ᠬᠥᠭᠵᠢᠯ ᠦᠨ ᠡᠳ᠋ ᠍ ᠦᠨ ᠵᠠᠰᠠᠭ

ᠴᠢᠯᠦᠭᠡᠲᠦ ᠨᠡᠪᠲᠡᠷᠬᠡᠢ ᠲᠣᠯᠢ — ᠸᠢᠺᠢᠫᠧᠳᠢᠶ᠎ᠠ ᠠᠴᠠ
ᠬᠠᠷᠠᠶᠢᠬᠤ: ᠤᠳᠤᠷᠢᠳᠬᠤ, ᠬᠠᠶᠢᠯᠲᠠ

ᠬᠥᠭᠵᠢᠯ ᠦᠨ ᠡᠳ᠋ ᠍ ᠦᠨ ᠵᠠᠰᠠᠭ (ᠠᠩᠭᠯᠢ: Development economics; ᠣᠷᠣᠰ: ᠡᠺᠣᠨᠣᠮᠢᠺᠠ ᠷᠠᠽᠠᠸᠢᠲ᠋ᠢᠶ᠎ᠠ) ᠨᠢ ᠡᠳ᠋ ᠍ ᠦᠨ ᠵᠠᠰᠠᠭ᠂ ᠤᠯᠤᠰ ᠲᠥᠷᠥ ᠡᠳ᠋ ᠍ ᠦᠨ ᠵᠠᠰᠠᠭ ᠤᠨ ᠤᠬᠠᠭᠠᠨ ᠤ ᠬᠠᠮᠤᠭ ᠤᠨ ᠰᠢᠨ᠎ᠡ ᠬᠥᠭᠵᠢᠵᠦ ᠪᠤᠢ ᠰᠠᠯᠪᠤᠷᠢ ᠶᠤᠮ᠃ ᠬᠥᠭᠵᠢᠯ ᠦᠨ ᠡᠳ᠋ ᠍ ᠦᠨ ᠵᠠᠰᠠᠭ ᠨᠢ ᠶᠠᠩᠵᠤ ᠪᠦᠷᠢ ᠶᠢᠨ ᠦᠵᠡᠯ ᠪᠠᠷᠢᠮᠲᠠᠯᠠᠯ᠂ ᠤᠴᠢᠷ ᠰᠢᠯᠲᠠᠭᠠᠨ ᠲᠠᠢ᠂ ᠡᠳ᠋ ᠍ ᠦᠨ ᠵᠠᠰᠠᠭ ᠤᠨ ᠨᠠᠷᠢᠨ ᠲᠥᠪᠡᠭᠲᠡᠢ ᠠᠰᠠᠭᠤᠳᠠᠯ ᠢ ᠰᠢᠢᠳᠪᠦᠷᠢᠯᠡᠬᠦ ᠳᠦ ᠱᠠᠭᠠᠷᠳᠠᠯᠭ᠎ᠠ ᠲᠠᠢ ᠰᠢᠨ᠎ᠡ ᠰᠠᠨᠠᠭ᠎ᠠ᠂ ᠰᠢᠨ᠎ᠡ ᠬᠠᠨᠳᠤᠯᠭ᠎ᠠ ᠶᠢ ᠪᠤᠢ ᠪᠣᠯᠤᠨᠠᠬᠤ ᠳᠤ ᠴᠢᠭᠯᠡᠭᠰᠡᠨ᠂ ᠣᠷᠴᠢᠨ ᠦᠶ᠎ᠡ ᠶᠢᠨ ᠪᠠᠭᠤᠷᠠᠢ ᠬᠥᠭᠵᠢᠯᠲᠡᠢ ᠭᠤᠷᠪᠠᠳᠠᠭᠴᠢ ᠣᠷᠣᠨ ᠨᠤᠭᠤᠳ ᠤᠨ ᠲᠤᠬᠠᠢ ᠰᠢᠨᠵᠢᠯᠡᠬᠦ ᠤᠬᠠᠭᠠᠨ ᠪᠥᠭᠡᠳ ᠦᠨᠳᠦᠰᠦᠯᠡᠭᠴᠢ ᠨᠢ 1979 ᠣᠨ ᠳᠤ ᠨᠣᠪᠧᠯ ᠤᠨ ᠱᠠᠩᠨᠠᠯ ᠬᠦᠷᠲᠡᠭᠰᠡᠨ ᠠᠷᠤ ᠳᠤᠷ ᠯᠤᠶᠢᠰᠲᠧᠣᠳᠧᠷ ᠱᠤᠯᠼ ᠨᠠᠷᠠ ᠶᠤᠮ᠃ ᠬᠥᠭᠵᠢᠯ ᠦᠨ ᠡᠳ᠋ ᠍ ᠦᠨ ᠵᠠᠰᠠᠭ ᠤᠨ ᠭᠣᠣᠯ ᠵᠣᠷᠢᠯᠭ᠎ᠠ ᠨᠢ ᠳᠡᠯᠡᠬᠡᠢ ᠶᠢᠨ ᠬᠦᠮᠦᠨ ᠠᠮᠠ ᠶᠢᠨ 2/3 ᠍ ᠶᠢᠨ ᠮᠠᠲ᠋ᠧᠷᠢᠶᠠᠯᠯᠢᠭ ᠠᠮᠢᠳᠤᠷᠠᠯ ᠢ ᠳᠡᠭᠡᠭᠰᠢᠯᠡᠭᠦᠯᠬᠦ ᠶᠢᠨ ᠲᠤᠯᠠᠳᠠ ᠭᠤᠷᠪᠠᠳᠠᠭᠴᠢ ᠶᠢᠷᠲᠢᠨᠴᠦ ᠶᠢᠨ ᠡᠳ᠋ ᠍ ᠦᠨ ᠵᠠᠰᠠᠭ ᠢ ᠰᠠᠶᠢᠲᠤᠷ ᠣᠶᠢᠯᠠᠭᠠᠵᠤ᠂ ᠲᠠᠨᠢᠨ ᠮᠡᠳᠡᠬᠦ ᠳᠦ ᠲᠤᠰᠠᠯᠠᠬᠤ ᠳᠤ ᠣᠷᠣᠰᠢᠨ᠎ᠠ᠃ ᠡᠳ᠋ ᠍ ᠦᠨ ᠵᠠᠰᠠᠭ ᠤᠨ ᠬᠥᠭᠵᠢᠯ = ᠡᠳ᠋ ᠍ ᠦᠨ ᠵᠠᠰᠠᠭ ᠤᠨ ᠥᠰᠦᠯᠲᠡ+ᠥᠭᠡᠷᠡᠴᠢᠯᠡᠯᠲᠡ ᠶᠢ ᠪᠠᠭᠲᠠᠭᠠᠨ᠎ᠠ᠃ ᠬᠥᠭᠵᠢᠯ ᠦᠨ ᠦᠢᠯᠡ ᠶᠠᠪᠤᠴᠠ ᠳᠤ ᠡᠳ᠋ ᠍ ᠦᠨ ᠵᠠᠰᠠᠭ ᠤᠨ ᠥᠰᠦᠯᠲᠡ ᠶᠢ ᠪᠣᠳᠣᠪᠠᠯ ᠴᠢᠨᠠᠷ ᠤᠨ ᠬᠡᠮᠵᠢᠭᠳᠡᠬᠦᠨ ᠨᠦᠭᠦᠳ ᠴᠢᠬᠤᠯᠠ ᠡᠭᠦᠷᠭᠡ ᠲᠡᠢ᠃ ᠡᠳ᠋ ᠍ ᠦᠨ ᠵᠠᠰᠠᠭ ᠤᠨ ᠬᠥᠭᠵᠢᠯ ᠢ 《ᠪᠦᠬᠦ ᠨᠡᠶᠢᠭᠡᠮ ᠤᠨ ᠰᠢᠰᠲ᠋ᠧᠮ ᠢ ᠤᠷᠤᠭᠰᠢ ᠴᠢᠭᠯᠡᠭᠰᠡᠨ ᠬᠥᠳᠡᠯᠭᠡᠭᠡᠨ》 ᠍ ᠪᠡᠷ ᠲᠣᠳᠣᠷᠬᠠᠶᠢᠯᠠᠵᠤ ᠪᠣᠯᠤᠨ᠎ᠠ᠃ ᠬᠥᠭᠵᠢᠯ ᠦᠨ ᠡᠳ᠋ ᠍ ᠦᠨ ᠵᠠᠰᠠᠭ ᠤᠨ ᠤᠬᠠᠭᠠᠨ ᠬᠡᠳᠦᠢ ᠪᠡᠷ ᠡᠳ᠋ ᠍ ᠦᠨ ᠵᠠᠰᠠᠭ ᠤᠨ ᠤᠬᠠᠭᠠᠨ ᠤ ᠪᠤᠰᠤᠳ ᠬᠡᠰᠡᠭ ᠦᠳ ᠦᠨ ᠣᠶᠢᠷᠠᠯᠴᠠᠭ᠎ᠠ ᠣᠶᠢᠯᠠᠭᠠᠯᠲᠠ᠂ ᠵᠠᠷᠴᠢᠮ ᠤᠳ ᠢ ᠰᠢᠭᠤᠳ ᠪᠤᠶᠤ ᠬᠤᠪᠢᠷᠠᠭᠠᠭᠰᠠᠨ ᠬᠡᠯᠪᠡᠷᠢ ᠪᠡᠷ ᠠᠰᠢᠭᠯᠠᠬᠤ ᠪᠣᠯᠪᠠᠴᠤ ᠰᠢᠨᠵᠢᠯᠡᠭᠡᠨ ᠦ ᠥᠪᠡᠷ ᠦᠨ ᠠᠷᠭ᠎ᠠ ᠪᠠᠷᠢᠯ ᠢ ᠲᠦᠷᠭᠡᠨ ᠪᠤᠢ ᠪᠣᠯᠭᠠᠵᠠᠢ᠃ ᠬᠥᠭᠵᠢᠯ ᠦᠨ ᠡᠳ᠋ ᠍ ᠦᠨ ᠵᠠᠰᠠᠭ ᠤᠬᠠᠭᠠᠨ ᠨᠢ ᠥᠷᠭᠡᠨ ᠬᠡᠮᠵᠢᠶᠡᠨ ᠦ ᠠᠰᠠᠭᠤᠳᠠᠯ ᠢ ᠬᠠᠮᠢᠶᠠᠷᠤᠨ᠎ᠠ᠃ ᠦᠢᠯᠡᠳᠪᠦᠷᠢᠯᠡᠯ ᠦᠨ ᠬᠣᠮᠰᠠ ᠨᠥᠭᠡᠴᠡ ᠶᠢ ᠦᠷ᠎ᠡ ᠥᠭᠭᠦᠭᠡᠴᠢ ᠲᠡᠢ ᠠᠰᠢᠭᠯᠠᠬᠤ᠂ ᠲᠡᠳᠡᠭᠡᠷ ᠦᠨ ᠲᠣᠭᠲᠠᠪᠤᠷᠢᠲᠠᠢ ᠥᠰᠦᠯᠲᠡ ᠶᠢ ᠬᠠᠩᠭᠠᠬᠤ ᠶᠢᠨ ᠵᠡᠷᠭᠡᠴᠡᠭᠡ ᠡᠳ᠋ ᠍ ᠦᠨ ᠵᠠᠰᠠᠭ᠂ ᠨᠡᠶᠢᠭᠡᠮ᠂ ᠤᠯᠤᠰ ᠲᠥᠷᠥ᠂ ᠵᠣᠬᠢᠶᠠᠨ ᠪᠠᠶᠢᠭᠤᠯᠤᠯᠲᠠ ᠶᠢᠨ ᠮᠧᠬᠠᠨᠢᠰᠮ ᠢ ᠰᠤᠳᠤᠯᠤᠨ᠎ᠠ᠃ ᠬᠥᠭᠵᠢᠯ ᠦᠨ ᠡᠳ᠋ ᠍ ᠦᠨ ᠵᠠᠰᠠᠭ ᠤᠨ ᠤᠬᠠᠭᠠᠨ ᠨᠢ ᠤᠯᠤᠰ ᠤᠨ ᠢᠳᠡᠪᠬᠢᠲᠡᠢ ᠡᠭᠦᠷᠭᠡ᠂ ᠡᠳ᠋ ᠍ ᠦᠨ ᠵᠠᠰᠠᠭ ᠤᠨ ᠰᠢᠯᠵᠢᠯᠲᠡ ᠶᠢᠨ ᠠᠰᠠᠭᠤᠳᠠᠯ ᠢᠶᠠᠷ ᠰᠢᠢᠳᠪᠦᠷᠢ ᠭᠠᠷᠭᠠᠬᠤ ᠦᠢᠯᠡ ᠠᠵᠢᠯᠯᠠᠭᠠᠨ ᠤ ᠵᠣᠬᠢᠴᠠᠭᠤᠯᠤᠯᠲᠠ ᠶᠢ ᠴᠢᠬᠤᠯᠠ ᠬᠡᠷᠡᠭᠰᠡᠯᠡᠭᠦᠷ ᠬᠡᠮᠡᠨ ᠠᠪᠴᠤ ᠦᠵᠡᠳᠡᠭ᠃ ᠬᠥᠭᠵᠢᠯ ᠦᠨ ᠬᠠᠷᠢᠴᠠᠭᠤᠯᠤᠭᠰᠠᠨ ᠲᠦᠪᠰᠢᠨ ᠨᠦᠭᠦᠳ ᠢ ᠬᠡᠮᠵᠢᠬᠦ ᠨᠢ ᠦᠨᠡᠬᠡᠷ ᠲᠥᠪᠡᠭᠲᠡᠢ ᠪᠦᠷᠢᠳᠭᠡᠯ ᠤᠨ ᠠᠷᠭ᠎ᠠ ᠵᠠᠮ ᠢᠶᠠᠷ᠂ ᠣᠷᠳ᠋ᠨᠠᠯ ᠬᠡᠮᠵᠢᠶᠡᠰᠦ ᠪᠡᠷ ᠨᠢᠭᠡ ᠤᠯᠤᠰ ᠨᠥᠭᠥᠭᠡ ᠪᠡᠨ ᠪᠣᠳᠣᠪᠠᠯ ᠢᠯᠡᠭᠦᠦ ᠬᠥᠭᠵᠢᠭᠰᠡᠨ ᠪᠣᠯᠤᠨ ᠠᠮᠢᠳᠤᠷᠠᠯ ᠤᠨ ᠰᠲ᠋ᠠᠨᠳᠠᠷᠲ ᠤᠨ ᠥᠰᠦᠯᠲᠡ ᠶᠢᠨ ᠲᠦᠪᠰᠢᠨ ᠦ ᠢᠯᠭᠠᠭ᠎ᠠ ᠶᠢ ᠲᠠᠶᠢᠯᠪᠤᠷᠢᠯᠠᠬᠤ᠂ ᠪᠣᠯᠤᠮᠵᠢ ᠲᠠᠢ ᠭᠡᠵᠦ ᠦᠵᠡᠳᠡᠭ᠃ ᠬᠠᠷᠢᠨ ᠺᠠᠷᠳ᠋ᠨᠠᠯ ᠬᠡᠮᠵᠢᠶᠡᠰᠦ ᠶᠢ ᠥᠨᠳᠥᠷ ᠬᠥᠭᠵᠢᠭᠰᠡᠨ ᠨᠢᠭᠡ ᠤᠯᠤᠰ ᠨᠥᠭᠥᠭᠡ ᠪᠡᠨ ᠪᠣᠳᠣᠪᠠᠯ ᠬᠡᠳᠦ ᠳᠠᠬᠢᠨ᠂ ᠡᠰᠡᠪᠡᠯ ᠬᠡᠳᠦ ᠪᠡᠷ ᠢᠯᠡᠭᠦᠦ ᠬᠥᠭᠵᠢᠭᠰᠡᠨ ᠢ ᠭᠠᠷᠭᠠᠬᠤ ᠳᠤ ᠪᠠᠨ ᠬᠡᠷᠡᠭᠯᠡᠳᠡᠭ᠃

ᠠᠩᠬᠢᠯᠠᠯ[ᠵᠠᠰᠠᠪᠤᠷᠢᠯᠠᠬᠤ | ᠺᠣᠳ᠋ ᠢᠶᠠᠷ ᠵᠠᠰᠠᠬᠣ]

ᠬᠥᠭᠵᠢᠯ ᠦᠨ ᠦᠨᠳᠦᠰᠦᠨ 3 ᠵᠣᠷᠢᠯᠭ᠎ᠠ
 1. ᠠᠮᠢᠳᠤᠷᠠᠯ ᠢ ᠲᠡᠳᠬᠦᠭᠴᠢ ᠪᠠᠷᠠᠭ᠎ᠠ᠂ ᠦᠢᠯᠡᠴᠢᠯᠡᠭᠡ ᠪᠣᠯᠬᠤ ᠬᠦᠨᠡᠰᠦ᠂ ᠣᠷᠣᠨ ᠰᠠᠭᠤᠴᠠ᠂ ᠡᠷᠡᠭᠦᠯ ᠮᠡᠨᠳᠦ ᠶᠢᠨ ᠬᠠᠮᠠᠭᠠᠯᠠᠯᠲᠠ᠂ ᠠᠶᠤᠯ ᠦᠭᠡᠢ ᠪᠠᠶᠢᠳᠠᠯ ᠤᠨ ᠬᠠᠩᠭᠠᠮᠵᠢ᠂ ᠨᠡᠶᠢᠯᠡᠭᠦᠯᠦᠯᠲᠡ ᠶᠢ ᠨᠡᠮᠡᠭᠳᠡᠭᠦᠯᠬᠦ᠂ ᠬᠦᠷᠦᠯᠴᠡᠭᠡᠲᠡᠢ ᠪᠠᠶᠢᠯᠭᠠᠬᠤ᠃
 2. ᠣᠷᠣᠯᠭ᠎ᠠ ᠶᠢᠨ ᠥᠰᠦᠯᠲᠡ ᠶᠢᠨ ᠵᠡᠷᠭᠡᠴᠡᠭᠡ ᠠᠵᠢᠯ ᠤᠨᠨ ᠪᠠᠶᠢᠷᠢᠨ ᠤ ᠥᠰᠦᠯᠲᠡ᠂ ᠴᠢᠨᠠᠷᠲᠠᠢ ᠪᠣᠯᠪᠠᠰᠤᠷᠠᠯ᠂ ᠰᠤᠶᠤᠯ ᠤᠨ ᠪᠣᠯᠤᠨ ᠬᠦᠮᠦᠨᠯᠢᠭ ᠦᠨ ᠦᠨᠡᠲᠦ ᠵᠦᠢᠯ ᠳᠦ ᠶᠡᠬᠡᠬᠡᠨ ᠠᠩᠬᠠᠷᠬᠣ ᠲᠠᠯ᠎ᠠ ᠶᠢ ᠬᠠᠮᠤᠷᠬᠤ ᠠᠮᠢᠳᠤᠷᠠᠯ ᠤᠨ ᠲᠦᠪᠰᠢᠨ ᠦ ᠳᠡᠭᠡᠭᠰᠢᠯᠡᠯᠲᠡ᠃
 3. ᠪᠤᠰᠤᠳ ᠬᠦᠮᠦᠰ ᠤᠯᠤᠰ ᠣᠷᠣᠨ ᠠᠴᠠ ᠬᠠᠮᠢᠶᠠᠷᠤᠯᠲᠠ ᠪᠠᠶᠢᠳᠠᠯ᠂ ᠵᠠᠬᠢᠷᠤᠭᠳᠠᠬᠤ ᠪᠠᠶᠢᠳᠠᠯ ᠢ ᠰᠤᠯᠠᠷᠠᠭᠤᠯᠬᠤ ᠶᠢᠨ ᠲᠤᠯᠠᠳᠠ ᠡᠳ᠋ ᠍ ᠦᠨ ᠵᠠᠰᠠᠭ᠂ ᠨᠡᠶᠢᠭᠡᠮ ᠳ᠋ᠡᠬᠢ ᠰᠣᠩᠭᠣᠯᠲᠠ ᠶᠢᠨ ᠥᠷᠭᠡᠨ ᠪᠣᠯᠤᠯᠴᠠᠭ᠎ᠠ ᠶᠢ ᠬᠤᠪᠢ ᠬᠦᠮᠦᠨ ᠨᠡᠶᠢᠭᠡᠮ ᠳᠦ ᠣᠯᠭᠣᠬᠤ᠃
ᠡᠳ᠋ ᠍ ᠦᠨ ᠵᠠᠰᠠᠭ ᠢ ᠦᠨᠡᠯᠡᠬᠦ ᠦᠨᠳᠦᠰᠦᠨ 3 ᠦᠨᠡᠯᠡᠯᠲᠡ ᠪᠠᠶᠢᠳᠠᠭ᠃
 1. ᠠᠩᠬᠠᠳᠠᠭᠴᠢ ᠦᠨᠡᠯᠡᠯᠲᠡ ᠨᠢ ᠠᠩᠬᠠᠨ ᠱᠠᠲᠤᠨ ᠤ ᠬᠡᠷᠡᠭᠴᠡᠭᠡ ᠪᠡᠨ ᠬᠠᠩᠭᠠᠬᠤ ᠴᠢᠳᠠᠪᠤᠷᠢ ᠲᠠᠢ ᠪᠠᠶᠢᠬᠤ ᠶᠠᠪᠤᠳᠠᠯ᠃
 2. ᠬᠣᠶᠠᠷ ᠳ᠋ᠡᠬᠢ ᠦᠨᠡᠯᠡᠯᠲᠡ ᠨᠢ ᠬᠦᠮᠦᠨ ᠥᠪᠡᠷ ᠢ ᠪᠡᠨ ᠢᠯᠡᠷᠬᠡᠶᠢᠯᠡᠬᠦ ᠴᠢᠳᠠᠪᠤᠷᠢ ᠲᠠᠢ ᠪᠠᠶᠢᠬᠤ ᠶᠠᠪᠤᠳᠠᠯ ᠶᠤᠮ᠃
 3. ᠭᠤᠷᠪᠠ ᠳᠠᠬᠢ ᠦᠨᠡᠯᠡᠯᠲᠡ ᠨᠢ ᠰᠣᠩᠭᠣᠯᠲᠠ ᠬᠢᠬᠦ ᠴᠢᠳᠠᠪᠤᠷᠢ ᠲᠠᠢ ᠪᠠᠶᠢᠬᠤ ᠶᠠᠪᠤᠳᠠᠯ ᠶᠤᠮ᠃
ᠳᠡᠭᠡᠷᠡᠬᠢ ᠦᠨᠡᠯᠡᠯᠲᠡ ᠨᠦᠭᠦᠳ ᠲᠡᠢ ᠬᠣᠯᠪᠣᠭᠠᠲᠠᠢ ᠪᠠᠷ ᠬᠥᠭᠵᠢᠯ ᠦᠨ ᠭᠤᠷᠪᠠᠨ ᠵᠣᠷᠢᠯᠲᠠ ᠤᠷᠭᠤᠨ ᠭᠠᠷᠴᠤ ᠢᠷᠡᠳᠡᠭ᠃
 1. ᠠᠩᠬᠠᠳᠠᠭᠴᠢ ᠵᠣᠷᠢᠯᠲᠠ ᠨᠢ ᠠᠮᠢᠳᠤᠷᠠᠯ ᠤᠨ ᠬᠡᠷᠡᠭᠴᠡᠭᠡ ᠪᠣᠯᠬᠤ ᠬᠣᠭᠣᠯᠠ ᠬᠦᠨᠡᠰᠦ᠂ ᠡᠷᠡᠭᠦᠯ ᠮᠡᠨᠳᠦ᠂ ᠠᠶᠤᠯ ᠦᠭᠡᠢ ᠪᠠᠶᠢᠳᠠᠯ᠂ ᠨᠡᠶᠢᠭᠡᠮ ᠤᠨ ᠬᠠᠮᠠᠭᠠᠯᠠᠯ ᠢ ᠰᠠᠶᠢᠵᠢᠷᠠᠭᠤᠯᠵᠤ᠂ ᠨᠡᠶᠢᠭᠡᠮ ᠳ᠋ᠡᠬᠢ ᠬᠤᠪᠢᠶᠠᠷᠢᠯᠠᠯᠲᠠ ᠶᠢ ᠲᠡᠭᠰᠢ᠂ ᠰᠢᠳᠤᠷᠭᠤ ᠪᠣᠯᠭᠠᠬᠤ ᠳᠤ ᠣᠷᠣᠰᠢᠨ᠎ᠠ᠃
 2. ᠬᠣᠶᠠᠷ ᠳ᠋ᠡᠬᠢ ᠵᠣᠷᠢᠯᠲᠠ ᠨᠢ ᠠᠮᠢᠵᠢᠷᠭᠠᠨ ᠤ ᠲᠦᠪᠰᠢᠨ ᠢ ᠨᠡᠮᠡᠭᠳᠡᠭᠦᠯᠬᠦ᠃ ᠲᠤᠬᠠᠶᠢᠯᠠᠪᠠᠯ᠂ ᠬᠦᠮᠦᠨ ᠠᠮᠠ ᠶᠢᠨ ᠣᠷᠣᠯᠭ᠎ᠠ ᠶᠢ ᠥᠰᠬᠡᠬᠦ᠂ ᠠᠵᠢᠯ ᠤᠨᠨ ᠪᠠᠶᠢᠷᠢ ᠶᠢ ᠥᠰᠬᠡᠬᠦ᠂ ᠪᠣᠯᠪᠠᠰᠤᠷᠠᠯ ᠤᠨ ᠲᠦᠪᠰᠢᠨ ᠢ ᠳᠡᠭᠡᠭᠰᠢᠯᠡᠭᠦᠯᠬᠦ᠃ ᠢᠩᠭᠢᠭᠰᠡᠭᠡᠷ ᠬᠦᠮᠦᠨ ᠥᠪᠡᠷ ᠢ ᠪᠡᠨ ᠢᠯᠡᠷᠬᠡᠶᠢᠯᠡᠬᠦ ᠴᠢᠳᠠᠪᠤᠷᠢ ᠶᠢ ᠨᠡᠮᠡᠭᠳᠡᠭᠦᠯᠬᠦ ᠪᠣᠯᠤᠮᠵᠢ ᠲᠠᠢ ᠪᠣᠯᠤᠨ᠎ᠠ᠃
 3. ᠭᠤᠷᠪᠠ ᠳᠤ ᠬᠢ ᠵᠣᠷᠢᠯᠲᠠ ᠨᠢ ᠬᠦᠮᠦᠨ ᠦ ᠡᠳ᠋ ᠍ ᠦᠨ ᠵᠠᠰᠠᠭ ᠤᠨ ᠪᠣᠯᠤᠨ ᠨᠡᠶᠢᠭᠡᠮ ᠤᠨ ᠰᠣᠩᠭᠣᠯᠲᠠ ᠶᠢᠨ ᠬᠦᠷᠢᠶ᠎ᠡ ᠶᠢ ᠦᠷᠭᠡᠳᠭᠡᠬᠦ᠃

ᠬᠥᠭᠵᠢᠯ ᠦᠨ ᠡᠳ᠋ ᠍ ᠦᠨ ᠵᠠᠰᠠᠭ ᠤᠨ ᠣᠨᠣᠯ ᠤᠨ ᠰᠤᠳᠤᠯᠳᠠᠭ ᠠᠰᠠᠭᠤᠳᠠᠯ ᠤᠳ[ᠵᠠᠰᠠᠪᠤᠷᠢᠯᠠᠬᠤ | ᠺᠣᠳ᠋ ᠢᠶᠠᠷ ᠵᠠᠰᠠᠬᠣ]

 1. ᠬᠥᠭᠵᠢᠯ ᠭᠡᠳᠡᠭ ᠨᠢ ᠪᠣᠳᠠᠲᠤ ᠤᠳᠬ᠎ᠠ ᠪᠠᠷ ᠢᠶᠠᠨ ᠤᠤ ᠭᠡᠰᠡᠨ ᠦᠭᠡ ᠪᠤᠢ?
 2. ᠬᠥᠭᠵᠢᠯ ᠦᠨ ᠡᠬᠢ ᠡᠭᠦᠰᠪᠦᠷᠢ ᠨᠢ ᠤᠤ ᠪᠤᠢ? ᠡᠨᠡᠬᠦ ᠬᠥᠭᠵᠢᠯ ᠡᠴᠡ ᠬᠡᠨ ᠢᠯᠡᠭᠦᠦ ᠠᠰᠢᠭ ᠣᠯᠵᠤ ᠪᠠᠶᠢᠨ᠎ᠠ ᠪᠤᠢ? ᠶᠠᠭᠠᠬᠢᠭᠠᠳ ᠨᠢᠭᠡ ᠬᠡᠰᠡᠭ ᠶᠠᠳᠠᠭᠤ ᠣᠷᠣᠨ ᠨᠤᠭᠤᠳ ᠲᠦᠷᠭᠡᠨ ᠬᠥᠭᠵᠢᠵᠦ᠂ ᠨᠥᠭᠥᠭᠡ ᠬᠡᠰᠡᠭ ᠨᠢ ᠪᠠᠭᠤᠷᠠᠢ ᠬᠡᠪ ᠢᠶᠡᠷ ᠦᠯᠡᠳᠡᠵᠦ ᠪᠠᠶᠢᠨ᠎ᠠ ᠪᠤᠢ?
 3. ᠪᠠᠭᠤᠷᠠᠢ ᠬᠥᠭᠵᠢᠯ ᠨᠢ ᠳᠣᠲᠣᠭᠠᠳᠤ ᠬᠦᠴᠦᠨ ᠵᠦᠢᠯ ᠦᠦ᠂ ᠭᠠᠳᠠᠭᠠᠳᠤ ᠬᠦᠴᠦᠨ ᠵᠦᠢᠯ ᠦᠦ?
 4. ᠬᠥᠭᠵᠢᠵᠦ ᠪᠤᠢ ᠣᠷᠣᠨ ᠨᠤᠭᠤᠳ ᠤᠨ ᠥᠨᠥ ᠶᠢᠨ ᠨᠥᠬᠥᠴᠡᠯ ᠪᠠᠶᠢᠳᠠᠯ ᠨᠢ ᠬᠥᠭᠵᠢᠩᠭᠦᠢ ᠤᠯᠤᠰ ᠣᠷᠣᠨ ᠨᠤᠭᠤᠳ ᠤᠨ ᠡᠬᠢᠨ ᠦᠶ᠎ᠡ ᠲᠡᠢ ᠢᠵᠢᠯ ᠲᠥᠰᠲᠡᠢ ᠡᠰᠡᠬᠦ?
 5. ᠡᠳ᠋ ᠍ ᠦᠨ ᠵᠠᠰᠠᠭ ᠤᠨ ᠬᠥᠭᠵᠢᠯᠳᠦ ᠡᠮᠡᠭᠲᠡᠶᠢᠴᠦᠳ ᠦᠨ ᠭᠦᠢᠴᠡᠳᠭᠡᠬᠦ ᠡᠭᠦᠷᠭᠡ᠃
 6. ᠬᠦᠮᠦᠨ ᠠᠮᠠ ᠶᠢᠨ ᠬᠤᠷᠳᠤᠴᠠ ᠲᠠᠢ ᠥᠰᠦᠯᠲᠡ ᠨᠢ ᠡᠳ᠋ ᠍ ᠦᠨ ᠵᠠᠰᠠᠭ ᠤᠨ ᠥᠰᠦᠯᠲᠡᠳ ᠬᠡᠷᠬᠢᠨ ᠨᠥᠯᠦᠭᠡᠯᠡᠵᠦ ᠪᠤᠢ?
 7. ᠶᠠᠭᠠᠬᠢᠭᠠᠳ ᠬᠥᠭᠵᠢᠵᠦ ᠪᠤᠢ ᠤᠯᠤᠰ ᠣᠷᠣᠨ ᠨᠤᠭᠤᠳ ᠲᠤ ᠲᠥᠪᠡᠳ ᠲᠠᠲᠠᠬᠤ ᠬᠦᠴᠦ ᠡᠷᠴᠢᠮᠲᠡᠢ ᠦᠢᠯᠡᠴᠢᠯᠡᠵᠦ ᠬᠣᠲᠠᠵᠢᠬᠤ ᠶᠠᠪᠤᠴᠠ ᠢᠯᠡᠭᠦᠦ ᠬᠤᠷᠳᠤᠰᠴᠤ ᠪᠠᠶᠢᠨ᠎ᠠ ᠪᠤᠢ?
 8. ᠪᠠᠶᠢᠭᠠᠯᠢ ᠣᠷᠴᠢᠨ ᠲᠠᠢ ᠵᠣᠬᠢᠴᠠᠭᠰᠠᠨ ᠬᠥᠭᠵᠢᠯ ᠭᠡᠵᠦ ᠤᠤ ᠪᠤᠢ?
 9. ᠬᠥᠭᠵᠢᠵᠦ ᠪᠤᠢ ᠣᠷᠣᠨ ᠨᠤᠭᠤᠳ ᠤᠨ ᠪᠣᠯᠪᠠᠰᠤᠷᠠᠯ ᠤᠨ ᠲᠣᠭᠲᠠᠯᠴᠠᠭ᠎ᠠ ᠨᠢ ᠡᠳ᠋ ᠍ ᠦᠨ ᠵᠠᠰᠠᠭ ᠤᠨ ᠬᠥᠭᠵᠢᠯᠳᠦ ᠡᠶᠡᠷᠭᠦ ᠪᠡᠷ ᠨᠥᠯᠦᠭᠡᠯᠡᠵᠦ ᠴᠢᠳᠠᠵᠤ ᠪᠠᠶᠢᠨ᠎ᠠ ᠤᠤ?
 10. ᠯᠢᠪᠧᠷᠠᠯᠴᠢᠯᠠᠯ ᠥᠷᠭᠡᠵᠢᠵᠦ ᠪᠠᠶᠢᠭ᠎ᠠ ᠨᠢ ᠶᠠᠳᠠᠭᠤ ᠪᠠᠭᠤᠷᠠᠢ ᠣᠷᠣᠨ ᠨᠤᠭᠤᠳ ᠲᠤ ᠠᠰᠢᠭᠲᠠᠢ ᠤᠤ? ᠡᠭᠦᠨ ᠡᠴᠡ ᠬᠡᠨ ᠠᠰᠢᠭ ᠣᠯᠵᠤ ᠪᠠᠶᠢᠨ᠎ᠠ ᠪᠤᠢ?
 11. ᠬᠥᠭᠵᠢᠩᠭᠦᠢ ᠤᠯᠤᠰ ᠣᠷᠣᠨ ᠨᠤᠭᠤᠳ ᠠᠴᠠ ᠦᠵᠡᠭᠦᠯᠵᠦ ᠪᠤᠢ ᠡᠳ᠋ ᠍ ᠦᠨ ᠵᠠᠰᠠᠭ ᠤᠨ ᠲᠤᠰᠠᠯᠠᠮᠵᠢ ᠶᠢᠨ ᠨᠥᠯᠥᠭᠡ ᠶᠠᠮᠠᠷ ᠪᠠᠶᠢᠨ᠎ᠠ ᠪᠤᠢ? ᠪᠠᠭᠤᠷᠠᠢ ᠬᠥᠭᠵᠢᠯᠲᠡᠢ ᠣᠷᠣᠨ ᠨᠤᠭᠤᠳ ᠲᠤ ᠭᠠᠳᠠᠭᠠᠳᠤ ᠶᠢᠨ ᠵᠡᠭᠡᠯᠢ ᠲᠤᠰᠠᠯᠠᠮᠵᠢ ᠶᠢ ᠠᠪᠬᠤ ᠬᠡᠷᠡᠭᠲᠡᠢ ᠤᠤ? ᠠᠪᠠᠪᠠᠯ ᠶᠠᠮᠠᠷ ᠨᠥᠬᠥᠴᠡᠯᠲᠡᠢ ᠪᠡᠷ ᠠᠪᠬᠤ ᠪᠤᠢ?
 12. ᠴᠢᠯᠦᠭᠡᠲᠦ ᠡᠳ᠋ ᠍ ᠦᠨ ᠵᠠᠰᠠᠭ᠂ ᠥᠮᠴᠢ ᠬᠤᠪᠢᠴᠢᠯᠠᠯ ᠨᠢ ᠬᠥᠭᠵᠢᠯ ᠦᠨ ᠠᠰᠠᠭᠤᠳᠠᠯ ᠢ ᠰᠢᠢᠳᠴᠦ ᠴᠢᠳᠠᠬᠤ ᠤᠤ?

ᠪᠢᠴᠢᠭᠡᠰᠦ