ᠬᠠᠩᠬᠤ ᠰᠤᠮᠤ

ᠴᠢᠯᠦᠭᠡᠲᠦ ᠨᠡᠪᠲᠡᠷᠬᠡᠢ ᠲᠣᠯᠢ — ᠸᠢᠺᠢᠫᠧᠳᠢᠶ᠎ᠠ ᠠᠴᠠ
ᠬᠠᠷᠠᠶᠢᠬᠤ: ᠤᠳᠤᠷᠢᠳᠬᠤ, ᠬᠠᠶᠢᠯᠲᠠ
ᠮᠣᠩᠭᠣᠯ ᠮᠣᠩᠭᠣᠯ ᠤᠯᠤᠰ ᠤᠨ
Mn coa khuvsgul aymag.png ᠬᠥᠪᠰᠥᠭᠥᠯ ᠠᠶᠢᠮᠠᠭ ᠤᠨ
ᠬᠠᠩᠬᠤ ᠰᠤᠮᠤ
ᠬᠥᠪᠰᠥᠭᠥᠯ ᠨᠠᠭᠤᠷ ᠤᠨ ᠲᠤᠷ᠎ᠠ ᠳᠤ ᠪᠣᠭᠣᠮᠲᠠ
ᠤᠯᠠᠪᠢᠷ ᠰᠢᠷ᠎ᠠ ᠨᠢ ᠮᠥᠷᠡᠨ᠂ ᠶᠠᠭᠠᠨ ᠨᠢ ᠬᠠᠩᠬᠤ
5,500 ᠺᠦᠸᠠᠳ᠋ ᠺᠢᠯᠣᠮᠧᠲ᠋ᠷ ᠭᠠᠵᠠᠷ ᠨᠤᠲᠤᠭ ᠲᠠᠢ
2,140 ᠬᠦᠮᠦᠨ ᠣᠷᠣᠰᠢᠨ ᠰᠠᠭᠤᠳᠠᠭ
26,000 ᠲᠣᠯᠣᠭᠠᠢ ᠮᠠᠯ ᠲᠠᠢ
ᠳᠣᠲᠣᠷ᠎ᠠ ᠪᠠᠨ ᠲᠤᠷᠤᠭ᠂ ᠬᠣᠷᠢᠶ᠎ᠠ᠂ ᠲᠤᠷ᠎ᠠ ᠳᠤ ᠭᠡᠬᠦ ᠭᠤᠷᠪᠠᠨ ᠪᠠᠭ ᠲᠠᠢ᠃
1931 ᠣᠨ ᠳᠤ ᠡᠭᠦᠰᠦᠨ ᠪᠠᠶᠢᠭᠤᠯᠤᠭᠳᠠᠭᠰᠠᠨ
1959 ᠣᠨ ᠳᠤ ᠡᠷᠭᠢᠨ ᠪᠠᠶᠢᠭᠤᠯᠤᠭᠳᠠᠭᠰᠠᠨ
1994 ᠣᠨ ᠳᠤ ᠠᠬᠢᠨ ᠪᠠᠶᠢᠭᠤᠯᠤᠭᠳᠠᠭᠰᠠᠨ
ᠡᠷᠭᠢᠨ ᠲᠣᠭᠣᠷᠢᠨ ᠳᠤ ᠪᠠᠨ ᠴᠠᠭᠠᠨ-ᠡᠭᠦᠷᠴᠢᠨᠳᠠᠮᠠᠨᠢ-ᠥᠨᠳᠥᠷᠷᠢᠨᠴᠢᠩᠯᠬᠦᠮᠪᠦ ᠭᠤᠷᠪᠠᠨ ᠰᠤᠮᠤ᠂ ᠬᠥᠪᠰᠥᠭᠥᠯ ᠨᠠᠭᠤᠷ ᠍ ᠍ ᠤᠨ ᠤᠰᠤ᠂ ᠣᠷᠣᠰ ᠬᠣᠯᠪᠣᠭᠠᠨ ᠤ ᠤᠯᠤᠰ ᠤᠨ БНБурУ ᠍ ᠍ ᠤᠨ ᠲᠦᠩᠬᠡᠨ ᠠᠶᠢᠮᠠᠭ ᠢᠶᠠᠷ ᠬᠦᠷᠢᠶᠡᠯᠡᠭᠳᠡᠨ᠎ᠡ᠃

ᠬᠠᠩᠬᠤ ᠰᠤᠮᠤ ᠨᠢ ᠬᠥᠪᠰᠥᠭᠥᠯ ᠠᠶᠢᠮᠠᠭ ᠤᠨ ᠰᠤᠮᠤ ᠶᠤᠮ᠃ ᠨᠡᠶᠢᠲᠡ 5,500 ᠺᠦᠸᠠᠳ᠋ ᠺᠢᠯᠣᠮᠧᠲ᠋ᠷ ᠭᠠᠵᠠᠷ ᠨᠤᠲᠤᠭ ᠲᠠᠢ[1]᠃ 2000 ᠣᠨ ᠤ ᠪᠠᠶᠢᠳᠠᠯ ᠢᠶᠠᠷ 2140 ᠣᠷᠣᠰᠢᠨ ᠰᠠᠭᠤᠭᠴᠢ ᠲᠠᠢ ᠪᠠᠶᠢᠪᠠ᠃ ᠰᠤᠮᠤ ᠶᠢᠨ ᠲᠥᠪ ᠲᠤᠷ᠎ᠠ ᠳᠤ ᠨᠢ ᠬᠥᠪᠰᠥᠭᠥᠯ ᠨᠠᠭᠤᠷ ᠍ ᠍ ᠤᠨ ᠬᠥᠪᠡᠭᠡᠨ ᠳᠤ᠂ ᠠᠶᠢᠮᠠᠭ ᠤᠨ ᠲᠥᠪ ᠮᠥᠷᠡᠨ ᠶᠢ ᠡᠴᠡ ᠬᠣᠶᠢᠰᠢ 280 ᠺᠢᠯᠣᠮᠧᠲ᠋ᠷ᠂ ᠨᠡᠶᠢᠰᠯᠡᠯ ᠤᠯᠠᠭᠠᠨᠪᠠᠭᠠᠲᠤᠷᠠ ᠠᠴᠠ 1020 ᠺᠢᠯᠣᠮᠧᠲ᠋ᠷ᠂ ᠣᠷᠣᠰᠲᠣᠢ ᠬᠢᠯᠢᠯᠡᠬᠦ ᠬᠠᠩᠬᠤ-ᠮᠣᠨᠳᠢ ᠶᠢᠨ ᠬᠢᠯᠢ ᠶᠢᠨ ᠪᠣᠭᠣᠮᠲᠠ ᠠᠴᠠ 22 ᠺᠢᠯᠣᠮᠧᠲ᠋ᠷ ᠵᠠᠢ ᠳᠤ ᠣᠷᠣᠰᠢᠨ᠎ᠠ᠃ ᠬᠥᠪᠰᠥᠭᠥᠯ ᠠᠶᠢᠮᠠᠭ ᠤᠨ ᠬᠠᠮᠤᠭ ᠤᠨ ᠥᠨᠳᠥᠷ ᠴᠡᠭ ᠮᠥᠩᠬᠡ ᠰᠠᠷᠢᠳᠠᠭ ᠲᠤᠰ ᠰᠤᠮᠤ ᠶᠢᠨ ᠨᠤᠲᠤᠭ ᠲᠤ᠂ ᠣᠷᠣᠰ ᠤᠨ ᠬᠢᠯᠢ ᠶᠢᠨ ᠣᠷᠴᠢᠮ ᠳᠤ ᠪᠤᠢ᠃

ᠲᠡᠦᠬᠡ[ᠵᠠᠰᠠᠪᠤᠷᠢᠯᠠᠬᠤ | ᠺᠣᠳ᠋ ᠢᠶᠠᠷ ᠵᠠᠰᠠᠬᠣ]

1931 ᠣᠨ ᠳᠤ ᠬᠥᠪᠰᠥᠭᠥᠯ ᠠᠶᠢᠮᠠᠭ ᠲᠠᠢ ᠬᠠᠮᠲᠤ ᠪᠠᠶᠢᠭᠤᠯᠤᠭᠳᠠᠭᠰᠠᠨ᠃ 1933 ᠣᠨ ᠳᠤ 346 ᠡᠷᠦᠬᠡ ᠶᠢᠨ 1,000 ᠣᠷᠴᠢᠮ ᠬᠦᠮᠦᠨ᠂ 13,200 ᠣᠷᠴᠢᠮ ᠲᠣᠯᠣᠭᠠᠢ ᠮᠠᠯ ᠲᠣᠭᠠᠯᠠᠭᠳᠠᠵᠠᠢ᠃ 1955 ᠣᠨ ᠳᠤ ᠰᠤᠮᠤ ᠶᠢ ᠲᠠᠲᠠᠨ ᠪᠠᠭᠤᠯᠭᠠᠵᠤ᠂ ᠵᠠᠷᠢᠮ ᠬᠡᠰᠡᠭ ᠢ ᠨᠢ ᠴᠢᠨᠳᠠᠮᠠᠨᠢ-ᠥᠨᠳᠥᠷ ᠰᠤᠮᠤᠠᠨᠳᠠ ᠨᠢᠭᠡᠳᠬᠡᠭᠰᠡᠨ ᠪᠣᠯ ᠦᠯᠦ ᠳᠦ ᠬᠢ ᠬᠡᠰᠡᠭ ᠨᠢ ᠲᠤᠷ᠎ᠠ ᠳᠤ ᠬᠣᠷᠢᠶ᠎ᠠ ᠨᠡᠷ᠎ᠡ ᠲᠡᠢ ᠪᠡᠷ ᠵᠣᠬᠢᠶᠠᠨ ᠪᠠᠶᠢᠭᠤᠯᠤᠭᠳᠠᠵᠠᠢ᠃ 1959 ᠣᠨ ᠳᠤ ᠰᠤᠮᠤ ᠶᠢ ᠰᠡᠷᠭᠦᠭᠡᠨ ᠪᠠᠶᠢᠭᠤᠯᠤᠭᠰᠠᠨ ᠴᠤ 1978 ᠣᠨ ᠳᠤ ᠳᠠᠬᠢᠨ ᠲᠠᠲᠠᠨ ᠪᠠᠭᠤᠯᠭᠠᠵᠤ᠂ ᠡᠨᠡ ᠤᠳᠠᠭ᠎ᠠ ᠷᠢᠨᠴᠢᠩᠯᠬᠦᠮᠪᠦ ᠰᠤᠮᠤᠲᠠᠢ ᠨᠢᠭᠡᠳᠬᠡᠭᠰᠡᠨ ᠪᠠᠶᠢᠨ᠎ᠠ᠃ 1994 ᠣᠨ ᠳᠤ ᠲᠤᠰ ᠰᠤᠮᠤ ᠶᠢ ᠳᠠᠬᠢᠨ ᠪᠠᠶᠢᠭᠤᠯᠤᠭᠰᠠᠨ᠃ 1956 - 1990 ᠣᠨ ᠳᠤ ᠲᠤᠰ ᠰᠤᠮᠤᠨ ᠳᠤ 《ᠬᠥᠪᠰᠥᠭᠥᠯ ᠳᠣᠯᠭᠢᠶ᠎ᠠ》 ᠨᠢᠭᠡᠳᠦᠯ ᠠᠵᠢᠯᠯᠠᠵᠤ ᠪᠠᠶᠢᠪᠠ᠃

ᠡᠳ᠋ ᠍ ᠍ ᠦᠨ ᠵᠠᠰᠠᠭ[ᠵᠠᠰᠠᠪᠤᠷᠢᠯᠠᠬᠤ | ᠺᠣᠳ᠋ ᠢᠶᠠᠷ ᠵᠠᠰᠠᠬᠣ]

2004 ᠣᠨ ᠳᠤ ᠪᠠᠭᠴᠠᠭ᠎ᠠ ᠪᠠᠷ 26,000 ᠲᠣᠯᠣᠭᠠᠢ ᠮᠠᠯ ᠪᠠᠶᠢᠭᠰᠠᠨ ᠠᠴᠠ ᠬᠣᠨᠢ 6,600, ᠢᠮᠠᠭ᠎ᠠ 7,500, ᠦᠬᠡᠷᠰᠠᠷᠯᠤᠭ 8,900,ᠠᠳᠤᠭᠤ 2,600, ᠲᠡᠮᠡᠭᠡ 6 ᠪᠠᠶᠢᠪᠠ[2]᠃ 2000 ᠣᠨ ᠳᠤ ᠰᠤᠮᠤ ᠶᠢᠨ ᠲᠥᠪ ᠣᠷᠣᠰ ᠬᠣᠯᠪᠣᠭᠠᠨ ᠤ ᠤᠯᠤᠰ ᠤᠨ ᠡᠷᠴᠢᠮ ᠬᠦᠴᠦᠨ ᠦ ᠱᠤᠭᠤᠮ ᠳᠤ ᠬᠣᠯᠪᠣᠭᠳᠠᠵᠠᠢ᠃

ᠨᠣᠮ ᠵᠦᠢ[ᠵᠠᠰᠠᠪᠤᠷᠢᠯᠠᠬᠤ | ᠺᠣᠳ᠋ ᠢᠶᠠᠷ ᠵᠠᠰᠠᠬᠣ]

ᠮ᠃ᠨᠢᠮ᠎ᠠ ᠪᠠᠨ᠂ ᠬᠥᠪᠰᠥᠭᠥᠯ ᠠᠶᠢᠮᠠᠭ ᠤᠨ ᠯᠠᠪᠯᠠᠬᠤ ᠲᠣᠯᠢ, ᠤᠯᠠᠭᠠᠨᠪᠠᠭᠠᠲᠤᠷ 2001, ᠬ᠃156

ᠡᠰᠢᠯᠡᠯ᠂ ᠵᠡᠭᠦᠯᠲᠡ[ᠵᠠᠰᠠᠪᠤᠷᠢᠯᠠᠬᠤ | ᠺᠣᠳ᠋ ᠢᠶᠠᠷ ᠵᠠᠰᠠᠬᠣ]

  1. ᠬᠥᠪᠰᠥᠭᠥᠯ ᠨᠠᠭᠤᠷ ᠍ ᠍ ᠤᠨ ᠬᠡᠰᠡᠭ ᠢ ᠣᠷᠤᠯᠴᠠᠭᠤᠯᠤᠨ ᠲᠣᠭᠠᠴᠠᠭᠰᠠᠨ ᠪᠠᠶᠢᠵᠤ ᠪᠣᠯᠵᠣᠰᠢ ᠦᠭᠡᠢ᠃
  2. ᠰᠲ᠋ᠠᠲ᠋ᠢᠰᠲ᠋ᠢᠭ ᠤᠨ ᠲᠥᠪ ᠭᠠᠵᠠᠷ: 2004 ᠣᠨ ᠤ ᠮᠠᠯ ᠲᠣᠭᠠᠯᠠᠯᠭ᠎ᠠ᠂ ᠬ᠃111

ᠪᠢᠴᠢᠭᠡᠰᠦ