ᠮᠣᠩᠭᠣᠯ ᠤᠨ ᠰᠤᠶᠤᠯ

ᠴᠢᠯᠦᠭᠡᠲᠦ ᠨᠡᠪᠲᠡᠷᠬᠡᠢ ᠲᠣᠯᠢ — ᠸᠢᠺᠢᠫᠧᠳᠢᠶ᠎ᠠ ᠠᠴᠠ
ᠬᠠᠷᠠᠶᠢᠬᠤ: ᠤᠳᠤᠷᠢᠳᠬᠤ, ᠬᠠᠶᠢᠯᠲᠠ

ᠤᠯᠤᠰ ᠦᠨᠳᠦᠰᠦᠲᠡᠨ ᠪᠦᠬᠦᠨ ᠥᠪᠡᠷ ᠦᠨ ᠭᠡᠰᠡᠨ ᠰᠤᠶᠤᠯ᠂ ᠤᠯᠠᠮᠵᠢᠯᠠᠯ᠂ ᠵᠠᠩ ᠵᠠᠩᠰᠢᠯ ᠲᠠᠢ ᠪᠠᠶᠢᠳᠠᠭ᠃ ᠡᠷᠲᠡᠨ ᠡᠴᠡ ᠤᠯᠠᠮᠵᠢᠯᠠᠵᠤ ᠢᠷᠡᠭᠰᠡᠨ ᠬᠡᠯᠡ ᠪᠢᠴᠢᠭ᠂ ᠠᠬᠤᠢ ᠶᠢᠨ ᠣᠨᠴᠠᠯᠢᠭ᠂ ᠠᠮᠢᠳᠤᠷᠠᠯ ᠤᠨ ᠬᠡᠪ ᠮᠠᠶ᠋ᠢᠭ᠂ ᠤᠷᠠᠯᠢᠭ ᠤᠨ ᠪᠦᠲᠦᠭᠡᠯ ᠦᠳ᠂ ᠶᠣᠰᠣ ᠵᠠᠩᠰᠢᠯ᠂ ᠬᠠᠷᠢᠯᠴᠠᠭ᠎ᠠ᠂ ᠪᠠᠶᠢᠭᠠᠯᠢ ᠲᠠᠢ ᠪᠠᠨ ᠵᠣᠬᠢᠴᠠᠨ ᠠᠮᠢᠳᠤᠷᠠᠬᠤ ᠬᠦᠮᠦᠨ ᠦ ᠠᠮᠢᠳᠤᠷᠠᠯ ᠤᠨ ᠪᠦᠬᠦᠢ ᠯᠠ ᠤᠬᠠᠮᠰᠠᠷᠲᠤ ᠦᠢᠯᠡ ᠠᠵᠢᠯᠯᠠᠭᠠᠨ ᠤ ᠦᠷ᠎ᠡ ᠳ᠋ᠦᠩ ᠨᠢ ᠦᠨᠳᠦᠰᠦᠨ ᠦ ᠣᠨᠴᠠᠯᠢᠭ ᠲᠠᠢ ᠰᠤᠶᠤᠯ ᠶᠤᠮ᠃ ᠮᠣᠩᠭᠣᠯ ᠤᠨ ᠰᠤᠶᠤᠯ ᠭᠡᠳᠡᠭ ᠪᠣᠯ ᠪᠠᠶᠢᠭᠠᠯᠢ ᠶᠢᠨ ᠡᠷᠡᠰ ᠲᠡᠰ ᠠᠭᠤᠷ ᠠᠮᠢᠰᠬᠤᠯ ᠳᠤ ᠨᠡᠭᠦᠳᠳᠡᠯᠯᠡᠨ ᠣᠷᠣᠰᠢᠵᠤ ᠠᠮᠢᠳᠤᠷᠠᠭᠰᠠᠭᠠᠷ ᠢᠷᠡᠭᠰᠡᠨ ᠨᠡᠭᠦᠳᠡᠯᠴᠢᠳ ᠦᠨ ᠰᠤᠶᠤᠯ ᠤᠨ ᠥᠪ ᠤᠯᠠᠮᠵᠢᠯᠠᠯ ᠪᠣᠯᠤᠨ ᠲᠡᠭᠦᠨ ᠳᠦ ᠰᠠᠭᠤᠷᠢᠯᠠᠭᠳᠠᠭᠰᠠᠨ ᠰᠠᠭᠤᠷᠢᠨ ᠰᠤᠶᠤᠯ ᠢᠷᠭᠡᠨᠰᠢᠯ ᠦᠨ ᠬᠡᠪ ᠮᠠᠶ᠋ᠢᠭ ᠭᠡᠵᠦ ᠶᠡᠷᠦᠩᠬᠡᠢ ᠳᠤ ᠨᠢ ᠲᠣᠳᠣᠷᠬᠠᠶᠢᠯᠠᠵᠤ ᠪᠣᠯᠬᠤ ᠶᠤᠮ᠃

ᠪᠢᠴᠢᠭᠡᠰᠦ