ᠬᠠᠲᠠᠨᠪᠠᠭᠠᠲᠤᠷ ᠮᠠᠭᠰᠤᠷᠵᠠᠪ

ᠴᠢᠯᠦᠭᠡᠲᠦ ᠨᠡᠪᠲᠡᠷᠬᠡᠢ ᠲᠣᠯᠢ — ᠸᠢᠺᠢᠫᠧᠳᠢᠶ᠎ᠠ ᠠᠴᠠ
ᠬᠠᠷᠠᠶᠢᠬᠤ: ᠤᠳᠤᠷᠢᠳᠬᠤ, ᠬᠠᠶᠢᠯᠲᠠ
ᠬᠠᠲᠠᠨᠪᠠᠭᠠᠲᠤᠷ ᠮᠠᠭᠰᠤᠷᠵᠠᠪ

ᠠᠷᠠᠳ ᠤᠨ ᠬᠠᠲᠠᠨᠪᠠᠭᠠᠲᠤᠷ ᠮᠠᠭᠰᠤᠷᠵᠠᠪ ᠪᠤᠶᠤ ᠰᠠᠨᠳᠤᠭᠳᠣᠷᠵᠢ ᠶᠢᠨ ᠮᠠᠭᠰᠤᠷᠵᠠᠪ (1878- 1927.9.3) ᠨᠢ ᠮᠣᠩᠭᠣᠯ ᠍ ᠤᠨ ᠴᠡᠷᠢᠭ ᠦᠨ ᠨᠡᠷᠡᠲᠦ ᠵᠠᠩᠵᠤᠨ᠂ ᠲᠤᠰᠠᠭᠠᠷ ᠲᠣᠭᠲᠠᠨᠢᠯ ᠤᠨ ᠲᠥᠯᠥᠭᠡᠨ ᠤ ᠴᠣᠭᠲᠠᠢ ᠲᠡᠮᠡᠴᠡᠭᠴᠢ ᠪᠦᠭᠡᠳ᠂ 1921 ᠣᠨ ᠤ 2 ᠰᠠᠷ᠎ᠠ ᠶᠢᠨ 15 ᠍ ᠠᠴᠠ 1921 ᠣᠨ ᠤ 3 ᠰᠠᠷ᠎ᠠ ᠬᠦᠷᠲᠡᠯ᠎ᠡ ᠠᠵᠢᠯᠯᠠᠭᠰᠠᠨ ᠶᠡᠷᠦᠩᠬᠡᠢ ᠰᠠᠶᠢᠳ ᠪᠠᠶᠢᠵᠠᠢ᠃

ᠤᠭ ᠭᠠᠷᠤᠯ᠂ ᠪᠠᠭ᠎ᠠ ᠨᠠᠰᠤ[ᠵᠠᠰᠠᠪᠤᠷᠢᠯᠠᠬᠤ | ᠺᠣᠳ᠋ ᠢᠶᠠᠷ ᠵᠠᠰᠠᠬᠣ]

ᠬᠠᠲᠠᠨᠪᠠᠭᠠᠲᠤᠷ ᠰᠠᠨᠳᠤᠭᠳᠣᠷᠵᠢ ᠶᠢᠨ ᠮᠠᠭᠰᠤᠷᠵᠠᠪ ᠨᠢ ᠬᠠᠭᠤᠴᠢᠨ ᠢᠶᠠᠷ ᠮᠤᠩᠭᠤᠯ ᠤᠯᠤᠰ ᠤᠨ ᠰᠠᠶᠢᠨ ᠨᠣᠶᠠᠨ ᠬᠠᠨ ᠠᠶᠢᠮᠠᠭ᠂ ᠣᠳᠣ ᠶᠢᠨ ᠪᠤᠯᠠᠭᠠᠨ ᠠᠶᠢᠮᠠᠭ ᠤᠨ ᠬᠤᠲᠤᠭ-ᠥᠨᠳᠥᠷ ᠰᠤᠮᠤ ᠍ ᠶᠢᠨ ᠨᠤᠲᠤᠭ ᠲᠤ᠂ ᠶᠠᠳᠠᠭᠤ ᠲᠠᠶᠢᠵᠢ ᠰᠠᠨᠳᠤᠭᠳᠣᠷᠵᠢ ᠶᠢᠨ ᠬᠦᠦ ᠪᠣᠯᠤᠨ ᠵᠠᠶᠠᠭᠠᠵᠠᠢ᠃ 11ᠨᠠᠰᠤᠨ ᠳᠤ ᠪᠠᠨ ᠰᠠᠶᠢᠨ ᠨᠣᠶᠠᠨ ᠠᠶᠢᠮᠠᠭ ᠤᠨ ᠬᠣᠰᠢᠭᠤ ᠨᠣᠶᠠᠨ ᠭᠠᠨᠵᠤᠷᠵᠠᠪ ᠭᠦᠩ ᠳᠤ ᠱᠠᠪᠢ ᠣᠷᠣᠵᠤ᠂ ᠦᠰᠦᠭ ᠪᠢᠴᠢᠭ ᠵᠢᠭᠠᠯᠭᠠᠵᠤ᠂ 25 ᠨᠠᠰᠤ ᠬᠦᠷᠲᠡᠯ᠎ᠡ ᠪᠠᠨ ᠱᠠᠪᠢ ᠰᠠᠭᠤᠭᠰᠠᠨ ᠪᠢᠯᠡ᠃ 1905 ᠣᠨ ᠤ 7 ᠰᠠᠷ᠎ᠠ ᠳᠤ ᠢᠵᠠᠭᠤᠷᠲᠠᠨ ᠤ ᠵᠡᠷᠭᠡ ᠵᠠᠯᠭᠠᠨ᠂ ᠮᠠᠭᠰᠤᠷᠵᠠᠪ ᠢ ᠬᠣᠪᠳᠣ ᠳ᠋ᠠᠬᠢ ᠠᠮᠪᠠᠨ ᠶᠠᠮᠤᠨ ᠤ ᠳᠡᠷᠭᠡᠳᠡ ᠬᠤᠭᠤᠴᠠᠭᠠᠯᠠᠨ ᠰᠠᠭᠤᠯᠭᠠᠬᠤ ᠬᠠᠯᠬ᠎ᠠ ᠶᠢᠨ ᠵᠢᠰᠠᠨ ᠳᠤ ᠲᠣᠮᠢᠯᠠᠭᠳᠠᠭᠰᠠᠨ ᠪᠠᠶᠢᠨ᠎ᠠ᠃

1911 ᠣᠨ ᠤ ᠦᠨᠳᠦᠰᠦᠨ ᠦ ᠬᠤᠪᠢᠰᠬᠠᠯ ᠳᠤ[ᠵᠠᠰᠠᠪᠤᠷᠢᠯᠠᠬᠤ | ᠺᠣᠳ᠋ ᠢᠶᠠᠷ ᠵᠠᠰᠠᠬᠣ]

1911 ᠣᠨ ᠳᠤ ᠮᠣᠩᠭᠣᠯ ᠤᠯᠤᠰ ᠲᠤᠰᠠᠭᠠᠷ ᠲᠣᠭᠲᠠᠨᠢᠯ ᠢᠶᠠᠨ ᠵᠠᠷᠯᠠᠭᠰᠠᠨ ᠤ ᠳᠠᠷᠠᠭ᠎ᠠ ᠪᠠᠷ᠂ ᠰᠢᠨ᠎ᠡ ᠪᠠᠶᠢᠭᠤᠯᠤᠭᠳᠠᠭᠰᠠᠨ ᠵᠠᠰᠠᠭ ᠤᠨ ᠭᠠᠵᠠᠷ ᠠᠴᠠ ᠠᠮᠪᠠᠨ ᠢ ᠵᠠᠶᠢᠯᠠᠭᠤᠯᠬᠤ ᠱᠠᠭᠠᠷᠳᠠᠯᠭ᠎ᠠ ᠶᠢ ᠮᠠᠭᠰᠤᠷᠵᠠᠪ ᠠᠮᠪᠠᠨ ᠨᠣᠶᠠᠨ ᠳᠤ ᠳᠠᠮᠵᠢᠭᠤᠯᠤᠭᠰᠠᠨ ᠪᠣᠯᠪᠠᠴᠤ ᠭᠠᠷᠴᠤ ᠶᠠᠪᠤᠬᠤ ᠠᠴᠠ ᠲᠠᠲᠠᠭᠠᠯᠵᠠᠭᠰᠠᠨ ᠪᠠᠶᠢᠨ᠎ᠠ᠃ 1912 ᠣᠨ ᠤ ᠵᠤᠨ᠂ ᠪᠠᠷᠠᠭᠤᠨ ᠬᠢᠵᠠᠭᠠᠷ ᠢ ᠲᠥᠪᠰᠢᠳᠬᠡᠨ ᠲᠣᠭᠲᠠᠭᠠᠬᠤ ᠰᠠᠶᠢᠳ ᠲᠤ᠂ ᠪᠠᠷᠭᠤ ᠶᠢᠨ ᠮᠠᠩᠯᠠᠶᠢᠪᠠᠭᠠᠲᠤᠷ ᠳᠠᠮᠳᠢᠨᠰᠦ᠋ᠷᠦᠩ ᠶᠢᠨ ᠬᠠᠮᠲᠤ ᠪᠠᠷ ᠲᠣᠮᠢᠯᠠᠭᠳᠠᠨ ᠬᠣᠪᠳᠣ ᠶᠢ ᠳᠠᠭᠠᠷᠢᠨ ᠡᠵᠡᠯᠡᠬᠦ ᠠᠵᠢᠯᠯᠠᠭ᠎ᠠ ᠶᠢ ᠰᠢᠭᠤᠳ ᠤᠳᠤᠷᠢᠳᠥᠵᠤ᠂ ᠮᠠᠨᠵᠤ᠂ ᠬᠢᠲᠠᠳ ᠤᠳ ᠢ ᠪᠠᠭᠤᠯᠭᠠᠵᠤ ᠠᠪᠴᠠᠢ᠃ ᠮᠠᠨᠵᠤ ᠠᠴᠠ ᠲᠤᠰᠠᠭᠠᠷᠯᠠᠬᠤ ᠦᠨᠳᠦᠰᠦᠨ ᠦ ᠡᠷᠬᠡ ᠴᠢᠯᠦᠭᠡᠨ ᠦ ᠬᠥᠳᠡᠯᠭᠡᠭᠡᠨ ᠳᠦ ᠬᠣᠪᠳᠣ ᠶᠢ ᠴᠢᠯᠦᠭᠡᠯᠡᠭᠰᠡᠨ ᠭᠠᠷᠮᠠᠭᠠᠢ ᠭᠠᠪᠢᠶ᠎ᠠ ᠶᠢ ᠨᠢ ᠦᠨᠡᠯᠡᠨ ᠪᠣᠭᠳᠠ ᠬᠠᠭᠠᠨᠲᠤ ᠮᠣᠩᠭᠣᠯ ᠤᠯᠤᠰ ᠤᠨ ᠵᠠᠰᠠᠭ ᠤᠨ ᠭᠠᠵᠠᠷ ᠠᠴᠠ ᠮᠠᠭᠰᠤᠷᠵᠠᠪ ᠢ ᠦᠶ᠎ᠡ ᠤᠯᠠᠷᠢᠨ ᠵᠠᠯᠭᠠᠮᠵᠢᠯᠠᠬᠤ ᠬᠠᠲᠠᠨᠪᠠᠭᠠᠲᠤᠷ ᠸᠠᠩ ᠴᠣᠯᠠ ᠪᠠᠷ ᠱᠠᠩᠨᠠᠵᠠᠢ᠃ 1913 ᠣᠨ ᠤ ᠬᠠᠪᠤᠷ ᠳᠤᠮᠳᠠᠳᠤ ᠢᠷᠭᠡᠨ ᠤᠯᠤᠰ ᠤᠨ ᠵᠠᠯᠬᠠᠭᠠᠨ ᠴᠡᠭᠡᠷᠯᠡᠭᠦᠯᠬᠦ ᠴᠡᠷᠢᠭ ᠥᠪᠥᠷ ᠮᠣᠩᠭᠣᠯ ᠳᠤ ᠣᠷᠣᠵᠤ ᠢᠷᠡᠬᠦ ᠳᠦ ᠮᠠᠭᠰᠤᠷᠵᠠᠪ᠂ ᠳᠠᠮᠳᠢᠨᠰᠦ᠋ᠷᠦᠩ ᠨᠠᠷ ᠴᠡᠷᠢᠭ ᠦᠨ ᠬᠦᠴᠦ ᠠᠪᠠᠴᠢᠨ᠂ ᠲᠡᠳᠡᠨᠤᠰ ᠲᠠᠢ ᠲᠤᠯᠤᠯᠳᠤᠵᠤ ᠠᠮᠵᠢᠯᠲᠠ ᠣᠯᠵᠤ ᠪᠠᠶᠢᠭᠰᠠᠨ ᠪᠣᠯᠪᠠᠴᠤ ᠬᠠᠭᠠᠨᠲᠤ ᠣᠷᠣᠰ᠂ ᠳᠤᠮᠳᠠᠳᠤ ᠢᠷᠭᠡᠨ ᠤᠯᠤᠰ ᠪᠤᠯᠤᠨ ᠶᠠᠫᠣᠨ ᠲᠠᠢ ᠡᠪᠳᠡᠷᠡᠯᠴᠡᠬᠦ ᠡᠴᠡ ᠪᠣᠯᠭᠣᠮᠵᠢᠯᠠᠨ ᠣᠷᠣᠯᠴᠠᠭᠰᠠᠨ ᠲᠤᠯᠠ ᠴᠷᠢᠭ ᠶᠢᠡᠨ ᠡᠷᠭᠢᠭᠦᠯᠦᠨ ᠲᠠᠲᠠᠵᠠᠢ᠃ ᠡᠭᠦᠨ ᠦ ᠳᠠᠷᠠᠭ᠎ᠠ ᠪᠠᠷ ᠵᠡᠭᠦᠨ ᠬᠢᠵᠠᠭᠠᠷ ᠲᠤ ᠪᠠᠪᠤᠵᠠᠪ ᠤᠨ ᠳᠣᠪᠲᠣᠯᠭ᠎ᠠ ᠶᠢ ᠳᠠᠷᠤᠬᠤ᠂ 1918 ᠣᠨ ᠳᠤ ᠬᠢᠯᠢ ᠨᠡᠪᠲᠡᠷᠡᠨ ᠣᠷᠣᠵᠤ ᠢᠷᠡᠭᠰᠡᠨ ᠣᠷᠣᠰ ᠤᠨ ᠴᠠᠭᠠᠨ ᠴᠡᠷᠢᠭ ᠦᠳ ᠢ ᠵᠣᠭᠰᠣᠬᠤ ᠵᠡᠷᠭᠡ ᠴᠡᠷᠢᠭ ᠳᠠᠶᠢᠨ ᠤ ᠦᠢᠯᠡ ᠠᠵᠢᠯᠯᠠᠭ᠎ᠠ ᠨᠤᠭᠤᠳ ᠲᠤ ᠣᠷᠣᠯᠴᠠᠵᠤ ᠪᠠᠶᠢᠵᠠᠢ᠃

ᠠᠷᠠᠳ ᠤᠨ ᠬᠤᠪᠢᠰᠬᠠᠯ ᠳᠤ[ᠵᠠᠰᠠᠪᠤᠷᠢᠯᠠᠬᠤ | ᠺᠣᠳ᠋ ᠢᠶᠠᠷ ᠵᠠᠰᠠᠬᠣ]

1919 ᠣᠨ ᠤ ᠨᠠᠮᠤᠷ᠂ ᠳᠤᠮᠳᠠᠳᠤ ᠢᠷᠭᠡᠨ ᠤᠯᠤᠰ ᠤᠨ ᠭᠧᠨᠧᠷᠠᠯ ᠰᠢᠦᠢ ᠱᠸᠦ ᠵᠸᠡᠩ (徐树铮) ᠮᠣᠩᠭᠣᠯ ᠤᠨ ᠡᠷᠬᠡ ᠮᠡᠳᠡᠯ ᠢ ᠦᠭᠡᠶᠢᠰᠬᠡᠭᠰᠡᠨ ᠪᠠ 1920 ᠣᠨ ᠤ ᠳᠤᠮᠳᠠᠴᠢ ᠪᠡᠷ ᠮᠠᠭᠰᠤᠷᠵᠠᠪ ᠢ ᠨᠢᠭᠤᠴᠠ ᠪᠦᠯᠬᠦᠮ ᠦᠨ ᠬᠢᠨ ᠲᠡᠢ ᠬᠡᠯᠬᠢᠶ᠎ᠡ ᠬᠣᠯᠪᠣᠭ᠎ᠠ ᠲᠠᠢ ᠬᠡᠮᠡᠨ ᠰᠡᠵᠢᠭᠯᠡᠵᠦ ᠪᠠᠷᠢᠪᠴᠢᠯᠠᠵᠠᠢ᠃ 1921 ᠣᠨ ᠤ 2 ᠍ ᠳᠦᠭᠠᠷ ᠰᠠᠷ᠎ᠠ ᠳᠤ ᠪᠠᠷᠠᠨ ᠤᠩᠭᠧᠷᠨ ᠶᠡᠬᠡ ᠬᠦᠷᠢᠶ᠎ᠡ ᠶᠢ ᠡᠵᠡᠯᠡᠨ ᠠᠪᠬᠤ ᠳᠤ ᠰᠤᠯᠠᠯᠠᠭᠳᠠᠨ ᠴᠠᠭᠠᠨᠲᠠᠨ ᠳᠤ ᠨᠡᠶᠢᠯᠡᠵᠦ ᠤᠩᠭᠧᠷᠠᠨ ᠤ ᠰᠡᠷᠭᠦᠭᠡᠨ ᠲᠣᠭᠲᠠᠭᠠᠭᠰᠠᠨ ᠪᠣᠭᠳᠠ ᠬᠠᠭᠠᠨ ᠤ ᠵᠠᠰᠠᠭ ᠲᠤ ᠶᠡᠷᠦᠩᠬᠡᠢ ᠰᠠᠶᠢᠳ ᠤᠨ ᠡᠭᠦᠷᠭᠡ ᠶᠢ ᠪᠣᠭᠣᠨᠢ ᠬᠤᠭᠤᠴᠠᠭᠠᠨ ᠳᠤ ᠭᠦᠢᠴᠡᠳᠭᠡᠵᠡᠢ᠃ ᠲᠡᠭᠦᠨ ᠢ ᠪᠠᠷᠠᠭᠤᠨ ᠠᠶᠢᠮᠠᠭ ᠤᠳ ᠢ ᠲᠦᠪᠬᠢᠨᠠᠭᠤᠯᠬᠤ ᠪᠠᠷ ᠢᠯᠡᠭᠡᠭᠰᠡᠨ ᠪᠣᠯᠪᠠᠴᠤ᠂ 1921 ᠣᠨ ᠤ 7 ᠰᠠᠷ᠎ᠠ ᠶᠢᠨ ᠳᠤᠮᠳᠠᠴᠢ ᠪᠡᠷ ᠮᠣᠩᠭᠣᠯ ᠠᠷᠠᠳ ᠤᠨ ᠨᠠᠮ ᠍ ᠤᠨ ᠬᠢᠨ ᠲᠠᠢ ᠰᠠᠨᠠᠭ᠎ᠠ ᠨᠢᠭᠡᠳᠴᠦ᠂ ᠤᠯᠢᠶᠠᠰᠤᠲᠠᠢ ᠳᠤ ᠪᠠᠶᠢᠭᠰᠠᠨ ᠴᠠᠭᠠᠨᠲᠠᠨ ᠤ ᠤᠳᠤᠷᠢᠳᠤᠭᠴᠢ ᠪᠤᠷᠢᠶᠠᠳ ᠸᠠᠩᠳᠠᠨᠨᠣᠸ ᠵᠢ ᠳᠠᠷᠤᠵᠤ ᠤᠰᠠᠳᠬᠠᠵᠠᠢ᠃ 1921 ᠣᠨ ᠤ ᠨᠠᠮᠤᠷ ᠡᠴᠡ ᠡᠪᠦᠯ ᠪᠤᠯᠲᠠᠯ  ᠠ᠂ ᠬᠠᠲᠠᠨᠪᠠᠭᠠᠲᠤᠷ ᠮᠠᠭᠰᠤᠷᠵᠠᠪ ᠮᠤᠩᠭᠤᠯ ᠤᠨ ᠪᠠᠷᠠᠭᠤᠨ ᠠᠶᠢᠮᠠᠭ ᠤᠳ ᠳ᠋ᠠᠬᠢ ᠴᠠᠭᠠᠨᠲᠠᠨ ᠤ ᠴᠡᠷᠢᠭ ᠦᠨ ᠬᠦᠴᠦᠨ ᠨᠦᠭᠦᠳ ᠢ ᠳᠠᠷᠤᠵᠤ ᠤᠰᠠᠳᠬᠠᠨ ᠭᠠᠪᠢᠶ᠎ᠠ ᠪᠠᠶᠢᠭᠤᠯᠵᠠᠢ᠃

1922 ᠣᠨ ᠳᠤ ᠶᠡᠷᠦᠳᠡ ᠶᠢᠨ ᠴᠡᠷᠢᠭ ᠦᠨ ᠶᠠᠮᠤᠨ ᠤ ᠰᠠᠶᠢᠳ ᠢᠶᠠᠷ ᠲᠣᠬᠢᠶᠠᠨ ᠲᠣᠮᠢᠯᠠᠭᠳᠠᠵᠤ᠂ ᠳᠠᠮᠳᠢᠨ ᠤ ᠰᠦᠬᠡᠪᠠᠭᠠᠲᠤᠷ ᠮᠠᠭᠰᠤᠷᠵᠠᠪ ᠢ ᠥᠪᠡᠷ ᠦᠨ ᠪᠡᠶ᠎ᠡ ᠪᠡᠷ ᠳᠠᠭᠠᠭᠠᠯᠲᠠ ᠭᠠᠷᠭᠠᠵᠤ ᠮᠣᠩᠭᠣᠯ ᠠᠷᠠᠳ ᠤᠨ ᠬᠤᠪᠢᠰᠬᠠᠯᠲᠤ ᠨᠠᠮ ᠤᠨ ᠭᠡᠰᠢᠭᠦᠨ ᠶᠢᠡᠷ ᠣᠷᠣᠯᠠᠭᠴᠢ ᠶᠢᠨ ᠬᠤᠭᠤᠴᠠᠭ᠎ᠠ ᠳᠠᠮᠵᠢᠭᠤᠯᠬᠤ ᠦᠭᠡᠢ ᠪᠡᠷ ᠰᠢᠭᠤᠳ ᠡᠯᠰᠡᠭᠦᠯᠦᠨ ᠠᠪᠴᠠᠢ᠃

1924 ᠣᠨ ᠳᠤ ᠮᠣᠩᠭᠣᠯ ᠠᠷᠠᠳ ᠤᠨ ᠬᠤᠪᠢᠰᠬᠠᠯᠲᠤ ᠨᠠᠮ ᠤᠨ ᠲᠥᠪ ᠬᠣᠷᠢᠶᠠᠨ ᠤ ᠭᠡᠰᠢᠭᠦᠨ ᠢᠶᠡᠷ ᠰᠣᠩᠭᠣᠭᠳᠠᠭᠰᠠᠨ ᠪᠠ ᠮᠣᠰᠺᠸᠠ ᠬᠣᠳᠠ ᠳᠤ ᠠᠯᠪᠠᠨ ᠠᠶᠢᠯᠴᠢᠯᠠᠯ ᠬᠢᠵᠦ ᠪᠠᠶᠢᠵᠠᠢ᠃

ᠭᠠᠪᠢᠶ᠎ᠠ ᠱᠠᠩᠨᠠᠯ᠂ ᠳᠤᠷᠠᠰᠬᠠᠯ[ᠵᠠᠰᠠᠪᠤᠷᠢᠯᠠᠬᠤ | ᠺᠣᠳ᠋ ᠢᠶᠠᠷ ᠵᠠᠰᠠᠬᠣ]

ᠪᠣᠭᠳᠠ ᠬᠠᠭᠠᠨᠲᠤ ᠮᠣᠩᠭᠣᠯ ᠤᠯᠤᠰ ᠤᠨ ᠵᠠᠰᠠᠭ ᠤᠨ ᠭᠠᠵᠠᠷ ᠠᠴᠠ ᠲᠡᠭᠦᠨ ᠳᠦ ᠬᠠᠲᠠᠨᠪᠠᠭᠠᠲᠤᠷ ᠭᠡᠰᠡᠨ ᠴᠣᠯᠠ ᠶᠢ ᠣᠯᠭᠤᠵᠤ ᠪᠠᠶᠢᠵᠠᠢ᠃ 1914 ᠣᠨ ᠳᠤ ᠰᠢᠷ᠎ᠠ ᠵᠣᠯᠢᠶᠠᠨ ᠣᠳᠣᠨ ᠢᠶᠠᠷ ᠱᠠᠩᠨᠠᠭᠳᠠᠭᠰᠠᠨ ᠪᠢᠯᠡ᠃ 1922 ᠣᠨ ᠳᠤ ᠵᠥᠪᠯᠡᠯᠲᠦ ᠣᠷᠣᠰ ᠤᠯᠤᠰ ᠤᠨ ᠵᠠᠰᠠᠭ ᠤᠨ ᠭᠠᠵᠠᠷ ᠠᠴᠠ ᠪᠠᠶᠢᠯᠳᠤᠭᠠᠨ ᠤ ᠭᠠᠪᠢᠶᠠᠨ ᠤ ᠤᠯᠠᠭᠠᠨ ᠲᠤᠭ ᠤᠨ ᠣᠳᠣᠨ᠂ 1924 ᠣᠨ ᠳᠤ ᠠᠷᠠᠳ ᠤᠨ ᠵᠠᠰᠠᠭ ᠤᠨ ᠭᠠᠵᠠᠷ ᠠᠴᠠ ᠠᠷᠠᠳ ᠤᠨ ᠬᠡᠮᠡᠬᠦ ᠡᠷᠬᠢᠮ ᠴᠣᠯᠠ ᠶᠢ ᠣᠯᠭᠤᠵᠠᠢ᠃ ᠠᠷᠠᠳ ᠤᠨ ᠬᠠᠲᠠᠨᠪᠠᠭᠠᠲᠤᠷ ᠮᠠᠭᠰᠤᠷᠵᠠᠪ ᠤᠨ ᠠᠯᠳᠠᠷ ᠭᠠᠪᠢᠶ᠎ᠠ ᠶᠢ ᠨᠢ ᠮᠥᠩᠬᠡᠵᠢᠭᠦᠯᠬᠦ ᠵᠣᠷᠢᠯᠭ᠎ᠠ ᠪᠠᠷ ᠪᠤᠯᠠᠭᠠᠨ ᠠᠶᠢᠮᠠᠭ ᠤᠨ ᠲᠥᠪ ᠳᠠᠭᠤᠯᠠᠭ᠎ᠠ ᠳᠤ ᠪᠤᠩᠬᠤᠨ ᠢ ᠪᠠᠶᠢᠭᠤᠯᠵᠤ᠂ ᠱᠠᠷᠢᠯ ᠢ ᠨᠢ ᠰᠢᠯᠵᠢᠭᠦᠯᠦᠨ ᠪᠤᠩᠬᠤᠯᠠᠭᠰᠠᠨ ᠪᠠᠶᠢᠨ᠎ᠠ᠃

1998 ᠣᠨ ᠳᠤ ᠮᠣᠩᠭᠣᠯ ᠤᠯᠤᠰ ᠤᠨ ᠵᠠᠰᠠᠭ ᠤᠨ ᠭᠠᠵᠠᠷ ᠤᠨ 39 ᠍ ᠳᠦᠭᠡᠷ ᠲᠣᠭᠲᠠᠭᠠᠯ ᠢᠶᠠᠷ ᠪᠤᠯᠠᠭᠠᠨ ᠠᠶᠢᠮᠠᠭ ᠤᠨ ᠬᠤᠲᠤᠭ-ᠥᠨᠳᠥᠷ ᠰᠤᠮᠤ ᠶᠢᠨ ᠳᠤᠮᠳᠠ ᠰᠤᠷᠭᠠᠭᠤᠯᠢ ᠶᠢ ᠠᠷᠠᠳ ᠤᠨ ᠬᠠᠲᠠᠨᠪᠠᠭᠠᠲᠤᠷ ᠰ᠂ ᠮᠠᠭᠰᠤᠷᠵᠠᠪ ᠤᠨ ᠨᠡᠷᠡᠮᠵᠢᠲᠦ ᠰᠤᠷᠭᠠᠭᠤᠯᠢ ᠪᠣᠯᠭᠠᠭᠰᠠᠨ ᠶᠤᠮ᠃

ᠡᠰᠢᠯᠡᠯ[ᠵᠠᠰᠠᠪᠤᠷᠢᠯᠠᠬᠤ | ᠺᠣᠳ᠋ ᠢᠶᠠᠷ ᠵᠠᠰᠠᠬᠣ]

ᠡᠮᠦᠨᠡᠬᠢ
ᠲᠡᠭᠦᠰ-ᠣᠴᠢᠷ ᠤᠨ ᠨᠠᠮᠨᠠᠨᠰᠦ᠋ᠷᠦᠩ
ᠮᠣᠩᠭᠣᠯ ᠤᠯᠤᠰ ᠤᠨ ᠶᠡᠷᠦᠩᠬᠡᠢ ᠰᠠᠶᠢᠳ
{{{on}}}
ᠳᠠᠷᠠᠭᠠᠬᠢ
ᠳᠠᠮᠪᠠ ᠶᠢᠨ ᠴᠠᠭᠳᠠᠷᠵᠠᠪ

ᠪᠢᠴᠢᠭᠡᠰᠦ