ᠮᠣᠩᠭᠣᠯ ᠤᠨ ᠠᠷᠠᠳᠴᠢᠯᠠᠭᠰᠠᠨ ᠬᠣᠯᠪᠣᠭ᠎ᠠ

ᠴᠢᠯᠦᠭᠡᠲᠦ ᠨᠡᠪᠲᠡᠷᠬᠡᠢ ᠲᠣᠯᠢ — ᠸᠢᠺᠢᠫᠧᠳᠢᠶ᠎ᠠ ᠠᠴᠠ
ᠬᠠᠷᠠᠶᠢᠬᠤ: ᠤᠳᠤᠷᠢᠳᠬᠤ, ᠬᠠᠶᠢᠯᠲᠠ

ᠮᠣᠩᠭᠣᠯ ᠤᠨ ᠠᠷᠠᠳᠴᠢᠯᠠᠭᠰᠠᠨ ᠬᠣᠯᠪᠣᠭ᠎ᠠ ᠨᠢ 1989 ᠣᠨ ᠤ ᠠᠷᠠᠳᠴᠢᠯᠠᠭᠰᠠᠨ ᠬᠤᠪᠢᠰᠬᠠᠯ ᠍ ᠍ ᠍ ᠢ ᠤᠳᠤᠷᠢᠳᠤᠨ ᠵᠣᠬᠢᠶᠠᠨ ᠪᠠᠶᠢᠭᠤᠯᠤᠭᠰᠠᠨ ᠤᠯᠤᠰ ᠲᠥᠷᠥ ᠶᠢᠨ ᠬᠥᠳᠡᠯᠭᠡᠭᠡᠨ ᠶᠤᠮ᠃ ᠣᠳᠣ ᠶᠢᠨ ᠳᠠᠷᠤᠭ᠎ᠠ ᠨᠢ ᠤᠯᠤᠰ ᠤᠨ ᠶᠡᠬᠡ ᠬᠤᠷᠠᠯ ᠶᠢᠨ ᠭᠡᠰᠢᠭᠦᠨ ᠬᠠᠯᠲᠠᠮ᠎ᠠ ᠶᠢᠨ ᠪᠠᠲᠤᠲᠤᠯᠭ᠎ᠠ.

ᠤᠭᠲᠤᠪᠤᠷᠢ ᠨᠥᠬᠥᠴᠡᠯ[ᠵᠠᠰᠠᠪᠤᠷᠢᠯᠠᠬᠤ | ᠺᠣᠳ᠋ ᠢᠶᠠᠷ ᠵᠠᠰᠠᠬᠣ]

ᠵᠥᠪᠯᠡᠯᠲᠦ ᠬᠣᠯᠪᠣᠭᠠᠲᠤ ᠤᠯᠤᠰᠠᠳᠠ ᠥᠷᠨᠢᠭᠰᠡᠨ ᠫᠧᠷᠧᠰᠲ᠋ᠷᠣᠢᠺᠠ ᠪᠤᠶᠤ ᠥᠭᠡᠷᠡᠴᠢᠯᠡᠨ ᠪᠠᠶᠢᠭᠤᠯᠤᠯᠲᠠ ᠶᠢᠨ ᠨᠥᠯᠥᠭᠡ 1980 ᠍ ᠍ ᠍ ᠊ᠭᠠᠳ ᠣᠨ ᠤ ᠳᠤᠮᠳᠠ ᠦᠶᠡᠰ ᠮᠣᠩᠭᠣᠯ ᠣᠷᠣᠨ ᠳᠤ ᠨᠡᠪᠲᠡᠷᠡᠴᠢ᠂ ᠲᠥᠷᠥ ᠵᠠᠰᠠᠭ ᠤᠨ ᠦᠢᠯᠡ ᠠᠵᠢᠯᠯᠠᠭ᠎ᠠ ᠶᠢ ᠰᠢᠭᠦᠮᠵᠢᠯᠡᠭᠰᠡᠨ ᠦᠭᠡᠰ ᠦᠶ᠎ᠡ ᠦᠶ᠎ᠡ ᠰᠣᠨᠣᠰᠤᠭᠳᠠᠬᠤ ᠪᠣᠯᠵᠠᠢ᠃ ᠡᠨᠡ ᠪᠠᠶᠢᠳᠠᠯ ᠠᠭᠠᠵᠢᠮ ᠢᠶᠠᠷ ᠬᠦᠷᠢᠶ᠎ᠡ ᠪᠡᠨ ᠲᠡᠯᠡᠭᠰᠡᠭᠡᠷ 1989 ᠣᠨ ᠤ ᠠᠷᠪᠠᠨ ᠨᠢᠭᠡᠳᠦᠭᠡᠷ ᠰᠠᠷ᠎ᠠ ᠶᠢᠨ 27-29 ᠍ ᠍ ᠍ ᠳᠦ ᠤᠯᠠᠭᠠᠨᠪᠠᠭᠠᠲᠤᠷ ᠬᠣᠳᠠ ᠳᠤ ᠪᠣᠯᠤᠭᠰᠠᠨ ᠵᠠᠯᠠᠭᠤ ᠤᠷᠠᠨ ᠪᠦᠲᠦᠭᠡᠯᠴᠢᠳ ᠦᠨ ᠬᠣᠶᠠᠳᠤᠭᠠᠷ ᠵᠥᠪᠯᠡᠭᠡᠨ ᠦ ᠶᠡᠨᠳᠡᠷ ᠡᠴᠡ ᠮᠣᠩᠭᠣᠯ ᠠᠷᠠᠳ ᠤᠨ ᠬᠤᠪᠢᠰᠬᠠᠯᠲᠤ ᠨᠠᠮ ᠤᠨ ᠲᠥᠪ ᠬᠣᠷᠢᠶᠠᠨ ᠤ ᠤᠯᠤᠰ ᠲᠥᠷᠥ ᠶᠢᠨ ᠲᠣᠪᠴᠢᠶ᠎ᠠᠨᠳ ᠡᠷᠭᠦᠬᠦ ᠪᠢᠴᠢᠭ ᠪᠠᠷᠢᠬᠤ ᠬᠡᠮᠵᠢᠶᠡᠨ ᠳᠦ ᠬᠦᠷᠴᠦ ᠵᠠᠳᠠᠷᠠᠭᠰᠠᠨ᠃

ᠠᠷᠠᠳᠴᠢᠯᠠᠭᠰᠠᠨ ᠬᠤᠪᠢᠰᠬᠠᠯ[ᠵᠠᠰᠠᠪᠤᠷᠢᠯᠠᠬᠤ | ᠺᠣᠳ᠋ ᠢᠶᠠᠷ ᠵᠠᠰᠠᠬᠣ]

1989 ᠣᠨ ᠤ ᠠᠷᠪᠠᠨ ᠬᠣᠶᠠᠳᠤᠭᠠᠷ ᠰᠠᠷ᠎ᠠ ᠶᠢᠨ 10 ᠍ ᠍ ᠍ ᠳᠦ ᠮᠣᠩᠭᠣᠯ ᠤᠨ ᠠᠷᠠᠳᠴᠢᠯᠠᠭᠰᠠᠨ ᠬᠣᠯᠪᠣᠭ᠎ᠠ ᠪᠠᠶᠢᠭᠤᠯᠤᠭᠳᠠᠵᠤ ᠶᠡᠷᠦᠩᠬᠡᠢ ᠵᠣᠬᠢᠴᠠᠭᠤᠯᠤᠭᠴᠢ ᠪᠠᠷ ᠢᠶᠠᠨ ᠰᠠᠩᠵᠢᠶᠠᠰᠦ᠋ᠷᠦᠩ ᠦᠨ ᠵᠣᠷᠢᠭᠡᠶᠢᠭ ᠰᠣᠩᠭᠣᠵᠤ᠂ ᠠᠩᠬᠠᠨ ᠤ ᠴᠤᠭᠯᠠᠭᠠᠨ ᠢᠶᠠᠨ ᠬᠡᠦᠬᠡᠳ ᠵᠠᠯᠠᠭᠤᠴᠤᠳ ᠤᠨ ᠰᠤᠶᠤᠯ ᠤᠨ ᠲᠥᠪ ᠦᠨ ᠡᠭᠦᠳᠡᠨ ᠳᠦ ᠵᠣᠬᠢᠶᠠᠨ ᠪᠠᠶᠢᠭᠤᠯᠤᠭᠰᠠᠨ ᠢᠶᠠᠷ ᠮᠣᠩᠭᠣᠯ ᠳᠤ ᠠᠷᠠᠳᠴᠢᠯᠠᠭᠰᠠᠨ ᠬᠤᠪᠢᠰᠬᠠᠯ ᠡᠬᠢᠯᠡᠭᠰᠡᠨ ᠬᠡᠮᠡᠨ ᠦᠵᠡᠳᠡᠭ᠃ ᠨᠡᠶᠢᠰᠯᠡᠯ ᠳᠦ ᠪᠣᠯᠤᠭᠰᠠᠨ ᠡᠨᠡ ᠴᠤᠭᠯᠠᠭᠠᠨ ᠠᠴᠠ/ 7 ᠬᠣᠨᠣᠭ ᠤᠨ ᠡᠮᠦᠨ᠎ᠡ ᠡᠷᠳᠡᠨᠢᠲᠦ ᠬᠣᠳᠠ ᠳᠤ ᠠᠩᠬᠠᠨ ᠤ ᠲᠠᠶᠢᠪᠤᠩ ᠵᠢᠭ᠌ᠰᠠᠭᠠᠯ ᠪᠣᠯᠤᠭᠰᠠᠨ ᠪᠥᠭᠡᠳ ᠲᠡᠷᠡ ᠵᠢᠭᠰᠠᠭᠠᠯᠲᠠ ᠡᠷᠳᠡᠨᠢᠲᠦ ᠬᠣᠲᠠ ᠶᠢᠨ ᠪᠦᠬᠦ ᠳᠠᠷᠤᠭ᠎ᠠ ᠨᠠᠷ ᠣᠷᠣᠯᠴᠠᠵᠤ ᠬᠡᠨ ᠦ ᠬᠡᠨ ,ᠠᠯᠢ ᠪᠠᠶᠢᠭᠤᠯᠤᠯᠭ᠎ᠠ ᠶᠢᠨ ᠠᠵᠢᠯᠴᠢᠨ ᠣᠷᠣᠯᠪᠠ ᠭᠡᠵᠦ ᠪᠦᠷᠲᠡᠭᠡᠬᠦ ᠳ᠋ᠡ ᠵᠢᠭᠰᠠᠭᠠᠯᠲᠠ ᠣᠷᠣᠯᠴᠠᠭᠰᠠᠨ ᠬᠦᠮᠦᠰ ᠦᠨ ᠢᠷᠡᠴᠡ ᠶᠢ ᠤᠯᠠᠮ ᠣᠯᠠᠨ ᠪᠣᠯᠭᠠᠭᠰᠠᠨ ᠶᠤᠮ/ᠮᠥᠨ 1989 ᠣᠨ ᠤ 12 ᠍ ᠍ ᠍ ᠳᠦᠭᠡᠷ ᠰᠠᠷ᠎ᠠ ᠶᠢᠨ 6 ᠍ ᠍ ᠍ ᠳᠦ ᠴᠤᠭᠯᠠᠭᠠᠨ ᠪᠣᠯᠵᠤ ᠲᠡᠷᠡ ᠴᠤᠭᠯᠠᠭᠠᠨ ᠤ ᠪᠢᠴᠢᠯᠭᠡ ᠶᠢ 1989 ᠣᠨ ᠤ 12 ᠍ ᠍ ᠍ ᠳᠦᠭᠡᠷ ᠰᠠᠷ᠎ᠠ ᠶᠢᠨ 19 ᠍ ᠍ ᠍ ᠳᠦ᠎ᠡ᠃ᠪᠠᠲᠤ᠋ᠡᠭᠦᠯᠡ᠂ᠳ᠃ᠡᠩᠬᠡᠪᠠᠭᠠᠲᠤᠷ ᠨᠠᠷ ᠲᠤ ᠥᠭᠴᠦ ᠶᠠᠪᠤᠭᠤᠯᠤᠭᠰᠠᠨ ᠶᠤᠮ ᠬᠡᠷᠪᠡ ᠪᠡᠨ ᠲᠡᠦᠬᠡ ᠪᠢᠴᠢᠬᠦ ᠭᠡᠵᠦ ᠪᠠᠶᠢᠭ᠎ᠠ ᠶᠤᠮ ᠪᠣᠯ ᠦᠨᠡᠨ ᠢ ᠪᠢᠴᠢ ᠯᠠ ᠳ᠋ᠡ᠃ᠲᠡᠷᠡ ᠴᠤᠭᠯᠠᠭᠠᠨ ᠳᠡᠭᠡᠷ᠎ᠡ ᠡᠷᠳᠡᠨᠢᠲᠦ ᠡᠴᠡ ᠣᠷᠣᠰ ᠴᠡᠷᠢᠭ ᠦᠨ ᠠᠩᠭᠢ ᠶᠢ ᠭᠠᠷᠭᠠᠬᠤ᠂ᠲᠣᠰᠤᠨ ᠵᠠᠭᠠᠮᠠᠷ ᠤᠨ ᠠᠯᠲᠠᠨ ᠤ ᠠᠭᠤᠷᠬᠠᠢ ᠶᠢ ᠠᠰᠢᠭᠯᠠᠬᠤ ᠦᠭᠡᠢ ᠪᠠᠶᠢᠬᠤ᠂ᠡᠷᠳᠡᠨᠢᠲᠦ ᠦᠢᠯᠡᠳᠪᠦᠷᠢ ᠶᠢ ᠦᠨᠳᠦᠰᠦᠨ ᠦ ᠦᠢᠯᠡᠳᠪᠦᠷᠢ ᠪᠣᠯᠭᠠᠬᠤ᠂ᠪᠠᠷᠢᠭᠳᠠᠵᠤ ᠪᠠᠶᠢᠭ᠎ᠠ ᠢᠰᠡᠭᠡᠢ᠂ᠢᠰᠡᠭᠡᠢ ᠭᠤᠲᠤᠯ ᠤᠨ ᠦᠢᠯᠡᠳᠪᠦᠷᠢ ᠶᠢ ᠪᠠᠷᠢᠬᠤ ᠦᠭᠡᠢ ᠪᠠᠶᠢᠬᠤ᠂ᠮᠣᠳᠣ ᠳᠠᠮᠵᠢᠭᠤᠯᠬᠤ ᠦᠢᠯᠡᠳᠪᠦᠷᠢ ᠶᠢ ᠨᠡᠩ ᠳᠠᠷᠤᠢ ᠬᠠᠭᠠᠬᠤ ᠭᠡᠰᠡᠨ ᠱᠠᠭᠠᠷᠳᠠᠯᠭ᠎ᠠ ᠶᠢ ᠨᠠᠮ ᠤᠨ ᠲᠥᠪ ᠬᠣᠷᠢᠶ᠎ᠠ 5 ᠍ ᠍ ᠍ ᠳᠦᠭᠡᠷ ᠪᠦᠭᠦᠳᠡ ᠬᠤᠷᠠᠯ ᠳᠤ ᠮᠣᠩᠭᠣᠯ ᠠᠷᠠᠳ ᠤᠨ ᠬᠤᠪᠢᠰᠬᠠᠯᠲᠤ ᠨᠠᠮ ᠦᠨ ᠬᠣᠷᠢᠶᠠᠨ ᠤ ᠳᠠᠷᠤᠭ᠎ᠠ ᠮᠢᠩᠭᠠᠨᠪᠠᠶᠠᠷ᠂ᠡᠷᠳᠡᠨᠢᠲᠦ ᠬᠣᠲᠠ ᠶᠢᠨ ᠳᠠᠷᠤᠭ᠎ᠠ ᠳ᠃ᠲᠣᠭᠣᠭᠠᠴᠢ ᠨᠠᠷᠠ ᠪᠠᠷ ᠶᠠᠪᠤᠭᠤᠯᠤᠭᠰᠠᠨ ᠪᠥᠭᠡᠳ ᠨᠠᠮ ᠤᠨ ᠲᠥᠪ ᠬᠣᠷᠢᠶᠠᠨ ᠤ 5 ᠍ ᠍ ᠍ ᠳᠦᠭᠡᠷ ᠪᠦᠭᠦᠳᠡ ᠬᠤᠷᠠᠯ ᠤᠨ ᠶᠡᠨᠳᠡᠷ ᠳᠡᠭᠡᠷ᠎ᠡ ᠡᠴᠡ ᠰᠡᠳᠬᠢᠯ ᠦᠨ ᠬᠥᠭᠡᠷᠦᠯᠲᠡᠢ᠂ᠰᠡᠭᠰᠡᠭᠡᠷ ᠦᠰᠦᠲᠡᠢ ᠬᠡᠳᠦᠨ ᠵᠠᠯᠠᠭᠤᠰ ᠳᠠᠪᠠᠷᠠᠭᠠᠳ ᠪᠠᠶᠢᠨ᠎ᠠ ᠳᠠᠷᠤᠭᠠᠳ ᠥᠭ ᠭᠡᠵᠦ ᠬᠡᠯᠡᠬᠦ ᠶᠢ ᠰᠣᠨᠣᠰᠴᠤ ᠰᠠᠭᠤᠪᠠ᠃ ᠯᠦᠨ/ 3 ᠬᠣᠨᠣᠭ ᠤᠨ ᠡᠮᠦᠨ᠎ᠡ ᠪᠤᠶᠤ 1989 ᠣᠨ ᠤ 12 ᠰᠠᠷ᠎ᠠ ᠶᠢᠨ 07 ᠍ ᠍ ᠍ ᠳᠦ ᠬᠣᠪᠳᠣ ᠶᠢᠨ ᠪᠠᠭᠰᠢ ᠶᠢᠨ ᠳᠡᠭᠡᠳᠦ ᠰᠤᠷᠭᠠᠭᠤᠯᠢ ᠦᠨ (ᠬᠣᠪᠳᠣ ᠶᠢᠨ ᠪᠠᠭᠰᠢ ᠶᠢᠨ ᠳᠡᠭᠡᠳᠦ ᠰᠤᠷᠭᠠᠭᠤᠯᠢ) ᠬᠡᠰᠡᠭ ᠪᠠᠭᠰᠢ ᠣᠶᠤᠲᠠᠨ ᠠᠷᠠᠳ ᠠᠶᠤᠱᠢ ᠶᠢᠨ ᠲᠠᠯᠠᠪᠠᠢ ᠳᠤ ᠠᠩᠬᠠᠨ ᠤ ᠤᠯᠤᠰ ᠲᠥᠷᠥ ᠶᠢᠨ ᠵᠢᠭ᠌ᠰᠠᠭᠠᠯ ᠴᠤᠭᠯᠠᠭᠠᠨ ᠬᠢᠵᠦ ᠮᠣᠩᠭᠣᠯ ᠠᠷᠠᠳ ᠤᠨ ᠬᠤᠪᠢᠰᠬᠠᠯᠲᠤ ᠨᠠᠮ ᠤᠨ ᠲᠥᠪ ᠬᠣᠷᠢᠶ᠎ᠠ ᠤ ᠤᠯᠤᠰ ᠲᠥᠷᠥ ᠶᠢᠨ ᠲᠣᠪᠴᠢᠶ᠎ᠠ᠂ ᠵᠠᠰᠠᠭ ᠤᠨ ᠭᠠᠵᠠᠷ ᠢ ᠪᠦᠷᠢᠨ ᠪᠦᠷᠢᠯᠳᠦᠬᠦᠨ ᠢᠶᠡᠷ ᠢᠶᠡᠨ ᠣᠭᠴᠠᠷᠬᠤ ᠶᠢ ᠱᠠᠭᠠᠷᠳᠠᠭᠰᠠᠨ ᠡᠷᠭᠦᠬᠦ ᠪᠢᠴᠢᠭ ᠢ ᠠᠶᠢᠮᠠᠭ ᠤᠨ НХ ᠍ ᠍ ᠍ ᠤ ᠪᠦᠭᠦᠳᠡ ᠬᠤᠷᠠᠯ ᠤᠨ ᠦᠶ᠎ᠡ ᠪᠡᠷ ᠤᠯᠠᠭᠠᠨᠪᠠᠭᠠᠲᠤᠷ ᠲᠤ ᠬᠦᠷᠭᠡᠭᠦᠯᠬᠦ ᠪᠡᠷ ᠭᠠᠷᠳᠠᠭᠤᠯᠵᠤ ᠪᠠᠶᠢᠴᠠᠢ᠃ ᠡᠨᠡ ᠵᠢᠭ᠌ᠰᠠᠭᠠᠯ ᠴᠤᠭᠯᠠᠭᠠᠨ ᠳᠤ ᠨᠡᠶᠢᠲᠡ 300 ᠭᠠᠷᠤᠢ ᠬᠦᠮᠦᠨ ᠣᠷᠣᠯᠴᠠᠵᠠᠢ᠃

1990 ᠣᠨ ᠤ ᠬᠣᠶᠠᠳᠤᠭᠠᠷ ᠰᠠᠷ᠎ᠠ ᠶᠢᠨ 11 ᠍ ᠍ ᠍ ᠳᠦ ᠢᠯᠠᠯᠲᠠ ᠶᠢᠨ ᠲᠠᠯᠠᠪᠠᠢ ᠳᠤ ᠣᠯᠠᠨ ᠠᠷᠪᠠᠨ ᠮᠢᠩᠭᠠᠨ ᠬᠦᠮᠦᠨ ᠣᠷᠣᠯᠴᠠᠭᠰᠠᠨ ᠳᠠᠷᠤᠭ᠎ᠠ ᠶᠢᠨ ᠴᠤᠭᠯᠠᠭᠠᠨ ᠪᠣᠯᠪᠠ᠃ ᠡᠨᠡ ᠴᠤᠭᠯᠠᠭᠠᠨ ᠠᠴᠠ ᠬᠣᠶᠢᠰᠢ ᠤᠯᠤᠰ ᠲᠥᠷᠥ ᠶᠢᠨ ᠰᠢᠨᠡᠴᠢᠯᠡᠯ ᠬᠢᠬᠦ ᠵᠣᠷᠢᠯᠭ᠎ᠠ ᠲᠠᠢ ᠬᠣᠯᠪᠣᠭ᠎ᠠ᠂ ᠬᠥᠳᠡᠯᠭᠡᠭᠡᠨ ᠰᠢᠯᠢ ᠰᠢᠯᠢ ᠪᠡᠨ ᠳᠠᠷᠤᠨ ᠪᠠᠶᠢᠭᠤᠯᠤᠭᠳᠠᠯ᠎ᠠ᠃ ᠣᠷᠣᠨ ᠨᠤᠲᠤᠭ᠂ ᠦᠢᠯᠡᠳᠪᠦᠷᠢ ᠪᠠᠶᠢᠭᠤᠯᠤᠯᠭ᠎ᠠ ᠨᠤᠭᠤᠳ ᠲᠤ ᠬᠣᠯᠪᠣᠭ᠎ᠠ᠂ ᠬᠥᠳᠡᠯᠭᠡᠭᠡᠨ ᠦ ᠰᠠᠯᠪᠤᠷᠢ ᠨᠤᠭᠤᠳ ᠪᠠᠷᠤᠭ ᠵᠡᠷᠭᠡᠴᠡᠨ ᠪᠠᠶᠢᠭᠤᠯᠤᠭᠳᠠᠯ᠎ᠠ᠃

1990 ᠣᠨ ᠤ ᠬᠣᠶᠠᠳᠤᠭᠠᠷ ᠰᠠᠷ᠎ᠠ ᠶᠢᠨ 18–ᠨᠳ ᠮᠣᠬᠤ ᠤ ᠠᠩᠬᠠᠳᠤᠭᠠᠷ ᠶᠡᠬᠡ ᠬᠤᠷᠠᠯ ᠮᠣᠩᠭᠣᠯ ᠤᠨ ᠦᠢᠯᠡᠳᠪᠦᠷᠢᠴᠢᠨ ᠦ ᠡᠪᠯᠡᠯ ᠦᠨ ᠰᠤᠶᠤᠯ ᠤᠨ ᠲᠥᠪ ᠣᠷᠳᠣᠨ ᠳᠤ ᠬᠤᠷᠠᠯᠳᠤᠵᠤ᠂ ᠬᠣᠲᠠ ᠬᠥᠳᠡᠭᠡ ᠶᠢᠨ 611 ᠲᠥᠯᠥᠭᠡᠯᠡᠭᠴᠢ᠂ ᠭᠠᠳᠠᠭᠠᠳᠤ᠂ ᠳᠣᠲᠣᠭᠠᠳᠤ ᠶᠢᠨ 200 ᠭᠠᠷᠤᠢ ᠵᠣᠴᠢᠨ ᠲᠥᠯᠥᠭᠡᠯᠡᠭᠴᠢ ᠣᠷᠣᠯᠴᠠᠵᠠᠢ᠃ ᠤᠭ ᠬᠤᠷᠠᠯ ᠠᠴᠠ ᠮᠣᠬᠤ ᠤ ᠶᠡᠷᠦᠩᠬᠡᠢ ᠵᠣᠬᠢᠴᠠᠭᠤᠯᠬᠤ ᠵᠥᠪᠯᠡᠯ ᠢ 35, ᠲᠡᠷᠢᠭᠦᠯᠡᠭᠴᠢᠳ ᠢ 9 ᠬᠦᠮᠦᠨ ᠦ ᠪᠦᠷᠢᠯᠳᠦᠬᠦᠨ ᠲᠡᠢ ᠰᠣᠩᠭᠣᠵᠤ᠂ ᠶᠡᠷᠦᠩᠬᠡᠢ ᠵᠣᠬᠢᠴᠠᠭᠤᠯᠤᠭᠴᠢ ᠪᠠᠷ ᠰ᠃ᠵᠣᠷᠢᠭ ᠢ ᠰᠣᠩᠭᠣᠵᠠᠢ᠃

ᠡᠨᠡ ᠬᠤᠷᠠᠯ ᠢᠶᠠᠷ ᠮᠣᠩᠭᠣᠯ ᠠᠷᠠᠳ ᠤᠨ ᠬᠤᠪᠢᠰᠬᠠᠯᠲᠤ ᠨᠠᠮ ᠤᠨ ᠲᠥᠪ ᠬᠣᠷᠢᠶᠠᠨ ᠤ ᠤᠯᠤᠰ ᠲᠥᠷᠥ ᠶᠢᠨ ᠲᠣᠪᠴᠢᠶ᠎ᠠ ᠶᠢ ᠪᠦᠷᠢᠨ ᠪᠦᠷᠢᠯᠳᠦᠬᠦᠨ ᠢᠶᠡᠷ ᠢᠶᠡᠨ ᠣᠭᠴᠠᠷᠠᠬᠤ ᠶᠢ ᠱᠠᠭᠠᠷᠳᠠᠭᠰᠠᠨ ᠶᠤᠮ᠃ ᠬᠤᠷᠠᠯ ᠤᠨ ᠦᠶ᠎ᠡ ᠪᠡᠷ ᠠᠷᠠᠳᠴᠢᠯᠠᠯ ᠤᠨ ᠠᠩᠬᠠᠨ ᠤ ᠴᠢᠯᠦᠭᠡᠲᠦ ᠰᠣᠨᠢᠨ ᠪᠣᠯᠬᠤ ᠰᠢᠨ᠎ᠡ ᠲᠣᠯᠢ ᠬᠡᠪᠯᠡᠭᠳᠡᠨ ᠭᠠᠷᠤᠭᠰᠠᠨ ᠲᠡᠦᠬᠡ ᠲᠡᠢ᠃ ᠲᠤᠩ ᠤᠳᠠᠯ ᠦᠭᠡᠢ ᠮᠣᠩᠭᠣᠯ ᠤᠨ ᠠᠷᠠᠳᠴᠢᠯᠠᠭᠰᠠᠨ ᠨᠠᠮ ᠪᠠᠶᠢᠭᠤᠯᠤᠭᠳᠠᠵᠤ ᠠᠩᠬᠠᠨ ᠤ ᠳᠠᠷᠤᠭ᠎ᠠ ᠪᠠᠷ ᠨᠢ ᠡᠷᠳᠡᠨᠢ ᠶᠢᠨ ᠪᠠᠲᠤ-ᠡᠭᠦᠯᠡᠡᠶᠢᠭ ᠰᠣᠩᠭᠣᠭᠰᠠᠨ ᠢᠶᠠᠨ ᠠᠯᠪᠠᠨ ᠶᠣᠰᠣᠭᠠᠷ ᠵᠠᠷᠯᠠᠪᠠ᠃

1990 ᠣᠨ ᠤ ᠭᠤᠷᠪᠠᠳᠤᠭᠠᠷ ᠰᠠᠷ᠎ᠠ ᠶᠢᠨ 4 ᠍ ᠍ ᠍ ᠳᠦ ᠣᠯᠠᠨ ᠠᠷᠪᠠᠨ ᠮᠢᠩᠭᠠᠨ ᠬᠦᠮᠦᠨ ᠣᠷᠣᠯᠴᠠᠭᠰᠠᠨ ᠴᠤᠭᠯᠠᠭᠠᠨ ᠵᠣᠬᠢᠶᠠᠨ ᠪᠠᠶᠢᠭᠤᠯᠵᠤ᠂ 1990 ᠭᠤᠷᠪᠠᠳᠤᠭᠠᠷ ᠰᠠᠷ᠎ᠠ ᠶᠢᠨ 7 ᠍ ᠍ ᠍ ᠨᠣᠣᠰᠣ ᠮᠣᠩᠭᠣᠯ ᠤᠨ ᠲᠡᠦᠬᠡᠨ ᠳᠦ ᠠᠩᠬ᠎ᠠ ᠤᠳᠠᠭ᠎ᠠ ᠤᠯᠤᠰ ᠲᠥᠷᠥ ᠶᠢᠨ ᠥᠯᠥᠰᠬᠦᠯᠡᠩ ᠵᠠᠷᠯᠠᠭᠰᠠᠨ ᠪᠥᠭᠡᠳ 1990 ᠣᠨ ᠤ ᠭᠤᠷᠪᠠᠳᠤᠭᠠᠷ ᠰᠠᠷ᠎ᠠ ᠶᠢᠨ 29 ᠍ ᠍ ᠍ ᠳᠦ ᠮᠣᠩᠭᠣᠯ ᠠᠷᠠᠳ ᠤᠨ ᠬᠤᠪᠢᠰᠬᠠᠯᠲᠤ ᠨᠠᠮ ᠤᠨ ᠲᠥᠪ ᠬᠣᠷᠢᠶᠠᠨ ᠤ ᠤᠯᠤᠰ ᠲᠥᠷᠥ ᠶᠢᠨ ᠲᠣᠪᠴᠢᠶ᠎ᠠ ᠪᠦᠷᠢᠨ ᠪᠦᠷᠢᠯᠳᠦᠬᠦᠨ ᠢᠶᠡᠷ ᠢᠶᠡᠨ ᠣᠭᠴᠠᠷᠠᠭᠰᠠᠨ ᠢᠶᠠᠷ ᠥᠯᠥᠰᠬᠦᠯᠡᠩ ᠵᠣᠭᠰᠣᠭᠰᠠᠨ᠃ ᠤᠯᠠᠮ ᠢᠶᠠᠷ 1960 ᠣᠨ ᠳᠤ ᠪᠠᠲᠤᠯᠠᠭᠰᠠᠨ ᠦᠨᠳᠦᠰᠦᠨ ᠬᠠᠤᠯᠢ ᠶᠢᠨ ᠣᠷᠣᠰᠢᠯ ᠬᠡᠰᠡᠭ ᠡᠴᠡ ᠪᠦᠭᠦᠳᠡ ᠨᠠᠶᠢᠷᠠᠮᠳᠠᠬᠤ ᠮᠣᠩᠭᠣᠯ ᠠᠷᠠᠳ ᠤᠯᠤᠰ ᠍ ᠍ ᠍ ᠤᠨ ᠲᠥᠷᠥ᠂ ᠨᠡᠶᠢᠭᠡᠮ ᠤᠨ ᠤᠳᠤᠷᠢᠳᠤᠨ ᠴᠢᠭᠯᠡᠭᠦᠯᠦᠭᠴᠢ ᠬᠦᠴᠦ ᠪᠣᠯ ᠪᠦᠬᠦᠨ ᠢ ᠢᠯᠠᠭᠴᠢ ᠮᠠᠷᠺᠰᠢᠰᠲ ᠯᠧᠨᠢᠨᠢᠰᠲ ᠣᠨᠣᠯ ᠢ ᠦᠢᠯᠡ ᠠᠵᠢᠯᠯᠠᠭᠠᠨ ᠳᠤ ᠪᠠᠨ ᠤᠳᠤᠷᠢᠳᠤᠯᠭ᠎ᠠ ᠪᠣᠯᠭᠠᠳᠠᠭ ᠮᠣᠩᠭᠣᠯ ᠠᠷᠠᠳ ᠤᠨ ᠬᠤᠪᠢᠰᠬᠠᠯᠲᠤ ᠨᠠᠮ ᠮᠥᠨ ᠭᠡᠰᠡᠨ ᠵᠢᠭᠠᠯᠲᠠ ᠶᠢ ᠬᠠᠰᠴᠢ᠂ ᠣᠯᠠᠨ ᠨᠠᠮ ᠤᠨ ᠲᠣᠭᠲᠠᠯᠴᠠᠭ᠎ᠠ ᠶᠢ ᠬᠠᠤᠯᠢᠴᠢᠯᠠᠭᠰᠠᠨ ᠶᠠᠪᠤᠳᠠᠯ ᠮᠣᠬᠤ ᠲᠡᠷᠢᠭᠦᠲᠡᠢ ᠠᠷᠠᠳᠴᠢᠯᠠᠭᠰᠠᠨ ᠬᠦᠴᠦᠨ ᠦ ᠬᠠᠮᠤᠭ ᠤᠨ ᠲᠣᠮᠣ ᠢᠯᠠᠯᠲᠠ ᠪᠣᠯᠤᠭᠰᠠᠨ ᠶᠤᠮ᠃ ᠵᠢᠭ᠌ᠰᠠᠭᠠᠯ ᠴᠤᠭᠯᠠᠭᠠᠨ ᠣᠶᠢᠷ᠎ᠠ ᠣᠶᠢᠷᠠᠬᠠᠨ ᠪᠣᠯᠵᠤ᠂ ᠣᠯᠠᠨ ᠨᠠᠮ ᠲᠡᠭᠰᠢ ᠡᠷᠬᠡ ᠲᠡᠢ ᠣᠷᠣᠯᠴᠠᠭᠰᠠᠨ ᠠᠷᠠᠳᠴᠢᠯᠠᠭᠰᠠᠨ ᠰᠣᠩᠭᠣᠭᠤᠯᠢ ᠶᠠᠪᠤᠭᠤᠯᠬᠤ᠂ ᠤᠯᠤᠰ ᠤᠨ ᠪᠠᠭ᠎ᠠ ᠬᠤᠷᠠᠯ ᠪᠠᠶᠢᠭᠤᠯᠬᠤ ᠱᠠᠭᠠᠷᠳᠠᠯᠭ᠎ᠠ ᠲᠠᠯᠪᠢᠭᠰᠠᠨ ᠨᠢ ᠪᠡᠶᠡᠯᠡᠯ ᠢᠶᠡᠨ ᠣᠯᠵᠤ᠂ 1990 ᠣᠨ ᠤ ᠵᠢᠷᠭᠤᠳᠤᠭᠠᠷ ᠰᠠᠷ᠎ᠠ ᠳᠤ ᠣᠯᠠᠨ ᠨᠠᠮ ᠣᠷᠣᠯᠴᠠᠭᠰᠠᠨ ᠠᠩᠬᠠᠨ ᠤ ᠠᠷᠠᠳᠴᠢᠯᠠᠭᠰᠠᠨ ᠰᠣᠩᠭᠣᠭᠤᠯᠢ ᠪᠣᠯᠪᠠ᠃

ᠪᠢᠴᠢᠭᠡᠰᠦ