ᠬᠣᠶᠢᠳᠤ ᠠᠮᠧᠷᠢᠺᠠ

ᠴᠢᠯᠦᠭᠡᠲᠦ ᠨᠡᠪᠲᠡᠷᠬᠡᠢ ᠲᠣᠯᠢ — ᠸᠢᠺᠢᠫᠧᠳᠢᠶ᠎ᠠ ᠠᠴᠠ
ᠬᠠᠷᠠᠶᠢᠬᠤ: ᠤᠳᠤᠷᠢᠳᠬᠤ, ᠬᠠᠶᠢᠯᠲᠠ
ᠬᠣᠶᠢᠳᠤ ᠠᠮᠧᠷᠢᠺᠠ ᠲᠢᠪ

ᠬᠣᠶᠢᠳᠤ ᠠᠮᠧᠷᠢᠺᠠ' ᠨᠢ ᠳᠡᠯᠡᠬᠡᠢᠨ ᠪᠥᠮᠪᠥᠷᠴᠡᠭ ᠦᠨ ᠬᠣᠶᠢᠳᠤ ᠬᠠᠭᠠᠰ ᠲᠤ ᠪᠠᠶᠢᠷᠢᠯᠠᠬᠤ ᠲᠢᠪ ᠶᠤᠮ[1]᠃ ᠬᠣᠶᠢᠳᠤ ᠲᠠᠯ᠎ᠠ ᠪᠠᠷ ᠢᠶᠠᠨ ᠤᠮᠠᠷᠠᠳᠤ ᠮᠥᠰᠦᠨ ᠳᠠᠯᠠᠢ᠂ ᠵᠡᠭᠦᠨ ᠲᠠᠯ᠎ᠠ ᠪᠠᠷ ᠢᠶᠠᠨ ᠬᠣᠶᠢᠳᠤ ᠠᠲ᠋ᠯᠠᠨᠲ ᠤᠨ ᠳᠠᠯᠠᠢ᠂ ᠵᠡᠭᠦᠨ ᠤᠷᠢᠳᠤ ᠲᠠᠯ᠎ᠠ ᠪᠠᠷ ᠢᠶᠠᠨ ᠺᠠᠷᠠᠪ ᠤᠨ ᠲᠡᠩᠭᠢᠰ᠂ ᠤᠷᠳᠤ ᠪᠣᠯᠤᠨ ᠪᠠᠷᠠᠭᠤᠨ ᠲᠠᠯ᠎ᠠ ᠪᠠᠷ ᠢᠶᠠᠨ ᠬᠣᠶᠢᠳᠤ ᠨᠣᠮᠣᠬᠠᠨ ᠳᠠᠯᠠᠢᠭᠠ ᠪᠠᠷ ᠬᠦᠷᠢᠶᠡᠯᠡᠭᠳᠡᠨ ᠣᠷᠣᠰᠢᠨ᠎ᠠ᠃ ᠡᠮᠦᠨᠡᠲᠦ ᠠᠮᠧᠷᠢᠺᠠ ᠲᠢᠪ ᠵᠡᠭᠦᠨ ᠡᠮᠦᠨ᠎ᠡ ᠲᠠᠯ᠎ᠠ ᠳᠤ ᠨᠢ ᠪᠠᠶᠢᠷᠢᠯᠠᠬᠤ ᠪᠠ ᠫᠠᠨᠠᠮᠠ ᠤᠨ ᠬᠣᠭᠣᠯᠠᠢ ᠪᠠᠷ ᠲᠤᠰᠠᠭᠠᠷᠯᠠᠭᠳᠠᠨ᠎ᠠ᠃

ᠬᠣᠶᠢᠳᠤ ᠠᠮᠧᠷᠢᠺᠠ ᠲᠢᠪ ᠨᠢ 24,490,000 ᠬᠠᠪᠲᠠᠭᠠᠢ ᠳᠥᠷᠪᠡᠯᠵᠢᠨ km ᠪᠤᠶᠤ ᠳᠡᠯᠡᠬᠡᠢᠨ ᠨᠡᠶᠢᠲᠡ ᠭᠠᠳᠠᠷᠭᠤ ᠶᠢᠨ 4.8 ᠬᠤᠪᠢ᠂ ᠳᠡᠯᠡᠬᠡᠢ ᠶᠢᠨ ᠬᠠᠭᠤᠷᠠᠢ ᠭᠠᠵᠠᠷ ᠤᠨ 16.4 ᠬᠤᠪᠢ ᠲᠠᠢ ᠲᠡᠩᠴᠡᠬᠦ ᠬᠡᠮᠵᠢᠶᠡᠨ ᠦ ᠲᠠᠯᠠᠪᠠᠢ ᠲᠠᠢ᠃ 2006 ᠣᠨ ᠤ 10 ᠍ ᠳᠦᠭᠡᠷ ᠰᠠᠷ᠎ᠠ ᠶᠢᠨ ᠪᠠᠶᠢᠳᠠᠯ ᠢᠶᠠᠷ ᠤᠭ ᠲᠢᠪ ᠲᠦ 514,600,000 ᠬᠦᠮᠦᠨ ᠣᠷᠣᠰᠢᠨ ᠰᠠᠭᠤᠵᠤ ᠪᠠᠶᠢᠨ᠎ᠠ᠃

ᠬᠣᠶᠢᠳᠤ ᠠᠮᠧᠷᠢᠺᠠ ᠲᠢᠪ ᠨᠢ ᠭᠠᠵᠠᠷ ᠨᠤᠲᠤᠭ ᠤᠨ ᠬᠡᠮᠵᠢᠶ᠎ᠡ ᠪᠡᠷ ᠠᠽᠢᠶ᠎ᠠᠠᠹᠷᠢᠺᠠᠡᠶᠢᠨ ᠳᠠᠷᠠᠭ᠎ᠠ 3 ᠳᠠᠬᠢ ᠲᠣᠮᠣ ᠲᠢᠪ ᠪᠥᠭᠡᠳ ᠨᠡᠶᠢᠲᠡ ᠣᠷᠣᠰᠢᠨ ᠰᠠᠭᠤᠭᠴᠢᠳ ᠦᠨ ᠲᠣᠭ᠎ᠠ ᠪᠠᠷ ᠠᠽᠢᠶ᠎ᠠ᠂ ᠠᠹᠷᠢᠺᠠ᠂ ᠧᠦ᠋ᠷᠣᠫᠠ ᠍ ᠤᠨ ᠳᠠᠷᠠᠭ᠎ᠠ 4 ᠍ ᠳᠦ ᠣᠷᠣᠨ᠎ᠠ᠃ ᠬᠣᠶᠢᠳᠤ ᠪᠠ ᠡᠮᠦᠨᠡᠲᠦ ᠠᠮᠧᠷᠢᠺᠠ ᠲᠢᠪ ᠢ ᠨᠡᠶᠢᠯᠡᠭᠦᠯᠦᠭᠡᠳ ᠠᠮᠧᠷᠢᠺᠠ ᠲᠢᠪ ᠭᠡᠵᠦ ᠨᠡᠷᠡᠯᠡᠬᠦ ᠨᠢ ᠪᠤᠢ᠃

ᠡᠰᠢᠯᠡᠯ[ᠵᠠᠰᠠᠪᠤᠷᠢᠯᠠᠬᠤ | ᠺᠣᠳ᠋ ᠢᠶᠠᠷ ᠵᠠᠰᠠᠬᠣ]


ᠪᠢᠴᠢᠭᠡᠰᠦ