ᠬᠢᠮᠡᠯ ᠳᠠᠭᠠᠭᠤᠯᠢ

ᠴᠢᠯᠦᠭᠡᠲᠦ ᠨᠡᠪᠲᠡᠷᠬᠡᠢ ᠲᠣᠯᠢ — ᠸᠢᠺᠢᠫᠧᠳᠢᠶ᠎ᠠ ᠠᠴᠠ
ᠬᠠᠷᠠᠶᠢᠬᠤ: ᠤᠳᠤᠷᠢᠳᠬᠤ, ᠬᠠᠶᠢᠯᠲᠠ
ᠵᠢᠵᠢᠭ ᠵᠢᠷᠤᠭ ᠢ ᠡᠭᠦᠰᠭᠡᠬᠦ ᠳ᠋ᠦ ᠠᠯᠳᠠᠭ᠎ᠠ ᠭᠠᠷᠤᠯ᠎ᠠ: Unable to save thumbnail to destination
ᠳᠡᠯᠡᠬᠡᠢ ᠶᠢ ᠳᠤᠮᠳᠠᠴᠢ ᠲᠣᠭᠣᠷᠢᠭ ᠵᠠᠮ ᠢᠶᠠᠷ ᠲᠣᠭᠣᠷᠢᠳᠠᠭ GPS ᠬᠢᠮᠡᠯ ᠳᠠᠭᠠᠭᠤᠯᠢ ᠨᠤᠭᠤᠳ ᠤᠨ ᠲᠣᠭᠣᠷᠢᠭ ᠵᠠᠮ ᠢ ᠬᠠᠷᠠᠭᠤᠯᠤᠭᠰᠠᠨ ᠬᠥᠳᠡᠯᠭᠡᠭᠡᠨ ᠳᠦ ᠵᠢᠷᠤᠭ᠃
ERS 2 ᠳᠡᠯᠡᠬᠡᠢ ᠶᠢᠨ ᠠᠵᠢᠭᠡᠯᠡᠯᠲᠠ ᠶᠢᠨ ᠬᠢᠮᠡᠯ ᠳᠠᠭᠠᠭᠤᠯᠢ ᠶᠢᠨ ᠢᠵᠢᠯ ᠬᠡᠮᠵᠢᠶ᠎ᠡ ᠲᠡᠢ ᠵᠠᠭᠪᠤᠷ

ᠬᠢᠮᠡᠯ ᠳᠠᠭᠠᠭᠤᠯᠢ ᠭᠡᠳᠡᠭ ᠨᠢ ᠬᠦᠮᠦᠨ ᠪᠦᠲᠦᠭᠡᠵᠦ᠂ ᠲᠣᠭᠣᠷᠢᠭ ᠵᠠᠮ ᠳᠤ ᠪᠠᠶᠢᠷᠢᠯᠠᠭᠤᠯᠤᠭᠰᠠᠨ ᠵᠦᠢᠯ ᠢ ᠬᠡᠯᠡᠨ᠎ᠡ᠃ ᠰᠠᠷᠠ ᠵᠡᠷᠭᠡ ᠪᠠᠶᠢᠭᠠᠯᠢ ᠶᠢᠨ ᠳᠠᠭᠠᠭᠤᠯᠢ ᠠᠴᠠ ᠢᠯᠭᠠᠬᠤ ᠶᠢᠨ ᠲᠤᠯᠠᠳᠠ 《ᠬᠢᠮᠡᠯ》 ᠭᠡᠬᠦ ᠨᠡᠷ᠎ᠡ ᠶᠢ ᠬᠡᠷᠡᠭᠯᠡᠳᠡᠭ᠃

ᠬᠦᠮᠦᠨ ᠲᠥᠷᠥᠯᠬᠢᠲᠡᠨ ᠦ ᠪᠦᠲᠦᠭᠡᠭᠰᠡᠨ ᠠᠩᠬᠠᠨ ᠤ ᠬᠢᠮᠡᠯ ᠳᠠᠭᠠᠭᠤᠯᠢ ᠪᠣᠯᠬᠤ ᠰᠫᠦ᠋ᠲᠨᠢᠺ-1 ᠍ ᠶᠢ ᠵᠥᠪᠯᠡᠯᠲᠦ ᠬᠣᠯᠪᠣᠭᠠᠲᠤ ᠤᠯᠤᠰ ᠪᠦᠲᠦᠭᠡᠵᠦ᠂ 1957 ᠣᠨ ᠳᠤ ᠬᠥᠭᠡᠷᠭᠡᠵᠡᠢ᠃ ᠲᠡᠭᠦᠨ ᠡᠴᠡ ᠬᠣᠶᠢᠰᠢ ᠬᠡᠳᠦᠨ ᠮᠢᠩᠭᠠᠨ ᠬᠢᠮᠡᠯ ᠳᠠᠭᠠᠭᠤᠯᠢ ᠬᠥᠷᠴᠢ᠂ ᠳᠡᠯᠡᠬᠡᠢᠨ ᠲᠣᠭᠣᠷᠢᠭ ᠵᠠᠮ ᠳᠤ ᠪᠠᠶᠢᠷᠢᠯᠠᠵᠤ ᠪᠠᠶᠢᠨ᠎ᠠ; ᠰᠠᠨᠰᠠᠷ ᠤᠨ ᠰᠲ᠋ᠠᠨᠼ ᠵᠡᠷᠭᠡ ᠲᠣᠮᠣᠬᠠᠨ ᠪᠠᠶᠢᠭᠤᠯᠤᠮᠵᠢ ᠨᠤᠭᠤᠳ ᠢ ᠬᠡᠰᠡᠭ ᠬᠡᠰᠡᠭ ᠢᠶᠡᠷ ᠨᠢ ᠬᠥᠭᠡᠷᠭᠡᠵᠦ᠂ ᠰᠠᠨᠰᠠᠷ ᠲᠤ ᠤᠭᠰᠠᠷᠠᠳᠠᠭ᠃ ᠥᠨᠥᠳᠥᠷ 10 ᠤᠯᠤᠰ ᠤᠨ ᠰᠠᠨᠰᠠᠷ ᠤᠨ ᠪᠠᠭᠤᠳᠠᠯ ᠠᠴᠠ ᠬᠥᠭᠡᠷᠦᠭᠰᠡᠨ᠂ 50 ᠭᠠᠷᠤᠢ ᠤᠯᠤᠰ ᠤᠨ ᠬᠢᠮᠡᠯ ᠳᠠᠭᠠᠭᠤᠯᠢ ᠨᠤᠭᠤᠳ ᠠᠰᠢᠭᠯᠠᠭᠳᠠᠵᠤ ᠪᠠᠶᠢᠨ᠎ᠠ᠃ ᠭᠡᠬᠦ ᠳᠦ ᠪᠡᠨ ᠠᠰᠢᠭᠯᠠᠭᠳᠠᠵᠤ ᠪᠠᠶᠢᠭ᠎ᠠ ᠬᠢᠮᠡᠯ ᠳᠠᠭᠠᠭᠤᠯᠢ ᠨᠤᠭᠤᠳ ᠤᠨ ᠲᠣᠭ᠎ᠠ ᠬᠡᠳᠦᠨ ᠵᠠᠭᠤ ᠪᠣᠯᠪᠠᠴᠤ ᠠᠰᠢᠭᠯᠠᠯᠲᠠ ᠠᠴᠠ ᠭᠠᠷᠤᠭᠰᠠᠨ ᠬᠡᠳᠦᠨ ᠮᠢᠩᠭᠠᠨ ᠬᠢᠮᠡᠯ ᠳᠠᠭᠠᠭᠤᠯᠢ᠂ ᠬᠢᠮᠡᠯ ᠳᠠᠭᠠᠭᠤᠯᠢ ᠶᠢᠨ ᠬᠡᠯᠲᠡᠷᠬᠡᠢ ᠳᠡᠯᠡᠬᠡᠢ ᠶᠢᠨ ᠲᠣᠭᠣᠷᠢᠭ ᠵᠠᠮ ᠳᠤ ᠰᠠᠨᠰᠠᠷ ᠤᠨ ᠬᠠᠶᠠᠭᠳᠠᠯ ᠪᠣᠯᠤᠨ ᠡᠷᠭᠢᠯᠳᠦᠭᠰᠡᠭᠡᠷ ᠪᠠᠶᠢᠨ᠎ᠠ᠃ ᠴᠥᠭᠡᠨ ᠲᠣᠭᠠᠨ ᠤ ᠰᠠᠨᠰᠠᠷ ᠤᠨ ᠰᠤᠳᠤᠯᠭᠠᠨ ᠤ ᠬᠥᠯᠥᠭ ᠳᠡᠯᠡᠬᠡᠢ ᠡᠴᠡ ᠪᠤᠰᠤᠳ ᠰᠠᠷ᠎ᠠ᠂ ᠪᠤᠳᠤᠱᠤᠭᠠᠷ᠎ᠠᠠᠩᠭᠠᠷᠠᠭᠪᠠᠷᠬᠠᠰᠪᠠᠳᠢᠰᠠᠨᠢᠴᠢᠷᠨᠠᠷᠨ ᠤ ᠲᠣᠭᠣᠷᠢᠭ ᠵᠠᠮ ᠳᠤ ᠪᠠᠶᠢᠷᠢᠯᠠᠨ᠂ ᠬᠢᠮᠡᠯ ᠳᠠᠭᠠᠭᠤᠯᠢ ᠪᠣᠯᠤᠨ ᠠᠰᠢᠭᠯᠠᠭᠳᠠᠵᠤ ᠪᠤᠢ᠃

ᠬᠢᠮᠡᠯ ᠳᠠᠭᠠᠭᠤᠯᠢ ᠨᠢ ᠣᠯᠠᠨ ᠶᠠᠩᠵᠤ ᠶᠢᠨ ᠵᠣᠷᠢᠯᠭ᠎ᠠ ᠪᠠᠷ ᠠᠰᠢᠭᠯᠠᠭᠳᠠᠳᠠᠭ᠃ ᠭᠣᠣᠯ ᠲᠥᠷᠥᠯ ᠦᠳ ᠨᠢ ᠴᠡᠷᠢᠭ ᠪᠣᠯᠤᠨ ᠢᠷᠭᠡᠨ ᠦ ᠵᠣᠷᠢᠭᠤᠯᠤᠯᠲᠠ ᠲᠠᠢ ᠳᠡᠯᠡᠬᠡᠢ ᠶᠢᠨ ᠠᠵᠢᠭᠡᠯᠡᠯᠲᠠ ᠶᠢᠨ ᠬᠢᠮᠡᠯ ᠳᠠᠭᠠᠭᠤᠯᠢ ᠨᠤᠭᠤᠳ᠂ ᠬᠣᠯᠪᠣᠭᠠᠨ ᠤ ᠬᠢᠮᠡᠯ ᠳᠠᠭᠠᠭᠤᠯᠢᠤᠳ᠂ ᠨᠠᠪᠢᠭᠠᠼ ᠤᠨ ᠬᠢᠮᠡᠯ ᠳᠠᠭᠠᠭᠤᠯᠢ ᠨᠤᠭᠤᠳ᠂ ᠴᠠᠭ ᠠᠭᠤᠷ ᠤᠨ ᠬᠢᠮᠡᠯ ᠳᠠᠭᠠᠭᠤᠯᠢ ᠨᠤᠭᠤᠳ᠂ ᠰᠤᠳᠤᠯᠭᠠᠨ ᠤ ᠬᠢᠮᠡᠯ ᠳᠠᠭᠠᠭᠤᠯᠢ ᠨᠤᠭᠤᠳ ᠶᠤᠮ᠃ ᠰᠠᠨᠰᠠᠷ ᠤᠨ ᠰᠲ᠋ᠠᠨᠼ ᠪᠣᠯᠤᠨ ᠰᠠᠨᠰᠠᠷ ᠤᠨ ᠬᠥᠯᠥᠭ ᠴᠤ ᠲᠣᠭᠣᠷᠢᠭ ᠵᠠᠮ ᠳᠤ ᠪᠠᠶᠢᠷᠢᠯᠠᠭᠰᠠᠨ ᠦᠶᠡᠳᠡᠭᠡ ᠬᠢᠮᠡᠯ ᠳᠠᠭᠠᠭᠤᠯᠢ ᠭᠡᠵᠦ ᠬᠡᠯᠡᠵᠦ ᠪᠣᠯᠤᠨ᠎ᠠ᠃ ᠬᠢᠮᠡᠯ ᠳᠠᠭᠠᠭᠤᠯᠢ ᠶᠢᠨ ᠲᠣᠭᠣᠷᠢᠭ ᠵᠠᠮ ᠨᠢ ᠵᠣᠷᠢᠯᠭ᠎ᠠ ᠠᠴᠠ ᠪᠠᠨ ᠰᠢᠯᠲᠠᠭᠠᠯᠠᠭᠠᠳ ᠶᠠᠩᠵᠤ ᠪᠦᠷᠢ ᠪᠠᠶᠢᠳᠠᠭ ᠪᠥᠭᠡᠳ ᠣᠯᠠᠨ ᠶᠠᠩᠵᠤ ᠪᠠᠷ ᠠᠩᠭᠢᠯᠠᠭᠳᠠᠳᠠᠭ᠃ ᠬᠦᠮᠦᠰ ᠦᠨ ᠰᠠᠶᠢᠨ ᠮᠡᠳᠡᠳᠡᠭ ᠲᠣᠭᠣᠷᠢᠭ ᠵᠠᠮ ᠨᠢ ᠳᠡᠯᠡᠬᠡᠢ ᠶᠢᠨ ᠳ᠋ᠣᠣ ᠳᠤ ᠲᠣᠭᠣᠷᠢᠭ ᠵᠠᠮᠲᠤᠶᠢᠯ ᠤᠨ ᠲᠣᠭᠣᠷᠢᠭ ᠵᠠᠮᠭᠧᠣᠰᠲ᠋ᠠᠨᠼᠢ ᠶᠢᠨ ᠲᠣᠭᠣᠷᠢᠭ ᠵᠠᠮ ᠵᠡᠷᠭᠡ ᠪᠣᠯᠤᠨ᠎ᠠ᠃

ᠬᠢᠮᠡᠯ ᠳᠠᠭᠠᠭᠤᠯᠢ ᠨᠢ ᠶᠡᠬᠡᠩᠬᠢ ᠳᠦ ᠪᠡᠨ ᠬᠠᠭᠠᠰ ᠪᠡᠶ᠎ᠡ ᠪᠡᠨ ᠳᠠᠭᠠᠭᠰᠠᠨ᠂ ᠺᠣᠮᠫᠢᠶᠦ᠋ᠲ᠋ᠧᠷ ᠤᠨ ᠤᠳᠤᠷᠢᠳᠤᠯᠭ᠎ᠠ ᠲᠠᠢ ᠰᠢᠰᠲ᠋ᠧᠮ ᠢᠶᠡᠷ ᠠᠵᠢᠯᠯᠠᠳᠠᠭ᠃ ᠡᠭᠦᠨ ᠳᠦ ᠡᠨᠧᠷᠭᠢ ᠡᠭᠦᠰᠬᠡᠭᠦᠷ᠂ ᠳᠤᠯᠠᠭᠠᠨ ᠤ ᠬᠢᠨᠠᠯᠲᠠ ᠶᠢᠨ᠂ ᠲᠧᠯᠧᠮᠧᠲ᠋ᠷ ᠤᠨ᠂ ᠴᠢᠭᠯᠡᠭᠦᠯᠦᠭᠴᠢ᠂ ᠲᠣᠭᠣᠷᠢᠭ ᠵᠠᠮ ᠤᠨ ᠬᠢᠨᠠᠯᠲᠠ ᠶᠢᠨ ᠭᠡᠬᠦ ᠮᠡᠲᠦ ᠳᠡᠳ᠋ ᠰᠢᠰᠲ᠋ᠧᠮ ᠦᠳ ᠪᠤᠢ᠃

ᠪᠢᠴᠢᠭᠡᠰᠦ