ᠮᠣᠩᠭᠣᠯ ᠤᠨ ᠦᠨᠳᠦᠰᠦᠨ ᠦ ᠣᠯᠢᠮᠫᠢᠺ ᠤᠨ ᠬᠣᠷᠢᠶ᠎ᠠ

ᠴᠢᠯᠦᠭᠡᠲᠦ ᠨᠡᠪᠲᠡᠷᠬᠡᠢ ᠲᠣᠯᠢ — ᠸᠢᠺᠢᠫᠧᠳᠢᠶ᠎ᠠ ᠠᠴᠠ
ᠬᠠᠷᠠᠶᠢᠬᠤ: ᠤᠳᠤᠷᠢᠳᠬᠤ, ᠬᠠᠶᠢᠯᠲᠠ

ᠮᠣᠩᠭᠣᠯ ᠤᠨ ᠦᠨᠳᠦᠰᠦᠨ ᠦ ᠣᠯᠢᠮᠫᠢᠺ ᠤᠨ ᠬᠣᠷᠢᠶ᠎ᠠ ᠨᠢ ᠮᠣᠩᠭᠣᠯ ᠤᠯᠤᠰ ᠲᠤ ᠣᠯᠢᠮᠫᠢᠺ ᠤᠨ ᠬᠥᠳᠡᠯᠭᠡᠭᠡᠨ ᠢ ᠬᠥᠭᠵᠢᠭᠦᠯᠬᠦ ᠵᠣᠷᠢᠯᠭ᠎ᠠ ᠲᠠᠢ ᠪᠠᠶᠢᠭᠤᠯᠤᠯᠭ᠎ᠠ ᠶᠤᠮ᠃

ᠲᠡᠦᠬᠡ[ᠵᠠᠰᠠᠪᠤᠷᠢᠯᠠᠬᠤ | ᠺᠣᠳ᠋ ᠢᠶᠠᠷ ᠵᠠᠰᠠᠬᠣ]

ᠮᠣᠩᠭᠣᠯ ᠤᠨ ᠦᠨᠳᠦᠰᠦᠨ ᠦ ᠣᠯᠢᠮᠫᠢᠺ ᠤᠨ ᠬᠣᠷᠢᠶ᠎ᠠ ᠨᠢ ᠠᠩᠬ᠎ᠠ 1956 ᠣᠨ ᠳᠤ ᠪᠠᠶᠢᠭᠤᠯᠤᠭᠳᠠᠵᠤ᠂ 1962 ᠣᠨ ᠳᠤ ᠣᠯᠠᠨ ᠤᠯᠤᠰ ᠤᠨ ᠣᠯᠢᠮᠫᠢᠺ ᠤᠨ ᠬᠣᠷᠢᠶ᠎ᠠ ᠤ ᠶᠡᠬᠡ ᠭᠡᠷ ᠪᠦᠯᠢ ᠳᠦ ᠪᠠᠭᠲᠤᠭᠰᠠᠨ᠃ ᠮᠣᠩᠭᠣᠯ ᠤᠨ ᠦᠨᠳᠦᠰᠦᠨ ᠦ ᠣᠯᠢᠮᠫᠢᠺ ᠤᠨ ᠬᠣᠷᠢᠶ᠎ᠠ ᠨᠢ ᠣᠯᠠᠨ ᠤᠯᠤᠰ ᠤᠨ ᠣᠯᠢᠮᠫᠢᠺ ᠤᠨ ᠬᠠᠷᠠᠲᠤ ᠶᠢ ᠤᠳᠤᠷᠢᠳᠤᠯᠭ᠎ᠠ ᠪᠣᠯᠭᠠᠵᠤ᠂ ᠣᠯᠢᠮᠫᠢᠺ ᠤᠨ ᠬᠥᠳᠡᠯᠭᠡᠭᠡᠨ ᠢ ᠦᠨᠳᠦᠰᠦᠨ ᠦ ᠪᠣᠯᠤᠨ ᠣᠯᠠᠨ ᠤᠯᠤᠰ ᠤᠨ ᠬᠡᠮᠵᠢᠶᠡᠨ ᠳᠦ ᠬᠥᠭᠵᠢᠭᠦᠯᠬᠦ ᠵᠣᠷᠢᠯᠭ᠎ᠠ ᠪᠦᠬᠦᠢ ᠲᠥᠷᠥ ᠶᠢᠨ ᠪᠤᠰᠤ ᠪᠠᠶᠢᠭᠤᠯᠤᠯᠭ᠎ᠠ ᠶᠤᠮ᠃ ᠮᠣᠩᠭᠣᠯ ᠤᠨ ᠦᠨᠳᠦᠰᠦᠨ ᠦ ᠣᠯᠢᠮᠫᠢᠺ ᠤᠨ ᠬᠣᠷᠢᠶ᠎ᠠ ᠨᠢ ᠣᠯᠢᠮᠫᠢᠺ ᠤᠨ ᠨᠠᠭᠠᠳᠤᠮ᠂ ᠣᠯᠠᠨ ᠤᠯᠤᠰ ᠤᠨ ᠣᠯᠢᠮᠫᠢᠺ ᠤᠨ ᠬᠣᠷᠢᠶᠠᠨ ᠤ ᠢᠪᠡᠭᠡᠯ ᠳᠣᠣᠷ᠎ᠠ ᠵᠣᠬᠢᠶᠠᠭᠳᠠᠬᠤ ᠲᠢᠪ᠂ ᠪᠥᠰᠡ ᠪᠣᠯᠤᠨ ᠳᠡᠯᠡᠬᠡᠢ ᠶᠢᠨ ᠰᠫᠣᠷᠲ ᠤᠨ ᠣᠯᠠᠨ ᠲᠥᠷᠥᠯ ᠳᠦ ᠲᠡᠮᠡᠴᠡᠭᠡᠨ ᠳᠦ ᠮᠣᠩᠭᠣᠯ ᠤᠯᠤᠰ ᠢ ᠲᠥᠯᠥᠭᠡᠯᠡᠬᠦ ᠣᠨᠴᠠᠭᠠᠢ ᠡᠷᠬᠡ ᠶᠢ ᠣᠯᠢᠮᠫᠢᠺ ᠤᠨ ᠬᠠᠷᠠᠲᠤ ᠶᠢᠨ ᠳᠠᠭᠠᠤ ᠳᠠᠩ ᠢᠶᠠᠷ ᠡᠳ᠋ᠯᠡᠳᠡᠭ᠃1964 ᠣᠨ ᠠᠴᠠ ᠡᠬᠢᠯᠡᠨ ᠣᠯᠢᠮᠫᠢᠺ ᠤᠨ ᠨᠠᠭᠠᠳᠤᠮ ᠳᠤ ᠲᠠᠮᠢᠷᠴᠢᠳ ᠢᠶᠠᠨ ᠢᠯᠡᠭᠡᠵᠢ ᠪᠡᠨ᠃

ᠮᠣᠩᠭᠣᠯ ᠤᠨ ᠦᠨᠳᠦᠰᠦᠨ ᠦ ᠣᠯᠢᠮᠫᠢᠺ ᠤᠨ ᠬᠣᠷᠤᠭ᠎ᠠ ᠤ ᠣᠳᠣ ᠶᠢᠨ ᠶᠡᠷᠦᠩᠬᠡᠶᠢᠯᠡᠭᠴᠢ ᠪᠡᠷ ᠳ᠃ᠵᠠᠭᠠᠳᠠᠰᠦ᠋ᠷᠦᠩ ᠠᠵᠢᠯᠯᠠᠳᠠᠭ᠃ ᠲᠡᠷᠡ ᠪᠡᠷ 2012 ᠣᠨ ᠤ 12 ᠍ ᠳᠦᠭᠡᠷ ᠰᠠᠷ᠎ᠠ ᠶᠢᠨ 19 ᠍ ᠤ ᠡᠳᠦᠷ ᠪᠣᠯᠤᠭᠰᠠᠨ ᠮᠣᠩᠭᠣᠯ ᠤᠨ ᠣᠯᠢᠮᠫᠢᠺ ᠤᠨ ᠴᠢᠭᠤᠯᠭᠠᠨ ᠠᠴᠠ 3 ᠳᠠᠬᠤ ᠤᠳᠤᠭ᠎ᠠ ᠪᠠᠨ ᠮᠣᠩᠭᠣᠯ ᠤᠨ ᠦᠨᠳᠦᠰᠦᠨ ᠦ ᠣᠯᠢᠮᠫᠢᠺ ᠤᠨ ᠬᠣᠷᠢᠶ᠎ᠠ ᠤ ᠶᠡᠷᠦᠩᠬᠡᠶᠢᠯᠡᠭᠴᠢ ᠪᠡᠷ ᠰᠣᠩᠭᠣᠭᠳᠠᠭᠰᠠᠨ᠃

ᠮᠥᠨ ᠦᠵᠡᠬᠦ[ᠵᠠᠰᠠᠪᠤᠷᠢᠯᠠᠬᠤ | ᠺᠣᠳ᠋ ᠢᠶᠠᠷ ᠵᠠᠰᠠᠬᠣ]

ᠭᠠᠳᠠᠨ᠎ᠠ ᠶᠢᠨ ᠬᠣᠯᠪᠣᠭᠠᠰᠤ[ᠵᠠᠰᠠᠪᠤᠷᠢᠯᠠᠬᠤ | ᠺᠣᠳ᠋ ᠢᠶᠠᠷ ᠵᠠᠰᠠᠬᠣ]

ᠠᠯᠪᠠᠨ ᠶᠣᠰᠣᠨ ᠤ ᠰᠠᠶᠢᠲᠤ

ᠪᠢᠴᠢᠭᠡᠰᠦ