ᠮᠡᠶ ᠡᠣᠮᠪᠣ ᠶᠢᠨ ᠡᠩᠬᠡᠪᠣᠯᠤᠳ

ᠴᠢᠯᠦᠭᠡᠲᠦ ᠨᠡᠪᠲᠡᠷᠬᠡᠢ ᠲᠣᠯᠢ — ᠸᠢᠺᠢᠫᠧᠳᠢᠶ᠎ᠠ ᠠᠴᠠ
ᠬᠠᠷᠠᠶᠢᠬᠤ: ᠤᠳᠤᠷᠢᠳᠬᠤ, ᠬᠠᠶᠢᠯᠲᠠ
ᠮᠡᠶ ᠡᠣᠮᠪᠣ ᠶᠢᠨ ᠡᠩᠬᠡᠪᠣᠯᠤᠳ

ᠠᠯᠪᠠᠨ ᠲᠤᠰᠢᠶᠠᠯ ᠬᠠᠰᠢᠭᠰᠠᠨ
2006 ᠣᠨ ᠤ 1 ᠰᠠᠷ᠎ᠠ ᠶᠢᠨ 25 – 2007 ᠣᠨ ᠤ 11 ᠰᠠᠷ᠎ᠠ ᠶᠢᠨ 22
ᠶᠡᠷᠦᠩᠬᠡᠶᠢᠯᠡᠭᠴᠢ ᠨᠠᠮᠪᠠᠷ ᠤᠨ ᠡᠩᠬᠡᠪᠠᠶᠠᠷ
ᠡᠮᠦᠨᠡᠬᠢ ᠴᠠᠬᠢᠭ᠎ᠠ ᠶᠢᠨ ᠡᠯᠪᠡᠭᠳᠣᠷᠵᠢ
ᠳᠠᠷᠠᠭᠠᠬᠢ ᠰᠠᠩᠵᠠ ᠶᠢᠨ ᠪᠠᠶᠠᠷ

ᠠᠯᠪᠠᠨ ᠲᠤᠰᠢᠶᠠᠯ ᠬᠠᠰᠢᠭᠰᠠᠨ
2005 ᠣᠨ ᠤ 11 ᠰᠠᠷ᠎ᠠ ᠶᠢᠨ 22 – 2007 ᠣᠨ ᠤ 11 ᠰᠠᠷ᠎ᠠ ᠶᠢᠨ 22
ᠡᠮᠦᠨᠡᠬᠢ ᠨᠠᠮᠪᠠᠷ ᠤᠨ ᠡᠩᠬᠡᠪᠠᠶᠠᠷ
ᠳᠠᠷᠠᠭᠠᠬᠢ ᠰᠠᠩᠵᠠ ᠶᠢᠨ ᠪᠠᠶᠠᠷ

ᠲᠦᠷᠦᠭᠰᠡᠨ 1964 ᠣᠨ ᠤ 7 ᠰᠠᠷ᠎ᠠ ᠶᠢᠨ 19
ᠮᠣᠩᠭᠣᠯᠤᠯᠠᠭᠠᠨᠪᠠᠭᠠᠲᠤᠷ

ᠮᠡᠶ ᠡᠣᠮᠪᠣ ᠶᠢᠨ ᠡᠩᠬᠡᠪᠣᠯᠤᠳ (1964 ᠣᠨ ᠤ 7 ᠰᠠᠷ᠎ᠠ ᠶᠢᠨ 19 - ) ᠨᠢ ᠮᠣᠩᠭᠣᠯ ᠤᠯᠤᠰ ᠤᠨ ᠤᠯᠤᠰ ᠲᠥᠷᠦᠴᠢ ᠶᠤᠮ᠃ ᠲᠡᠷᠡᠪᠡᠷ 2006 ᠣᠨ ᠠᠴᠠ 2007 ᠬᠦᠷᠲᠡᠯ᠎ᠡ ᠶᠡᠷᠦᠩᠬᠡᠢ ᠰᠠᠶᠢᠳ ᠢᠶᠠᠷ ᠠᠵᠢᠯᠯᠠᠭᠰᠠᠨ ᠪᠥᠭᠡᠳ 2007 ᠣᠨ ᠤ 12 ᠰᠠᠷ᠎ᠠ ᠠᠴᠠ 2012 ᠣᠨ ᠤ 8 ᠰᠠᠷ᠎ᠠ ᠬᠦᠷᠲᠡᠯ᠎ᠡ ᠰᠢᠳᠠᠷ ᠰᠠᠶᠢᠳ ᠢᠶᠠᠷ ᠠᠵᠢᠯᠯᠠᠵᠠᠢ᠃ 2005 ᠣᠨ ᠠᠴᠠ 2007 ᠣᠨ ᠳᠤ ᠮᠣᠩᠭᠣᠯ ᠠᠷᠠᠳ ᠤᠨ ᠬᠤᠪᠢᠰᠬᠠᠯᠲᠤ ᠨᠠᠮ ᠍ ᠤᠨ ᠳᠠᠷᠤᠭ᠎ᠠ ᠪᠠᠶᠢᠪᠠ᠃

ᠨᠠᠮᠲᠠᠷ[ᠵᠠᠰᠠᠪᠤᠷᠢᠯᠠᠬᠤ | ᠺᠣᠳ᠋ ᠢᠶᠠᠷ ᠵᠠᠰᠠᠬᠣ]

ᠪᠠᠭ᠎ᠠ ᠨᠠᠰᠤ[ᠵᠠᠰᠠᠪᠤᠷᠢᠯᠠᠬᠤ | ᠺᠣᠳ᠋ ᠢᠶᠠᠷ ᠵᠠᠰᠠᠬᠣ]

ᠲᠡᠷᠡ ᠪᠡᠷ 1964 ᠣᠨ ᠳᠤ ᠤᠯᠠᠭᠠᠨᠪᠠᠭᠠᠲᠤᠷ ᠬᠣᠳᠠ ᠳᠤ ᠲᠦᠷᠦᠭᠰᠡᠨ᠃ 1982 ᠣᠨ ᠳᠤ ᠨᠡᠶᠢᠰᠯᠡᠯ ᠦᠨ 10 ᠵᠢᠯ ᠦᠨ 1 ᠳᠦᠭᠡᠷ ᠳᠤᠮᠳᠠ ᠰᠤᠷᠭᠠᠭᠤᠯᠢ1987 ᠣᠨ ᠳᠤ ᠮᠣᠩᠭᠣᠯ ᠤᠯᠤᠰ ᠤᠨ ᠶᠡᠬᠡ ᠰᠤᠷᠭᠠᠭᠤᠯᠢ ᠢ ᠲᠥᠯᠥᠪᠯᠡᠭᠴᠢ ᠡᠳ᠋ ᠍ ᠦᠨ ᠵᠠᠰᠠᠭᠴᠢ ᠮᠡᠷᠭᠡᠵᠢᠯ ᠢᠶᠡᠷ ᠲᠡᠭᠦᠰᠦᠭᠰᠡᠨ᠃ ᠡᠳ᠋ ᠍ ᠦᠨ ᠵᠠᠰᠠᠭ ᠤᠨ ᠤᠬᠠᠭᠠᠨ ᠤ ᠮᠠᠭᠢᠰᠲ᠋ᠷ᠃

ᠠᠵᠢᠯ[ᠵᠠᠰᠠᠪᠤᠷᠢᠯᠠᠬᠤ | ᠺᠣᠳ᠋ ᠢᠶᠠᠷ ᠵᠠᠰᠠᠬᠣ]

1987-1989 ᠣᠨ ᠳᠤ ᠤᠯᠠᠭᠠᠨᠪᠠᠭᠠᠲᠤᠷ ᠬᠣᠲᠠ ᠶᠢᠨ ᠠᠷᠠᠳ ᠤᠨ ᠳ᠋ᠧᠫᠦᠶᠢᠲ᠋ᠠᠲ ᠤᠳ ᠤᠨ ᠬᠤᠷᠠᠯ ᠤᠨ ᠭᠦᠢᠴᠡᠳᠭᠡᠬᠦ ᠵᠠᠬᠢᠷᠭ᠎ᠠ ᠤ ᠬᠠᠷᠢᠶ᠎ᠠ ᠠᠵᠤ ᠠᠬᠤᠢ ᠦᠢᠯᠡᠴᠢᠯᠡᠭᠡᠨ ᠦ ᠤᠳᠤᠷᠢᠳᠬᠤ ᠭᠠᠵᠠᠷ ᠲᠤ ᠡᠳ᠋ ᠍ ᠦᠨ ᠵᠠᠰᠠᠭᠴᠢ1989-1991 ᠣᠨ ᠳᠤ ᠨᠡᠶᠢᠲᠡ ᠶᠢᠨ ᠠᠵᠤ ᠠᠬᠤᠢ ᠶᠢᠨ ᠦᠢᠯᠡᠴᠢᠯᠡᠭᠡᠨ ᠦ ᠶᠠᠮᠤᠨ ᠳᠤ ᠮᠡᠷᠭᠡᠵᠢᠯᠲᠡᠨ᠂ 1991-1992 ᠣᠨ ᠳᠤ ᠤᠯᠠᠭᠠᠨᠪᠠᠭᠠᠲᠤᠷ ᠬᠣᠲᠠ ᠶᠢᠨ ᠠᠷᠠᠳ ᠤᠨ ᠳ᠋ᠧᠫᠦᠶᠢᠲ᠋ᠠᠲ ᠤᠳ ᠤᠨ ᠬᠤᠷᠠᠯ ᠤᠨ ᠭᠦᠢᠴᠡᠳᠭᠡᠬᠦ ᠵᠠᠬᠢᠷᠭ᠎ᠠ ᠤ ᠠᠬᠤᠢ ᠶᠢᠨ ᠦᠢᠯᠡᠴᠢᠯᠡᠭᠡᠨ ᠦ ᠬᠡᠯᠲᠡᠰ ᠦᠨ ᠳᠠᠷᠤᠭ᠎ᠠ᠂ 1992-1996 ᠣᠨ ᠳᠤ ᠴᠢᠩᠭᠢᠯ ᠲᠡᠢ ᠳᠡᠭᠦᠷᠭᠡ ᠶᠢᠨ ᠵᠠᠰᠠᠭ ᠳᠠᠷᠤᠭ᠎ᠠ ᠶᠢᠨ ᠣᠷᠣᠯᠠᠭᠴᠢ᠂ 1996-1998 ᠣᠨ ᠳᠤ ᠲᠤᠰ ᠳᠡᠭᠦᠷᠭᠡ ᠶᠢᠨ ᠢᠷᠭᠡᠨ ᠦ ᠲᠥᠯᠥᠭᠡᠯᠡᠭᠴᠢᠳ ᠦᠨ ᠬᠤᠷᠠᠯ ᠤᠨ ᠲᠡᠷᠢᠭᠦᠯᠡᠭᠴᠢᠳ ᠦᠨ ᠳᠠᠷᠤᠭ᠎ᠠ᠂ 1999-2006 ᠣᠨ ᠳᠤ ᠨᠡᠶᠢᠰᠯᠡᠯ ᠦᠨ ᠵᠠᠰᠠᠭ ᠳᠠᠷᠤᠭ᠎ᠠ ᠪᠥᠭᠡᠳ ᠤᠯᠠᠭᠠᠨᠪᠠᠭᠠᠲᠤᠷ ᠬᠣᠲᠠ ᠶᠢᠨ ᠵᠠᠬᠢᠷᠤᠭᠴᠢ2006-2007 ᠣᠨ ᠳᠤ ᠮᠣᠩᠭᠣᠯ ᠤᠯᠤᠰ ᠤᠨ ᠶᠡᠷᠦᠩᠬᠡᠢ ᠰᠠᠶᠢᠳ2007-2012 ᠣᠨ ᠳᠤ ᠮᠣᠩᠭᠣᠯ ᠤᠯᠤᠰ ᠤᠨ ᠰᠢᠳᠠᠷ ᠰᠠᠶᠢᠳᠤᠯᠤᠰ ᠤᠨ ᠣᠨᠴᠠᠭᠠᠢ ᠺᠣᠮᠢᠰ ᠤᠨ ᠳᠠᠷᠤᠭ᠎ᠠ2012 ᠣᠨ ᠠᠴᠠ ᠮᠣᠩᠭᠣᠯ ᠤᠯᠤᠰ ᠤᠨ ᠶᠡᠬᠡ ᠬᠤᠷᠠᠯ ᠤᠨ ᠳᠡᠳ᠋ ᠳᠠᠷᠤᠭ᠎ᠠ ᠪᠠᠷ ᠲᠤᠰ ᠲᠤᠰ ᠠᠵᠢᠯᠯᠠᠵᠤ ᠪᠠᠶᠢᠨ᠎ᠠ᠃ ᠮᠥᠨ ᠡᠳᠡᠭᠡᠷ ᠦᠨᠳᠦᠰᠦᠨ ᠡᠭᠦᠷᠭᠡ ᠳᠦ ᠠᠵᠢᠯ ᠤᠨᠳ ᠲᠠᠢ ᠬᠠᠪᠰᠤᠷᠤᠨ ᠬᠡᠳᠦ ᠬᠡᠳᠦᠨ ᠰᠣᠩᠭᠣᠭᠤᠯᠢ ᠳᠤ ᠠᠵᠢᠯ ᠤᠨᠳ ᠢ ᠭᠦᠢᠴᠡᠳᠭᠡᠵᠦ ᠪᠠᠶᠢᠪᠠ᠃ 1999-2005, 2008-2012 ᠣᠨ ᠳᠤ ᠦᠨᠳᠦᠰᠦᠨ ᠦ ᠶᠡᠬᠡ ᠪᠠᠶᠠᠷ ᠨᠠᠭᠠᠳᠤᠮ ᠤᠨ ᠵᠣᠬᠢᠶᠠᠨ ᠪᠠᠶᠢᠭᠤᠯᠬᠤ ᠬᠣᠷᠢᠶ᠎ᠠᠨ ᠤ ᠳᠠᠷᠤᠭ᠎ᠠ ᠪᠠᠷ 11 ᠵᠢᠯ ᠠᠵᠢᠯᠯᠠᠭᠰᠠᠨ᠃ ᠡᠨᠡ ᠬᠤᠭᠤᠴᠠᠭᠠᠨ ᠳᠤ ᠬᠤᠷᠳᠤᠨ ᠮᠣᠷᠢᠨ ᠤ ᠤᠷᠤᠯᠳᠤᠭᠠᠨ ᠨᠢ ᠶᠠᠭᠠᠷᠮᠠᠭ ᠤᠨ ᠳᠡᠨᠵᠢ ᠳᠦ ᠪᠣᠯᠳᠠᠭ ᠪᠠᠶᠢᠭᠰᠠᠨ ᠢ ᠪᠣᠯᠢᠭᠤᠯᠵᠤ᠂ ᠮᠣᠩᠭᠣᠯ ᠳᠠᠩᠱᠢᠭ ᠨᠠᠭᠠᠳᠤᠮ ᠪᠣᠯᠳᠠᠭ ᠪᠠᠶᠢᠭᠰᠠᠨ ᠲᠡᠦᠬᠡᠲᠦ ᠬᠦᠢ ᠮᠠᠨᠳᠤᠯ ᠤᠨ ᠳᠡᠨᠵᠢ ᠳᠦ ᠰᠢᠯᠵᠢᠭᠦᠯᠵᠦ ᠠᠦ᠋ᠲ᠋ᠣ᠋ ᠵᠠᠮ ᠢ ᠥᠷᠭᠡᠳᠬᠡᠨ ᠰᠠᠶᠢᠵᠢᠷᠭᠠᠭᠤᠯᠬᠤ᠂ ᠰᠢᠨ᠎ᠡ ᠪᠡᠷ ᠵᠠᠮ᠂ ᠲᠠᠯᠠᠪᠠᠢ ᠵᠠᠰᠠᠬᠤ᠂ ᠬᠤᠷᠳᠤᠨ ᠮᠣᠷᠢᠨ ᠤ ᠭᠠᠷᠠᠭᠠᠨ ᠤ ᠰᠢᠨ᠎ᠡ ᠲᠥᠬᠥᠭᠡᠷᠦᠮᠵᠢ ᠨᠡᠪᠲᠡᠷᠡᠭᠦᠯᠬᠦ᠂ ᠤᠷᠤᠯᠳᠤᠭᠠᠨ ᠤ ᠮᠣᠷᠢᠳ᠂ ᠤᠨᠤᠭᠠᠴᠢ ᠬᠡᠦᠬᠡᠳ ᠦᠳ ᠢ ᠳᠠᠭᠠᠳᠬᠠᠯ ᠳᠤ ᠬᠠᠮᠤᠷᠤᠭᠤᠯᠬᠤ᠂ ᠬᠠᠮᠠᠭᠠᠯᠠᠯᠲᠠ ᠶᠢᠨ ᠬᠤᠪᠴᠠᠰᠤ ᠬᠡᠷᠡᠭᠰᠡᠯ ᠢᠶᠡᠷ ᠬᠠᠩᠭᠠᠭᠤᠯᠬᠤ᠂ ᠨᠠᠭᠠᠳᠤᠮᠴᠢᠨ ᠣᠯᠠᠨ ᠤ ᠲᠠᠪᠠ ᠲᠤᠬ᠎ᠠ ᠶᠢ ᠬᠠᠩᠭᠠᠬᠤ᠂ ᠨᠠᠭᠠᠳᠤᠮ ᠳᠤ ᠠᠮᠵᠢᠯᠲᠠ ᠦᠵᠡᠭᠦᠯᠦᠭᠰᠡᠨ ᠪᠥᠬᠡᠴᠦᠳ᠂ ᠬᠠᠷᠪᠤᠭᠠᠴᠢᠳ᠂ ᠤᠶᠠᠭᠠᠴᠢᠳ᠂ ᠤᠨᠤᠭᠠᠴᠢ ᠬᠡᠦᠬᠡᠳ ᠦᠳ ᠦᠨ ᠪᠠᠢ ᠱᠠᠩᠨᠠᠯ ᠢ ᠲᠡᠳᠡᠨ ᠦ ᠬᠥᠳᠡᠯᠮᠦᠷᠢ ᠵᠢᠳᠬᠦᠯ ᠲᠡᠢ ᠤᠶᠠᠯᠳᠤᠭᠤᠯᠤᠨ ᠨᠡᠮᠡᠭᠳᠡᠭᠦᠯᠬᠦ᠂ ᠴᠣᠯᠠᠨ ᠤᠰᠢᠨᠡᠴᠢᠯᠡᠯ ᠬᠢᠬᠦ ᠵᠡᠷᠭᠡ ᠠᠷᠭ᠎ᠠ ᠬᠡᠮᠵᠢᠶ᠎ᠡ ᠠᠪᠴᠤ ᠬᠡᠷᠡᠭᠵᠢᠭᠦᠯᠦᠭᠰᠡᠨ᠃ ᠦᠨᠳᠦᠰᠦᠨ ᠦ ᠣᠯᠢᠮᠫᠢᠺ ᠤᠨ ᠬᠣᠷᠢᠶ᠎ᠠᠨ ᠤ ᠭᠡᠰᠢᠭᠦᠨ ᠢᠶᠡᠷ ᠠᠵᠢᠯᠯᠠᠵᠤ ᠪᠠᠶᠢᠬᠤ ᠬᠤᠭᠤᠴᠠᠭᠠᠨ ᠳᠤ ᠪᠠᠨ 2008, 2012 ᠣᠨ ᠤ ᠣᠯᠢᠮᠫᠢᠺᠡᠶᠢᠨ ᠶᠡᠬᠡ ᠨᠠᠭᠠᠳᠤᠮ ᠳᠤ ᠤᠷᠤᠯᠴᠠᠬᠤ ᠮᠣᠩᠭᠣᠯ ᠤᠯᠤᠰ ᠤᠨ ᠰᠢᠭᠰᠢᠭᠡ ᠪᠠᠭ ᠤᠨ ᠰᠠᠩᠬᠦᠵᠢᠯᠲᠡ ᠶᠢᠨ ᠠᠰᠠᠭᠤᠳᠠᠯ ᠢ ᠰᠢᠢᠳᠪᠦᠷᠢᠯᠡᠬᠦ᠂ ᠲᠠᠮᠢᠷᠴᠢᠳ ᠤᠨ ᠠᠬᠤᠢ ᠬᠠᠩᠭᠠᠮᠵᠢ᠂ ᠪᠡᠯᠡᠳᠬᠡᠯ ᠬᠠᠩᠭᠠᠬᠤ ᠨᠥᠬᠥᠴᠡᠯ ᠪᠠᠶᠢᠳᠠᠯ ᠢ ᠰᠠᠶᠢᠵᠢᠷᠭᠠᠭᠤᠯᠬᠤ ᠲᠠᠯ᠎ᠠ ᠳᠡᠭᠡᠷ᠎ᠡ ᠣᠨᠴᠠᠭᠠᠢ ᠠᠩᠬᠠᠷᠤᠨ᠂ ᠣᠯᠢᠮᠫᠢᠺ ᠤᠨ ᠪᠠᠭ ᠢ ᠠᠬᠠᠯᠠᠵᠤ ᠠᠵᠢᠯᠯᠠᠭᠰᠠᠨ ᠢᠶᠠᠷ ᠡᠳᠡᠭᠡᠷ ᠬᠣᠶᠠᠷ ᠣᠯᠢᠮᠫᠢᠺ ᠤᠨ ᠶᠡᠬᠡ ᠨᠠᠭᠠᠳᠤᠮ ᠳᠤ ᠮᠠᠨ ᠤ ᠤᠯᠤᠰ ᠤᠨ ᠪᠠᠭ ᠲᠠᠮᠢᠷᠴᠢᠳ ᠮᠠᠰᠢ ᠠᠮᠵᠢᠯᠲᠠᠲᠠᠢ ᠣᠷᠣᠯᠴᠠᠭᠰᠠᠨ᠃ 2010 ᠣᠨ ᠠᠴᠠ ᠮᠣᠩᠭᠣᠯ ᠤᠨ ᠮᠣᠷᠢᠨ ᠰᠫᠣᠷᠲ᠂ ᠤᠶᠠᠭᠠᠴᠢᠳ ᠤᠨ ᠬᠣᠯᠪᠣᠭᠠᠨ ᠤ ᠮᠣᠩᠭᠣᠯ ᠤᠨ ᠮᠣᠷᠢᠨ ᠰᠫᠣᠷᠲ᠂ ᠤᠶᠠᠭᠠᠴᠢᠳ ᠤᠨ ᠬᠣᠯᠪᠣᠭ᠎ᠠ ᠶᠡᠷᠦᠩᠬᠡᠶᠢᠯᠡᠭᠴᠢ ᠪᠡᠷ ᠰᠣᠩᠭᠣᠭᠳᠠᠨ ᠠᠵᠢᠯᠯᠠᠵᠤ ᠪᠠᠶᠢᠨ᠎ᠠ᠃ ᠡᠨᠡ ᠬᠤᠭᠤᠴᠠᠭᠠᠨ ᠳᠤ ᠮᠣᠩᠭᠣᠯ ᠤᠨ ᠮᠣᠷᠢᠨ ᠰᠫᠣᠷᠲ᠂ ᠤᠶᠠᠭᠠᠴᠢᠳ ᠤᠨ ᠬᠣᠯᠪᠣᠭ᠎ᠠ ᠢ ᠠᠽᠢᠶ᠎ᠠ ᠶᠢᠨ ᠮᠣᠷᠢᠨ ᠤᠷᠤᠯᠳᠤᠭᠠᠨ ᠤ ᠬᠣᠯᠪᠣᠭ᠎ᠠᠨᠳ ᠭᠡᠰᠢᠭᠦᠨ ᠢᠶᠡᠷ ᠡᠯᠰᠡᠭᠦᠯᠬᠦ ᠠᠵᠢᠯ ᠢ ᠵᠣᠬᠢᠶᠠᠨ ᠪᠠᠶᠢᠭᠤᠯᠵᠤ ᠭᠠᠳᠠᠭᠠᠳᠤ ᠬᠠᠷᠢᠯᠴᠠᠭ᠎ᠠ ᠶᠢ ᠰᠠᠶᠢᠵᠢᠷᠭᠠᠭᠤᠯᠬᠤ ᠲᠠᠯ᠎ᠠ ᠳᠡᠭᠡᠷ᠎ᠡ ᠣᠨᠴᠠᠭᠠᠢ ᠠᠩᠬᠠᠷᠤᠨ ᠠᠵᠢᠯᠯᠠᠭᠰᠠᠨ᠃ ᠮᠥᠨ ᠤᠶᠠᠭᠠᠴᠢᠳ ᠢ ᠦᠨᠡᠮᠯᠡᠬᠦᠵᠢᠭᠦᠯᠵᠦ ᠲᠡᠮᠳᠡᠭ ᠲᠡᠢ ᠪᠣᠯᠭᠠᠬᠤ᠂ ᠲᠡᠳᠡᠨ ᠦ ᠬᠥᠳᠡᠯᠮᠦᠷᠢ ᠵᠢᠳᠬᠦᠯ ᠢ ᠲᠥᠷᠥ ᠵᠠᠰᠠᠭ ᠢᠶᠠᠷ ᠦᠨᠡᠯᠡᠭᠦᠯᠬᠦ [[ᠲᠣᠳᠣ ᠮᠠᠩᠯᠠᠢ ᠤᠶᠠᠭᠠᠴᠢ ᠳ᠃ᠳᠠᠸᠠᠬᠦᠦ ᠤᠶᠠᠭᠠᠴᠢᠳ ᠠᠴᠠ ᠠᠩᠬᠠᠯᠠᠨ 2013 ᠣᠨ ᠳᠤ ᠮᠣᠩᠭᠣᠯ ᠤᠯᠤᠰ ᠤᠨ ᠬᠥᠳᠡᠯᠮᠦᠷᠢ ᠶᠢᠨ ᠪᠠᠭᠠᠲᠤᠷ ᠴᠣᠯᠠ ᠬᠦᠷᠲᠡᠭᠰᠡᠨ]]᠂ ᠤᠨᠤᠭᠠᠴᠢ ᠬᠡᠦᠬᠡᠳ ᠦᠳ ᠢ ᠰᠫᠣᠷᠲ ᠤᠨ ᠵᠡᠷᠭᠡ ᠴᠣᠯᠠᠷ᠎ᠠ ᠱᠠᠩᠨᠠᠬᠤ2010 ᠣᠨ ᠳᠤ 8 ᠤᠨᠤᠭᠠᠴᠢ ᠬᠡᠦᠬᠡᠳ ᠲᠦ ᠠᠩᠬ᠎ᠠ ᠤᠳᠠᠭ᠎ᠠ ᠰᠫᠣᠷᠲ ᠤᠨ ᠳᠡᠳ᠋ ᠮᠠᠰᠲ᠋ᠸᠷ ᠴᠣᠯᠠ ᠣᠯᠭᠤᠭᠰᠠᠨ᠂ ᠰᠠᠯᠪᠤᠷᠢ ᠬᠣᠷᠢᠶᠠᠳ ᠤᠨ ᠠᠵᠢᠯ ᠢ ᠢᠳᠡᠪᠬᠢᠵᠢᠭᠦᠯᠬᠦ[[ᠤᠯᠤᠰ᠂ ᠪᠥᠰᠡ ᠶᠢᠨ ᠴᠢᠨᠠᠷᠲᠠᠢ ᠲᠣᠮᠣᠬᠠᠨ ᠤᠷᠤᠯᠳᠤᠭᠠᠨ ᠨᠤᠭᠤᠳ ᠢ ᠵᠠᠰᠠᠭ ᠤᠨ ᠭᠠᠵᠠᠷ ᠤᠨ ᠲᠣᠭᠲᠠᠭᠠᠯ ᠢᠶᠠᠷ ᠵᠣᠬᠢᠶᠠᠨ ᠪᠠᠶᠢᠭᠤᠯᠳᠠᠭ ᠪᠣᠯᠵᠤ ᠴᠡᠭᠴᠡᠯᠡᠭᠰᠡᠨ]]᠂ ᠬᠡᠦᠬᠡᠳ ᠦᠭᠡᠢ ᠮᠣᠷᠢ ᠶᠢ ᠲᠠᠪᠤ ᠤᠬᠤᠷᠢᠭᠠᠵᠤ ᠪᠠᠷᠢᠬᠤ᠂ ᠮᠣᠩᠭᠣᠯ ᠮᠣᠷᠢ᠂ ᠡᠷᠯᠢᠵᠡ ᠮᠣᠷᠢᠳ ᠢ ᠲᠤᠰ ᠲᠤ ᠨᠢ ᠤᠷᠤᠯᠳᠤᠭᠤᠯᠬᠤ ᠵᠡᠷᠭᠡ ᠠᠵᠢᠯ ᠤᠨᠳ ᠢ ᠰᠠᠨᠠᠭᠠᠴᠢᠯᠠᠨ ᠵᠣᠬᠢᠶᠠᠨ ᠪᠠᠶᠢᠭᠤᠯᠤᠭᠰᠠᠨ᠃ 2013 ᠣᠨ ᠤ 8 ᠍ ᠳᠦᠭᠡᠷ ᠰᠠᠷ᠎ᠠ ᠶᠢᠨ 9,10 ᠍ ᠳᠦ ᠬᠦᠢ ᠮᠠᠨᠳᠤᠯ ᠤᠨ ᠳᠡᠨᠵᠢ ᠳᠦ МОНГОЛ МОРЬ-3000 ᠬᠤᠷᠳᠤᠨ ᠮᠣᠷᠢᠨ ᠤ ᠤᠷᠤᠯᠳᠤᠭᠠᠨ᠂ ᠲᠦᠮᠡᠨ 10000 ᠮᠣᠷᠢᠲᠠᠨ ᠤ ᠵᠢᠭ᠌ᠰᠠᠭᠠᠯ ᠢ ᠠᠮᠵᠢᠯᠲᠠᠲᠠᠢ ᠵᠣᠬᠢᠶᠠᠨ ᠪᠠᠶᠢᠭᠤᠯᠵᠤ 4249 ᠬᠤᠷᠳᠤᠨ ᠮᠣᠷᠢ ᠤᠷᠤᠯᠳᠤᠵᠤ᠂ 11125 ᠮᠣᠷᠢᠲᠠᠨ ᠵᠢᠭ᠌ᠰᠠᠭᠰᠠᠨ ᠭᠢᠨᠢᠨ᠋ᠧᠰ ᠦᠨ ᠳᠡᠭᠡᠳᠦ ᠠᠮᠵᠢᠯᠲᠠ ᠶᠢᠨ ᠨᠣᠮᠣᠨ ᠳᠤ ᠪᠦᠷᠢᠳᠬᠡᠭᠦᠯᠦᠭᠰᠡᠨ᠃

ᠮᠣᠩᠭᠣᠯ ᠠᠷᠠᠳ ᠤᠨ ᠬᠤᠪᠢᠰᠬᠠᠯᠲᠤ ᠨᠠᠮ ᠤᠨ ᠳᠠᠷᠤᠭ᠎ᠠ[ᠵᠠᠰᠠᠪᠤᠷᠢᠯᠠᠬᠤ | ᠺᠣᠳ᠋ ᠢᠶᠠᠷ ᠵᠠᠰᠠᠬᠣ]

2005 ᠣᠨ ᠤ ᠶᠡᠷᠦᠩᠬᠡᠶᠢᠯᠡᠭᠴᠢ ᠶᠢᠨ ᠰᠣᠩᠭᠣᠭᠤᠯᠢ ᠳᠤ ᠮᠣᠩᠭᠣᠯ ᠠᠷᠠᠳ ᠤᠨ ᠬᠤᠪᠢᠰᠬᠠᠯᠲᠤ ᠨᠠᠮ ᠠᠴᠠ ᠨᠡᠷ᠎ᠡ ᠳᠡᠪᠰᠢᠨ ᠥᠷᠢᠰᠦᠯᠳᠦᠭᠰᠡᠨ ᠨ᠃ᠡᠩᠬᠡᠪᠠᠶᠠᠷ ᠢᠯᠠᠭᠰᠠᠨ ᠲᠤᠯᠠ ᠨᠠᠮ ᠠᠴᠠ ᠪᠠᠨ ᠲᠦᠳᠡᠭᠡᠯᠵᠢᠬᠦ ᠱᠠᠭᠠᠷᠳᠠᠯᠭ᠎ᠠ ᠲᠠᠢ ᠪᠣᠯᠤᠯ᠎ᠠ᠃ ᠰᠣᠩᠭᠣᠭᠤᠯᠢ ᠶᠢᠨ ᠳᠠᠷᠠᠭ᠎ᠠ 2005 ᠣᠨ ᠤ 6 ᠍ ᠳᠦᠭᠡᠷ ᠰᠠᠷ᠎ᠠ ᠳᠤ ᠮᠣᠩᠭᠣᠯ ᠠᠷᠠᠳ ᠤᠨ ᠬᠤᠪᠢᠰᠬᠠᠯᠲᠤ ᠨᠠᠮ ᠤᠨ 24 ᠍ ᠳᠦᠭᠡᠷ ᠶᠡᠬᠡ ᠬᠤᠷᠠᠯ ᠬᠤᠷᠠᠯᠳᠤᠵᠤ ᠨᠠᠮ ᠤᠨ ᠰᠢᠨ᠎ᠡ ᠳᠠᠷᠤᠭ᠎ᠠ ᠶᠢ ᠰᠤᠩᠭᠤᠬᠤ ᠪᠣᠯᠬᠤ ᠳᠤ ᠲᠡᠭᠦᠨ ᠦ ᠨᠡᠷ᠎ᠡ ᠶᠢ ᠨ᠃ᠡᠩᠬᠡᠪᠠᠶᠠᠷ ᠰᠠᠨᠠᠯ ᠪᠣᠯᠭᠠᠨ ᠳᠡᠪᠰᠢᠭᠦᠯᠦᠯ᠎ᠡ᠃ ᠮᠥᠨ ᠴ᠃ᠨᠢᠮᠠᠳᠣᠷᠵᠢᠴᠤ᠃ᠤᠯᠠᠭᠠᠨᠰ᠃ᠪᠠᠶᠠᠷ ᠨᠠᠷ ᠢ ᠬᠤᠷᠠᠯ ᠳᠤ ᠣᠷᠣᠯᠴᠠᠭᠴᠢᠳ ᠠᠴᠠ ᠨᠡᠷ᠎ᠡ ᠳᠡᠪᠰᠢᠭᠦᠯᠦᠭᠰᠡᠨ ᠪᠣᠯᠪᠠᠴᠤ ᠴ᠃ᠨᠢᠮᠠᠳᠣᠷᠵᠢ ᠴᠤ᠃ᠤᠯᠠᠭᠠᠨ ᠨᠠᠷᠠ ᠨᠡᠷ᠎ᠡ ᠪᠡᠨ ᠲᠠᠲᠠᠵᠤ ᠠᠪᠰᠠᠨ ᠢᠶᠠᠷ ᠨᠠᠮ ᠤᠨ ᠳᠠᠷᠤᠭ᠎ᠠ ᠶᠢᠨ ᠲᠥᠯᠦᠭᠡᠬᠢ ᠥᠷᠢᠰᠦᠯᠳᠦᠭᠡᠨ ᠳᠦ ᠰ᠃ᠪᠠᠶᠠᠷᠮ᠃ᠡᠩᠬᠡᠪᠣᠯᠤᠳ ᠲᠤᠨᠵᠤ ᠦᠯᠡᠳᠡᠭᠰᠡᠨ ᠶᠤᠮ᠃ ᠥᠷᠢᠰᠦᠯᠳᠦᠭᠡᠨ ᠲᠤᠩ ᠰᠢᠷᠦᠭᠦᠨ ᠪᠣᠯᠵᠤ ᠮ᠃ᠡᠩᠬᠡᠪᠣᠯᠤᠳ 50,25 ᠬᠤᠪᠢᠶᠠᠷᠢ ᠪᠤᠶᠤ 29 ᠬᠦᠮᠦᠨ ᠦ ᠰᠠᠨᠠᠯ ᠢᠶᠠᠷ ᠢᠯᠠᠯᠲᠠ ᠪᠠᠶᠢᠭᠤᠯᠤᠨ ᠮᠣᠩᠭᠣᠯ ᠠᠷᠠᠳ ᠤᠨ ᠬᠤᠪᠢᠰᠬᠠᠯᠲᠤ ᠨᠠᠮ ᠍ ᠤᠨ ᠳᠠᠷᠤᠭ᠎ᠠ ᠪᠠᠷ ᠰᠣᠩᠭᠣᠭᠳᠠᠵᠠᠢ [1]᠃ ᠲᠡᠷᠡᠪᠡᠷ ᠨᠠᠮ ᠤᠨ ᠳᠠᠷᠤᠭ᠎ᠠ ᠪᠠᠷ 2 ᠵᠢᠯ ᠣᠷᠴᠢᠮ ᠬᠤᠭᠤᠴᠠᠭᠠᠨ ᠳᠤ ᠠᠵᠢᠯᠯᠠᠭᠰᠠᠨ ᠪᠥᠭᠡᠳ ᠡᠨᠡ ᠬᠤᠭᠤᠴᠠᠭᠠᠨ ᠳᠤ ᠲᠤᠰ ᠨᠠᠮ ᠳᠤ ᠣᠯᠠᠨ ᠵᠢᠭᠦᠷ ᠬᠥᠳᠡᠯᠭᠡᠭᠡᠨ᠂ ᠰᠢᠨᠡᠴᠢᠯᠡᠭᠴᠢ ᠪᠦᠯᠦᠭ ᠦᠳ ᠪᠤᠢ ᠪᠣᠯᠵᠤ᠂ ᠨᠠᠮ ᠤᠨ ᠰᠢᠨᠡᠴᠢᠯᠡᠯ᠂ ᠳᠣᠲᠣᠭᠠᠳᠤ ᠠᠷᠠᠳᠴᠢᠯᠠᠯ ᠤᠨ ᠲᠤᠬᠠᠢ ᠶᠠᠷᠢᠬᠤ ᠪᠣᠯᠵᠠᠢ᠃ ᠡᠳᠡᠭᠡᠷ ᠬᠥᠳᠡᠯᠭᠡᠭᠡᠨ ᠨᠦᠭᠦᠳ ᠦᠨ ᠰᠢᠬᠠᠯᠲᠠ ᠱᠠᠭᠠᠷᠳᠠᠯᠭ᠎ᠠ ᠪᠠᠷ ᠨᠠᠮ ᠤᠨ ᠡᠭᠡᠯᠵᠢᠲᠦ ᠪᠤᠰᠤ ᠶᠡᠬᠡ ᠬᠤᠷᠠᠯ ᠢ ᠬᠤᠷᠠᠯᠳᠤᠭᠤᠯᠬᠤ ᠪᠠᠷ ᠪᠣᠯᠤᠭᠰᠠᠨ ᠶᠤᠮ᠃ ᠢᠩᠭᠢᠭᠡᠳ ᠮᠣᠩᠭᠣᠯ ᠠᠷᠠᠳ ᠤᠨ ᠬᠤᠪᠢᠰᠬᠠᠯᠲᠤ ᠨᠠᠮ ᠤᠨ 25 ᠍ ᠳᠦᠭᠡᠷ ᠶᠡᠬᠡ ᠬᠤᠷᠠᠯ 2007 ᠣᠨ ᠤ 10 ᠍ ᠳᠦᠭᠡᠷ ᠰᠠᠷ᠎ᠠ ᠶᠢᠨ 22 - 30 ᠨ ᠤ ᠬᠣᠭᠣᠷᠣᠨᠳᠣ ᠪᠣᠯᠵᠤ ᠨᠠᠮ ᠤᠨ ᠳᠠᠷᠤᠭ᠎ᠠ ᠶᠢᠨ ᠲᠥᠯᠥᠭᠡ ᠰ᠃ᠪᠠᠶᠠᠷ᠂ ᠮ᠃ᠡᠩᠬᠡᠪᠣᠯᠤᠳ ᠨᠠᠷ ᠥᠷᠢᠰᠦᠯᠳᠦᠨ ᠡᠨᠡ ᠤᠳᠠᠭ᠎ᠠ ᠰ᠃ᠪᠠᠶᠠᠷ 56,6 ᠬᠤᠪᠢ ᠤᠨ ᠰᠠᠨᠠᠯ ᠢᠶᠠᠷ ᠢᠯᠠᠵᠠᠢ᠃ ᠡᠶᠢᠨᠬᠦᠦ ᠮᠣᠩᠭᠣᠯ ᠤᠨ ᠤᠤᠭᠠᠨ ᠤᠯᠤᠰᠤᠲᠥᠶᠢᠷ ᠦᠨ ᠬᠦᠴᠦᠨ᠂ ᠤᠯᠤᠰ ᠲᠥᠷᠥ ᠶᠢᠨ ᠬᠠᠮᠤᠭ ᠤᠨ ᠲᠣᠮᠣ ᠨᠠᠮ ᠪᠣᠯᠬᠤ ᠮᠣᠩᠭᠣᠯ ᠠᠷᠠᠳ ᠤᠨ ᠬᠤᠪᠢᠰᠬᠠᠯᠲᠤ ᠨᠠᠮ ᠤᠨ ᠳᠣᠲᠣᠷ᠎ᠠ ᠰᠢᠨᠡᠴᠢᠯᠡᠯ ᠥᠭᠡᠷᠡᠴᠢᠯᠡᠯᠲᠡ ᠶᠢᠨ ᠠᠭᠤᠷ ᠠᠮᠢᠢᠰᠬᠠᠯ ᠣᠷᠣᠵᠤ᠂ ᠨᠢᠭᠡ ᠬᠦᠮᠦᠨ ᠢ ᠳᠡᠭᠡᠳᠦᠯᠡᠨ ᠬᠠᠭᠤᠴᠢᠨ ᠵᠠᠬᠢᠷᠭᠠᠨ ᠤ ᠠᠷᠭ᠎ᠠ ᠪᠠᠷ ᠤᠳᠤᠷᠢᠳᠥᠳᠠᠭ ᠠᠷᠭ᠎ᠠ ᠪᠠᠷᠢᠯ ᠢ ᠥᠭᠡᠷᠡᠴᠢᠯᠡᠬᠦ ᠪᠡᠷ ᠵᠣᠷᠢᠭᠯᠠᠨ ᠣᠷᠣᠯᠳᠤᠭᠰᠠᠨ ᠲᠥᠪᠡᠭᠲᠡᠢ ᠬᠡᠴᠡᠭᠦᠦ ᠠᠵᠢᠯ ᠨᠢ ᠲᠤᠬᠠᠢ ᠶᠢᠨ ᠦᠶ᠎ᠡ ᠶᠢᠨ ᠤᠯᠤᠰ ᠲᠥᠷᠥ ᠶᠢᠨ ᠨᠥᠬᠥᠴᠡᠯ ᠪᠠᠶᠢᠳᠠᠯ ᠠᠴᠠ ᠰᠢᠯᠲᠠᠭᠠᠯᠠᠨ ᠮ᠃ᠡᠩᠬᠡᠪᠣᠯᠤᠳ ᠢ ᠥᠪᠡᠷ ᠢ ᠨᠢ ᠨᠠᠮ ᠤᠨ ᠳᠠᠷᠤᠭ᠎ᠠ ᠤᠯᠠᠮ ᠢᠶᠠᠷ ᠶᠡᠷᠦᠩᠬᠡᠢ ᠰᠠᠶᠢᠳ ᠤᠨ ᠡᠭᠦᠷᠭᠡᠲᠦ ᠠᠵᠢᠯ ᠠᠴᠠ ᠣᠭᠴᠠᠷᠠᠬᠤ ᠳᠤ ᠬᠦᠷᠭᠡᠭᠰᠡᠨ ᠶᠤᠮ᠃

ᠤᠯᠤᠰ ᠤᠨ ᠶᠡᠬᠡ ᠬᠤᠷᠠᠯ ᠶᠢᠨ ᠭᠡᠰᠢᠭᠦᠨ[ᠵᠠᠰᠠᠪᠤᠷᠢᠯᠠᠬᠤ | ᠺᠣᠳ᠋ ᠢᠶᠠᠷ ᠵᠠᠰᠠᠬᠣ]

2005 ᠣᠨ ᠤ ᠨᠠᠮᠤᠷ ᠤᠯᠤᠰ ᠤᠨ ᠶᠡᠬᠡ ᠬᠤᠷᠠᠯ ᠤᠨ ᠰᠣᠩᠭᠣᠭᠤᠯᠢ ᠶᠢᠨ 65 ᠍ ᠳᠦᠭᠡᠷ ᠲᠣᠭᠣᠷᠢᠭ ᠲᠤ ᠨᠥᠬᠥᠨ ᠰᠣᠩᠭᠣᠭᠤᠯᠢ ᠬᠢᠬᠦ ᠪᠣᠯᠤᠯ᠎ᠠ᠃ ᠰᠢᠯᠲᠠᠭᠠᠨ ᠨᠢ ᠮᠥᠨ ᠯᠠ ᠤᠷᠢᠳᠤ ᠰᠣᠩᠭᠣᠭᠳᠠᠭᠰᠠᠨ ᠭᠡᠰᠢᠭᠦᠨ ᠨᠢ ᠮᠣᠩᠭᠣᠯ ᠤᠯᠤᠰ ᠤᠨ ᠶᠡᠷᠦᠩᠬᠡᠶᠢᠯᠡᠭᠴᠢ ᠪᠣᠯᠤᠭᠰᠠᠨ ᠶᠠᠪᠤᠳᠠᠯ ᠪᠠᠶᠢᠪᠠ᠃ ᠡᠨᠡ ᠰᠣᠩᠭᠣᠭᠤᠯᠢ ᠳᠤ ᠮᠣᠩᠭᠣᠯ ᠠᠷᠠᠳ ᠤᠨ ᠬᠤᠪᠢᠰᠬᠠᠯᠲᠤ ᠨᠠᠮ ᠍ ᠠᠴᠠ ᠰᠢᠨ᠎ᠡ ᠳᠠᠷᠤᠭ᠎ᠠ ᠨᠢ᠂ АН ᠍ ᠠᠴᠠ ᠲᠤᠬᠠᠢ ᠶᠢᠨ ᠦᠶ᠎ᠡ ᠶᠢᠨ ᠶᠡᠷᠦᠩᠬᠡᠢ ᠰᠠᠶᠢᠳ ᠴ᠃ᠡᠯᠪᠡᠭᠳᠣᠷᠵᠢ ᠨᠠᠷ ᠨᠡᠷ᠎ᠡ ᠪᠡᠨ ᠳᠡᠪᠰᠢᠭᠦᠯᠪᠡ᠃ ᠭᠡᠪᠡᠴᠦ ᠮᠣᠩᠭᠣᠯ ᠠᠷᠠᠳ ᠤᠨ ᠬᠤᠪᠢᠰᠬᠠᠯᠲᠤ ᠨᠠᠮ ᠤᠨ ᠵᠦᠭ ᠡᠴᠡ АН ᠍ ᠤᠨ ᠨᠡᠷ᠎ᠡ ᠳᠡᠪᠰᠢᠭᠴᠢ ᠴ᠃ᠡᠯᠪᠡᠭᠳᠣᠷᠵᠢ ᠨᠡᠷ᠎ᠡ ᠪᠡᠨ ᠲᠠᠲᠠᠬᠤ ᠦᠭᠡᠢ ᠪᠣᠯ ᠵᠠᠰᠠᠭ ᠤᠨ ᠭᠠᠵᠠᠷ ᠢ ᠨᠢ ᠣᠭᠴᠠᠷᠠᠭᠤᠯᠤᠨ᠎ᠠ ᠬᠡᠮᠡᠨ ᠢᠯᠡ ᠳᠠᠯᠳᠠ ᠪᠠᠷ ᠰᠢᠬᠠᠯᠲᠠ ᠦᠵᠡᠭᠦᠯᠬᠦ ᠪᠣᠯᠪᠠ᠃ ᠢᠩᠭᠢᠭᠡᠳ ᠴ᠃ᠡᠯᠪᠡᠭᠳᠣᠷᠵᠢ ᠶᠢᠨ ᠨᠡᠷ᠎ᠡ ᠶᠢ ᠨᠥᠬᠥᠨ ᠰᠣᠩᠭᠣᠭᠤᠯᠢ ᠠᠴᠠ ᠲᠠᠲᠠᠭᠤᠯᠵᠤ᠂ ᠡᠭᠦᠨ ᠦ ᠪᠡᠨ ᠬᠠᠷᠢᠭᠤ ᠳᠤ ᠶᠡᠬᠡ ᠡᠪᠰᠡᠯ ᠦᠨ ᠵᠠᠰᠠᠭ ᠤᠨ ᠭᠠᠵᠠᠷ ᠢ ᠤᠯᠤᠰ ᠤᠨ ᠶᠡᠬᠡ ᠬᠤᠷᠠᠯ ᠤᠨ ᠡᠭᠡᠯᠵᠢᠲᠦ ᠰᠣᠩᠭᠣᠭᠤᠯᠢ ᠬᠦᠷᠲᠡᠯ᠎ᠡ ᠮᠣᠩᠭᠣᠯ ᠠᠷᠠᠳ ᠤᠨ ᠬᠤᠪᠢᠰᠬᠠᠯᠲᠤ ᠨᠠᠮ-ᠡᠬᠡ ᠣᠷᠣᠨ ᠠᠷᠠᠳᠴᠢᠯᠠᠯ ᠡᠪᠰᠡᠯ ᠦᠨ ᠬᠣᠭᠣᠷᠣᠨᠳᠣ ᠪᠠᠶᠢᠭᠤᠯᠤᠭᠰᠠᠨ ᠭᠡᠷ᠎ᠡ ᠶᠢᠨ ᠳᠠᠭᠠᠤ ᠠᠵᠢᠯᠯᠠᠭᠤᠯᠬᠤ ᠨᠥᠬᠥᠴᠡᠯ ᠲᠡᠢ ᠭᠡᠷ ᠢᠶᠡᠨ ᠪᠠᠶᠢᠭᠤᠯᠪᠠ᠃ ᠡᠶᠢᠨᠬᠦᠦ ᠮ᠃ᠡᠩᠬᠡᠪᠣᠯᠤᠳ ᠤᠯᠤᠰ ᠤᠨ ᠶᠡᠬᠡ ᠬᠤᠷᠠᠯ ᠤᠨ ᠭᠡᠰᠢᠭᠦᠨ ᠢᠶᠡᠷ ᠰᠣᠩᠭᠣᠭᠳᠠᠪᠠ᠃ 2008, 2012 ᠣᠨ ᠤ ᠤᠯᠤᠰ ᠤᠨ ᠶᠡᠬᠡ ᠬᠤᠷᠠᠯ ᠤᠨ ᠰᠣᠩᠭᠣᠭᠤᠯᠢ ᠳᠤ ᠮ᠃ᠡᠩᠬᠡᠪᠣᠯᠤᠳ ᠲᠥᠪ ᠠᠶᠢᠮᠠᠭ ᠲᠤ ᠤᠯᠤᠰ ᠤᠨ ᠶᠡᠬᠡ ᠬᠤᠷᠠᠯ ᠶᠢᠨ 14 ᠍ ᠳᠦᠭᠡᠷ ᠲᠣᠭᠣᠷᠢᠭ ᠲᠤ ᠨᠡᠷ᠎ᠡ ᠳᠡᠪᠰᠢᠨ ᠳᠠᠬᠢᠨ ᠰᠣᠩᠭᠣᠭᠳᠠᠭᠰᠠᠨ᠃

ᠮᠣᠩᠭᠣᠯ ᠤᠯᠤᠰ ᠤᠨ ᠶᠡᠷᠦᠩᠬᠡᠢ ᠰᠠᠶᠢᠳ[ᠵᠠᠰᠠᠪᠤᠷᠢᠯᠠᠬᠤ | ᠺᠣᠳ᠋ ᠢᠶᠠᠷ ᠵᠠᠰᠠᠬᠣ]

ᠬᠡᠳᠦᠢ ᠠᠷᠠᠳᠴᠢᠯᠠᠭᠰᠠᠨ ᠨᠠᠮ ᠭᠡᠷ᠎ᠡ ᠶᠢᠨ ᠳᠠᠭᠠᠤ ᠥᠪᠡᠷ ᠦᠨ ᠨᠡᠷ᠎ᠡ ᠳᠡᠪᠰᠢᠭᠴᠢ ᠶᠢᠨ ᠨᠡᠷ᠎ᠡ ᠶᠢ ᠨᠥᠬᠥᠨ ᠰᠣᠩᠭᠣᠭᠤᠯᠢ ᠠᠴᠠ ᠲᠠᠲᠠᠭᠤᠯᠤᠭᠰᠠᠨ ᠪᠣᠯᠪᠠᠴᠤ 2006 ᠣᠨ ᠤ 1 ᠰᠠᠷ᠎ᠠ ᠳᠤ ᠮᠣᠩᠭᠣᠯ ᠠᠷᠠᠳ ᠤᠨ ᠬᠤᠪᠢᠰᠬᠠᠯᠲᠤ ᠨᠠᠮ᠂ ᠤᠯᠤᠰ ᠤᠨ ᠶᠡᠬᠡ ᠬᠤᠷᠠᠯ ᠳᠠᠬᠢ ᠠᠷᠠᠳᠴᠢᠯᠠᠭᠰᠠᠨ ᠨᠠᠮ ᠤᠨ ᠮᠡᠨᠳᠦᠰᠠᠶᠢᠬᠠᠨ ᠤ ᠡᠩᠬᠡᠰᠠᠶᠢᠬᠠᠨ ᠲᠡᠷᠢᠭᠦᠲᠡᠢ ᠴᠥᠭᠡᠨ ᠭᠡᠰᠢᠭᠦᠳ᠂ ᠡᠬᠡ ᠣᠷᠣᠨ ᠨᠠᠮᠮᠣᠩᠭᠣᠯ ᠤᠯᠤᠰ ᠤᠨ ᠪᠦᠭᠦᠳᠡ ᠨᠠᠶᠢᠷᠠᠮᠳᠠᠬᠤ ᠨᠠᠮᠠᠷᠠᠳ ᠲᠦᠮᠡᠨ ᠦ ᠨᠠᠮ ᠳᠤ ᠵᠠᠰᠠᠭ ᠤᠨ ᠭᠠᠵᠠᠷ ᠲᠤ ᠰᠠᠭᠤᠳᠠᠯ ᠠᠮᠠᠯᠠᠵᠤ ᠪᠠᠶᠢᠵᠤ ᠴ᠃ᠡᠯᠪᠡᠭᠳᠣᠷᠵᠢ ᠶᠢᠨ ᠲᠡᠷᠢᠭᠦᠯᠡᠭᠰᠡᠨ ᠵᠠᠰᠠᠭ ᠤᠨ ᠭᠠᠵᠠᠷ ᠢ ᠣᠭᠴᠠᠷᠠᠭᠤᠯᠵᠤ᠂ ᠮ᠃ᠡᠩᠬᠡᠪᠣᠯᠤᠳ ᠢ ᠮᠣᠩᠭᠣᠯ ᠤᠯᠤᠰ ᠤᠨ ᠶᠡᠷᠦᠩᠬᠡᠢ ᠰᠠᠶᠢᠳ ᠢᠶᠠᠷ ᠰᠣᠩᠭᠣᠵᠤ᠂ "ᠦᠨᠳᠦᠰᠦᠨ ᠦ ᠡᠪ ᠨᠢᠭᠡᠳᠦᠯ ᠦᠨ" ᠬᠡᠮᠡᠬᠦ ᠲᠣᠳᠣᠳᠬᠠᠯ ᠲᠠᠢ ᠰᠢᠨ᠎ᠡ ᠵᠠᠰᠠᠭ ᠤᠨ ᠭᠠᠵᠠᠷ ᠢᠶᠠᠨ ᠪᠦᠷᠢᠳᠦᠭᠦᠯᠦᠭᠰᠡᠨ ᠶᠤᠮ᠃ ᠮᠣᠩᠭᠣᠯ ᠠᠷᠠᠳ ᠤᠨ ᠬᠤᠪᠢᠰᠬᠠᠯᠲᠤ ᠨᠠᠮ ᠤᠨ 25 ᠍ ᠳᠦᠭᠡᠷ ᠶᠡᠬᠡ ᠬᠤᠷᠠᠯ ᠢᠶᠠᠷ ᠲᠡᠭᠦᠨ ᠢ ᠨᠠᠮ ᠤᠨ ᠳᠠᠷᠤᠭ᠎ᠠ ᠪᠣᠯᠤᠨ ᠶᠡᠷᠦᠩᠬᠡᠢ ᠰᠠᠶᠢᠳ ᠠᠴᠠ ᠣᠭᠴᠠᠷᠠᠭᠤᠯᠬᠤ ᠰᠢᠢᠳᠪᠦᠷᠢ ᠭᠠᠷᠴᠠᠢ᠃ ᠲᠡᠷᠡᠪᠡᠷ ᠥᠪᠡᠷ ᠢ ᠨᠢ ᠵᠠᠯᠭᠠᠮᠵᠢᠯᠠᠭᠰᠠᠨ ᠰᠠᠩᠵᠠ ᠶᠢᠨ ᠪᠠᠶᠠᠷ᠂ ᠮᠥᠨ ᠳᠠᠷᠠᠭ᠎ᠠ ᠶᠢᠨ ᠰᠦᠬᠡᠪᠠᠭᠠᠲᠤᠷ ᠤᠨ ᠪᠠᠲᠤᠪᠠᠯ ᠳᠤ ᠍ ᠤᠨ ᠵᠠᠰᠠᠭ ᠤᠨ ᠭᠠᠵᠠᠷ ᠲᠤ ᠰᠢᠳᠠᠷ ᠰᠠᠶᠢᠳ ᠢᠶᠠᠷ ᠠᠵᠢᠯᠯᠠᠵᠤ ᠪᠠᠶᠢᠪᠠ᠃

ᠱᠠᠩᠨᠠᠯ ᠤᠳ[ᠵᠠᠰᠠᠪᠤᠷᠢᠯᠠᠬᠤ | ᠺᠣᠳ᠋ ᠢᠶᠠᠷ ᠵᠠᠰᠠᠬᠣ]

1999 ᠣᠨ ᠳᠤ "ᠠᠯᠲᠠᠨᠭᠠᠳᠠᠰᠤ" ᠣᠳᠣᠨ᠂ 2005 ᠣᠨ ᠳᠤ "ᠬᠥᠳᠡᠯᠮᠦᠷᠢ ᠶᠢᠨ ᠭᠠᠪᠢᠶᠠᠨ ᠤ ᠤᠯᠠᠭᠠᠨ ᠲᠤᠭ ᠤᠨ ᠣᠳᠣᠨ" ᠍ ᠪᠠᠷ ᠲᠤᠰ ᠲᠤᠰ ᠱᠠᠩᠨᠠᠭᠳᠠᠭᠰᠠᠨ᠃


ᠵᠡᠭᠦᠯᠲᠡ[ᠵᠠᠰᠠᠪᠤᠷᠢᠯᠠᠬᠤ | ᠺᠣᠳ᠋ ᠢᠶᠠᠷ ᠵᠠᠰᠠᠬᠣ]

  1. ᠠᠷᠠᠳ ᠤᠨ ᠬᠤᠪᠢᠰᠬᠠᠯ ᠨᠠᠮ ᠤᠨ ᠳvᠨᠰᠭᠡᠷ ᠮᠥᠷᠡᠨ ᠳᠦ ᠰᠥᠩ ᠲvᠷᠯᠡ. 2005-06-20 ᠍ ᠳᠦ ᠬᠠᠨᠳᠤᠭᠰᠠᠨ᠃


ᠡᠮᠦᠨᠡᠬᠢ
ᠴᠠᠬᠢᠭ᠎ᠠ ᠶᠢᠨ ᠡᠯᠪᠡᠭᠳᠣᠷᠵᠢ
ᠮᠣᠩᠭᠣᠯ ᠤᠯᠤᠰ ᠤᠨ ᠶᠡᠷᠦᠩᠬᠡᠢ ᠰᠠᠶᠢᠳ
{{{on}}}
ᠳᠠᠷᠠᠭᠠᠬᠢ
ᠰᠠᠩᠵᠠ ᠶᠢᠨ ᠪᠠᠶᠠᠷ

ᠪᠢᠴᠢᠭᠡᠰᠦ