ᠪᠣᠯᠢᠪᠢ

ᠴᠢᠯᠦᠭᠡᠲᠦ ᠨᠡᠪᠲᠡᠷᠬᠡᠢ ᠲᠣᠯᠢ — ᠸᠢᠺᠢᠫᠧᠳᠢᠶ᠎ᠠ ᠠᠴᠠ
— «ᠪᠣᠯᠢᠪᠠ» ᠭᠡᠳ ᠬᠣᠯᠪᠣᠭᠳᠠᠪᠠ —
ᠬᠠᠷᠠᠶᠢᠬᠤ: ᠤᠳᠤᠷᠢᠳᠬᠤ, ᠬᠠᠶᠢᠯᠲᠠ
ᠪᠣᠯᠢᠪ ᠦᠨ ᠣᠯᠠᠨ ᠦᠨᠳᠦᠰᠦᠲᠡᠨ ᠦ ᠤᠯᠤᠰ
ᠲᠥᠷᠥ ᠶᠢᠨ ᠳᠠᠯᠪᠠᠭ᠎ᠠ ᠲᠥᠷᠥ ᠶᠢᠨ ᠰᠦᠯᠳᠡ
ᠤᠷᠢᠶ᠎ᠠ: ¡La unión es la fuerza!
"ᠡᠪᠯᠡᠪᠡᠯ ᠬᠦᠴᠦᠲᠡᠢ"
ᠲᠥᠷᠥ ᠵᠠᠰᠠᠭ ᠶᠡᠷᠦᠩᠬᠡᠶᠢᠯᠡᠭᠴᠢ ᠶᠢᠨ ᠵᠠᠰᠠᠭᠯᠠᠯ ᠲᠠᠢ ᠨᠢᠭᠡᠳᠦᠭᠰᠡᠨ᠂ ᠪᠦᠭᠦᠳᠡ ᠨᠠᠶᠢᠷᠠᠮᠳᠠᠬᠤ ᠤᠯᠤᠰ
 -  ᠶᠡᠷᠦᠩᠬᠡᠶᠢᠯᠡᠭᠴᠢ ᠬᠤᠸᠠ ᠶᠢᠨ ᠡᠪᠠ ᠮᠣᠷᠠᠯᠧᠰ ᠠᠶᠢᠮᠠ
 -  ᠳᠡᠳ᠋ ᠶᠡᠷᠦᠩᠬᠡᠶᠢᠯᠡᠭᠴᠢ ᠠᠯᠸᠠᠷᠣ ᠭᠠᠷᠰᠢᠶᠠ
 -  ᠭᠠᠳᠠᠷᠭᠤ ᠶᠢᠨ ᠤᠰᠤ (%) 1.29
ᠬᠦᠮᠦᠨ ᠠᠮᠠ
 -  ᠲᠣᠭᠠᠴᠠᠭ᠎ᠠ () 10,907,778[1] 
 -  ᠲᠣᠭᠠᠯᠠᠯᠭ᠎ᠠ () 8,280,184 
ᠬᠡᠦᠬᠡᠳ ᠦᠨ ᠬᠥᠭᠵᠢᠯ ᠦᠨ ᠢᠨᠳᠧᠺᠰ  0.729[2] (113)
ᠮᠥᠩᠭᠥᠨ ᠦ ᠨᠢᠭᠡᠴᠡ ᠪᠣᠯᠢᠪᠢ ᠪᠠᠨᠨᠣ )
ᠴᠠᠭ ᠤᠨ ᠪᠥᠰᠡ -4
ᠤᠲᠠᠰᠤᠨ ᠤ ᠲᠣᠮᠢᠶ᠎ᠠ 591

ᠺ ᠢᠶᠠᠷᠳᠤᠨ᠎ᠠ ᠳᠤ: 16°42′43″S 64°39′58″W / 16.712°S 64.666°W / -16.712; -64.666 ᠪᠣᠯᠢᠪᠢ (ᠢᠰᠫᠠᠨᠢ ᠪᠠᠷ Bolivia), ᠠᠯᠪᠠᠨ ᠶᠣᠰᠣᠭᠠᠷ ᠪᠣᠯᠢᠪ ᠦᠨ ᠣᠯᠠᠨ ᠦᠨᠳᠦᠰᠦᠲᠡᠨ ᠦ ᠤᠯᠤᠰ,[3][4] (ᠢᠰᠫᠠᠨᠢ ᠪᠠᠷ Estado Plurinacional de Bolivia) ᠨᠢ ᠡᠮᠦᠨᠡᠲᠦ ᠠᠮᠧᠷᠢᠺᠠᠡᠶᠢᠨ ᠲᠥᠪ ᠬᠡᠰᠡᠭ ᠲᠦ ᠤᠷᠤᠰᠢᠬᠤ᠂ ᠳᠠᠯᠠᠢ ᠳᠤ ᠭᠠᠷᠤᠴᠠ ᠦᠭᠡᠢ ᠤᠯᠤᠰ ᠶᠤᠮ᠃ ᠬᠣᠶᠢᠳᠤ ᠪᠣᠯᠤᠨ ᠵᠡᠭᠦᠨ ᠲᠠᠯ᠎ᠠ ᠪᠠᠷ ᠢᠶᠠᠨ ᠪᠷᠠᠽᠢᠯ᠂ ᠡᠮᠦᠨ᠎ᠡ ᠲᠠᠯ᠎ᠠ ᠪᠠᠷ ᠢᠶᠠᠨ ᠫᠠᠷᠠᠭᠪᠠᠢᠠᠷᠭᠸᠨ᠋ᠲ᠋ᠢᠨ᠂ ᠪᠠᠷᠠᠭᠤᠨ ᠲᠠᠯ᠎ᠠ ᠪᠠᠷ ᠢᠶᠠᠨ ᠴᠢᠯᠢᠫᠧᠷᠤᠲᠠᠢ ᠬᠢᠯᠢᠯᠡᠨ᠎ᠡ᠃

ᠧᠦ᠋ᠷᠣᠫᠠ ᠶᠢᠨ ᠺᠣᠯᠣᠨᠢᠴᠢᠯᠠᠯ ᠠᠴᠠ ᠡᠮᠦᠨ᠎ᠡ ᠪᠣᠯᠢᠪ ᠦᠨ ᠠᠨᠳᠠ ᠶᠢᠨ ᠪᠥᠰᠡ ᠨᠤᠲᠤᠭ ᠨᠢ ᠺᠣᠯᠤᠮᠪᠢᠶ ᠠ ᠠᠴᠠ ᠡᠮᠦᠨᠡᠬᠢ ᠠᠮᠧᠷᠢᠺᠠᠡᠶᠢᠨ ᠬᠠᠮᠤᠭ ᠤᠨ ᠲᠣᠮᠣ ᠤᠯᠤᠰ ᠪᠣᠯᠬᠤ ᠢᠨᠺ ᠤᠨ ᠡᠵᠡᠨᠲᠦ ᠤᠯᠤᠰ ᠍ ᠤᠨ ᠪᠦᠷᠢᠯᠳᠦᠬᠦᠨ ᠳᠦ ᠪᠠᠭᠳᠠᠵᠣ ᠪᠠᠶᠢᠪᠠ᠃ 16 ᠍ ᠳᠦᠭᠡᠷ ᠵᠠᠭᠤᠨ ᠳᠤ ᠢᠰᠫᠠᠨᠢ ᠶᠢᠨ ᠡᠵᠡᠨᠲᠦ ᠤᠯᠤᠰ ᠲᠤᠰ ᠨᠤᠲᠤᠭ ᠢ ᠡᠵᠡᠯᠡᠵᠡᠢ᠃ ᠢᠰᠫᠠᠨᠢ ᠶᠢᠨ ᠺᠣᠯᠣᠨᠢᠴᠢᠯᠠᠯ ᠤᠨ ᠶᠡᠬᠡᠩᠬᠢ ᠦᠶ᠎ᠡ ᠳᠦ ᠡᠨᠡᠬᠦ ᠨᠤᠲᠤᠭ ᠳᠡᠪᠢᠰᠬᠡᠷ ᠢ ᠳᠡᠭᠡᠳᠦ ᠫᠧᠷᠤ ᠪᠤᠶᠤ ᠴᠠᠷᠺ ᠠᠴᠠ ᠭᠡᠵᠦ ᠨᠡᠷᠡᠯᠡᠨ᠂ ᠢᠰᠫᠠᠨᠢ ᠶᠢᠨ ᠡᠮᠦᠨᠡᠲᠦ ᠠᠮᠧᠷᠢᠺᠠ ᠳᠠᠬᠢ ᠺᠣᠯᠣᠨᠢ ᠨᠤᠭᠤᠳ ᠤᠨ ᠶᠡᠬᠡᠩᠬᠢ ᠶᠢ ᠪᠠᠭᠲᠠᠭᠠᠭᠰᠠᠨ ᠫᠧᠷᠤ ᠶᠢᠨ ᠳᠡᠳ᠋ ᠸᠠᠩᠲᠤ ᠤᠯᠤᠰᠠ ᠠᠴᠠ ᠵᠠᠬᠢᠷᠳᠠᠭ ᠪᠠᠶᠢᠪᠠ᠃ 1809 ᠣᠨ ᠳᠤ ᠲᠤᠰᠠᠭᠠᠷ ᠲᠣᠭᠲᠠᠨᠢᠯ ᠢᠶᠠᠨ ᠵᠠᠷᠯᠠᠨ᠂ 16 ᠵᠢᠯ ᠦᠨ ᠢᠷᠭᠡᠨ ᠦ ᠳᠠᠶᠢᠨ ᠤ ᠡᠴᠦᠰ ᠲᠦ 1825 ᠣᠨ ᠤ 8 ᠰᠠᠷ᠎ᠠ ᠶᠢᠨ 6 ᠍ ᠳᠦ ᠰᠢᠮᠣᠨ ᠪᠣᠯᠢᠪᠤᠷ ᠍ ᠤᠨ ᠨᠡᠷ᠎ᠡ ᠪᠡᠷ ᠨᠡᠷᠡᠯᠡᠭᠰᠡᠨ ᠪᠦᠭᠦᠳᠡ ᠨᠠᠶᠢᠷᠠᠮᠳᠠᠬᠤ ᠤᠯᠤᠰ ᠢᠶᠠᠨ ᠲᠥᠪᠬᠢᠨᠡᠭᠦᠯᠵᠦ ᠴᠢᠳᠠᠵᠠᠢ᠃ ᠪᠣᠯᠢᠪᠢ ᠤᠯᠤᠰ ᠨᠢ ᠪᠠᠶᠢᠭᠤᠯᠤᠭᠳᠠᠭᠰᠠᠨ ᠴᠠᠭ ᠠᠴᠠ ᠪᠠᠨ ᠬᠣᠶᠢᠰᠢ ᠤᠯᠤᠰ ᠲᠥᠷᠥ ᠶᠢᠨ ᠲᠣᠭᠲᠠᠪᠤᠷᠢ ᠦᠭᠡᠢ ᠪᠠᠶᠢᠳᠠᠯ᠂ ᠳᠠᠷᠤᠩᠭᠤᠶᠢᠯᠠᠯ᠂ ᠡᠳ᠋ ᠍ ᠦᠨ ᠵᠠᠰᠠᠭ ᠤᠨ ᠬᠦᠨᠳᠦ ᠬᠡᠴᠡᠭᠦᠦ ᠪᠠᠶᠢᠳᠠᠯ ᠳᠤᠮᠳᠠ ᠪᠠᠶᠢᠭᠰᠠᠭᠠᠷ ᠢᠷᠡᠭᠰᠡᠨ᠃

ᠡᠳᠦᠭᠡ ᠪᠣᠯᠢᠪᠢ ᠤᠯᠤᠰ ᠨᠢ 8 ᠳ᠋ᠧᠫᠠᠲ᠋ᠮᠧᠨᠲ ᠪᠤᠶᠤ ᠮᠤᠵᠢ ᠠᠴᠠ ᠲᠣᠭᠲᠠᠬᠤ ᠠᠷᠠᠳᠴᠢᠯᠠᠭᠰᠠᠨ ᠤᠯᠤᠰ ᠪᠣᠯᠤᠨ᠎ᠠ᠃ ᠪᠠᠷᠠᠭᠤᠨ ᠬᠡᠰᠡᠭ ᠢᠶᠡᠷ ᠨᠢ ᠠᠨᠳᠠ ᠶᠢᠨ ᠨᠢᠷᠤᠭᠤᠨ ᠤ ᠥᠨᠳᠥᠷ ᠰᠦᠷᠯᠢᠭ ᠠᠤᠯᠠᠯᠠᠰ ᠳᠦᠩᠬᠦᠶᠢᠵᠦ᠂ ᠵᠡᠭᠦᠨ ᠬᠡᠰᠡᠭ ᠢᠶᠡᠷ ᠨᠢ ᠠᠮᠠᠽᠣᠨ ᠮᠥᠷᠡᠨ ᠦ ᠠᠢ ᠰᠠᠪᠠ ᠳᠤ ᠪᠠᠭᠠᠳᠬᠤ ᠨᠠᠮ ᠳᠣᠣᠷ᠎ᠠ ᠭᠠᠵᠠᠷ ᠲᠠᠢ᠃ ᠬᠥᠭᠵᠢᠵᠦ ᠪᠤᠢ ᠲᠤᠰ ᠣᠷᠣᠨ ᠬᠦᠮᠦᠨ ᠦ ᠬᠥᠭᠵᠢᠯ ᠦᠨ ᠢᠨᠳᠧᠺᠰ ᠦᠨ ᠵᠡᠷᠭᠡᠯᠡᠯ ᠢᠶᠡᠷ ᠳᠤᠮᠳᠠᠴᠢ ᠲᠦᠪᠰᠢᠨ ᠳᠦ ᠪᠠᠭᠠᠳᠬᠤ ᠪᠥᠭᠡᠳ ᠶᠠᠳᠠᠭᠤᠷᠠᠯ 60% ᠣᠷᠴᠢᠮ ᠬᠤᠪᠢ ᠲᠠᠢ᠃ ᠡᠳ᠋ ᠍ ᠦᠨ ᠵᠠᠰᠠᠭ ᠤᠨ ᠭᠣᠣᠯ ᠰᠠᠯᠪᠠᠷ ᠤᠳ ᠨᠢ ᠬᠥᠳᠡᠭᠡ ᠠᠵᠤ ᠠᠬᠤᠢ᠂ ᠣᠢ᠂ ᠵᠢᠭᠠᠰᠤᠨ ᠤ ᠠᠵᠤ ᠠᠬᠤᠢ᠂ ᠠᠭᠤᠯᠠ ᠠᠭᠤᠷᠬᠠᠢ᠂ ᠮᠥᠨ ᠰᠦᠯᠵᠢᠮᠡᠯ᠂ ᠣᠶᠣᠮᠠᠯ ᠡᠳ᠋ᠯᠡᠯ᠂ ᠮᠧᠲ᠋ᠠᠯᠯᠦ᠋ᠷᠭ᠂ ᠭᠠᠵᠠᠷ ᠤᠨ ᠲᠣᠰᠤᠨ ᠤ ᠦᠢᠯᠡᠳᠪᠦᠷᠢᠯᠡᠯ ᠪᠣᠯᠤᠨ᠎ᠠ᠃ ᠪᠣᠯᠢᠪᠢ ᠤᠯᠤᠰ ᠨᠢ ᠪᠠᠶᠢᠭᠠᠯᠢ ᠶᠢᠨ ᠪᠠᠶᠠᠯᠢᠭ ᠶᠡᠬᠡ ᠲᠡᠢ᠂ ᠢᠯᠠᠩᠭᠤᠶ᠎ᠠ ᠴᠠᠭᠠᠨ ᠲᠤᠭᠤᠯᠭ᠎ᠠ ᠡᠯᠪᠡᠭ ᠪᠠᠶᠢᠳᠠᠭ᠃

ᠪᠣᠯᠢᠪᠢ ᠤᠯᠤᠰ ᠤᠨ 10 ᠰᠠᠶ᠎ᠠ ᠣᠷᠴᠢᠮ ᠬᠦᠮᠦᠨ ᠠᠮᠠ ᠨᠢ ᠠᠮᠧᠷᠢᠨᠳᠢᠶᠠᠨ᠂ ᠮᠧᠰᠲ᠋ᠢᠴᠠ᠂ ᠧᠦ᠋ᠷᠣᠫᠠ᠂ ᠠᠽᠢᠶ᠎ᠠ᠂ ᠠᠹᠷᠢᠺᠠ ᠭᠡᠳ ᠣᠯᠠᠨ ᠶᠠᠩᠵᠤ ᠶᠢᠨ ᠤᠭᠰᠠᠭ᠎ᠠ ᠭᠠᠷᠤᠯ ᠲᠠᠢ ᠦᠨᠳᠦᠰᠦᠲᠡᠨ ᠨᠦᠭᠦᠳ ᠦᠨ ᠬᠣᠯᠢᠮᠠᠭ ᠪᠣᠯᠤᠨ᠎ᠠ᠃ ᠭᠣᠣᠯᠴᠢᠯᠠᠨ ᠢᠰᠫᠠᠨᠢ ᠬᠡᠯᠡ ᠪᠡᠷ ᠬᠡᠯᠡᠯᠴᠡᠬᠦ ᠲᠤᠰᠠ ᠠᠷᠠᠳ ᠲᠦᠮᠡᠨ ᠦ ᠳᠤᠮᠳᠠ ᠢᠰᠫᠠᠨᠢᠠᠶᠢᠮᠤᠷᠠᠺᠧᠴᠤᠸᠠ ᠭᠡᠰᠡᠨ ᠦᠨᠳᠦᠰᠦᠨ 3 ᠬᠡᠯᠡᠨ ᠡᠴᠡ ᠭᠠᠳᠠᠨ᠎ᠠ ᠠᠭᠤᠭᠤᠯ ᠢᠷᠭᠡᠳ ᠦᠨ 34 ᠬᠡᠯᠡ ᠶᠢ ᠠᠯᠪᠠᠨ ᠶᠣᠰᠣᠨ ᠤ ᠬᠡᠯᠡ ᠭᠡᠵᠦ ᠦᠵᠡᠳᠡᠭ᠃ ᠡᠶᠢᠨᠬᠦᠦ ᠣᠯᠠᠨ ᠬᠡᠯᠡ ᠰᠤᠶᠤᠯ ᠤᠨ ᠥᠯᠥᠭᠡᠢ ᠪᠣᠯᠤᠭᠰᠠᠨ ᠪᠣᠯᠢᠪᠢ ᠤᠯᠤᠰ ᠤᠨ ᠬᠣᠭᠣᠯᠠ ᠬᠦᠨᠡᠰᠦ᠂ ᠤᠷᠠᠯᠢᠭ᠂ ᠤᠳᠬ᠎ᠠ ᠵᠣᠬᠢᠶᠠᠯ᠂ ᠳᠠᠭᠤᠤ ᠬᠥᠭᠵᠢᠮ ᠨᠢ ᠠᠰᠤᠷᠤ ᠪᠠᠶᠠᠯᠢᠭ ᠪᠢᠯᠡ᠃

ᠡᠰᠢᠯᠡᠯ[ᠵᠠᠰᠠᠪᠤᠷᠢᠯᠠᠬᠤ | ᠺᠣᠳ᠋ ᠢᠶᠠᠷ ᠵᠠᠰᠠᠬᠣ]

  1. Bolivia. World Gazetteer. the original on 2013-01-19 ᠍ ᠰ ᠠᠷᠬᠢᠸᠯᠠᠭᠳᠠᠭᠰᠠᠨ᠃ 2010-01-07 ᠍ ᠳᠦ ᠬᠠᠨᠳᠤᠭᠰᠠᠨ᠃
  2. Human Development Report 2009: Bolivia. The United Nations. 2009-10-18 ᠍ ᠳᠦ ᠬᠠᠨᠳᠤᠭᠰᠠᠨ᠃
  3. http://www.who.int/countries/bol/en/
  4. http://data.un.org/CountryProfile.aspx?crName=Bolivia%20(Plurinational%20State%20of)
http://wiki.uhaan.com/index.php?title=ᠪᠣᠯᠢᠪᠢ&oldid=424936》 ᠍  ᠡᠴᠡ ᠠᠪᠤᠭᠰᠠᠨ

ᠪᠢᠴᠢᠭᠡᠰᠦ