ᠮᠣᠩᠭᠣᠯ ᠤᠨ ᠬᠥᠷᠥᠩᠭᠡ ᠶᠢᠨ ᠪᠢᠷᠵᠢ

ᠴᠢᠯᠦᠭᠡᠲᠦ ᠨᠡᠪᠲᠡᠷᠬᠡᠢ ᠲᠣᠯᠢ — ᠸᠢᠺᠢᠫᠧᠳᠢᠶ᠎ᠠ ᠠᠴᠠ
ᠬᠠᠷᠠᠶᠢᠬᠤ: ᠤᠳᠤᠷᠢᠳᠬᠤ, ᠬᠠᠶᠢᠯᠲᠠ
Mongolian Stock Exchange
ᠠᠩᠭᠢ ᠬᠥᠷᠥᠩᠭᠡ ᠶᠢᠨ ᠪᠢᠷᠵᠢ
ᠡᠭᠦᠰᠬᠡᠨ ᠪᠠᠶᠢᠭᠤᠯᠤᠭᠳᠠᠭᠰᠠᠨ 1991 ᠣᠨ ᠤ 1 ᠰᠠᠷ᠎ᠠ ᠶᠢᠨ 18
ᠪᠠᠶᠢᠷᠢ ᠤᠯᠠᠭᠠᠨᠪᠠᠭᠠᠲᠤᠷ, ᠮᠣᠩᠭᠣᠯ ᠤᠯᠤᠰ
ᠤᠳᠤᠷᠢᠳᠬᠤ ᠬᠦᠮᠦᠰ ᠪ᠃ ᠪᠣᠯᠣᠳ᠂ ᠬ᠃ ᠠᠯᠲᠠᠢ
ᠡᠵᠡᠮᠰᠢᠭᠴᠢ ᠲᠥᠷᠥ

ᠮᠣᠩᠭᠣᠯ ᠤᠨ ᠬᠥᠷᠥᠩᠭᠡ ᠶᠢᠨ ᠪᠢᠷᠵᠢ ᠨᠢ ᠮᠣᠩᠭᠣᠯ ᠤᠯᠤᠰᠠᠳᠠ ᠦᠢᠯᠡ ᠠᠵᠢᠯᠯᠠᠭ᠎ᠠ ᠶᠠᠪᠤᠭᠤᠯᠵᠤ ᠪᠤᠢ ᠠᠩᠬᠠᠨ ᠤ᠂ ᠴᠣᠷ ᠤᠨ ᠭᠠᠭᠴᠠ ᠬᠥᠷᠥᠩᠭᠡ ᠶᠢᠨ ᠪᠢᠷᠵᠢ᠃

ᠲᠡᠦᠬᠡ[ᠵᠠᠰᠠᠪᠤᠷᠢᠯᠠᠬᠤ | ᠺᠣᠳ᠋ ᠢᠶᠠᠷ ᠵᠠᠰᠠᠬᠣ]

ᠮᠣᠩᠭᠣᠯ ᠤᠯᠤᠰ ᠲᠥᠪᠯᠡᠷᠡᠭᠰᠡᠨ ᠲᠥᠯᠥᠪᠯᠡᠭᠡᠲᠦ ᠡᠳ᠋ ᠍ ᠦᠨ ᠵᠠᠰᠠᠭ ᠠᠴᠠ ᠵᠠᠬ᠎ᠠ ᠵᠡᠭᠡᠯᠢ ᠶᠢᠨ ᠡᠳ᠋ ᠍ ᠦᠨ ᠵᠠᠰᠠᠭ ᠲᠤ ᠰᠢᠯᠵᠢᠬᠦ ᠰᠢᠯᠵᠢᠯᠲᠡ ᠶᠢᠨ ᠲᠡᠦᠬᠡᠨ ᠦᠶ᠎ᠡ ᠱᠠᠲᠤᠨ ᠳᠤ ᠮᠣᠩᠭᠣᠯ ᠤᠯᠤᠰ ᠤᠨ ᠵᠠᠰᠠᠭ ᠤᠨ ᠭᠠᠵᠠᠷ ᠤᠨ 1991 ᠣᠨ ᠤ 01 ᠳᠦᠭᠡᠷ ᠰᠠᠷ᠎ᠠ ᠶᠢᠨ 18 ᠍ ᠤ ᠡᠳᠦᠷ ᠦᠨ 22 ᠲᠣᠭᠠᠲᠤ ᠲᠣᠭᠲᠠᠭᠠᠯ ᠢᠶᠠᠷ ᠤᠯᠤᠰ ᠤᠨ ᠥᠮᠴᠢ ᠬᠤᠪᠢᠴᠢᠯᠠᠯ ᠤᠨ ᠠᠵᠢᠯ ᠢ ᠡᠬᠢᠯᠡᠭᠦᠯᠬᠦ᠂ ᠴᠢᠨᠠᠭᠰᠢᠳᠠ ᠦᠨᠡᠲᠦ ᠴᠠᠭᠠᠰᠤᠨ ᠤ ᠵᠠᠬ᠎ᠠ ᠵᠡᠭᠡᠯᠢ ᠶᠢ ᠬᠥᠭᠵᠢᠭᠦᠯᠬᠦ ᠵᠣᠷᠢᠯᠭ᠎ᠠ ᠪᠠᠷ ᠮᠣᠩᠭᠣᠯ ᠤᠨ ᠬᠥᠷᠥᠩᠭᠡ ᠶᠢᠨ ᠪᠢᠷᠵᠢᠢᠭ ᠡᠭᠦᠰᠬᠡᠨ ᠪᠠᠶᠢᠭᠤᠯᠤᠭᠰᠠᠨ᠃

ᠵᠠᠰᠠᠭ ᠤᠨ ᠭᠠᠵᠠᠷ ᠤᠨ ᠥᠮᠴᠢ ᠬᠤᠪᠢᠴᠢᠯᠠᠯ ᠤᠨ ᠪᠣᠳᠣᠯᠭ᠎ᠠ ᠶᠢᠨ ᠬᠦᠷᠢᠶᠡᠨ ᠳᠦ 1992-1995 ᠣᠨ ᠨᠤᠭᠤᠳ ᠲᠤ ᠨᠡᠶᠢᠲᠡ 475 ᠤᠯᠤᠰ ᠤᠨ ᠦᠢᠯᠡᠳᠪᠦᠷᠢ ᠶᠢᠨ ᠭᠠᠵᠠᠷ ᠢ ᠬᠤᠪᠢᠴᠠᠭᠠᠲᠤ ᠺᠣᠮᠫᠠᠨᠢ ᠶᠢᠨ ᠬᠡᠯᠪᠡᠷᠢ ᠳᠦ ᠰᠢᠯᠵᠢᠭᠦᠯᠦᠨ᠂ ᠲᠡᠳᠡᠭᠡᠷ ᠦᠨ ᠨᠡᠶᠢᠲᠡ 8.2 ᠲᠡᠷᠪᠤᠮ ᠲᠥᠭᠥᠷᠢᠭ ᠦᠨ ᠦᠨᠡᠯᠡᠭᠡ ᠪᠦᠬᠦᠢ 96.1 ᠰᠠᠶ᠎ᠠ ᠰᠢᠷᠬᠡᠭ ᠬᠤᠪᠢᠴᠠᠭ᠎ᠠ ᠶᠢ МХБ ᠍ ᠢᠶᠡᠷ ᠳᠠᠮᠵᠢᠭᠤᠯᠠᠨ ᠢᠷᠭᠡᠳ ᠲᠦ ᠬᠥᠷᠥᠩᠭᠡ ᠣᠷᠣᠭᠤᠯᠤᠯᠲᠠ ᠶᠢᠨ ᠡᠷᠬᠡ ᠶᠢᠨ ᠪᠢᠴᠢᠭ ᠢᠶᠡᠷ ᠡᠵᠡᠮᠰᠢᠭᠦᠯᠦᠨ 1995 ᠣᠨ ᠠᠴᠠ ᠪᠡᠯᠡᠨ ᠮᠥᠩᠭᠥᠨ ᠦ ᠠᠷᠠᠯᠵᠢᠶ᠎ᠠ ᠪᠤᠶᠤ ᠦᠨᠡᠲᠦ ᠴᠠᠭᠠᠰᠤᠨ ᠤ ᠬᠣᠶᠠᠳᠠᠭᠴᠢ ᠵᠠᠬ᠎ᠠ ᠵᠡᠭᠡᠯᠢ ᠶᠢ ᠡᠬᠢᠯᠡᠭᠦᠯᠦᠭᠰᠡᠨ᠃

Yᠨᠡᠲᠢ ᠴᠠᠭᠠᠰᠤᠨ ᠤ ᠠᠩᠬᠠᠨ ᠤ ᠬᠠᠤᠯᠢ 1994 ᠣᠨ ᠳᠤ ᠪᠠᠲᠤᠯᠠᠭᠳᠠᠭᠰᠠᠨ ᠢᠶᠠᠷ Yᠨᠡᠲᠢ ᠴᠠᠭᠠᠰᠤᠨ ᠤ ᠬᠣᠷᠢᠶ᠎ᠠ ᠪᠠᠶᠢᠭᠤᠯᠤᠭᠳᠠᠵᠤ᠂ МХБ ᠍ ᠦᠨ ᠰᠠᠩᠬᠦᠵᠢᠯᠲᠡ ᠪᠡᠷ ᠦᠢᠯᠡ ᠠᠵᠢᠯᠯᠠᠭ᠎ᠠ ᠶᠠᠪᠤᠭᠤᠯᠵᠤ ᠪᠠᠶᠢᠭᠰᠠᠨ 29 ᠪᠷᠣᠺᠧᠷ ᠤᠨ ᠫᠦᠰᠡ ᠶᠢ ᠬᠤᠪᠢᠴᠢᠯᠠᠵᠤ᠂ ᠵᠠᠰᠠᠭ ᠤᠨ ᠭᠠᠵᠠᠷ ᠤᠨ 1995 ᠣᠨ ᠤ 170 ᠲᠣᠭᠠᠲᠤ ᠲᠣᠭᠲᠠᠭᠠᠯ ᠢᠶᠠᠷ МХБ ᠍ ᠦᠨ ᠲᠦᠷᠢ ᠳᠦᠷᠢᠮ ᠢ ᠰᠢᠨᠡᠴᠢᠯᠡᠨ ᠪᠠᠲᠤᠯᠠᠭᠰᠠᠨ ᠢᠶᠠᠷ МХБ ᠨᠢ ᠵᠥᠪᠬᠡᠨ ᠦᠨᠡᠲᠦ ᠴᠠᠭᠠᠰᠤ ᠠᠷᠠᠯᠵᠢᠬᠤ᠂ ᠲᠡᠭᠦᠨ ᠲᠡᠢ ᠬᠣᠯᠪᠣᠭᠠᠲᠠᠢ ᠠᠵᠢᠯ ᠦᠢᠯᠡᠴᠢᠯᠡᠭᠡ ᠡᠷᠬᠢᠯᠡᠬᠦ ᠵᠣᠷᠢᠯᠭ᠎ᠠ ᠪᠦᠬᠦᠢ ᠲᠥᠷᠥ ᠶᠢᠨ ᠥᠮᠴᠢ ᠶᠢᠨ᠂ ᠠᠰᠢᠭ ᠤᠨ ᠲᠥᠯᠥᠭᠡ ᠪᠤᠰᠤ ᠬᠠᠤᠯᠢ ᠶᠢᠨ ᠡᠲᠡᠭᠡᠳ ᠦᠨ ᠰᠲ᠋ᠠᠲ᠋ᠦ᠋ᠰ ᠲᠠᠢ ᠪᠣᠯᠤᠭᠰᠠᠨ ᠶᠤᠮ᠃

ᠬᠠᠷᠢᠨ 2002 ᠣᠨ ᠳᠤ 《Yᠨᠡᠲᠢ ᠴᠠᠭᠠᠰᠤᠨ ᠤ ᠵᠠᠬ᠎ᠠ ᠵᠡᠭᠡᠯᠢ ᠶᠢᠨ ᠲᠤᠬᠠᠢ ᠬᠠᠤᠯᠢ》 ᠰᠢᠨᠡᠴᠢᠯᠡᠭᠳᠡᠨ ᠪᠠᠲᠤᠯᠠᠭᠳᠠᠵᠤ᠂ ᠵᠠᠰᠠᠭ ᠤᠨ ᠭᠠᠵᠠᠷ ᠤᠨ 2003 ᠣᠨ ᠤ 03 ᠳ᠋ᠤᠭᠠᠷ ᠰᠠᠷ᠎ᠠ ᠶᠢᠨ 26 ᠍ ᠤ ᠡᠳᠦᠷ ᠦᠨ 72 ᠲᠣᠭᠠᠲᠤ ᠲᠣᠭᠲᠠᠭᠠᠯ ᠢᠶᠠᠷ ᠮᠣᠩᠭᠣᠯ ᠤᠨ ᠬᠥᠷᠦᠩᠭᠡ ᠶᠢᠨ ᠪᠢᠷᠵᠢᠢᠭ ᠦᠨᠡᠲᠦ ᠴᠠᠭᠠᠰᠤᠨ ᠤ ᠠᠷᠠᠯᠵᠢᠶ᠎ᠠ ᠪᠣᠯᠤᠨ ᠬᠠᠤᠯᠢ ᠪᠠᠷ ᠬᠣᠷᠢᠭᠯᠠᠭ᠎ᠠ ᠦᠭᠡᠢ ᠪᠤᠰᠤᠳ ᠠᠵᠢᠯ᠂ ᠦᠢᠯᠡᠴᠢᠯᠡᠭᠡ ᠡᠷᠬᠢᠯᠡᠬᠦ ᠲᠥᠷᠦ ᠶᠢᠨ ᠥᠮᠴᠢᠲᠤ ᠬᠤᠪᠢᠴᠠᠭᠠᠲᠤ ᠺᠣᠮᠫᠠᠨᠢ ᠪᠣᠯᠭᠠᠨ ᠥᠭᠡᠷᠡᠴᠢᠯᠡᠨ ᠵᠣᠬᠢᠶᠠᠨ ᠪᠠᠶᠢᠭᠤᠯᠤᠭᠰᠠᠨ ᠪᠠᠶᠢᠨ᠎ᠠ᠃

МХБ ᠍ ᠤᠨ ᠦᠢᠯᠡ ᠠᠵᠢᠯᠯᠠᠭᠠᠨ ᠤ ᠦᠨᠳᠦᠰᠦᠨ ᠴᠢᠭ ᠡᠭᠦᠷᠭᠡ ᠨᠢ ᠬᠤᠪᠢᠴᠠᠭᠠᠲᠤ ᠺᠣᠮᠫᠠᠨᠢ ᠨᠤᠭᠤᠳ ᠤᠨ ᠦᠨᠡᠲᠦ ᠴᠠᠭᠠᠰᠤ ᠶᠢ ᠲᠣᠳᠣᠷᠬᠠᠢ ᠰᠢᠯᠭᠠᠭᠤᠷ ᠤᠨ ᠳᠠᠭᠠᠤ ᠪᠦᠷᠢᠳᠬᠡᠨ ᠠᠪᠴᠤ ᠠᠩᠬᠢᠯᠠᠯ ᠲᠣᠭᠲᠠᠭᠠᠬᠤ᠂ ᠲᠧᠭᠨᠢᠭ ᠫᠷᠣᠭᠷᠠᠮ ᠬᠠᠩᠭᠠᠮᠵᠢ ᠶᠢᠨ ᠨᠠᠶᠢᠳᠠᠪᠤᠷᠢᠲᠠᠢ ᠪᠠᠶᠢᠳᠠᠯ ᠢ ᠬᠠᠩᠭᠠᠭᠰᠠᠨ ᠤ ᠦᠨᠳᠦᠰᠦᠨ ᠳᠡᠭᠡᠷ᠎ᠡ ᠦᠨᠡᠲᠦ ᠴᠠᠭᠠᠰᠤᠨ ᠤ ᠠᠷᠠᠯᠵᠢᠶᠠᠨ ᠤ ᠪᠡᠯᠡᠨ ᠪᠠᠶᠢᠳᠠᠯ ᠢ ᠬᠠᠩᠭᠠᠬᠤ᠂ ᠠᠷᠠᠯᠵᠢᠶ᠎ᠠ ᠶᠢ ᠢᠯᠡ ᠲᠣᠳᠣ᠂ ᠰᠢᠳᠤᠷᠭᠤ ᠶᠠᠪᠤᠭᠤᠯᠵᠤ᠂ ᠣᠯᠠᠨ ᠨᠡᠶᠢᠲᠡ ᠶᠢ ᠦᠨᠡᠲᠦ ᠴᠠᠭᠠᠰᠤᠨ ᠤ ᠠᠷᠠᠯᠵᠢᠶᠠᠨ ᠤ ᠮᠡᠳᠡᠭᠡ᠂ ᠮᠡᠳᠡᠭᠡᠯᠡᠯ ᠢᠶᠡᠷ ᠬᠠᠩᠭᠠᠵᠤ᠂ ᠬᠥᠷᠦᠩᠭᠡ ᠣᠷᠣᠭᠤᠯᠤᠭᠴᠢᠳ ᠤᠨ ᠡᠷᠬᠡ ᠠᠰᠢᠭ ᠢ ᠬᠠᠮᠠᠭᠠᠯᠠᠬᠤ ᠶᠠᠪᠤᠳᠠᠯ ᠶᠤᠮ᠃

1999 ᠣᠨ ᠠᠴᠠ ᠰᠢᠯᠢᠳᠡᠭ 75 ᠬᠤᠪᠢᠴᠠᠭᠠᠲᠤ ᠺᠣᠮᠫᠠᠨᠢ ᠶᠢᠨ ᠬᠤᠪᠢᠴᠠᠭᠠᠨ ᠠᠴᠠ ᠪᠦᠷᠢᠳᠦᠭᠰᠡᠨ ТОП-75 ᠢᠨᠳᠧᠺᠰ ᠢ ᠲᠣᠭᠠᠴᠠᠵᠤ ᠡᠬᠢᠯᠡᠭᠰᠡᠨ ᠪᠥᠭᠡᠳ 2003 ᠣᠨ ᠠᠴᠠ ᠰᠠᠭᠰᠤ ᠳᠤ ᠣᠷᠣᠬᠤ ᠺᠣᠮᠫᠠᠨᠢ ᠶᠢᠨ ᠲᠣᠭ᠎ᠠ ᠶᠢ ᠴᠥᠭᠡᠷᠡᠭᠦᠯᠵᠦ᠂ ТОП-20 ᠢᠨᠳᠧᠺᠰ ᠲᠣᠭᠠᠴᠠᠬᠤ ᠪᠣᠯᠤᠭᠰᠠᠨ᠃

ᠭᠠᠳᠠᠨ᠎ᠠ ᠶᠢᠨ ᠬᠣᠯᠪᠣᠭᠠᠰᠤ[ᠵᠠᠰᠠᠪᠤᠷᠢᠯᠠᠬᠤ | ᠺᠣᠳ᠋ ᠢᠶᠠᠷ ᠵᠠᠰᠠᠬᠣ]

ᠪᠢᠴᠢᠭᠡᠰᠦ