ᠭᠤᠷᠪᠠᠨᠰᠠᠶᠢᠬᠠᠨ ᠰᠤᠮᠤ

ᠴᠢᠯᠦᠭᠡᠲᠦ ᠨᠡᠪᠲᠡᠷᠬᠡᠢ ᠲᠣᠯᠢ — ᠸᠢᠺᠢᠫᠧᠳᠢᠶ᠎ᠠ ᠠᠴᠠ
ᠬᠠᠷᠠᠶᠢᠬᠤ: ᠤᠳᠤᠷᠢᠳᠬᠤ, ᠬᠠᠶᠢᠯᠲᠠ

ᠭᠤᠷᠪᠠᠨᠰᠠᠶᠢᠬᠠᠨ ᠨᠢ ᠳᠤᠮᠳᠠᠭᠤᠪᠢ ᠠᠶᠢᠮᠠᠭ ᠤᠨ ᠰᠤᠮᠤ ᠶᠤᠮ᠃

ᠳᠤᠮᠳᠠᠭᠤᠪᠢ ᠠᠶᠢᠮᠠᠭ ᠤᠨ ᠭᠤᠷᠪᠠᠨᠰᠠᠶᠢᠬᠠᠨ ᠰᠤᠮᠤ ᠨᠢ ᠠᠶᠢᠮᠠᠭ ᠤᠨ ᠲᠥᠪ ᠡᠴᠡ ᠵᠡᠭᠦᠨ ᠤᠷᠤᠭᠰᠢ 71 ᠺᠢᠯᠣᠮᠧᠲ᠋ᠷ᠂ ᠤᠯᠠᠭᠠᠨᠪᠠᠭᠠᠲᠤᠷ ᠬᠣᠲᠠ ᠠᠴᠠ 300 ᠺᠢᠯᠣᠮᠧᠲ᠋ᠷ ᠳᠦ ᠣᠷᠣᠰᠢᠳᠠᠭ᠃ ᠭᠣᠪᠢ ᠬᠡᠭᠡᠷ᠎ᠡ ᠶᠢᠨ ᠪᠥᠰᠡ ᠳᠦ ᠪᠠᠭᠲᠠᠳᠠᠭ 554.9 ᠺᠢᠯᠣᠮᠧᠲ᠋ᠷ 2 ᠬᠠᠪᠲᠠᠭᠠᠢ ᠳᠥᠷᠪᠡᠯᠵᠢᠨ ᠨᠤᠲᠤᠭ ᠳᠡᠪᠢᠰᠬᠡᠷ ᠲᠡᠢ᠃ ᠤᠯᠤᠰ ᠤᠨ ᠲᠤᠰᠬᠠᠢ ᠬᠠᠮᠠᠭᠠᠯᠠᠯᠲᠠ ᠲᠠᠢ ᠭᠠᠵᠠᠷ ᠨᠤᠲᠤᠭ ᠪᠣᠯᠬᠤ 《ᠶᠡᠬᠡ ᠭᠠᠵᠠᠷ ᠤᠨ ᠴᠢᠯᠠᠭᠤ》 ᠶᠠᠷᠬᠢᠨ ᠠᠭᠤᠯᠠ ᠵᠡᠷᠭᠡ ᠦᠵᠡᠰᠬᠦᠯᠡᠩᠲᠦ ᠭᠠᠵᠠᠷ ᠤᠳ ᠪᠠᠭᠲᠠᠳᠠᠭ ᠲᠣᠮᠣᠬᠠᠨ ᠨᠤᠲᠤᠭ᠃ ᠥᠪᠡᠷ ᠦᠨ ᠠᠶᠢᠮᠠᠭ ᠤᠨ ᠥᠯᠵᠡᠶᠢᠲᠦ᠂ ᠥᠨᠳᠥᠷᠰᠢᠯ᠂ ᠪᠠᠶᠠᠨᠵᠢᠷᠭᠠᠯᠠᠩ᠂ ᠭᠣᠪᠢ-ᠤᠭᠲᠠᠭᠠᠯ ᠵᠡᠷᠭᠡ ᠰᠤᠮᠤ ᠳᠤ ᠤᠳ ᠲᠠᠢ ᠨᠤᠲᠤᠭ ᠤᠨ ᠬᠢᠯᠢ ᠵᠠᠯᠭᠠᠳᠠᠭ᠃ ᠵᠠᠰᠠᠭ ᠵᠠᠬᠢᠷᠭᠠᠨ ᠤ ᠨᠢᠭᠡᠴᠡ ᠶᠢᠨ ᠬᠤᠪᠢ ᠳᠤ 5 ᠍ ᠍ ᠍ ᠶᠢᠨ ᠪᠠᠭ ᠲᠤ ᠬᠤᠪᠢᠶᠠᠭᠳᠠᠳᠠᠭ᠃ ᠲᠤᠰ ᠰᠤᠮᠤ ᠨᠢ 691 ᠡᠷᠦᠬᠡ᠂ 2493 ᠬᠦᠮᠦᠨ ᠠᠮᠠ ᠲᠠᠢ ᠡᠭᠦᠨ ᠡᠴᠡ 60% ᠨᠢ МАА ᠰᠠᠯᠪᠤᠷᠢ ᠳᠤ ᠠᠵᠢᠯᠯᠠᠳᠠᠭ᠃ ᠬᠦᠮᠦᠨ ᠠᠮᠠ ᠶᠢᠨ ᠴᠡᠪᠡᠷ ᠥᠰᠦᠯᠲᠡ ᠵᠢᠯ ᠲᠤᠲᠤᠮ 4.6% ᠍ ᠍ ᠍ ᠲᠠᠢ ᠪᠠᠶᠢᠨ᠎ᠠ᠃

ᠶᠡᠷᠦᠩᠬᠡᠢ ᠪᠣᠯᠪᠠᠰᠤᠷᠠᠯ ᠤᠨ ᠰᠤᠷᠭᠠᠭᠤᠯᠢ ᠳᠤ 300 ᠭᠠᠷᠤᠢ ᠬᠡᠦᠬᠡᠳ ᠰᠤᠷᠤᠯᠴᠠᠵᠤ ᠪᠠᠶᠢᠨ᠎ᠠ᠃ ᠰᠡᠭᠦᠯ ᠦᠨ 5 ᠵᠢᠯ ᠳᠤ ᠰᠤᠷᠭᠠᠭᠤᠯᠢ ᠵᠠᠪᠰᠠᠷᠳᠠᠯᠲᠠ᠂ ᠬᠠᠯᠳᠠᠪᠤᠷᠢᠲᠤ ᠡᠪᠡᠳᠴᠢᠨ ᠭᠠᠷᠤᠭ᠎ᠠ ᠦᠭᠡᠢ ᠠᠮᠵᠢᠯᠲᠠ ᠪᠠᠷ ᠢᠶᠠᠨ ᠡᠷᠡᠭᠦᠯ ᠮᠡᠨᠳᠦ᠂ ᠪᠣᠯᠪᠠᠰᠤᠷᠠᠯ ᠤᠨ ᠰᠠᠯᠪᠤᠷᠢ ᠠᠵᠢᠯᠯᠠᠵᠤ ᠪᠠᠶᠢᠨ᠎ᠠ᠃

ᠮᠠᠯ ᠠᠵᠤ ᠠᠬᠤᠢ ᠶᠢᠨ ᠬᠤᠪᠢ ᠳᠤ ᠰᠡᠭᠦᠯ ᠦᠨ 5 ᠵᠢᠯ ᠮᠠᠯ ᠰᠦᠷᠦᠭ ᠢᠶᠡᠨ 5 ᠲᠥᠷᠥᠯ ᠳᠡᠭᠡᠷ᠎ᠡ ᠥᠰᠬᠡᠵᠦ 152905 ᠲᠣᠯᠣᠭᠠᠢ ᠳᠤ ᠬᠦᠷᠢᠶ᠎ᠡ ᠳᠦ ᠪᠠᠶᠢᠨ᠎ᠠ᠃ ᠮᠥᠨ ᠡᠨᠡ ᠣᠨ ᠳᠤ ᠰᠤᠮᠤ ᠠᠴᠠ 14 ᠮᠢᠩᠭᠠᠲᠤ ᠮᠠᠯᠴᠢᠨ ᠲᠥᠷᠥᠨ ᠭᠠᠷᠤᠭᠰᠠᠨ᠃

ᠲᠤᠰ ᠰᠤᠮᠤᠨ ᠳᠤ 80 ᠭᠠᠷᠤᠢ ᠲᠥᠷᠥ ᠶᠢᠨ ᠠᠯᠪᠠᠨ ᠬᠠᠭᠠᠭᠴᠢᠳ ᠲᠥᠷᠥ ᠶᠢᠨ ᠦᠢᠯᠡᠴᠢᠯᠡᠭᠡ ᠶᠢ ᠢᠷᠭᠡᠳ ᠲᠦ ᠲᠦᠷᠭᠡᠨ ᠰᠢᠭᠤᠷᠬᠠᠢ ᠢᠯᠡ ᠲᠣᠳᠣ ᠬᠦᠷᠭᠡᠬᠦ ᠵᠠᠷᠴᠢᠮ ᠤᠨ ᠦᠨᠳᠦᠰᠦᠨ ᠳᠦ ᠠᠵᠢᠯᠯᠠᠵᠤ ᠪᠠᠶᠢᠨ᠎ᠠ᠃ ᠨᠡᠶᠢᠲᠡ ᠲᠥᠰᠥᠪ ᠦᠨ ᠪᠠᠶᠢᠭᠤᠯᠤᠯᠭ᠎ᠠ ᠨᠤᠭᠤᠳ ᠤᠨ ᠤᠳᠤᠷᠢᠳᠤᠯᠭ᠎ᠠ ᠨᠤᠭᠤᠳ 30 ᠍ ᠍ ᠍ ᠠᠴᠠ ᠳᠣᠲᠣᠭᠰᠢ ᠨᠠᠰᠤᠨ ᠤ ᠵᠠᠯᠠᠭᠤᠴᠤᠳ ᠠᠵᠢᠯᠯᠠᠳᠠᠭ ᠨᠢ ᠰᠤᠮᠤ ᠶᠢᠨ ᠬᠥᠭᠵᠢᠯᠳᠦ ᠵᠠᠯᠠᠭᠤᠴᠤᠳ ᠤᠨ ᠣᠷᠣᠯᠴᠠᠭ᠎ᠠ ᠶᠢ ᠨᠡᠮᠡᠭᠳᠡᠭᠦᠯᠬᠦ ᠭᠣᠣᠯ ᠬᠦᠴᠦᠨ ᠵᠦᠢᠯ ᠪᠣᠯᠳᠠᠭ᠃ ᠮᠥᠨ ᠨᠡᠶᠢᠲᠡ ᠬᠦᠮᠦᠨ ᠠᠮᠠ ᠶᠢᠨ 70 ᠭᠠᠷᠤᠢ ᠬᠤᠪᠢ ᠶᠢ ᠵᠠᠯᠠᠭᠤᠴᠤᠳ ᠡᠵᠡᠯᠡᠳᠡᠭ᠃ 2007 ᠣᠨ ᠳᠤ ᠲᠤᠰ ᠰᠤᠮᠤ ᠨᠢ ᠵᠠᠰᠠᠭ ᠤᠨ ᠭᠠᠵᠠᠷ ᠤᠨ ᠪᠣᠯᠤᠨ ᠠᠶᠢᠮᠠᠭ᠂ ᠰᠤᠮᠤ ᠶᠢᠨ ᠵᠠᠰᠠᠭ ᠳᠠᠷᠤᠭ᠎ᠠ ᠨᠠᠷ ᠤᠨ ᠳᠡᠪᠰᠢᠭᠦᠯᠦᠭᠰᠡᠨ ᠵᠣᠷᠢᠯᠭ᠎ᠠ ᠵᠣᠷᠢᠯᠲᠠ ᠶᠢ ᠬᠡᠷᠡᠭᠵᠢᠭᠦᠯᠵᠦ ᠠᠵᠢᠯᠯᠠᠬᠤ ᠠᠴᠠ ᠭᠠᠳᠠᠨ᠎ᠠ ᠰᠤᠮᠤᠨ ᠳᠤ ᠪᠠᠨ 《ᠠᠵᠢᠯ ᠤᠨᠨ ᠪᠠᠶᠢᠷᠢ ᠶᠢ ᠨᠡᠮᠡᠭᠳᠡᠭᠦᠯᠬᠦ᠂ ᠵᠢᠵᠢᠭ ᠳᠤᠮᠳᠠ ᠦᠢᠯᠡᠳᠪᠦᠷᠢᠯᠡᠯ ᠢ ᠳᠡᠮᠵᠢᠬᠦ ᠵᠢᠯ》 ᠪᠣᠯᠭᠠᠨ ᠵᠠᠷᠯᠠᠵᠤ ᠠᠵᠢᠯᠯᠠᠭᠰᠠᠨ ᠢᠶᠠᠷ ᠰᠤᠮᠤᠨ ᠳᠤ ᠵᠢᠵᠢᠭ ᠪᠢᠽᠢᠨ᠋ᠧᠰ ᠡᠷᠬᠢᠯᠡᠭᠴᠢᠳ ᠦᠨ ᠲᠣᠭ᠎ᠠ ᠤᠷᠢᠳᠤ ᠵᠢᠯ ᠦᠳ ᠦᠨ ᠬᠢ ᠡᠴᠡ ᠨᠡᠮᠡᠭᠳᠡᠵᠦ ᠪᠠᠶᠢᠩᠭᠤ ᠶᠢᠨ ᠪᠣᠯᠤᠨ ᠲᠦᠷᠢ ᠠᠵᠢᠯ ᠤᠨᠨ ᠪᠠᠶᠢᠷᠢᠨ ᠳᠤ 60 ᠭᠠᠷᠤᠢ ᠬᠦᠮᠦᠨ ᠠᠮᠠᠷᠠᠭᠤᠯᠤᠨ ᠠᠵᠢᠯᠯᠠᠯ᠎ᠠ᠃ ᠰᠤᠮᠤᠨ ᠳᠤ ᠪᠠᠨ 2005 ᠣᠨ ᠳᠤ 43889.79, 2006 ᠣᠨ ᠳᠤ 35161.07_ 2007 ᠣᠨ ᠳᠤ 96949.9 ᠲᠥᠭᠥᠷᠢᠭ ᠦᠨ ᠬᠥᠷᠥᠩᠭᠡ ᠣᠷᠣᠭᠤᠯᠤᠯᠲᠠ ᠬᠢᠭᠰᠡᠨ ᠪᠠᠶᠢᠨ᠎ᠠ᠃ ᠰᠡᠭᠦᠯ ᠦᠨ 2-3 ᠵᠢᠯ ᠳᠤ ᠪᠠᠶᠢᠭᠠᠯᠢ ᠶᠢᠨ ᠭᠠᠮᠰᠢᠭ ᠭᠠᠩᠭ᠎ᠠ ᠶᠢᠨ ᠤᠯᠠᠮ ᠠᠴᠠ ᠨᠡᠶᠢᠲᠡ ᠮᠠᠯᠴᠢᠨ ᠡᠷᠦᠬᠡ ᠶᠢᠨ 70 ᠭᠠᠷᠤᠢ ᠬᠤᠪᠢ ᠨᠢ ᠠᠯᠤᠰ ᠤᠨ ᠠᠶᠢᠮᠠᠭ ᠳᠣᠷᠣᠨᠠᠭᠣᠪᠢ᠂ ᠡᠮᠦᠨᠡᠭᠣᠪᠢ᠂ ᠭᠣᠪᠢ-ᠰᠦᠮᠪᠦᠷ᠂ ᠲᠥᠪ ᠠᠶᠢᠮᠠᠭ᠂ ᠤᠯᠠᠭᠠᠨᠪᠠᠭᠠᠲᠤᠷ ᠠᠴᠠ ᠬᠣᠶᠢᠰᠢ ᠨᠤᠲᠤᠭ ᠲᠤ ᠣᠲᠣᠷ ᠬᠢᠵᠦ ᠪᠠᠶᠢᠨ᠎ᠠ᠃ ᠮᠥᠨ ᠪᠠᠶᠢᠭᠠᠯᠢ ᠶᠢᠨ ᠦᠵᠡᠰᠬᠦᠯᠡᠩᠲᠦ ᠭᠠᠵᠠᠷ 《ᠶᠡᠬᠡ ᠭᠠᠵᠠᠷ ᠤᠨ ᠴᠢᠯᠠᠭᠤ》 ᠍ ᠍ ᠍ ᠳᠦ ᠬᠡᠭᠡᠷ᠎ᠡ ᠶᠢᠨ ᠵᠠᠳᠠᠭᠠᠢ ᠲᠢᠶᠠᠲ᠋ᠷ ᠪᠠᠷᠢᠭᠳᠠᠵᠤ ᠣᠯᠠᠨ ᠤᠯᠤᠰ ᠤᠨ 《ᠲᠤᠭᠤᠷᠠᠢ ᠶᠢᠨ ᠲᠥᠪᠡᠷᠭᠡᠨ》 ᠨᠠᠭᠠᠳᠤᠮ ᠵᠣᠬᠢᠶᠠᠨ ᠪᠠᠶᠢᠭᠤᠯᠤᠭᠳᠠᠵᠤ ᠭᠠᠳᠠᠭᠠᠳᠤ᠂ ᠳᠣᠲᠣᠭᠠᠳᠤ ᠶᠢᠨ ᠣᠯᠠᠨ ᠵᠣᠴᠢᠳ ᠭᠡᠶᠢᠴᠢᠳ ᠢᠷᠡᠳᠡᠭ ᠭᠠᠵᠠᠷ ᠤᠨ ᠨᠢᠭᠡ ᠪᠣᠯᠤᠭᠠᠳ ᠪᠠᠶᠢᠨ᠎ᠠ᠃ ᠢᠨᠲ᠋ᠧᠷᠨᠡᠲ ᠺᠠᠹᠧ ᠠᠵᠢᠯᠯᠠᠵᠤ ᠬᠡᠦᠬᠡᠳ᠂ ᠵᠠᠯᠠᠭᠤᠴᠤᠳ ᠤᠨ ᠴᠢᠯᠦᠭᠡᠲᠦ ᠴᠠᠭ ᠢ ᠵᠥᠪ ᠪᠣᠯᠪᠠᠰᠤᠨ ᠥᠩᠭᠡᠷᠡᠭᠦᠯᠵᠦ ᠪᠠᠶᠢᠨ᠎ᠠ᠃ ᠭᠤᠳᠤᠮᠵᠢᠨ ᠤ ᠴᠠᠬᠢᠯᠭᠠᠨ ᠭᠡᠷᠡᠯᠲᠦᠭᠦᠯᠭᠡ 11 ᠰᠢᠷᠬᠡᠭ ᠢ ᠰᠠᠭᠤᠷᠢᠯᠠᠭᠤᠯᠤᠭᠰᠠᠨ ᠨᠢ ᠰᠤᠮᠤ ᠶᠢᠨ ᠭᠡᠷᠡᠯᠲᠦᠭᠦᠯᠭᠡ ᠪᠣᠯᠤᠭᠠᠳ ᠥᠩᠭᠡ ᠦᠵᠡᠮᠵᠢ ᠰᠠᠶᠢᠵᠢᠷᠠᠯ᠎ᠠ᠃ ᠰᠤᠮᠤ ᠶᠢᠨ ᠲᠥᠪ ᠲᠦ ᠪᠡᠨ 2 ᠭᠠᠵᠠᠷ ᠴᠡᠴᠡᠷᠯᠢᠭᠵᠢᠭᠦᠯᠦᠯᠲᠡ ᠬᠢᠭᠰᠡᠨ ᠭᠡᠬᠦ ᠮᠡᠲᠦ ᠣᠷᠴᠢᠨ ᠤ ᠲᠣᠬᠢᠵᠢᠯᠲᠠ ᠶᠢᠨ ᠠᠵᠢᠯ ᠳᠤ ᠤᠯᠤᠰ ᠤᠨ ᠶᠡᠬᠡ ᠬᠤᠷᠠᠯ ᠶᠢᠨ ᠭᠡᠰᠢᠭᠦᠨ ᠷ᠃ᠡᠷᠳᠡᠨᠢᠪᠦᠷᠡᠨ᠂ ᠵ᠃ᠨᠠᠷᠠᠨᠴᠠᠴᠤᠷᠠᠯᠲᠤ ᠰᠠᠩ ᠠᠴᠠ ᠶᠡᠬᠡᠬᠡᠨ ᠳᠡᠮᠵᠢᠯᠭᠡ ᠲᠤᠰᠠᠯᠠᠮᠵᠢ ᠦᠵᠡᠭᠦᠯᠦᠭᠰᠡᠭᠡᠷ ᠪᠠᠶᠢᠨ᠎ᠠ᠃


ᠪᠢᠴᠢᠭᠡᠰᠦ