ᠮᠡᠨᠳᠦᠰᠠᠶᠢᠬᠠᠨ ᠤ ᠡᠩᠬᠡᠰᠠᠶᠢᠬᠠᠨ

ᠴᠢᠯᠦᠭᠡᠲᠦ ᠨᠡᠪᠲᠡᠷᠬᠡᠢ ᠲᠣᠯᠢ — ᠸᠢᠺᠢᠫᠧᠳᠢᠶ᠎ᠠ ᠠᠴᠠ
ᠬᠠᠷᠠᠶᠢᠬᠤ: ᠤᠳᠤᠷᠢᠳᠬᠤ, ᠬᠠᠶᠢᠯᠲᠠ

ᠮᠡᠨᠳᠦᠰᠠᠶᠢᠬᠠᠨ ᠤ ᠡᠩᠬᠡᠰᠠᠶᠢᠬᠠᠨ (1955 - ) ᠨᠢ ᠤᠯᠤᠰ ᠲᠥᠷᠦᠴᠢᠮᠣᠩᠭᠣᠯ ᠤᠯᠤᠰ ᠍ ᠍ ᠍ ᠤᠨ 18 ᠳᠠᠬᠢ ᠶᠡᠷᠦᠩᠬᠡᠢ ᠰᠠᠶᠢᠳ ᠶᠤᠮ᠃ 1955 ᠣᠨ ᠳᠤ ᠤᠯᠠᠭᠠᠨᠪᠠᠭᠠᠲᠤᠷ ᠬᠣᠲᠠᠣᠳᠣ ᠲᠦᠷᠦᠭᠰᠡᠨ᠃ 1973 ᠣᠨ ᠳᠤ ᠨᠡᠶᠢᠰᠯᠡᠯ ᠦᠨ 1 ᠳᠦᠭᠡᠷ ᠳᠤᠮᠳᠠ ᠰᠤᠷᠭᠠᠭᠤᠯᠢ1978 ᠣᠨ ᠳᠤ ᠺᠢᠶᠠᠪ ᠬᠣᠲᠠ ᠶᠢᠨ ᠤᠯᠤᠰ ᠤᠨ ᠶᠡᠬᠡ ᠰᠤᠷᠭᠠᠭᠤᠯᠢ ᠲᠡᠭᠦᠰᠦᠭᠰᠡᠨ᠃ ᠣᠯᠠᠨ ᠤᠯᠤᠰ ᠤᠨ ᠡᠳ᠋ ᠍ ᠍ ᠍ ᠦᠨ ᠵᠠᠰᠠᠭ ᠤᠨ ᠬᠠᠷᠢᠯᠴᠠᠭᠠᠨ ᠤ ᠮᠡᠷᠭᠡᠵᠢᠯ ᠲᠡᠢ᠃ ᠡᠳ᠋ ᠍ ᠍ ᠍ ᠦᠨ ᠵᠠᠰᠠᠭ ᠤᠨ ᠤᠬᠠᠭᠠᠨᠳ᠋ᠣᠺᠲ᠋ᠣᠷ. ᠣᠷᠣᠰ ᠠᠩᠭᠯᠢ ᠬᠡᠯᠡᠲᠡᠢ᠃ ᠠᠮᠧᠷᠢᠺᠠ ᠶᠢᠨ ᠨᠢᠭᠡᠳᠦᠭᠰᠡᠨ ᠤᠯᠤᠰᠶᠠᠫᠣᠨᠭᠧᠷᠮᠠᠨ ᠳᠤ ᠮᠡᠷᠭᠡᠵᠢᠯ ᠳᠡᠭᠡᠭᠰᠢᠯᠡᠭᠦᠯᠦᠭᠰᠡᠨ᠃ 10 ᠍ ᠍ ᠍ ᠳᠦᠭᠡᠷ ᠠᠩᠭᠢ ᠳᠤ ᠪᠠᠶᠢᠬᠤ ᠳᠤ ᠪᠠᠨ ᠣᠯᠠᠨ ᠤᠯᠤᠰ ᠤᠨ ᠲᠣᠭᠠᠨ ᠤ ᠣᠬᠠᠭᠠᠨ ᠤ ᠣᠯᠢᠮᠫᠢᠶᠠᠳ᠋ᠠᠳᠠ ᠣᠷᠣᠯᠴᠠᠵᠤ᠂ ᠬᠦᠷᠡᠯ ᠮᠧᠳᠠᠯ ᠬᠦᠷᠲᠡᠵᠦ ᠪᠠᠶᠢᠭᠰᠠᠨ᠃

ᠲᠡᠷᠡ ᠪᠡᠷ 1978-1988 ᠣᠨ ᠳᠤ ᠭᠠᠳᠠᠭᠠᠳᠤ ᠬᠤᠳᠠᠯᠳᠤᠭᠠᠨ ᠤ ᠶᠠᠮᠤᠠᠨᠳᠠ ᠡᠳ᠋ ᠍ ᠍ ᠍ ᠦᠨ ᠵᠠᠰᠠᠭᠴᠢᠡᠷᠳᠡᠮ ᠰᠢᠨᠵᠢᠯᠡᠭᠡᠨ ᠦ ᠠᠵᠢᠯᠲᠠᠨ᠂ ᠭᠠᠵᠠᠷ ᠤᠨ ᠣᠷᠣᠯᠠᠭᠴᠢ ᠳᠠᠷᠤᠭ᠎ᠠ᠂ 1989-1990 ᠣᠨ ᠳᠤ ᠵᠠᠬ᠎ᠠ ᠵᠡᠭᠡᠯᠢ ᠰᠤᠳᠤᠯᠤᠯ ᠤᠨ ᠬᠦᠷᠢᠶᠡᠯᠡᠩᠭᠡᠶᠢᠨ ᠵᠠᠬᠢᠷᠤᠯ᠂ 1990-1992 ᠣᠨ ᠳᠤ ᠠᠷᠠᠳ ᠤᠨ ᠶᠡᠬᠡ ᠬᠤᠷᠠᠯ ᠤᠨ ᠳ᠋ᠧᠫᠦᠲ᠋ᠠᠲᠤᠯᠤᠰ ᠤᠨ ᠪᠠᠭ᠎ᠠ ᠬᠤᠷᠠᠯ ᠤᠨ ᠭᠡᠰᠢᠭᠦᠨᠪᠠᠶᠢᠩᠭᠤ ᠶᠢᠨ ᠬᠣᠷᠢᠶ᠎ᠠᠨ ᠤ ᠳᠠᠷᠤᠭ᠎ᠠ᠂ 1992-1993 ᠣᠨ ᠳᠤ ᠤᠯᠤᠰ ᠤᠨ ᠶᠡᠬᠡ ᠬᠤᠷᠠᠯ ᠍ ᠍ ᠍ ᠶᠢᠨ ᠭᠡᠰᠢᠭᠦᠨ᠂ 1993 ᠣᠨ ᠳᠤ ᠮᠣᠩᠭᠣᠯ ᠤᠯᠤᠰ ᠤᠨ ᠶᠡᠷᠦᠩᠬᠡᠶᠢᠯᠡᠭᠴᠢ ᠶᠢᠨ ᠲᠠᠮᠠᠭ᠎ᠠ ᠶᠢᠨ ᠭᠠᠵᠠᠷ ᠤᠨ ᠳᠠᠷᠤᠭ᠎ᠠ᠂ 1996-1998 ᠣᠨ ᠳᠤ ᠮᠣᠩᠭᠣᠯ ᠤᠯᠤᠰ ᠤᠨ ᠶᠡᠷᠦᠩᠬᠡᠢ ᠰᠠᠶᠢᠳ᠂ 1998-2003 ᠣᠨ ᠳᠤ 《ᠫᠷᠧᠮᠢᠶᠧᠷ ᠢᠨᠲ᠋ᠧᠷᠨᠡᠰᠩᠯ》 ХХК ᠍ ᠍ ᠍ ᠳᠦ ᠵᠠᠬᠢᠷᠤᠯ᠂ 2003-2005 ᠣᠨ ᠳᠤ ᠠᠷᠠᠳᠴᠢᠯᠠᠭᠰᠠᠨ ᠨᠠᠮ ᠤᠨ ᠳᠠᠷᠤᠭ᠎ᠠ᠂ 2004 ᠣᠨ ᠳᠤ ᠤᠯᠤᠰ ᠤᠨ ᠶᠡᠬᠡ ᠬᠤᠷᠠᠯ ᠤᠨ ᠭᠡᠰᠢᠭᠦᠨ ᠢᠶᠡᠷ ᠰᠣᠩᠭᠣᠭᠳᠠᠨ ᠠᠵᠢᠯᠯᠠᠵᠤ ᠪᠠᠶᠢᠨ᠎ᠠ᠃ 2004-2006 ᠣᠨ ᠳᠤ ᠠᠶᠤᠯ ᠦᠭᠡᠢ ᠪᠠᠶᠢᠳᠠᠯ᠂ ᠭᠠᠳᠠᠭᠠᠳᠤ ᠪᠣᠳᠣᠯᠭ᠎ᠠ ᠶᠢᠨ ᠪᠠᠶᠢᠩᠭᠤ ᠶᠢᠨ ᠬᠣᠷᠢᠶᠠᠨ ᠤ ᠳᠠᠷᠤᠭ᠎ᠠ ᠪᠠᠷ ᠰᠣᠩᠭᠣᠭᠳᠠᠨ ᠠᠵᠢᠯᠯᠠᠵᠤ ᠪᠠᠶᠢᠪᠠ᠃ 2006 ᠣᠨ ᠤ 1 ᠍ ᠍ ᠍ ᠳᠦᠭᠡᠷ ᠰᠠᠷ᠎ᠠ ᠠᠴᠠ 2008 ᠣᠨ ᠬᠦᠷᠲᠡᠯ᠎ᠡ ᠮᠣᠩᠭᠣᠯ ᠤᠯᠤᠰ ᠤᠨ ᠵᠠᠰᠠᠭ ᠤᠨ ᠭᠠᠵᠠᠷ ᠤᠨ ᠭᠡᠰᠢᠭᠦᠨ᠂ ᠮᠣᠩᠭᠣᠯ ᠤᠯᠤᠰ ᠤᠨ ᠰᠢᠳᠠᠷ ᠰᠠᠶᠢᠳ ᠢᠶᠠᠷ ᠲᠣᠮᠢᠯᠠᠭᠳᠠᠨ ᠠᠵᠢᠯᠯᠠᠵᠤ ᠪᠠᠶᠢᠪᠠ᠃ 2006 ᠣᠨ ᠳᠤ ᠠᠷᠠᠳᠴᠢᠯᠠᠭᠰᠠᠨ ᠨᠠᠮ ᠠᠴᠠ ᠭᠠᠷᠴᠤ ᠦᠨᠳᠦᠰᠦᠨ ᠦ ᠰᠢᠨ᠎ᠡ ᠨᠠᠮ ᠢ ᠪᠠᠶᠢᠭᠤᠯᠤᠨ 2007 ᠣᠨ ᠬᠦᠷᠲᠡᠯ᠎ᠡ ᠠᠩᠬᠠᠨ ᠤ ᠳᠠᠷᠤᠭ᠎ᠠ ᠪᠠᠷ ᠠᠵᠢᠯᠯᠠᠭᠰᠠᠨ᠃ 2011 ᠣᠨ ᠳᠤ ᠲᠤᠰ ᠨᠠᠮ ᠨᠡᠷ᠎ᠡ ᠪᠡᠨ ᠮᠣᠩᠭᠣᠯ ᠦᠨᠳᠦᠰᠦᠨ ᠦ ᠠᠷᠠᠳᠴᠢᠯᠠᠭᠰᠠᠨ ᠨᠠᠮ ᠪᠣᠯᠭᠠᠨ ᠰᠣᠯᠢᠬᠤ ᠳᠤ ᠳᠠᠷᠤᠭ᠎ᠠ ᠪᠠᠷ ᠨᠢ ᠰᠣᠩᠭᠣᠭᠳᠠᠵᠠᠢ᠃

2012 ᠣᠨ ᠤ ᠤᠯᠤᠰ ᠤᠨ ᠶᠡᠬᠡ ᠬᠤᠷᠠᠯ ᠤᠨ ᠰᠣᠩᠭᠣᠭᠤᠯᠢ ᠶᠢᠨ ᠳᠠᠷᠠᠭ᠎ᠠ ᠮᠣᠩᠭᠣᠯ ᠠᠷᠠᠳ ᠤᠨ ᠬᠤᠪᠢᠰᠬᠠᠯᠲᠤ ᠨᠠᠮ-ᠮᠣᠩᠭᠣᠯ ᠤᠨ ᠦᠨᠳᠦᠰᠦᠨ ᠦ ᠠᠷᠠᠳᠴᠢᠯᠠᠭᠰᠠᠨ ᠨᠠᠮ ᠤ 《ᠰᠢᠳᠤᠷᠭᠤ ᠶᠣᠰᠣ》 ᠡᠪᠰᠡᠯ ᠵᠠᠰᠠᠭ ᠤᠨ ᠭᠠᠵᠠᠷ ᠤᠨ ᠪᠦᠷᠢᠯᠳᠦᠬᠦᠨ ᠳᠦ ᠪᠠᠭᠠᠳᠬᠤ ᠳᠤ ᠡᠩᠬᠡᠰᠠᠶᠢᠬᠠᠨ 《ᠮᠣᠩᠭᠣᠯ ᠤᠨ ᠲᠡᠮᠦᠷ ᠵᠠᠮ》 ТӨК ᠍ ᠍ ᠍ ᠦᠨ ᠵᠠᠬᠢᠷᠤᠯ ᠢᠶᠠᠷ ᠲᠣᠮᠢᠯᠠᠭᠳᠠᠭᠰᠠᠨ ᠬᠡᠳᠦᠢ ᠴᠤ ᠬᠡᠳᠦᠬᠡᠨ ᠰᠠᠷ᠎ᠠ ᠠᠵᠢᠯᠯᠠᠭᠠᠳ᠂ ᠤᠯᠤᠰ ᠤᠨ ᠶᠡᠬᠡ ᠬᠤᠷᠠᠯ ᠪᠠᠷ ᠪᠠᠲᠤᠯᠠᠭᠰᠠᠨ ᠪᠣᠳᠣᠯᠭ᠎ᠠ ᠶᠢᠨ ᠬᠦᠷᠢᠶᠡᠨ ᠳᠦ ᠠᠵᠢᠯᠯᠠᠭ᠎ᠠ ᠦᠭᠡᠢ ᠭᠡᠰᠡᠨ ᠰᠢᠯᠲᠠᠭᠠᠨ ᠤ ᠤᠯᠠᠮ ᠠᠴᠠ ᠬᠠᠯᠠᠭᠳᠠᠭᠰᠠᠨ᠃

ᠡᠮᠦᠨᠡᠬᠢ
ᠫᠦᠨᠴᠠᠭ ᠤᠨ ᠵᠠᠰᠠᠷᠠᠢ
ᠮᠣᠩᠭᠣᠯ ᠤᠯᠤᠰ ᠤᠨ ᠶᠡᠷᠦᠩᠬᠡᠢ ᠰᠠᠶᠢᠳ
{{{on}}}
ᠳᠠᠷᠠᠭᠠᠬᠢ
ᠴᠠᠬᠢᠭ᠎ᠠ ᠶᠢᠨ ᠡᠯᠪᠡᠭᠳᠣᠷᠵᠢ

ᠪᠢᠴᠢᠭᠡᠰᠦ