ᠬᠣᠪᠳᠣ ᠰᠤᠮᠤ (ᠬᠣᠪᠳᠣ)

ᠴᠢᠯᠦᠭᠡᠲᠦ ᠨᠡᠪᠲᠡᠷᠬᠡᠢ ᠲᠣᠯᠢ — ᠸᠢᠺᠢᠫᠧᠳᠢᠶ᠎ᠠ ᠠᠴᠠ
ᠬᠠᠷᠠᠶᠢᠬᠤ: ᠤᠳᠤᠷᠢᠳᠬᠤ, ᠬᠠᠶᠢᠯᠲᠠ

ᠬᠣᠪᠳᠣ ᠠᠶᠢᠮᠠᠭ ᠤᠨ ᠨᠢᠭᠡᠨ ᠰᠤᠮᠤ ᠍ ᠢ ᠮᠥᠨ ᠬᠣᠪᠳᠣ ᠭᠡᠨ᠎ᠡ᠃ ᠬᠣᠪᠳᠣ ᠰᠤᠮᠤ ᠤᠯᠠᠭᠠᠨᠪᠠᠭᠠᠲᠤᠷ ᠬᠣᠲᠠ ᠠᠴᠠ 1508 ᠺᠢᠯᠣᠮᠧᠲ᠋ᠷ᠂ ᠠᠶᠢᠮᠠᠭ ᠤᠨ ᠲᠥᠪ ᠡᠴᠡ 30 ᠺᠢᠯᠣᠮᠧᠲ᠋ᠷ ᠵᠠᠶᠢᠲᠠᠢ᠂ ᠭᠠᠵᠠᠷ ᠨᠤᠲᠤᠭ ᠤᠨ 1200 ᠭᠠ ᠢ ᠲᠠᠷᠢᠶᠠᠯᠠᠩ᠂ 273 ᠮᠢᠩᠭᠠᠨ ᠭᠠ ᠢ ᠪᠡᠯᠴᠢᠭᠡᠷ᠂ 260 ᠭᠠ ᠢ ᠣᠢ᠂ 415 ᠭᠠ ᠢ ᠤᠰᠤ ᠡᠵᠡᠯᠡᠳᠡᠭ᠃

ᠬᠦᠮᠦᠨ ᠠᠮᠠ[ᠵᠠᠰᠠᠪᠤᠷᠢᠯᠠᠬᠤ | ᠺᠣᠳ᠋ ᠢᠶᠠᠷ ᠵᠠᠰᠠᠬᠣ]

2005 ᠣᠨ ᠤ ᠪᠠᠶᠢᠳᠠᠯ ᠢᠶᠠᠷ 866 ᠡᠷᠦᠬᠡ ᠶᠢᠨ 4,644 ᠬᠦᠮᠦᠨ ᠠᠮᠠ ᠲᠠᠢ᠃ ᠬᠣᠪᠳᠣ ᠰᠤᠮᠤ ᠨᠢ ᠬᠠᠰᠠᠭ ᠦᠨᠳᠦᠰᠦᠲᠡᠨ ᠬᠦᠮᠦᠨ ᠠᠮᠠ ᠶᠢᠨ ᠶᠡᠬᠡᠩᠬᠢ ᠶᠢ ᠨᠢ ᠡᠵᠡᠯᠡᠳᠡᠭ᠂ ᠬᠣᠪᠳᠣ ᠠᠶᠢᠮᠠᠭ ᠤᠨ ᠴᠣᠷ ᠤᠨ ᠭᠠᠭᠴᠠ ᠰᠤᠮᠤ ᠪᠥᠭᠡᠳ 96% ᠨᠢ ᠬᠠᠰᠠᠭ ᠤᠳ ᠪᠣᠯᠤᠨ᠎ᠠ᠃ ᠦᠯᠡᠳᠡᠭᠰᠡᠨ ᠨᠢ ᠴᠢᠩᠲᠤᠤ (ᠦᠽᠡᠪᠸᠺᠢᠰᠲᠠᠨ), ᠮᠢᠩᠭᠠᠳᠲᠣᠷᠭᠤᠳᠬᠠᠯᠬ᠎ᠠ ᠦᠳ ᠶᠤᠮ᠃ ᠰᠤᠮᠤ ᠶᠢᠨ ᠬᠦᠮᠦᠨ ᠠᠮᠠ 1991 ᠣᠨ ᠬᠦᠷᠲᠡᠯ᠎ᠡ ᠲᠠᠰᠤᠷᠠᠯᠲᠠ ᠦᠭᠡᠢ ᠥᠰᠴᠢ ᠪᠠᠶᠢᠭᠰᠠᠨ ᠪᠣᠯᠪᠠᠴᠤ ᠰᠢᠨ᠎ᠡ ᠪᠡᠷ ᠪᠠᠶᠢᠭᠤᠯᠤᠭᠳᠠᠭᠰᠠᠨ ᠬᠠᠰᠠᠭ ᠤᠯᠤᠰ ᠷᠤ ᠬᠠᠰᠠᠭ ᠢᠷᠭᠡᠳ ᠣᠯᠠᠨ ᠢᠶᠠᠷ ᠰᠢᠯᠵᠢᠨ ᠰᠠᠭᠤᠷᠢᠰᠢᠭᠰᠠᠨ ᠢᠶᠠᠷ 1992, 1993 ᠣᠨ ᠤ ᠦᠶ᠎ᠡ ᠳᠦ ᠡᠷᠡᠰ ᠴᠥᠭᠡᠷᠡᠴᠡᠢ᠃ ᠲᠡᠷᠡ ᠦᠶ᠎ᠡ ᠳᠦ 1650 ᠣᠷᠴᠢᠮ ᠬᠦᠮᠦᠨ ᠪᠤᠶᠤ ᠰᠤᠮᠤ ᠶᠢᠨ ᠨᠡᠶᠢᠲᠡ ᠢᠷᠭᠡᠳ ᠦᠨ 33% ᠨᠢ ᠬᠠᠰᠠᠭ ᠷᠤ ᠨᠡᠭᠦᠭᠰᠡᠨ ᠭᠡᠰᠡᠨ ᠲᠣᠭᠠᠴᠠᠭ᠎ᠠ ᠪᠤᠢ᠃ ᠲᠡᠭᠦᠨ ᠡᠴᠡ ᠬᠣᠶᠢᠰᠢ ᠵᠠᠷᠢᠮ ᠬᠠᠰᠠᠭ ᠢᠷᠭᠡᠳ ᠪᠤᠴᠠᠵᠤ ᠢᠷᠡᠭᠰᠡᠨ᠂ ᠪᠠᠶᠢᠭᠠᠯᠢ ᠶᠢᠨ ᠥᠰᠦᠯᠲᠡ ᠵᠡᠷᠭᠡ ᠶᠢᠨ ᠤᠯᠠᠮ ᠠᠴᠠ ᠰᠤᠮᠤ ᠶᠢᠨ ᠬᠦᠮᠦᠨ ᠠᠮᠠ ᠥᠰᠴᠢ ᠪᠠᠶᠢᠭᠰᠠᠨ ᠪᠣᠯᠪᠠᠴᠤ ᠰᠡᠭᠦᠯ ᠦᠨ ᠵᠢᠯ ᠤᠨᠳ ᠲᠤ ᠲᠥᠪ ᠰᠠᠭᠤᠷᠢᠨ ᠭᠠᠵᠠᠷ ᠤᠷᠤᠭᠤ ᠰᠢᠯᠵᠢᠨ ᠰᠠᠭᠤᠷᠢᠰᠢᠭᠰᠠᠳ ᠤᠨ ᠲᠣᠭ᠎ᠠ ᠨᠡᠮᠡᠭᠳᠡᠵᠦ ᠪᠠᠶᠢᠭ᠎ᠠ ᠲᠤᠯᠠ ᠰᠤᠮᠤ ᠶᠢᠨ ᠬᠦᠮᠦᠨ ᠠᠮᠠ ᠪᠠᠭᠤᠷᠠᠬᠤ ᠬᠠᠨᠳᠤᠯᠭ᠎ᠠ ᠲᠠᠢ ᠪᠠᠶᠢᠭ᠎ᠠ᠃

ᠪᠢᠴᠢᠭᠡᠰᠦ