ᠫᠧᠯᠵᠢᠳ ᠦᠨ ᠭᠡᠨᠳᠡᠩ

ᠴᠢᠯᠦᠭᠡᠲᠦ ᠨᠡᠪᠲᠡᠷᠬᠡᠢ ᠲᠣᠯᠢ — ᠸᠢᠺᠢᠫᠧᠳᠢᠶ᠎ᠠ ᠠᠴᠠ
ᠬᠠᠷᠠᠶᠢᠬᠤ: ᠤᠳᠤᠷᠢᠳᠬᠤ, ᠬᠠᠶᠢᠯᠲᠠ
ᠫᠧᠯᠵᠢᠳ ᠦᠨ ᠭᠡᠨᠳᠡᠩ

ᠫᠧᠯᠵᠢᠳ ᠦᠨ ᠭᠡᠨᠳᠡᠩ (1895 - 1937 ᠣᠨ ᠤ 11 ᠰᠠᠷ᠎ᠠ ᠶᠢᠨ 26) ᠨᠢ ᠮᠣᠩᠭᠣᠯ ᠤᠨ ᠤᠯᠤᠰ ᠲᠥᠷᠥ ᠶᠢᠨ ᠵᠢᠳᠬᠦᠯᠲᠡᠨ᠂ ᠮᠣᠩᠭᠣᠯ ᠤᠯᠤᠰ ᠍ ᠤᠨ ᠶᠢᠰᠦ ᠳ᠋ᠡᠬᠢ ᠶᠡᠷᠦᠩᠬᠡᠢ ᠰᠠᠶᠢᠳ ᠪᠠᠶᠢᠪᠠ᠃

ᠨᠠᠮᠲᠠᠷ[ᠵᠠᠰᠠᠪᠤᠷᠢᠯᠠᠬᠤ | ᠺᠣᠳ᠋ ᠢᠶᠠᠷ ᠵᠠᠰᠠᠬᠣ]

ᠫᠧᠯᠵᠢᠳ ᠦᠨ ᠭᠡᠨᠳᠡᠩ ᠨᠢ 1895 ᠣᠨ ᠳᠤ ᠬᠠᠭᠤᠴᠢᠨ ᠢᠶᠠᠷ ᠰᠠᠶᠢᠨ ᠨᠣᠶᠠᠨ ᠬᠠᠨ ᠠᠶᠢᠮᠠᠭ ᠤᠨ ᠦᠢᠵᠡᠨ ᠸᠠᠩ ᠤᠨ ᠬᠣᠰᠢᠭᠤ ᠪᠤᠶᠤ ᠣᠳᠣ ᠶᠢᠨ ᠥᠪᠦᠷᠬᠠᠩᠭᠠᠢ ᠠᠶᠢᠮᠠᠭ ᠤᠨ ᠲᠠᠷᠠᠭ ᠲᠤ ᠰᠤᠮᠤᠠᠨᠳᠠ ᠲᠥᠷᠦᠵᠢᠭᠡ᠃ ᠪᠠᠭ᠎ᠠ ᠳᠤ ᠪᠠᠨ ᠪᠤᠰᠤᠳ ᠤᠨ ᠯᠠ ᠠᠳᠠᠯᠢ ᠠᠳᠤᠭᠤ ᠮᠠᠯ ᠬᠠᠷᠢᠭᠤᠯᠵᠤ ᠥᠰᠦᠭᠰᠡᠨ ᠪᠠᠶᠢᠨ᠎ᠠ᠃

1922 ᠣᠨ ᠳᠤ ᠨᠤᠲᠤᠭ ᠲᠤ ᠨᠢ ᠡᠪᠯᠡᠯ ᠦᠨ ᠡᠭᠦᠷ ᠠᠩᠬ᠎ᠠ ᠪᠠᠶᠢᠭᠤᠯᠤᠭᠳᠠᠬᠤ ᠳᠤ ᠭᠡᠰᠢᠭᠦᠨ ᠢᠶᠡᠷ ᠡᠯᠡᠰᠦᠴᠢ 1924 ᠣᠨ ᠬᠦᠷᠲᠡᠯ᠎ᠡ ᠬᠣᠰᠢᠭᠤᠨ ᠤ ᠡᠪᠯᠡᠯ ᠦᠨ ᠡᠭᠦᠷ ᠦᠨ ᠳᠠᠷᠤᠭ᠎ᠠ ᠪᠠᠷ ᠠᠵᠢᠯᠯᠠᠵᠤ ᠪᠠᠶᠢᠭᠠᠳ 1923 ᠣᠨ ᠳᠤ ᠮᠣᠩᠭᠣᠯ ᠠᠷᠠᠳ ᠤᠨ ᠬᠤᠪᠢᠰᠬᠠᠯᠲᠤ ᠨᠠᠮ ᠍ ᠳᠦ ᠭᠡᠰᠢᠭᠦᠨ ᠢᠶᠡᠷ ᠡᠯᠰᠡᠭᠰᠡᠨ ᠪᠠᠶᠢᠨ᠎ᠠ᠃ ᠤᠯᠠᠮ ᠢᠶᠠᠷ ᠬᠣᠰᠢᠭᠤᠨ ᠤ 1924 ᠣᠨ ᠤ ᠠᠷᠠᠳ ᠤᠨ ᠶᠡᠬᠡ ᠬᠤᠷᠠᠯ ᠳᠤ ᠰᠣᠩᠭᠣᠭᠳᠠᠵᠤ ᠠᠩᠬᠠᠨ ᠤ ᠦᠨᠳᠦᠰᠦᠨ ᠬᠠᠭᠤᠯᠡᠶᠢᠭ ᠪᠠᠲᠤᠯᠠᠯᠴᠠᠵᠤ ᠶᠠᠪᠤᠵᠠᠢ᠃ ᠲᠡᠷᠡ ᠪᠡᠷ ᠡᠨᠡ ᠶᠡᠬᠡ ᠬᠤᠷᠠᠯ ᠳᠤ ᠮᠠᠰᠢ ᠢᠳᠡᠪᠬᠢ ᠲᠡᠢ ᠣᠷᠣᠯᠴᠠᠵᠤ ᠬᠠᠮᠤᠭ ᠤᠨ ᠣᠯᠠᠨ ᠤᠳᠠᠭ᠎ᠠ ᠠᠰᠠᠭᠤᠯᠲᠠ ᠠᠰᠠᠭᠤᠭᠰᠠᠨ ᠪᠠᠶᠢᠳᠠᠭ᠃ ᠲᠤᠰ ᠬᠤᠷᠠᠯ ᠠᠴᠠ ᠤᠯᠤᠰ ᠤᠨ ᠪᠠᠭ᠎ᠠ ᠬᠤᠷᠠᠯ ᠤᠨ ᠭᠡᠰᠢᠭᠦᠳ ᠢ ᠰᠣᠩᠭᠣᠵᠤ᠂ ᠳᠠᠷᠤᠭ᠎ᠠ ᠶᠢ ᠨᠢ ᠲᠤᠮᠢᠯᠠᠬᠤ ᠪᠣᠯᠬᠤ ᠳᠤ ᠲᠤᠬᠠᠢ ᠶᠢᠨ ᠦᠶ᠎ᠡ ᠳᠦ ᠠᠷᠠᠳ ᠤᠨ ᠶᠡᠬᠡ ᠬᠤᠷᠠᠯ ᠢ ᠤᠳᠤᠷᠢᠳᠥᠵᠤ ᠪᠠᠶᠢᠭᠰᠠᠨ ᠬᠢᠴᠢᠶᠡᠩᠭᠦᠢ ᠰᠠᠶᠢᠳ ᠬᠡᠮᠡᠬᠦ ᠪᠠᠯᠢᠩ ᠤᠨ ᠰᠡᠷᠡᠩᠳᠣᠷᠵᠢ ᠲᠡᠭᠦᠨ ᠢ ᠰᠠᠨᠠᠯ ᠪᠣᠯᠭᠠᠭᠰᠠᠨ ᠢᠶᠠᠷ ᠫ᠃ᠭᠡᠨᠳᠡᠩ ᠤᠯᠤᠰ ᠤᠨ ᠪᠠᠭ᠎ᠠ ᠬᠤᠷᠠᠯ ᠤᠨ ᠲᠡᠷᠢᠭᠦᠯᠡᠭᠴᠢᠳ ᠦᠨ ᠳᠠᠷᠤᠭ᠎ᠠ ᠪᠠᠷ ᠲᠣᠮᠢᠯᠠᠭᠳᠠᠵᠤ 1928 ᠣᠨ ᠬᠦᠷᠲᠡᠯ᠎ᠡ ᠠᠵᠢᠯᠯᠠᠵᠠᠢ᠃

1928 ᠣᠨ ᠠᠴᠠ ᠮᠣᠩᠭᠣᠯ ᠠᠷᠠᠳ ᠤᠨ ᠬᠤᠪᠢᠰᠬᠠᠯᠲᠤ ᠨᠠᠮ ᠤᠨ ᠲᠥᠪ ᠬᠣᠷᠢᠶᠠᠨ ᠤ ᠶᠡᠷᠦᠩᠬᠡᠢ ᠨᠠᠷᠢᠨ ᠪᠢᠴᠢᠭ ᠦᠨ ᠳᠠᠷᠤᠭ᠎ᠠ ᠪᠠᠷ ᠠᠵᠢᠯᠯᠠᠵᠤ ᠪᠠᠶᠢᠭᠠᠳ 1932 ᠣᠨ ᠠᠴᠠ ᠮᠣᠩᠭᠣᠯ ᠤᠯᠤᠰ ᠤᠨ ᠶᠡᠷᠦᠩᠬᠡᠢ ᠰᠠᠶᠢᠳ ᠢᠶᠠᠷ ᠲᠣᠮᠢᠯᠠᠭᠳᠠᠭᠰᠠᠨ᠃

1936 ᠣᠨ ᠳᠤ ᠪᠦᠬᠦ ᠠᠯᠪᠠᠨ ᠲᠤᠰᠢᠶᠠᠯ ᠠᠴᠠ ᠪᠠᠨ ᠣᠭᠴᠠᠷᠴᠥ ᠵᠥᠪᠯᠡᠯᠲᠦ ᠬᠣᠯᠪᠣᠭᠠᠲᠤ ᠤᠯᠤᠰᠠᠳᠠ ᠠᠮᠤᠷᠠᠬᠤ ᠪᠠᠷ ᠶᠠᠪᠤᠭᠠᠳ 1937 ᠣᠨ ᠤ 7 ᠰᠠᠷ᠎ᠠ ᠶᠢᠨ 10 ᠍ ᠳᠦ ᠡᠬᠡ ᠣᠷᠣᠨ ᠠᠴᠠ ᠪᠠᠨ ᠤᠷᠪᠠᠭᠰᠠᠨ ᠬᠡᠮᠡᠬᠦ ᠬᠢᠯᠢᠰ ᠬᠡᠷᠡᠭ ᠲᠦ ᠶᠠᠯ᠎ᠠ ᠲᠤᠯᠭᠠᠭᠳᠠᠨ ᠪᠠᠷᠢᠪᠴᠢᠯᠠᠭᠳᠠᠵᠤ᠂ 1937 ᠣᠨ ᠤ 11 ᠰᠠᠷ᠎ᠠ ᠶᠢᠨ 26 ᠨ ᠤ ᠡᠳᠦᠷ ᠵᠥᠪᠯᠡᠯᠲᠦ ᠬᠣᠯᠪᠣᠭᠠᠲᠤ ᠤᠯᠤᠰ ᠳᠦ ᠴᠠᠭᠠᠵᠠᠯᠠᠭᠳᠠᠵᠠᠢ᠃

1962 ᠣᠨ ᠳᠤ ᠫ᠃ᠭᠡᠨᠳᠡᠩ ᠦᠨ ᠨᠡᠷ᠎ᠡ ᠲᠥᠷᠥ ᠶᠢ ᠴᠠᠭᠠᠳᠬᠠᠭᠰᠠᠨ ᠬᠡᠳᠦᠢ 1990 ᠣᠨ ᠬᠦᠷᠲᠡᠯ᠎ᠡ ᠲᠡᠭᠦᠨ ᠦ ᠨᠡᠷ᠎ᠡ ᠶᠢ ᠬᠡᠪᠯᠡᠯ ᠮᠡᠳᠡᠭᠡᠯᠡᠯ ᠢᠶᠡᠷ ᠳᠤᠷᠠᠳᠬᠤ ᠶᠢ ᠬᠣᠷᠢᠵᠤ ᠪᠠᠶᠢᠭᠰᠠᠨ ᠪᠠᠶᠢᠨ᠎ᠠ᠃ 1956 ᠣᠨ ᠳᠤ ᠵᠥᠪᠯᠡᠯᠲᠦ ᠬᠣᠯᠪᠣᠭᠠᠲᠤ ᠤᠯᠤᠰ ᠤᠨ ᠳᠡᠭᠡᠳᠦ ᠰᠢᠭᠦᠬᠦ ᠫ᠃ᠭᠡᠨᠳᠡᠩ ᠢ ᠴᠠᠭᠠᠳᠬᠠᠭᠰᠠᠨ᠃ 1993 ᠣᠨ ᠳᠤ ᠲᠡᠭᠦᠨ ᠦ ᠥᠬᠢᠨ ᠰᠡᠷᠡᠩᠳᠤᠯᠮ᠎ᠠ ᠠᠮᠢᠳᠤᠷᠠᠵᠤ ᠪᠠᠶᠢᠭᠰᠠᠨ ᠪᠠᠶᠢᠰᠢᠩ ᠳᠤ ᠨᠢ ᠤᠯᠤᠰ ᠲᠥᠷᠥ ᠶᠢᠨ ᠬᠢᠯᠢᠰ ᠬᠡᠷᠡᠭ ᠲᠦ ᠬᠡᠯᠮᠡᠭᠳᠡᠭᠰᠡᠳ ᠦᠨ ᠳᠤᠷᠠᠰᠬᠠᠯ ᠤᠨ ᠮᠦᠽᠧᠢ ᠶᠢ ᠨ ᠡᠴᠡᠢ᠃


ᠡᠮᠦᠨᠡᠬᠢ
ᠴᠡᠩᠭᠡᠯᠲᠦ ᠶᠢᠨ ᠵᠢᠭᠵᠢᠳᠠᠵᠠᠪ
ᠮᠣᠩᠭᠣᠯ ᠤᠯᠤᠰ ᠤᠨ ᠶᠡᠷᠦᠩᠬᠡᠢ ᠰᠠᠶᠢᠳ
{{{on}}}
ᠳᠠᠷᠠᠭᠠᠬᠢ
ᠠᠨᠠᠨᠳ ᠤᠨ ᠠᠮᠤᠷ
ᠡᠮᠦᠨᠡᠬᠢ
[[]]
ᠤᠯᠤᠰ ᠤᠨ ᠪᠠᠭ᠎ᠠ ᠬᠤᠷᠠᠯ ᠤᠨ ᠲᠡᠷᠢᠭᠦᠯᠡᠭᠴᠢᠳ ᠦᠨ ᠳᠠᠷᠤᠭ᠎ᠠ
{{{on}}}
ᠳᠠᠷᠠᠭᠠᠬᠢ
ᠵᠠᠮᠴᠠᠩ ᠤᠨ ᠳᠠᠮᠳᠢᠨᠰᠦ᠋ᠷᠦᠩ

ᠪᠢᠴᠢᠭᠡᠰᠦ