ᠮᠠᠷᠺᠧᠲ᠋ᠢᠩ ᠤᠨ ᠰᠤᠳᠤᠯᠭ᠎ᠠ

ᠴᠢᠯᠦᠭᠡᠲᠦ ᠨᠡᠪᠲᠡᠷᠬᠡᠢ ᠲᠣᠯᠢ — ᠸᠢᠺᠢᠫᠧᠳᠢᠶ᠎ᠠ ᠠᠴᠠ
ᠬᠠᠷᠠᠶᠢᠬᠤ: ᠤᠳᠤᠷᠢᠳᠬᠤ, ᠬᠠᠶᠢᠯᠲᠠ

ᠮᠠᠷᠺᠧᠲ᠋ᠢᠩ ᠤᠨ ᠰᠤᠳᠤᠯᠭ᠎ᠠ ᠭᠡᠵᠦ ᠬᠡᠷᠡᠭᠯᠡᠭᠴᠢᠢᠳᠡ᠂ ᠥᠷᠢᠰᠦᠯᠳᠦᠭᠴᠢᠢᠳᠡ ᠪᠠ ᠵᠠᠬ᠎ᠠ ᠵᠡᠭᠡᠯᠢᠡᠶᠢᠨ ᠲᠠᠯ᠎ᠠ ᠪᠠᠷ ᠮᠡᠳᠡᠭᠡ ᠮᠡᠳᠡᠭᠡᠯᠡᠯ ᠢ ᠵᠣᠬᠢᠶᠠᠨ ᠪᠠᠶᠢᠭᠤᠯᠤᠯᠲᠠ ᠲᠠᠢ ᠪᠠᠷ ᠴᠤᠭᠯᠠᠭᠤᠯᠵᠤ᠂ ᠲᠡᠮᠳᠡᠭᠯᠡᠨ ᠳᠦᠩ ᠰᠢᠨᠵᠢᠯᠡᠭᠡ ᠬᠢᠬᠦ ᠶᠠᠪᠤᠴᠠ ᠶᠢ ᠬᠡᠯᠡᠨ᠎ᠡ᠃

ᠮᠠᠷᠺᠧᠲ᠋ᠢᠩ ᠤᠨ ᠰᠤᠳᠤᠯᠭ᠎ᠠ ᠶᠢ ᠭᠣᠣᠯ ᠬᠢᠬᠦ ᠵᠣᠷᠢᠯᠭ᠎ᠠ ᠪᠣᠯ ᠮᠠᠷᠺᠧᠲ᠋ᠢᠩ ᠤᠨ ᠦᠨᠳᠦᠰᠦᠨ ᠠᠰᠠᠭᠤᠳᠠᠯ ᠤᠳ ᠪᠣᠯᠤᠨ ᠪᠦᠲᠦᠭᠡᠭᠳᠡᠬᠦᠨ᠂ ᠦᠨ᠎ᠡ᠂ ᠬᠤᠪᠢᠶᠠᠷᠢᠯᠠᠯᠲᠠ᠂ ᠢᠳᠡᠪᠬᠢᠵᠢᠭᠦᠯᠦᠯᠲᠡ ᠪᠣᠯᠤᠨ ᠵᠣᠷᠢᠯᠲᠠᠲᠤ ᠵᠠᠬ᠎ᠠ ᠵᠡᠭᠡᠯᠢ᠂ ᠲᠡᠭᠦᠨ ᠲᠡᠢ ᠬᠣᠯᠪᠣᠭᠠᠲᠠᠢ ᠨᠡᠶᠢᠭᠡᠮ᠂ ᠡᠳ᠋ ᠍ ᠦᠨ ᠵᠠᠰᠠᠭ ᠤᠨ ᠣᠷᠴᠢᠨ ᠤ ᠲᠠᠯ᠎ᠠ ᠶᠢᠨ ᠮᠡᠳᠡᠭᠡᠯᠡᠯ ᠢ ᠴᠤᠭᠯᠠᠭᠤᠯᠵᠤ᠂ ᠪᠠᠶᠢᠭᠤᠯᠤᠯᠭ᠎ᠠ ᠶᠢᠨ ᠤᠳᠤᠷᠢᠳᠤᠯᠭ᠎ᠠ ᠰᠢᠢᠳᠪᠦᠷᠢ ᠭᠠᠷᠭᠠᠬᠤ ᠳᠤ ᠬᠡᠷᠡᠭ ᠲᠡᠢ ᠮᠡᠳᠡᠭᠡᠯᠡᠯ ᠢ ᠪᠡᠯᠡᠳᠬᠡᠬᠦ ᠳᠦ ᠣᠷᠣᠰᠢᠨ᠎ᠠ᠃

ᠮᠠᠷᠺᠧᠲ᠋ᠢᠩ ᠤᠨ ᠰᠤᠳᠤᠯᠭ᠎ᠠ ᠨᠢ ᠡᠳ᠋ ᠍ ᠦᠨ ᠵᠠᠰᠠᠭ ᠤᠨ ᠰᠤᠳᠤᠯᠭ᠎ᠠ᠂ ᠰᠣᠴᠢᠶᠠᠯᠣᠭ ᠤᠨ ᠰᠤᠳᠤᠯᠭᠠᠨ ᠠᠴᠠ ᠢᠯᠭᠠᠷᠠᠬᠤ ᠣᠨᠴᠢᠯᠭ᠎ᠠ ᠪᠢᠽᠢᠨ᠋ᠧᠰ ᠦᠨ ᠰᠢᠢᠳᠪᠦᠷᠢ ᠭᠠᠷᠭᠠᠬᠤ ᠳᠤ ᠴᠢᠭᠯᠡᠭᠰᠡᠨ ᠪᠠᠶᠢᠳᠠᠭ ᠪᠣᠯᠤᠨ᠎ᠠ᠃ ᠡᠳ᠋ ᠍ ᠦᠨ ᠵᠠᠰᠠᠭ ᠤᠨ ᠣᠨᠣᠯ ᠤᠨ ᠵᠠᠭᠪᠤᠷ ᠤᠳ᠂ ᠰᠣᠴᠢᠶᠠᠯᠣᠭ ᠤᠨ ᠰᠤᠳᠤᠯᠭᠠᠨ ᠤ ᠠᠷᠭ᠎ᠠ ᠨᠤᠭᠤᠳ ᠢ ᠬᠡᠷᠡᠭᠯᠡᠳᠡᠭ ᠪᠣᠯᠪᠠᠴᠤ ᠵᠠᠩ ᠦᠢᠯᠡ ᠰᠤᠳᠤᠯᠤᠯ᠂ ᠮᠧᠨᠧᠵᠮᠧᠨᠲ᠂ ᠰᠡᠳᠬᠢᠯ ᠰᠤᠳᠤᠯᠤᠯ᠂ ᠰᠠᠩᠬᠦᠦ ᠶᠢᠨ ᠣᠯᠤᠯᠲᠠ ᠨᠤᠭᠤᠳ ᠢᠶᠠᠷ ᠪᠠᠶᠢᠩᠭᠤ ᠪᠠᠶᠠᠵᠢᠵᠤ ᠪᠠᠶᠢᠳᠠᠭ᠃ ᠮᠠᠷᠺᠧᠲ᠋ᠢᠩ ᠤᠨ ᠰᠤᠳᠤᠯᠭ᠎ᠠ ᠶᠢ ᠬᠡᠯᠪᠡᠷᠢ ᠪᠡᠷ ᠨᠢ ᠲᠣᠭᠠᠨ ᠪᠠ ᠴᠢᠨᠠᠷ ᠤᠨ ᠭᠡᠵᠦ ᠠᠩᠭᠢᠯᠠᠳᠠᠭ᠃ ᠡᠭᠦᠷᠭᠡ ᠶᠢᠨ ᠬᠢ ᠨᠢ ᠬᠤᠪᠢ ᠳᠤ ᠬᠡᠷᠡᠭᠯᠡᠭᠴᠢ ᠶᠢᠨ᠂ ᠥᠷᠢᠰᠦᠯᠳᠦᠭᠴᠢ ᠶᠢᠨ᠂ ᠵᠠᠬ᠎ᠠ ᠵᠡᠭᠡᠯᠢ ᠶᠢᠨ᠂ ᠵᠠᠷ ᠰᠤᠷᠲᠠᠯᠴᠢᠯᠠᠭᠠᠨ ᠤ ᠭᠡᠵᠦ ᠠᠩᠭᠢᠯᠠᠵᠤ ᠪᠣᠯᠤᠨ᠎ᠠ᠃

ᠴᠢᠨᠠᠷ ᠤᠨ ᠰᠤᠳᠤᠯᠭᠠᠨ ᠳᠤ: 1. ᠠᠵᠢᠭᠡᠯᠡᠯᠲᠠ 2. ᠲᠤᠷᠰᠢᠯᠲᠠ 3. ᠶᠠᠷᠢᠯᠴᠠᠯᠭ᠎ᠠ 4. ᠹᠣᠺᠦ᠋ᠰ ᠪᠦᠯᠦᠭ ᠦᠨ ᠶᠠᠷᠢᠯᠴᠠᠯᠭ᠎ᠠ ᠭᠡᠰᠡᠨ ᠰᠤᠳᠤᠯᠭᠠᠨ ᠤ ᠲᠥᠷᠥᠯ ᠦᠳ ᠪᠠᠶᠢᠳᠠᠭ᠃

ᠲᠣᠭᠠᠨ ᠰᠤᠳᠤᠯᠭᠠᠨ ᠳᠤ: 1. ᠬᠡᠷᠡᠭᠯᠡᠭᠴᠢ ᠶᠢᠨ ᠬᠡᠷᠡᠭᠯᠡᠭᠡ ᠬᠠᠨᠳᠤᠯᠭ᠎ᠠ ᠶᠢᠨ ᠰᠤᠳᠤᠯᠭ᠎ᠠ 2. ᠷᠧᠲ᠋ᠢᠩ᠂ ᠦᠨᠡᠯᠡᠭᠡᠨ ᠦ ᠰᠤᠳᠤᠯᠭ᠎ᠠ 3. ᠲᠠᠩᠳᠠᠯᠲᠠ᠂ ᠮᠣᠨᠢᠲ᠋ᠣᠷᠢᠩ ᠦᠨ ᠰᠤᠳᠤᠯᠭ᠎ᠠ ᠨᠤᠭᠤᠳ ᠭᠡᠵᠦ ᠠᠩᠭᠢᠯᠠᠵᠤ ᠪᠣᠯᠤᠨ᠎ᠠ᠃es:Demostración (merchandising)

ᠪᠢᠴᠢᠭᠡᠰᠦ