ᠬᠤᠯᠠ ᠳᠤ ᠰᠤᠮᠤ

ᠴᠢᠯᠦᠭᠡᠲᠦ ᠨᠡᠪᠲᠡᠷᠬᠡᠢ ᠲᠣᠯᠢ — ᠸᠢᠺᠢᠫᠧᠳᠢᠶ᠎ᠠ ᠠᠴᠠ
ᠬᠠᠷᠠᠶᠢᠬᠤ: ᠤᠳᠤᠷᠢᠳᠬᠤ, ᠬᠠᠶᠢᠯᠲᠠ

ᠬᠤᠯᠠ ᠳᠤ ᠨᠢ ᠳᠤᠮᠳᠠᠭᠤᠪᠢ ᠠᠶᠢᠮᠠᠭ ᠤᠨ ᠰᠤᠮᠤ ᠶᠤᠮ᠃ ᠤᠯᠠᠭᠠᠨᠪᠠᠭᠠᠲᠤᠷ ᠬᠣᠲᠠ ᠠᠴᠠ 380 ᠺᠢᠯᠣᠮᠧᠲ᠋ᠷ᠂ ᠠᠶᠢᠮᠠᠭ ᠤᠨ ᠲᠥᠪ ᠰᠠᠶᠢᠨᠴᠠᠭᠠᠨ ᠰᠤᠮᠤ ᠠᠴᠠ 83 ᠺᠢᠯᠣᠮᠧᠲ᠋ᠷ ᠠᠯᠤᠰᠯᠠᠭᠳᠠᠭᠰᠠᠨ᠃ ᠪᠦᠯᠢᠶᠡᠨ ᠪᠣᠯᠤᠨ ᠴᠠᠭᠠᠨ ᠴᠢᠯᠠᠭᠤᠲᠤ ᠪᠠᠭ ᠲᠠᠢ᠃

ᠲᠡᠦᠬᠡ[ᠵᠠᠰᠠᠪᠤᠷᠢᠯᠠᠬᠤ | ᠺᠣᠳ᠋ ᠢᠶᠠᠷ ᠵᠠᠰᠠᠬᠣ]

ᠳᠤᠮᠳᠠᠭᠤᠪᠢ ᠠᠶᠢᠮᠠᠭ ᠤᠨ ᠬᠤᠯᠠ ᠳᠤ ᠰᠤᠮᠤ ᠶᠢᠨ ᠨᠤᠲᠤᠭ ᠳᠡᠪᠢᠰᠬᠡᠷ ᠨᠢ 1920 ᠍ ᠢᠤᠳ᠋ ᠣᠨ ᠢ ᠬᠦᠷᠲᠡᠯ᠎ᠡ ᠲᠦᠰᠢᠶᠡᠲᠦ ᠬᠠᠨ ᠠᠶᠢᠮᠠᠭ ᠤᠨ ᠭᠣᠪᠢ ᠲᠦᠰᠢᠶ᠎ᠡ ᠭᠦᠨ ᠦ ᠬᠣᠰᠢᠭᠤ ᠪᠣᠯᠤᠨ ᠪᠣᠭᠳᠠ ᠬᠠᠨ ᠠᠭᠤᠯᠠ ᠠᠶᠢᠮᠠᠭ ᠤᠨ ᠳᠡᠯᠭᠡᠷᠬᠠᠩᠭᠠᠢ ᠤᠤᠯ ᠤᠨ ᠬᠣᠰᠢᠭᠤᠨ ᠳᠤ ᠬᠠᠷᠢᠶᠠᠯᠠᠭᠳᠠᠵᠤ ᠪᠠᠶᠢᠭᠠᠳ 1921 ᠣᠨ ᠤ ᠠᠷᠠᠳ ᠤᠨ ᠬᠤᠪᠢᠰᠬᠠᠯ ᠢᠯᠠᠭᠰᠠᠨ ᠤ ᠳᠠᠷᠠᠭ᠎ᠠ ᠵᠠᠰᠠᠭ ᠤᠨ ᠭᠠᠵᠠᠷ ᠠᠴᠠ ᠣᠷᠣᠨ ᠨᠤᠲᠤᠭ ᠤᠨ ᠵᠠᠰᠠᠭ ᠵᠠᠬᠢᠷᠭᠠᠨ ᠤ ᠨᠢᠭᠡᠴᠡ ᠶᠢ ᠰᠢᠨᠡᠴᠢᠯᠡᠨ ᠵᠣᠬᠢᠶᠠᠨ ᠪᠠᠶᠢᠭᠤᠯᠵᠤ ᠬᠤᠯᠠ ᠳᠤ ᠰᠤᠮᠤ ᠶᠢ ᠳᠡᠯᠭᠡᠷᠬᠠᠩᠭᠠᠢ ᠤᠤᠯ ᠤᠨ ᠬᠣᠰᠢᠭᠤᠨ ᠠᠴᠠ ᠰᠠᠯᠪᠤᠷᠢᠯᠠᠨ᠂ 1923 ᠣᠨ ᠤ ᠬᠠᠪᠤᠷ ᠣᠳᠣ ᠶᠢᠨ ᠬᠤᠯᠠ ᠳᠤ ᠰᠤᠮᠤ ᠠᠴᠠ ᠪᠠᠷᠠᠭᠤᠨ ᠤᠷᠳᠤ ᠪᠠᠶᠢᠳᠠᠭ ᠭᠦᠨ ᠤᠰᠤ ᠭᠡᠳᠡᠭ ᠭᠠᠵᠠᠷ 2 ᠭᠡᠷ ᠲᠡᠢ ᠪᠡᠷ ᠪᠠᠶᠢᠭᠤᠯᠤᠭᠰᠠᠨ᠃ ᠠᠩᠬᠠᠨ ᠤ ᠰᠤᠮᠤ ᠶᠢᠨ ᠵᠠᠰᠠᠭ ᠳᠠᠷᠤᠭ᠎ᠠ ᠨᠢ ᠲᠤᠰ ᠰᠤᠮᠤ ᠶᠢᠨ ᠬᠠᠷᠢᠶᠠᠲᠤ ᠮ᠃ᠰᠠᠮᠠᠳᠠᠨ ᠪᠣᠯᠵᠤ ᠪᠠᠶᠢᠭᠰᠠᠨ᠃ 1931 ᠣᠨ ᠠᠴᠠ ᠡᠮᠦᠨᠡᠭᠣᠪᠢ ᠠᠶᠢᠮᠠᠭ ᠪᠠᠶᠢᠭᠤᠯᠤᠭᠳᠠᠬᠤ ᠳᠤ ᠲᠡᠭᠦᠨ ᠳᠦ ᠬᠠᠷᠢᠶᠠᠯᠠᠭᠳᠠᠵᠤ ᠪᠠᠶᠢᠭᠠᠳ 1942 ᠣᠨ ᠳᠤ ᠳᠤᠮᠳᠠᠭᠤᠪᠢ ᠠᠶᠢᠮᠠᠭ ᠪᠠᠶᠢᠭᠤᠯᠤᠭᠳᠠᠬᠤ ᠳᠤ ᠲᠡᠭᠦᠨ ᠳᠦ ᠬᠠᠷᠢᠶᠠᠯᠠᠭᠳᠠᠬᠤ ᠪᠣᠯᠤᠭᠰᠠᠨ ᠢᠶᠠᠷ ᠳᠤᠮᠳᠠᠭᠤᠪᠢ ᠠᠶᠢᠮᠠᠭ ᠤᠨ ᠬᠤᠯᠠ ᠳᠤ ᠰᠤᠮᠤ ᠭᠡᠵᠦ ᠨᠡᠷᠡᠯᠡᠭᠳᠡᠬᠦ ᠪᠣᠯᠤᠭᠰᠠᠨ᠃ ᠬᠤᠯᠠ ᠳᠤ ᠰᠤᠮᠤ ᠨᠢ ᠡᠭᠦᠰᠦᠨ ᠪᠠᠶᠢᠭᠤᠯᠤᠭᠳᠠᠭᠰᠠᠨ ᠠᠴᠠ ᠪᠠᠨ ᠬᠣᠶᠢᠰᠢ ᠴᠠᠭ ᠠᠭᠤᠷ ᠤᠨ ᠬᠦᠨᠳᠦ ᠨᠥᠬᠥᠴᠡᠯ ᠡᠴᠡ ᠪᠣᠯᠵᠤ 1923-1930 ᠣᠨ ᠳᠤ ᠭᠦᠨ ᠤᠰᠤᠨ ᠳᠤ᠂ 1930-1939 ᠳᠣᠪᠣ ᠳᠤ᠂ 1939-1940 ᠣᠨ ᠳᠤ ᠣᠯᠳᠠᠬᠤ ᠶᠢᠨ ᠬᠡᠶᠢᠳ ᠲᠦ᠂ 1942-1948 ᠣᠨ ᠳᠤ ᠳᠣᠪᠣ ᠳᠤ᠂ 1948-1957 ᠣᠨ ᠳᠤ ᠮᠣᠭᠠᠶᠢᠲᠠᠳ᠂ 1957-1958 ᠣᠨ ᠳᠤ ᠯᠠᠭᠤᠰᠠ ᠶᠢᠨ ᠵᠣᠳᠣᠬᠤ ᠳᠤ ᠲᠤᠰ ᠲᠤᠰ ᠨᠡᠭᠦᠳᠡᠯᠯᠡᠨ ᠲᠥᠪᠯᠡᠷᠡᠭᠰᠡᠭᠡᠷ 1958 ᠣᠨ ᠳᠤ ᠲᠠᠲᠠᠨ ᠪᠠᠭᠤᠭᠳᠠᠵᠤ ᠨᠢᠭᠡ ᠵᠢᠯ ᠪᠣᠯᠤᠭᠠᠳ ᠨᠢᠭᠡᠳᠦᠯᠵᠢᠬᠦ ᠬᠥᠳᠡᠯᠭᠡᠭᠡᠨ ᠡᠭᠦᠰᠦᠭᠰᠡᠨ ᠲᠡᠢ ᠬᠣᠯᠪᠣᠭᠳᠠᠨ 1960 ᠣᠨ ᠠᠴᠠ ᠣᠳᠣ ᠶᠢᠨ ᠤᠯᠠᠭᠠᠨᠵᠢᠷᠮ᠎ᠡ ᠳᠦ ᠲᠥᠪ ᠲᠡᠢ ᠪᠡᠷ ᠰᠢᠨᠡᠴᠢᠯᠡᠨ ᠵᠣᠬᠢᠶᠠᠨ ᠪᠠᠶᠢᠭᠤᠯᠤᠭᠳᠠᠭᠰᠠᠨ᠂


ᠬᠦᠮᠦᠰ[ᠵᠠᠰᠠᠪᠤᠷᠢᠯᠠᠬᠤ | ᠺᠣᠳ᠋ ᠢᠶᠠᠷ ᠵᠠᠰᠠᠬᠣ]

ᠲᠤᠰ ᠰᠤᠮᠤ ᠶᠢᠨ ᠢᠷᠭᠡᠨ ᠪᠠᠨᠽᠠᠷᠠᠭᠴᠢ ᠶᠢᠨ ᠡᠰᠡ 1961 ᠣᠨ ᠳᠤ ᠠᠶᠢᠮᠠᠭ ᠠᠴᠠ ᠪᠠᠨ ᠠᠩᠬ᠎ᠠ ᠤᠳᠠᠭ᠎ᠠ ᠬᠥᠳᠡᠯᠮᠦᠷᠢ ᠶᠢᠨ ᠪᠠᠭᠠᠲᠤᠷ ᠴᠣᠯᠠ ᠬᠦᠷᠲᠡᠭᠰᠡᠨ ᠪᠢᠯᠡ᠃ ᠲᠤᠰ ᠰᠤᠮᠤ ᠠᠴᠠ ᠤᠯᠤᠰ ᠤᠨ ᠠᠯᠳᠠᠷᠲᠤ ᠤᠶᠠᠭᠠᠴᠢ ᠴᠣᠯᠠ ᠶᠢ ᠮᠠᠬᠠᠪᠤᠷᠢᠶᠠᠳ ᠤᠨ ᠡᠨᠢᠪᠰᠢ ᠬᠦᠷᠢᠲᠦᠵᠡᠢ᠃1990 ᠣᠨ ᠳᠤ ᠥᠷᠨᠢᠭᠰᠡᠨ ᠠᠷᠠᠳᠴᠢᠯᠠᠭᠰᠠᠨ ᠬᠤᠪᠢᠰᠬᠠᠯ ᠢ ᠡᠨᠡ ᠨᠤᠲᠤᠭ ᠤᠨ ᠠᠷᠠᠳ ᠤᠳ ᠢᠯᠡᠭᠦᠦ ᠶᠡᠬᠡ ᠪᠡᠷ ᠤᠤᠬᠠᠶᠢᠯᠠᠨ ᠳᠡᠮᠵᠢᠵᠦ ᠣᠷᠣᠯᠴᠠᠭᠰᠠᠨ ᠪᠠᠶᠢᠳᠠᠭ ᠶᠤᠮ᠃ 1996-2000 ᠣᠨ ᠤ ᠤᠯᠤᠰ ᠤᠨ ᠶᠡᠬᠡ ᠬᠤᠷᠠᠯ ᠤᠨ ᠭᠡᠰᠢᠭᠦᠨ ᠢᠶᠡᠷ ᠳᠤᠮᠳᠠᠭᠤᠪᠢ ᠠᠶᠢᠮᠠᠭ ᠤᠨ ᠬᠤᠯᠠ ᠳᠤ ᠰᠤᠮᠤ ᠶᠢᠨ ᠠᠭᠤᠭᠤᠯ ᠵᠠᠮᠢᠶᠠᠩ ᠤᠨ ᠣᠳᠬᠣᠨᠪᠠᠶᠠᠷ ᠰᠣᠩᠭᠣᠭᠳᠠᠨ ᠠᠵᠢᠯᠯᠠᠵᠤ ᠪᠠᠶᠢᠯ᠎ᠠ᠃

ᠪᠢᠴᠢᠭᠡᠰᠦ