ᠪᠦᠭᠦᠳᠡ ᠨᠠᠶᠢᠷᠠᠮᠳᠠᠬᠤ ᠮᠣᠩᠭᠣᠯ ᠠᠷᠠᠳ ᠤᠯᠤᠰ

ᠴᠢᠯᠦᠭᠡᠲᠦ ᠨᠡᠪᠲᠡᠷᠬᠡᠢ ᠲᠣᠯᠢ — ᠸᠢᠺᠢᠫᠧᠳᠢᠶ᠎ᠠ ᠠᠴᠠ
ᠬᠠᠷᠠᠶᠢᠬᠤ: ᠤᠳᠤᠷᠢᠳᠬᠤ, ᠬᠠᠶᠢᠯᠲᠠ
ᠪᠦᠭᠦᠳᠡ ᠨᠠᠶᠢᠷᠠᠮᠳᠠᠬᠤ ᠮᠣᠩᠭᠣᠯ ᠠᠷᠠᠳ ᠤᠯᠤᠰ
ᠪᠦᠭᠦᠳᠡ ᠨᠠᠶᠢᠷᠠᠮᠳᠠᠬᠤ ᠮᠣᠩᠭᠣᠯ ᠠᠷᠠᠳ ᠤᠯᠤᠰ
1924–1992
ᠨᠡᠶᠢᠰᠯᠡᠯ ᠤᠯᠠᠭᠠᠨᠪᠠᠭᠠᠲᠤᠷ
ᠬᠡᠯᠡ ᠠᠶᠠᠯᠭᠤ ᠮᠣᠩᠭᠣᠯ ᠬᠡᠯᠡ
ᠱᠠᠰᠢᠨ ᠰᠢᠲᠦᠯᠭᠡ ᠪᠥᠭᠡᠪᠤᠳ᠋ᠳ᠋ᠾᠠ ᠶᠢᠨ ᠱᠠᠰᠢᠨ
ᠲᠥᠷᠥ ᠵᠠᠰᠠᠭ ᠪᠦᠭᠦᠳᠡ ᠨᠠᠶᠢᠷᠠᠮᠳᠠᠬᠤ ᠤᠯᠤᠰ
ᠲᠡᠦᠬᠡ
 - Established
 - Disestablished
Today part of Flag of Mongolia.svg ᠮᠣᠩᠭᠣᠯ
Flag of Russia.svg ᠣᠷᠣᠰ
Flag of the People's Republic of China.svg ᠬᠢᠲᠠᠳ

ᠪᠦᠭᠦᠳᠡ ᠨᠠᠶᠢᠷᠠᠮᠳᠠᠬᠤ ᠮᠣᠩᠭᠣᠯ ᠠᠷᠠᠳ ᠤᠯᠤᠰ ᠪᠣᠯ 1924-1992 ᠣᠨ ᠬᠦᠷᠲᠡᠯᠡᠬᠢ ᠮᠣᠩᠭᠣᠯ ᠤᠯᠤᠰ ᠍ ᠤᠨ ᠨᠡᠷ᠎ᠡ ᠶᠤᠮ᠃ ᠡᠨᠡ ᠦᠶ᠎ᠡ ᠳᠦ ᠮᠣᠩᠭᠣᠯ ᠤᠯᠤᠰ ᠤᠨ ᠲᠥᠷᠥ ᠨᠡᠶᠢᠭᠡᠮ ᠤᠨ ᠲᠣᠭᠲᠠᠯᠴᠠᠭ᠎ᠠ ᠨᠢ ᠰᠣᠴᠢᠶᠠᠯᠢᠰᠲᠤ ᠨᠡᠶᠢᠭᠡᠮ ᠢ ᠳᠠᠮᠵᠢᠭ᠌ᠰᠠᠨ᠃ 1989 ᠣᠨ ᠤ ᠰᠡᠭᠦᠯ ᠡᠴᠡ ᠡᠬᠢᠯᠡᠨ ᠮᠣᠩᠭᠣᠯ ᠤᠯᠤᠰ ᠨᠢ ᠠᠷᠠᠳᠴᠢᠯᠠᠭᠰᠠᠨ ᠨᠡᠶᠢᠭᠡᠮ ᠢ ᠵᠠᠷᠯᠠᠨ ᠲᠤᠩᠬᠠᠭᠯᠠᠵᠤ᠂ 1992 ᠣᠨ ᠳᠤ ᠪᠠᠲᠤᠯᠠᠭᠰᠠᠨ ᠰᠢᠨ᠎ᠡ ᠦᠨᠳᠦᠰᠦᠨ ᠬᠠᠤᠯᠢ ᠪᠠᠷ ᠪᠦᠭᠦᠳᠡ ᠨᠠᠶᠢᠷᠠᠮᠳᠠᠬᠤ ᠨᠡᠷ᠎ᠡ ᠪᠡᠨ ᠬᠠᠯᠠᠵᠤ ᠮᠣᠩᠭᠣᠯ ᠤᠯᠤᠰ ᠪᠣᠯᠤᠭᠰᠠᠨ᠃

ᠲᠡᠦᠬᠡ[ᠵᠠᠰᠠᠪᠤᠷᠢᠯᠠᠬᠤ | ᠺᠣᠳ᠋ ᠢᠶᠠᠷ ᠵᠠᠰᠠᠬᠣ]

ᠪᠣᠭᠳᠠ ᠬᠠᠭᠠᠨ 1924 ᠣᠨ ᠳᠤ ᠭᠡᠨᠡᠳᠲᠡ ᠲᠠᠭᠠᠯᠠᠯ ᠲᠡᠭᠦᠰᠦᠭᠰᠡᠨ ᠪᠠᠶᠢᠨ᠎ᠠ᠃ ᠢᠩᠭᠢᠭᠰᠡᠨ ᠢᠶᠡᠷ ᠪᠣᠭᠳᠠ ᠬᠠᠭᠠᠨᠲᠤ ᠮᠣᠩᠭᠣᠯ ᠤᠯᠤᠰ ᠪᠤᠶᠤ ᠬᠡᠮᠵᠢᠶ᠎ᠡ ᠳᠦ ᠡᠷᠬᠡᠲᠦ ᠬᠠᠭᠠᠨᠲᠤ ᠵᠠᠰᠠᠭᠯᠠᠯ ᠣᠷᠣᠰᠢᠨ ᠲᠣᠭᠲᠠᠨᠢᠬᠤ ᠪᠠᠨ ᠪᠣᠯᠤᠭᠰᠠᠨ ᠪᠢᠯᠡ᠃ ᠮᠣᠩᠭᠣᠯ ᠤᠨ ᠲᠠᠩᠨᠠᠭᠤᠯ ᠤᠨ ᠲᠥᠪ ᠭᠠᠵᠠᠷ ᠰᠡᠭᠦᠯ ᠦᠨ ᠦᠶ᠎ᠡ ᠳᠦ ᠢᠯᠡᠷᠡᠭᠰᠡᠨ ᠪᠠᠷᠢᠮᠲᠠ ᠮᠡᠳᠡᠭᠡᠨ ᠳᠡᠭᠡᠷ᠎ᠡ ᠲᠦᠰᠢᠭᠯᠡᠨ ᠲᠡᠭᠦᠨ ᠢ ᠵᠥᠪᠯᠡᠯᠲᠦ ᠶᠢᠨ ᠲᠠᠩᠨᠠᠭᠤᠯ ᠤᠳ ᠲᠤ ᠬᠣᠣᠷᠯᠠᠭᠳᠠᠭᠰᠠᠨ ᠭᠡᠵᠦ ᠦᠵᠡᠵᠦ ᠪᠠᠶᠢᠨ᠎ᠠ᠃ [1] ᠰᠣᠴᠢᠶᠠᠯᠢᠰᠲᠤ ᠰᠢᠰᠲ᠋ᠧᠮ ᠦᠨ ᠦᠶ᠎ᠡ ᠳᠦ ᠪᠣᠭᠳᠠ ᠬᠠᠭᠠᠨ ᠢ ᠡᠪᠡᠳᠴᠢᠨ ᠦ ᠤᠯᠠᠮ ᠠᠴᠠ ᠥᠩᠭᠡᠷᠡᠭᠰᠡᠨ ᠭᠡᠵᠦ ᠪᠢᠴᠢᠳᠡᠭ ᠪᠠᠶᠢᠭᠰᠠᠨ ᠪᠠ ᠣᠷᠣᠰ ᠤᠨ ᠲᠠᠯ᠎ᠠ ᠪᠣᠭᠳᠠ ᠶᠢ ᠣᠷᠣᠰ ᠤᠨ ᠲᠠᠩᠨᠠᠭᠤᠯ ᠬᠣᠷᠢᠶᠠᠭᠰᠠᠨ ᠭᠡᠳᠡᠭ ᠢ ᠬᠦᠯᠢᠶᠡᠨ ᠵᠥᠪᠰᠢᠶᠡᠷᠡᠳᠡᠭ ᠦᠭᠡᠢ᠃ ᠣᠷᠣᠰ ᠤᠨ ᠰᠤᠳᠤᠯᠤᠭᠠᠴᠢ ᠰ᠃ᠺᠦᠽᠢᠮᠢᠨ ᠪᠠ ᠮᠣᠩᠭᠣᠯ ᠤᠨ ᠰᠤᠳᠤᠯᠤᠭᠠᠴᠢ ᠵ᠃ᠣᠶᠤᠨᠴᠢᠮᠡᠭ ᠨᠠᠷ ᠤᠨ ᠨᠣᠮᠣᠨ ᠳᠤ ᠲᠡᠭᠦᠨ ᠢ ᠬᠣᠣᠷᠲᠤ ᠬᠠᠪᠤᠳᠠᠷ ᠢᠶᠠᠷ ᠨᠠᠰᠤ ᠪᠠᠷᠠᠭᠰᠠᠨ ᠭᠡᠵᠦ ᠪᠢᠴᠢᠵᠡᠢ᠃[2]

ᠪᠣᠭᠳᠠ ᠬᠠᠭᠠᠨ ᠤ ᠬᠣᠶᠢᠲᠤ ᠳᠦᠷᠢ ᠶᠢ ᠲᠣᠳᠣᠷᠠᠭᠤᠯᠬᠤ ᠶᠢ ᠠᠷᠠᠳ ᠤᠨ ᠵᠠᠰᠠᠭ ᠤᠨ ᠭᠠᠵᠠᠷ ᠠᠴᠠ ᠬᠣᠷᠢᠭᠯᠠᠭᠰᠠᠨ ᠰᠢᠢᠳᠪᠦᠷᠢ ᠭᠠᠷᠭᠠᠭᠰᠠᠨ ᠤ ᠦᠷ᠎ᠡ ᠳ᠋ᠦᠩ ᠳᠦ ᠪᠦᠭᠦᠳᠡ ᠨᠠᠶᠢᠷᠠᠮᠳᠠᠬᠤ ᠲᠥᠷᠥ ᠶᠢ ᠲᠤᠩᠬᠠᠭᠯᠠᠬᠤ ᠦᠨᠳᠦᠰᠦ ᠪᠦᠷᠢᠳᠦᠭᠰᠡᠨ ᠪᠠᠶᠢᠨ᠎ᠠ᠃ ᠡᠭᠦᠨ ᠦ ᠳᠠᠷᠠᠭ᠎ᠠ 1924 ᠣᠨ ᠤ ᠨᠠᠮᠤᠷ МАН ᠍ ᠤᠨ ᠶᠡᠬᠡ ᠬᠤᠷᠠᠯ ᠢ ᠵᠠᠷᠯᠠᠨ ᠬᠤᠷᠠᠯᠳᠤᠭᠤᠯᠵᠤ ᠦᠨᠳᠦᠰᠦᠨ ᠬᠠᠤᠯᠢ ᠳᠤ ᠪᠦᠭᠦᠳᠡ ᠨᠠᠶᠢᠷᠠᠮᠳᠠᠬᠤ ᠵᠠᠰᠠᠭᠯᠠᠯ ᠢ ᠲᠣᠭᠲᠠᠭᠠᠬᠠᠠᠷ ᠰᠢᠢᠳᠪᠦᠷᠢᠯᠡᠭᠰᠡᠨ ᠪᠥᠭᠡᠳ ᠡᠨᠡ ᠶᠡᠬᠡ ᠬᠤᠷᠠᠯ ᠤᠨ ᠦᠶ᠎ᠡ ᠪᠡᠷ ᠬᠥᠷᠥᠩᠭᠡᠲᠡᠨ ᠦ ᠪᠦᠭᠦᠳᠡ ᠨᠠᠶᠢᠷᠠᠮᠳᠠᠬᠤ ᠵᠠᠰᠠᠭᠯᠠᠯ ᠤᠨ ᠲᠠᠯ᠎ᠠ ᠶᠢ ᠪᠠᠷᠢᠮᠲᠠᠯᠠᠭᠴᠢ ᠶᠡᠷᠦᠩᠬᠡᠢ ᠰᠠᠶᠢᠳ ᠤᠨ ᠣᠷᠣᠯᠠᠭᠴᠢ᠂ ᠪᠦᠬᠦ ᠴᠡᠷᠢᠭ ᠦᠨ ᠵᠠᠩᠵᠤᠨ ᠰ᠃ᠳᠠᠨᠽᠠᠨ ᠢ ᠵᠥᠪᠯᠡᠯᠲᠦ ᠣᠷᠣᠰ ᠤᠯᠤᠰ ᠤᠨ ᠪᠣᠯᠤᠨ ᠺᠣᠮᠢᠨᠲ᠋ᠧᠷᠠᠨ ᠲᠥᠯᠥᠭᠡᠯᠡᠭᠴᠢᠳ ᠦᠨ ᠰᠢᠭᠤᠳ ᠤᠳᠤᠷᠢᠳᠤᠯᠭ᠎ᠠ ᠪᠠᠷ ᠪᠠᠷᠢᠪᠴᠢᠯᠠᠨ ᠫᠤᠤᠳᠠᠨ ᠬᠣᠷᠢᠶᠠᠭᠰᠠᠨ ᠪᠠᠶᠢᠨ᠎ᠠ᠃ 1924 ᠣᠨ ᠤ 11 ᠰᠠᠷ᠎ᠠ ᠶᠢᠨ 26 ᠍ ᠳᠦ ᠪᠦᠭᠦᠳᠡᠨᠠᠶᠢᠷᠠᠮᠳᠠᠬᠤ ᠮᠣᠩᠭᠣᠯ ᠠᠷᠠᠳ ᠤᠯᠤᠰ ᠢ ᠵᠠᠷᠯᠠᠨ ᠲᠤᠩᠬᠠᠭᠯᠠᠵᠤ᠂ ᠠᠩᠬᠠᠳᠤᠭᠠᠷ ᠦᠨᠳᠦᠰᠦᠨ ᠬᠠᠤᠯᠢ ᠶᠢ ᠪᠠᠲᠤᠯᠠᠭᠰᠠᠨ ᠪᠠᠶᠢᠨ᠎ᠠ᠃

ᠪᠦᠭᠦᠳᠡ ᠨᠠᠶᠢᠷᠠᠮᠳᠠᠬᠤ ᠮᠣᠩᠭᠣᠯ ᠠᠷᠠᠳ ᠤᠯᠤᠰ ᠲᠤᠩᠬᠠᠭᠯᠠᠭᠰᠠᠨ 11 ᠍ ᠳᠦᠭᠡᠷ ᠰᠠᠷ᠎ᠠ ᠶᠢᠨ 26 ᠍ ᠤ ᠡᠳᠦᠷ ᠢ "ᠤᠯᠤᠰ ᠲᠤᠩᠬᠠᠭᠯᠠᠭᠰᠠᠨ ᠤ ᠪᠠᠶᠠᠷ" ᠭᠡᠵᠦ ᠨᠡᠷᠡᠯᠡᠨ ᠨᠡᠶᠢᠲᠡ ᠪᠡᠷ ᠢᠶᠡᠨ ᠠᠮᠠᠷᠠᠳᠠᠭ ᠪᠠᠶᠢᠭᠰᠠᠨ ᠴᠤ 2012 ᠣᠨ ᠳᠤ ᠮᠣᠩᠭᠣᠯ ᠤᠯᠤᠰ ᠦᠨ ᠶᠡᠷᠦᠩᠬᠡᠶᠢᠯᠡᠭᠴᠢ ᠴ᠃ᠡᠯᠪᠡᠭᠳᠣᠷᠵᠢ ᠡᠨᠡ ᠪᠠᠶᠠᠷ ᠢ ᠨᠡᠶᠢᠲᠡ ᠪᠡᠷ ᠢᠶᠡᠨ ᠲᠡᠮᠳᠡᠭᠯᠡᠬᠦ ᠶᠢ ᠵᠣᠭᠰᠣᠭᠠᠵᠤ 11 ᠍ ᠳᠦᠭᠡᠷ ᠰᠠᠷ᠎ᠠ ᠳᠤ "ᠴᠢᠩᠭᠢᠰ ᠬᠠᠭᠠᠨ ᠤ ᠮᠡᠨᠳᠦᠯᠡᠭᠰᠡᠨ ᠡᠳᠦᠷ" ᠪᠤᠶᠤ "ᠮᠣᠩᠭᠣᠯ ᠪᠠᠬᠠᠷᠬᠠᠯ ᠤᠨ ᠡᠳᠦᠷ ᠢ" ᠨᠡᠶᠢᠲᠡ ᠪᠡᠷ ᠢᠶᠡᠨ ᠠᠮᠠᠷᠠᠵᠤ ᠲᠡᠮᠳᠡᠭᠯᠡᠬᠦ ᠪᠣᠯᠵᠠᠢ᠃ ᠮᠣᠩᠭᠣᠯ ᠰᠤᠳᠤᠯᠤᠭᠠᠴᠢᠳ ᠳᠡᠯᠡᠬᠡᠢ ᠶᠢᠨ ᠠᠯᠢ ᠴᠤ ᠤᠯᠤᠰ ᠪᠦᠭᠦᠳᠡ ᠨᠠᠶᠢᠷᠠᠮᠳᠠᠬᠤ ᠤᠯᠤᠰ ᠪᠠᠶᠢᠭᠤᠯᠤᠭᠰᠠᠨ ᠪᠤᠶᠤ ᠤᠯᠤᠰ ᠲᠥᠷᠥ ᠶᠢᠨ ᠰᠢᠰᠲ᠋ᠧᠮ ᠢᠶᠡᠨ ᠥᠭᠡᠷᠡᠴᠢᠯᠡᠭᠰᠡᠨ ᠡᠳᠦᠷ ᠢ ᠪᠠᠶᠠᠷ ᠪᠣᠯᠭᠠᠨ ᠲᠡᠮᠳᠡᠭᠯᠡᠳᠡᠭ ᠦᠭᠡᠢ ᠤᠴᠢᠷ ᠴᠢᠨᠠᠭᠰᠢᠳᠠ ᠤᠯᠤᠰ ᠲᠤᠩᠬᠠᠭᠯᠠᠭᠰᠠᠨ ᠤ ᠡᠳᠦᠷ ᠭᠡᠵᠦ ᠲᠤᠰᠬᠠᠶᠢᠯᠠᠨ ᠪᠠᠶᠠᠷ ᠲᠡᠮᠳᠡᠭᠯᠡᠬᠦ ᠱᠠᠭᠠᠷᠳᠠᠯᠭ᠎ᠠ ᠦᠭᠡᠢ ᠭᠡᠵᠦ ᠦᠵᠡᠬᠦ ᠪᠣᠯᠵᠠᠢ᠃ ᠭᠡᠪᠡᠴᠦ МАН, ᠮᠣᠩᠭᠣᠯ ᠠᠷᠠᠳ ᠤᠨ ᠬᠤᠪᠢᠰᠬᠠᠯᠲᠤ ᠨᠠᠮ ᠵᠡᠷᠭᠡ ᠨᠠᠮ ᠤᠳ 11 ᠍ ᠳᠦᠭᠡᠷ ᠰᠠᠷ᠎ᠠ ᠶᠢᠨ 26 ᠍ ᠨ ᠢ ᠮᠣᠩᠭᠣᠯ ᠤᠯᠤᠰ ᠲᠤᠰᠠᠭᠠᠷ ᠲᠣᠭᠲᠠᠨᠢᠭᠰᠠᠨ᠂ ᠤᠯᠤᠰ ᠢᠶᠠᠨ ᠲᠤᠩᠬᠠᠭᠯᠠᠭᠰᠠᠨ ᠡᠳᠦᠷ ᠭᠡᠵᠦ ᠰᠤᠷᠲᠠᠯᠴᠢᠯᠠᠨ ᠲᠡᠮᠳᠡᠭᠯᠡᠬᠦ ᠶᠢ ᠣᠷᠣᠯᠳᠤᠭᠰᠠᠭᠠᠷ ᠪᠠᠶᠢᠨ᠎ᠠ᠃ ᠰᠣᠴᠢᠶᠠᠯᠢᠮ ᠤᠨ ᠦᠶ᠎ᠡ ᠳᠦ ОӨМУ ᠍ ᠦᠨ ᠲᠡᠦᠬᠡ ᠶᠢ ᠦᠭᠡᠶᠢᠰᠬᠡᠳᠡᠭ᠂ ᠡᠷᠬᠡ ᠮᠡᠳᠡᠯ ᠦᠭᠡᠢ ᠠᠦ᠋ᠲ᠋ᠣᠨᠣᠮᠢᠲᠤ ᠮᠤᠵᠢ ᠪᠠᠶᠢᠭᠰᠠᠨ ᠭᠡᠵᠦ ᠪᠢᠴᠢᠳᠡᠭ ᠪᠠᠶᠢᠭᠰᠠᠨ ᠦᠵᠡᠯ ᠣᠳᠣ ᠴᠤ ᠵᠠᠷᠢᠮ ᠬᠦᠮᠦᠰ ᠦᠨ ᠳᠤᠮᠳᠠ ᠬᠡᠪ ᠢᠶᠡᠷ ᠪᠠᠶᠢᠨ᠎ᠠ᠃ ᠲᠤᠬᠠᠶᠢᠯᠠᠪᠠᠯ ᠠᠷᠠᠳᠴᠢᠯᠠᠭᠰᠠᠨ ᠬᠥᠳᠡᠯᠭᠡᠭᠡᠨ ᠦ ᠬᠢᠨ 1990 ᠣᠨ ᠠᠴᠠ ᠡᠮᠦᠨᠡᠬᠢ ᠮᠣᠩᠭᠣᠯ ᠤᠨ ᠲᠡᠦᠬᠡ ᠶᠢᠨ ᠠᠴᠢ ᠬᠣᠯᠪᠣᠭᠳᠠᠯ ᠢ ᠪᠠᠭᠤᠷᠠᠭᠤᠯᠬᠤ ᠣᠷᠣᠯᠳᠤᠯᠭ᠎ᠠ ᠬᠢᠳᠡᠭ ᠪᠣᠯ МАН ᠪᠠ ᠮᠣᠩᠭᠣᠯ ᠠᠷᠠᠳ ᠤᠨ ᠬᠤᠪᠢᠰᠬᠠᠯᠲᠤ ᠨᠠᠮ 1921-1990 ᠣᠨ ᠤ ᠲᠡᠦᠬᠡ ᠶᠢ ᠥᠪᠡᠷ ᠦᠨ ᠪᠣᠯᠭᠠᠨ ᠥᠮᠴᠢᠯᠡᠬᠦ᠂ ᠡᠨᠡ ᠦᠶ᠎ᠡ ᠶᠢᠨ ᠲᠡᠦᠬᠡ ᠶᠢ ᠬᠡᠲᠦ ᠳᠥᠪᠦᠶᠢᠯᠭᠡᠨ ᠡᠷᠭᠦᠮᠵᠢᠯᠡᠬᠦ ᠣᠷᠣᠯᠳᠤᠯᠭ᠎ᠠ ᠬᠢᠳᠡᠭ᠃ 1911 ᠣᠨ ᠳᠤ ᠮᠣᠩᠭᠣᠯᠴᠤᠳ ᠣᠯᠠᠨ᠎ᠠ ᠡᠷᠭᠦᠭᠳᠡᠭᠰᠡᠨ ᠮᠣᠩᠭᠣᠯ ᠤᠯᠤᠰ ᠢ ᠲᠤᠩᠬᠠᠭᠯᠠᠨ ᠪᠠᠶᠢᠭᠤᠯᠤᠭᠰᠠᠨ ᠪᠠᠶᠢᠳᠠᠭ ᠤᠴᠢᠷ ᠦᠨᠡᠨ ᠬᠡᠷᠡᠭ ᠳᠡᠭᠡᠷ᠎ᠡ ᠪᠡᠨ ᠣᠷᠴᠢᠨ ᠦᠶ᠎ᠡ ᠶᠢᠨ ᠮᠣᠩᠭᠣᠯ ᠤᠯᠤᠰ 1911 ᠣᠨ ᠳᠤ ᠪᠠᠶᠢᠭᠤᠯᠤᠭᠳᠠᠭᠰᠠᠨ ᠪᠠᠶᠢᠨ᠎ᠠ᠃ ᠮᠥᠨ ᠣᠷᠴᠢᠨ ᠦᠶ᠎ᠡ ᠶᠢᠨ ᠮᠣᠩᠭᠣᠯ ᠤᠨ ᠵᠡᠪᠰᠡᠭᠲᠦ ᠬᠦᠴᠦᠨ ᠪᠠᠶᠢᠭᠤᠯᠤᠭᠳᠠᠭᠰᠠᠨ ᠡᠳᠦᠷ ᠢ 1921 ᠣᠨ ᠤ 3 ᠍ ᠳᠦᠭᠡᠷ ᠰᠠᠷ᠎ᠠ ᠶᠢᠨ 18 ᠍ ᠨᠠᠭᠠᠷ ᠲᠣᠭᠠᠴᠠᠳᠠᠭ ᠴᠤ ᠣᠯᠠᠨ ᠰᠤᠳᠤᠯᠤᠭᠠᠴᠢᠳ ОӨМУ ᠍ ᠶᠢᠨ ᠦᠶ᠎ᠡ ᠪᠡᠷ ᠣᠷᠴᠢᠨ ᠦᠶ᠎ᠡ ᠶᠢᠨ ᠮᠣᠩᠭᠣᠯ ᠤᠨ ᠲᠡᠦᠬᠡ ᠶᠢᠨ ᠲᠡᠮᠳᠡᠭᠯᠡᠯ ᠳᠦ ᠡᠳᠦᠷ ᠦᠳ ᠢ ᠲᠣᠭᠠᠴᠠᠨ ᠲᠡᠮᠳᠡᠭᠯᠡᠬᠦ ᠶᠢ ᠰᠠᠨᠠᠭᠤᠯᠤᠨ ᠪᠢᠴᠢᠭᠰᠡᠭᠡᠷ ᠪᠠᠶᠢᠨ᠎ᠠ᠃

1924-1937 ᠣᠨ ᠨᠤᠭᠤᠳ ᠲᠤ ᠪᠦᠭᠦᠳᠡ ᠨᠠᠶᠢᠷᠠᠮᠳᠠᠬᠤ ᠮᠣᠩᠭᠣᠯ ᠠᠷᠠᠳ ᠤᠯᠤᠰ ᠍ ᠤᠨ ᠲᠥᠷᠥ᠂ ᠵᠠᠰᠠᠭ ᠤᠨ ᠤᠳᠤᠷᠢᠳᠤᠯᠭ᠎ᠠ ᠳᠤ ᠪ᠃ᠰᠡᠷᠡᠩᠳᠣᠷᠵᠢ᠂ ᠳᠠᠮᠪᠠᠳᠣᠷᠵᠢ᠂ ᠰᠢᠵᠢ ᠪᠡᠨ᠂ ᠪᠠᠳᠠᠷᠠᠬᠤ᠂ ᠪ᠃ᠠᠮᠤᠷ᠂ ᠭᠡᠨᠳᠡᠩ᠂ ᠳᠣᠭᠰᠣᠮ᠂ ᠴᠣᠶᠢᠪᠠᠯᠰᠠᠩ ᠵᠡᠷᠭᠡ ᠬᠦᠮᠦᠰ ᠠᠵᠢᠯᠯᠠᠵᠤ ᠪᠠᠶᠢᠭᠰᠠᠨ ᠪᠥᠭᠡᠳ ᠡᠨᠡ ᠦᠶ᠎ᠡ ᠳᠦ ᠵᠥᠪᠯᠡᠯᠲᠦ ᠬᠣᠯᠪᠣᠭᠠᠲᠤ ᠤᠯᠤᠰ ᠲᠠᠢ ᠮᠠᠰᠢ ᠨᠠᠷᠢᠨ ᠬᠠᠷᠢᠯᠴᠠᠭ᠎ᠠ ᠲᠠᠢ ᠪᠠᠶᠢᠴᠠᠢ᠃ 1920 ᠍ ᠳᠦ ᠣᠨ ᠳᠤ ᠪᠦᠭᠦᠳᠡ ᠨᠠᠶᠢᠷᠠᠮᠳᠠᠬᠤ ᠮᠣᠩᠭᠣᠯ ᠠᠷᠠᠳ ᠤᠯᠤᠰ ᠍ ᠤᠨ ᠤᠳᠤᠷᠢᠳᠤᠭᠴᠢ ᠨᠠᠷ ᠨᠢ ᠲᠥᠪ ᠢ ᠰᠠᠬᠢᠭᠰᠠᠨ ᠰᠸᠢᠰ ᠰᠢᠭ ᠤᠯᠤᠰ ᠪᠠᠶᠢᠭᠤᠯᠬᠤ᠂ ᠥᠪᠡᠷ ᠦᠨ ᠲᠤᠰᠠᠭᠠᠷ ᠲᠣᠭᠲᠠᠨᠢᠯ ᠢ ᠵᠥᠪᠯᠡᠯᠲᠦ ᠬᠣᠯᠪᠣᠭᠠᠲᠤ ᠤᠯᠤᠰ᠂ БНХУ ᠲᠡᠳᠦᠢ ᠦᠭᠡᠢ ᠧᠦ᠋ᠷᠣᠫᠠ ᠶᠢᠨ ᠤᠯᠤᠰ ᠤᠳ ᠢᠶᠠᠷ ᠬᠦᠯᠢᠶᠡᠨ ᠵᠥᠪᠰᠢᠶᠡᠷᠡᠭᠦᠯᠬᠦ ᠲᠡᠳᠡᠨᠠᠷ ᠲᠠᠢ ᠡᠳ᠋ ᠍ ᠦᠨ ᠵᠠᠰᠠᠭ᠂ ᠬᠤᠳᠠᠯᠳᠤᠭᠠᠨ ᠤ ᠬᠠᠷᠢᠯᠴᠠᠭ᠎ᠠ ᠲᠣᠭᠲᠠᠭᠠᠬᠤ ᠣᠷᠣᠯᠳᠤᠯᠭ᠎ᠠ ᠨᠤᠭᠤᠳ ᠢ ᠤᠶᠢᠭ᠎ᠠ ᠦᠭᠡᠢ ᠬᠢᠵᠦ ᠪᠠᠶᠢᠴᠠᠢ᠃ ᠡᠭᠦᠨ ᠦ ᠦᠷ᠎ᠡ ᠳ᠋ᠦᠩ ᠳᠦ ᠭᠧᠷᠮᠠᠨ᠂ ᠹᠷᠠᠨᠼᠢ ᠳᠤ 50 ᠬᠦᠷᠲᠡᠯ᠎ᠡ ᠲᠣᠭᠠᠨ ᠤ ᠵᠠᠯᠠᠭᠤᠰ ᠢ ᠰᠤᠷᠭᠠᠬᠤ ᠪᠠᠷ ᠢᠯᠡᠭᠡᠭᠰᠡᠨ ᠲᠡᠳᠦᠢ ᠦᠭᠡᠢ ᠰᠸᠸᠳᠡᠨ ᠳ᠋ᠠᠨᠮᠠᠷᠺ ᠵᠡᠷᠭᠡ ᠤᠯᠤᠰ ᠤᠳ ᠲᠠᠢ ᠬᠤᠳᠠᠯᠳᠤᠭᠠᠨ ᠤ ᠬᠠᠷᠢᠯᠴᠠᠭ᠎ᠠ ᠲᠣᠭᠲᠠᠭᠠᠵᠤ᠂ ᠮᠥᠨ ᠮᠡᠷᠭᠡᠵᠢᠯᠲᠡᠨ ᠨᠦᠭᠦᠳ ᠢ ᠤᠷᠢᠵᠤ ᠠᠵᠢᠯᠯᠠᠭᠤᠯᠵᠤ ᠪᠠᠶᠢᠭᠰᠠᠨ ᠪᠠᠶᠢᠨ᠎ᠠ᠃ ᠭᠡᠬᠦ ᠳᠦ ᠪᠡᠨ ᠭᠠᠳᠠᠭᠠᠳᠤ ᠬᠠᠷᠢᠯᠴᠠᠭᠠᠨ ᠳᠤ ᠵᠥᠪᠯᠡᠯᠲᠦ ᠬᠣᠯᠪᠣᠭᠠᠲᠤ ᠤᠯᠤᠰ ᠶᠢ ᠲᠦᠰᠢᠭᠯᠡᠨ ᠬᠢᠲᠠᠳ ᠤᠨ ᠪᠣᠯᠤᠨ ᠶᠠᠫᠣᠨ ᠤ ᠲᠦᠷᠢᠮᠡᠭᠡᠶᠢᠯᠡᠯ ᠢ ᠡᠰᠡᠷᠭᠦᠴᠡᠬᠦ ᠪᠣᠳᠣᠯᠭ᠎ᠠ ᠪᠠᠷᠢᠵᠤ ᠪᠠᠶᠢᠴᠠᠢ᠃ ᠪᠦᠭᠦᠳᠡ ᠨᠠᠶᠢᠷᠠᠮᠳᠠᠬᠤ ᠮᠣᠩᠭᠣᠯ ᠠᠷᠠᠳ ᠤᠯᠤᠰ ᠨᠢ ᠳᠣᠲᠣᠭᠠᠳᠤ ᠳᠤ ᠪᠠᠨ ᠪᠦᠬᠦ ᠬᠦᠮᠦᠨ ᠲᠡᠭᠰᠢ ᠡᠷᠬᠡ ᠲᠡᠢ ᠪᠣᠯᠬᠤ ᠶᠢ ᠲᠤᠩᠬᠠᠭᠯᠠᠨ᠂ ᠢᠵᠠᠭᠤᠷ ᠤᠭᠰᠠᠭ᠎ᠠ ᠪᠣᠯᠤᠨ ᠰᠢᠭᠦᠬᠦ ᠶᠢᠨ ᠬᠠᠷᠭᠢᠰ ᠠᠷᠭ᠎ᠠ ᠨᠤᠭᠤᠳ ᠢ ᠤᠰᠠᠳᠬᠠᠨ ᠬᠠᠮᠵᠢᠯᠭ᠎ᠠ ᠳᠤ ᠶᠣᠰᠣ ᠶᠢ ᠬᠠᠯᠤᠰᠤᠨ ᠪᠠᠶᠢᠨ᠎ᠠ᠃ ᠮᠥᠨ ᠪᠦᠬᠦ ᠨᠡᠶᠢᠲᠡ ᠪᠡᠷ ᠪᠢᠴᠢᠭᠲᠡᠨ ᠪᠣᠯᠬᠤ ᠨᠡᠶᠢᠲᠡ ᠠᠷᠠᠳ ᠤᠨ ᠪᠣᠯᠪᠠᠰᠤᠷᠠᠯ ᠤᠨ ᠪᠣᠯᠤᠨ ᠡᠷᠡᠭᠦᠯ ᠮᠡᠨᠳᠦ ᠶᠢ ᠬᠠᠮᠠᠭᠠᠯᠠᠬᠤ ᠰᠢᠰᠲ᠋ᠧᠮ ᠢ ᠲᠣᠭᠲᠠᠭᠠᠬᠤ ᠠᠷᠭ᠎ᠠ ᠬᠡᠮᠵᠢᠶ᠎ᠡ ᠨᠦᠭᠦᠳ ᠢ ᠠᠪᠴᠤ ᠪᠠᠶᠢᠭᠰᠠᠨ ᠤ ᠦᠷ᠎ᠡ ᠳ᠋ᠦᠩ ᠳᠦ ᠣᠯᠠᠨ ᠠᠷᠪᠠᠨ ᠪᠠᠭ᠎ᠠ ᠰᠤᠷᠭᠠᠭᠤᠯᠢ᠂ ᠪᠠᠭᠰᠢ ᠶᠢᠨ ᠰᠤᠷᠭᠠᠭᠤᠯᠢ ᠪᠠᠶᠢᠭᠤᠯᠤᠭᠳᠠᠭᠰᠠᠨ ᠪᠠ ᠬᠦᠮᠦᠨ ᠪᠣᠯᠤᠨ ᠮᠠᠯ ᠡᠮᠨᠡᠯᠭᠡ ᠨᠦᠭᠦᠳ ᠢ ᠣᠯᠠᠨ ᠢᠶᠠᠷ ᠪᠠᠶᠢᠭᠤᠯᠵᠤ ᠪᠠᠶᠢᠴᠠᠢ᠃ ᠲᠡᠭᠦᠨ ᠡᠴᠡ ᠭᠠᠳᠠᠨ᠎ᠠ ᠦᠨᠳᠦᠰᠦᠨ ᠦ ᠦᠢᠯᠡᠳᠪᠦᠷᠢ ᠶᠢ ᠪᠠᠶᠢᠭᠤᠯᠤᠨ ᠥᠪᠡᠷ ᠦᠨ ᠬᠡᠷᠡᠭᠴᠡᠭᠡ ᠶᠢ ᠬᠠᠩᠭᠠᠬᠤ ᠡᠭᠦᠳᠡᠨ ᠡᠴᠡ ᠨᠣᠣᠰᠣ ᠤᠬᠢᠶᠠᠬᠤ᠂ ᠬᠤᠪᠴᠠᠰᠤ ᠤᠶᠤᠬᠤ᠂ ᠢᠰᠡᠭᠡᠢ ᠡᠳ᠋ᠯᠡᠯ ᠬᠢᠬᠦ᠂ ᠭᠡᠷ ᠠᠬᠤᠢ ᠶᠢᠨ ᠡᠳ᠋ᠯᠡᠯ ᠬᠢᠬᠦ ᠵᠡᠷᠭᠡ ᠵᠢᠵᠢᠭ ᠠᠷᠲ᠋ᠧᠯᠢ᠂ ᠼᠧᠬᠡ ᠨᠦᠭᠦᠳ ᠢ ᠪᠠᠶᠢᠭᠤᠯᠬᠤ᠂ ᠦᠨᠳᠦᠰᠦᠨ ᠦ ᠬᠤᠳᠠᠯᠳᠤᠭᠠᠨ ᠤ ᠪᠠᠶᠢᠭᠤᠯᠤᠯᠭ᠎ᠠ ᠪᠣᠯᠬᠤ ᠮᠣᠩᠭᠣᠯ ᠬᠣᠷᠰᠢᠶ᠎ᠠ ᠵᠡᠷᠭᠡ ᠶᠢ ᠪᠠᠶᠢᠭᠤᠯᠤᠭᠰᠠᠨ ᠲᠡᠳᠦᠢ ᠦᠭᠡᠢ ᠦᠨᠳᠦᠰᠦᠨ ᠦ ᠤᠯᠤᠰ ᠤᠨ ᠪᠠᠩᠬᠢ ᠶᠢ ᠪᠠᠶᠢᠭᠤᠯᠤᠨ ᠥᠪᠡᠷ ᠦᠨ ᠮᠥᠩᠭᠥᠨ ᠲᠡᠮᠳᠡᠭᠲᠦ ᠶᠢ ᠭᠦᠢᠯᠭᠡᠭᠡᠨ ᠳᠦ ᠭᠠᠷᠭᠠᠭᠰᠠᠨ ᠪᠠᠶᠢᠨ᠎ᠠ᠃ ᠲᠡᠭᠦᠨ ᠡᠴᠡ ᠭᠠᠳᠠᠨ᠎ᠠ ᠭᠠᠶᠢᠯᠢ᠂ ᠬᠤᠳᠠᠯᠳᠤᠭᠠᠨ ᠤ ᠲᠠᠲᠠᠪᠤᠷᠢ ᠶᠢ ᠴᠢᠩᠭᠠᠳᠬᠠᠭᠰᠠᠨ ᠪᠠ ᠪᠠᠶᠢᠭᠠᠯᠢ ᠶᠢᠨ ᠪᠠᠶᠠᠯᠢᠭ ᠢ ᠬᠠᠶᠢᠵᠤ ᠢᠯᠡᠷᠡᠭᠦᠯᠦᠨ ᠠᠰᠢᠭᠯᠠᠬᠤ ᠵᠣᠷᠢᠯᠭ᠎ᠠ ᠪᠠᠷ ᠵᠥᠪᠯᠡᠯᠲᠦ ᠬᠣᠯᠪᠣᠭᠠᠲᠤ ᠤᠯᠤᠰ ᠤᠨ ᠮᠡᠷᠭᠡᠵᠢᠯᠲᠡᠨ ᠨᠦᠭᠦᠳ ᠡᠴᠡ ᠪᠦᠷᠢᠳᠦᠭᠰᠡᠨ ᠲᠣᠮᠣᠬᠠᠨ ᠡᠺᠰᠫᠧᠳᠢᠼ ᠦᠳ ᠢ ᠮᠣᠩᠭᠣᠯ ᠳᠤ ᠤᠷᠢᠵᠤ ᠠᠵᠢᠯᠯᠠᠭᠤᠯᠵᠤ ᠪᠠᠶᠢᠴᠠᠢ᠃ ᠪᠦᠭᠦᠳᠡ ᠨᠠᠶᠢᠷᠠᠮᠳᠠᠬᠤ ᠮᠣᠩᠭᠣᠯ ᠠᠷᠠᠳ ᠤᠯᠤᠰ ᠍ ᠤᠨ ᠪᠡᠶ᠎ᠡ ᠳᠠᠭᠠᠭᠰᠠᠨ ᠦᠢᠯᠡ ᠠᠵᠢᠯᠯᠠᠭ᠎ᠠ ᠪᠠᠨ ᠶᠠᠪᠤᠭᠤᠯᠵᠤ ᠺᠣᠮᠧᠨᠲ᠋ᠧᠷᠠᠨ ᠪᠣᠯᠤᠨ ᠵᠥᠪᠯᠡᠯᠲᠦ ᠬᠣᠯᠪᠣᠭᠠᠲᠤ ᠤᠯᠤᠰ ᠤᠨ ᠬᠢᠨᠠᠯᠲᠠ ᠠᠴᠠ ᠭᠠᠷᠬᠤ ᠭᠡᠰᠡᠨ ᠪᠣᠳᠣᠯᠭ᠎ᠠ ᠶᠢ ᠮᠡᠳᠡᠷᠡᠭᠰᠡᠨ ᠵᠥᠪᠯᠡᠯᠲᠦ ᠬᠣᠯᠪᠣᠭᠠᠲᠤ ᠤᠯᠤᠰ ᠤᠨ ᠤᠳᠤᠷᠢᠳᠤᠯᠭ᠎ᠠ ᠮᠣᠩᠭᠣᠯ ᠤᠨ ᠤᠳᠤᠷᠢᠳᠤᠭᠴᠢ ᠨᠠᠷ ᠤᠨ ᠬᠣᠭᠣᠷᠣᠨᠳᠣ ᠶᠠᠰᠤ ᠬᠠᠶᠠᠭᠰᠠᠨ ᠪᠣᠳᠣᠯᠭ᠎ᠠ ᠶᠠᠪᠤᠭᠤᠯᠤᠭᠰᠠᠨ ᠤ ᠦᠷ᠎ᠡ ᠳ᠋ᠦᠩ ᠳᠦ ᠵᠥᠪᠯᠡᠯᠲᠦ ᠬᠣᠯᠪᠣᠭᠠᠲᠤ ᠤᠯᠤᠰ ᠳᠦ ᠲᠦᠷᠢ ᠬᠤᠭᠤᠴᠠᠭ᠎ᠠ ᠪᠠᠷ ᠰᠤᠷᠭᠠᠭᠰᠠᠨ ᠬᠥᠳᠡᠭᠡᠨ ᠦ ᠵᠠᠯᠠᠭᠤ ᠬᠡᠲᠦ ᠬᠤᠪᠢᠰᠬᠠᠯᠴᠢ ᠨᠠᠷ ᠤᠨ ᠭᠠᠷ ᠢᠶᠠᠷ ᠪᠠᠷᠠᠭᠤᠨᠲᠠᠨ᠂ ᠵᠡᠭᠦᠨᠲᠡᠨ ᠭᠡᠰᠡᠨ ᠨᠡᠷ᠎ᠡ ᠲᠣᠮᠢᠶᠠᠯᠠᠯ ᠢ ᠭᠠᠷᠭᠠᠨ ᠦᠨᠳᠦᠰᠦᠨ ᠦ ᠤᠳᠤᠷᠢᠳᠤᠭᠴᠢ ᠨᠠᠷᠠᠲᠤ ᠣᠨᠣᠭᠠᠨ ᠲᠥᠷᠥ ᠶᠢᠨ ᠤᠳᠤᠷᠢᠳᠤᠯᠭ᠎ᠠ ᠠᠴᠠ ᠡᠭᠡᠯᠵᠢ ᠳᠠᠷᠠᠭᠠᠯᠠᠨ ᠵᠠᠶᠢᠯᠠᠭᠤᠯᠵᠤ ᠪᠠᠶᠢᠴᠠᠢ᠃ 1920 ᠪᠠ 30 ᠍ ᠊ᠭᠠᠳ ᠣᠨ ᠤ ᠦᠶ᠎ᠡ ᠳᠦ ᠵᠥᠪᠯᠡᠯᠲᠦ ᠶᠢᠨ ᠨᠥᠯᠥᠭᠡᠯᠡᠯ ᠢ ᠡᠰᠡᠷᠭᠦᠴᠡᠵᠦ᠂ ᠢᠯᠡᠭᠦᠦ ᠲᠤᠰᠠᠭᠠᠷ ᠲᠣᠭᠲᠠᠨᠢᠭᠰᠠᠨ ᠪᠠᠶᠢᠳᠠᠯ ᠢ ᠳᠡᠮᠵᠢᠵᠦ ᠪᠠᠶᠢᠭᠰᠠᠨ ᠳᠣᠭᠰᠣᠮ ᠤᠨ ᠪᠣᠳᠣᠰᠣᠯᠢᠢᠨ ᠳᠠᠨᠽᠠᠨ᠂ ᠳᠠᠮᠪᠠᠳᠣᠷᠵᠢ᠂ ᠰᠢᠵᠢ ᠪᠡᠨ᠂ ᠪᠠᠳᠠᠷᠠᠬᠤ᠂ ᠭᠡᠨᠳᠡᠩ᠂ ᠠᠮᠤᠷ ᠨᠠᠷ ᠨᠢ ᠡᠷᠬᠡ ᠮᠡᠳᠡᠯ ᠦᠨ ᠲᠥᠯᠦᠭᠡᠬᠢ ᠲᠡᠮᠡᠴᠡᠯ ᠳᠦ ᠬᠣᠬᠢᠷᠠᠭᠴᠢ ᠪᠣᠯᠵᠤ ᠠᠯᠠᠭᠳᠠᠵᠠᠢ᠃ ᠡᠨᠡ ᠦᠶ᠎ᠡ ᠳᠦ ᠮᠣᠩᠭᠣᠯ ᠠᠷᠠᠳ ᠤᠨ ᠬᠤᠪᠢᠰᠬᠠᠯᠲᠤ ᠨᠠᠮ ᠨᠢ ᠲᠥᠷᠥ ᠶᠢᠨ ᠳᠡᠭᠡᠳᠦ ᠤᠳᠤᠷᠢᠳᠤᠯᠭ᠎ᠠ ᠪᠣᠯᠤᠨ ᠭᠦᠢᠴᠡᠳᠭᠡᠬᠦ ᠵᠠᠰᠠᠭᠯᠠᠯ ᠢ ᠪᠦᠷᠢᠨ ᠬᠢᠨᠠᠵᠤ᠂ ᠤᠳᠤᠷᠢᠳᠥᠵᠤ ᠪᠠᠶᠢᠭᠰᠠᠨ ᠪᠠᠶᠢᠨ᠎ᠠ᠃ 1930 ᠍ ᠳᠦ ᠣᠨ ᠠᠴᠠ ᠡᠬᠢᠯᠡᠨ ᠨᠣᠶᠠᠳ ᠪᠠᠶᠠᠨ ᠯᠠᠮᠠ ᠨᠠᠷ᠂ ᠪᠠᠶᠠᠴᠤᠳ ᠤᠨ ᠬᠥᠷᠥᠩᠭᠡ ᠶᠢ ᠬᠤᠷᠢᠶᠠᠨ᠂ ᠮᠠᠯᠴᠢᠳ ᠢ ᠬᠦᠴᠦ ᠪᠡᠷ ᠬᠠᠮᠲᠤᠷᠠᠯᠵᠢᠭᠤᠯᠬᠤ ᠪᠣᠳᠣᠯᠭ᠎ᠠ ᠪᠠᠷᠢᠮᠲᠠᠯᠠᠭᠰᠠᠨ ᠤ ᠦᠷ᠎ᠡ ᠳ᠋ᠦᠩ ᠳᠦ 1932 ᠣᠨ ᠳᠤ ᠵᠡᠪᠰᠡᠭᠲᠦ ᠪᠣᠰᠤᠯᠭ᠎ᠠ ᠭᠠᠷᠤᠭᠰᠠᠨ ᠲᠡᠳᠦᠢ ᠦᠭᠡᠢ ᠣᠯᠠᠨ ᠲᠣᠭᠠᠨ ᠤ ᠬᠦᠮᠦᠨ ᠬᠢᠯᠢ ᠶᠢᠨ ᠴᠢᠨᠠᠳᠤ ᠳᠤ ᠳᠦᠷᠪᠡᠨ ᠭᠠᠷᠬᠤ ᠬᠥᠳᠡᠯᠭᠡᠭᠡᠨ ᠨᠦᠭᠦᠳ ᠭᠠᠷᠴᠠᠢ᠃ 1932 ᠣᠨ ᠤ ᠪᠣᠰᠤᠯᠭ᠎ᠠ-《ᠭᠠᠳᠠᠭᠠᠳᠤ ᠲᠦᠪᠡᠳ ᠬᠦᠮᠦᠰ ᠦᠨ ᠲᠤᠷᠬᠢᠷᠠᠭᠰᠠᠨ》 ᠮᠣᠩᠭᠣᠯ ᠤᠨ ᠳᠡᠭᠡᠳᠦ ᠯᠠᠮᠠ ᠨᠠᠷ᠂ ᠹᠧᠣᠳᠠᠯ ᠤᠳ ᠤᠨ ᠭᠠᠷᠭᠠᠭᠰᠠᠨ ᠦᠢᠮᠡᠭᠡᠨ᠂ ᠲᠦᠪᠡᠳ ᠤᠯᠤᠰ ᠪᠠᠨᠴᠢᠨ ᠪᠣᠭᠳᠠ ᠪᠠᠷ ᠵᠢᠭᠤᠯᠴᠢᠯᠠᠨ ᠮᠣᠩᠭᠣᠯ ᠤᠨ ᠬᠡᠷᠡᠭ ᠲᠦ ᠥᠩᠭᠡᠯᠵᠡᠵᠦ᠂ ᠮᠥᠨ ᠪᠣᠰᠤᠭᠴᠢᠳ ᠢ ᠶᠠᠫᠣᠨᠴᠤᠳ ᠳᠡᠮᠵᠢᠵᠦ ᠪᠠᠶᠢᠭᠰᠠᠨ ᠭᠡᠬᠦ ᠳ᠋ᠦᠩᠨᠡᠯᠲᠡ ᠪᠠᠲᠤᠯᠠᠭ᠎ᠠ ᠦᠭᠡᠢ᠃ ᠦᠨᠡᠨ ᠬᠡᠷᠡᠭᠲᠦ ᠪᠡᠨ᠂ ᠪᠣᠰᠤᠭᠴᠢᠳ ᠭᠠᠳᠠᠭᠠᠳᠤ ᠶᠢᠨ ᠵᠢᠭᠠᠯᠲᠠ ᠪᠠᠷ ᠪᠢᠰᠢ᠂ ᠲᠡᠷᠡ ᠴᠤ ᠪᠠᠶᠢᠲᠤᠭᠠᠢ ᠲᠡᠨᠳᠡ ᠡᠴᠡ ᠲᠤᠰᠠᠯᠠᠮᠵᠢ ᠣᠭᠲᠣ ᠠᠪᠤᠭ᠎ᠠ ᠦᠭᠡᠢ ᠪᠥᠭᠡᠳ ᠭᠠᠭᠴᠠᠬᠠᠨ ᠥᠪᠡᠷᠰᠡᠳ ᠦᠨ ᠬᠦᠴᠦ ᠳᠡᠭᠡᠷ᠎ᠡ ᠲᠤᠯᠭᠠᠭᠤᠷᠢᠯᠠᠬᠤ ᠠᠴᠠ ᠥᠭᠡᠷ᠎ᠡ ᠠᠷᠭ᠎ᠠ ᠦᠭᠡᠢ ᠪᠠᠶᠢᠭᠰᠠᠨ ᠪᠢᠯᠡ᠃[3] ᠵᠥᠪᠯᠡᠯᠲᠦ ᠬᠣᠯᠪᠣᠭᠠᠲᠤ ᠤᠯᠤᠰ ᠤᠨ ᠰᠢᠭᠤᠳ ᠳᠡᠮᠵᠢᠯᠭᠡ ᠪᠡᠷ 1928 ᠣᠨ ᠳᠤ ᠬᠣᠷᠯᠤ᠎ᠠ ᠶᠢᠨ ᠴᠣᠶᠢᠪᠠᠯᠰᠠᠩ ᠲᠥᠷᠥ᠂ ᠵᠠᠰᠠᠭ ᠤᠨ ᠤᠳᠤᠷᠢᠳᠤᠯᠭ᠎ᠠ ᠳᠤ ᠭᠠᠷᠤᠭᠰᠠᠨ ᠪᠥᠭᠡᠳ 1937 ᠣᠨ ᠠᠴᠠ ᠡᠬᠢᠯᠡᠭᠰᠡᠨ ᠶᠡᠬᠡ ᠬᠡᠯᠮᠡᠭᠳᠡᠭᠦᠯᠦᠯᠲᠡ ᠳᠦ 30,000 ᠭᠠᠷᠤᠢ ᠬᠦᠮᠦᠨ ᠥᠷᠲᠥᠨ ᠠᠮᠢ ᠦᠷᠡᠭᠳᠡᠵᠡᠢ᠃

ᠳᠠᠮᠳᠢᠨ ᠤ ᠰᠦᠬᠡᠪᠠᠭᠠᠲᠤᠷ᠂ ᠮᠠᠷᠱᠠᠯ ᠳᠡᠮᠡᠳ ᠵᠡᠷᠭᠡ ᠮᠣᠩᠭᠣᠯᠴᠤᠳ ᠤᠨ ᠳᠤᠮᠳᠠ ᠠᠰᠤᠷᠤ ᠶᠡᠬᠡ ᠨᠡᠷ᠎ᠡ ᠬᠦᠨᠳᠦᠲᠡᠢ ᠬᠦᠮᠦᠰ ᠢ ᠰᠢᠭᠤᠳ ᠬᠣᠷᠢᠶᠠᠵᠤ ᠪᠣᠯᠬᠤ ᠦᠭᠡᠢ ᠪᠠᠶᠢᠭᠰᠠᠨ ᠲᠤᠯᠠ ᠵᠥᠪᠯᠡᠯᠲᠦ ᠤᠯᠤᠰ ᠡᠨᠡ ᠬᠣᠶᠠᠷ ᠢ ᠨᠢᠭᠤᠴᠠ ᠪᠠᠷ ᠬᠣᠷᠢᠶᠠᠭᠰᠠᠨ ᠭᠡᠵᠦ ᠦᠵᠡᠳᠡᠭ᠃ ᠮᠣᠩᠭᠣᠯ ᠤᠨ ᠲᠠᠩᠨᠠᠭᠤᠯ ᠤᠨ ᠲᠥᠪ ᠭᠠᠵᠠᠷ ᠰᠢᠨ᠎ᠡ ᠪᠡᠷ ᠢᠯᠡᠷᠡᠭᠰᠡᠨ ᠪᠠᠷᠢᠮᠲᠠᠨ ᠳᠤ ᠲᠤᠯᠭᠠᠭᠤᠷᠢᠯᠠᠨ ᠳᠠᠮᠳᠢᠨ ᠤ ᠰᠦᠬᠡᠪᠠᠭᠠᠲᠤᠷ ᠢ ᠣᠷᠣᠰ ᠤᠳ ᠬᠣᠷᠢᠶᠠᠭᠰᠠᠨ ᠭᠡᠵᠦ ᠦᠵᠡᠵᠦ ᠪᠠᠶᠢᠨ᠎ᠠ᠃

ᠪᠦᠭᠦᠳᠡ ᠨᠠᠶᠢᠷᠠᠮᠳᠠᠬᠤ ᠮᠣᠩᠭᠣᠯ ᠠᠷᠠᠳ ᠤᠯᠤᠰ ᠍ ᠤᠨ ᠭᠠᠳᠠᠭᠠᠳᠤ ᠪᠠᠶᠢᠳᠠᠯ ᠡᠨᠡ ᠦᠶ᠎ᠡ ᠳᠦ ᠬᠤᠷᠴᠠᠳᠤᠭᠰᠠᠨ ᠪᠠᠶᠢᠭᠰᠠᠨ ᠪᠥᠭᠡᠳ ᠵᠥᠪᠯᠡᠯᠲᠦ ᠬᠣᠯᠪᠣᠭᠠᠲᠤ ᠤᠯᠤᠰ ᠨᠢ 1924 ᠣᠨ ᠳᠤ ᠪᠡᠭᠡᠵᠢᠩ ᠳᠦ БНХУ ᠪᠤᠶᠤ ᠭᠣᠮᠢᠨᠳᠠ ᠤᠨ ᠵᠠᠰᠠᠭ ᠤᠨ ᠭᠠᠵᠠᠷ ᠲᠠᠢ ᠪᠠᠶᠢᠭᠤᠯᠤᠭᠰᠠᠨ ᠵᠥᠪᠯᠡᠯᠲᠦ-ᠬᠢᠲᠠᠳ ᠤᠨ ᠭᠡᠷ᠎ᠡ ᠪᠡᠷ ᠪᠦᠭᠦᠳᠡ ᠨᠠᠶᠢᠷᠠᠮᠳᠠᠬᠤ ᠮᠣᠩᠭᠣᠯ ᠠᠷᠠᠳ ᠤᠯᠤᠰ ᠍ ᠢ ᠬᠢᠲᠠᠳ ᠤᠨ ᠰᠠᠯᠤᠰᠢ ᠦᠭᠡᠢ ᠨᠢᠭᠡᠨ ᠬᠡᠰᠡᠭ ᠭᠡᠵᠦ ᠬᠦᠯᠢᠶᠡᠨ ᠵᠥᠪᠰᠢᠶᠡᠷᠡᠭᠰᠡᠨ ᠪᠠᠶᠢᠭᠰᠠᠨ ᠪᠠ ᠡᠭᠦᠨ ᠢ ᠪᠡᠨ ᠮᠣᠩᠭᠣᠯ ᠤᠨ ᠲᠠᠯ᠎ᠠ ᠳᠤ ᠡᠰᠡᠷᠭᠦ ᠪᠡᠷ ᠲᠠᠶᠢᠯᠪᠤᠷᠢᠯᠠᠨ ᠬᠣᠶᠠᠷ ᠨᠢᠭᠤᠷ ᠭᠠᠷᠭᠠᠭᠰᠠᠨ ᠪᠣᠳᠣᠯᠭ᠎ᠠ ᠪᠠᠷᠢᠮᠲᠠᠯᠵᠢᠪᠠᠶᠢᠭᠰᠠᠨ ᠪᠠᠶᠢᠨ᠎ᠠ᠃ ᠡᠭᠦᠨ ᠦ ᠲᠣᠳᠣ ᠵᠢᠱᠢᠶ᠎ᠡ ᠨᠢ 1946 ᠣᠨ ᠬᠦᠷᠲᠡᠯ᠎ᠡ ᠪᠦᠭᠦᠳᠡ ᠨᠠᠶᠢᠷᠠᠮᠳᠠᠬᠤ ᠮᠣᠩᠭᠣᠯ ᠠᠷᠠᠳ ᠤᠯᠤᠰ ᠍ ᠲᠠᠢ ᠳ᠋ᠢᠫᠯᠣᠮᠠᠲ ᠬᠠᠷᠢᠯᠴᠠᠭᠠᠲᠠᠣᠭᠲᠣᠭᠠᠭᠦᠶᠢᠪᠠᠶᠢᠭᠰᠠᠨ ᠪᠥᠭᠡᠳ ᠪᠦᠭᠦᠳᠡ ᠨᠠᠶᠢᠷᠠᠮᠳᠠᠬᠤ ᠮᠣᠩᠭᠣᠯ ᠠᠷᠠᠳ ᠤᠯᠤᠰ ᠍ ᠳᠦ ᠡᠯᠴᠢᠨ-ᠺᠣᠨᠰᠤᠶᠢᠯ ᠯᠠ ᠰᠠᠭᠤᠯᠭᠠᠵᠤ ᠪᠠᠶᠢᠭᠰᠠᠨ ᠪᠠ ᠠᠯᠪᠠᠨ ᠶᠣᠰᠣᠨ ᠤ ᠨᠢᠭᠡ ᠴᠤ ᠭᠡᠷ᠎ᠡ ᠶᠢ ᠬᠣᠶᠠᠷ ᠤᠯᠤᠰ ᠤᠨ ᠬᠣᠭᠣᠷᠣᠨᠳᠣ ᠪᠠᠶᠢᠭᠤᠯᠤᠭ᠎ᠠ ᠦᠭᠡᠢ ᠪᠠᠶᠢᠨ᠎ᠠ᠃ ᠠᠯᠤᠰ ᠳᠣᠷᠣᠨᠠᠲᠤᠳ ᠶᠠᠫᠣᠨ ᠤ ᠡᠵᠡᠨᠲᠦ ᠭᠦᠷᠦᠨ ᠦ ᠲᠦᠷᠢᠮᠡᠭᠡᠢ ᠪᠣᠳᠣᠯᠭ᠎ᠠ ᠶᠢᠨ ᠦᠷ᠎ᠡ ᠳ᠋ᠦᠩ ᠳᠦ ᠮᠠᠨᠵᠤᠤᠷ ᠶᠠᠫᠣᠨ ᠳᠤ ᠡᠵᠡᠯᠡᠭᠳᠡᠨ ᠵᠥᠪᠯᠡᠯᠲᠦ ᠬᠣᠯᠪᠣᠭᠠᠲᠤ ᠤᠯᠤᠰ ᠤᠨ ᠳᠣᠷᠣᠨᠠᠲᠤ ᠬᠢᠯᠢ ᠲᠠᠶᠢᠪᠤᠩ ᠪᠤᠰᠤ ᠪᠣᠯᠤᠭᠰᠠᠨ ᠲᠠᠢ ᠬᠣᠯᠪᠣᠭᠠᠲᠠᠢ ᠪᠠᠷ ᠵᠥᠪᠯᠡᠯᠲᠦ ᠬᠣᠯᠪᠣᠭᠠᠲᠤ ᠤᠯᠤᠰ ᠤᠨ ᠤᠳᠤᠷᠢᠳᠤᠯᠭ᠎ᠠ ᠪᠦᠭᠦᠳᠡ ᠨᠠᠶᠢᠷᠠᠮᠳᠠᠬᠤ ᠮᠣᠩᠭᠣᠯ ᠠᠷᠠᠳ ᠤᠯᠤᠰ ᠍ ᠢ ᠵᠢᠭᠢᠷᠢᠭ᠌ᠡᠪᠴᠢ ᠪᠠᠮᠪᠠᠢ ᠤᠯᠤᠰ ᠪᠣᠯᠭᠠᠨ ᠠᠰᠢᠭᠯᠠᠬᠤ᠂ ᠪᠠᠶᠢᠯᠳᠣᠬᠣ ᠪᠣᠳᠣᠯᠭ᠎ᠠ ᠶᠢᠨ ᠳᠠᠪᠠᠭᠤ ᠪᠠᠶᠢᠷᠢᠯᠠᠯ ᠡᠵᠡᠮᠰᠢᠬᠦ ᠡᠭᠦᠳᠡᠨ ᠡᠴᠡ 1936 ᠣᠨ ᠳᠤ ᠬᠠᠷᠢᠯᠴᠠᠨ ᠲᠤᠰᠠᠯᠠᠯᠴᠠᠬᠤ ᠫᠷᠣᠲ᠋ᠣᠺᠣᠯ ᠢ ᠯᠠ ᠪᠠᠶᠢᠭᠤᠯᠤᠭᠰᠠᠨ ᠪᠠᠶᠢᠨ᠎ᠠ᠃ ᠡᠨᠡ ᠦᠶ᠎ᠡ ᠳᠦ ᠪᠦᠭᠦᠳᠡ ᠨᠠᠶᠢᠷᠠᠮᠳᠠᠬᠤ ᠮᠣᠩᠭᠣᠯ ᠠᠷᠠᠳ ᠤᠯᠤᠰ ᠍ ᠤᠨ ᠳᠣᠷᠣᠨᠠᠲᠤ ᠬᠢᠯᠢ ᠶᠢᠨ ᠳᠠᠭᠠᠤ ᠶᠠᠫᠣᠨ ᠪᠣᠯᠤᠨ ᠶᠠᠫᠣᠨ ᠤ ᠪᠠᠶᠢᠭᠤᠯᠤᠭᠰᠠᠨ ᠮᠠᠨᠵᠤ ᠭᠣ ᠤᠯᠤᠰ ᠤᠨ ᠴᠡᠷᠢᠭ ᠦᠳ ᠪᠠᠶᠢᠩᠭᠤ ᠶᠢᠨ ᠬᠠᠯᠳᠠᠯᠭ᠎ᠠ ᠳᠣᠪᠲᠣᠯᠭᠠᠨ ᠡᠳᠦᠭᠦᠯᠵᠦ ᠪᠠᠶᠢᠭᠰᠠᠨ ᠲᠡᠳᠦᠢ ᠦᠭᠡᠢ ᠬᠠᠯᠬ᠎ᠠ ᠶᠢᠨ ᠰᠦᠮ᠎ᠡ ᠶᠢᠨ ᠬᠡᠰᠡᠭ ᠦᠨ ᠴᠡᠷᠢᠭ ᠦᠨ ᠬᠦᠴᠦ ᠪᠡᠷ ᠪᠯᠠᠨ ᠡᠵᠡᠯᠡᠭᠰᠡᠨ ᠪᠠᠶᠢᠨ᠎ᠠ᠃ ᠬᠢᠯᠢ ᠶᠢᠨ ᠮᠥᠷᠭᠥᠯᠳᠦᠭᠡᠨ ᠢ ᠵᠣᠬᠢᠴᠠᠭᠤᠯᠬᠤ ᠶᠢᠨ ᠲᠤᠯᠠᠳᠠ ᠪᠦᠭᠦᠳᠡ ᠨᠠᠶᠢᠷᠠᠮᠳᠠᠬᠤ ᠮᠣᠩᠭᠣᠯ ᠠᠷᠠᠳ ᠤᠯᠤᠰ ᠪᠣᠯᠤᠨ ᠶᠠᠫᠣᠨ-ᠮᠠᠨᠵᠤ ᠭ᠎ᠠ ᠶᠢᠨ ᠲᠠᠯ᠎ᠠ ᠲᠠᠢ ᠬᠢᠯᠢ ᠶᠢᠨ ᠪᠤᠳᠤᠯᠢᠭᠠᠨ ᠢ ᠵᠣᠬᠢᠴᠠᠭᠤᠯᠬᠤ ᠮᠠᠨᠵᠤᠤᠷ ᠤᠨ ᠪᠠᠭ᠎ᠠ ᠬᠤᠷᠠᠯ ᠢ ᠵᠣᠬᠢᠶᠠᠨ ᠪᠠᠶᠢᠭᠤᠯᠤᠭᠰᠠᠨ ᠪᠣᠯᠪᠠᠴᠤ ᠦᠷ᠎ᠡ ᠳ᠋ᠦᠩ ᠳᠦ ᠬᠦᠷᠢᠶ᠎ᠡ ᠭᠦᠢ ᠪᠠᠶᠢᠨ᠎ᠠ᠃ ᠡᠭᠦᠨ ᠲᠡᠢ ᠬᠣᠯᠪᠣᠭᠳᠠᠭᠤᠯᠤᠨ ᠵᠥᠪᠯᠡᠯᠲᠦ ᠬᠣᠯᠪᠣᠭᠠᠲᠤ ᠤᠯᠤᠰ ᠨᠢ ᠡᠮᠦᠨᠡᠬᠢ ᠫᠷᠣᠲ᠋ᠣᠺᠣᠯ ᠤᠨ ᠳᠠᠭᠠᠤ 57 ᠍ ᠳᠦᠭᠡᠷ ᠠᠷᠮᠢ ᠶᠢᠨ ᠺᠣᠷᠫᠤᠶᠢᠰ ᠢ ᠮᠣᠩᠭᠣᠯ ᠤᠨ ᠨᠤᠲᠤᠭ ᠲᠤ ᠪᠠᠶᠢᠷᠢᠰᠢᠭᠤᠯᠵᠠᠢ᠃ ᠤᠯᠠᠮ ᠢᠶᠠᠷ ᠬᠢᠯᠢ ᠶᠢᠨ ᠮᠥᠷᠭᠥᠯᠳᠦᠭᠡᠨ ᠨᠢ 1939 ᠣᠨ ᠤ ᠬᠠᠯᠬ᠎ᠠ ᠭᠣᠣᠯ ᠤᠨ ᠳᠠᠶᠢᠨ ᠳᠤ ᠬᠦᠷᠭᠡᠵᠦ ᠡᠨᠡ ᠳᠠᠶᠢᠨ ᠳᠤ ᠵᠥᠪᠯᠡᠯᠲᠦ ᠬᠣᠯᠪᠣᠭᠠᠲᠤ ᠤᠯᠤᠰ᠂ ᠮᠣᠩᠭᠣᠯ ᠤᠨ ᠬᠠᠮᠲᠤᠷᠠᠭᠰᠠᠨ ᠬᠦᠴᠦᠨ ᠶᠠᠫᠣᠨᠢ ᠠᠷᠮᠢ ᠶᠢ ᠢᠯᠠᠵᠠᠢ᠃ ᠡᠨᠡ ᠪᠠᠶᠢᠯᠳᠤᠭᠠᠨ ᠤ ᠦᠷ᠎ᠡ ᠳ᠋ᠦᠩ ᠳᠦ ᠵᠥᠪᠯᠡᠯᠲᠦ ᠬᠣᠯᠪᠣᠭᠠᠲᠤ ᠤᠯᠤᠰ ᠨᠢ ᠶᠠᠫᠣᠨ ᠲᠠᠢ ᠲᠥᠪ ᠢ ᠰᠠᠬᠢᠬᠤ ᠭᠡᠷᠢᠶᠡᠨ ᠳᠦ ᠭᠠᠷ ᠤᠨ ᠦᠰᠦᠭ ᠵᠢᠷᠤᠵᠠᠢ᠃

2 ᠍ ᠳᠦᠭᠡᠷ ᠳᠠᠶᠢᠨ ᠤ ᠦᠶ᠎ᠡ[ᠵᠠᠰᠠᠪᠤᠷᠢᠯᠠᠬᠤ | ᠺᠣᠳ᠋ ᠢᠶᠠᠷ ᠵᠠᠰᠠᠬᠣ]

ᠳᠡᠯᠡᠬᠡᠢ ᠶᠢᠨ ᠬᠣᠶᠠᠳᠤᠭᠠᠷ ᠳᠠᠶᠢᠨᠢ ᠦᠶ᠎ᠡ ᠳᠦ ᠵᠥᠪᠯᠡᠯᠲᠦ ᠬᠣᠯᠪᠣᠭᠠᠲᠤ ᠤᠯᠤᠰ ᠳᠦ ᠪᠦᠬᠦ ᠲᠠᠯ᠎ᠠ ᠶᠢᠨ ᠲᠤᠰᠠᠯᠠᠮᠵᠢ ᠢᠯᠡᠭᠡᠵᠦ ᠪᠠᠶᠢᠭᠰᠠᠨ ᠪᠠ ᠳᠡᠯᠡᠬᠡᠢ ᠶᠢᠨ ᠬᠣᠶᠠᠳᠤᠭᠠᠷ ᠳᠠᠶᠢᠨ ᠤ ᠰᠡᠭᠦᠯ ᠦᠨ ᠡᠳᠦᠷ ᠦᠳ ᠲᠦ ᠪᠦᠭᠦᠳᠡ ᠨᠠᠶᠢᠷᠠᠮᠳᠠᠬᠤ ᠮᠣᠩᠭᠣᠯ ᠠᠷᠠᠳ ᠤᠯᠤᠰ ᠵᠥᠪᠯᠡᠯᠲᠦ ᠬᠣᠯᠪᠣᠭᠠᠲᠤ ᠤᠯᠤᠰ ᠲᠠᠢ ᠬᠠᠮᠲᠤ ᠶᠠᠫᠣᠨ ᠳᠤ ᠳᠠᠶᠢᠨ ᠵᠠᠷᠯᠠᠭᠰᠠᠨ ᠪᠠᠶᠢᠨ᠎ᠠ᠃ 2 ᠍ ᠳᠦᠭᠡᠷ ᠳᠠᠶᠢᠨ ᠳᠤ ᠮᠣᠷᠢ ᠴᠢᠬᠤᠯᠠ ᠡᠭᠦᠷᠭᠡ ᠲᠡᠢ ᠪᠠᠶᠢᠭᠰᠠᠨ ᠪᠥᠭᠡᠳ ᠵᠥᠪᠯᠡᠯᠲᠦ ᠶᠢᠨ ᠴᠡᠷᠢᠭ ᠦᠨ 5 ᠮᠣᠷᠢ ᠪᠦᠷᠢ ᠶᠢᠨ ᠨᠢᠭᠡ ᠨᠢ ᠮᠣᠩᠭᠣᠯ ᠮᠣᠷᠢ ᠪᠠᠶᠢᠪᠠ᠃ ᠵᠥᠪᠯᠡᠯᠲᠦᠳᠡ ᠠᠮᠧᠷᠢᠺᠠ 665,000 ᠲᠣᠨ ᠮᠢᠬᠠᠨ ᠪᠦᠲᠦᠭᠡᠭᠳᠡᠬᠦᠨ᠂ ᠮᠣᠩᠭᠣᠯ 500,000 ᠲᠣᠨ ᠮᠢᠬ᠎ᠠ ᠦᠨ᠎ᠡ ᠦᠭᠡᠢ ᠥᠭᠴᠡᠢ᠃ ᠬᠠᠷᠢᠨ ᠰᠢᠨᠧᠯ ᠡᠪᠦᠯ ᠦᠨ ᠴᠠᠭ ᠲᠤ ᠲᠡᠳᠦᠢ ᠦᠭᠡᠢ ᠵᠤᠨ ᠴᠠᠭ ᠲᠤ ᠴᠤ ᠣᠺᠣᠫᠣᠨ ᠳᠤ ᠳᠠᠭᠠᠷᠠᠬᠤ ᠦᠭᠡᠢ ᠪᠠᠶᠢᠬᠤ ᠳᠤ ᠴᠢᠬᠤᠯᠠ ᠪᠠᠶᠢᠭᠰᠠᠨ ᠪᠠ ᠠᠮᠧᠷᠢᠺᠠ ᠶᠢᠨ ᠨᠢᠭᠡᠳᠦᠭᠰᠡᠨ ᠤᠯᠤᠰ 54,000 ᠲᠣᠨ ᠬᠣᠨᠢᠨ ᠤ ᠨᠣᠣᠰᠣ᠂ ᠮᠣᠩᠭᠣᠯ 64,000 ᠲᠣᠨ ᠢ ᠵᠥᠪᠯᠡᠯᠲᠦᠳᠡ ᠪᠡᠯᠡᠭᠯᠡᠭᠰᠡᠨ ᠪᠠᠶᠢᠨ᠎ᠠ᠃ 1942-45 ᠣᠨ ᠳᠤ ᠵᠥᠪᠯᠡᠯᠲᠦ ᠶᠢᠨ ᠴᠡᠷᠢᠭ ᠦᠨ 5 ᠰᠢᠨᠧᠯ ᠪᠦᠷᠢ ᠶᠢᠨ 1 ᠍ ᠶᠢ ᠮᠣᠩᠭᠣᠯ ᠨᠣᠣᠰᠣ ᠪᠠᠷ ᠬᠢᠵᠦ ᠪᠠᠶᠢᠪᠠ᠃ ᠸᠣᠯᠹᠷᠠᠮ ᠨᠢ ᠭᠧᠷᠮᠠᠨ ᠤ "ᠪᠠᠷᠰ", "ᠢᠷᠪᠢᠰ" ᠲᠠᠩᠺ ᠤᠳ ᠤᠨ ᠬᠤᠶᠠᠭ ᠢ ᠨᠡᠪᠲᠡᠯᠬᠦ ᠳᠦ ᠱᠠᠭᠠᠷᠳᠠᠯᠭ᠎ᠠ ᠲᠠᠢ ᠰᠤᠮᠤ ᠶᠢ ᠬᠢᠬᠦ ᠭᠣᠣᠯ ᠲᠦᠭᠦᠬᠡᠢ ᠡᠳ᠋ ᠪᠠᠶᠢᠭᠰᠠᠨ ᠪᠥᠭᠡᠳ ᠵᠥᠪᠯᠡᠯᠲᠦᠳᠡ ᠬᠠᠮᠤᠭ ᠤᠨ ᠣᠶᠢᠷ᠎ᠠ ᠸᠣᠯᠹᠷᠠᠮ ᠤᠨ ᠣᠷᠳᠣ ᠮᠣᠩᠭᠣᠯ ᠳᠤ ᠪᠠᠶᠢᠭᠰᠠᠨ ᠪᠠᠶᠢᠨ᠎ᠠ᠃ ᠡᠶᠢᠨᠬᠦᠦ ᠶᠡᠬᠡ ᠬᠡᠮᠵᠢᠶᠡᠨ ᠦ ᠲᠤᠰᠠᠯᠠᠮᠵᠢ ᠢᠯᠡᠭᠡᠭᠰᠡᠨ ᠮᠣᠩᠭᠣᠯ ᠥᠪᠡᠷ ᠢᠶᠡᠨ ᠬᠦᠨᠳᠦ ᠪᠠᠶᠢᠳᠠᠯ ᠳᠤ ᠣᠷᠣᠵᠤ 1944 ᠣᠨ ᠤ ᠡᠪᠦᠯ ᠵᠥᠪᠯᠡᠯᠲᠦ ᠶᠢᠨ ᠵᠠᠷᠢᠮ ᠮᠤᠵᠢ ᠶᠢᠨ ᠠᠳᠠᠯᠢ ᠥᠯᠥᠰᠬᠦᠯᠡᠩ ᠳᠦ ᠨᠡᠷᠪᠡᠭᠳᠡᠵᠡᠢ᠃ ᠺᠸᠠᠨᠲᠤᠨ ᠤ ᠠᠷᠮᠢ ᠶᠢᠨ ᠳᠣᠪᠲᠣᠯᠭᠠᠨ ᠠᠴᠠ ᠰᠡᠷᠡᠮᠵᠢᠯᠡᠨ ᠣᠯᠠᠨ ᠲᠣᠭᠠᠨ ᠤ ᠴᠡᠷᠢᠭ ᠠᠯᠤᠰ ᠳᠣᠷᠣᠨᠠᠲᠤᠳ ᠪᠠᠶᠢᠯᠭᠠᠵᠤ ᠪᠠᠶᠢᠭᠰᠠᠨ ᠵᠥᠪᠯᠡᠯᠲᠦ ᠲᠠᠩᠨᠠᠭᠤᠯ ᠤᠨ ᠮᠡᠳᠡᠭᠡ ᠪᠡᠷ ᠶᠠᠫᠣᠨ ᠣᠶᠢᠷ᠎ᠠ ᠶᠢᠨ ᠦᠶ᠎ᠡ ᠳᠦ ᠳᠣᠪᠲᠣᠯᠬᠤ ᠦᠭᠡᠢ ᠭᠡᠵᠦ ᠮᠡᠳᠡᠰᠦᠨ ᠦ ᠳᠠᠷᠠᠭ᠎ᠠ ᠵᠠᠷᠢᠮ ᠴᠡᠷᠢᠭ ᠢᠶᠡᠨ ᠭᠧᠷᠮᠠᠨ ᠤ ᠡᠰᠡᠷᠬᠦ ᠢᠯᠡᠭᠡᠵᠢ ᠪᠡᠨ᠃ ᠮᠣᠩᠭᠣᠯ ᠤᠯᠤᠰ ᠡᠷᠡᠭᠲᠡᠢ᠂ ᠡᠮᠡᠭᠲᠡᠢ ᠪᠦᠬᠦ ᠬᠦᠮᠦᠨ ᠴᠡᠷᠢᠭ ᠦᠨ ᠠᠯᠪᠠ ᠬᠠᠭᠠᠬᠤ ᠬᠠᠤᠯᠢ ᠭᠠᠷᠭᠠᠨ ᠴᠡᠷᠢᠭ ᠦᠨ ᠲᠣᠭᠤᠭ᠎ᠠ ᠨᠡᠮᠡᠭᠰᠡᠨ ᠨᠢ ᠠᠯᠤᠰ ᠳᠣᠷᠣᠨᠠᠲᠤ ᠳᠠᠬᠢ ᠬᠦᠴᠦᠨ ᠦ ᠬᠠᠷᠢᠴᠠᠭ᠎ᠠ ᠶᠢ ᠥᠭᠡᠷᠡᠴᠢᠯᠡᠬᠦ ᠳᠦ ᠮᠥᠨ ᠨᠥᠯᠦᠭᠡᠯᠡᠭᠰᠡᠨ ᠪᠠᠶᠢᠵᠤ ᠪᠣᠯᠬᠤ ᠶᠤᠮ᠃

ᠮᠣᠩᠭᠣᠯ ᠤᠯᠤᠰ 1945 ᠣᠨ ᠤ ᠴᠢᠯᠦᠭᠡᠯᠡᠬᠦ ᠳᠠᠶᠢᠨᠢ ᠦᠶ᠎ᠡ ᠪᠡᠷ ᠥᠪᠦᠷ ᠮᠣᠩᠭᠣᠯ ᠢ ᠥᠪᠡᠷᠲᠡᠭᠡᠨ ᠨᠢᠭᠡᠳᠬᠡᠬᠦ ᠶᠢ ᠵᠣᠷᠢᠵᠤ ᠪᠠᠶᠢᠪᠠ᠃ ᠭᠡᠰᠡᠨ ᠴᠤ ᠡᠨᠡ ᠪᠣᠳᠣᠯᠭ᠎ᠠ ᠠᠮᠵᠢᠯᠲᠠᠨ ᠳᠤ ᠬᠦᠷᠢᠶ᠎ᠡ ᠭᠦᠢ ᠶᠤᠮ᠃ ᠳᠡᠯᠡᠬᠡᠢ ᠶᠢᠨ ᠬᠣᠶᠠᠳᠤᠭᠠᠷ ᠳᠠᠶᠢᠨ ᠳᠤ ᠶᠠᠫᠣᠨ ᠤ ᠡᠰᠡᠷᠬᠦ ᠳᠠᠶᠢᠨ ᠳᠤ ᠵᠥᠪᠯᠡᠯᠲᠦ ᠬᠣᠯᠪᠣᠭᠠᠲᠤ ᠤᠯᠤᠰ ᠢ ᠤᠷᠤᠭᠤᠯᠬᠤ ᠰᠣᠨᠢᠷᠬᠠᠯ ᠤᠨ ᠡᠭᠦᠳᠡᠨ ᠡᠴᠡ ᠠᠮᠧᠷᠢᠺᠠ ᠶᠢᠨ ᠨᠢᠭᠡᠳᠦᠭᠰᠡᠨ ᠤᠯᠤᠰ᠂ ᠠᠩᠭᠯᠢ ᠨᠢ ᠢᠯᠲᠠ ᠪᠣᠯᠤᠨ ᠫᠣᠳᠰᠲ᠋ᠠᠮ ᠤᠨ ᠪᠠᠭ᠎ᠠ ᠬᠤᠷᠠᠯ ᠤᠳ ᠢᠶᠠᠷ ᠪᠦᠭᠦᠳᠡ ᠨᠠᠶᠢᠷᠠᠮᠳᠠᠬᠤ ᠮᠣᠩᠭᠣᠯ ᠠᠷᠠᠳ ᠤᠯᠤᠰ ᠍ ᠤᠨ ᠰᠲ᠋ᠠᠲ᠋ᠦ᠋ᠰ ᠺᠸ᠎ᠠ ᠶᠢ ᠬᠦᠯᠢᠶᠡᠨ ᠵᠥᠪᠰᠢᠶᠡᠷᠡᠴᠢ᠂ ᠡᠭᠦᠨ ᠢ ᠬᠢᠲᠠᠳ ᠢᠶᠠᠷ ᠵᠥᠪᠰᠢᠶᠡᠷᠡᠭᠦᠯᠬᠦ ᠠᠰᠠᠭᠤᠳᠠᠯ ᠢ ᠠᠮᠧᠷᠢᠺᠠ ᠶᠢᠨ ᠨᠢᠭᠡᠳᠦᠭᠰᠡᠨ ᠤᠯᠤᠰ ᠤᠨ ᠶᠡᠷᠦᠩᠬᠡᠶᠢᠯᠡᠭᠴᠢ ᠬᠠᠷᠢᠭᠤᠴᠠᠬᠤ ᠪᠠᠷ ᠪᠣᠯᠤᠭᠰᠠᠨ ᠪᠠᠶᠢᠨ᠎ᠠ᠃ ᠡᠭᠦᠨ ᠢ ᠴᠢᠨ ᠺᠠᠶᠢᠰᠢ ᠲᠡᠷᠢᠭᠦᠲᠡᠢ ᠬᠢᠲᠠᠳ ᠤᠨ ᠤᠳᠤᠷᠢᠳᠤᠯᠭ᠎ᠠ ᠡᠷᠡᠰ ᠡᠰᠡᠷᠭᠦᠴᠡᠭᠰᠡᠨ ᠪᠣᠯᠪᠠᠴᠤ ᠶᠡᠬᠡ ᠭᠦᠷᠦᠨ ᠨᠦᠭᠦᠳ ᠦᠨ ᠤᠳᠤᠷᠢᠳᠤᠭᠴᠢ ᠨᠠᠷ ᠤᠨ ᠰᠢᠬᠠᠯᠲᠠᠨ ᠳᠤ ᠣᠷᠣᠰᠣᠨ ᠤ ᠦᠷ᠎ᠡ ᠳ᠋ᠦᠩ ᠳᠦ ᠪᠦᠬᠦ ᠠᠷᠠᠳ ᠲᠦᠮᠡᠨ ᠦ ᠰᠠᠨᠠᠯ ᠬᠤᠷᠢᠶᠠᠯᠲᠠ ᠪᠠᠷ ᠰᠢᠢᠳᠪᠦᠷᠢᠯᠡᠬᠦ ᠲᠣᠬᠢᠷᠠᠯᠴᠠᠭᠠᠨ ᠳᠤ ᠬᠦᠷᠴᠡᠢ᠃ ᠢᠣᠰᠢᠹ ᠰᠲ᠋ᠠᠯᠢᠨᠢ ᠬᠦᠴᠦᠲᠡᠢ ᠰᠢᠬᠠᠯᠲᠠ ᠪᠠᠷ 1945 ᠣᠨ ᠳᠤ ᠴᠢᠨ ᠺᠠᠶᠢᠰᠢ ᠳᠡᠭᠡᠷᠡᠬᠢ ᠰᠠᠨᠠᠯ ᠢ ᠭᠠᠷᠭᠠᠭᠰᠠᠨ ᠪᠠ 1946 ᠣᠨ ᠳᠤ ᠶᠠᠪᠤᠭᠳᠠᠭᠰᠠᠨ ᠰᠠᠨᠠᠯ ᠬᠤᠷᠢᠶᠠᠯᠲᠠ ᠶᠢᠨ ᠦᠷ᠎ᠡ ᠳ᠋ᠦᠩ ᠳᠦ ᠲᠠᠶᠢᠸᠠᠨ ᠨᠢ ᠮᠣᠩᠭᠣᠯ ᠤᠨ ᠲᠤᠰᠠᠭᠠᠷ ᠲᠣᠭᠲᠠᠨᠢᠯ ᠢ ᠬᠦᠯᠢᠶᠡᠨ ᠵᠥᠪᠰᠢᠶᠡᠷᠡᠴᠡᠢ᠃ ᠬᠢᠲᠠᠳ ᠤᠨ ᠢᠷᠭᠡᠨ ᠦ ᠳᠠᠶᠢᠨ ᠤ ᠳᠠᠷᠠᠭ᠎ᠠ ᠮᠠᠣ ᠲᠡᠷᠢᠭᠦᠲᠡᠢ ᠺᠣᠮᠮᠤᠨᠢᠰᠲ᠋ᠤᠤᠳ ᠵᠠᠰᠠᠭ ᠤᠨ ᠡᠷᠬᠡ ᠶᠢ ᠠᠪᠬᠤ ᠳᠤ ᠪᠦᠭᠦᠳᠡ ᠨᠠᠶᠢᠷᠠᠮᠳᠠᠬᠤ ᠮᠣᠩᠭᠣᠯ ᠠᠷᠠᠳ ᠤᠯᠤᠰ ᠨᠢ ᠲᠠᠶᠢᠸᠠᠨ ᠲᠠᠢ ᠪᠠᠶᠢᠭᠤᠯᠤᠭᠰᠠᠨ ᠳ᠋ᠢᠫᠯᠣᠮᠠᠲ ᠬᠠᠷᠢᠯᠴᠠᠭ᠎ᠠ ᠪᠠᠨ ᠲᠠᠰᠤᠯᠵᠤ ᠰᠢᠨ᠎ᠡ ᠪᠡᠷ ᠪᠠᠶᠢᠭᠤᠯᠤᠭᠰᠠᠨ ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰᠲᠠᠢ 1949 ᠣᠨ ᠤ 10 ᠰᠠᠷ᠎ᠠ ᠶᠢᠨ 6 ᠍ ᠳᠦ ᠳᠠᠬᠢᠨ ᠪᠡᠶ᠎ᠡ ᠪᠡᠶ᠎ᠡ ᠪᠡᠨ ᠬᠦᠯᠢᠶᠡᠨ ᠵᠥᠪᠰᠢᠶᠡᠷᠡᠴᠡᠢ᠃

ᠳᠠᠶᠢᠨ ᠤ ᠳᠠᠷᠠᠭᠠᠬᠢ ᠦᠶ᠎ᠡ[ᠵᠠᠰᠠᠪᠤᠷᠢᠯᠠᠬᠤ | ᠺᠣᠳ᠋ ᠢᠶᠠᠷ ᠵᠠᠰᠠᠬᠣ]

1952 ᠣᠨ ᠤ 1 ᠰᠠᠷ᠎ᠠ ᠶᠢᠨ 26 ᠍ ᠳᠦ ᠬᠣᠷᠯᠤ᠎ᠠ ᠶᠢᠨ ᠴᠣᠶᠢᠪᠠᠯᠰᠠᠩ ᠮᠣᠰᠺᠸᠠ ᠬᠣᠳᠠ ᠳᠤ ᠨᠠᠰᠤ ᠪᠠᠷᠠᠬᠤ ᠳᠤ ᠶᠠᠭᠤᠮᠠᠵᠢᠭ᠎ᠠ ᠶᠢᠨ ᠼᠡᠳᠡᠨᠪᠠᠯ ᠳᠤ ᠡᠷᠬᠡ ᠮᠡᠳᠡᠯ ᠰᠢᠯᠵᠢᠪᠡ᠃ ᠡᠨᠡ ᠦᠶᠡᠰ ᠬᠠᠷᠢᠴᠠᠩᠭᠤᠢ ᠲᠠᠶᠢᠪᠤᠩ ᠪᠠᠶᠢᠳᠠᠯ ᠥᠷᠦᠨᠡᠬᠢ ᠪᠣᠯᠵᠠᠢ᠃ ᠴᠣᠶᠢᠪᠠᠯᠰᠠᠩ ᠢ ᠵᠥᠪᠯᠡᠯᠲᠦ ᠶᠢᠨ ᠲᠠᠯ᠎ᠠ ᠬᠣᠣᠷᠳᠠᠭᠤᠯᠤᠨ ᠠᠯᠠᠭᠰᠠᠨ ᠪᠠᠶᠢᠵᠤ ᠮᠠᠭᠠᠳ ᠦᠭᠡᠢ ᠪᠠ ᠲᠡᠭᠦᠨ ᠢ ᠪᠡᠨ ᠳᠠᠯᠳᠠᠯᠠᠬᠤ ᠵᠣᠷᠢᠯᠭ᠎ᠠ ᠪᠠᠷ ᠱᠠᠷᠢᠯ ᠢ ᠨᠢ ᠶᠠᠭᠠᠷᠠᠨ ᠴᠢᠨᠳᠠᠷᠯᠠᠭᠰᠠᠨ ᠪᠣᠯᠤᠯᠲᠠᠢ᠃

1960-1990[ᠵᠠᠰᠠᠪᠤᠷᠢᠯᠠᠬᠤ | ᠺᠣᠳ᠋ ᠢᠶᠠᠷ ᠵᠠᠰᠠᠬᠣ]

1961 ᠣᠨ ᠳᠤ ᠨᠢᠭᠡᠳᠦᠭᠰᠡᠨ ᠦᠨᠳᠦᠰᠦᠨ ᠦ ᠪᠠᠶᠢᠭᠤᠯᠤᠯᠭ᠎ᠠ ᠶᠢᠨ ᠭᠡᠰᠢᠭᠦᠨ ᠪᠣᠯᠵᠤ᠂ ᠥᠷᠥᠨᠡᠲᠦ ᠶᠢᠨ ᠣᠷᠣᠨ ᠨᠤᠭᠤᠳ ᠲᠠᠢ ᠳ᠋ᠢᠫᠯᠣᠮᠠᠲ ᠬᠠᠷᠢᠯᠴᠠᠭ᠎ᠠ ᠲᠣᠭᠲᠠᠭᠠᠭᠰᠠᠨ᠃ ᠬᠠᠷᠢᠨ 1960 ᠍ ᠊ᠭᠠᠳ ᠣᠨ ᠤ ᠳᠤᠮᠳᠠ ᠦᠶᠡᠰ ᠵᠥᠪᠯᠡᠯᠲᠦ ᠬᠣᠯᠪᠣᠭᠠᠲᠤ ᠤᠯᠤᠰ-ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠬᠣᠭᠣᠷᠣᠨᠳᠣ ᠶᠢᠨ ᠬᠠᠷᠢᠯᠴᠠᠭ᠎ᠠ ᠬᠦᠢᠲᠡᠷᠡᠨ ᠰᠥᠷᠭᠡᠯᠳᠦᠬᠦ ᠪᠣᠯᠤᠭᠰᠠᠨ ᠦᠶ᠎ᠡ ᠳᠦ ᠮᠣᠩᠭᠣᠯ ᠨᠢ ᠵᠥᠪᠯᠡᠯᠲᠦ ᠬᠣᠯᠪᠣᠭᠠᠲᠤ ᠤᠯᠤᠰ ᠲᠠᠢ ᠨᠢᠭᠡ ᠲᠠᠯ᠎ᠠ ᠪᠣᠯᠵᠠᠢ᠃ ᠡᠨᠡ ᠦᠶ᠎ᠡ ᠳᠦ ᠵᠥᠪᠯᠡᠯᠲᠦ ᠬᠣᠯᠪᠣᠭᠠᠲᠤ ᠤᠯᠤᠰ ᠤᠨ ᠴᠡᠷᠢᠭ ᠪᠦᠭᠦᠳᠡ ᠨᠠᠶᠢᠷᠠᠮᠳᠠᠬᠤ ᠮᠣᠩᠭᠣᠯ ᠠᠷᠠᠳ ᠤᠯᠤᠰ ᠍ ᠳᠦ ᠳᠠᠬᠢᠨ ᠪᠠᠶᠢᠷᠢᠯᠠᠭᠰᠠᠨ ᠪᠠᠶᠢᠨ᠎ᠠ᠃ ᠢᠩᠭᠢᠭᠰᠡᠨ ᠢᠶᠡᠷ ᠵᠥᠪᠯᠡᠯᠲᠦ ᠬᠣᠯᠪᠣᠭᠠᠲᠤ ᠤᠯᠤᠰ ᠤᠨ ᠨᠥᠯᠥᠭᠡ ᠶᠡᠬᠡᠰᠦᠵᠡᠢ᠃ᠮᠣᠩᠭᠣᠯ ᠤᠨ ᠡᠳ᠋ ᠍ ᠦᠨ ᠵᠠᠰᠠᠭ 60 ᠍ ᠊ᠭᠠᠳ ᠣᠨ ᠠᠴᠠ ᠡᠷᠴᠢᠮᠲᠡᠢ ᠬᠥᠭᠵᠢᠵᠦ ᠪᠦᠬᠦ ᠨᠡᠶᠢᠲᠡ ᠪᠡᠷ ᠢᠶᠡᠨ ᠪᠢᠴᠢᠭ ᠦᠰᠦᠭ ᠲᠦ ᠲᠠᠶᠢᠯᠤᠭᠳᠠᠭᠰᠠᠨ ᠠᠽᠢᠶ᠎ᠠ ᠶᠢᠨ ᠠᠩᠬᠠᠨ ᠤ ᠤᠯᠤᠰ ᠪᠣᠯᠵᠠᠢ᠃ ᠡᠭᠦᠨ ᠡᠴᠡ ᠭᠠᠳᠠᠨ᠎ᠠ ᠪᠦᠭᠦᠳᠡ ᠨᠠᠶᠢᠷᠠᠮᠳᠠᠬᠤ ᠮᠣᠩᠭᠣᠯ ᠠᠷᠠᠳ ᠤᠯᠤᠰ ᠍ ᠳᠦ ᠬᠥᠳᠡᠭᠡ ᠠᠵᠤ ᠠᠬᠤᠢ᠂ ᠦᠢᠯᠡᠳᠪᠦᠷᠢ ᠶᠢᠨ ᠰᠠᠯᠪᠠᠷ ᠤᠳ ᠢ ᠵᠥᠪᠯᠡᠯᠲᠦ ᠬᠣᠯᠪᠣᠭᠠᠲᠤ ᠤᠯᠤᠰ ᠪᠣᠯᠤᠨ ᠪᠤᠰᠤᠳ ᠰᠣᠴᠢᠶᠠᠯᠢᠰᠲᠤ ᠤᠯᠤᠰ ᠤᠳ ᠤᠨ ᠡᠳ᠋ ᠍ ᠦᠨ ᠵᠠᠰᠠᠭ ᠪᠣᠯᠤᠨ ᠮᠡᠷᠭᠡᠵᠢᠯᠲᠡᠨ ᠦ ᠬᠦᠴᠦ ᠪᠡᠷ ᠡᠷᠴᠢᠮᠲᠡᠢ ᠬᠥᠭᠵᠢᠭᠦᠯᠵᠦ ᠴᠢᠳᠠᠭᠰᠠᠨ ᠪᠠᠶᠢᠨ᠎ᠠ᠃ ᠡᠳᠡᠭᠡᠷ ᠦᠨ ᠦᠷ᠎ᠡ ᠳ᠋ᠦᠩ ᠳᠦ ᠮᠣᠩᠭᠣᠯ ᠨᠢ ᠰᠣᠴᠢᠶᠠᠯᠢᠰᠲᠤ ᠤᠯᠤᠰ ᠤᠳ ᠲᠤ ᠬᠥᠳᠡᠭᠡ ᠠᠵᠤ ᠠᠬᠤᠢ ᠶᠢᠨ ᠪᠣᠯᠤᠨ ᠠᠭᠤᠯᠠ ᠠᠭᠤᠷᠬᠠᠶᠢᠩᠬᠢᠮᠳᠠ ᠲᠦᠭᠦᠬᠡᠢ ᠡᠳ᠋ ᠨᠡᠶᠢᠯᠡᠭᠦᠯᠦᠭᠴᠢ ᠲᠦᠭᠦᠬᠡᠢ ᠡᠳ᠋ ᠍ ᠦᠨ ᠪᠠᠭᠠᠵᠢ ᠪᠣᠯᠤᠭᠰᠠᠨ ᠪᠥᠭᠡᠳ ᠬᠠᠷᠢᠨ ᠭᠠᠳᠠᠭᠠᠳᠤ ᠬᠤᠳᠠᠯᠳᠤᠭᠠᠨ ᠤ ᠬᠤᠪᠢ ᠳᠤ ᠠᠯᠳᠠᠭᠳᠠᠯ ᠲᠠᠢ ᠪᠠᠶᠢᠭᠰᠠᠨ ᠢ ᠵᠡᠭᠡᠯᠢ ᠶᠢᠨ ᠬᠥᠷᠥᠩᠭᠡ ᠪᠡᠷ ᠨᠥᠬᠥᠵᠦ ᠪᠠᠶᠢᠴᠠᠢ᠃ ᠵᠥᠪᠯᠡᠯᠲᠦ ᠬᠣᠯᠪᠣᠭᠠᠲᠤ ᠤᠯᠤᠰ ᠤᠨ ᠤᠳᠤᠷᠢᠳᠤᠯᠭ᠎ᠠ ᠳᠤ ᠭᠣᠷᠪᠠᠴᠡᠧ 1983 ᠣᠨ ᠳᠤ ᠭᠠᠷᠴᠤ ᠢᠷᠡᠰᠦᠨ ᠢᠶᠡᠷ ᠰᠣᠴᠢᠶᠠᠯᠢᠮ ᠢ ᠰᠢᠨᠡᠴᠢᠯᠡᠬᠦ᠂ ᠥᠭᠡᠷᠡᠴᠢᠯᠡᠨ ᠪᠠᠶᠢᠭᠤᠯᠬᠤ᠂ ᠢᠯᠡ ᠲᠣᠳᠣ ᠪᠠᠶᠢᠳᠠᠯ ᠤᠨ ᠲᠤᠬᠠᠢ ᠪᠣᠳᠣᠯᠭ᠎ᠠ ᠬᠡᠷᠡᠭᠵᠢᠵᠦ ᠡᠬᠢᠯᠡᠭᠰᠡᠨ ᠪᠠᠶᠢᠨ᠎ᠠ᠃ ᠡᠭᠦᠨ ᠳᠦ ᠠᠶᠠᠳᠠᠭᠤ ᠰᠣᠴᠢᠶᠠᠯᠢᠮ ᠤᠨ ᠭᠣᠣᠯ ᠲᠥᠯᠥᠭᠡᠯᠡᠭᠴᠢ ᠪᠣᠯᠤᠭᠰᠠᠨ ᠶᠦ᠃ᠼᠡᠳᠡᠨᠪᠠᠯ ᠢ ᠨᠠᠮ᠂ ᠲᠥᠷᠥ ᠶᠢᠨ ᠡᠷᠬᠡ ᠡᠴᠡ ᠵᠠᠶᠢᠯᠠᠭᠤᠯᠬᠤ ᠪᠣᠳᠣᠯᠭ᠎ᠠ ᠶᠢ ᠵᠥᠪᠯᠡᠯᠲᠦ ᠬᠣᠯᠪᠣᠭᠠᠲᠤ ᠤᠯᠤᠰ ᠪ ᠠᠷᠠᠮᠳᠤᠯᠠᠨ 1984 ᠣᠨ ᠳᠤ ᠼᠡᠳᠡᠨᠪᠠᠯ ᠮᠣᠰᠺᠸᠠ ᠳᠤ ᠡᠮᠴᠢᠯᠡᠭᠡᠨ ᠳᠦ ᠪᠠᠶᠢᠬᠤ ᠳᠤ ᠨᠢ ᠮᠣᠩᠭᠣᠯ ᠳᠠᠬᠤ ᠺᠠᠷᠲ ᠭᠠᠷᠭᠠᠬᠤ ᠪᠠᠶᠢᠭᠤᠯᠤᠮᠵᠢ ᠤᠨ ᠲᠥᠯᠥᠭᠡᠯᠡᠭᠴᠢ ᠭᠧᠨᠧᠷᠠᠯ ᠷᠠᠳᠴᠧᠩᠺᠣ ᠪᠣᠯᠤᠨ ᠡᠯᠴᠢᠨ ᠰᠠᠶᠢᠳ ᠫᠠᠸᠯᠠᠪᠠ ᠨᠠᠷᠠ ЗХУКНᠢ ᠦᠨ ᠰᠢᠭᠤᠳ ᠵᠢᠭᠠᠪᠤᠷᠢ ᠪᠠᠷ ᠲᠠᠶᠢᠪᠤᠩ ᠡᠷᠭᠢᠯᠲᠡ ᠶᠢ ᠮᠣᠩᠭᠣᠯ ᠤᠨ ᠡᠳ᠋ ᠍ ᠦᠨ ᠵᠠᠰᠠᠭ ᠤᠨ ᠰᠢᠨᠡᠴᠢᠯᠡᠭᠴᠢ ᠨᠠᠷ ᠤᠨ ᠭᠠᠷ ᠢᠶᠠᠷ ᠬᠢᠯᠭᠡᠭᠰᠡᠨ ᠪᠠᠶᠢᠨ᠎ᠠ᠃ ᠡᠭᠦᠨ ᠦ ᠦᠷ᠎ᠡ ᠳ᠋ᠦᠩ ᠳᠦ ᠵᠠᠮᠪᠠ ᠶᠢᠨ ᠪᠠᠲᠤᠮᠦ᠋ᠩᠬᠡᠡᠶᠢᠭ ᠮᠣᠩᠭᠣᠯ ᠤᠨ ᠤᠳᠤᠷᠢᠳᠤᠭᠴᠢ ᠪᠠᠷ ᠰᠣᠩᠭᠣᠵᠠᠢ᠃ ᠥᠭᠡᠷᠡᠴᠢᠯᠡᠨ ᠪᠠᠶᠢᠭᠤᠯᠤᠯᠲᠠ ᠶᠢᠨ ᠦᠷ᠎ᠡ ᠳ᠋ᠦᠩ ᠳᠦ ᠵᠥᠪᠯᠡᠯᠲᠦ ᠬᠣᠯᠪᠣᠭᠠᠲᠤ ᠤᠯᠤᠰ ᠵᠠᠳᠠᠷᠠᠨ ᠤᠨᠠᠵᠤ ᠤᠯᠠᠮ ᠢᠶᠠᠷ ᠨᠡᠶᠢᠲᠡ ᠰᠣᠴᠢᠶᠠᠯᠢᠰᠲᠤ ᠰᠢᠰᠲ᠋ᠧᠮ ᠤᠰᠠᠳᠬᠤ ᠳᠤ ᠵᠥᠪᠯᠡᠯᠲᠦ ᠬᠣᠯᠪᠣᠭᠠᠲᠤ ᠤᠯᠤᠰ ᠤᠨ ᠪᠣᠯᠤᠨ ᠡᠳ᠋ ᠍ ᠦᠨ ᠵᠠᠰᠠᠭ ᠤᠨ ᠬᠠᠷᠢᠯᠴᠠᠨ ᠲᠤᠰᠠᠯᠠᠯᠴᠠᠬᠤ ᠵᠥᠪᠯᠡᠯ ᠦᠨ ᠰᠣᠴᠢᠶᠠᠯᠢᠰᠲᠤ ᠣᠷᠣᠨ ᠨᠤᠭᠤᠳ ᠤᠨ ᠡᠳ᠋ ᠍ ᠦᠨ ᠵᠠᠰᠠᠭ ᠰᠠᠩᠬᠦᠦ ᠶᠢᠨ ᠲᠤᠰᠠᠯᠠᠮᠵᠢ ᠰᠢᠭᠤᠳ ᠵᠣᠭᠰᠣᠭᠰᠠᠨ ᠨᠢ ᠪᠦᠭᠦᠳᠡ ᠨᠠᠶᠢᠷᠠᠮᠳᠠᠬᠤ ᠮᠣᠩᠭᠣᠯ ᠠᠷᠠᠳ ᠤᠯᠤᠰ ᠍ ᠢ ᠤᠯᠤᠰ ᠲᠥᠷᠥ ᠡᠳ᠋ ᠍ ᠦᠨ ᠵᠠᠰᠠᠭ ᠤᠨ ᠬᠢᠮᠤᠷᠠᠯᠳᠤ ᠣᠷᠣᠭᠤᠯᠵᠠᠢ᠃ ᠡᠨᠡᠬᠦ ᠬᠢᠮᠤᠷᠠᠯ ᠤᠨ ᠦᠷ᠎ᠡ ᠳ᠋ᠦᠩ ᠳᠦ ᠪᠦᠭᠦᠳᠡ ᠨᠠᠶᠢᠷᠠᠮᠳᠠᠬᠤ ᠮᠣᠩᠭᠣᠯ ᠠᠷᠠᠳ ᠤᠯᠤᠰ ᠨᠢ ᠠᠷᠠᠳᠴᠢᠯᠠᠯ ᠢᠯᠠᠵᠤ᠂ ᠴᠢᠯᠦᠭᠡᠲᠦ ᠵᠠᠬ᠎ᠠ ᠵᠡᠭᠡᠯᠢ ᠶᠢᠨ ᠡᠳ᠋ ᠍ ᠦᠨ ᠵᠠᠰᠠᠭ ᠢ ᠪᠠᠶᠢᠭᠤᠯᠬᠤ ᠰᠢᠢᠳᠦᠯ ᠳᠦ ᠬᠦᠷᠦᠭᠰᠡᠨ ᠪᠠᠶᠢᠨ᠎ᠠ᠃ ᠲᠡᠭᠦᠨᠢᠴᠢᠯᠡᠨ ᠦᠨᠳᠦᠰᠦᠨ ᠬᠠᠤᠯᠢ ᠶᠢ ᠰᠢᠨ᠎ᠡ ᠪᠡᠷ ᠳᠠᠪᠲᠠᠨ ᠪᠣᠯᠪᠠᠰᠤᠷᠠᠭᠤᠯᠵᠤ ᠮᠣᠩᠭᠣᠯ ᠤᠯᠤᠰ ᠭᠡᠵᠦ ᠨᠡᠷᠡᠯᠡᠨ ᠫᠠᠷᠯᠠᠮᠧᠨᠲ ᠤᠨ ᠵᠠᠰᠠᠭᠯᠠᠯ ᠪᠦᠬᠦᠢ ᠤᠯᠤᠰ ᠪᠣᠯᠬᠤ ᠶᠢ ᠵᠢᠭᠠᠵᠤ ᠲᠤᠰᠬᠠᠭᠰᠠᠨ ᠪᠠᠶᠢᠨ᠎ᠠ᠃

ᠲᠥᠷᠥ ᠶᠢᠨ ᠪᠠᠶᠢᠭᠤᠯᠤᠯᠲᠠ[ᠵᠠᠰᠠᠪᠤᠷᠢᠯᠠᠬᠤ | ᠺᠣᠳ᠋ ᠢᠶᠠᠷ ᠵᠠᠰᠠᠬᠣ]

ᠭᠠᠳᠠᠭᠠᠳᠤ ᠬᠠᠷᠢᠯᠴᠠᠭ᠎ᠠ[ᠵᠠᠰᠠᠪᠤᠷᠢᠯᠠᠬᠤ | ᠺᠣᠳ᠋ ᠢᠶᠠᠷ ᠵᠠᠰᠠᠬᠣ]

ᠭᠠᠵᠠᠷ ᠨᠤᠲᠤᠭ[ᠵᠠᠰᠠᠪᠤᠷᠢᠯᠠᠬᠤ | ᠺᠣᠳ᠋ ᠢᠶᠠᠷ ᠵᠠᠰᠠᠬᠣ]

ᠵᠥᠪᠯᠡᠯᠲᠦ ᠶᠢᠨ ᠲᠠᠯ᠎ᠠ ᠸᠣᠯᠹᠷᠠᠮ᠂ ᠦᠷᠠᠨ ᠤ ᠣᠷᠳᠣ ᠲᠠᠢ ᠤᠪᠰᠤ ᠠᠶᠢᠮᠠᠭ ᠤᠨ ᠳᠠᠪᠤᠰᠤᠲᠤ ᠠᠭᠤᠯᠠ᠂ ᠬᠥᠪᠰᠥᠭᠥᠯ ᠦᠨ ᠰᠢᠰᠬᠢᠳ ᠦᠨ ᠨᠢᠷᠤᠭᠤ ᠶᠢ 1930-1960 ᠍ ᠊ᠭᠠᠳ ᠣᠨ ᠳᠤ ᠪᠦᠭᠦᠳᠡ ᠨᠠᠶᠢᠷᠠᠮᠳᠠᠬᠤ ᠮᠣᠩᠭᠣᠯ ᠠᠷᠠᠳ ᠤᠯᠤᠰ ᠍ ᠠᠴᠠ ᠲᠠᠰᠤᠳᠠᠨ ᠠᠪᠴᠠᠢ᠃

ᠬᠠᠯᠬ᠎ᠠ ᠶᠢᠨ ᠰᠦᠮ᠎ᠡ ᠣᠷᠴᠢᠮ ᠤᠨ ᠬᠡᠰᠡᠭ ᠢ ᠶᠠᠫᠣᠨᠴᠤᠳ ᠭᠡᠨᠡᠳᠲᠡ ᠳᠣᠪᠲᠣᠯᠤᠨ ᠡᠵᠡᠯᠡᠭᠰᠡᠨ ᠢ ᠬᠠᠯᠬ᠎ᠠ ᠶᠢᠨ ᠭᠣᠣᠯ ᠤᠨ ᠳᠠᠶᠢᠨ ᠢᠶᠠᠷ ᠴᠢᠯᠦᠭᠡᠯᠡᠭᠰᠡᠨ ᠴᠤ ᠪᠤᠶᠢᠷ ᠨᠠᠭᠤᠷ ᠍ ᠤᠨ ᠵᠠᠷᠢᠮ ᠬᠡᠰᠡᠭ ᠪᠣᠯᠤᠨ ᠬᠠᠯᠬ᠎ᠠ ᠶᠢᠨ ᠰᠦᠮ᠎ᠡ ᠣᠷᠴᠢᠮ ᠤᠨ ᠨᠤᠲᠤᠭ ᠨᠢ 1960 ᠍ ᠊ᠭᠠᠳ ᠣᠨ ᠤ ᠮᠣᠩᠭᠣᠯ-ᠬᠢᠲᠠᠳ ᠤᠨ ᠬᠢᠯᠢ ᠶᠢᠨ ᠭᠡᠷ᠎ᠡ ᠪᠡᠷ ᠬᠢᠲᠠᠳ ᠍ ᠤᠨ ᠬᠢᠯᠢ ᠳᠦ ᠣᠷᠣᠵᠠᠢ᠃ 1960 ᠍ ᠊ᠭᠠᠳ ᠣᠨ ᠤ ᠦᠶ᠎ᠡ ᠳᠦ ᠣᠳᠣ ᠶᠢᠨ ᠮᠣᠩᠭᠣᠯ-ᠬᠢᠲᠠᠳ ᠤᠨ ᠬᠢᠯᠢ ᠶᠢ 2 ᠲᠠᠯ᠎ᠠ ᠶᠢᠨ ᠭᠡᠷ᠎ᠡ ᠪᠡᠷ ᠲᠣᠭᠲᠠᠭᠠᠴᠠᠢ᠃

ᠮᠥᠨ ᠪᠠᠶᠢᠲᠤᠭ ᠪᠣᠭᠳᠠ ᠠᠭᠤᠯᠠ ᠪᠦᠬᠦᠯᠢ ᠳᠦ ᠪᠡᠨ ᠪᠦᠭᠦᠳᠡ ᠨᠠᠶᠢᠷᠠᠮᠳᠠᠬᠤ ᠮᠣᠩᠭᠣᠯ ᠠᠷᠠᠳ ᠤᠯᠤᠰ ᠍ ᠶᠢᠨ ᠨᠤᠲᠤᠭ ᠪᠠᠶᠢᠭᠰᠠᠨ ᠴᠤ ᠬᠢᠯᠢ ᠶᠢᠨ ᠭᠡᠷ᠎ᠡ ᠪᠡᠷ ᠤᠷᠢᠳᠤ ᠬᠡᠰᠡᠭ ᠨᠢ ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠦᠨ ᠬᠢᠯᠢ ᠳᠦ ᠣᠷᠣᠵᠠᠢ᠃ ᠪᠦᠭᠦᠳᠡ ᠨᠠᠶᠢᠷᠠᠮᠳᠠᠬᠤ ᠬᠢᠲᠠᠳ ᠠᠷᠠᠳ ᠤᠯᠤᠰ᠂ ᠵᠥᠪᠯᠡᠯᠲᠦ ᠤᠯᠤᠰ ᠤᠳ ᠮᠣᠩᠭᠣᠯ ᠤᠨ ᠲᠤᠰᠠᠭᠠᠷ ᠲᠣᠭᠲᠠᠨᠢᠯ ᠢ ᠬᠦᠯᠢᠶᠡᠨ ᠵᠥᠪᠰᠢᠶᠡᠷᠡᠭᠰᠡᠨ ᠴᠤ ᠵᠠᠷᠢᠮ ᠨᠤᠲᠤᠭ ᠢ ᠲᠠᠰᠤᠳᠠᠨ ᠥᠭᠬᠦ ᠶᠢ ᠱᠠᠭᠠᠷᠳᠠᠵᠤ ᠪᠠᠶᠢᠪᠠ᠃ 90 ᠍ ᠊ᠭᠡᠳ ᠣᠨ ᠢ ᠬᠦᠷᠲᠡᠯ ᠡᠤᠷᠳᠤ ᠬᠢᠯᠢ ᠶᠢᠨ ᠬᠠᠮᠠᠭᠠᠯᠠᠯᠲᠠᠨ ᠳᠤ ᠭᠣᠣᠯᠴᠢᠯᠠᠨ ᠠᠩᠬᠠᠷᠳᠠᠭ ᠪᠠᠶᠢᠰᠤᠨ ᠠᠴᠠ ᠬᠣᠶᠢᠳᠤ ᠬᠢᠯᠢ ᠶᠢᠨ ᠬᠠᠮᠠᠭᠠᠯᠠᠯᠲᠠ ᠰᠤᠯᠠᠷᠠᠭᠰᠠᠨ ᠢ ᠠᠰᠢᠭᠯᠠᠨ ᠵᠥᠪᠯᠡᠯᠲᠦ ᠶᠢᠨ ᠲᠠᠯ᠎ᠠ ᠬᠢᠯᠢ ᠶᠢᠨ ᠱᠣᠩᠭ᠎ᠠ ᠨᠤᠭᠤᠳ ᠢᠶᠠᠨ ᠠᠭᠠᠵᠢᠮ ᠠᠭᠠᠵᠢᠮ ᠢᠶᠠᠷ ᠤᠷᠤᠭᠰᠢ ᠵᠥᠭᠡᠭᠡᠳᠡᠭ ᠪᠠᠶᠢᠭᠰᠠᠨ ᠭᠡᠳᠡᠭ᠃

ᠵᠡᠪᠰᠡᠭᠲᠦ ᠬᠦᠴᠦᠨ[ᠵᠠᠰᠠᠪᠤᠷᠢᠯᠠᠬᠤ | ᠺᠣᠳ᠋ ᠢᠶᠠᠷ ᠵᠠᠰᠠᠬᠣ]

ᠰᠤᠶᠤᠯ[ᠵᠠᠰᠠᠪᠤᠷᠢᠯᠠᠬᠤ | ᠺᠣᠳ᠋ ᠢᠶᠠᠷ ᠵᠠᠰᠠᠬᠣ]

Fdfedefefefefeᠨᠡᠶᠢᠭᠡᠮ[ᠵᠠᠰᠠᠪᠤᠷᠢᠯᠠᠬᠤ | ᠺᠣᠳ᠋ ᠢᠶᠠᠷ ᠵᠠᠰᠠᠬᠣ]

ᠡᠳ᠋ ᠍ ᠦᠨ ᠵᠠᠰᠠᠭ[ᠵᠠᠰᠠᠪᠤᠷᠢᠯᠠᠬᠤ | ᠺᠣᠳ᠋ ᠢᠶᠠᠷ ᠵᠠᠰᠠᠬᠣ]

ᠬᠦᠷᠢᠶᠡᠨ ᠳᠦ ᠬᠤᠪᠢᠰᠬᠠᠯᠲᠤ ᠪᠦᠯᠦᠭ ᠦᠳ ᠪᠠᠶᠢᠭᠤᠯᠤᠭᠳᠠᠭᠰᠠᠨ ᠨᠢ 1919 ᠣᠨ


ᠵᠢᠷᠤᠭ[ᠵᠠᠰᠠᠪᠤᠷᠢᠯᠠᠬᠤ | ᠺᠣᠳ᠋ ᠢᠶᠠᠷ ᠵᠠᠰᠠᠬᠣ]

ᠮᠥᠨ ᠦᠵᠡᠬᠦ[ᠵᠠᠰᠠᠪᠤᠷᠢᠯᠠᠬᠤ | ᠺᠣᠳ᠋ ᠢᠶᠠᠷ ᠵᠠᠰᠠᠬᠣ]

ᠡᠰᠢᠯᠡᠯ[ᠵᠠᠰᠠᠪᠤᠷᠢᠯᠠᠬᠤ | ᠺᠣᠳ᠋ ᠢᠶᠠᠷ ᠵᠠᠰᠠᠬᠣ]

ᠪᠢᠴᠢᠭᠡᠰᠦ