ᠫᠦᠩᠰᠠᠯᠮ᠎ᠠ ᠶᠢᠨ ᠸᠴᠢᠷᠪᠠᠲᠤ

ᠴᠢᠯᠦᠭᠡᠲᠦ ᠨᠡᠪᠲᠡᠷᠬᠡᠢ ᠲᠣᠯᠢ — ᠸᠢᠺᠢᠫᠧᠳᠢᠶ᠎ᠠ ᠠᠴᠠ
ᠬᠠᠷᠠᠶᠢᠬᠤ: ᠤᠳᠤᠷᠢᠳᠬᠤ, ᠬᠠᠶᠢᠯᠲᠠ
ᠫᠦᠩᠰᠠᠯᠮ᠎ᠠ ᠶᠢᠨ ᠸᠴᠢᠷᠪᠠᠲᠤ
ᠵᠢᠵᠢᠭ ᠵᠢᠷᠤᠭ ᠢ ᠡᠭᠦᠰᠭᠡᠬᠦ ᠳ᠋ᠦ ᠠᠯᠳᠠᠭ᠎ᠠ ᠭᠠᠷᠤᠯ᠎ᠠ: Unable to save thumbnail to destination

<small/></center>

ᠪᠦᠷᠢᠨ ᠡᠷᠬᠡ ᠶᠢᠨ ᠬᠤᠭᠤᠴᠠᠭ᠎ᠠ: 1992 ᠣᠨ ᠤ 9 ᠰᠠᠷ᠎ᠠ ᠶᠢᠨ 3 – 1997 ᠣᠨ ᠤ 6 ᠰᠠᠷ᠎ᠠ ᠶᠢᠨ 20

ᠲᠦᠷᠦᠭᠰᠡᠨ: 1942
ᠵᠠᠪᠬᠠᠨ
ᠤᠯᠤᠰ ᠲᠥᠷᠥ ᠶᠢᠨ ᠨᠠᠮ: ᠮᠣᠩᠭᠣᠯ ᠠᠷᠠᠳ ᠤᠨ ᠬᠤᠪᠢᠰᠬᠠᠯᠲᠤ ᠨᠠᠮ (1990), ᠮᠣᠩᠭᠣᠯ ᠤᠨ ᠠᠷᠠᠳᠴᠢᠯᠠᠭᠰᠠᠨ ᠨᠠᠮ (1993)

ᠫᠦᠩᠰᠠᠯᠮ᠎ᠠ ᠶᠢᠨ ᠸᠴᠢᠷᠪᠠᠲᠤ ᠨᠢ ᠮᠣᠩᠭᠣᠯ ᠤᠨ ᠤᠯᠤᠰ ᠲᠥᠷᠥ ᠶᠢᠨ ᠵᠢᠳᠬᠦᠯᠲᠡᠨ᠂ ᠮᠣᠩᠭᠣᠯ ᠤᠯᠤᠰ ᠤᠨ ᠠᠩᠬᠠᠨ ᠤ ᠶᠡᠷᠦᠩᠬᠡᠶᠢᠯᠡᠭᠴᠢ ᠶᠤᠮ᠃

ᠫ᠃ᠸᠴᠢᠷᠪᠠᠲᠤ 1942 ᠣᠨ ᠳᠤ ᠵᠠᠪᠬᠠᠨ ᠠᠶᠢᠮᠠᠭ ᠲᠤ ᠲᠦᠷᠦᠭᠰᠡᠨ᠃ 1951-1960 ᠣᠨ ᠳᠤ ᠳᠤᠮᠳᠠ ᠰᠤᠷᠭᠠᠭᠤᠯᠢ᠂ 1960-1965 ᠣᠨ ᠳᠤ ᠵᠥᠪᠯᠡᠯᠲᠦ ᠬᠣᠯᠪᠣᠭᠠᠲᠤ ᠤᠯᠤᠰ ᠍ ᠍ ᠍ ᠤᠨ ᠯᠧᠨᠢᠩᠷᠠᠳ᠋ ᠬᠣᠲᠠ ᠶᠢᠨ ᠠᠭᠤᠯᠠ ᠠᠭᠤᠷᠬᠠᠢ ᠶᠢᠨ ᠳᠡᠭᠡᠳᠦ ᠰᠤᠷᠭᠠᠭᠤᠯᠢ ᠶᠢ ᠠᠭᠤᠯᠠ ᠠᠭᠤᠷᠬᠠᠢ ᠶᠢᠨ ᠠᠰᠢᠭᠯᠠᠯᠲᠠ ᠶᠢᠨ ᠢᠨᠵᠧᠨᠧᠷ ᠮᠡᠷᠭᠡᠵᠢᠯ ᠢᠶᠡᠷ ᠲᠡᠭᠦᠰᠦᠭᠰᠡᠨ᠃ ᠲᠧᠭᠨᠢᠭ ᠦᠨ ᠤᠬᠠᠭᠠᠨᠳᠡᠳ᠋ ᠡᠷᠳᠡᠮᠲᠡᠨᠡᠳ᠋ ᠍ ᠍ ᠍ ᠦᠨ ᠵᠠᠰᠠᠭ ᠤᠨ ᠰᠢᠨᠵᠢᠯᠡᠬᠦ ᠤᠬᠠᠭᠠᠨ ᠤ ᠳ᠋ᠣᠺᠲ᠋ᠣᠷᠫᠷᠣᠹᠧᠰᠰᠣᠷ.

ᠫ᠃ᠸᠴᠢᠷᠪᠠᠲᠤ ᠨᠢ 1965-1967 ᠣᠨ ᠳᠤ ᠠᠵᠤ ᠦᠢᠯᠡᠳᠪᠦᠷᠢ ᠶᠢᠨ ᠶᠠᠮᠤᠨ ᠳᠤ ᠮᠡᠷᠭᠡᠵᠢᠯᠲᠡᠨ᠂ 1967-1972 ᠣᠨ ᠳᠤ ᠰᠢᠷ᠎ᠠ ᠶᠢᠨ ᠭᠣᠣᠯ ᠤᠨ ᠠᠭᠤᠷᠬᠠᠢ ᠳᠤ ᠶᠡᠷᠦᠩᠬᠡᠢ ᠢᠨᠵᠧᠨᠧᠷ᠂ 1972-1976 ᠣᠨ ᠳᠤ ᠲᠦᠯᠡᠰᠢ᠂ ᠡᠷᠴᠢᠮ ᠬᠦᠴᠦᠨ ᠦ ᠦᠢᠯᠡᠳᠪᠦᠷᠢ᠂ ᠭᠧᠣᠯᠣᠭᠢ ᠶᠢᠨ ᠶᠠᠮᠤᠨ ᠤ ᠣᠷᠣᠯᠠᠭᠴᠢ ᠰᠠᠶᠢᠳ᠂ 1976-1985 ᠣᠨ ᠳᠤ ᠲᠦᠯᠡᠰᠢ᠂ ᠡᠷᠴᠢᠮ ᠬᠦᠴᠦᠨ ᠦ ᠶᠠᠮᠤᠨ ᠤ ᠰᠠᠶᠢᠳ᠂ 1985-1987 ᠣᠨ ᠳᠤ ᠭᠠᠳᠠᠭᠠᠳᠤ ᠡᠳ᠋ ᠍ ᠍ ᠍ ᠦᠨ ᠵᠠᠰᠠᠭ ᠤᠨ ᠲᠠᠯ᠎ᠠ ᠪᠠᠷ ᠬᠠᠷᠢᠯᠴᠠᠬᠤ ᠤᠯᠤᠰ ᠤᠨ ᠬᠣᠷᠢᠶᠠᠨ ᠤ ᠳᠠᠷᠤᠭ᠎ᠠ᠂ 1987-1990 ᠣᠨ ᠳᠤ ᠡᠳ᠋ ᠍ ᠍ ᠍ ᠦᠨ ᠵᠠᠰᠠᠭ ᠤᠨ ᠭᠠᠳᠠᠭᠠᠳᠤ ᠬᠠᠷᠢᠯᠴᠠᠭ᠎ᠠ᠂ ᠬᠠᠩᠭᠠᠮᠵᠢ ᠶᠢᠨ ᠶᠠᠮᠤᠨ ᠤ ᠰᠠᠶᠢᠳ᠂ 1990 ᠣᠨ ᠤ 3 ᠳ᠋ᠤᠭᠠᠷ ᠰᠠᠷ᠎ᠠ ᠠᠴᠠ 1990 ᠣᠨ ᠤ 9 ᠳᠦᠭᠡᠷ ᠰᠠᠷ᠎ᠠ ᠬᠦᠷᠲᠡᠯᠡᠬᠢ ᠬᠤᠭᠤᠴᠠᠭᠠᠨ ᠳᠤ ᠪᠦᠭᠦᠳᠡ ᠨᠠᠶᠢᠷᠠᠮᠳᠠᠬᠤ ᠮᠣᠩᠭᠣᠯ ᠠᠷᠠᠳ ᠤᠯᠤᠰ ᠍ ᠍ ᠍ ᠤᠨ ᠠᠷᠠᠳ ᠤᠨ ᠶᠡᠬᠡ ᠬᠤᠷᠠᠯ ᠤᠨ ᠲᠡᠷᠢᠭᠦᠯᠡᠭᠴᠢᠳ ᠦᠨ ᠳᠠᠷᠤᠭ᠎ᠠ᠂ 1990 ᠣᠨ ᠤ 9 ᠳᠦᠭᠡᠷ ᠰᠠᠷ᠎ᠠ ᠠᠴᠠ 1992 ᠣᠨ ᠤ 2 ᠳ᠋ᠤᠭᠠᠷ ᠰᠠᠷ᠎ᠠ ᠬᠦᠷᠲᠡᠯᠡᠬᠢ ᠬᠤᠭᠤᠴᠠᠭᠠᠨ ᠳᠤ ᠪᠦᠭᠦᠳᠡ ᠨᠠᠶᠢᠷᠠᠮᠳᠠᠬᠤ ᠮᠣᠩᠭᠣᠯ ᠠᠷᠠᠳ ᠤᠯᠤᠰ ᠍ ᠍ ᠍ ᠤᠨ ᠶᠡᠷᠦᠩᠬᠡᠶᠢᠯᠡᠭᠴᠢ᠂ ᠮᠣᠩᠭᠣᠯ ᠤᠯᠤᠰ ᠤᠨ ᠦᠨᠳᠦᠰᠦᠨ ᠬᠠᠤᠯᠢ ᠶᠢᠨ ᠬᠠᠪᠰᠤᠷᠤᠯᠲᠠ ᠬᠠᠤᠯᠢ ᠶᠢᠨ 2 ᠍ ᠍ ᠍ ᠳᠦᠭᠡᠷ ᠵᠦᠢᠯ ᠳᠦ ᠵᠢᠭᠠᠭᠰᠠᠨ ᠤ ᠳᠠᠭᠠᠤ 1992 ᠣᠨ ᠤ 2 ᠳ᠋ᠤᠭᠠᠷ ᠰᠠᠷ᠎ᠠ ᠠᠴᠠ 1993 ᠣᠨ ᠳᠤ ᠮᠣᠩᠭᠣᠯ ᠤᠯᠤᠰ ᠤᠨ ᠶᠡᠷᠦᠩᠬᠡᠶᠢᠯᠡᠭᠴᠢ᠂ 1993-1997 ᠣᠨ ᠳᠤ ᠮᠣᠩᠭᠣᠯ ᠤᠯᠤᠰ ᠤᠨ ᠶᠡᠷᠦᠩᠬᠡᠶᠢᠯᠡᠭᠴᠢ᠂ 1997 ᠣᠨ ᠤ 8 ᠳ᠋ᠤᠭᠠᠷ ᠰᠠᠷ᠎ᠠ ᠠᠴᠠ 《ᠸᠴᠢᠷᠪᠠᠲᠤ》 ᠰᠠᠩ ᠤᠨ ᠤᠳᠤᠷᠢᠳᠬᠤ ᠵᠥᠪᠯᠡᠯ ᠦᠨ ᠳᠠᠷᠤᠭ᠎ᠠ᠂ 2000 ᠣᠨ ᠠᠴᠠ ᠮᠣᠩᠭᠣᠯ ᠤᠯᠤᠰ ᠤᠨ ᠰᠢᠨᠵᠢᠯᠡᠬᠦ ᠤᠬᠠᠭᠠᠨ᠂ ᠲᠧᠭᠨᠣᠯᠣᠭᠢ ᠶᠢᠨ ᠶᠡᠬᠡ ᠰᠤᠷᠭᠠᠭᠤᠯᠢ ᠍ ᠍ ᠍ ᠦᠨ 《ᠡᠺᠣᠯᠣᠭᠢ ᠲᠣᠭᠲᠠᠪᠤᠷᠢᠲᠠᠢ ᠬᠥᠭᠵᠢᠯ ᠦᠨ ᠲᠥᠪ》 ᠍ ᠍ ᠍ ᠦᠨ ᠵᠠᠬᠢᠷᠤᠯ ᠢᠶᠠᠷ ᠠᠵᠢᠯᠯᠠᠵᠤ ᠪᠠᠶᠢᠨ᠎ᠠ᠃

ᠫ᠃ᠸᠴᠢᠷᠪᠠᠲᠤ 2005 ᠣᠨ ᠤ 9 ᠳᠦᠭᠡᠷ ᠰᠠᠷ᠎ᠠ ᠶᠢᠨ 28 ᠍ ᠍ ᠍ ᠤ ᠡᠳᠦᠷ ᠮᠣᠩᠭᠣᠯ ᠤᠯᠤᠰ ᠤᠨ ᠦᠨᠳᠦᠰᠦᠨ ᠬᠠᠤᠯᠢ ᠶᠢᠨ ᠴᠡᠴᠡᠡᠶᠢᠨ ᠭᠡᠰᠢᠭᠦᠨ ᠢᠶᠡᠷ ᠲᠣᠮᠢᠯᠠᠭᠳᠠᠨ ᠠᠵᠢᠯᠯᠠᠵᠤ ᠪᠠᠶᠢᠨ᠎ᠠ᠃

ᠪᠠᠷᠢᠮᠲᠠ ᠨᠤᠭᠤᠳ[ᠵᠠᠰᠠᠪᠤᠷᠢᠯᠠᠬᠤ | ᠺᠣᠳ᠋ ᠢᠶᠠᠷ ᠵᠠᠰᠠᠬᠣ]

  • ᠮᠣᠩᠭᠣᠯ ᠤᠯᠤᠰ ᠤᠨ ᠠᠩᠬᠠᠨ ᠤ ᠶᠡᠷᠦᠩᠬᠡᠶᠢᠯᠡᠭᠴᠢ ᠪᠠᠶᠢᠭᠰᠠᠨ ᠫᠦᠩᠰᠠᠯᠮ᠎ᠠ ᠶᠢᠨ ᠸᠴᠢᠷᠪᠠᠲᠤ ᠨᠢ ᠶᠡᠷᠦᠩᠬᠡᠶᠢᠯᠡᠭᠴᠢ ᠪᠠᠶᠢᠬᠤ ᠬᠤᠭᠤᠴᠠᠭᠠᠨ ᠳᠤ ᠪᠠᠨ ᠵᠥᠪᠯᠡᠯᠲᠦ ᠬᠣᠯᠪᠣᠭᠠᠲᠤ ᠤᠯᠤᠰ ᠤᠨ ᠪᠤᠲᠠᠷᠠᠭᠰᠠᠨ ᠤ ᠳᠠᠷᠠᠭ᠎ᠠ ᠲᠡᠭᠦᠨ ᠦ ᠡᠷᠬᠡ ᠶᠢ ᠠᠪᠤᠭᠰᠠᠨ ᠣᠷᠣᠰ ᠤᠨ ᠬᠣᠯᠪᠣᠭᠠᠨ ᠤ ᠤᠯᠤᠰ ᠲᠠᠢ
  1. ᠮᠣᠩᠭᠣᠯ ᠳᠤ ᠪᠠᠶᠢᠷᠢᠯᠠᠵᠤ ᠪᠠᠶᠢᠭᠰᠠᠨ ᠵᠥᠪᠯᠡᠯᠲᠦ ᠶᠢᠨ ᠴᠡᠷᠢᠭ ᠲᠡᠢ ᠬᠣᠯᠪᠣᠭ᠎ᠠ ᠲᠠᠢ ᠶᠠᠮᠠᠷᠪᠠ ᠨᠢᠭᠡ ᠠᠰᠠᠭᠤᠳᠠᠯ ᠢᠶᠠᠷ᠂
  2. ᠵᠥᠪᠯᠡᠯᠲᠦ ᠶᠢᠨ ᠰᠢᠭᠤᠳ ᠤᠳᠤᠷᠢᠳᠤᠯᠭ᠎ᠠ ᠪᠠᠷ ᠮᠣᠩᠭᠣᠯ ᠳᠤ 1930-1940 ᠍ ᠍ ᠍ ᠳᠦ ᠣᠨ ᠳᠤ ᠵᠣᠬᠢᠶᠠᠨ ᠪᠠᠶᠢᠭᠤᠯᠤᠭᠰᠠᠨ ᠶᠡᠬᠡ ᠬᠡᠯᠮᠡᠭᠳᠡᠭᠦᠯᠦᠯᠲᠡ ᠲᠡᠢ ᠬᠣᠯᠪᠣᠭ᠎ᠠ ᠲᠠᠢ ᠠᠰᠠᠭᠤᠳᠠᠯ ᠢᠶᠠᠷ ᠮᠣᠩᠭᠣᠯ ᠤᠨ ᠤᠯᠤᠰ᠂ ᠲᠡᠭᠦᠨ ᠦ ᠤᠳᠤᠷᠢᠳᠤᠯᠭ᠎ᠠ ᠶᠠᠮᠠᠷ ᠨᠢᠭᠡ ᠭᠣᠮᠣᠳᠠᠯ᠂ ᠨᠡᠬᠡᠮᠵᠢᠯᠡᠯ ᠪᠣᠯᠤᠨ ᠪᠤᠰᠤᠳ ᠠᠰᠠᠭᠤᠳᠠᠯ ᠭᠠᠷᠭᠠᠬᠤ ᠦᠭᠡᠢ ᠪᠣᠯᠬᠤ ᠶᠢ ᠪᠠᠲᠤᠯᠠᠵᠤ ᠬᠡᠯᠡᠴᠡᠯ ᠪᠠᠶᠢᠭᠤᠯᠤᠨ ᠭᠠᠷ ᠤᠨ ᠦᠰᠦᠭ ᠵᠢᠷᠤᠵᠤ᠂ ᠪᠠᠲᠤᠯᠠᠭᠠᠵᠢᠭᠤᠯᠤᠭᠰᠠᠨ ᠪᠠᠶᠢᠨ᠎ᠠ᠃
  • ᠮᠣᠩᠭᠣᠯ ᠤᠯᠤᠰ ᠤᠨ ᠶᠡᠷᠦᠩᠬᠡᠶᠢᠯᠡᠭᠴᠢ ᠫ᠃ᠸᠴᠢᠷᠪᠠᠲᠤ᠂ ᠶᠡᠷᠦᠩᠬᠡᠢ ᠰᠠᠶᠢᠳ ᠫ᠃ᠵᠠᠰᠠᠷᠠᠢ ᠨᠠᠷ ᠤᠨ ᠵᠥᠪᠰᠢᠶᠡᠷᠡᠯ ᠢᠶᠡᠷ 1995 ᠣᠨ ᠳᠤ ᠮᠣᠩᠭᠣᠯ ᠤᠯᠤᠰ ᠤᠨ ᠭᠠᠵᠠᠷ ᠨᠤᠲᠤᠭ ᠢ ᠠᠶᠤᠪᠧᠺᠰ ᠭᠡᠳᠡᠭ ᠭᠷᠦᠶᠢᠫ ᠲᠦ 90 ᠵᠢᠯ ᠦᠨ ᠬᠤᠭᠤᠴᠠᠭ᠎ᠠ ᠲᠠᠢ ᠺᠣᠨᠼᠧᠰ ᠢᠶᠡᠷ ᠣᠯᠭᠣᠬᠤ ᠮᠥᠨ ᠮᠣᠯᠣᠮ᠎ᠠ ᠭᠷᠦᠶᠢᠫ ᠲᠦ ᠮᠣᠩᠭᠣᠯ ᠤᠯᠤᠰ ᠤᠨ ᠠᠭᠠᠷ ᠤᠨ ᠣᠷᠣᠨ ᠵᠠᠢ᠂ ᠭᠠᠳᠠᠭᠠᠳᠤ ᠬᠤᠳᠠᠯᠳᠤᠭᠠᠨ ᠤ ᠡᠷᠬᠡ ᠶᠢ 60 ᠵᠢᠯ ᠦᠨ ᠬᠤᠭᠤᠴᠠᠭ᠎ᠠ ᠲᠠᠢ ᠣᠯᠭᠣᠬᠤ ᠲᠤᠬᠠᠢ ᠭᠡᠷ᠎ᠡ ᠨᠦᠭᠦᠳ ᠢ ᠪᠠᠶᠢᠭᠤᠯᠵᠤ ᠪᠠᠶᠢᠭᠰᠠᠨ ᠨᠢ ᠮᠡᠳᠡᠭᠳᠡᠨ ᠱᠤᠤᠭᠢᠶᠠᠨ ᠲᠠᠷᠠᠨ ᠴᠤᠴᠠᠯᠠᠭᠳᠠᠵᠤ ᠪᠠᠶᠢᠴᠠᠢ᠃
ᠡᠮᠦᠨᠡᠬᠢ
ᠪᠠᠶᠢᠬᠤ ᠦᠭᠡᠢ
ᠮᠣᠩᠭᠣᠯ ᠤᠯᠤᠰ ᠤᠨ ᠶᠡᠷᠦᠩᠬᠡᠶᠢᠯᠡᠭᠴᠢ
{{{on}}}
ᠳᠠᠷᠠᠭᠠᠬᠢ
ᠨᠠᠴᠤᠭ ᠤᠨ ᠪᠠᠭᠠᠪᠠᠨᠳᠢ

ᠪᠢᠴᠢᠭᠡᠰᠦ