ᠪᠦᠭᠦᠳᠡ ᠨᠠᠶᠢᠷᠠᠮᠳᠠᠬᠤ ᠤᠯᠤᠰ

ᠴᠢᠯᠦᠭᠡᠲᠦ ᠨᠡᠪᠲᠡᠷᠬᠡᠢ ᠲᠣᠯᠢ — ᠸᠢᠺᠢᠫᠧᠳᠢᠶ᠎ᠠ ᠠᠴᠠ
ᠬᠠᠷᠠᠶᠢᠬᠤ: ᠤᠳᠤᠷᠢᠳᠬᠤ, ᠬᠠᠶᠢᠯᠲᠠ

БҮГД НАЙРАМДАХ УЛС - ᠲᠡᠭᠦᠰ ᠪᠠᠶᠢᠳᠠᠯ ᠢᠶᠠᠷ ᠢᠶᠠᠨ ᠠᠩᠬ᠎ᠠ ᠮᠲᠡ᠃ V-IV ᠵᠠᠭᠤᠨ ᠤ ᠠᠹᠢᠩ ᠳᠦ ᠲᠣᠭᠲᠠᠭᠰᠠᠨ ᠪᠥᠭᠡᠳ ᠲᠥᠷᠥ ᠶᠢᠨ ᠵᠣᠬᠢᠶᠠᠨ ᠪᠠᠶᠢᠭᠤᠯᠤᠯᠲᠠ ᠶᠢᠨ ᠡᠷᠲᠡᠨ ᠦ ᠬᠡᠯᠪᠡᠷᠢ᠃ Resbublica ᠪᠤᠶᠤ ᠪᠦᠭᠦᠳᠡ ᠨᠠᠶᠢᠷᠠᠮᠳᠠᠬᠤ ᠵᠠᠰᠠᠭ ᠨᠢ ᠳᠠᠷᠠᠭᠠᠬᠢ ᠨᠡᠶᠢᠲᠡᠯᠢᠭ ᠰᠢᠨᠵᠢ ᠪᠦᠬᠦᠢ ᠡᠭᠦᠨ ᠳᠦ: - ᠲᠥᠷᠥ ᠶᠢᠨ ᠲᠡᠷᠢᠭᠦᠨ ᠪᠣᠯᠤᠨ ᠲᠥᠷᠥ ᠶᠢᠨ ᠵᠠᠰᠠᠭᠯᠠᠯ ᠤᠨ ᠳᠡᠭᠡᠳᠦ ᠪᠠᠶᠢᠭᠤᠯᠤᠯᠭ᠎ᠠ ᠨᠤᠭᠤᠳ ᠢ ᠠᠷᠠᠳ ᠲᠦᠮᠡᠨ ᠲᠣᠳᠣᠷᠬᠠᠢ ᠬᠤᠭᠤᠴᠠᠭ᠎ᠠ ᠪᠠᠷ ᠰᠣᠩᠭᠣᠨ᠎ᠠ᠃ - ᠲᠥᠷᠥ ᠶᠢᠨ ᠵᠠᠰᠠᠭᠯᠠᠯ ᠢ ᠡᠷᠬᠡ ᠪᠠᠷᠢᠭᠴᠢᠳ ᠥᠪᠡᠷ ᠦᠨ ᠦᠵᠡᠮᠵᠢ᠂ ᠬᠦᠰᠡᠯ ᠵᠣᠷᠢᠭ ᠢᠶᠠᠷ ᠪᠤᠰᠤ ᠠᠷᠠᠳ ᠲᠦᠮᠡᠨ ᠦ ᠳᠠᠭᠠᠭᠠᠯᠭᠠᠪᠤᠷᠢ᠂ ᠢᠲᠡᠭᠡᠯ ᠢᠶᠡᠷ ᠲᠡᠳᠡᠨ ᠦ ᠬᠢᠨᠠᠯᠲᠠ ᠳᠣᠣᠷ᠎ᠠ ᠬᠡᠷᠡᠭᠵᠢᠭᠦᠯᠦᠨ᠎ᠡ᠃ - ᠲᠥᠷᠥ ᠬᠢᠭᠡᠳ ᠲᠡᠭᠦᠨ ᠦ ᠲᠡᠷᠢᠭᠦᠨ ᠬᠠᠤᠯᠢ ᠳᠤ ᠵᠢᠭᠠᠭᠰᠠᠨ ᠤ ᠳᠠᠭᠠᠤ ᠬᠠᠤᠯᠢ ᠶᠢᠨ ᠪᠣᠯᠤᠨ ᠠᠷᠠᠳ ᠲᠦᠮᠡᠨ ᠦ ᠡᠮᠦᠨ᠎ᠡ ᠬᠠᠷᠢᠭᠤᠴᠠᠯᠭ᠎ᠠ ᠬᠦᠯᠢᠶᠡᠨ᠎ᠡ᠃

ᠲᠡᠦᠬᠡ[ᠵᠠᠰᠠᠪᠤᠷᠢᠯᠠᠬᠤ | ᠺᠣᠳ᠋ ᠢᠶᠠᠷ ᠵᠠᠰᠠᠬᠣ]

===ᠠᠹᠢᠨ ᠤ ᠪᠦᠭᠦᠳᠡ ᠨᠠᠶᠢᠷᠠᠮᠳᠠᠬᠤ ᠠᠷᠠᠳᠴᠢᠯᠠᠭᠰᠠᠨ ᠰᠢᠨᠵᠢ ᠪᠡᠷ ᠢᠶᠡᠨ ᠲᠡᠦᠬᠡᠨ ᠳᠦ ᠲᠡᠮᠳᠡᠭᠯᠡᠭᠳᠡᠨ ᠦᠯᠡᠳᠡᠵᠡᠢ᠃ ᠲᠥᠷᠥ ᠶᠢᠨ ᠪᠠᠶᠢᠭᠤᠯᠤᠯᠭ᠎ᠠ ᠨᠢ ᠠᠷᠠᠳ ᠤᠨ ᠬᠤᠷᠠᠯ᠂ ᠲᠠᠪᠤᠨ ᠵᠤᠤ ᠶᠢᠨ ᠵᠥᠪᠯᠡᠯ᠂ ᠠᠷᠧᠣᠫᠠᠭ ᠬᠡᠮᠡᠨ ᠨᠡᠷᠡᠯᠡᠳᠡᠭ ᠰᠢᠭᠦᠬᠦ ᠶᠢᠨ ᠪᠠᠶᠢᠭᠤᠯᠤᠯᠭ᠎ᠠ ᠪᠦᠬᠦᠢ ᠴᠡᠭᠴᠡ ᠵᠣᠬᠢᠶᠠᠨ ᠪᠠᠶᠢᠭᠤᠯᠤᠯᠲᠠ ᠲᠠᠢ ᠰᠢᠰᠲ᠋ᠧᠮ ᠪᠠᠶᠢᠪᠠ᠃

ᠢᠷᠭᠡᠳ ᠬᠢᠭᠡᠳ ᠲᠥᠷᠥ ᠶᠢᠨ ᠪᠦᠬᠦ ᠪᠠᠶᠢᠭᠤᠯᠤᠯᠭ᠎ᠠ᠂ ᠠᠯᠪᠠᠨ ᠲᠤᠰᠢᠶᠠᠯᠲᠠᠨ ᠢ ᠠᠷᠠᠳ ᠤᠨ ᠬᠤᠷᠠᠯ ᠵᠠᠬᠢᠷᠤᠨ᠎ᠠ᠃ ᠬᠤᠷᠠᠯ ᠳᠤ ᠬᠣᠷᠢᠨ ᠨᠠᠰᠤ ᠬᠦᠷᠦᠭᠰᠡᠨ ᠠᠹᠢᠨ ᠬᠣᠲᠠ ᠤᠯᠤᠰ ᠤᠨ ᠢᠷᠭᠡᠳ ᠤᠷᠤᠯᠴᠠᠬᠤ ᠡᠷᠬᠡ ᠲᠡᠢ᠃ ᠬᠠᠤᠯᠢ ᠪᠠᠲᠤᠯᠠᠬᠤ ᠨᠢ ᠬᠤᠷᠠᠯ ᠤᠨ ᠭᠣᠣᠯ ᠡᠭᠦᠷᠭᠡ ᠪᠥᠭᠡᠳ ᠮᠥᠨ ᠬᠣᠲᠠ ᠤᠯᠤᠰ ᠤᠨ ᠭᠠᠳᠠᠭᠠᠳᠤ᠂ ᠳᠣᠲᠣᠭᠠᠳᠤ ᠪᠣᠳᠣᠯᠭ᠎ᠠ᠂ ᠳᠠᠶᠢᠨ ᠡᠩᠬᠡ ᠶᠢᠨ ᠠᠰᠠᠭᠤᠳᠠᠯ ᠢ ᠲᠣᠭᠲᠠᠭᠠᠵᠤ᠂ ᠵᠠᠬᠢᠷᠭ᠎ᠠ᠂ ᠰᠢᠭᠦᠬᠦ ᠶᠢᠨ ᠠᠰᠠᠭᠤᠳᠠᠯ ᠢ ᠰᠢᠢᠳᠪᠦᠷᠢᠯᠡᠳᠡᠭ ᠪᠠᠶᠢᠪᠠ᠃

ᠬᠠᠷᠢᠨ ᠲᠠᠪᠤᠨ ᠵᠤᠤ ᠶᠢᠨ ᠵᠥᠪᠯᠡᠯ ᠨᠢ ᠬᠣᠲᠠ ᠤᠯᠤᠰ ᠤᠳ ᠤᠨ ᠲᠥᠯᠥᠭᠡᠯᠡᠭᠴᠢᠳ ᠡᠴᠡ ᠪᠦᠷᠢᠯᠳᠦᠳᠡᠭ ᠭᠦᠢᠴᠡᠳᠭᠡᠬᠦ ᠳᠡᠭᠡᠳᠦ ᠪᠠᠶᠢᠭᠤᠯᠤᠯᠭ᠎ᠠ ᠪᠥᠭᠡᠳ ᠲᠥᠷᠥ ᠶᠢᠨ ᠡᠳᠦᠷ ᠲᠤᠲᠤᠮ ᠤᠨ ᠦᠢᠯᠡ ᠠᠵᠢᠯᠯᠠᠭ᠎ᠠ ᠶᠢ ᠤᠳᠤᠷᠢᠳᠥᠳᠠᠭ ᠪᠠᠶᠢᠪᠠ᠃

ᠠᠷᠧᠣᠫᠠᠭ - ᠠᠷᠠᠳ ᠤᠨ ᠬᠤᠷᠠᠯ ᠤᠨ ᠰᠢᠢᠳᠪᠦᠷᠢ ᠶᠢ ᠥᠭᠡᠷᠡᠴᠢᠯᠡᠬᠦ᠂ ᠲᠠᠪᠤᠨ ᠵᠤᠤ ᠶᠢᠨ ᠵᠥᠪᠯᠡᠯ ᠪᠣᠯᠤᠨ ᠠᠯᠪᠠᠨ ᠲᠤᠰᠢᠶᠠᠯᠲᠠᠨ ᠤ ᠦᠢᠯᠡ ᠠᠵᠢᠯᠯᠠᠭ᠎ᠠ ᠶᠢ ᠬᠢᠨᠠᠬᠤ ᠡᠷᠬᠡ ᠲᠡᠢ᠂ ᠣᠨᠴᠠᠭᠠᠢ ᠨᠥᠯᠥᠭᠡ ᠪᠦᠬᠦᠢ ᠪᠠᠶᠢᠭᠤᠯᠤᠯᠭ᠎ᠠ᠃ ᠠᠷᠬᠠᠨ ᠳᠤ ᠬᠡᠮᠡᠬᠦ ᠨᠠᠰᠤᠨ ᠲᠤᠷᠰᠢ ᠲᠣᠮᠢᠯᠠᠭᠳᠠᠳᠠᠭ ᠥᠨᠳᠥᠷ ᠠᠯᠪᠠᠨ ᠲᠤᠰᠢᠶᠠᠯᠲᠠᠨ ᠨᠠᠷ ᠠᠴᠠ ᠪᠥᠷᠢᠳᠦᠨ᠎ᠡ᠃ ᠡᠹᠢᠯᠲᠡ ᠶᠢᠨ ᠰᠢᠨᠡᠴᠢᠯᠡᠯ ᠦᠨ ᠳᠠᠷᠠᠭ᠎ᠠ ᠤᠯᠤᠰ ᠲᠥᠷᠥ᠂ ᠬᠢᠨᠠᠯᠲᠠ ᠶᠢᠨ ᠡᠭᠦᠷᠭᠡ ᠪᠡᠨ ᠥᠭᠡᠷᠡᠴᠢᠯᠡᠵᠦ᠂ ᠴᠡᠪᠡᠷ ᠰᠢᠭᠦᠬᠦ ᠶᠢᠨ ᠪᠠᠶᠢᠭᠤᠯᠤᠯᠭ᠎ᠠ ᠪᠣᠯᠵᠠᠢ᠃ ᠠᠹᠢᠨ ᠤ ᠪᠦᠭᠦᠳᠡ ᠨᠠᠶᠢᠷᠠᠮᠳᠠᠬᠤ ᠤᠯᠤᠰ ᠲᠤ ᠡᠶᠢᠨᠬᠦᠦ ᠵᠠᠰᠠᠭᠯᠠᠯ ᠤᠨ ᠡᠷᠬᠡ ᠮᠡᠳᠡᠯ ᠢ ᠬᠤᠪᠢᠶᠠᠷᠢᠯᠠᠬᠤ ᠣᠷᠣᠯᠳᠤᠯᠭ᠎ᠠ ᠭᠠᠷᠴᠤ᠂ ᠰᠤᠩᠭᠤᠬᠤ᠂ ᠰᠣᠩᠭᠣᠭᠳᠠᠬᠤ ᠪᠣᠯᠤᠨ ᠬᠠᠮᠲᠤ ᠶᠢᠨ ᠵᠠᠷᠴᠢᠮ᠂ ᠪᠦᠷᠢᠨ ᠡᠷᠬᠡ ᠶᠢᠨ ᠬᠤᠭᠤᠴᠠᠭ᠎ᠠ᠂ ᠲᠠᠶᠢᠯᠤᠩᠨᠠᠬᠤ᠂ ᠱᠠᠲᠤᠯᠠᠨ ᠵᠠᠬᠢᠷᠤᠭᠳᠠᠬᠤ ᠶᠣᠰᠣ ᠵᠡᠷᠭᠡ ᠠᠷᠠᠳᠴᠢᠯᠠᠭᠰᠠᠨ ᠶᠣᠰᠣᠨ ᠤ ᠵᠠᠷᠴᠢᠮ ᠤᠳ ᠦᠢᠯᠡᠴᠢᠯᠡᠵᠦ ᠪᠠᠶᠢᠭᠰᠠᠨ ᠨᠢ ᠡᠳᠦᠭᠡ ᠴᠤ ᠰᠤᠳᠤᠯᠤᠭᠠᠴᠢᠳ ᠤᠨ ᠠᠩᠬᠠᠷᠤᠯᠠᠭ ᠲᠠᠲᠠᠭᠰᠠᠭᠠᠷ ᠪᠠᠶᠢᠨ᠎ᠠ᠃

ᠡᠷᠲᠡᠨ ᠦ ᠦᠶ᠎ᠡ ᠳᠦ ᠠᠹᠢᠨ ᠤ ᠪᠦᠭᠦᠳᠡ ᠨᠠᠶᠢᠷᠠᠮᠳᠠᠬᠤ ᠤᠯᠤᠰ ᠍ ᠠᠴᠠ ᠭᠠᠳᠠᠨ᠎ᠠ ᠰᠫᠠᠷᠠᠲ ᠤᠨ ᠪᠣᠯᠤᠨ ᠷᠤᠮᠠᠨᠢᠶ ᠠ ᠢᠵᠠᠭᠤᠷᠲᠠᠨ ᠤ ᠪᠦᠭᠦᠳᠡ ᠨᠠᠶᠢᠷᠠᠮᠳᠠᠬᠤ ᠤᠯᠤᠰ ᠪᠠᠰᠬᠦ ᠣᠷᠣᠰᠢᠵᠤ ᠪᠠᠶᠢᠪᠠ᠃ ᠠᠬᠠᠮᠠᠳ ᠤᠨ ᠵᠥᠪᠯᠡᠯ᠂ ᠰᠧᠨᠠᠲ ᠪᠣᠯᠤᠨ ᠲᠥᠷᠥ ᠶᠢᠨ ᠪᠤᠰᠤᠳ ᠠᠯᠪᠠᠨ ᠲᠤᠰᠢᠶᠠᠯᠲᠠᠨ ᠢ ᠢᠵᠠᠭᠤᠷᠲᠠᠨ ᠨᠤᠭᠤᠳ ᠠᠴᠠ ᠪᠦᠷᠢᠳᠦᠭᠦᠯᠳᠡᠭ ᠨᠢ ᠡᠳᠡᠭᠡᠷ ᠨᠢ ᠤᠯᠤᠰ ᠤᠨ ᠨᠢᠭᠡ ᠣᠨᠴᠠᠯᠢᠭ ᠪᠠᠶᠢᠪᠠ᠃ ᠡᠨᠡᠴᠢᠯᠡᠨ ᠰᠫᠠᠷᠠᠲ ᠤᠨ ᠪᠦᠭᠦᠳᠡ ᠨᠠᠶᠢᠷᠠᠮᠳᠠᠬᠤ ᠤᠯᠤᠰ ᠍ ᠳᠦ ᠠᠬᠠᠮᠠᠳ ᠤᠨ ᠵᠥᠪᠯᠡᠯ ᠦᠨ ᠭᠡᠰᠢᠭᠦᠳ ᠢ ᠨᠠᠰᠤᠨ ᠲᠤᠷᠰᠢᠳᠠ ᠨᠢ ᠰᠣᠩᠭᠣᠳᠠᠭ ᠪᠠᠶᠢᠴᠠᠢ᠃

ᠬᠣᠲᠠ ᠪᠦᠭᠦᠳᠡ ᠨᠠᠶᠢᠷᠠᠮᠳᠠᠬᠤ ᠤᠯᠤᠰ ᠤᠳ[ᠵᠠᠰᠠᠪᠤᠷᠢᠯᠠᠬᠤ | ᠺᠣᠳ᠋ ᠢᠶᠠᠷ ᠵᠠᠰᠠᠬᠣ]

ᠳᠤᠮᠳᠠᠳᠤ ᠦᠶ᠎ᠡ ᠶᠢᠨ ᠧᠦ᠋ᠷᠣᠫᠠ ᠳᠠᠬᠢ ᠪᠦᠭᠦᠳᠡ ᠨᠠᠶᠢᠷᠠᠮᠳᠠᠬᠤ ᠵᠠᠰᠠᠭᠯᠠᠯ ᠤᠨ ᠨᠢᠭᠡᠨ ᠥᠪᠡᠷᠮᠢᠴᠡ ᠬᠡᠯᠪᠡᠷᠢ ᠶᠤᠮ᠃ ᠢᠲ᠋ᠠᠯᠢ ᠶᠢᠨ ᠹᠯᠣᠷᠧᠨᠼᠢ᠂ ᠸᠧᠨᠧᠼᠢ᠂ ᠭᠧᠨᠤᠶᠠ᠂ ᠶᠣᠭᠣᠰᠯᠠᠪ ᠤᠨ ᠳᠤᠪᠷᠣᠸᠨᠢᠺ᠂ ᠭᠧᠷᠮᠠᠨ ᠤ ᠪᠷᠧᠮᠧᠨ᠂ ᠣᠷᠣᠰ ᠤᠨ ᠨᠣᠪᠣᠭᠣᠷᠣᠳ ᠬᠣᠲᠠ ᠡᠶᠢᠮᠦ ᠬᠡᠯᠪᠡᠷᠢ ᠶᠢᠨ ᠵᠠᠰᠠᠭᠯᠠᠯ ᠪᠦᠬᠦᠢ ᠪᠠᠶᠢᠭᠰᠠᠨ ᠨᠢ ᠤᠭᠲᠤᠭ᠎ᠠ ᠬᠣᠲᠠ ᠶᠢᠨ ᠥᠪᠡᠷ ᠦᠨ ᠤᠳᠤᠷᠢᠳᠤᠯᠭ᠎ᠠ ᠶᠢᠨ ᠪᠦᠷᠢᠨ ᠡᠷᠬᠡ ᠪᠡᠶ᠎ᠡ ᠳᠠᠭᠠᠭᠰᠠᠨ ᠪᠠᠶᠢᠳᠠᠯ ᠥᠷᠭᠡᠵᠢᠭᠰᠡᠨ ᠦ ᠦᠷ᠎ᠡ ᠳ᠋ᠦᠩ ᠪᠠᠶᠢᠪᠠ᠃

ᠰᠢᠨ᠎ᠡ ᠦᠶ᠎ᠡ[ᠵᠠᠰᠠᠪᠤᠷᠢᠯᠠᠬᠤ | ᠺᠣᠳ᠋ ᠢᠶᠠᠷ ᠵᠠᠰᠠᠬᠣ]

ᠲᠣᠪᠴᠢ ᠪᠠᠷ ᠪᠦᠭᠦᠳᠡ ᠨᠠᠶᠢᠷᠠᠮᠳᠠᠬᠤ ᠵᠠᠰᠠᠭᠯᠠᠯ ᠤᠨ ᠡᠷᠢᠨ ᠭᠡᠵᠦ ᠬᠡᠯᠡᠵᠦ ᠪᠣᠯᠤᠨ᠎ᠠ᠃ ᠠᠩᠬᠠᠨ ᠤ ᠪᠦᠭᠦᠳᠡ ᠨᠠᠶᠢᠷᠠᠮᠳᠠᠬᠤ ᠵᠠᠰᠠᠭ ᠠᠮᠧᠷᠢᠺᠠ ᠶᠢᠨ ᠨᠢᠭᠡᠳᠦᠭᠰᠡᠨ ᠤᠯᠤᠰ ᠲᠤ ᠲᠣᠭᠲᠠᠵᠠᠢ᠃

ᠰᠣᠴᠢᠶᠠᠯᠢᠰᠲ ᠬᠤᠪᠢᠰᠬᠠᠯ ᠤᠨ ᠦᠷ᠎ᠡ ᠳ᠋ᠦᠩ ᠳᠦ ᠵᠡᠭᠦᠨ ᠧᠦ᠋ᠷᠣᠫᠠ ᠶᠢᠨ ᠪᠣᠯᠤᠨ ᠠᠽᠢᠶ᠎ᠠ ᠶᠢᠨ ᠨᠡᠯᠢᠶᠡᠨ ᠤᠯᠤᠰ ᠣᠷᠣᠨ ᠨᠤᠭᠤᠳ ᠪᠦᠭᠦᠳᠡ ᠨᠠᠶᠢᠷᠠᠮᠳᠠᠬᠤ ᠵᠠᠰᠠᠭ ᠤᠨ ᠭᠠᠵᠢᠭ᠌ᠰᠠᠨ ᠬᠡᠯᠪᠡᠷᠢ ᠶᠢ ᠲᠣᠭᠲᠠᠭᠠᠵᠤ ᠪᠠᠶᠢᠯ᠎ᠠ᠃ ᠡᠨᠡ ᠬᠡᠯᠪᠡᠷᠢ ᠳᠣᠲᠣᠷ᠎ᠠ ᠪᠠᠨ ᠫᠠᠷᠢᠵᠤ ᠶᠢᠨ ᠺᠣᠮᠮᠤᠶᠢᠨ ᠤ᠂ ᠵᠥᠪᠯᠡᠯ ᠦᠨ᠂ ᠠᠷᠠᠳ ᠤᠨ ᠠᠷᠠᠳᠴᠢᠯᠠᠭᠰᠠᠨ ᠭᠡᠰᠡᠨ ᠭᠤᠷᠪᠠᠨ ᠬᠡᠪ ᠮᠠᠶ᠋ᠢᠭ ᠪᠦᠬᠦᠢ ᠪᠥᠭᠡᠳ ᠳᠠᠷᠠᠭᠠᠬᠢ ᠣᠨᠴᠠᠯᠢᠭ ᠰᠢᠨᠵᠢ ᠲᠡᠢ᠃ ᠡᠭᠦᠨ ᠳᠦ:

- ᠤᠯᠤᠰ ᠲᠥᠷᠥ ᠶᠢᠨ ᠲᠣᠭᠲᠠᠯᠴᠠᠭᠠᠨ ᠤ ᠭᠣᠣᠯ ᠴᠥᠮ᠎ᠡ ᠨᠢ ᠲᠥᠷᠥ ᠪᠢᠰᠢ᠂ ᠡᠷᠬᠡ ᠪᠠᠷᠢᠭᠴᠢ ᠨᠠᠮ ᠪᠠᠶᠢᠵᠤ᠂ ᠨᠡᠶᠢᠭᠡᠮ ᠤᠨ ᠪᠦᠬᠦᠢ ᠯᠠ ᠦᠢᠯᠡ ᠬᠡᠷᠡᠭ ᠢ ᠤᠳᠤᠷᠢᠳᠬᠤ ᠳᠤ ᠲᠡᠷᠢᠭᠦᠯᠡᠬᠦ ᠡᠭᠦᠷᠭᠡ ᠭᠦᠢᠴᠡᠳᠭᠡᠨ᠎ᠡ᠃

- ᠲᠥᠷᠥ ᠶᠢᠨ ᠲᠡᠷᠢᠭᠦᠨ᠂ ᠨᠠᠮ ᠤᠨ ᠤᠳᠤᠷᠢᠳᠤᠭᠴᠢ ᠶᠢᠨ ᠠᠯᠪᠠ ᠨᠢᠭᠡ ᠬᠦᠮᠦᠨ ᠦ ᠭᠠᠷ ᠲᠤ ᠲᠥᠪᠯᠡᠷᠡᠨ᠎ᠡ᠃

- ᠬᠠᠤᠯᠢ ᠲᠣᠭᠲᠠᠭᠠᠬᠤ᠂ ᠭᠦᠢᠴᠡᠳᠭᠡᠨ ᠵᠠᠬᠢᠷᠤᠮᠵᠢᠯᠠᠬᠤ ᠡᠷᠬᠡ ᠮᠡᠳᠡᠯ ᠨᠠᠮ ᠤᠨ ᠬᠢᠨᠠᠯᠲᠠᠨ ᠳᠤ ᠨᠢᠭᠡᠳᠬᠡᠭᠳᠡᠵᠦ᠂ ᠨᠠᠮ᠂ ᠲᠥᠷᠥ ᠶᠢᠨ ᠲᠡᠷᠢᠭᠦᠨ ᠨᠢ ᠬᠠᠤᠯᠢ ᠠᠴᠠ ᠭᠠᠳᠠᠭᠤᠷ ᠠᠵᠢᠯᠯᠠᠬᠤ ᠣᠨᠴᠠᠭᠠᠢ ᠡᠷᠬᠡ ᠲᠡᠢ ᠪᠣᠯᠳᠠᠭ᠃

- ᠨᠠᠮ ᠲᠥᠷᠥ ᠶᠢᠨ ᠰᠣᠩᠭᠣᠭᠤᠯᠢ ᠳᠠᠶᠢᠴᠢᠯᠠᠭᠠᠨ ᠤ ᠰᠢᠨᠵᠢ ᠴᠢᠨᠠᠷ ᠢ ᠠᠭᠤᠯᠠᠳᠠᠭ᠃

- ᠲᠥᠷᠥ᠂ ᠨᠡᠶᠢᠭᠡᠮ ᠤᠨ ᠪᠦᠬᠦ ᠦᠢᠯᠡ ᠬᠡᠷᠡᠭ ᠢ ᠰᠢᠢᠳᠪᠦᠷᠢᠯᠡᠬᠦ ᠳᠦ ᠲᠡᠷᠢᠭᠦᠨ ᠦ ᠬᠡᠰᠡᠭ ᠢ ᠡᠩᠨᠡᠭᠡᠨ ᠳᠦ ᠪᠡᠨ ᠨᠢᠭᠡᠳᠬᠡᠭᠰᠡᠨ ᠨᠠᠮ ᠤᠨ ᠠᠫᠫᠠᠷᠠᠲ ᠠᠷᠠᠳ ᠲᠦᠮᠡᠨ ᠦ ᠨᠡᠷ᠎ᠡ ᠶᠢᠨ ᠡᠮᠦᠨ᠎ᠡ ᠡᠴᠡ ᠣᠨᠴᠠᠭᠠᠢ ᠡᠷᠬᠡ ᠡᠳ᠋ᠯᠡᠨ᠎ᠡ᠃

ᠲᠥᠷᠥ ᠶᠢᠨ ᠵᠠᠰᠠᠭᠯᠠᠯ ᠤᠨ ᠡᠨᠡ ᠬᠡᠯᠪᠡᠷᠢ ᠡᠳᠦᠭᠡ ᠤᠯᠠᠮ ᠬᠤᠮᠢᠭᠳᠠᠵᠤ ᠪᠠᠶᠢᠨ᠎ᠠ᠃ ᠰᠣᠴᠢᠶᠠᠯᠢᠰᠲᠤ ᠭᠡᠭᠳᠡᠵᠦ ᠪᠠᠶᠢᠭᠰᠠᠨ ᠣᠷᠣᠨ ᠨᠤᠭᠤᠳ ᠤᠨ ᠶᠡᠬᠡᠩᠬᠢ ᠨᠢ 80-90 ᠍ ᠊ᠭᠡᠳ ᠣᠨ ᠤ ᠵᠠᠭᠠᠭ ᠦᠶᠡᠰ ᠦᠨᠳᠦᠰᠦᠨ ᠬᠠᠤᠯᠢ ᠳᠤ ᠬᠢᠭᠡᠳ ᠫᠠᠷᠠᠯᠮᠧᠨᠲᠦ ᠳᠦ ᠶᠣᠰᠣ᠂ ᠲᠥᠷᠥ ᠶᠢᠨ ᠵᠠᠰᠠᠭᠯᠠᠯ ᠤᠨ ᠡᠷᠬᠡ ᠮᠡᠳᠡᠯ ᠢ ᠬᠤᠪᠢᠶᠠᠷᠢᠯᠠᠬᠤ ᠵᠡᠷᠭᠡ ᠲᠥᠷᠥ ᠶᠢᠨ ᠵᠠᠰᠠᠭᠯᠠᠯ ᠤᠨ ᠰᠣᠶᠣᠯᠵᠢᠩᠭᠤᠢ ᠬᠡᠯᠪᠡᠷᠢ ᠷᠦᠦ ᠰᠢᠯᠵᠢᠭᠰᠡᠨ ᠪᠣᠯᠤᠨ᠎ᠠ᠃

ᠣᠷᠴᠢᠨ ᠦᠶ᠎ᠡ[ᠵᠠᠰᠠᠪᠤᠷᠢᠯᠠᠬᠤ | ᠺᠣᠳ᠋ ᠢᠶᠠᠷ ᠵᠠᠰᠠᠬᠣ]

ᠣᠷᠴᠢᠨ ᠦᠶ᠎ᠡ ᠳᠦ ᠪᠦᠭᠦᠳᠡ ᠨᠠᠶᠢᠷᠠᠮᠳᠠᠬᠤ ᠵᠠᠰᠠᠭᠯᠠᠯ ᠤᠨ: ᠶᠡᠷᠦᠩᠬᠡᠶᠢᠯᠡᠭᠴᠢ ᠶᠢᠨ᠂ ᠫᠠᠷᠯᠠᠮᠧᠨᠲ ᠤᠨ᠂ ᠬᠣᠯᠢᠮᠠᠭ ᠭᠡᠰᠡᠨ ᠦᠨᠳᠦᠰᠦᠨ ᠭᠤᠷᠪᠠᠨ ᠬᠡᠯᠪᠡᠷᠢ ᠵᠣᠩᠬᠢᠯᠠᠵᠤ ᠪᠠᠶᠢᠨ᠎ᠠ᠃

ᠶᠡᠷᠦᠩᠬᠡᠶᠢᠯᠡᠭᠴᠢ ᠶᠢᠨ ᠪᠦᠭᠦᠳᠡ ᠨᠠᠶᠢᠷᠠᠮᠳᠠᠬᠤ ᠵᠠᠰᠠᠭ[ᠵᠠᠰᠠᠪᠤᠷᠢᠯᠠᠬᠤ | ᠺᠣᠳ᠋ ᠢᠶᠠᠷ ᠵᠠᠰᠠᠬᠣ]

ᠲᠥᠷᠥ ᠶᠢᠨ ᠪᠣᠯᠤᠨ ᠵᠠᠰᠠᠭ ᠤᠨ ᠭᠠᠵᠠᠷ ᠤᠨ ᠲᠡᠷᠢᠭᠦᠨ ᠦ ᠪᠦᠷᠢᠨ ᠡᠷᠬᠡ ᠶᠡᠷᠦᠩᠬᠡᠶᠢᠯᠡᠭᠴᠢ ᠶᠢᠨ ᠭᠠᠷ ᠲᠤ ᠲᠥᠪᠯᠡᠷᠡᠵᠦ ᠪᠠᠶᠢᠳᠠᠭ ᠵᠠᠰᠠᠭᠯᠠᠯ ᠤᠨ ᠬᠡᠯᠪᠡᠷᠢ᠃ ᠶᠡᠷᠦᠩᠬᠡᠶᠢᠯᠡᠭᠴᠢ ᠶᠢᠨ ᠠᠯᠪᠠᠨ ᠲᠤᠰᠢᠶᠠᠯ ᠢ ᠠᠩᠬ᠎ᠠ ᠠᠮᠧᠷᠢᠺᠠ ᠶᠢᠨ ᠨᠢᠭᠡᠳᠦᠭᠰᠡᠨ ᠤᠯᠤᠰ ᠳᠦ ᠪᠤᠢᠪᠣᠯᠭᠠᠵᠠᠢ᠃ ᠶᠡᠷᠦᠩᠬᠡᠶᠢᠯᠡᠭᠴᠢ ᠶᠢᠨ ᠪᠦᠭᠦᠳᠡ ᠨᠠᠶᠢᠷᠠᠮᠳᠠᠬᠤ ᠵᠠᠰᠠᠭ ᠤᠨ ᠭᠣᠣᠯ ᠣᠨᠴᠠᠯᠢᠭ:

- ᠲᠥᠷᠥ ᠶᠢᠨ ᠲᠡᠷᠢᠭᠦᠨ ᠬᠢᠭᠡᠳ ᠵᠠᠰᠠᠭ ᠤᠨ ᠭᠠᠵᠠᠷ ᠤᠨ ᠲᠡᠷᠢᠭᠦᠨ ᠦ ᠪᠦᠷᠢᠨ ᠡᠷᠬᠡ ᠶᠡᠷᠦᠩᠬᠡᠶᠢᠯᠡᠭᠴᠢ ᠶᠢᠨ ᠭᠠᠷ ᠲᠤ ᠲᠥᠪᠯᠡᠷᠡᠨ᠎ᠡ᠃ ᠶᠡᠷᠦᠩᠬᠡᠢ ᠰᠠᠶᠢᠳ ᠤᠨ ᠠᠯᠪᠠᠨ ᠲᠤᠰᠢᠶᠠᠯ ᠢ ᠦᠭᠡᠶᠢᠰᠬᠡᠨ᠎ᠡ᠃

- ᠶᠡᠷᠦᠩᠬᠡᠶᠢᠯᠡᠭᠴᠢ ᠶᠢ ᠰᠣᠩᠭᠣᠨ᠎ᠠ᠃ ᠰᠣᠩᠭᠣᠭᠤᠯᠢ ᠨᠢ ᠫᠠᠷᠯᠠᠮᠧᠨᠲ ᠤᠨ ᠪᠤᠰᠤ ᠠᠷᠭ᠎ᠠ ᠪᠠᠷ᠂ ᠠᠯᠢ ᠪᠣᠯᠬᠤ ᠥᠷᠭᠡᠨ ᠲᠥᠯᠥᠭᠡᠯᠡᠯ ᠲᠡᠢ ᠪᠠᠶᠢᠨ᠎ᠠ᠃ ᠡᠳᠦᠭᠡ ᠶᠡᠷᠦᠩᠬᠡᠶᠢᠯᠡᠭᠴᠢ ᠶᠢᠨ ᠰᠣᠩᠭᠣᠭᠤᠯᠢ ᠶᠢᠨ ᠳᠥᠷᠪᠡᠨ ᠲᠥᠷᠥᠯ ᠦᠨ ᠰᠢᠰᠲ᠋ᠧᠮ ᠪᠠᠶᠢᠨ᠎ᠠ:

  1. ᠪᠦᠬᠦ ᠠᠷᠠᠳ ᠲᠦᠮᠡᠨ ᠦ ᠰᠠᠨᠠᠯ ᠠᠰᠠᠭᠤᠯᠭ᠎ᠠ ᠪᠠᠷ ᠰᠣᠩᠭᠣᠨ᠎ᠠ;
  2. ᠪᠦᠬᠦ ᠠᠷᠠᠳ ᠲᠦᠮᠡᠨ ᠦ ᠰᠢᠭᠤᠳ ᠰᠣᠩᠭᠣᠭᠤᠯᠢ ᠪᠠᠷ ᠰᠣᠩᠭᠣᠵᠤ ᠪᠠᠶᠢᠨ᠎ᠠ;
  3. ᠫᠠᠷᠯᠠᠮᠧᠨᠲ ᠤᠨ ᠪᠣᠯᠤᠨ ᠲᠥᠯᠥᠭᠡᠯᠡᠭᠴᠢᠳ ᠦᠨ ᠪᠠᠶᠢᠭᠤᠯᠤᠯᠭ᠎ᠠ ᠠᠴᠠ ᠰᠣᠩᠭᠣᠨ᠎ᠠ;
  4. ᠰᠣᠩᠭᠣᠭᠴᠢᠳ ᠠᠴᠠ ᠰᠣᠩᠭᠣᠵᠤ ᠰᠣᠩᠭᠣᠨ᠎ᠠ᠃

ᠶᠡᠷᠦᠩᠬᠡᠶᠢᠯᠡᠭᠴᠢ ᠶᠢ ᠶᠡᠬᠡᠪᠴᠢᠯᠡᠨ 1-7 ᠵᠢᠯ ᠦᠨ ᠬᠤᠭᠤᠴᠠᠭ᠎ᠠ ᠲᠠᠢ ᠪᠠᠷ ᠰᠣᠩᠭᠣᠳᠠᠭ ᠪᠠ ᠵᠠᠷᠢᠮ ᠣᠷᠣᠨ ᠳᠤ ᠨᠠᠰᠤᠨ ᠲᠤᠷᠰᠢᠳᠠ ᠨᠢ ᠰᠣᠩᠭᠣᠳᠠᠭ ᠪᠠᠶᠢᠨ᠎ᠠ᠃

- ᠵᠠᠰᠠᠭ ᠤᠨ ᠭᠠᠵᠠᠷ ᠨᠢ ᠶᠡᠷᠦᠩᠬᠡᠶᠢᠯᠡᠭᠴᠢ ᠶᠢᠨ ᠡᠮᠦᠨ᠎ᠡ ᠬᠠᠷᠢᠭᠤᠴᠠᠯᠭ᠎ᠠ ᠬᠦᠯᠢᠶᠡᠬᠦ ᠪᠥᠭᠡᠳ ᠫᠠᠷᠯᠠᠮᠧᠨᠲ ᠤᠨ ᠪᠤᠰᠤ ᠠᠷᠭ᠎ᠠ ᠪᠠᠷ ᠪᠦᠷᠢᠯᠳᠦᠭᠦᠯᠦᠨ᠎ᠡ᠃

- ᠫᠠᠷᠯᠠᠮᠧᠨᠲ ᠵᠠᠰᠠᠭ ᠤᠨ ᠭᠠᠵᠠᠷ ᠢ ᠣᠭᠴᠠᠷᠠᠭᠤᠯᠬᠤ ᠶᠡᠷᠦᠩᠬᠡᠶᠢᠯᠡᠭᠴᠢ ᠫᠠᠷᠠᠯᠮᠧᠨᠲ ᠢ ᠲᠠᠷᠠᠭᠠᠬᠤ ᠮᠧᠬᠠᠨᠢᠰᠮ ᠪᠠᠶᠢᠳᠠᠭ ᠦᠭᠡᠢ᠃ ᠡᠨᠡᠬᠦ ᠲᠣᠭᠲᠠᠪᠤᠷᠢᠲᠠᠢ ᠰᠢᠨᠵᠢ ᠪᠡᠷ ᠢᠶᠡᠨ ᠪᠤᠰᠤᠳ ᠬᠡᠯᠪᠡᠷᠢ ᠡᠴᠡ ᠢᠯᠭᠠᠷᠠᠨ᠎ᠠ᠃

- ᠫᠠᠷᠯᠠᠮᠧᠨᠲ ᠲᠤ ᠥᠭᠡᠷ᠎ᠡ ᠨᠠᠮ ᠣᠯᠠᠩᠬᠢ ᠪᠠᠶᠢᠭᠰᠠᠨ ᠴᠤ ᠶᠡᠷᠦᠩᠬᠡᠶᠢᠯᠡᠭᠴᠢ ᠶᠢᠨ ᠪᠦᠷᠢᠨ ᠡᠷᠬᠡ ᠶᠢᠨ ᠬᠤᠭᠤᠴᠠᠭᠠᠨ ᠳᠤ ᠲᠡᠭᠦᠨ ᠦ ᠨᠠᠮ ᠤᠨ ᠯᠢᠳᠧᠷ ᠦᠳ ᠤᠯᠤᠰ ᠣᠷᠣᠨ ᠢ ᠤᠳᠤᠷᠢᠳᠤᠨ᠎ᠠ᠃

- ᠶᠡᠷᠦᠩᠬᠡᠶᠢᠯᠡᠭᠴᠢ ᠶᠢᠨ ᠪᠦᠷᠢᠨ ᠡᠷᠬᠡ ᠫᠠᠷᠯᠠᠮᠧᠨᠲ ᠤᠨ ᠪᠦᠭᠦᠳᠡ ᠨᠠᠶᠢᠷᠠᠮᠳᠠᠬᠤ ᠤᠯᠤᠰ ᠤᠨ ᠶᠡᠷᠦᠩᠬᠡᠶᠢᠯᠡᠭᠴᠢ ᠲᠡᠢ ᠬᠠᠷᠢᠴᠠᠭᠤᠯᠪᠠᠯ ᠬᠠᠷᠢᠴᠠᠩᠭᠤᠢ ᠳᠠᠪᠠᠭᠤ ᠪᠣᠯᠤᠨ ᠥᠷᠭᠡᠨ ᠪᠠᠶᠢᠳᠠᠭ᠃

ᠶᠡᠷᠦᠩᠬᠡᠶᠢᠯᠡᠭᠴᠢ ᠶᠢᠨ ᠪᠦᠭᠦᠳᠡ ᠨᠠᠶᠢᠷᠠᠮᠳᠠᠬᠤ ᠤᠯᠤᠰ ᠍ ᠳᠦ ᠶᠡᠷᠦᠩᠬᠡᠶᠢᠯᠡᠭᠴᠢ ᠶᠢᠨ ᠪᠦᠷᠢᠨ ᠡᠷᠬᠡ ᠡᠶᠢᠨᠬᠦᠦ ᠥᠨᠳᠥᠷ ᠴᠤ ᠭᠡᠰᠡᠨ ᠠᠷᠠᠳᠴᠢᠯᠠᠭᠰᠠᠨ ᠦᠨᠳᠦᠰᠦᠨ ᠬᠠᠤᠯᠢ ᠳᠤ ᠶᠣᠰᠣ᠂ ᠵᠠᠰᠠᠭᠯᠠᠯ ᠤᠨ ᠡᠷᠬᠡ ᠮᠡᠳᠡᠯ ᠢ ᠬᠤᠪᠢᠶᠠᠷᠢᠯᠠᠬᠤ ᠵᠠᠷᠴᠢᠮ ᠦᠢᠯᠡᠴᠢᠯᠡᠵᠦ ᠪᠠᠶᠢᠳᠠᠭ ᠤᠴᠢᠷ ᠠᠴᠠ ᠶᠡᠷᠦᠩᠬᠡᠶᠢᠯᠡᠭᠴᠢ ᠬᠢᠭᠡᠳ ᠲᠡᠭᠦᠨ ᠦ ᠵᠠᠰᠠᠭ ᠤᠨ ᠭᠠᠵᠠᠷ ᠤᠨ ᠦᠢᠯᠡ ᠠᠵᠢᠯᠯᠠᠭ᠎ᠠ ᠫᠠᠷᠯᠠᠮᠧᠨᠲ ᠤᠨ ᠬᠢᠨᠠᠯᠲᠠ ᠳᠣᠣᠷ᠎ᠠ ᠬᠡᠷᠡᠭᠵᠢᠵᠦ ᠪᠠᠶᠢᠳᠠᠭ ᠶᠤᠮ᠃ ᠢᠩᠭᠢᠬᠦᠯᠡᠷ ᠶᠡᠷᠦᠩᠬᠡᠶᠢᠯᠡᠭᠴᠢ ᠶᠢᠨ ᠪᠦᠭᠦᠳᠡ ᠨᠠᠶᠢᠷᠠᠮᠳᠠᠬᠤ ᠵᠠᠰᠠᠭ ᠦᠨᠳᠦᠰᠦᠨ ᠬᠠᠤᠯᠢ ᠳᠤ ᠶᠣᠰᠣ ᠶᠢ ᠰᠠᠬᠢᠵᠤ ᠪᠤᠢ ᠨᠥᠬᠥᠴᠡᠯ ᠳᠦ ᠵᠠᠰᠠᠭ ᠤᠨ ᠭᠠᠵᠠᠷ ᠲᠣᠭᠲᠠᠪᠤᠷᠢᠲᠠᠢ᠂ ᠰᠢᠭᠤᠷᠬᠠᠢ ᠠᠵᠢᠯᠯᠠᠬᠤ ᠨᠥᠬᠥᠴᠡᠯ ᠢ ᠪᠦᠷᠢᠳᠦᠭᠦᠯᠦᠭᠰᠡᠨ᠂ ᠫᠠᠷᠯᠠᠮᠧᠨᠲ ᠤᠨ ᠬᠠᠤᠯᠢ ᠲᠣᠭᠲᠠᠭᠠᠬᠤ ᠦᠨᠳᠦᠰᠦᠨ ᠡᠷᠬᠡ ᠮᠡᠳᠡᠯ ᠡᠴᠡ ᠬᠠᠯᠢᠬᠤ ᠪᠣᠯᠤᠯᠴᠠᠭ᠎ᠠ ᠶᠢ ᠪᠣᠳᠠᠲᠠᠢ ᠬᠢᠵᠠᠭᠠᠷᠯᠠᠭᠰᠠᠨ᠂ ᠫᠠᠷᠠᠯᠮᠧᠨᠲ ᠠᠴᠠ ᠵᠠᠷᠴᠢᠮ ᠤᠨ ᠠᠰᠠᠭᠤᠳᠠᠯ ᠢᠶᠠᠷ ᠭᠦᠢᠴᠡᠳᠭᠡᠬᠦ ᠵᠠᠰᠠᠭᠯᠠᠯ ᠢ ᠬᠢᠨᠠᠬᠤ ᠪᠣᠳᠠᠲᠠᠢ ᠡᠷᠬᠡ ᠮᠡᠳᠡᠯ ᠪᠦᠬᠦᠢ ᠬᠡᠯᠪᠡᠷᠢ ᠶᠤᠮ᠃ ᠲᠥᠷᠥ ᠶᠢᠨ ᠲᠡᠷᠢᠭᠦᠨ ᠬᠢᠭᠡᠳ ᠵᠠᠰᠠᠭ ᠤᠨ ᠭᠠᠵᠠᠷ ᠤᠨ ᠲᠡᠷᠢᠭᠦᠨ ᠢ ᠨᠢᠭᠡ ᠡᠲᠡᠭᠡᠳ ᠲᠦ ᠨᠢᠭᠡᠳᠬᠡᠳᠡᠭ ᠵᠠᠰᠠᠭᠯᠠᠯ ᠤᠨ ᠡᠨᠡ ᠬᠡᠯᠪᠡᠷᠢ 20 ᠍ ᠳᠦᠭᠡᠷ ᠵᠠᠭᠤᠨ ᠤ ᠰᠡᠭᠦᠯᠴᠢ ᠡᠴᠡ ᠳᠡᠯᠡᠬᠡᠢ ᠶᠢᠨ ᠤᠯᠤᠰ ᠲᠦᠮᠡᠨ ᠦ ᠤᠯᠤᠰ ᠲᠥᠷᠥ ᠶᠢᠨ ᠫᠷᠠᠺᠲ᠋ᠢᠭ ᠲᠤ ᠥᠷᠭᠡᠵᠢᠬᠦ ᠬᠠᠨᠳᠤᠯᠭ᠎ᠠ ᠠᠵᠢᠭᠡᠯᠡᠭᠳᠠᠵᠤ ᠪᠠᠶᠢᠨ᠎ᠠ᠃ ᠣᠳᠣ ᠪᠠᠷ ᠡᠶᠢᠮᠦ ᠵᠠᠰᠠᠭ ᠲᠠᠢ ᠤᠯᠤᠰ 70 ᠰᠢᠬᠠᠮ ᠪᠠᠶᠢᠨ᠎ᠠ᠃

ᠫᠠᠷᠯᠠᠮᠧᠨᠲ ᠤᠨ ᠪᠦᠭᠦᠳᠡ ᠨᠠᠶᠢᠷᠠᠮᠳᠠᠬᠤ ᠵᠠᠰᠠᠭ[ᠵᠠᠰᠠᠪᠤᠷᠢᠯᠠᠬᠤ | ᠺᠣᠳ᠋ ᠢᠶᠠᠷ ᠵᠠᠰᠠᠬᠣ]

ᠶᠡᠷᠦᠩᠬᠡᠶᠢᠯᠡᠭᠴᠢ ᠶᠢᠨ ᠪᠦᠭᠦᠳᠡ ᠨᠠᠶᠢᠷᠠᠮᠳᠠᠬᠤ ᠵᠠᠰᠠᠭ ᠲᠠᠢ ᠬᠠᠷᠢᠴᠠᠭᠤᠯᠬᠤ ᠳᠤ ᠨᠡᠶᠢᠭᠡᠮ ᠤᠨ ᠤᠯᠤᠰ ᠲᠥᠷᠥ ᠶᠢᠨ ᠫᠷᠠᠺᠲ᠋ᠢᠭ ᠲᠤ ᠪᠠᠭ᠎ᠠ ᠳᠡᠯᠭᠡᠷᠡᠭᠰᠡᠨ ᠬᠡᠯᠪᠡᠷᠢ᠃ ᠭᠣᠣᠯ ᠣᠨᠴᠠᠯᠢᠭ ᠨᠢ ᠲᠥᠷᠥ ᠶᠢᠨ ᠥᠨᠳᠥᠷᠯᠢᠭ ᠦᠳ ᠢ ᠪᠦᠷᠢᠯᠳᠦᠭᠦᠯᠬᠦ᠂ ᠦᠢᠯᠡ ᠠᠵᠢᠯᠯᠠᠭᠠᠨ ᠤ ᠬᠢ ᠨᠢ ᠴᠢᠭᠢ ᠡᠭᠦᠷᠭᠡ ᠶᠢ ᠲᠣᠳᠣᠷᠬᠠᠶᠢᠯᠠᠬᠤ᠂ ᠬᠢᠨᠠᠵᠤ ᠰᠢᠯᠭᠠᠬᠤ ᠳᠤ ᠫᠠᠷᠯᠠᠮᠧᠨᠲ ᠤᠨ ᠡᠭᠦᠷᠭᠡ ᠥᠨᠳᠥᠷ ᠪᠠᠶᠢᠬᠤ ᠶᠢᠨ ᠵᠡᠷᠭᠡᠴᠡᠭᠡ ᠫᠠᠷᠯᠠᠮᠧᠨᠲ ᠲᠤ ᠣᠯᠠᠩᠬᠢ ᠪᠣᠯᠤᠭᠰᠠᠨ ᠨᠠᠮ ᠵᠠᠰᠠᠭ ᠤᠨ ᠭᠠᠵᠠᠷ ᠢ ᠪᠠᠶᠢᠭᠤᠯᠵᠤ᠂ ᠲᠡᠷᠬᠡᠦ ᠵᠠᠰᠠᠭ ᠤᠨ ᠭᠠᠵᠠᠷ ᠫᠠᠷᠯᠠᠮᠧᠨᠲ ᠤᠨ ᠡᠮᠦᠨ᠎ᠡ ᠬᠠᠷᠢᠭᠤᠴᠠᠯᠭ᠎ᠠ ᠬᠦᠯᠢᠶᠡᠵᠦ ᠪᠠᠶᠢᠳᠠᠭ ᠲᠤ ᠣᠷᠣᠰᠢᠨ᠎ᠠ᠃ ᠵᠠᠰᠠᠭ ᠤᠨ ᠭᠠᠵᠠᠷ ᠫᠠᠷᠠᠯᠮᠧᠨᠲ ᠦᠨ ᠭᠡᠰᠢᠭᠦᠳ ᠦᠨ ᠣᠯᠠᠩᠬᠢ ᠶᠢᠨ ᠢᠲᠡᠭᠡᠯ ᠢ ᠠᠯᠠᠳᠠᠭᠰᠠᠨ ᠲᠣᠬᠢᠶᠠᠯᠳᠤᠯ ᠳᠤ ᠨᠢᠭᠡ ᠪᠣᠯ ᠣᠭᠴᠠᠷᠠᠨ᠎ᠠ᠂ ᠡᠰᠡᠪᠡᠯ ᠲᠥᠷᠥ ᠶᠢᠨ ᠲᠡᠷᠢᠭᠦᠨ ᠦ ᠣᠷᠣᠯᠴᠠᠭ᠎ᠠ ᠲᠠᠢ ᠪᠠᠷ ᠫᠠᠷᠯᠠᠮᠧᠨᠲ ᠲᠠᠷᠠᠵᠤ᠂ ᠡᠭᠡᠯᠵᠢᠲᠦ ᠪᠤᠰᠤ ᠰᠣᠩᠭᠣᠭᠤᠯᠢ ᠶᠢ ᠵᠠᠷᠯᠠᠨ᠎ᠠ᠃ ᠦᠨᠳᠦᠰᠦᠨ ᠬᠠᠤᠯᠢ ᠳᠤ ᠶᠣᠰᠣ ᠵᠠᠰᠠᠭᠯᠠᠯ ᠤᠨ ᠡᠷᠬᠡ ᠮᠡᠳᠡᠯ ᠢ ᠬᠤᠪᠢᠶᠠᠷᠢᠯᠠᠬᠤ ᠵᠠᠷᠴᠢᠮ ᠬᠡᠷᠡᠭᠵᠢᠵᠦ ᠪᠤᠢ ᠨᠥᠬᠥᠴᠡᠯ ᠳᠦ ᠨᠡᠶᠢᠭᠡᠮ ᠤᠨ ᠦᠢᠯᠡ ᠬᠡᠷᠡᠭ ᠢ ᠤᠳᠤᠷᠢᠳᠤᠨ ᠵᠢᠯᠤᠭᠤᠳᠤᠬᠤ ᠳᠤ ᠨᠠᠮ ᠤᠨ ᠣᠷᠣᠯᠴᠠᠭ᠎ᠠ᠂ ᠨᠥᠯᠥᠭᠡ ᠬᠠᠤᠯᠢ ᠶᠢᠨ ᠬᠦᠷᠢᠶᠡᠨ ᠳᠦ ᠬᠦᠴᠦᠲᠡᠢ ᠪᠠᠶᠢᠳᠠᠭ ᠨᠢ ᠫᠠᠷᠠᠯᠮᠧᠨᠲ ᠤᠨ ᠪᠦᠭᠦᠳᠡ ᠨᠠᠶᠢᠷᠠᠮᠳᠠᠬᠤ ᠵᠠᠰᠠᠭ ᠤᠨ ᠨᠢᠭᠡ ᠣᠨᠴᠠᠯᠢᠭ ᠪᠣᠯᠤᠨ᠎ᠠ᠃ ᠥᠭᠡᠷ᠎ᠡ ᠪᠡᠷ ᠬᠡᠯᠡᠪᠡᠯ᠂ ᠫᠠᠷᠯᠠᠮᠧᠨᠲ ᠤᠨ ᠵᠠᠰᠠᠭᠯᠠᠯ ᠣᠯᠠᠨ ᠨᠠᠮ ᠤᠨ ᠲᠣᠭᠲᠠᠪᠤᠷᠢᠲᠠᠢ ᠬᠦᠴᠦᠲᠡᠢ ᠰᠢᠰᠲ᠋ᠧᠮ ᠦᠨ ᠨᠥᠬᠥᠴᠡᠯ ᠳᠦ ᠥᠷᠭᠡᠨ ᠪᠣᠯᠤᠮᠵᠢ ᠲᠠᠢ᠂ ᠦᠷ᠎ᠡ ᠨᠥᠯᠥᠭᠡ ᠲᠡᠢ ᠪᠠᠶᠢᠳᠠᠭ᠃

ᠫᠠᠷᠠᠯᠮᠧᠭᠲᠦ ᠶᠢᠨ ᠪᠦᠭᠦᠳᠡ ᠨᠠᠶᠢᠷᠠᠮᠳᠠᠬᠤ ᠤᠯᠤᠰ ᠍ ᠤᠨ ᠶᠡᠷᠦᠩᠬᠡᠶᠢᠯᠡᠭᠴᠢ - ᠲᠥᠷᠥ ᠶᠢᠨ ᠲᠡᠷᠢᠭᠦᠨ ᠪᠥᠭᠡᠳ ᠤᠯᠤᠰ ᠦᠨᠳᠦᠰᠦᠲᠡᠨ ᠦ ᠲᠤᠰᠠᠭᠠᠷ ᠲᠣᠭᠲᠠᠨᠢᠯ᠂ ᠪᠦᠷᠢᠨ ᠡᠷᠬᠡᠲᠦ ᠪᠠᠶᠢᠳᠠᠯ ᠤᠨ ᠪᠠᠲᠤᠯᠠᠭ᠎ᠠ ᠪᠠᠶᠢᠵᠤ᠂ ᠤᠯᠤᠰ ᠲᠥᠷᠥ ᠶᠢᠨ ᠶᠠᠩᠵᠤ ᠪᠦᠷᠢ ᠶᠢᠨ ᠬᠦᠴᠦᠨ ᠨᠦᠭᠦᠳ ᠦᠨ ᠬᠣᠭᠣᠷᠣᠨᠳᠣ ᠶᠢᠨ ᠮᠠᠷᠭᠤᠭᠠᠨ ᠢ ᠵᠣᠬᠢᠴᠠᠭᠤᠯᠬᠤ ᠡᠭᠦᠷᠭᠡ ᠬᠦᠯᠢᠶᠡᠨ᠎ᠡ᠃ ᠶᠡᠷᠦᠩᠬᠡᠶᠢᠯᠡᠭᠴᠢ ᠶᠢ ᠶᠠᠩᠵᠤ ᠪᠦᠷᠢ ᠪᠡᠷ ᠰᠤᠩᠭᠤᠬᠤ ᠠᠪᠴᠤ ᠶᠡᠬᠡᠩᠬᠢ ᠤᠯᠤᠰ ᠣᠷᠣᠨ ᠳᠤ ᠫᠠᠷᠯᠠᠮᠧᠨᠲ ᠰᠣᠩᠭᠣᠨ᠎ᠠ᠃ ᠬᠠᠷᠢᠨ ᠠᠦᠢᠰᠲᠷᠢ᠂ ᠮᠣᠩᠭᠣᠯ ᠵᠡᠷᠭᠡ ᠤᠯᠤᠰ ᠤᠳ ᠪᠦᠬᠦ ᠠᠷᠠᠳ ᠲᠦᠮᠡᠨ ᠢᠶᠡᠷ ᠢᠶᠡᠨ ᠰᠣᠩᠭᠣᠨ᠎ᠠ᠃ ᠮᠠᠨ ᠤ ᠤᠯᠤᠰ ᠤᠨ ᠬᠤᠪᠢ ᠳᠤ ᠶᠡᠷᠦᠩᠬᠡᠶᠢᠯᠡᠭᠴᠢ ᠶᠢ ᠪᠦᠬᠦ ᠠᠷᠠᠳ ᠲᠦᠮᠡᠨ ᠰᠤᠩᠭᠤᠬᠤ ᠠᠪᠴᠤ ᠤᠯᠤᠰ ᠤᠨ ᠶᠡᠬᠡ ᠬᠤᠷᠠᠯ ᠪᠠᠷ ᠳᠠᠬᠢᠨ ᠪᠠᠲᠤᠯᠠᠳᠠᠭ ᠣᠨᠴᠠᠯᠢᠭ ᠪᠤᠢ᠃

ᠶᠡᠷᠦᠩᠬᠡᠶᠢᠯᠡᠭᠴᠢ ᠶᠢᠨ ᠪᠦᠷᠢᠨ ᠡᠷᠬᠡ ᠨᠡᠯᠢᠶᠡᠨ ᠬᠢᠵᠠᠭᠠᠷ ᠲᠠᠢ ᠪᠥᠭᠡᠳ ᠳᠠᠷᠤᠤᠬᠠᠨ ᠪᠠᠶᠢᠨ᠎ᠠ᠃ ᠤᠯᠤᠰ ᠣᠷᠣᠨ ᠳᠤ ᠣᠨᠴᠠ ᠪᠠᠶᠢᠳᠠᠯ ᠲᠣᠭᠲᠠᠭᠠᠬᠤ᠂ ᠬᠠᠤᠯᠢᠩ ᠳᠤ ᠬᠣᠷᠢᠭ ᠲᠠᠯᠪᠢᠬᠤ᠂ ᠣᠯᠠᠨ ᠨᠡᠶᠢᠲᠡ ᠶᠢᠨ ᠰᠠᠨᠠᠯ ᠠᠰᠠᠭᠤᠯᠭ᠎ᠠ ᠶᠠᠪᠤᠭᠤᠯᠬᠤ ᠡᠷᠬᠡ ᠦᠭᠡᠢ ᠪᠠᠶᠢᠳᠠᠭ᠃ ᠵᠠᠰᠠᠭ ᠤᠨ ᠭᠠᠵᠠᠷ ᠢ ᠪᠦᠷᠢᠳᠦᠭᠦᠯᠬᠦ ᠳᠦ ᠲᠡᠳᠦᠶᠢᠯᠡᠨ ᠣᠷᠣᠯᠴᠠᠳᠠᠭ ᠦᠭᠡᠢ᠂ ᠬᠠᠤᠯᠢ ᠪᠠᠷ ᠨᠣᠭᠳᠠᠭᠰᠠᠨ ᠡᠷᠬᠡ ᠮᠡᠳᠡᠯ ᠢᠶᠡᠨ ᠥᠪᠡᠷ ᠦᠨ ᠦᠵᠡᠮᠵᠢ ᠪᠡᠷ ᠪᠢᠰᠢ ᠶᠡᠬᠡᠪᠴᠢᠯᠡᠨ ᠶᠡᠷᠦᠩᠬᠡᠢ ᠰᠠᠶᠢᠳ ᠲᠠᠢ ᠵᠥᠪᠰᠢᠯᠴᠡᠬᠦ ᠵᠠᠮ ᠢᠶᠠᠷ ᠬᠡᠷᠡᠭᠵᠢᠭᠦᠯᠦᠨ᠎ᠡ᠃ ᠬᠠᠤᠯᠢ ᠰᠠᠨᠠᠭᠠᠴᠢᠯᠠᠬᠤ ᠵᠠᠷᠯᠢᠭ ᠵᠠᠬᠢᠷᠤᠮᠵᠢ ᠭᠠᠷᠭᠠᠬᠤ ᠳᠤ ᠪᠠᠨ ᠵᠠᠰᠠᠭ ᠤᠨ ᠭᠠᠵᠠᠷ ᠲᠠᠢ ᠵᠥᠪᠰᠢᠯᠴᠡᠨ᠎ᠡ᠃ ᠫᠠᠷᠯᠠᠮᠧᠨᠲ᠂ ᠵᠠᠰᠠᠭ ᠤᠨ ᠭᠠᠵᠠᠷ ᠲᠤ ᠢᠲᠡᠭᠡᠬᠦ ᠦᠭᠡᠢ ᠲᠣᠬᠢᠶᠠᠯᠳᠤᠯ ᠳᠤ ᠫᠠᠷᠠᠯᠮᠧᠨᠲ ᠢ ᠲᠠᠷᠠᠭᠠᠬᠤ ᠨᠢ ᠫᠠᠷᠯᠠᠮᠧᠨᠲ ᠤᠨ ᠪᠦᠭᠦᠳᠡ ᠨᠠᠶᠢᠷᠠᠮᠳᠠᠬᠤ ᠤᠯᠤᠰ ᠍ ᠤᠨ ᠶᠡᠷᠦᠩᠬᠡᠶᠢᠯᠡᠭᠴᠢ ᠶᠢᠨ ᠬᠠᠮᠤᠭ ᠤᠨ ᠲᠣᠮᠣ ᠡᠷᠬᠡ ᠮᠡᠳᠡᠯ ᠶᠤᠮ᠃

ᠡᠶᠢᠮᠦ ᠳᠦ ᠫᠠᠷᠯᠠᠮᠧᠨᠲ ᠤᠨ ᠪᠦᠭᠦᠳᠡ ᠨᠠᠶᠢᠷᠠᠮᠳᠠᠬᠤ ᠤᠯᠤᠰ ᠍ ᠤᠨ ᠶᠡᠷᠦᠩᠬᠡᠶᠢᠯᠡᠭᠴᠢ ᠲᠥᠷᠥ ᠶᠢᠨ ᠵᠠᠰᠠᠭᠯᠠᠯ ᠤᠨ ᠠᠯᠢ ᠥᠨᠳᠥᠷᠯᠢᠭ ᠲᠦ ᠬᠠᠮᠢᠶᠠᠷᠤᠭᠳᠠᠬᠤ ᠠᠰᠠᠭᠤᠳᠠᠯ ᠣᠯᠤᠭ ᠤᠯᠤᠰ ᠤᠨ ᠫᠷᠠᠺᠲ᠋ᠢᠭ ᠲᠤ ᠶᠡᠬᠡᠬᠡᠨ ᠪᠦᠷᠬᠦᠭ ᠪᠠᠶᠢᠳᠠᠭ᠃ ᠶᠡᠬᠡᠪᠴᠢᠯᠡᠨ ᠬᠠᠤᠯᠢ ᠲᠣᠭᠲᠠᠭᠠᠬᠤ ᠪᠣᠯᠤᠨ ᠭᠦᠢᠴᠡᠳᠭᠡᠬᠦ ᠡᠷᠬᠡ ᠮᠡᠳᠡᠯ ᠦᠨ ᠠᠭᠤᠯᠵᠠᠪᠤᠷᠢ ᠳᠤ᠂ ᠡᠰᠡᠪᠡᠯ ᠭᠦᠢᠴᠡᠳᠭᠡᠬᠦ ᠵᠠᠰᠠᠭᠯᠠᠯ ᠤᠨ ᠬᠦᠷᠢᠶᠡᠨ ᠳᠦ ᠪᠠᠭᠲᠠᠭᠠᠨ᠎ᠠ᠃ ᠭᠡᠪᠡᠴᠦ ᠫᠠᠷᠯᠠᠮᠧᠨᠲ ᠤᠨ ᠪᠦᠭᠦᠳᠡ ᠨᠠᠶᠢᠷᠠᠮᠳᠠᠬᠤ ᠤᠯᠤᠰ ᠍ ᠳᠦ ᠭᠦᠢᠴᠡᠳᠭᠡᠬᠦ ᠡᠷᠬᠡᠮᠡᠳᠡᠯ ᠢ ᠶᠡᠷᠦᠩᠬᠡᠢ ᠰᠠᠶᠢᠳ ᠬᠢᠭᠡᠳ ᠲᠡᠭᠦᠨ ᠦ ᠺᠠᠪᠢᠨᠧᠲ ᠢᠶᠡᠷ ᠲᠣᠯᠣᠭᠠᠶᠢᠯᠠᠭᠤᠯᠤᠭᠰᠠᠨ ᠵᠠᠰᠠᠭ ᠤᠨ ᠭᠠᠵᠠᠷ ᠬᠡᠷᠡᠭᠵᠢᠭᠦᠯᠦᠨ᠎ᠡ᠃ ᠵᠠᠰᠠᠭ ᠤᠨ ᠭᠠᠵᠠᠷ ᠤᠨ ᠭᠦᠢᠴᠡᠳᠭᠡᠬᠦ ᠡᠷᠬᠡ ᠮᠡᠳᠡᠯ ᠢᠶᠡᠨ ᠬᠡᠷᠡᠭᠵᠢᠭᠦᠯᠬᠦ ᠪᠦᠷᠢᠨ ᠡᠷᠬᠡ ᠨᠢ ᠫᠠᠷᠯᠠᠮᠧᠨᠲ ᠤᠨ ᠢᠲᠡᠭᠡᠯ ᠳᠦ ᠲᠤᠯᠭᠠᠭᠤᠷᠢᠯᠠᠵᠤ ᠪᠠᠶᠢᠳᠠᠭ ᠪᠠᠶᠢᠨ᠎ᠠ᠃

ᠬᠠᠤᠯᠢ ᠲᠣᠭᠲᠠᠭᠠᠬᠤ ᠡᠷᠬᠡ ᠮᠡᠳᠡᠯ ᠢ ᠬᠡᠷᠡᠭᠵᠢᠭᠦᠯᠵᠦ᠂ ᠵᠠᠰᠠᠭ ᠤᠨ ᠭᠠᠵᠠᠷ ᠤᠨ ᠦᠢᠯᠡ ᠠᠵᠢᠯᠯᠠᠭ᠎ᠠ ᠶᠢ ᠬᠢᠨᠠᠳᠠᠭ ᠨᠢ ᠫᠠᠷᠯᠠᠮᠧᠨᠲ ᠶᠤᠮ᠃ ᠡᠶᠢᠮᠦ ᠤᠴᠢᠷ ᠠᠴᠠ ᠤᠯᠤᠰ ᠣᠷᠣᠨ ᠤ ᠨᠡᠶᠢᠭᠡᠮ ᠡᠳ᠋ ᠍ ᠦᠨ ᠵᠠᠰᠠᠭ ᠤᠨ ᠠᠰᠠᠭᠤᠳᠠᠯ᠂ ᠭᠠᠳᠠᠭᠠᠳᠤ ᠬᠢᠭᠡᠳ ᠳᠣᠲᠣᠭᠠᠳᠤ ᠪᠣᠳᠣᠯᠭ᠎ᠠ ᠶᠢ ᠲᠣᠳᠣᠷᠬᠠᠶᠢᠯᠠᠵᠤ᠂ ᠲᠥᠷᠥ ᠶᠢᠨ ᠲᠥᠰᠥᠪ ᠰᠠᠩᠬᠦᠦ ᠶᠢᠨ ᠣᠨᠴᠠᠭᠠᠢ ᠡᠷᠬᠡ ᠶᠢ ᠬᠡᠷᠡᠭᠵᠢᠭᠦᠯᠦᠨ᠎ᠡ᠃ ᠳᠠᠷᠠᠭᠠᠬᠢ ᠡᠭᠦᠷᠭᠡ ᠨᠦᠭᠦᠳ ᠢ ᠬᠦᠯᠢᠶᠡᠨ᠎ᠡ᠃ ᠡᠭᠦᠨ ᠳᠦ:

- ᠵᠠᠰᠠᠭ ᠤᠨ ᠭᠠᠵᠠᠷ ᠤᠨ ᠮᠡᠳᠡᠭᠡᠯᠡᠯ ᠢ ᠠᠯᠪᠠᠨ ᠶᠣᠰᠣᠭᠠᠷ ᠰᠤᠨᠤᠰᠬᠤ᠂ ᠴᠠᠭ ᠦᠶ᠎ᠡ ᠶᠢᠨ ᠠᠰᠠᠭᠤᠳᠠᠯ ᠢᠶᠠᠷ ᠮᠡᠳᠡᠭᠡᠯᠡᠯ ᠠᠪᠬᠤ

- ᠶᠡᠷᠦᠩᠬᠡᠶᠢᠯᠡᠭᠴᠢ ᠶᠢᠨ ᠬᠣᠷᠢᠭ ᠢ ᠴᠤᠴᠠᠯᠬᠤ᠂ ᠵᠠᠷᠯᠢᠭ ᠢ ᠬᠦᠴᠦᠨ ᠦᠭᠡᠢ ᠪᠣᠯᠭᠠᠬᠤ᠂ ᠲᠡᠭᠦᠨ ᠦ ᠮᠡᠳᠡᠭᠡᠯᠡᠯ ᠢ ᠬᠡᠯᠡᠯᠴᠡᠵᠦ ᠰᠢᠢᠳᠪᠦᠷᠢ ᠭᠠᠷᠭᠠᠬᠤ

- ᠣᠯᠠᠨ ᠤᠯᠤᠰ ᠤᠨ ᠭᠡᠷ᠎ᠡ ᠶᠢ ᠰᠣᠶᠣᠷᠬᠠᠬᠤ ᠪᠠ ᠴᠤᠴᠠᠯᠬᠤ᠂ ᠵᠡᠪᠰᠡᠭᠲᠦ ᠬᠦᠴᠦᠨ ᠦ ᠲᠠᠯ᠎ᠠ ᠪᠠᠷ ᠶᠡᠷᠦᠩᠬᠡᠶᠢᠯᠡᠭᠴᠢ ᠶᠢᠨ ᠭᠠᠷᠭᠠᠭᠰᠠᠨ ᠵᠠᠷᠯᠢᠭ ᠢ ᠪᠠᠲᠤᠯᠠᠬᠤ ᠪᠠ ᠴᠤᠴᠠᠯᠬᠤ

- ᠨᠡᠶᠢᠲᠡ ᠠᠷᠠᠳ ᠲᠦᠮᠡᠨ ᠦ ᠰᠠᠨᠠᠯ ᠠᠰᠠᠭᠤᠯᠭ᠎ᠠ ᠶᠠᠪᠤᠭᠤᠯᠬᠤ᠂ ᠤᠯᠤᠰ ᠣᠷᠣᠨ ᠳᠤ ᠣᠨᠴᠠ ᠪᠠᠶᠢᠳᠠᠯ ᠲᠣᠭᠲᠠᠭᠠᠬᠤ ᠡᠰᠡᠬᠦ ᠶᠢ ᠰᠢᠢᠳᠪᠦᠷᠢᠯᠡᠬᠦ

- ᠢᠮᠫᠢᠴᠮᠧᠨᠲ ᠦᠨ ᠦᠶ᠎ᠡ ᠳᠦ ᠶᠡᠷᠦᠩᠬᠡᠶᠢᠯᠡᠭᠴᠢ ᠶᠢ ᠠᠯᠪᠠᠨ ᠲᠤᠰᠢᠶᠠᠯ ᠠᠴᠠ ᠨᠢ ᠵᠠᠶᠢᠯᠠᠭᠤᠯᠬᠤ ᠵᠡᠷᠭᠡ ᠪᠣᠯᠤᠨ᠎ᠠ᠃ ᠡᠳᠦᠭᠡ ᠠᠦᠢᠰᠲᠷᠶ᠎ᠠᠢᠰᠷᠸᠯᠰᠯᠣᠸᠠᠺᠡᠨᠡᠳᠬᠡᠭ ᠵᠡᠷᠭᠡ ᠫᠠᠷᠯᠠᠮᠧᠨᠲ ᠤᠨ ᠪᠦᠭᠦᠳᠡ ᠨᠠᠶᠢᠷᠠᠮᠳᠠᠬᠤ ᠵᠠᠰᠠᠭᠯᠠᠯ ᠪᠦᠬᠦᠢ ᠤᠯᠤᠰ ᠤᠳ ᠪᠤᠢ᠃

ᠬᠣᠯᠢᠮᠠᠭ ᠪᠦᠭᠦᠳᠡ ᠨᠠᠶᠢᠷᠠᠮᠳᠠᠬᠤ ᠵᠠᠰᠠᠭᠯᠠᠯ[ᠵᠠᠰᠠᠪᠤᠷᠢᠯᠠᠬᠤ | ᠺᠣᠳ᠋ ᠢᠶᠠᠷ ᠵᠠᠰᠠᠬᠣ]

ᠡᠨᠡ ᠨᠢ ᠶᠡᠷᠦᠩᠬᠡᠶᠢᠯᠡᠭᠴᠢ ᠶᠢᠨ ᠬᠢᠭᠡᠳ ᠫᠠᠷᠯᠠᠮᠧᠨᠲ ᠤᠨ ᠵᠠᠰᠠᠭᠯᠠᠯ ᠢ ᠬᠣᠣᠰᠯᠠᠭᠤᠯᠳᠠᠭ ᠳᠤᠸᠠᠯᠢᠰᠲ ᠬᠡᠯᠪᠡᠷᠢ᠃ ᠵᠠᠷᠢᠮ ᠨᠣᠮ ᠵᠣᠬᠢᠶᠠᠯ ᠳᠤ ᠬᠠᠭᠠᠰ ᠶᠡᠷᠦᠩᠬᠡᠶᠢᠯᠡᠭᠴᠢ ᠶᠢᠨ ᠪᠦᠭᠦᠳᠡ ᠨᠠᠶᠢᠷᠠᠮᠳᠠᠬᠤ ᠤᠯᠤᠰ ᠭᠡᠵᠦ ᠨᠡᠷᠡᠯᠡᠭᠰᠡᠨ ᠪᠠᠶᠢᠳᠠᠭ᠃ ᠡᠨᠡᠬᠦ ᠬᠡᠯᠪᠡᠷᠢ ᠨᠢ ᠴᠡᠪᠡᠷ ᠡᠨᠡᠬᠦ ᠰᠢᠨᠵᠢ ᠪᠡᠷ ᠢᠶᠡᠨ ᠬᠠᠷᠢᠴᠠᠩᠭᠤᠢ ᠴᠥᠭᠡᠨ ᠲᠠᠭᠠᠷᠠᠨ᠎ᠠ᠃ ᠲᠤᠬᠠᠶᠢᠯᠠᠪᠠᠯ ᠮᠠᠨ ᠤ ᠤᠯᠤᠰ ᠤᠨ ᠦᠨᠳᠦᠰᠦᠨ ᠬᠠᠤᠯᠢᠩ ᠳᠤ: ᠮᠣᠩᠭᠣᠯ ᠤᠯᠤᠰ ᠫᠠᠷᠯᠠᠮᠧᠨᠲ ᠤᠨ ᠵᠠᠰᠠᠭᠯᠠᠯ ᠲᠠᠢ ᠭᠡᠵᠦ ᠲᠣᠳᠣᠷᠬᠠᠶᠢᠯᠠᠭᠰᠠᠨ ᠴᠤ ᠫᠠᠷᠯᠠᠮᠧᠨᠲ ᠤᠨ ᠤᠯᠤᠰ ᠤᠨ ᠰᠢᠨᠵᠢ ᠴᠢᠨᠠᠷ ᠢ ᠲᠡᠭᠦᠰ ᠢᠯᠡᠷᠬᠡᠶᠢᠯᠡᠵᠦ ᠬᠠᠷᠠᠬᠠᠨ ᠴᠢᠳᠠᠭ᠎ᠠ ᠦᠭᠡᠢ ᠤᠴᠢᠷ ᠠᠴᠠ ᠵᠠᠷᠢᠮ ᠰᠤᠳᠤᠯᠤᠭᠠᠴᠢᠳ ᠬᠣᠯᠢᠮᠠᠭ ᠪᠦᠭᠦᠳᠡ ᠨᠠᠶᠢᠷᠠᠮᠳᠠᠬᠤ ᠤᠯᠤᠰ ᠍ ᠶᠢᠨ ᠲᠣᠭᠠᠨ ᠳᠤ ᠣᠷᠣᠭᠤᠯᠤᠭᠰᠠᠨ ᠨᠢ ᠴᠤ ᠪᠤᠢ᠃

ᠶᠡᠷᠦᠩᠬᠡᠶᠢᠯᠡᠭᠴᠢ᠂ ᠵᠠᠰᠠᠭ ᠤᠨ ᠭᠠᠵᠠᠷ ᠬᠣᠶᠠᠷ ᠭᠦᠢᠴᠡᠳᠭᠡᠬᠦ ᠡᠷᠬᠡ ᠮᠡᠳᠡᠯ ᠢ ᠬᠤᠪᠢᠶᠠᠵᠤ᠂ ᠵᠠᠰᠠᠭ ᠤᠨ ᠭᠠᠵᠠᠷ ᠤᠨ ᠦᠢᠯᠡ ᠠᠵᠢᠯᠯᠠᠭ᠎ᠠ ᠶᠢ ᠫᠠᠷᠠᠯᠮᠧᠨᠲ ᠠᠴᠠ ᠬᠦᠴᠦᠲᠡᠢ ᠬᠢᠨᠠᠵᠤ᠂ ᠫᠠᠷᠯᠠᠮᠧᠨᠲ ᠢᠷᠬᠡᠶᠢᠯᠡᠭᠴᠢ ᠶᠢᠨ ᠬᠢᠨᠠᠯᠲᠠᠨ ᠳᠤ ᠪᠠᠶᠢᠳᠠᠭ ᠲᠤ ᠬᠣᠯᠢᠮᠠᠭ ᠪᠦᠭᠦᠳᠡ ᠨᠠᠶᠢᠷᠠᠮᠳᠠᠬᠤ ᠵᠠᠰᠠᠭ ᠤᠨ ᠭᠣᠣᠯ ᠣᠨᠴᠠᠯᠢᠭ ᠣᠷᠣᠰᠢᠨ᠎ᠠ᠃ ᠵᠠᠰᠠᠭᠯᠠᠯ ᠤᠨ ᠡᠶᠢᠮᠦ ᠬᠡᠯᠪᠡᠷᠢ 1958 ᠣᠨ ᠳᠤ ᠹᠷᠠᠨᠼᠢ᠂ 1975 ᠣᠨ ᠳᠤ ᠭᠷᠧᠺ᠂ 1976 ᠣᠨ ᠳᠤ ᠫᠣᠷᠲ᠋ᠤᠭᠠᠯ ᠤᠯᠤᠰ ᠤᠨ ᠦᠨᠳᠦᠰᠦᠨ ᠬᠠᠤᠯᠢ ᠪᠠᠷ ᠲᠤᠰ ᠲᠤᠰ ᠪᠠᠲᠤᠯᠠᠭᠠᠵᠢᠭ᠌ᠰᠠᠨ ᠪᠠᠶᠢᠨ᠎ᠠ᠃ ᠬᠣᠯᠢᠮᠠᠭ ᠪᠦᠭᠦᠳᠡ ᠨᠠᠶᠢᠷᠠᠮᠳᠠᠬᠤ ᠵᠠᠰᠠᠭ ᠤᠨ ᠦᠶ᠎ᠡ ᠳᠦ:

- ᠵᠠᠰᠠᠭ ᠤᠨ ᠭᠠᠵᠠᠷ ᠢ ᠦᠨᠡᠨ ᠬᠡᠷᠡᠭᠲᠦ ᠪᠡᠨ ᠶᠡᠷᠦᠩᠬᠡᠶᠢᠯᠡᠭᠴᠢ ᠲᠣᠯᠣᠭᠠᠶᠢᠯᠠᠨ᠎ᠠ᠃ ᠶᠡᠷᠦᠩᠬᠡᠢ ᠰᠠᠶᠢᠳ ᠰᠠᠶᠢᠳ ᠤᠳ ᠤᠨ ᠵᠥᠪᠯᠡᠯ ᠢᠶᠡᠷ ᠬᠡᠯᠡᠯᠴᠡᠵᠦ ᠰᠢᠢᠳᠬᠦ ᠠᠰᠠᠭᠤᠳᠠᠯ ᠢ ᠪᠡᠯᠡᠳᠬᠡᠵᠦ᠂ ᠰᠠᠶᠢᠳ ᠨᠠᠷ ᠤᠨ ᠺᠠᠪᠢᠨᠧᠲ ᠢ ᠤᠳᠤᠷᠢᠳᠤᠨ᠎ᠠ᠃ ᠰᠠᠶᠢᠳ ᠤᠳ ᠤᠨ ᠵᠥᠪᠯᠡᠯ ᠦᠨ ᠬᠤᠷᠠᠯ ᠢ ᠶᠡᠷᠦᠩᠬᠡᠶᠢᠯᠡᠭᠴᠢ ᠵᠠᠷᠯᠠᠨ ᠬᠤᠷᠠᠯᠳᠤᠭᠤᠯᠵᠤ ᠳᠠᠷᠤᠭᠠᠯᠠᠨ᠎ᠠ᠃ ᠭᠡᠲᠡᠯ᠎ᠡ ᠰᠠᠶᠢᠳ ᠤᠳ ᠤᠨ ᠬᠤᠷᠠᠯ ᠢᠶᠠᠷ ᠬᠡᠯᠡᠯᠴᠡᠵᠦ ᠭᠠᠷᠤᠭᠰᠠᠨ ᠶᠡᠷᠦᠩᠬᠡᠶᠢᠯᠡᠭᠴᠢ ᠶᠢᠨ ᠪᠠᠷᠢᠮᠲᠠ ᠪᠢᠴᠢᠭ ᠲᠦ ᠶᠡᠷᠦᠩᠬᠡᠢ ᠰᠠᠶᠢᠳ ᠤᠨ ᠭᠠᠷ ᠤᠨ ᠦᠰᠦᠭ ᠵᠠᠶᠢᠯᠠᠰᠢ ᠦᠭᠡᠢ ᠬᠡᠷᠡᠭᠲᠡᠢ ᠪᠠᠶᠢᠳᠠᠭ᠃ ᠶᠠᠭᠠᠬᠢᠭᠠᠳ ᠭᠡᠪᠡᠯ ᠪᠡᠶᠡᠯᠡᠯᠲᠡ ᠶᠢ ᠵᠠᠰᠠᠭ ᠤᠨ ᠭᠠᠵᠠᠷ ᠬᠠᠷᠢᠭᠤᠴᠠᠨ᠎ᠠ᠃ ᠵᠠᠰᠠᠭ ᠤᠨ ᠭᠠᠵᠠᠷ ᠤᠨ ᠪᠣᠳᠣᠯᠭ᠎ᠠ ᠶᠢ ᠶᠡᠷᠦᠩᠬᠡᠶᠢᠯᠡᠭᠴᠢ ᠲᠣᠳᠣᠷᠬᠠᠶᠢᠯᠠᠵᠤ ᠪᠠᠶᠢᠳᠠᠭ ᠢᠶᠠᠷ ᠢᠶᠠᠨ ᠶᠡᠷᠦᠩᠬᠡᠶᠢᠯᠡᠭᠴᠢ ᠶᠢᠨ ᠪᠦᠭᠦᠳᠡ ᠨᠠᠶᠢᠷᠠᠮᠳᠠᠬᠤ ᠤᠯᠤᠰ ᠯᠤᠭ᠎ᠠ ᠲᠥᠰᠲᠡᠢ ᠴᠤ ᠶᠡᠷᠦᠩᠬᠡᠶᠢᠯᠡᠭᠴᠢ ᠬᠠᠷᠢᠭᠤᠴᠠᠯᠭ᠎ᠠ ᠬᠦᠯᠢᠶᠡᠬᠦ ᠤᠯᠤᠰ ᠲᠥᠷᠥ ᠶᠢᠨ ᠮᠧᠬᠠᠨᠢᠰᠮ ᠪᠠᠶᠢᠳᠠᠭ ᠦᠭᠡᠢ ᠪᠠᠶᠢᠨ᠎ᠠ᠃

ᠶᠡᠷᠦᠩᠬᠡᠶᠢᠯᠡᠭᠴᠢ᠂ ᠶᠡᠷᠦᠩᠬᠡᠢ ᠰᠠᠶᠢᠳ ᠬᠢᠭᠡᠳ ᠵᠠᠰᠠᠭ ᠤᠨ ᠭᠠᠵᠠᠷ ᠤᠨ ᠭᠡᠰᠢᠭᠦᠳ ᠢ ᠲᠤᠮᠢᠯᠠᠬᠤ ᠠᠪᠴᠤ ᠵᠠᠰᠠᠭ ᠤᠨ ᠭᠠᠵᠠᠷ ᠨᠢ ᠫᠠᠷᠯᠠᠮᠧᠨᠲ ᠤᠨ ᠡᠮᠦᠨ᠎ᠡ ᠬᠠᠷᠢᠭᠤᠴᠠᠯᠭ᠎ᠠ ᠬᠦᠯᠢᠶᠡᠨ᠎ᠡ᠃ ᠡᠭᠦᠪᠡᠷ ᠢᠶᠡᠨ ᠫᠠᠷᠯᠠᠮᠧᠨᠲ ᠤᠨ ᠪᠦᠭᠦᠳᠡ ᠨᠠᠶᠢᠷᠠᠮᠳᠠᠬᠤ ᠤᠯᠤᠰ ᠍ ᠲᠠᠢ ᠠᠳᠠᠯᠢ᠃ ᠵᠠᠰᠠᠭ ᠤᠨ ᠭᠠᠵᠠᠷ ᠥᠪᠡᠷ ᠦᠨ ᠪᠣᠳᠣᠯᠭ᠎ᠠ ᠶᠢ ᠫᠠᠷᠠᠯᠮᠧᠨᠲ ᠲᠠᠢ ᠵᠥᠪᠰᠢᠯᠴᠡᠨ ᠲᠣᠳᠣᠷᠬᠠᠶᠢᠯᠠᠵᠤ ᠬᠡᠷᠡᠭᠵᠢᠭᠦᠯᠦᠨ᠎ᠡ᠂ ᠫᠠᠷᠯᠠᠮᠧᠨᠲ ᠤᠨ ᠢᠲᠡᠭᠡᠯ ᠢ ᠠᠯᠠᠳᠠᠭᠰᠠᠨ ᠲᠣᠬᠢᠶᠠᠯᠳᠤᠯ ᠳᠤ ᠣᠭᠴᠠᠷᠠᠨ᠎ᠠ᠃ ᠫᠠᠷᠠᠯᠮᠧᠨᠲ ᠠᠴᠠ ᠵᠠᠰᠠᠭ ᠤᠨ ᠭᠠᠵᠠᠷ ᠢ ᠬᠢᠨᠠᠬᠤ ᠨᠠᠷᠢᠨ ᠮᠧᠬᠠᠨᠢᠰᠮ ᠦᠢᠯᠡᠴᠢᠯᠡᠨ᠎ᠡ᠃

ᠶᠡᠷᠦᠩᠬᠡᠶᠢᠯᠡᠭᠴᠢ ᠶᠢᠨ ᠡᠷᠬᠡ ᠮᠡᠳᠡᠯ ᠬᠠᠷᠢᠴᠠᠩᠭᠤᠢ ᠥᠨᠳᠥᠷ ᠪᠠᠶᠢᠨ᠎ᠠ᠃ ᠶᠡᠷᠦᠩᠬᠡᠶᠢᠯᠡᠭᠴᠢ ᠶᠢᠨ ᠪᠦᠭᠦᠳᠡ ᠨᠠᠶᠢᠷᠠᠮᠳᠠᠬᠤ ᠤᠯᠤᠰ ᠍ ᠤᠨ ᠶᠡᠷᠦᠩᠬᠡᠶᠢᠯᠡᠭᠴᠢ ᠫᠠᠷᠠᠯᠮᠧᠨᠲ ᠢ ᠲᠠᠷᠠᠭᠠᠬᠤ ᠡᠷᠬᠡ ᠦᠭᠡᠢ ᠪᠠᠶᠢᠳᠠᠭ ᠪᠣᠯ ᠬᠣᠯᠢᠮᠠᠭ ᠪᠦᠭᠦᠳᠡ ᠨᠠᠶᠢᠷᠠᠮᠳᠠᠬᠤ ᠤᠯᠤᠰ ᠍ ᠤᠨ ᠶᠡᠷᠦᠩᠬᠡᠶᠢᠯᠡᠭᠴᠢ ᠡᠶᠢᠮᠦ ᠡᠷᠬᠡ ᠶᠢ ᠡᠳ᠋ᠯᠡᠨ᠎ᠡ᠃

ᠥᠨᠥ ᠶᠢᠨ ᠪᠠᠶᠢᠳᠠᠯ ᠢᠶᠠᠷ ᠠᠽᠧᠷᠪᠠᠶᠢᠵᠠᠨᠠᠷᠮᠧᠨᠮᠣᠯᠳᠤᠪᠠᠣᠷᠣᠰ ᠬᠣᠯᠪᠣᠭᠠᠨ ᠤ ᠤᠯᠤᠰᠫᠣᠯᠢᠰᠢᠹᠷᠠᠨᠼᠢ ᠵᠡᠷᠭᠡ ᠬᠣᠯᠢᠮᠠᠭ ᠪᠦᠭᠦᠳᠡ ᠨᠠᠶᠢᠷᠠᠮᠳᠠᠬᠤ ᠵᠠᠰᠠᠭ ᠪᠦᠬᠦᠢ ᠤᠯᠤᠰ ᠤᠳ ᠪᠠᠶᠢᠨ᠎ᠠ᠃

ᠪᠢᠴᠢᠭᠡᠰᠦ