭᠡᠨ ᠲᠡᠳᠬᠦᠵᠦ ᠪᠠᠶᠢᠭᠰᠠᠨ ᠲᠤᠰ ᠬᠣᠷᠢᠶᠠᠨ ᠳᠤ ᠢ᠃ᠶᠠ᠃ᠺᠣᠷᠣᠰᠲ᠋ᠣᠸᠧᠼ ᠭᠠᠳᠠᠭᠠᠳᠤ ᠶᠠᠪᠤᠳᠠᠯ ᠤᠨ ᠶᠠᠮᠤ ᠶᠢ ᠲᠥᠯᠦᠭᠡᠯᠡᠵᠦ ᠪᠠᠶᠢᠴᠠᠢ᠃ ᠺᠣᠲ᠋ᠸᠢᠴᠢ ᠠᠽᠢᠶ᠎ᠠ ᠶᠢᠨ ᠬᠡᠳᠦ ᠬᠡᠳᠦᠨ ᠣᠷᠣᠨ ᠳᠤ ᠣᠷᠣᠰ ᠤᠨ ᠪᠠᠶᠢᠭᠤᠯᠤᠯᠭ᠎ᠠ᠂ ᠫᠦᠦᠰᠡᠶᠢᠭ ᠪᠠᠶᠢᠭᠤᠯᠬᠤ ᠳᠤ ᠣᠷᠣᠯᠴᠠᠵᠤ ᠪᠠᠶᠢᠭᠰᠠᠨ ᠲᠤᠯᠠ ᠤᠯᠤᠰ ᠲᠥᠷᠥ᠂ ᠡᠳ᠋ ᠍ ᠦᠨ ᠵᠠᠰᠠᠭ ᠤᠨ ᠠᠰᠤᠷᠤ ᠶᠡᠬᠡ ᠥᠭᠡᠷᠡᠴᠢᠯᠡᠯᠲᠡ ᠶᠢᠨ ᠲᠠᠪᠴᠠᠩ ᠬᠢᠲᠠᠳ᠂ ᠮᠣᠩᠭᠣᠯ ᠤᠨ ᠪᠠᠶᠢᠳᠠᠯ ᠢ ᠰᠠᠶᠢᠨ ᠮᠡᠳᠡᠵᠦ ᠪᠠᠶᠢᠯ᠎ᠠ᠃

ᠪᠣᠭᠳᠠ ᠬᠠᠭᠠᠨᠲᠤ ᠮᠣᠩᠭᠣᠯ ᠤᠯᠤᠰ ᠤᠨ ᠭᠠᠵᠠᠷ ᠤᠨ ᠵᠢᠷᠤᠭ᠃ ᠺᠣᠷᠣᠰᠲ᠋ᠣᠸᠧᠼ᠂ ᠺᠣᠲ᠋ᠸᠢᠴᠢ ᠨᠠᠷ 1914 ᠣᠨ᠃

ᠺᠣᠲ᠋ᠸᠢᠴᠢ 1912 ᠣᠨ ᠤ ᠬᠠᠪᠤᠷ (1912 ᠣᠨ ᠤ 7 ᠳ᠋ᠤᠭᠠᠷ ᠰᠠᠷ᠎ᠠ ᠶᠢᠨ 14 ᠍ ᠳᠦ ᠪᠤᠴᠠᠬᠤ ᠵᠠᠮ ᠳᠤ ᠪᠠᠨ ᠵᠠᠬᠢᠶ᠎ᠠ ᠪᠢᠴᠢᠭᠰᠡᠨ ᠡᠴᠡ ᠦᠵᠡᠬᠦ ᠳᠦ) ᠵ᠃ᠰᠡᠸᠡᠩ᠂ ᠺ᠃ᠮ᠃ᠮᠠᠰᠺᠣᠸ ᠨᠠᠷ ᠤᠨ ᠬᠠᠮᠲᠤ ᠮᠣᠩᠭᠣᠯ ᠤᠨ ᠬᠣᠶᠢᠳᠤ ᠬᠡᠰᠡᠭ᠂ ᠣᠷᠬᠣᠨ ᠭᠣᠣᠯ ᠤᠨ ᠰᠠᠪᠠ ᠨᠤᠲᠤᠭ ᠢᠶᠠᠷ ᠬᠡᠭᠡᠷ᠎ᠡ ᠶᠢᠨ ᠰᠢᠨᠵᠢᠯᠡᠭᠡᠨ ᠦ ᠠᠵᠢᠯ ᠢᠶᠠᠷ ᠶᠠᠪᠤᠵᠤ᠂ ᠮᠣᠩᠭᠣᠯ᠂ ᠲᠦᠷᠦᠭ ᠬᠡᠯᠡᠨ ᠦ ᠦᠰᠦᠭ ᠪᠢᠴᠢᠭ ᠦᠨ ᠰᠤᠳᠤᠯᠭᠠᠨ ᠳᠤ ᠴᠢᠬᠤᠯᠠ ᠬᠤᠪᠢ ᠨᠡᠮᠡᠷᠢ ᠣᠷᠣᠭᠤᠯᠤᠭᠰᠠᠨ ᠪᠠᠶᠢᠨ᠎ᠠ᠃ ᠲᠡᠷᠡ ᠪᠡᠷ ᠬᠦᠷᠢᠶ᠎ᠡ᠂ ᠮᠣᠩᠭᠣᠯ ᠤᠨ ᠲᠥᠪ ᠪᠣᠯᠤᠨ ᠪᠠᠷᠠᠭᠤᠨ ᠠᠶᠢᠮᠠᠭ ᠤᠳ ᠢᠶᠠᠷ ᠶᠠᠪᠤᠵᠤ ᠪᠠᠶᠢᠬᠤ ᠳᠤ ᠪᠠᠨ ᠰᠦᠮ᠎ᠡ ᠬᠡᠶᠢᠳ ᠦᠨ ᠲᠥᠯᠥᠭᠡᠯᠡᠭᠴᠢᠳ᠂ ᠶᠠᠩᠵᠤ ᠪᠦᠷᠢ ᠶᠢᠨ ᠳᠠᠪᠬᠤᠷᠭ᠎ᠠ ᠶᠢᠨ ᠬᠦᠮᠦᠰ ᠲᠡᠢ ᠠᠭᠤᠯᠵᠠᠵᠤ᠂ ᠲᠡᠷᠡ ᠦᠶ᠎ᠡ ᠶᠢᠨ ᠮᠣᠩᠭᠣᠯ ᠤᠨ ᠠᠮᠢᠳᠤᠷᠠᠯ ᠠᠬᠤᠢ᠂ ᠵᠠᠰᠠᠭ ᠵᠠᠬᠢᠷᠭᠠᠨ ᠤ ᠪᠠᠶᠢᠭᠤᠯᠤᠯ᠂ ᠨᠡᠶᠢᠭᠡᠮ ᠤᠨ ᠬᠠᠷᠢᠯᠴᠠᠭ᠎ᠠ ᠶᠢ ᠤᠯᠠ ᠦᠨᠳᠦᠰᠦᠯᠡᠯ ᠲᠡᠢ ᠰᠤᠳᠤᠯᠵᠠᠢ᠃ ᠲᠡᠭᠦᠨ ᠢ ᠮᠣᠩᠭᠣᠯ ᠳᠤ ᠪᠠᠶᠢᠬᠤ ᠦᠶ᠎ᠡ ᠳᠦ ᠣᠷᠣᠰ ᠤᠨ ᠭᠠᠳᠠᠭᠠᠳᠤ ᠶᠠᠮᠤᠨ ᠳᠤ ᠮᠣᠩᠭᠣᠯ ᠤᠨ ᠲᠠᠯ᠎ᠠ ᠪᠠᠷ ᠬᠢ ᠪᠣᠳᠣᠯᠭ᠎ᠠ ᠶᠢ ᠲᠣᠳᠣᠷᠬᠠᠶᠢᠯᠠᠭᠰᠠᠨ ᠠᠭᠤᠯᠵᠠᠯᠲᠠ ᠪᠣᠯᠵᠠᠢ᠃

ᠭᠠᠳᠠᠭᠠᠳᠤ ᠮᠣᠩᠭᠣᠯ ᠢ ᠠᠷᠪᠠᠨ ᠲᠠᠪᠤᠳᠤᠭᠠᠷ ᠵᠠᠭᠤᠨ ᠤ ᠡᠬᠢᠨ ᠦᠶᠡᠰ ᠰᠣᠨᠢᠷᠬᠠᠬᠤ ᠪᠣᠯᠤᠭᠰᠠᠨ ᠶᠠᠫᠣᠨ ᠶᠠᠭᠤᠨ ᠤ ᠡᠮᠦᠨ᠎ᠡ ᠥᠪᠥᠷ ᠮᠣᠩᠭᠣᠯ ᠳᠠᠬᠢ ᠨᠥᠯᠦᠭᠡᠨ ᠦ ᠬᠦᠷᠢᠶ᠎ᠡ ᠪᠡᠨ ᠣᠷᠣᠰ ᠲᠠᠢ ᠳᠠᠬᠢᠨ ᠪᠠᠲᠤᠯᠠᠵᠤ ᠠᠪᠤᠯ᠎ᠠ᠃ ᠶᠠᠫᠣᠨ ᠣᠷᠣᠰ ᠬᠣᠶᠠᠷ 1912 ᠣᠨ ᠤ 7 ᠳ᠋ᠤᠭᠠᠷ ᠰᠠᠷ᠎ᠠ ᠶᠢᠨ 8 ᠍ ᠳᠦ ᠨᠢᠭᠤᠴᠠ ᠺᠣᠨᠸᠧᠨᠼᠢ ᠪᠠᠶᠢᠭᠤᠯᠵᠤ᠂ ᠥᠪᠥᠷ ᠮᠣᠩᠭᠣᠯ ᠢ ᠪᠡᠭᠡᠵᠢᠩ ᠦᠨ ᠤᠷᠲᠤᠷᠢᠭ ᠢᠶᠠᠷ (ᠭᠷᠢᠨᠸᠢᠴᠢ ᠶᠢᠨ 116 ᠭᠷᠠᠳᠦᠶᠢᠰ 21 ᠮᠢᠨᠦ᠋ᠲ)ᠬᠣᠶᠠᠷ ᠬᠤᠪᠢᠶᠠᠵᠤ᠂ᠲᠡᠭᠦᠨ ᠦ ᠳᠣᠷᠣᠨᠠᠲᠤ ᠬᠡᠰᠡᠭ ᠢ ᠶᠠᠫᠣᠨ ᠤ᠂ᠪᠠᠷᠠᠭᠤᠨ ᠬᠡᠰᠡᠭ ᠢ ᠣᠷᠣᠰ ᠤᠨ ᠨᠥᠯᠦᠭᠡᠨ ᠦ ᠬᠦᠷᠢᠶ᠎ᠡ ᠭᠡᠵᠡᠢ᠃ ᠡᠨᠡ ᠺᠣᠨᠸᠧᠨᠼ ᠤᠨ ᠳᠠᠷᠠᠭ᠎ᠠ ᠣᠷᠣᠰ ᠤᠯᠤᠰ᠂ ᠮᠣᠩᠭᠣᠯ ᠤᠨ ᠲᠠᠯ᠎ᠠ ᠪᠠᠷ 5 ᠳ᠋ᠤᠭᠠᠷ ᠰᠠᠷ᠎ᠠ ᠳᠤ ᠲᠣᠳᠣᠷᠬᠠᠶᠢᠯᠠᠭᠰᠠᠨ ᠵᠠᠷᠴᠢᠮ ᠤᠳ ᠢᠶᠠᠨ 8 ᠳ᠋ᠤᠭᠠᠷ ᠰᠠᠷ᠎ᠠ ᠶᠢᠨ 15 ᠍ ᠳᠦ ᠶᠠᠮᠤᠳ ᠤᠨ ᠰᠠᠶᠢᠳ ᠤᠳ᠂ II ᠨᠢᠺᠣᠯᠠᠢ ᠬᠠᠭᠠᠨ ᠢᠶᠠᠷ ᠬᠦᠯᠢᠶᠡᠨ ᠵᠥᠪᠰᠢᠶᠡᠷᠡᠭᠦᠯᠦᠭᠡᠳ ᠵᠠᠰᠠᠭ ᠤᠨ ᠭᠠᠵᠠᠷ ᠤᠨ ᠢᠶᠠᠨ ᠪᠦᠷᠢᠨ ᠡᠷᠬᠡᠲᠦ ᠲᠥᠯᠥᠭᠡᠯᠡᠭᠴᠢ ᠪᠡᠷ ᠺᠣᠷᠣᠰᠲ᠋ᠣᠸᠧᠼᠢ ᠶᠢ ᠬᠦᠷᠢᠶᠡᠨ ᠳᠦ ᠲᠤᠮᠢᠯᠠᠪᠠ᠃ ᠺᠣᠷᠣᠰᠲ᠋ᠣᠸᠧᠼ 1912 ᠣᠨ ᠤ 9 ᠳ᠋ᠤᠭᠠᠷ ᠰᠠᠷ᠎ᠠ ᠳᠤ ᠨᠡᠶᠢᠰᠯᠡᠯ ᠬᠦᠷᠢᠶᠡᠨ ᠳᠦ ᠢᠷᠡᠵᠡᠢ᠃ ᠣᠷᠣᠰ ᠤᠨ ᠲᠠᠯ᠎ᠠ ᠠᠴᠠ ᠺᠣᠷᠣᠰᠲ᠋ᠣᠸᠧᠼ᠂ ᠮᠣᠩᠭᠣᠯ ᠤᠨ ᠲᠠᠯ᠎ᠠ ᠠᠴᠠ ᠳᠠ ᠯᠠᠮᠠ ᠰᠡᠷᠡᠩᠴᠢᠮᠡᠳ ᠲᠣᠯᠣᠭᠠᠶᠢᠯᠠᠵᠤ ᠪᠠᠶᠢᠭᠰᠠᠨ ᠲᠥᠯᠥᠭᠡᠯᠡᠭᠴᠢᠳ ᠮᠣᠩᠭᠣᠯ ᠬᠡᠮᠡᠬᠦ ᠨᠡᠷᠡᠨ ᠳᠦ ᠬᠠᠮᠢᠶᠠᠷᠤᠭᠤᠯᠬᠤ ᠭᠠᠵᠠᠷ ᠨᠤᠲᠤᠭ᠂ ᠰᠲ᠋ᠠᠲ᠋ᠦ᠋ᠰ ᠤᠨ ᠲᠠᠯ᠎ᠠ ᠪᠠᠷ ᠮᠠᠷᠭᠤᠯᠳᠤᠵᠤ᠂ ᠺᠣᠷᠣᠰᠲ᠋ᠣᠸᠧᠼ ᠬᠤᠷᠠᠯ ᠬᠠᠶᠠᠵᠤ ᠪᠠᠶᠢᠭᠰᠠᠨ ᠪᠣᠯᠪᠠᠴᠤ ᠭᠡᠷᠢᠶᠡᠨ ᠳᠦ ᠭᠠᠷ ᠤᠨ ᠦᠰᠦᠭ ᠵᠢᠷᠤᠵᠠᠢ᠃ ᠺᠣᠷᠣᠰᠲ᠋ᠣᠸᠧᠼ"ᠭᠠᠳᠠᠭᠠᠳᠤ ᠮᠣᠩᠭᠣᠯ" ᠭᠡᠰᠡᠨ ᠲᠣᠮᠢᠶᠠᠯᠠᠯ ᠠᠴᠠ "ᠭᠠᠳᠠᠭᠠᠳᠤ" ᠭᠡᠰᠡᠨ ᠦᠭᠡ ᠶᠢ ᠬᠠᠰᠴᠢ᠂ ᠥᠷᠭᠡᠨ ᠤᠳᠬ᠎ᠠ ᠪᠠᠷ ᠣᠶᠢᠯᠠᠭᠠᠵᠤ ᠪᠣᠯᠬᠤ "ᠮᠣᠩᠭᠣᠯ" ᠭᠡᠰᠡᠨ ᠦᠭᠡ ᠶᠢ ᠣᠷᠣᠰ ᠡᠬᠡ ᠳᠦ᠂ "ᠮᠣᠩᠭᠣᠯ ᠤᠯᠤᠰ" ᠭᠡᠰᠡᠨ ᠲᠣᠮᠢᠶᠠᠯᠠᠯ ᠢ ᠮᠣᠩᠭᠣᠯ ᠡᠬᠡ ᠳᠦ ᠬᠡᠷᠡᠭᠯᠡᠬᠦ ᠶᠢ ᠵᠦᠪᠰᠢᠶᠡᠷᠡᠬᠦ᠂ "ᠠᠦ᠋ᠲ᠋ᠣᠨᠣᠮᠢᠶ᠎ᠠ" ᠭᠡᠰᠡᠨ ᠭᠷᠧᠺ ᠭᠠᠷᠤᠯᠲᠠᠢ ᠦᠭᠡ ᠶᠢ ᠮᠣᠩᠭᠣᠯ ᠡᠬᠡ ᠳᠦ "ᠥᠪᠡᠷᠲᠡᠭᠡᠨ ᠲᠣᠭᠲᠠᠨᠢᠵᠤ", "ᠥᠪᠡᠷᠲᠡᠭᠡᠨ ᠡᠵᠡᠷᠬᠡᠬᠦ" ᠶᠣᠰᠣ ᠵᠢᠷᠤᠮ ᠬᠡᠮᠡᠨ ᠬᠥᠷᠪᠡᠭᠦᠯᠬᠦ ᠶᠢ ᠦᠯᠦ ᠲᠠᠲᠠᠭᠠᠯᠵᠠᠬᠤ ᠵᠡᠷᠭᠡ ᠪᠠᠭᠤᠯᠲᠠ ᠬᠢᠭᠰᠡᠨ ᠪᠠᠶᠢᠨ᠎ᠠ᠃ ᠡᠶᠢᠨᠬᠦᠦ ᠬᠣᠶᠠᠷᠳᠠᠮᠠᠯ ᠤᠳᠬ᠎ᠠ ᠲᠠᠢ ᠪᠣᠯᠤᠭᠰᠠᠨ ᠪᠣᠯᠪᠠᠴᠤ᠂ ᠬᠠᠭᠠᠨ ᠳᠤ ᠣᠷᠣᠰ ᠲᠠᠢ ᠪᠡᠶ᠎ᠡ ᠳᠠᠩ ᠭᠡᠷ᠎ᠡ ᠪᠠᠶᠢᠭᠤᠯᠤᠭᠰᠠᠨ ᠨᠢ ᠮᠣᠩᠭᠣᠯ ᠤᠨ ᠬᠤᠪᠢ ᠳᠤ ᠮᠠᠰᠢ ᠴᠢᠬᠤᠯᠠ ᠠᠴᠢ ᠬᠣᠯᠪᠣᠭᠳᠠᠯ ᠲᠠᠢ ᠪᠠᠶᠢᠯ᠎ᠠ᠃

1912 ᠣᠨ ᠤ 12 ᠳ᠋ᠤᠭᠠᠷ ᠰᠠᠷ᠎ᠠ ᠳᠤ ᠬᠢᠲᠠᠳ ᠤᠨ ᠴᠡᠷᠢᠭ ᠬᠣᠪᠳᠣ ᠷᠤ ᠳᠥᠬᠥᠵᠦ ᠢᠷᠡᠬᠦ ᠳᠦ ᠣᠷᠣᠰ ᠪᠣᠯᠤᠨ ᠲᠡᠭᠦᠨ ᠦ ᠬᠣᠯᠪᠣᠭ᠎ᠠ ᠲᠠᠢ ᠠᠩᠭᠯᠢ᠂ ᠶᠠᠫᠣᠨ ᠬᠢᠲᠠᠳ ᠲᠤ ᠰᠢᠬᠠᠯᠲᠠ ᠦᠵᠡᠭᠦᠯᠦᠨ ᠴᠡᠷᠢᠭ ᠢ ᠨᠢ ᠭᠡᠳᠡᠷᠭᠦ ᠲᠠᠲᠠᠭᠤᠯᠤᠭᠰᠠᠨ ᠪᠠᠶᠢᠨ᠎ᠠ᠃ ᠥᠪᠥᠷ ᠮᠣᠩᠭᠣᠯ ᠳᠤ ᠲᠦᠷᠢᠮᠡᠭᠡᠶᠢᠯᠡᠭᠰᠡᠨ ᠬᠢᠲᠠᠳ ᠴᠡᠷᠢᠭ ᠲᠡᠢ ᠬᠦᠷᠢᠶᠡᠨ ᠡᠴᠡ ᠢᠯᠡᠭᠡᠭᠰᠡᠨ ᠮᠣᠩᠭᠣᠯ ᠴᠡᠷᠢᠭ 1913 ᠣᠨ ᠤ ᠲᠤᠷᠰᠢ ᠥᠪᠥᠷ ᠮᠣᠩᠭᠣᠯᠴᠤᠳ ᠲᠠᠢ ᠬᠦᠴᠦ ᠬᠠᠪᠰᠤᠷᠤᠨ ᠠᠮᠵᠢᠯᠲᠠ ᠲᠠᠢ ᠲᠤᠯᠤᠯᠳᠤᠵᠤ ᠪᠠᠶᠢᠭᠰᠠᠨ ᠪᠣᠯᠪᠠᠴᠤ᠂ ᠣᠷᠣᠰ ᠤᠯᠤᠰ ᠥᠪᠦᠷ ᠮᠣᠩᠭᠣᠯ ᠠᠴᠠ ᠴᠡᠷᠢᠭ ᠢᠶᠡᠨ ᠲᠠᠲᠠᠭᠰᠠᠨ ᠲᠣᠬᠢᠶᠠᠯᠳᠤᠯ ᠳᠤ ᠮᠣᠩᠭᠣᠯ ᠳᠤ ᠦᠵᠡᠭᠦᠯᠬᠦ ᠲᠤᠰᠠᠯᠠᠮᠵᠢ ᠪᠠᠨ ᠦᠷᠭᠦᠯᠵᠢᠯᠡᠭᠦᠯᠦᠨ᠎ᠡ ᠭᠡᠰᠡᠨ ᠪᠣᠯᠵᠣᠯ ᠲᠠᠯᠪᠢᠭᠰᠠᠨ ᠲᠤᠯᠠ ᠬᠦᠷᠢᠶᠡᠨ ᠦ ᠵᠠᠰᠠᠭ ᠤᠨ ᠭᠠᠵᠠᠷ 1913 ᠣᠨ ᠤ ᠠᠷᠪᠠᠨ ᠬᠣᠶᠠᠳᠤᠭᠠᠷ ᠰᠠᠷ᠎ᠠ ᠳᠤ ᠠᠷᠭ᠎ᠠ ᠪᠤᠶᠤ ᠴᠡᠷᠢᠭ ᠢᠶᠡᠨ ᠡᠷᠭᠢᠭᠦᠯᠵᠦ ᠲᠠᠲᠠᠬᠤ ᠳᠤ ᠬᠦᠷᠴᠡᠢ᠃

ᠬᠦᠷᠢᠶᠡᠨ ᠦ ᠭᠡᠷᠢᠶᠡᠨ ᠳᠦ ᠰᠡᠳᠬᠢᠯ ᠬᠠᠨᠤᠮᠵᠢ ᠦᠭᠡᠢ ᠪᠠᠶᠢᠭᠰᠠᠨ ᠮᠣᠩᠭᠣᠯᠴᠤᠳ ᠣᠷᠣᠰ ᠤᠨ ᠵᠠᠰᠠᠭ ᠤᠨ ᠭᠠᠵᠠᠷ ᠤᠨ ᠤᠳᠤᠷᠢᠳᠤᠯᠭ᠎ᠠ ᠲᠠᠢ ᠪᠡᠶᠡᠴᠢᠯᠡᠨ ᠠᠭᠤᠯᠵᠠᠭᠤᠯᠬᠤ ᠪᠠᠷ ᠬᠠᠨᠳᠤᠳᠣᠷᠵᠢ ᠲᠡᠷᠢᠭᠦᠲᠡᠢ ᠬᠣᠶᠠᠷ ᠳ᠋ᠡᠬᠢ ᠲᠥᠯᠥᠭᠡᠯᠡᠭᠴᠢ ᠳᠦ ᠪᠡᠨ (1912 ᠣᠨ ᠤ 12 ᠳ᠋ᠤᠭᠠᠷ ᠰᠠᠷ᠎ᠠ ᠠᠴᠠ 1913 ᠣᠨ ᠤ 3 ᠳ᠋ᠤᠭᠠᠷ ᠰᠠᠷ᠎ᠠ) ᠶᠠᠪᠤᠭᠤᠯᠵᠤ᠂ ᠬᠣᠪᠳᠣ ᠶᠢᠨ ᠬᠢᠵᠠᠭᠠᠷ ᠢ ᠮᠣᠩᠭᠣᠯ ᠳᠤ ᠨᠢᠭᠡᠳᠬᠡᠬᠦ ᠶᠢ ᠣᠷᠣᠰ ᠢᠶᠠᠷ ᠵᠥᠪᠰᠢᠶᠡᠷᠡᠭᠦᠯᠵᠡᠢ᠃ ᠮᠥᠨ ᠣᠷᠣᠰ ᠤᠯᠤᠰ ᠮᠣᠩᠭᠣᠯ ᠤᠨ ᠠᠰᠠᠭᠤᠳᠠᠯ ᠢᠶᠠᠷ ᠬᠢᠲᠠᠳ ᠲᠠᠢ ᠬᠡᠯᠡᠯᠴᠡᠭᠡ ᠬᠢᠵᠦ ᠪᠠᠶᠢᠭ᠎ᠠ ᠶᠢ ᠮᠡᠳᠡᠭᠡᠳ᠂ ᠪᠣᠭᠳᠠ 1913 ᠣᠨ ᠤ 5 ᠳ᠋ᠤᠭᠠᠷ ᠰᠠᠷ᠎ᠠ ᠳᠤ ᠺᠣᠷᠣᠰᠲ᠋ᠣᠸᠧᠼ ᠲᠦ ᠡᠰᠡᠷᠭᠦᠴᠡᠯ ᠢᠶᠡᠨ ᠢᠯᠡᠷᠬᠡᠶᠢᠯᠡᠭᠰᠡᠨ ᠪᠠᠶᠢᠨ᠎ᠠ᠃ ᠡᠭᠦᠨ ᠦ ᠳᠠᠷᠠᠭᠠᠬᠠᠨ 1913 ᠣᠨ ᠤ 6 ᠳ᠋ᠤᠭᠠᠷ ᠰᠠᠷ᠎ᠠ ᠳᠤ ᠺᠣᠷᠣᠰᠲ᠋ᠣᠸᠧᠼ ᠨᠤᠲᠤᠭ ᠪᠤᠴᠠᠵᠠᠢ᠃ ᠡᠶᠢᠨᠬᠦᠦ ᠣᠷᠣᠰ᠂ ᠬᠢᠲᠠᠳ ᠲᠠᠢ ᠭᠠᠳᠠᠭᠠᠳᠤ ᠮᠣᠩᠭᠣᠯ ᠤᠨ ᠬᠢᠯᠢ ᠬᠢᠵᠠᠭᠠᠷ᠂ ᠰᠲ᠋ᠠᠲ᠋ᠦ᠋ᠰ ᠦᠨ ᠲᠠᠯ᠎ᠠ ᠪᠠᠷ ᠲᠣᠬᠢᠷᠠᠯᠴᠠᠵᠤ ᠪᠠᠶᠢᠬᠤ ᠦᠶ᠎ᠡ ᠳᠦ ᠺᠣᠷᠣᠰᠲ᠋ᠣᠸᠧᠼ ᠮᠣᠩᠭᠣᠯ ᠤᠨ ᠭᠠᠵᠠᠷ ᠤᠨ ᠵᠢᠷᠤᠭ ᠬᠢᠬᠦ ᠳᠦ ᠣᠷᠣᠯᠴᠠᠵᠤ ᠪᠠᠶᠢᠭᠰᠠᠨ ᠪᠠᠶᠢᠨ᠎ᠠ᠃ ᠲᠡᠷᠡᠪᠡᠷ ᠮᠣᠩᠭᠣᠯ ᠳᠤ ᠬᠢᠭᠰᠡᠨ ᠲᠡᠮᠳᠡᠭᠯᠡᠯ᠂ ᠪᠤᠰᠤᠳ ᠮᠠᠲ᠋ᠧᠷᠢᠶᠠᠯ ᠢᠶᠠᠨ ᠠᠰᠢᠭᠯᠠᠨ 1915 ᠣᠨ ᠳᠤ ᠰᠠᠨᠺᠲ ᠫᠧᠲ᠋ᠧᠷᠪᠦ᠋ᠷᠡᠭ ᠦᠨ ᠣᠶᠢᠷᠠᠯᠴᠠᠭᠠᠬᠢ ᠴᠠᠷᠰᠺᠣᠧ ᠰᠧᠯᠠ ᠳᠦ "ᠮᠣᠩᠭᠣᠯ ᠳᠤ 9 ᠰᠠᠷ᠎ᠠ: ᠳ᠋ᠢᠫᠯᠣᠮᠠᠲ ᠲᠥᠯᠥᠭᠡᠯᠡᠭᠴᠢ ᠶᠢᠨ ᠲᠡᠮᠳᠡᠭᠯᠡᠯ" ᠳᠤᠷᠠᠰᠤᠮᠵᠢ ᠪᠠᠨ ᠪᠢᠴᠢᠵᠡᠢ᠃

ᠣᠷᠣᠰ ᠬᠢᠲᠠᠳ ᠤᠨ ᠬᠡᠯᠡᠯᠴᠡᠭᠡ ᠦᠶ᠎ᠡ ᠦᠶ᠎ᠡ ᠲᠠᠰᠤᠯᠳᠠᠵᠤ᠂ ᠳᠠᠬᠢᠨ ᠰᠡᠷᠭᠦᠭᠰᠡᠭᠡᠷ ᠵᠢᠯ ᠭᠠᠷᠤᠢ ᠪᠣᠯᠵᠤ᠂ 1913 ᠣᠨ ᠤ 10 ᠳ᠋ᠤᠭᠠᠷ ᠰᠠᠷ᠎ᠠ ᠶᠢᠨ 23 ᠍ ᠳᠦ (11 ᠳᠦᠭᠡᠷ ᠰᠠᠷ᠎ᠠ ᠶᠢᠨ 5) ᠪᠡᠭᠡᠵᠢᠩ ᠬᠣᠲᠣᠩ ᠢᠶᠠᠨ ᠣᠷᠣᠰ -ᠬᠢᠲᠠᠳ ᠤᠨ ᠲᠤᠩᠬᠠᠭᠯᠠᠯ ᠳᠤ ᠭᠠᠷ ᠤᠨ ᠦᠰᠦᠭ ᠵᠢᠷᠤᠵᠤ᠂ ᠨᠣᠲ ᠰᠣᠯᠢᠯᠴᠠᠭᠰᠠᠨ ᠪᠠᠶᠢᠨ᠎ᠠ᠃ ᠣᠷᠣᠰ ᠤᠯᠤᠰ ᠬᠢᠲᠠᠳ ᠢᠶᠠᠷ ᠭᠠᠳᠠᠭᠠᠳᠤ ᠮᠣᠩᠭᠣᠯ ᠤᠨ ᠠᠦ᠋ᠲ᠋ᠣᠨᠣᠮᠢ ᠶᠢ ᠵᠥᠪᠰᠢᠶᠡᠷᠡᠭᠦᠯᠵᠡᠢ᠃ ᠨᠣᠲ ᠪᠢᠴᠢᠭ ᠲᠦ: ᠭᠠᠳᠠᠭᠠᠳᠤ ᠮᠣᠩᠭᠣᠯ ᠤᠨ ᠥᠪᠡᠷ ᠢᠶᠡᠨ ᠵᠠᠰᠠᠬᠤ ᠭᠠᠵᠠᠷ ᠤᠨ ᠬᠢᠵᠠᠭᠠᠷ ᠢ ᠵᠦᠢ ᠨᠢ ᠤᠷᠢᠳᠤ ᠶᠢᠨ ᠴᠢᠩ ᠤᠯᠤᠰ ᠤᠨ ᠬᠦᠷᠢᠶᠡᠨ ᠳᠦ ᠰᠠᠭᠤᠵᠤ ᠬᠡᠷᠡᠭ ᠰᠢᠳᠬᠡᠭᠴᠢ ᠰᠠᠶᠢᠳ᠂ ᠤᠯᠢᠶᠠᠰᠤᠲᠠᠢ ᠶᠢᠨ ᠵᠠᠩᠵᠤᠨ᠂ ᠵᠢᠴᠢ ᠬᠣᠪᠳᠣ ᠶᠢᠨ ᠰᠠᠶᠢᠳ ᠤᠨ ᠵᠠᠬᠢᠷᠤᠭᠰᠠᠨ ᠬᠢᠵᠠᠭᠠᠷ ᠢᠶᠠᠷ ᠬᠡᠮᠵᠢᠶ᠎ᠡ ᠪᠣᠯᠭᠠᠪᠠᠰᠤ ᠵᠣᠬᠢᠮᠤᠢ᠃ ᠭᠠᠭᠴᠠᠬᠦ ᠣᠳᠣ ᠨᠠᠷᠢᠨ ᠨᠢᠭᠲᠠᠴᠠ ᠭᠠᠵᠠᠷ ᠤᠨ ᠵᠢᠷᠤᠭ ᠦᠭᠡᠢ ᠪᠥᠭᠡᠳ ᠬᠠᠷᠢᠶᠠᠲᠤ ᠣᠯᠠᠨ ᠭᠠᠵᠠᠷ ᠤᠨ ᠵᠠᠰᠠᠭ ᠢ ᠶᠠᠪᠤᠭᠤᠯᠬᠤ ᠭᠠᠵᠠᠷ ᠤᠨ ᠬᠢᠵᠠᠭᠠᠷ ᠬᠡᠮᠵᠢᠶ᠎ᠡ ᠶᠢ ᠪᠠᠰᠠ ᠲᠣᠳᠣᠷᠬᠠᠶᠢᠯᠠᠨ ᠬᠤᠪᠢᠶᠠᠭ᠎ᠠ ᠦᠭᠡᠢ ᠲᠤᠯᠠ ᠭᠠᠳᠠᠭᠠᠳᠤ ᠮᠣᠩᠭᠣᠯ ᠤᠨ ᠵᠠᠬ᠎ᠠ ᠬᠢᠵᠠᠭᠠᠷ ᠢ ᠯᠠᠪᠯᠠᠨ .... ᠬᠣᠶᠢᠴᠢ ᠡᠳᠦᠷ ᠢᠶᠡᠨ ᠵᠥᠪᠯᠡᠨ ᠲᠣᠭᠲᠠᠭᠠᠪᠠᠰᠤ ᠵᠣᠬᠢᠮᠤᠢ" ᠭᠡᠵᠦ ᠵᠢᠭᠠᠭᠰᠠᠨ ᠪᠠᠶᠢᠨ᠎ᠠ᠃ ᠡᠶᠢᠨᠬᠦᠦ ᠠᠦ᠋ᠲ᠋ᠣᠨᠣᠮᠢᠲᠤ ᠶᠢᠨ ᠬᠠᠮᠤᠷᠬᠤ ᠨᠤᠲᠤᠭ ᠨᠡᠶᠢᠲᠡ "ᠮᠣᠩᠭᠣᠯ" ᠪᠢᠰᠢ᠂ ᠵᠥᠪᠬᠡᠨ ᠭᠠᠳᠠᠭᠠᠳᠤ ᠮᠣᠩᠭᠣᠯ" ᠪᠣᠯᠵᠠᠢ᠃ ᠡᠨᠡ ᠨᠢ ᠭᠠᠳᠠᠭᠠᠳᠤ ᠮᠣᠩᠭᠣᠯ ᠤᠨ ᠬᠢᠯᠢ ᠶᠢᠨ ᠠᠰᠠᠭᠤᠳᠠᠯ ᠳᠤ ᠣᠷᠣᠨ ᠪᠦᠷ ᠥᠪᠡᠷ ᠥᠪᠡᠷ ᠰᠠᠨᠠᠯ ᠲᠠᠢ ᠪᠠᠶᠢᠭᠰᠠᠨ ᠢ ᠬᠠᠷᠠᠭᠤᠯᠵᠤ ᠪᠠᠶᠢᠨ᠎ᠠ᠃

ᠡᠭᠦᠨ ᠦ ᠳᠠᠷᠠᠭᠠᠬᠠᠨ 1913 ᠣᠨ ᠤ 11 ᠳᠦᠭᠡᠷ ᠰᠠᠷ᠎ᠠ ᠶᠢᠨ 5 ᠍ ᠨ ᠠᠴᠠ 1914 ᠣᠨ ᠤ 1 ᠳᠦᠭᠡᠷ ᠰᠠᠷ᠎ᠠ ᠶᠢᠨ 5 ᠍ ᠦᠨ ᠬᠦᠷᠲᠡᠯᠡᠬᠢ ᠬᠤᠭᠤᠴᠠᠭᠠᠨ ᠳᠤ ᠣᠷᠣᠰ ᠲᠤ ᠣᠴᠢᠭᠰᠠᠨ ᠮᠣᠩᠭᠣᠯ ᠤᠨ ᠵᠠᠰᠠᠭ ᠤᠨ ᠭᠠᠵᠠᠷ ᠤᠨ ᠲᠥᠯᠥᠭᠡᠯᠡᠭᠴᠢ ᠰᠠᠶᠢᠨ ᠨᠣᠶᠠᠨ ᠬᠠᠨ ᠨᠠᠮᠨᠠᠨᠰᠦ᠋ᠷᠦᠩ ᠲᠤᠰᠠᠯᠠᠮᠵᠢ ᠬᠦᠰᠡᠬᠦ ᠶᠢᠨ ᠵᠡᠷᠭᠡᠴᠡᠭᠡ ᠪᠠᠷᠭᠤ ᠪᠠ ᠥᠪᠥᠷ ᠮᠣᠩᠭᠣᠯ ᠢ ᠣᠷᠤᠯᠴᠠᠭᠤᠯᠤᠨ ᠮᠣᠩᠭᠣᠯ ᠤᠯᠤᠰ ᠤᠨ ᠲᠤᠰᠠᠭᠠᠷ ᠲᠣᠭᠲᠠᠨᠢᠯ ᠢ ᠵᠥᠪᠰᠢᠶᠡᠷᠡᠭᠦᠯᠬᠦ ᠶᠢ ᠴᠥᠬᠦᠷᠡᠯᠲᠡ ᠦᠭᠡᠢ ᠣᠷᠣᠯᠳᠤᠭᠰᠠᠨ ᠶᠤᠮ᠃ ᠰᠠᠶᠢᠨ ᠨᠣᠶᠠᠨ ᠬᠠᠨ ᠫᠧᠲ᠋ᠧᠷᠪᠦᠦᠭ ᠲᠦ ᠰᠠᠭᠤᠵᠤ ᠪᠠᠶᠢᠭᠰᠠᠨ ᠬᠢᠲᠠᠳ ᠤᠨ ᠡᠯᠴᠢᠨ ᠳᠦ ᠲᠤᠰᠬᠠᠢ ᠨᠣᠲᠠ ᠪᠢᠴᠢᠭ ᠢᠶᠡᠷ: "... ᠤᠤᠯ ᠡᠵᠡᠨ ᠨᠢ ᠪᠣᠯᠬᠤ ᠮᠣᠩᠭᠣᠯ ᠤᠨ ᠭᠠᠵᠠᠷ ᠨᠤᠲᠤᠭ ᠢ ᠤᠭ ᠤᠯᠤᠰ ᠲᠤ ᠡᠵᠡᠮᠰᠢᠭᠦᠯᠵᠦ᠂ ᠬᠢᠯᠢ ᠶᠢ ᠲᠣᠳᠣᠷᠬᠠᠶᠢᠯᠠᠬᠤ ᠳᠤ ᠪᠠᠨ ᠵᠠᠬ᠎ᠠ ᠨᠡᠶᠢᠯᠡᠵᠦ ᠪᠠᠶᠢᠭ᠎ᠠ ᠪᠦᠬᠦ ᠮᠣᠩᠭᠣᠯᠴᠤᠳ ᠢ ᠣᠷᠣᠭᠤᠯᠤᠭᠰᠠᠨ ᠲᠡᠶᠢᠮᠦ ᠬᠢᠯᠢ ᠬᠢᠵᠠᠭᠠᠷ ᠢᠶᠠᠷ ᠬᠦᠯᠢᠶᠡᠨ ᠵᠥᠪᠰᠢᠶᠡᠷᠡᠬᠦ ᠶᠢ ᠱᠠᠭᠠᠷᠳᠠᠬᠤ ᠪᠣᠯᠤᠨ᠎ᠠ" ᠭᠡᠵᠦ ᠪᠠᠶᠢᠷᠢ ᠰᠠᠭᠤᠷᠢ ᠪᠠᠨ ᠢᠯᠡᠷᠬᠡᠶᠢᠯᠡᠵᠡᠢ᠃

ᠥᠨᠳᠥᠷ ᠭᠣᠩᠭᠣᠷ᠂ ᠬᠠᠨᠳᠤᠳᠣᠷᠵᠢ ᠸᠠᠩ᠂ ᠪᠥᠬᠡ ᠨᠠᠮᠬᠠᠶᠢᠵᠠᠮᠼᠤ ᠨᠠᠷ᠃ 1912 ᠣᠨ ᠰᠠᠨᠺᠲ᠋ᠫᠧᠲ᠋ᠧᠷᠪᠦᠦᠭ

ᠰᠠᠶᠢᠨ ᠨᠣᠶᠠᠨ ᠬᠠᠨ ᠨᠠᠮᠨᠠᠨᠰᠦ᠋ᠷᠦᠩ ᠮᠣᠩᠭᠣᠯ ᠢ ᠮᠡᠳᠡᠬᠦ᠂ ᠥᠪᠡᠷ ᠲᠡᠢ ᠨᠢ ᠪᠣᠯᠤᠨ ᠳᠠ ᠯᠠᠮᠠ ᠰᠡᠷᠡᠩᠴᠢᠮᠡᠳ᠂ ᠴᠢᠨ ᠸᠠᠩ ᠬᠠᠨᠳᠤᠳᠣᠷᠵᠢ᠂ ᠬᠠᠶᠢᠰᠠᠩ ᠭᠦᠨ ᠵᠡᠷᠭᠡ ᠨᠥᠯᠥᠭᠡ ᠪᠦᠬᠦᠢ ᠬᠦᠮᠦᠰ ᠲᠡᠢ ᠪᠢᠴᠢᠭ ᠵᠠᠬᠢᠳᠠᠯ ᠢᠶᠠᠷ ᠬᠠᠷᠢᠯᠴᠠᠵᠤ ᠪᠠᠶᠢᠭᠰᠠᠨ ᠺᠣᠲ᠋ᠸᠢᠴᠢ ᠶᠢ ᠴᠢᠨ ᠸᠠᠩ ᠤᠨ ᠵᠡᠷᠭᠡ ᠶᠢᠨ᠂ ᠠᠯᠲᠠ ᠪᠠᠷ ᠬᠢᠭᠰᠡᠨ ᠡᠷᠳᠡᠨᠢ ᠶᠢᠨ ᠣᠴᠢᠷ ᠣᠳᠣᠨ ᠢᠶᠠᠷ ᠱᠠᠩᠨᠠᠵᠤ᠂ ᠮᠣᠩᠭᠣᠯ ᠳᠤ ᠰᠠᠩᠬᠦᠦ ᠶᠢᠨ ᠵᠥᠪᠯᠡᠬᠦ ᠪᠡᠷ ᠲᠣᠮᠢᠯᠠᠭᠤᠯᠬᠤ ᠰᠠᠨᠠᠯᠲᠠᠢ ᠪᠠᠶᠢᠭᠰᠠᠨ ᠪᠣᠯᠪᠠᠴᠤ ᠣᠷᠣᠰ ᠤᠳ ᠰ᠃ᠠ᠃ᠺᠣᠽᠢᠨ ᠢ ᠶᠠᠪᠤᠭᠤᠯᠬᠤ ᠪᠠᠷ ᠰᠢᠢᠳᠴᠠᠢ᠃ ᠺᠣᠲ᠋ᠸᠢᠴᠢ 1913 ᠣᠨ ᠤ ᠭᠤᠷᠪᠠᠳᠤᠭᠠᠷ ᠰᠠᠷ᠎ᠠ ᠶᠢᠨ 28 ᠍ ᠳᠦ ᠮᠣᠩᠭᠣᠯ ᠳᠤ ᠬᠢᠭᠰᠡᠨ ᠠᠶᠠᠯᠠᠯ ᠤᠨ ᠢᠶᠠᠨ ᠲᠤᠬᠠᠢ ᠡᠵᠡᠨ ᠬᠠᠭᠠᠨ ᠤ ᠣᠷᠣᠰ ᠤᠨ ᠭᠠᠵᠠᠷ ᠵᠦᠢ ᠶᠢᠨ ᠨᠡᠶᠢᠭᠡᠮᠯᠢᠭ ᠦᠨ ᠬᠤᠷᠠᠯᠳᠤᠭᠠᠨ ᠳᠤ ᠲᠠᠨᠢᠯᠴᠠᠭᠤᠯᠤᠭᠰᠠᠨ ᠪᠥᠭᠡᠳ ᠮᠣᠩᠭᠣᠯ ᠳᠤ ᠭᠤᠷᠪᠠᠨ ᠰᠠᠷ᠎ᠠ ᠣᠷᠴᠢᠮ ᠪᠠᠶᠢᠬᠤ ᠳᠤ ᠪᠠᠨ ᠬᠢᠭᠰᠡᠨ ᠠᠵᠢᠯ ᠢᠶᠠᠨ ᠨᠢᠭᠡᠳᠬᠡᠨ "ᠣᠷᠴᠢᠨ ᠦᠶ᠎ᠡ ᠶᠢᠨ ᠮᠣᠩᠭᠣᠯ ᠤᠨ ᠲᠡᠦᠬᠡ ᠤᠯᠤᠰ ᠲᠥᠷᠥ ᠶᠢᠨ ᠬᠤᠷᠢᠶᠠᠩᠭᠤᠢ" (ᠫᠧᠲ᠋ᠧᠷᠪᠦᠦᠭ᠃1914) ᠭᠡᠳᠡᠭ ᠨᠣᠮ ᠪᠢᠴᠢᠭᠰᠡᠨ ᠪᠠᠶᠢᠨ᠎ᠠ᠃

Mongolia 1915 Hiagt.jpg

ᠬᠢᠶᠠᠭᠲᠤ ᠬᠣᠳᠠ ᠳᠤ 9 ᠰᠠᠷ᠎ᠠ ᠭᠠᠷᠤᠢ ᠦᠷᠭᠦᠯᠵᠢᠯᠡᠵᠦ᠂ 1915 ᠣᠨ ᠤ ᠵᠢᠷᠭᠤᠳᠠᠤᠭᠠᠷ ᠰᠠᠷ᠎ᠠ ᠳᠤ ᠳᠠᠭᠤᠰᠤᠭᠰᠠᠨ ᠣᠷᠣᠰ᠂ ᠮᠣᠩᠭᠣᠯ᠂ ᠬᠢᠲᠠᠳ ᠭᠤᠷᠪᠠᠨ ᠤᠯᠤᠰ ᠤᠨ ᠭᠡᠷ᠎ᠡ ᠪᠡᠷ ᠣᠷᠣᠰ ᠬᠢᠲᠠᠳ ᠤᠨ ᠲᠤᠩᠬᠠᠭᠯᠠᠯ ᠢᠶᠠᠷ ᠵᠥᠪᠬᠡᠨ ᠭᠠᠳᠠᠭᠠᠳᠤ ᠮᠣᠩᠭᠣᠯ ᠢ ᠳᠤᠮᠳᠠᠳᠤ ᠢᠷᠭᠡᠨ ᠤᠯᠤᠰ ᠤᠨ ᠡᠵᠡᠨ ᠡᠷᠬᠡ ᠶᠢᠨ (ᠰ ᠲᠽᠧᠷᠧᠨᠢᠲ᠋ᠧᠲ) ᠳᠣᠣᠷ᠎ᠠ ᠤᠷᠤᠰᠢᠬᠤ ᠠᠦ᠋ᠲ᠋ᠣᠨᠣᠮᠢᠲᠤ ᠤᠯᠤᠰ᠂ ᠣᠷᠣᠰ ᠤᠯᠤᠰ ᠤᠨ ᠢᠪᠡᠭᠡᠯ ᠬᠠᠮᠠᠭᠠᠯᠠᠯ ᠤᠨ (ᠫᠷᠣᠲ᠋ᠧᠺᠲ᠋ᠣᠷᠠᠲ) ᠨᠤᠲᠤᠭ ᠭᠡᠵᠦ ᠲᠣᠬᠢᠷᠠᠭᠰᠠᠨ᠎ᠠ ᠪᠠᠨ ᠮᠣᠩᠭᠣᠯ ᠳᠤ ᠲᠤᠯᠭᠠᠨ ᠬᠦᠯᠢᠶᠡᠯᠭᠡᠭᠰᠡᠨ ᠶᠤᠮ᠃ ᠪᠣᠭᠳᠠ ᠬᠠᠭᠠᠨ ᠤ ᠵᠠᠰᠠᠭ ᠤᠨ ᠭᠠᠵᠠᠷ "ᠮᠣᠩᠭᠣᠯ ᠤᠯᠤᠰ" ᠨᠡᠷ᠎ᠡ ᠶᠢ ᠬᠡᠷᠡᠭᠯᠡᠬᠦ ᠡᠴᠡ ᠲᠠᠲᠠᠭᠠᠯᠵᠠᠬᠤ ᠳᠤ ᠬᠦᠷᠴᠡᠢ᠃ ᠥᠪᠥᠷ ᠮᠣᠩᠭᠣᠯ ᠨᠢ ᠬᠢᠲᠠᠳ ᠤᠨ ᠨᠢᠭᠡ ᠬᠡᠰᠡᠭ ᠪᠣᠯᠤᠭᠰᠠᠨ ᠪᠠᠶᠢᠨ᠎ᠠ᠃

ᠣᠷᠣᠰ ᠬᠢᠲᠠᠳ ᠤᠨ ᠲᠤᠩᠬᠠᠭᠯᠠᠯ ᠢᠶᠠᠷ ᠲᠣᠭᠲᠠᠭᠠᠭᠰᠠᠨ ᠠᠦ᠋ᠲ᠋ᠣᠨᠣᠮᠢᠲᠤ ᠮᠣᠩᠭᠣᠯ ᠤᠨ ᠭᠠᠵᠠᠷ ᠨᠤᠲᠤᠭ ᠤᠨ ᠥᠪᠥᠷ ᠮᠣᠩᠭᠣᠯ ᠲᠠᠢ ᠬᠢᠯᠢᠯᠡᠬᠦ ᠵᠠᠭᠠᠭ ᠤᠨ ᠠᠰᠠᠭᠤᠳᠠᠯ "ᠬᠤᠷᠠᠯ ᠢ ᠡᠬᠢᠯᠡᠬᠦ᠂ ᠲᠠᠷᠠᠭᠠᠬᠤ ᠭᠣᠣᠯ ᠠᠰᠠᠭᠤᠳᠠᠯ" ᠪᠣᠯᠵᠤ ᠪᠠᠶᠢᠪᠠ᠃ ᠪᠡᠭᠡᠵᠢᠩ ᠦᠨ ᠬᠡᠯᠡᠯᠴᠡᠭᠡᠨ ᠦ ᠦᠶ᠎ᠡ ᠪᠡᠷ ᠶᠠᠷᠢᠭᠳᠠᠭᠰᠠᠨ᠂ ᠭᠠᠳᠠᠭᠠᠳᠤ ᠮᠣᠩᠭᠣᠯ ᠤᠨ ᠬᠢᠯᠢ ᠪᠣᠯᠤᠨ ᠪᠠᠷᠢᠮᠲᠠᠯᠠᠬᠤ ᠭᠠᠵᠠᠷ ᠤᠨ ᠵᠢᠷᠤᠭ ᠤᠨ ᠠᠰᠠᠭᠤᠳᠠᠯ ᠬᠢᠶᠠᠭᠲᠤ ᠶᠢᠨ ᠬᠡᠯᠡᠯᠴᠡᠭᠡᠷ ᠳᠡᠭᠡᠷ᠎ᠡ ᠴᠤ ᠰᠢᠢᠳᠦᠭᠳᠡᠵᠦ ᠴᠢᠳᠠᠭ᠎ᠠ ᠦᠭᠡᠢ ᠶᠤᠮ᠃ ᠬᠢᠲᠠᠳ ᠥᠪᠡᠷᠰᠡᠳ ᠦᠨ ᠬᠢᠭᠰᠡᠨ ᠪᠢᠴᠢᠭ ᠢᠶᠡᠨ ᠰᠠᠨᠠᠯ ᠪᠣᠯᠭᠠᠵᠤ᠂ ᠬᠢᠯᠢ ᠶᠢᠨ ᠣᠨᠴᠠ ᠲᠡᠮᠳᠡᠭ ᠲᠡᠢ ᠭᠠᠵᠠᠷ ᠤᠳ ᠢ ᠲᠣᠳᠣᠷᠬᠠᠶᠢᠯᠠᠨ ᠪᠢᠴᠢᠭᠦᠯᠬᠦ ᠦᠭᠡᠢ ᠭᠡᠳ᠂ ᠭᠠᠵᠠᠷ ᠤᠨ ᠵᠢᠷᠤᠭ ᠪᠠᠷᠢᠮᠲᠠᠯᠠᠬᠤ ᠶᠢ ᠡᠰᠡᠷᠭᠦᠴᠡᠵᠦ ᠪᠠᠶᠢᠪᠠ᠃ ᠣᠷᠣᠰ ᠤᠳ ᠮᠠᠨᠵᠤ ᠶᠢᠨ ᠡᠵᠡᠨᠲᠦ ᠭᠦᠷᠦᠨ ᠦ ᠦᠶ᠎ᠡ ᠳᠦ ᠥᠪᠥᠷ ᠮᠣᠩᠭᠣᠯ ᠤᠨ ᠬᠢᠯᠢ ᠶᠢ ᠵᠠᠭᠠᠭᠯᠠᠨ ᠲᠣᠭᠲᠠᠭᠠᠭᠰᠠᠨ ᠢ ᠦᠨᠳᠦᠰᠦᠯᠡᠨ ᠬᠠᠷᠢᠶᠠᠯᠠᠬᠤ ᠭᠠᠵᠠᠷ ᠢ ᠲᠣᠭᠲᠠᠭᠠᠨ᠂ ᠳᠤᠮᠳᠠᠳᠤ ᠤᠯᠤᠰ ᠠᠷᠤ ᠮᠣᠩᠭᠣᠯ ᠲᠠᠢ ᠬᠢᠯᠢᠯᠡᠬᠦ ᠬᠢᠯᠢ ᠶᠢᠨ ᠱᠤᠭᠤᠮ ᠢ ᠬᠠᠪᠰᠤᠷᠤᠯᠲᠠ ᠵᠢᠷᠤᠭ ᠤᠳ ᠲᠤ ᠤᠯᠠᠭᠠᠨ ᠬᠥᠬᠡ ᠥᠩᠭᠡ ᠪᠡᠷ ᠵᠢᠷᠤᠵᠤ ᠲᠡᠮᠳᠡᠭᠯᠡᠬᠦ ᠶᠢ ᠰᠠᠨᠠᠯ ᠪᠣᠯᠭᠠᠵᠠᠢ᠃ ᠬᠠᠷᠢᠨ "ᠣᠷᠣᠰ ᠮᠣᠩᠭᠣᠯ ᠤᠨ ᠬᠢᠯᠢ ᠶᠢ ᠬᠡᠯᠡᠯᠴᠡᠵᠦ ᠦᠯᠦ ᠪᠣᠯᠮᠣᠢ" ᠭᠡᠰᠡᠨ ᠴᠠᠬᠢᠯᠭᠠᠨ ᠢ ᠮᠣᠩᠭᠣᠯ ᠤᠨ ᠪᠦᠭᠦᠳᠡ ᠶᠡᠷᠦᠩᠬᠡᠶᠢᠯᠡᠨ ᠵᠠᠬᠢᠷᠬᠤ ᠶᠠᠮᠤᠨ ᠳᠤ ᠶᠠᠪᠤᠭᠤᠯᠵᠤ᠂ ᠰᠠᠨᠠᠭᠰᠠᠨ ᠢᠶᠠᠷ ᠢᠶᠠᠨ ᠪᠣᠯᠭᠠᠵᠠᠢ᠃

ᠮᠣᠩᠭᠣᠯ ᠤᠨ ᠲᠥᠯᠥᠭᠡᠯᠡᠭᠴᠢᠳ ᠨᠡᠶᠢᠲᠡ ᠮᠣᠩᠭᠣᠯᠴᠤᠳ ᠢ ᠬᠠᠮᠤᠷᠤᠭᠰᠠᠨ ᠲᠤᠰᠠᠭᠠᠷ ᠮᠣᠩᠭᠣᠯ ᠤᠯᠤᠰ ᠤᠨ ᠬᠢᠯᠢ ᠶᠢ ᠵᠠᠭᠠᠭᠯᠠᠨ ᠲᠣᠭᠲᠠᠭᠠᠬᠤ ᠳᠤ ᠪᠠᠨ ᠣᠷᠣᠰ ᠤᠯᠤᠰ ᠤᠨ ᠵᠠᠰᠠᠭ ᠤᠨ ᠭᠠᠵᠠᠷ᠂ ᠲᠦᠷᠦᠭᠦᠴᠢ ᠶᠢᠨ ᠮᠠᠨᠵᠤ ᠶᠢᠨ ᠵᠠᠰᠠᠭ ᠤᠨ ᠭᠠᠵᠠᠷ ᠠᠴᠠ ᠭᠠᠷᠭᠠᠭᠰᠠᠨ ᠬᠢᠯᠢ ᠬᠢᠵᠠᠭᠠᠷ ᠤᠨ ᠭᠠᠵᠠᠷ ᠤᠨ ᠵᠢᠷᠤᠭ ᠤᠨ ᠳᠠᠭᠠᠤ ᠨᠠᠷᠢᠪᠴᠢᠯᠠᠨ ᠰᠢᠯᠭᠠᠵᠤ ᠲᠣᠭᠲᠠᠭᠠᠬᠤ᠂ ᠣᠷᠣᠰ ᠮᠣᠩᠭᠣᠯ ᠬᠣᠶᠠᠷ ᠤᠯᠤᠰ ᠤᠨ ᠬᠢᠯᠢ ᠶᠢ ᠤᠯᠠᠭᠠᠨ ᠰᠢᠷ᠎ᠠ ᠥᠩᠭᠡ ᠪᠡᠷ ᠲᠡᠮᠳᠡᠭᠯᠡᠬᠦ᠂ ᠬᠢᠲᠠᠳ ᠮᠣᠩᠭᠣᠯ ᠤᠯᠤᠰ ᠤᠨ ᠬᠢᠯᠢ ᠶᠢ ᠪᠣᠷᠣ ᠰᠢᠷᠭᠠᠯ ᠥᠩᠭᠡ ᠪᠡᠷ ᠲᠡᠮᠳᠡᠭᠯᠡᠵᠦ ᠭᠠᠷ ᠤᠨ ᠦᠰᠦᠭ ᠲᠠᠮᠠᠭ᠎ᠠ ᠳᠠᠷᠤᠵᠤ ᠪᠠᠲᠤᠯᠠᠭᠠᠵᠢᠭᠤᠯᠬᠤ ᠶᠢ ᠵᠣᠷᠢᠭᠰᠠᠨ ᠪᠠᠶᠢᠨ᠎ᠠ᠃ ᠮᠠᠨᠵᠤ᠂ ᠣᠷᠣᠰ ᠤᠨ ᠬᠢᠭᠰᠡᠨ ᠭᠠᠵᠠᠷ ᠤᠨ ᠵᠢᠷᠤᠭ ᠤᠳ ᠨᠢ ᠡᠷᠲᠡᠨ ᠡᠴᠡ ᠠᠮᠢᠳᠤᠷᠠᠵᠤ ᠢᠷᠡᠭᠰᠡᠨ ᠭᠠᠵᠠᠷ ᠨᠤᠲᠤᠭ ᠢᠶᠠᠨ ᠲᠡᠮᠳᠡᠭᠯᠡᠵᠦ ᠢᠷᠡᠭᠰᠡᠨ ᠮᠣᠩᠭᠣᠯᠴᠤᠳ ᠤᠨ ᠥᠪᠡᠷᠮᠢᠴᠡ ᠭᠠᠵᠠᠷ ᠤᠨ ᠵᠢᠷᠤᠭ ᠲᠠᠢ ᠣᠶᠢᠷᠠᠯᠴᠠᠭ᠎ᠠ ᠪᠠᠶᠢᠭᠰᠠᠨ ᠪᠣᠯᠤᠯᠲᠠᠢ᠃ ᠮᠣᠩᠭᠣᠯᠴᠤᠳ ᠤᠨ ᠭᠠᠵᠠᠷ ᠤᠨ ᠵᠢᠷᠤᠭ ᠨᠢ ᠬᠢᠯᠢ ᠶᠢᠨ ᠣᠪᠣᠭ᠎ᠠ ᠨᠢᠭᠡ ᠪᠦᠷᠢ ᠶᠢ ᠨᠠᠷᠢᠨ ᠲᠣᠳᠣᠷᠬᠠᠶᠢᠯᠠᠭᠰᠠᠨ ᠵᠢᠷᠤᠭ ᠤᠨ ᠥᠭᠦᠯᠡᠯ ᠴᠧᠰᠧ ᠬᠡᠮᠡᠬᠦ ᠪᠠᠷᠢᠮᠲᠠ ᠪᠢᠴᠢᠭ ᠲᠦ ᠦᠨᠳᠦᠰᠦᠯᠡᠭᠰᠡᠨ᠂ ᠶᠡᠬᠡ ᠲᠥᠯᠥᠪ ᠤᠯᠠᠭᠠᠨ ᠢᠶᠠᠷ ᠬᠢᠯᠢ ᠶᠢᠨ ᠵᠠᠭᠠᠭ ᠱᠤᠭᠤᠮ᠂ ᠬᠠᠷᠠᠭᠤᠯ᠂ ᠥᠷᠲᠡᠭᠡ ᠵᠡᠷᠭᠡ ᠶᠢ ᠵᠢᠷᠤᠭᠰᠠᠨ ᠪᠠᠶᠢᠳᠠᠭ ᠪᠠᠶᠢᠪᠠ᠃ ᠭᠡᠪᠡᠴᠦ ᠣᠯᠠᠨ ᠤᠯᠤᠰ ᠤᠨ ᠵᠢᠱᠢᠭ ᠢᠶᠡᠷ ᠬᠢᠭᠰᠡᠨ ᠵᠢᠷᠤᠭ ᠪᠠᠶᠢᠭᠰᠠᠨ ᠦᠭᠡᠢ᠃ᠰᠢᠨ᠎ᠡ ᠲᠤᠯᠭᠤᠷ ᠲᠥᠷᠥ ᠶᠢᠨ ᠭᠠᠳᠠᠭᠠᠳᠤ ᠪᠠᠶᠢᠳᠠᠯ ᠲᠤᠩ ᠡᠭᠡᠵᠢᠭᠲᠡᠢ ᠪᠠᠶᠢᠭᠰᠠᠨ ᠪᠥᠭᠡᠳ ᠣᠯᠠᠨ ᠤᠯᠤᠰ ᠲᠤ ᠲᠤᠰᠠᠭᠠᠷ ᠲᠣᠭᠲᠠᠨᠢᠯ ᠢᠶᠠᠨ ᠬᠦᠯᠢᠶᠡᠨ ᠵᠥᠪᠰᠢᠶᠡᠷᠡᠭᠦᠯᠬᠦ ᠶᠢᠨ ᠲᠥᠯᠥᠭᠡ ᠶᠡᠬᠡᠬᠡᠨ ᠬᠦᠴᠦ ᠴᠢᠷᠮᠠᠶᠢᠯᠲᠠ ᠲᠠᠯᠪᠢᠵᠤ ᠪᠠᠶᠢᠭᠰᠠᠨ ᠶᠤᠮ᠃ ᠭᠡᠪᠡᠴᠦ 1915 ᠣᠨ ᠳᠤ ᠬᠢᠲᠠᠳ᠂ ᠣᠷᠣᠰ᠂ ᠮᠣᠩᠭᠣᠯ ᠭᠤᠷᠪᠠᠨ ᠤᠯᠤᠰ ᠤᠨ ᠭᠡᠷ᠎ᠡ ᠭᠡᠳᠡᠭ ᠢᠶᠡᠷ ᠮᠣᠩᠭᠣᠯ ᠍ ᠢ ᠬᠢᠲᠠᠳ ᠍ ᠤᠨ ᠠᠦ᠋ᠲ᠋ᠣᠨᠣᠮᠢᠲᠤ ᠤᠯᠤᠰ ᠪᠣᠯᠭᠠᠬᠤ ᠶᠢ ᠲᠤᠯᠭᠠᠭᠰᠠᠨ ᠪᠣᠯᠪᠠᠴᠤ ᠮᠣᠩᠭᠣᠯ ᠤᠨ ᠲᠥᠯᠥᠭᠡᠯᠡᠭᠴᠢᠳ ᠡᠭᠦᠨ ᠢ ᠦᠯᠦ ᠵᠥᠪᠰᠢᠶᠡᠷᠡᠴᠢ᠂ ᠬᠢᠲᠠᠳ ᠍ ᠤᠨ ᠰᠦ᠋ᠽᠧᠷᠨᠢᠲ᠋ᠧᠲ ᠢ ᠵᠥᠪᠰᠢᠶᠡᠷᠡᠨ᠎ᠡ ᠭᠡᠳᠡᠭ ᠢᠶᠡᠨ ᠭᠡᠷᠢᠶᠡᠨ ᠳᠦ ᠲᠤᠰᠬᠠᠨ ᠪᠢᠴᠢᠭᠰᠡᠨ ᠪᠠᠶᠢᠨ᠎ᠠ᠃ᠭᠤᠷᠪᠠᠨ ᠡᠲᠡᠭᠡᠳ ᠥᠪᠡᠷ ᠥᠪᠡᠷ ᠦᠨ ᠪᠠᠶᠢᠷᠢ ᠰᠠᠭᠤᠷᠢ ᠪᠠᠨ ᠪᠠᠷᠢᠮᠲᠠᠯᠠᠭᠰᠠᠭᠠᠷ ᠪᠠᠶᠢᠭᠰᠠᠨ ᠲᠤᠯᠠ ᠬᠡᠯᠡᠯᠴᠡᠭᠡᠷ ᠮᠤᠬᠤᠷᠳᠠᠯ ᠳᠤ ᠣᠷᠣᠵᠤ ᠪᠠᠶᠢᠪᠠ᠃ ᠭᠡᠪᠡᠴᠦ ᠶᠠᠫᠣᠨ ᠤ ᠲᠦᠷᠢᠮᠡᠭᠡᠶᠢᠯᠡᠯ ᠳᠦ ᠰᠢᠬᠠᠭᠳᠠᠵᠤ ᠪᠠᠶᠢᠭᠰᠠᠨ ᠬᠢᠲᠠᠳ᠂ ᠬᠦᠴᠦᠩᠳᠡ ᠠᠪᠲᠠᠭᠳᠠᠭᠰᠠᠨ ᠮᠣᠩᠭᠣᠯ ᠢ ᠭᠡᠷᠢᠶᠡᠨ ᠳᠦ ᠭᠠᠷ ᠤᠨ ᠦᠰᠦᠭ ᠵᠢᠷᠤᠭᠤᠯᠬᠤ ᠲᠠᠯ᠎ᠠ ᠪᠠᠷ ᠣᠷᠣᠰ ᠤᠯᠤᠰ ᠴᠢᠷᠮᠠᠶᠢᠯᠲᠠ ᠭᠠᠷᠭᠠᠭᠰᠠᠨ ᠤ ᠳᠦᠩ ᠳᠦ ᠬᠡᠯᠡᠯᠴᠡᠭᠡᠷ ᠳᠠᠭᠤᠰᠤᠭᠰᠠᠨ ᠪᠠᠶᠢᠨ᠎ᠠ᠃ᠡᠨᠡ ᠭᠡᠷ᠎ᠡ ᠪᠡᠷ ᠲᠣᠭᠲᠠᠭᠠᠭᠰᠠᠨ ᠮᠣᠩᠭᠣᠯ ᠤᠨ ᠠᠦ᠋ᠲ᠋ᠣᠨᠣᠮᠢ ᠶᠢ 1919 ᠣᠨ ᠳᠤ ᠬᠢᠲᠠᠳ ᠍ ᠤᠨ ᠭᠧᠨᠧᠷᠠᠯ ᠰᠶᠤ ᠱᠥᠵᠠᠨ ᠶᠡᠬᠡ ᠬᠦᠷᠢᠶᠡᠨ ᠳᠦ ᠬᠠᠯᠠᠳᠠᠨ ᠣᠷᠣᠰᠣᠨ ᠢᠶᠠᠷ ᠤᠨᠠᠭᠠᠵᠠᠢ᠃ ᠡᠨᠡᠬᠦ ᠬᠠᠯᠳᠠᠯᠭ᠎ᠠ ᠨᠢ ᠨᠡᠶᠢᠲᠡ ᠮᠣᠩᠭᠣᠯᠴᠤᠳ ᠤᠨ ᠳᠤᠷᠠᠭᠦᠶᠢᠴᠡᠯ ᠢ ᠬᠦᠷᠭᠡᠵᠦ ᠶᠡᠬᠡ ᠬᠦᠷᠢᠶ᠎ᠡᠨᠳ ᠤᠯᠤᠰ ᠲᠥᠷᠥᠡᠶᠢᠨ ᠨᠢᠭᠤᠴᠠ ᠪᠦᠯᠬᠦᠮ ᠦᠳ ᠪᠠᠶᠢᠭᠤᠯᠤᠭᠳᠠᠪᠠ᠃ ᠡᠨᠡᠬᠦ ᠬᠣᠶᠠᠷ ᠪᠦᠯᠦᠭ ᠦᠨ ᠦᠢᠯᠡ ᠠᠵᠢᠯᠯᠠᠭᠠᠨ ᠤ ᠦᠷ᠎ᠡ ᠳ᠋ᠦᠩ ᠳᠦ 1921 ᠣᠨ ᠳᠤ ᠬᠤᠪᠢᠰᠬᠠᠯ ᠭᠠᠷᠴᠤ ᠵᠥᠪᠯᠡᠯᠲᠦ ᠣᠷᠣᠰ ᠍ ᠤᠨ ᠳᠡᠮᠵᠢᠯᠭᠡ ᠲᠡᠢ ᠪᠡᠷ ᠲᠤᠰᠠᠭᠠᠷ ᠲᠣᠭᠲᠠᠨᠢᠯ ᠢᠶᠠᠨ ᠳᠠᠬᠢᠨ ᠵᠠᠷᠯᠠᠵᠤ ᠴᠢᠳᠠᠭᠰᠠᠨ ᠶᠤᠮ᠃ ᠮᠥᠨ ᠭᠡᠷᠢᠶᠡᠨ ᠳᠦ ᠭᠠᠳᠠᠭᠠᠳᠤ ᠮᠣᠩᠭᠣᠯ ᠤᠨ ᠬᠢᠯᠢ ᠬᠢᠵᠠᠭᠠᠷ ᠢ ᠶᠡᠷᠦᠩᠬᠡᠢ ᠳᠤ ᠪᠡᠨ ᠬᠠᠮᠢᠭ᠎ᠠ ᠠᠴᠠ ᠬᠠᠮᠢᠭ᠎ᠠ ᠬᠦᠷᠬᠦ ᠶᠢ ᠲᠣᠳᠣᠷᠬᠠᠶᠢᠯᠠᠭᠠᠳ᠂ ᠭᠠᠷ ᠤᠨ ᠦᠰᠦᠭ ᠵᠢᠷᠤᠭᠰᠠᠨ ᠠᠴᠠ ᠬᠣᠶᠢᠰᠢ 2 ᠵᠢᠯ ᠦᠨ ᠳᠣᠲᠣᠷ᠎ᠠ ᠭᠤᠷᠪᠠᠨ ᠲᠠᠯ᠎ᠠ ᠶᠢᠨ ᠲᠥᠯᠥᠭᠡᠯᠡᠭᠴᠢᠳ ᠣᠷᠣᠯᠴᠠᠭᠰᠠᠨ ᠲᠤᠰᠬᠠᠢ ᠺᠣᠮᠢᠰ ᠨᠠᠷᠢᠪᠴᠢᠯᠠᠨ ᠲᠣᠳᠣᠳᠬᠠᠬᠤ ᠪᠠᠷ ᠲᠣᠭᠲᠠᠭᠠᠴᠠᠢ᠃ ᠡᠨᠡ ᠵᠢᠭᠠᠯᠲᠠ ᠬᠡᠷᠡᠭᠵᠢᠯ ᠦᠭᠡᠢ ᠶᠠᠪᠤᠭᠰᠠᠭᠠᠷ 1945 ᠣᠨ ᠳᠤ ᠵᠥᠪᠯᠡᠯᠲᠦ ᠰᠣᠴᠢᠶᠠᠯᠢᠰᠲᠤ ᠪᠦᠭᠦᠳᠡ ᠨᠠᠶᠢᠷᠠᠮᠳᠠᠬᠤ ᠬᠣᠯᠪᠣᠭᠠᠲᠤ ᠤᠯᠤᠰ᠂ ᠠᠮᠧᠷᠢᠺᠠ ᠶᠢᠨ ᠨᠢᠭᠡᠳᠦᠭᠰᠡᠨ ᠤᠯᠤᠰ᠂ ᠠᠩᠭᠯᠢ ᠭᠤᠷᠪᠠᠨ ᠶᠡᠬᠡ ᠭᠦᠷᠦᠨ ᠦ ᠤᠳᠤᠷᠢᠳᠤᠭᠴᠢᠳ ᠤᠨ ᠶᠠᠯᠠᠲᠤ ᠶᠢᠨ ᠪᠠᠭ᠎ᠠ ᠬᠤᠷᠠᠯ ᠳᠡᠭᠡᠷ᠎ᠡ ᠳᠠᠶᠢᠨ ᠤ ᠳᠠᠷᠠᠭ᠎ᠠ ᠭᠠᠳᠠᠭᠠᠳᠤ ᠮᠣᠩᠭᠣᠯ ᠤᠨ (ᠪᠦᠭᠦᠳᠡ ᠨᠠᠶᠢᠷᠠᠮᠳᠠᠬᠤ ᠮᠣᠩᠭᠣᠯ ᠠᠷᠠᠳ ᠤᠯᠤᠰ ᠍ ᠤᠨ) ᠰᠲ᠋ᠠᠲ᠋ᠦ᠋ᠰ ᠺᠸ᠎ᠠ ᠶᠢ ᠣᠳᠣ ᠶᠢᠨ ᠪᠠᠶᠢᠭ᠎ᠠ ᠬᠢᠯᠢ ᠪᠡᠷ ᠨᠢ ᠲᠣᠭᠲᠠᠭᠠᠬᠤ ᠰᠢᠢᠳᠪᠦᠷᠢ ᠭᠠᠷᠭᠠᠭᠰᠠᠨ ᠪᠠᠶᠢᠨ᠎ᠠ᠃

ᠰᠤᠶᠤᠯ[ᠵᠠᠰᠠᠪᠤᠷᠢᠯᠠᠬᠤ | ᠺᠣᠳ᠋ ᠢᠶᠠᠷ ᠵᠠᠰᠠᠬᠣ]

ᠨᠡᠶᠢᠭᠡᠮ[ᠵᠠᠰᠠᠪᠤᠷᠢᠯᠠᠬᠤ | ᠺᠣᠳ᠋ ᠢᠶᠠᠷ ᠵᠠᠰᠠᠬᠣ]

ᠡᠳ᠋ ᠍ ᠦᠨ ᠵᠠᠰᠠᠭ[ᠵᠠᠰᠠᠪᠤᠷᠢᠯᠠᠬᠤ | ᠺᠣᠳ᠋ ᠢᠶᠠᠷ ᠵᠠᠰᠠᠬᠣ]

ᠨᠡᠮᠡᠵᠦ ᠤᠩᠰᠢᠬᠤ[ᠵᠠᠰᠠᠪᠤᠷᠢᠯᠠᠬᠤ | ᠺᠣᠳ᠋ ᠢᠶᠠᠷ ᠵᠠᠰᠠᠬᠣ]

ᠵᠢᠷᠤᠭ[ᠵᠠᠰᠠᠪᠤᠷᠢᠯᠠᠬᠤ | ᠺᠣᠳ᠋ ᠢᠶᠠᠷ ᠵᠠᠰᠠᠬᠣ]

ᠪᠢᠴᠢᠭᠡᠰᠦ