ᠪᠧᠨᠯᠶᠤᠶᠢᠺᠰ

ᠴᠢᠯᠦᠭᠡᠲᠦ ᠨᠡᠪᠲᠡᠷᠬᠡᠢ ᠲᠣᠯᠢ — ᠸᠢᠺᠢᠫᠧᠳᠢᠶ᠎ᠠ ᠠᠴᠠ
ᠬᠠᠷᠠᠶᠢᠬᠤ: ᠤᠳᠤᠷᠢᠳᠬᠤ, ᠬᠠᠶᠢᠯᠲᠠ
Beneluxkaartnw.jpg

ᠪᠧᠨᠯᠶᠤᠶᠢᠺᠰ ᠭᠡᠳᠡᠭ ᠨᠢ ᠪᠠᠷᠠᠭᠤᠨ ᠧᠦ᠋ᠷᠣᠫᠠ ᠳᠠᠬᠢ ᠭᠤᠷᠪᠠᠨ ᠬᠥᠷᠰᠢ ᠣᠷᠣᠨ ᠪᠧᠯᠬᠢᠨᠢᠳᠧᠷᠯᠠᠨ ᠳᠤᠯᠶᠤᠶᠢᠺᠰᠶᠤᠸᠠᠮᠪᠦᠦᠭ (België/Belgique/Belgien - Nederland - Lëtzebuerg/Luxembourg/Luxemburg) ᠍ ᠢ ᠨᠢᠭᠡᠳᠬᠡᠭᠰᠡᠨ ᠨᠢᠭᠡᠳᠦᠯ ᠶᠤᠮ᠃ ᠡᠳᠡᠭᠡᠷ 3 ᠣᠷᠣᠨ ᠨᠢ ᠹᠷᠠᠨᠼᠢ ᠪᠣᠯᠤᠨ ᠭᠧᠷᠮᠠᠨᠲᠠᠢ ᠬᠢᠯᠢᠯᠡᠨ᠎ᠡ᠃ ᠡᠨᠡᠬᠦ ᠨᠡᠷ᠎ᠡ ᠨᠢ ᠠᠩᠬ᠎ᠠ ᠡᠺᠣᠨᠣᠮᠢᠰ ᠲᠤ ᠰᠡᠳᠬᠦᠯᠡᠶᠢᠨ 1946 ᠣᠨ ᠤ 8 ᠰᠠᠷ᠎ᠠ ᠶᠢᠨ ᠳ᠋ᠤᠭᠠᠷᠲᠤ[1] ᠬᠡᠷᠡᠭᠯᠡᠭᠳᠡᠭᠰᠡᠨ ᠪᠥᠭᠡᠳ ᠪᠧᠨᠯᠶᠤᠶᠢᠺᠰ ᠤᠨ ᠭᠠᠶᠢᠯᠢ ᠶᠢᠨ ᠬᠣᠯᠪᠣᠭ᠎ᠠ[2] ᠪᠠᠶᠢᠭᠤᠯᠤᠭᠳᠠᠰᠤᠨ ᠢᠶᠠᠷ ᠥᠷᠭᠡᠨ ᠬᠡᠷᠡᠭᠯᠡᠭᠳᠡᠬᠦ ᠪᠣᠯᠵᠠᠢ᠃ ᠪᠧᠨᠯᠶᠤᠶᠢᠺᠰ ᠤᠨ ᠪᠥᠰᠡ ᠨᠤᠲᠤᠭ ᠨᠢ 74,640 ᠺᠦᠸᠠᠳ᠋ ᠺᠢᠯᠣᠮᠧᠲ᠋ᠷ ᠣᠷᠴᠢᠮ ᠭᠠᠵᠠᠷ ᠨᠤᠲᠤᠭ ᠲᠠᠢ ᠪᠥᠭᠡᠳ ᠣᠶᠢᠷᠠᠯᠴᠠᠭ᠎ᠠ ᠪᠠᠷ 27,725,734 ᠬᠦᠮᠦᠨ ᠣᠷᠣᠰᠢᠨ ᠰᠠᠭᠤᠳᠠᠭ᠃

ᠤᠯᠤᠰ ᠲᠥᠷᠥ[ᠵᠠᠰᠠᠪᠤᠷᠢᠯᠠᠬᠤ | ᠺᠣᠳ᠋ ᠢᠶᠠᠷ ᠵᠠᠰᠠᠬᠣ]

ᠪᠧᠨᠯᠶᠤᠶᠢᠺᠰ ᠤᠨ ᠳᠠᠯᠪᠠᠭ᠎ᠠ

ᠪᠧᠨᠯᠶᠤᠶᠢᠺᠰ ᠤᠨ ᠫᠠᠷᠯᠠᠮᠧᠨᠲ ᠨᠢ 1955 ᠣᠨ ᠳᠤ ᠠᠩᠬ᠎ᠠ 《ᠫᠠᠷᠯᠠᠮᠧᠨᠲ ᠬᠣᠭᠣᠷᠣᠨᠳᠣ ᠶᠢᠨ ᠵᠥᠪᠯᠡᠯᠳᠦᠬᠦ ᠵᠥᠪᠯᠡᠯ》 ᠭᠡᠳᠡᠭ ᠨᠡᠷ᠎ᠡ ᠪᠡᠷ ᠪᠠᠶᠢᠭᠤᠯᠤᠭᠳᠠᠭᠰᠠᠨ ᠪᠥᠭᠡᠳ ᠨᠢᠳᠧᠷᠯᠠᠨ᠋ᠳ᠋ ᠍ ᠤᠨ ᠫᠠᠷᠯᠠᠮᠧᠨᠲ ᠤᠨ 21, ᠪᠧᠯ ᠶᠢᠨ ᠫᠠᠷᠯᠠᠮᠧᠨᠲ ᠤᠨ 21, ᠯᠦᠺᠰᠧᠨᠪᠦ᠋ᠷᠦᠺ ᠦᠨ ᠫᠠᠷᠯᠠᠮᠧᠨᠲ ᠤᠨ 7 ᠭᠡᠰᠢᠭᠦᠨ ᠡᠴᠡ ᠪᠦᠷᠢᠳᠳᠡᠭ᠃

1958 ᠣᠨ ᠤ 2 ᠰᠠᠷ᠎ᠠ ᠶᠢᠨ 3 ᠍ ᠳᠦ ᠪᠧᠨᠯᠶᠤᠶᠢᠺᠰ ᠤᠨ ᠡᠳ᠋ ᠍ ᠦᠨ ᠵᠠᠰᠠᠭ ᠤᠨ ᠬᠣᠯᠪᠣᠭ᠎ᠠ ᠍ ᠢ ᠪᠠᠶᠢᠭᠤᠯᠬᠤ ᠭᠡᠷᠢᠶᠡᠨ ᠳᠦ 3 ᠤᠯᠤᠰ ᠤᠨ ᠵᠠᠰᠠᠭ ᠤᠨ ᠭᠠᠵᠠᠷ ᠭᠠᠷ ᠤᠨ ᠦᠰᠦᠭ ᠵᠢᠷᠤᠭᠰᠠᠨ ᠢᠶᠠᠷ 1960 ᠣᠨ ᠠᠴᠠ ᠲᠤᠰ ᠪᠥᠰᠡ ᠨᠤᠲᠤᠭ ᠳᠠᠬᠢ ᠠᠵᠢᠯᠯᠠᠬᠤ ᠬᠦᠴᠦ᠂ ᠬᠥᠷᠥᠩᠭᠡ᠂ ᠦᠢᠯᠡᠴᠢᠯᠡᠭᠡ᠂ ᠪᠠᠷᠠᠭ᠎ᠠ ᠪᠦᠲᠦᠭᠡᠭᠳᠡᠬᠦᠨ ᠴᠢᠯᠦᠭᠡᠲᠡᠢ ᠬᠦᠷᠪᠡᠬᠦ ᠪᠣᠯᠵᠠᠢ᠃ ᠲᠡᠭᠦᠨ ᠦ ᠶᠡᠷᠦᠩᠬᠡᠢ ᠨᠠᠷᠢᠨ ᠪᠢᠴᠢᠭ ᠦᠨ ᠳᠠᠷᠤᠭ᠎ᠠ ᠨᠠᠷ ᠤᠨ ᠭᠠᠵᠠᠷ ᠨᠢ ᠪᠷᠣᠰᠸᠸᠯ ᠬᠣᠲᠣᠩ ᠢᠶᠠᠨ ᠪᠠᠶᠢᠷᠢᠯᠠᠨ᠎ᠠ᠃

ᠬᠠᠤᠯᠢ ᠵᠦᠢ[ᠵᠠᠰᠠᠪᠤᠷᠢᠯᠠᠬᠤ | ᠺᠣᠳ᠋ ᠢᠶᠠᠷ ᠵᠠᠰᠠᠬᠣ]

ᠪᠧᠨᠯᠶᠤᠶᠢᠺᠰ ᠤᠨ ᠭᠡᠰᠢᠭᠦᠨ 3 ᠣᠷᠣᠨ 1965 ᠣᠨ ᠳᠤ ᠪᠧᠨᠯᠶᠤᠶᠢᠺᠰ ᠤᠨ ᠦᠨᠳᠦᠰᠦᠨ ᠬᠠᠤᠯᠢ ᠶᠢᠨ ᠰᠢᠭᠦᠬᠦ ᠍ ᠢ ᠪᠠᠶᠢᠭᠤᠯᠬᠤ ᠭᠡᠷᠢᠶᠡᠨ ᠳᠦ ᠭᠠᠷ ᠤᠨ ᠦᠰᠦᠭ ᠵᠢᠷᠤᠵᠤ᠂ 1975 ᠣᠨ ᠠᠴᠠ ᠲᠤᠰ ᠪᠠᠶᠢᠭᠤᠯᠤᠯᠭ᠎ᠠ ᠦᠢᠯᠡ ᠠᠵᠢᠯᠯᠠᠭ᠎ᠠ ᠶᠢ ᠪᠠᠨ ᠶᠠᠪᠤᠭᠤᠯᠵᠤ ᠡᠬᠢᠯᠡᠭᠰᠡᠨ ᠪᠠᠶᠢᠨ᠎ᠠ᠃

ᠰᠫᠣᠷᠲ[ᠵᠠᠰᠠᠪᠤᠷᠢᠯᠠᠬᠤ | ᠺᠣᠳ᠋ ᠢᠶᠠᠷ ᠵᠠᠰᠠᠬᠣ]

2000 ᠣᠨ ᠳᠤ ᠪᠧᠯᠬᠢ᠂ ᠨᠢᠳᠧᠷᠯᠠᠨᠲ ᠤᠳ ᠬᠥᠯᠮᠪᠥᠮᠪᠥᠭᠡ ᠶᠢᠨ ᠧᠦ᠋ᠷᠣᠫᠠ ᠶᠢᠨ ᠠᠪᠤᠷᠭᠤ ᠰᠢᠯᠭᠠᠷᠠᠭᠤᠯᠬᠤ ᠲᠡᠮᠡᠴᠡᠭᠡᠨᠡᠶᠢᠭ ᠬᠠᠮᠲᠤᠷᠠᠨ ᠵᠣᠬᠢᠶᠠᠨ ᠪᠠᠶᠢᠭᠤᠯᠤᠭᠰᠠᠨ᠃ ᠮᠥᠨ ᠲᠤᠰ 3 ᠤᠯᠤᠰ ᠤᠨ ᠲᠥᠯᠥᠭᠡᠯᠡᠭᠴᠢᠳ ᠬᠠᠮᠲᠤᠷᠠᠨ 2018 ᠣᠨ ᠤ ᠬᠥᠯᠪᠥᠮᠪᠥᠭᠡ ᠶᠢᠨ ᠳᠡᠯᠡᠬᠡᠢ ᠶᠢᠨ ᠠᠪᠤᠷᠭᠤ ᠰᠢᠯᠭᠠᠷᠠᠭᠤᠯᠬᠤ ᠲᠡᠮᠡᠴᠡᠭᠡᠨ ᠢ ᠵᠣᠬᠢᠶᠠᠨ ᠪᠠᠶᠢᠭᠤᠯᠬᠤ ᠬᠦᠰᠡᠯᠲᠡ ᠭᠠᠷᠭᠠᠭᠠᠳ ᠪᠠᠶᠢᠭ᠎ᠠ[3]

ᠢᠷᠡᠭᠡᠳᠦᠢ[ᠵᠠᠰᠠᠪᠤᠷᠢᠯᠠᠬᠤ | ᠺᠣᠳ᠋ ᠢᠶᠠᠷ ᠵᠠᠰᠠᠬᠣ]

ᠬᠡᠳᠦᠢ ᠪᠡᠷ ᠣᠳᠣ ᠮᠥᠷᠳᠡᠭᠳᠡᠵᠦ ᠪᠤᠢ ᠭᠡᠷ᠎ᠡ ᠶᠢᠨ ᠬᠦᠴᠦᠨ ᠲᠡᠭᠦᠯᠳᠡᠷ ᠬᠤᠭᠤᠴᠠᠭ᠎ᠠ 2010 ᠣᠨ ᠳᠤ ᠰᠢᠪᠲᠤᠷᠬᠤ ᠪᠣᠯᠪᠠᠴᠤ ᠲᠡᠭᠦᠨ ᠢ ᠵᠠᠯᠭᠠᠮᠵᠢᠯᠠᠬᠤ ᠬᠠᠤᠯᠢ ᠵᠦᠢ ᠶᠢᠨ ᠬᠡᠮ ᠬᠡᠮᠵᠢᠶ᠎ᠡ ᠶᠢ 2008 ᠣᠨ ᠤ 6 ᠰᠠᠷ᠎ᠠ ᠶᠢᠨ 17 ᠍ ᠳᠦ ᠪᠠᠲᠤᠯᠠᠵᠠᠢ᠃ ᠲᠤᠰ ᠭᠡᠷ᠎ᠡ ᠶᠣᠰᠣᠭᠠᠷ ᠣᠳᠣ ᠶᠢᠨ ᠬᠠᠷᠢᠯᠴᠠᠭ᠎ᠠ ᠪᠠᠨ ᠤᠯᠠᠮ ᠭᠦᠨᠵᠡᠭᠡᠶᠢᠷᠡᠭᠦᠯᠵᠦ᠂ ᠪᠧᠨᠯᠶᠤᠶᠢᠺᠰ ᠤᠨ ᠡᠳ᠋ ᠍ ᠦᠨ ᠵᠠᠰᠠᠭ ᠤᠨ ᠬᠣᠯᠪᠣᠭ᠎ᠠ ᠶᠢ ᠪᠧᠨᠯᠶᠤᠶᠢᠺᠰ ᠤᠨ ᠬᠣᠯᠪᠣᠭ᠎ᠠ ᠪᠣᠯᠭᠠᠨ ᠥᠷᠭᠡᠵᠢᠭᠦᠯᠬᠦ ᠶᠤᠮ᠃

ᠡᠰᠢᠯᠡᠯ[ᠵᠠᠰᠠᠪᠤᠷᠢᠯᠠᠬᠤ | ᠺᠣᠳ᠋ ᠢᠶᠠᠷ ᠵᠠᠰᠠᠬᠣ]

  1. Going Dutch
  2. Revue de l'Institut International de Statistique (1947) Vol. 15, No. 1/4. ( page 43
  3. "Benelux countries launch 2018 World Cup bid", ESPN, June 27, 2007. 2009 ᠣᠨ ᠤ 5 ᠰᠠᠷ᠎ᠠ ᠶᠢᠨ 2 ᠍ ᠳᠦ ᠠᠪᠤᠭᠰᠠᠨ᠃ 

ᠭᠠᠳᠠᠭᠠᠳᠤ ᠬᠣᠯᠪᠣᠭᠠᠰᠤ ᠨᠤᠭᠤᠳ[ᠵᠠᠰᠠᠪᠤᠷᠢᠯᠠᠬᠤ | ᠺᠣᠳ᠋ ᠢᠶᠠᠷ ᠵᠠᠰᠠᠬᠣ]

ᠪᠢᠴᠢᠭᠡᠰᠦ