ᠮᠣᠩᠭᠣᠯ ᠠᠷᠠᠳ ᠤᠨ ᠨᠠᠮ

ᠴᠢᠯᠦᠭᠡᠲᠦ ᠨᠡᠪᠲᠡᠷᠬᠡᠢ ᠲᠣᠯᠢ — ᠸᠢᠺᠢᠫᠧᠳᠢᠶ᠎ᠠ ᠠᠴᠠ
ᠬᠠᠷᠠᠶᠢᠬᠤ: ᠤᠳᠤᠷᠢᠳᠬᠤ, ᠬᠠᠶᠢᠯᠲᠠ
ᠵᠢᠵᠢᠭ ᠵᠢᠷᠤᠭ ᠢ ᠡᠭᠦᠰᠭᠡᠬᠦ ᠳ᠋ᠦ ᠠᠯᠳᠠᠭ᠎ᠠ ᠭᠠᠷᠤᠯ᠎ᠠ: Unable to save thumbnail to destination
ᠸᠢᠺᠢ ᠤᠬᠠᠭᠠᠨ ᠤᠨ ᠴᠢᠨᠠᠷ ᠤᠨ ᠰᠲ᠋ᠠᠨᠳᠠᠷᠲ ᠲᠤ ᠨᠡᠶᠢᠴᠡᠭᠦᠯᠬᠦ ᠶᠢᠨ ᠲᠤᠯᠠᠳᠠ ᠡᠨᠡ ᠥᠭᠦᠯᠡᠯ ᠢ ᠬᠢᠨᠠᠨ ᠲᠣᠬᠢᠶᠠᠯᠳᠤᠭᠤᠯᠬᠤ ᠬᠡᠷᠡᠭᠲᠡᠢ ᠪᠠᠶᠢᠨ᠎ᠠ᠃
ᠡᠨᠡ ᠲᠠᠯ᠎ᠠ ᠪᠠᠷ ᠬᠡᠯᠡᠯᠴᠡᠭᠦᠯᠭᠡ ᠶᠢᠨ ᠬᠠᠭᠤᠳᠠᠰᠤ ᠳᠡᠭᠡᠷ᠎ᠡ ᠶᠤᠮ ᠤᠤ ᠡᠨᠡ ᠲᠡᠮᠳᠡᠭ ᠢ ᠢᠯᠡᠭᠦᠦ ᠨᠠᠷᠢᠪᠴᠢᠯᠠᠭᠰᠠᠨ ᠲᠡᠮᠳᠡᠭ ᠢᠶᠡᠷ ᠰᠣᠯᠢᠨ᠎ᠠ ᠤᠤ᠃
"ᠮᠣᠩᠭᠣᠯ ᠠᠷᠠᠳ ᠤᠨ ᠨᠠᠮ" ᠨᠢ ᠡᠨᠡ ᠬᠠᠭᠤᠳᠠᠰᠤᠨ ᠳᠤ ᠰᠢᠭᠤᠳ ᠬᠣᠯᠪᠣᠭᠳᠠᠵᠠᠢ᠃ ᠥᠭᠡᠷ᠎ᠡ ᠤᠳᠬ᠎ᠠ ᠶᠢ ᠦᠵᠡᠬᠦ ᠶᠢ ᠬᠦᠰᠡᠪᠡᠯ᠂ [[{{{2}}} ({{{3}}})]] ᠍ ᠢ ᠦᠵᠡᠨ᠎ᠡ ᠦᠦ᠃
МАН ᠍ ᠤᠨ ᠲᠥᠪ ᠪᠠᠶᠢᠷᠢ - ᠲᠤᠰᠠᠭᠠᠷ ᠲᠣᠭᠲᠠᠨᠢᠯ ᠤᠨ ᠣᠷᠳᠣᠨ

ᠮᠣᠩᠭᠣᠯ ᠠᠷᠠᠳ ᠤᠨ ᠨᠠᠮ (ᠲᠣᠪᠴᠢᠯᠠᠯ: МАН) ᠨᠢ 1921 ᠣᠨ ᠤ 3 ᠰᠠᠷ᠎ᠠ ᠶᠢᠨ 1 ᠍ ᠳᠦ ᠪᠠᠶᠢᠭᠤᠯᠤᠭᠳᠠᠭᠰᠠᠨ᠂ ᠮᠣᠩᠭᠣᠯ ᠤᠨ ᠬᠠᠮᠤᠭ ᠤᠨ ᠤᠤᠭᠠᠨ ᠤᠯᠤᠰ ᠲᠥᠷᠥ ᠶᠢᠨ ᠬᠦᠴᠦᠨ ᠶᠤᠮ᠃

ᠮᠣᠩᠭᠣᠯ ᠠᠷᠠᠳ ᠤᠨ ᠨᠠᠮ ᠤᠨ ᠪᠡᠯᠭᠡᠳᠡᠯ ᠨᠢ ᠭᠣᠣᠯ ᠲᠥᠪ ᠲᠦ ᠪᠡᠨ ᠦᠨᠳᠦᠰᠦᠨ ᠦ ᠲᠤᠰᠠᠭᠠᠷ ᠲᠣᠭᠲᠠᠨᠢᠯ ᠤᠨ ᠢᠯᠡᠷᠬᠡᠶᠢᠯᠡᠯ ᠠᠯᠲᠠᠨ ᠰᠣᠶᠣᠮᠪᠣ ᠶᠢ ᠬᠥᠬᠡ ᠳᠡᠪᠢᠰᠬᠡᠷ ᠳᠡᠭᠡᠷ᠎ᠡ ᠪᠠᠶᠢᠷᠢᠯᠠᠭᠤᠯᠤᠭᠰᠠᠨ᠂ ᠨᠡᠶᠢᠭᠡᠮ ᠤᠨ ᠠᠷᠠᠳᠴᠢᠯᠠᠯ ᠤᠨ ᠪᠡᠯᠭᠡᠳᠡᠯ ᠪᠣᠯᠤᠭᠰᠠᠨ ᠲᠠᠪᠤᠨ ᠬᠣᠰᠢᠭᠤ ᠬᠡᠯᠪᠡᠷᠢᠲᠡᠢ᠂ ᠤᠯᠠᠭᠠᠨ ᠥᠩᠭᠡ ᠶᠢᠨ ᠰᠠᠷᠨᠠᠢ ᠴᠡᠴᠡᠭ ᠪᠠᠶᠢᠨ᠎ᠠ᠃

ᠮᠣᠩᠭᠣᠯ ᠠᠷᠠᠳ ᠤᠨ ᠨᠠᠮ ᠤᠨ ᠳᠠᠯᠪᠠᠭ᠎ᠠ[ᠵᠠᠰᠠᠪᠤᠷᠢᠯᠠᠬᠤ | ᠺᠣᠳ᠋ ᠢᠶᠠᠷ ᠵᠠᠰᠠᠬᠣ]

ᠵᠢᠵᠢᠭ ᠵᠢᠷᠤᠭ ᠢ ᠡᠭᠦᠰᠭᠡᠬᠦ ᠳ᠋ᠦ ᠠᠯᠳᠠᠭ᠎ᠠ ᠭᠠᠷᠤᠯ᠎ᠠ: Unable to save thumbnail to destination

ᠮᠣᠩᠭᠣᠯ ᠠᠷᠠᠳ ᠤᠨ ᠨᠠᠮ ᠤᠨ ᠳᠠᠯᠪᠠᠭ᠎ᠠ ᠨᠢ ᠤᠯᠠᠭᠠᠨ᠂ ᠴᠠᠭᠠᠨ᠂ ᠬᠥᠬᠡ ᠬᠣᠣᠰᠯᠠᠭᠰᠠᠨ ᠥᠩᠭᠡ ᠲᠡᠢ᠂ ᠤᠷᠲᠤ᠂ ᠥᠷᠭᠡᠨ ᠨᠢ 2:1 ᠍ ᠶᠢᠨ ᠬᠠᠷᠢᠴᠠᠭ᠎ᠠ ᠲᠠᠢ ᠪᠠᠶᠢᠨ᠎ᠠ᠃ ᠳᠠᠯᠪᠠᠭᠠᠨ ᠤ ᠭᠤᠷᠪᠠᠨ ᠤ ᠨᠢᠭᠡ ᠶᠢᠨ ᠬᠡᠮᠵᠢᠭᠡᠰᠦᠲᠡᠢ ᠡᠬᠢᠨ ᠦ ᠬᠡᠰᠡᠭ ᠨᠢ ᠮᠣᠩᠭᠣᠯ ᠤᠯᠤᠰ ᠤᠨ ᠲᠤᠰᠠᠭᠠᠷ ᠲᠣᠭᠲᠠᠨᠢᠯ᠂ ᠮᠠᠨᠳᠤᠨ ᠪᠠᠳᠠᠷᠠᠬᠤ ᠶᠢᠨ ᠪᠡᠯᠭᠡᠳᠡᠯ ᠤᠯᠠᠭᠠᠨ᠂ ᠳᠤᠮᠳᠠ ᠬᠡᠰᠡᠭ ᠨᠢ ᠱᠤᠳᠤᠷᠭ᠎ᠠ ᠶᠣᠰᠣ᠂ ᠡᠪ ᠨᠢᠭᠡᠳᠦᠯ᠂ ᠠᠷᠢᠭᠤᠨ ᠨᠠᠨᠳᠢᠨ ᠤ ᠪᠡᠯᠭᠡᠳᠡᠯ ᠴᠠᠭᠠᠨ᠂ ᠲᠡᠭᠦᠰᠬᠡᠯ ᠬᠡᠰᠡᠭ ᠨᠢ ᠬᠥᠭᠵᠢᠯ ᠳᠡᠪᠰᠢᠯ᠂ ᠲᠥᠷᠥ ᠳᠦ ᠶᠣᠰᠣᠨ ᠤ ᠪᠡᠯᠭᠡᠳᠡᠯ ᠮᠥᠩᠬᠡ ᠲᠩᠷᠢ ᠶᠢᠨ ᠬᠥᠬᠡ ᠥᠩᠭᠡ ᠲᠡᠢ ᠪᠠᠶᠢᠨ᠎ᠠ᠃ ᠳᠠᠯᠪᠠᠭᠠᠨ ᠤ ᠲᠥᠪ ᠬᠡᠰᠡᠭ ᠳ᠋ᠡᠬᠢ ᠴᠠᠭᠠᠨ ᠳᠡᠪᠢᠰᠬᠡᠷ ᠦᠨ ᠳᠤᠮᠳᠠ ᠮᠣᠩᠭᠣᠯ ᠠᠷᠠᠳ ᠤᠨ ᠨᠠᠮ ᠤᠨ ᠪᠡᠯᠭᠡᠳᠡᠯ ᠢ ᠪᠠᠶᠢᠷᠢᠯᠠᠭᠤᠯᠤᠨ᠎ᠠ᠃


ᠮᠣᠩᠭᠣᠯ ᠠᠷᠠᠳ ᠤᠨ ᠨᠠᠮ ᠤᠨ ᠬᠢᠴᠢᠶᠡᠨ ᠡᠷᠡᠮᠡᠯᠵᠡᠬᠦ ᠵᠦᠢᠯ[ᠵᠠᠰᠠᠪᠤᠷᠢᠯᠠᠬᠤ | ᠺᠣᠳ᠋ ᠢᠶᠠᠷ ᠵᠠᠰᠠᠬᠣ]

ᠮᠣᠩᠭᠣᠯ ᠠᠷᠠᠳ ᠤᠨ ᠨᠠᠮ ᠨᠢ 1921 ᠣᠨ ᠳᠤ ᠠᠷᠠᠳ ᠲᠦᠮᠡᠨ ᠦ ᠪᠡᠨ ᠲᠡᠮᠡᠴᠡᠯ ᠢ ᠮᠠᠩᠯᠠᠶᠢᠯᠠᠨ ᠤᠳᠤᠷᠢᠳᠥᠵᠤ᠂ ᠮᠣᠩᠭᠣᠯ ᠤᠯᠤᠰ ᠤᠨ ᠢᠶᠠᠨ ᠲᠤᠰᠠᠭᠠᠷ ᠲᠣᠭᠲᠠᠨᠢᠯ ᠢ ᠰᠡᠷᠭᠦᠭᠡᠨ ᠪᠠᠲᠤᠳᠬᠠᠵᠤ᠂ ᠡᠭᠡᠳᠡᠷᠡᠭᠡ ᠲᠥᠪᠡᠭᠲᠡᠢ ᠴᠠᠭ ᠦᠶ᠎ᠡ ᠶᠢᠨ ᠰᠣᠷᠢᠯᠲᠠ ᠪᠡᠷᠬᠡᠰᠢᠶᠡᠯ ᠢ ᠳᠠᠪᠠᠨ ᠲᠤᠭᠤᠯᠵᠤ᠂ 1990 ᠣᠨ ᠤ ᠠᠷᠠᠳᠴᠢᠯᠠᠭᠰᠠᠨ ᠬᠤᠪᠢᠰᠬᠠᠯ ᠤᠨ ᠦᠢᠯᠡᠰ ᠲᠦ ᠲᠡᠷᠢᠭᠦᠯᠡᠬᠦ ᠡᠭᠦᠷᠭᠡ ᠲᠡᠢ ᠣᠷᠣᠯᠴᠠᠵᠤ᠂ ᠨᠡᠶᠢᠭᠡᠮ ᠤᠨ ᠥᠭᠡᠷᠡᠴᠢᠯᠡᠯᠲᠡ᠂ ᠰᠢᠨᠡᠴᠢᠯᠡᠯ ᠢ ᠬᠡᠷᠡᠭᠵᠢᠭᠦᠯᠦᠨ᠂ ᠡᠬᠡ ᠣᠷᠣᠨ ᠢᠶᠠᠨ ᠬᠥᠭᠵᠢᠯ ᠳᠡᠪᠰᠢᠯ ᠦᠨ ᠵᠠᠮ ᠳᠤ ᠬᠥᠲᠥᠯᠦᠨ᠂ ᠲᠡᠦᠬᠡᠨ ᠶᠡᠬᠡ ᠦᠢᠯᠡᠰ ᠢ ᠪᠦᠲᠦᠭᠡᠭᠰᠡᠨ ᠮᠣᠩᠭᠣᠯ ᠤᠨ ᠤᠯᠤᠰ ᠲᠥᠷᠥ ᠶᠢᠨ ᠤᠤᠭᠠᠨ ᠪᠠᠶᠢᠭᠤᠯᠤᠯᠭ᠎ᠠ ᠪᠢᠯᠡ᠃

ᠮᠣᠩᠭᠣᠯ ᠠᠷᠠᠳ ᠤᠨ ᠨᠠᠮ ᠨᠢ ᠮᠣᠩᠭᠣᠯ ᠠᠷᠠᠳ ᠤᠨ ᠬᠤᠪᠢᠰᠬᠠᠯᠲᠤ ᠨᠠᠮ ᠤᠨ ᠵᠦᠢ ᠶᠣᠰᠣᠨ ᠤ ᠡᠬᠢᠯᠡᠯ ᠪᠠ ᠦᠷᠭᠦᠯᠵᠢᠯᠡᠯ ᠪᠥᠭᠡᠳ ᠮᠣᠩᠭᠣᠯ ᠤᠯᠤᠰ ᠤᠨ ᠲᠤᠰᠠᠭᠠᠷ ᠲᠣᠭᠲᠠᠨᠢᠯ᠂ ᠡᠷᠬᠡ ᠴᠢᠯᠦᠭᠡ᠂ ᠰᠢᠳᠤᠷᠭᠤ ᠶᠣᠰᠣ᠂ ᠡᠪ ᠨᠢᠭᠡᠳᠦᠯ᠂ ᠦᠨᠳᠦᠰᠦᠨ ᠦ ᠢᠵᠠᠭᠤᠷ ᠡᠷᠬᠡ ᠠᠰᠢᠭ ᠢ ᠡᠷᠬᠢᠮᠯᠡᠨ ᠳᠡᠭᠡᠳᠦᠯᠡᠭᠰᠡᠨ ᠨᠡᠶᠢᠭᠡᠮ ᠤᠨ ᠠᠷᠠᠳᠴᠢᠯᠠᠯ ᠤᠨ /ᠰᠣᠴᠢᠶᠠᠯ ᠳᠧᠮᠣᠺᠷᠠᠲ/ ᠦᠵᠡᠯ ᠪᠠᠷᠢᠮᠲᠠᠯᠠᠯ ᠪᠦᠬᠦᠢ ᠵᠡᠭᠦᠨ ᠲᠥᠪ ᠦᠨ ᠨᠠᠮ ᠮᠥᠨ᠃

ᠮᠣᠩᠭᠣᠯ ᠠᠷᠠᠳ ᠤᠨ ᠨᠠᠮ ᠤᠨ ᠡᠷᠬᠢᠮ ᠵᠣᠷᠢᠯᠭ᠎ᠠ ᠨᠢ ᠡᠬᠡ ᠣᠷᠣᠨ ᠢᠶᠠᠨ ᠬᠥᠭᠵᠢᠯ ᠳᠡᠪᠰᠢᠯ ᠳᠦ ᠬᠦᠷᠭᠡᠵᠦ᠂ ᠠᠷᠠᠳ ᠲᠦᠮᠡᠨ ᠢᠶᠡᠨ ᠰᠡᠳᠬᠢᠯ ᠬᠠᠩᠭᠠᠯᠤᠭᠤᠨ᠂ ᠲᠠᠶᠢᠪᠤᠩ ᠠᠶᠤᠯ ᠦᠭᠡᠢ᠂ ᠡᠷᠬᠡ ᠴᠢᠯᠦᠭᠡᠲᠦ ᠠᠮᠢᠳᠤᠷᠠᠯ ᠲᠠᠢ ᠪᠣᠯᠭᠠᠬᠤ ᠳᠤ ᠣᠷᠣᠰᠢᠨ᠎ᠠ᠃

ᠮᠣᠩᠭᠣᠯ ᠠᠷᠠᠳ ᠤᠨ ᠨᠠᠮ ᠨᠢ ᠦᠢᠯᠡ ᠠᠵᠢᠯᠯᠠᠭᠠᠨ ᠳᠤ ᠪᠠᠨ ᠬᠠᠮᠲᠤ ᠶᠢᠨ ᠤᠳᠤᠷᠢᠳᠤᠯᠭ᠎ᠠ᠂ ᠡᠪ ᠨᠢᠭᠡᠳᠦᠯ᠂ ᠳᠣᠲᠣᠭᠠᠳᠤ ᠠᠷᠠᠳᠴᠢᠯᠠᠯ᠂ ᠰᠢᠳᠤᠷᠭᠤ ᠥᠷᠢᠰᠦᠯᠳᠦᠭᠡᠨ ᠦ ᠵᠠᠷᠴᠢᠮ ᠢ ᠪᠠᠷᠢᠮᠲᠠᠯᠠᠬᠤ ᠪᠥᠭᠡᠳ ᠢᠯᠡ ᠲᠣᠳᠣ᠂ ᠨᠡᠭᠡᠭᠡᠯᠲᠡ ᠲᠡᠢ ᠪᠠᠶᠢᠵᠤ᠂ ᠪᠣᠳᠣᠯᠭ᠎ᠠ᠂ ᠰᠢᠢᠳᠪᠦᠷᠢ ᠭᠠᠷᠭᠠᠬᠤ ᠳᠤ ᠪᠠᠨ ᠠᠷᠠᠳ ᠢᠷᠭᠡᠳ᠂ ᠭᠡᠰᠢᠭᠦᠳ᠂ ᠳᠡᠮᠵᠢᠭᠴᠢᠳ ᠦᠨ ᠢᠶᠡᠨ ᠬᠦᠰᠡᠯ ᠵᠣᠷᠢᠭ ᠢ ᠢᠯᠡᠷᠬᠡᠶᠢᠯᠡᠨ ᠬᠠᠮᠠᠭᠠᠯᠠᠨ᠎ᠠ᠃

ᠮᠣᠩᠭᠣᠯ ᠠᠷᠠᠳ ᠤᠨ ᠨᠠᠮ ᠲᠤᠭᠤᠯᠤᠭᠰᠠᠨ ᠵᠠᠮᠨᠠᠯ᠂ ᠬᠤᠷᠠᠮᠲᠤᠯᠠᠭᠤᠯᠤᠭᠰᠠᠨ ᠲᠤᠷᠰᠢᠯᠭ᠎ᠠ ᠳᠤ ᠪᠠᠨ ᠲᠦᠰᠢᠭᠯᠡᠨ᠂ ᠤᠯᠤᠰ ᠣᠷᠣᠨ ᠤ ᠪᠠᠨ ᠥᠨᠥ ᠪᠠ ᠬᠡᠲᠦ ᠶᠢᠨ ᠬᠥᠭᠵᠢᠯ ᠦᠨ ᠵᠣᠷᠢᠯᠲᠠ᠂ ᠠᠷᠠᠳ ᠲᠦᠮᠡᠨ ᠦ ᠪᠡᠨ ᠰᠠᠶᠢᠨ ᠰᠠᠶᠢᠬᠠᠨ ᠠᠵᠤ ᠠᠮᠢᠳᠤᠷᠠᠯ ᠤᠨ ᠲᠥᠯᠥᠭᠡ ᠬᠢᠴᠢᠶᠡᠨ ᠵᠢᠳᠬᠦᠬᠦ ᠡᠷᠡᠮᠡᠯᠵᠡᠯ᠂ ᠬᠡᠷᠡᠭᠵᠢᠭᠦᠯᠬᠦ ᠪᠣᠳᠣᠯᠭ᠎ᠠ ᠪᠠᠨ ᠬᠤᠷᠢᠶᠠᠩᠭᠤᠶᠢᠯᠠᠨ ᠲᠣᠮᠢᠶᠠᠯᠠᠭᠰᠠᠨ᠂ ᠨᠠᠮ ᠤᠨ ᠪᠣᠳᠣᠯᠭ᠎ᠠ᠂ ᠦᠢᠯᠡ ᠠᠵᠢᠯᠯᠠᠭᠠᠨ ᠤ ᠵᠠᠷᠴᠢᠮ ᠤᠨ ᠦᠨᠳᠦᠰᠦ ᠶᠢ ᠲᠣᠳᠣᠷᠬᠠᠶᠢᠯᠠᠭᠰᠠᠨ ᠬᠢᠴᠢᠶᠡᠨ ᠡᠷᠡᠮᠡᠯᠵᠡᠬᠦ ᠵᠦᠢᠯ ᠢᠶᠡᠨ ᠲᠦᠮᠡᠨ ᠣᠯᠠᠨ ᠳᠤ ᠪᠠᠨ ᠲᠣᠯᠢᠯᠠᠭᠤᠯᠵᠤ ᠪᠠᠶᠢᠨ᠎ᠠ᠃


НЭГ. НИЙГМИЙН БОДЛОГО

ᠮᠣᠩᠭᠣᠯ ᠤᠯᠤᠰ ᠤᠨ ᠢᠷᠭᠡᠨ ᠪᠦᠷᠢ ᠵᠣᠬᠢᠰᠲᠠᠢ ᠬᠥᠳᠡᠯᠮᠦᠷᠢ ᠡᠷᠬᠢᠯᠡᠬᠦ᠂ ᠰᠤᠷᠴᠤ ᠪᠣᠯᠪᠠᠰᠤᠷᠠᠬᠤ᠂ ᠡᠷᠡᠭᠦᠯ ᠮᠡᠨᠳᠦ ᠪᠡᠨ ᠬᠠᠮᠠᠭᠠᠯᠠᠬᠤ᠂ ᠨᠡᠶᠢᠭᠡᠮ ᠤᠨ ᠪᠠᠲᠤᠯᠠᠭ᠎ᠠ ᠪᠠᠷ ᠬᠠᠩᠭᠠᠭᠳᠠᠬᠤ ᠨᠥᠬᠥᠴᠡᠯ ᠢ ᠪᠦᠷᠢᠳᠦᠭᠦᠯᠵᠦ᠂ ᠢᠷᠡᠭᠡᠳᠦᠢ ᠳᠦ ᠪᠡᠨ ᠢᠲᠡᠭᠡᠯ ᠲᠡᠢ᠂ ᠰᠠᠶᠢᠨ ᠰᠠᠶᠢᠬᠠᠨ ᠠᠮᠢᠳᠤᠷᠠᠬᠤ᠂ ᠬᠦᠮᠦᠨ ᠦ ᠬᠥᠭᠵᠢᠯ ᠢ ᠬᠠᠩᠭᠠᠬᠤ ᠳᠤ ᠨᠡᠶᠢᠭᠡᠮ ᠤᠨ ᠪᠣᠳᠣᠯᠭ᠎ᠠ ᠴᠢᠭᠯᠡᠨ᠎ᠡ᠃


ᠬᠦᠮᠦᠨ ᠦ ᠬᠥᠭᠵᠢᠯ ᠦᠨ ᠠᠩᠬᠠᠳᠠᠭᠴᠢ ᠣᠷᠴᠢᠨ᠂ ᠨᠡᠶᠢᠭᠡᠮ ᠤᠨ ᠦᠨᠳᠦᠰᠦᠨ ᠨᠢᠭᠡᠴᠡ ᠪᠣᠯᠬᠤ ᠭᠡᠷ ᠪᠦᠯᠢ ᠶᠢ ᠳᠡᠮᠵᠢᠬᠦ᠂ ᠡᠬᠡ ᠨᠢᠯᠬᠠᠰ᠂ ᠬᠡᠦᠬᠡᠳ ᠦᠨ ᠡᠷᠬᠡ ᠠᠰᠢᠭ ᠢ ᠬᠠᠮᠠᠭᠠᠯᠠᠬᠤ᠂ ᠥᠰᠪᠦᠷᠢ ᠵᠠᠯᠠᠭᠤ ᠦᠶ᠎ᠡ ᠶᠢᠨ ᠬᠢᠨ ᠳᠦ ᠪᠡᠨ ᠤᠯᠤᠰ ᠦᠨᠳᠦᠰᠦ ᠪᠡᠷ ᠢᠶᠡᠨ ᠪᠠᠬᠠᠷᠬᠠᠬᠤ᠂ ᠦᠨᠳᠦᠰᠦᠨ ᠦ ᠲᠡᠦᠬᠡ᠂ ᠶᠣᠰᠣ ᠵᠠᠩᠰᠢᠯ᠂ ᠰᠤᠷᠲᠠᠬᠤᠨ᠂ ᠤᠯᠠᠮᠵᠢᠯᠠᠯᠲᠤ ᠱᠠᠰᠢᠨ ᠰᠤᠶᠤᠯ ᠢᠶᠠᠨ ᠳᠡᠭᠡᠳᠦᠯᠡᠬᠦ ᠦᠵᠡᠯ᠂ ᠰᠢᠨᠵᠢᠯᠡᠬᠦ ᠤᠬᠠᠭᠠᠨ ᠤ ᠮᠡᠳᠡᠯᠭᠡ᠂ ᠠᠮᠢᠳᠤᠷᠠᠯ ᠤᠨ ᠠᠷᠭ᠎ᠠ ᠤᠬᠠᠭᠠᠨ ᠲᠥᠯᠦᠪᠰᠢᠭᠦᠯᠬᠦ ᠵᠠᠮ ᠢᠶᠠᠷ ᠥᠷᠢᠰᠦᠯᠳᠥᠬᠦ ᠴᠢᠳᠠᠪᠤᠷᠢ ᠲᠠᠢ᠂ ᠬᠢᠴᠢᠶᠡᠬᠦ ᠶᠣᠰᠣᠨ ᠤ ᠰᠡᠳᠬᠢᠯᠭᠡ ᠲᠡᠢ᠂ ᠬᠥᠳᠡᠯᠮᠦᠷᠢᠴᠢ᠂ ᠬᠦᠮᠦᠨᠯᠢᠭ᠂ ᠢᠷᠭᠡᠨᠯᠢᠭ ᠬᠦᠮᠦᠨ ᠢ ᠲᠥᠯᠦᠪᠰᠢᠭᠦᠯᠬᠦ ᠶᠢ ᠵᠣᠷᠢᠨ᠎ᠠ᠃

ᠬᠦᠮᠦᠨ ᠪᠦᠷᠢ ᠳᠦ ᠰᠤᠷᠴᠤ ᠪᠣᠯᠪᠠᠰᠤᠷᠠᠬᠤ᠂ ᠬᠦᠳᠡᠯᠮᠦᠷᠢᠯᠡᠬᠦ᠂ ᠥᠮᠴᠢ ᠲᠡᠢ ᠪᠠᠶᠢᠬᠤ᠂ ᠨᠡᠶᠢᠭᠡᠮ ᠤᠨ ᠪᠠᠶᠠᠯᠢᠭ ᠠᠴᠠ ᠰᠢᠳᠤᠷᠭᠤ ᠪᠠᠷ ᠬᠤᠪᠢ ᠬᠦᠷᠲᠡᠬᠦ᠂ ᠬᠥᠳᠡᠯᠮᠦᠷᠢ ᠪᠡᠷ ᠢᠶᠡᠨ ᠬᠣᠷᠰᠢᠬᠤ᠂ ᠬᠥᠷᠥᠩᠭᠡ ᠬᠦᠴᠦ ᠪᠡᠨ ᠨᠢᠭᠡᠳᠬᠡᠵᠦ ᠬᠠᠮᠲᠤ ᠶᠢᠨ ᠠᠵᠤ ᠠᠬᠤᠢ ᠡᠷᠬᠢᠯᠡᠬᠦ ᠶᠢ ᠤᠷᠮᠠᠰᠢᠭᠤᠯᠵᠤ᠂ ᠲᠡᠭᠰᠢ ᠡᠷᠬᠡ᠂ ᠪᠣᠯᠤᠮᠵᠢ ᠶᠢ ᠪᠦᠷᠢᠳᠦᠭᠦᠯᠬᠦ ᠵᠠᠮ ᠢᠶᠠᠷ ᠨᠡᠶᠢᠭᠡᠮ ᠳᠦ ᠴᠢᠨᠡᠭᠡᠯᠢᠭ ᠳᠤᠮᠳᠠᠴᠢ ᠳᠠᠪᠬᠤᠷᠭ᠎ᠠ ᠶᠢ ᠨᠡᠮᠡᠭᠳᠡᠭᠦᠯᠬᠦ ᠶᠢᠵᠣᠷᠢᠨ᠎ᠠ᠃

ᠬᠦᠮᠦᠨ ᠠᠮᠠ ᠶᠢᠨ ᠶᠠᠳᠠᠭᠤᠷᠠᠯ ᠢ ᠪᠠᠭᠤᠷᠠᠭᠤᠯᠬᠤ᠂ ᠠᠵᠢᠯ ᠤᠨᠨ ᠪᠠᠶᠢᠷᠢ ᠣᠯᠠᠨ ᠢᠶᠠᠷ ᠪᠤᠢ ᠪᠣᠯᠭᠠᠬᠤ᠂ ᠬᠦᠮᠦᠨ ᠦ ᠬᠥᠭᠵᠢᠯ᠂ ᠢᠷᠭᠡᠳ ᠦᠨ ᠠᠮᠢᠳᠤᠷᠠᠯ ᠤᠨ ᠴᠢᠨᠠᠷ ᠢ ᠳᠡᠭᠡᠭᠰᠢᠯᠡᠭᠦᠯᠬᠦ ᠳᠦ ᠡᠳ᠋ ᠍ ᠦᠨ ᠵᠠᠰᠠᠭ ᠤᠨ ᠥᠰᠦᠯᠲᠡ ᠶᠢᠨ ᠦᠷ᠎ᠡ ᠰᠢᠮ᠎ᠡ ᠶᠢ ᠴᠢᠭᠯᠡᠭᠦᠯᠦᠨ᠎ᠡ᠃

ᠬᠦᠮᠦᠨ ᠠᠮᠠ ᠶᠢᠨ ᠪᠦᠯᠦᠭ ᠦᠳ ᠦᠨ ᠬᠥᠳᠡᠯᠮᠦᠷᠢ ᠡᠷᠬᠢᠯᠡᠯᠲᠡ ᠶᠢ ᠳᠡᠮᠵᠢᠬᠦ ᠵᠠᠮ ᠢᠶᠠᠷ ᠢᠷᠭᠡᠨ᠂ ᠠᠶᠢᠯ ᠡᠷᠦᠬᠡ ᠪᠦᠷᠢ ᠶᠢ ᠠᠵᠢᠯ ᠲᠠᠢ᠂ ᠣᠷᠣᠯᠭ᠎ᠠ ᠲᠠᠢ ᠪᠣᠯᠭᠠᠬᠤ᠂ ᠣᠷᠣᠯᠭ᠎ᠠ ᠪᠠᠭ᠎ᠠ ᠲᠠᠢ ᠥᠨᠳᠥᠷ ᠨᠠᠰᠤᠲᠠᠨ᠂ ᠬᠥᠭᠵᠢᠯ ᠦᠨ ᠪᠡᠷᠬᠡᠰᠢᠶᠡᠯ ᠲᠡᠢ ᠬᠦᠮᠦᠰ ᠦᠨ ᠠᠮᠢᠳᠤᠷᠠᠯ ᠠᠬᠤᠢ ᠳᠤ ᠡᠩ ᠲᠡᠷᠢᠭᠦᠨ ᠳᠦ ᠳᠡᠮᠵᠢᠯᠭᠡ ᠦᠵᠡᠭᠦᠯᠬᠦ ᠶᠢ ᠴᠢᠬᠤᠯᠠᠴᠢᠯᠠᠨ᠎ᠠ᠃

ᠨᠡᠶᠢᠭᠡᠮ ᠤᠨ ᠳᠠᠭᠠᠳᠬᠠᠯ ᠪᠣᠯᠤᠨ ᠨᠡᠶᠢᠭᠡᠮ ᠤᠨ ᠬᠠᠮᠠᠭᠠᠯᠠᠯ᠂ ᠬᠠᠯᠠᠮᠵᠢ ᠶᠢᠨ ᠪᠣᠳᠣᠯᠭ᠎ᠠ ᠶᠢ ᠢᠷᠭᠡᠨ ᠳᠦ ᠪᠡᠨ ᠦᠷ᠎ᠡ ᠥᠭᠭᠦᠭᠡᠴᠢ ᠲᠡᠢ᠂ ᠢᠷᠡᠭᠡᠳᠦᠢ ᠶᠢᠨ ᠪᠠᠲᠤᠯᠠᠭ᠎ᠠ ᠶᠢ ᠨᠢ ᠬᠠᠩᠭᠠᠬᠤ ᠲᠣᠭᠲᠠᠯᠴᠠᠭ᠎ᠠ ᠶᠢ ᠪᠦᠷᠢᠳᠦᠭᠦᠯᠬᠦ ᠵᠠᠮ ᠢᠶᠠᠷ ᠠᠵᠢᠯ ᠦᠭᠡᠢᠳᠡᠯ ᠳᠦ ᠥᠷᠢᠲᠥᠬᠦ᠂ ᠡᠪᠡᠳᠴᠢᠯᠡᠬᠦ ᠵᠡᠷᠭᠡ ᠡᠷᠦᠰᠳᠡᠯ ᠡᠴᠡ ᠬᠠᠮᠠᠭᠠᠯᠠᠬᠤ ᠨᠥᠬᠥᠴᠡᠯ ᠢ ᠪᠦᠷᠢᠳᠦᠭᠦᠯᠬᠦ ᠶᠢᠨ ᠲᠥᠯᠥᠭᠡ ᠠᠵᠢᠯᠯᠠᠨ᠎ᠠ᠃

ᠡᠷᠡᠭᠦᠯ ᠮᠡᠨᠳᠦ ᠶᠢᠨ ᠦᠢᠯᠡᠴᠢᠯᠡᠭᠡᠨ ᠦ ᠴᠢᠨᠠᠷ᠂ ᠬᠦᠷᠲᠡᠭᠡᠮᠵᠢ ᠶᠢ ᠣᠯᠠᠨ ᠤᠯᠤᠰ ᠤᠨ ᠵᠢᠱᠢᠭ ᠲᠦ ᠬᠦᠷᠭᠡᠨ᠂ ᠳᠤᠮᠳᠠᠴᠢ ᠨᠠᠰᠤᠯᠠᠯᠲᠠ ᠶᠢ ᠨᠡᠮᠡᠭᠳᠡᠭᠦᠯᠬᠦ᠂ ᠥᠨᠳᠥᠷ ᠨᠠᠰᠤᠯᠠᠬᠤ ᠲᠠᠭᠠᠲᠠᠢ ᠪᠣᠯᠤᠮᠵᠢ ᠪᠦᠷᠢᠳᠦᠭᠦᠯᠬᠦ ᠶᠢ ᠵᠣᠷᠢᠨ᠎ᠠ᠃

ᠠᠷᠢᠬᠢᠳᠠᠯᠲᠠ᠂ ᠬᠠᠷ᠎ᠠ ᠲᠠᠮᠠᠬᠢ᠂ ᠮᠠᠩᠰᠢᠭᠤᠷᠠᠬᠤ ᠦᠵᠡᠭᠳᠡᠯ  ᠲᠡᠢ ᠲᠡᠮᠡᠴᠡᠬᠦ ᠶᠠᠪᠤᠳᠠᠯ ᠢ ᠪᠦᠬᠦ ᠨᠡᠶᠢᠲᠡ ᠶᠢᠨ ᠦᠢᠯᠡᠰ ᠪᠣᠯᠭᠠᠨ ᠳᠡᠮᠵᠢᠵᠦ᠂ ᠠᠮᠢᠳᠤᠷᠠᠯ ᠤᠨ ᠡᠷᠡᠭᠦᠯ ᠣᠷᠴᠢᠨ ᠢ ᠪᠤᠢ ᠪᠣᠯᠭᠠᠨ᠎ᠠ᠃

ᠪᠣᠯᠪᠠᠰᠤᠷᠠᠯ᠂ ᠰᠢᠨᠵᠢᠯᠡᠬᠦ ᠤᠬᠠᠭᠠᠨ ᠢ ᠬᠥᠭᠵᠢᠭᠦᠯᠬᠦ ᠳᠤ ᠵᠠᠷᠤᠴᠠᠭᠤᠯᠬᠤ ᠬᠥᠷᠥᠩᠭᠡ ᠶᠢ ᠪᠠᠶᠢᠩᠭᠤ ᠨᠡᠮᠡᠭᠳᠡᠭᠦᠯᠵᠦ᠂ ᠢᠷᠭᠡᠳ ᠦᠨ ᠢᠶᠡᠨ ᠣᠶᠤᠨ ᠤ ᠴᠢᠳᠠᠪᠬᠢ᠂ ᠳᠡᠪᠰᠢᠯ ᠢ ᠬᠠᠩᠭᠠᠬᠤ ᠰᠠᠭᠤᠷᠢ ᠨᠥᠬᠥᠴᠡᠯ᠂ ᠡᠳ᠋ ᠍ ᠦᠨ ᠵᠠᠰᠠᠭ ᠤᠨ ᠥᠰᠦᠯᠲᠡ᠂ ᠬᠥᠭᠵᠢᠯ ᠢ ᠲᠦᠷᠭᠡᠳᠭᠡᠬᠦ ᠭᠣᠣᠯ ᠬᠥᠰᠢᠭᠦᠷᠭᠡ ᠪᠣᠯᠭᠠᠨ᠎ᠠ᠃

ᠪᠦᠬᠦ ᠱᠠᠲᠤᠨ ᠤ ᠪᠣᠯᠪᠠᠰᠤᠷᠠᠯ ᠢ ᠴᠢᠨᠠᠷᠵᠢᠭᠤᠯᠠᠨ᠎ᠠ᠃ ᠪᠣᠯᠪᠠᠰᠤᠷᠠᠯ ᠤᠨ ᠲᠣᠭᠲᠠᠯᠴᠠᠭ᠎ᠠ᠂ ᠰᠤᠷᠭᠠᠯᠲᠠ ᠶᠢᠨ ᠣᠷᠴᠢᠨ ᠢ ᠳᠡᠯᠡᠬᠡᠢ ᠶᠢᠨ ᠲᠥᠪᠰᠢᠨ ᠳᠦ ᠬᠦᠷᠭᠡᠬᠦ᠂ ᠢᠷᠭᠡᠨ ᠦ ᠪᠣᠯᠪᠠᠰᠤᠷᠠᠯ ᠢ ᠬᠥᠭᠵᠢᠭᠦᠯᠬᠦ ᠲᠣᠭᠲᠠᠯᠴᠠᠭ᠎ᠠ ᠶᠢ ᠪᠦᠷᠢᠳᠦᠭᠦᠯᠬᠦ ᠶᠢᠨ ᠲᠥᠯᠥᠭᠡ ᠠᠵᠢᠯᠯᠠᠨ᠎ᠠ᠃

ᠮᠡᠷᠭᠡᠵᠢᠯ ᠦᠨ ᠰᠤᠷᠭᠠᠯᠲᠠ ᠶᠢ ᠲᠦᠯᠬᠢᠭᠦᠦ ᠳᠡᠮᠵᠢᠵᠦ᠂ ᠬᠥᠳᠡᠯᠮᠦᠷᠢ ᠶᠢᠨ ᠵᠠᠬ᠎ᠠ ᠵᠡᠭᠡᠯᠢ ᠶᠢᠨ ᠡᠷᠢᠯᠲᠡ᠂ ᠬᠡᠷᠡᠭᠴᠡᠭᠡᠨ ᠳᠦ ᠨᠡᠶᠢᠴᠡᠭᠦᠯᠦᠨ ᠬᠥᠭᠵᠢᠭᠦᠯᠦᠨ᠎ᠡ᠃

ᠦᠨᠳᠦᠰᠦᠨ ᠦ ᠰᠢᠨᠵᠢᠯᠡᠬᠦ ᠤᠬᠠᠭᠠᠨ ᠤ ᠴᠢᠳᠠᠪᠬᠢ᠂ ᠰᠤᠳᠤᠯᠭ᠎ᠠ᠂ ᠰᠢᠨᠵᠢᠯᠡᠭᠡᠨ ᠦ ᠠᠵᠢᠯ ᠤᠨᠨ ᠦᠷ᠎ᠡ ᠥᠭᠭᠦᠭᠡᠴᠢ ᠶᠢ ᠨᠡᠮᠡᠭᠳᠡᠭᠦᠯᠵᠦ᠂ ᠰᠢᠨᠵᠢᠯᠡᠬᠦ ᠤᠬᠠᠭᠠᠨ᠂ ᠲᠧᠭᠨᠢᠭ ᠲᠧᠭᠨᠣᠯᠣᠭᠢ ᠶᠢᠨ ᠳᠡᠪᠰᠢᠯ ᠢ ᠨᠡᠪᠲᠡᠷᠡᠭᠦᠯᠬᠦ ᠳᠦ ᠴᠢᠭᠯᠡᠭᠰᠡᠨ ᠪᠣᠳᠣᠯᠭ᠎ᠠ ᠶᠢ ᠲᠤᠤᠱᠲᠠᠢ ᠪᠠᠷᠢᠮᠲᠠᠯᠠᠨ᠎ᠠ᠃

ᠪᠡᠶ᠎ᠡ ᠶᠢᠨ ᠲᠠᠮᠢᠷ᠂ ᠰᠫᠣᠷᠲ ᠢ ᠬᠦᠮᠦᠨ ᠦ ᠬᠥᠭᠵᠢᠯ ᠦᠨ ᠴᠢᠬᠤᠯᠠ ᠬᠦᠴᠦᠨ ᠵᠦᠢᠯ ᠬᠡᠮᠡᠨ ᠦᠵᠡᠵᠦ ᠪᠦᠬᠦ ᠲᠠᠯ᠎ᠠ ᠪᠠᠷ ᠳᠡᠮᠵᠢᠵᠦ ᠳᠡᠯᠭᠡᠷᠡᠭᠦᠯᠬᠦ ᠶᠢ ᠴᠢᠬᠤᠯᠠᠴᠢᠯᠠᠨ᠎ᠠ᠃

ᠢᠷᠭᠡᠳ ᠦᠨ ᠢᠶᠡᠨ ᠭᠠᠳᠠᠭᠠᠳᠤ ᠳᠤ ᠰᠤᠷᠴᠤ ᠪᠣᠯᠪᠠᠰᠤᠷᠠᠬᠤ ᠪᠣᠯᠤᠮᠵᠢ ᠶᠢ ᠨᠢ ᠬᠠᠩᠭᠠᠬᠤ᠂ ᠡᠷᠬᠡ ᠠᠰᠢᠭ ᠢ ᠨᠢ ᠬᠠᠮᠠᠭᠠᠯᠠᠬᠤ᠂ ᠡᠬᠡ ᠣᠷᠣᠨ ᠤ ᠪᠠᠨ ᠬᠥᠭᠵᠢᠯ ᠳᠡᠪᠰᠢᠯ᠂ ᠰᠠᠶᠢᠨ ᠰᠠᠶᠢᠬᠠᠨ ᠤ ᠦᠢᠯᠡᠰ ᠲᠦ ᠢᠳᠡᠪᠬᠢᠲᠡᠢ ᠤᠷᠤᠯᠴᠠᠬᠤ ᠬᠦᠰᠡᠯ᠂ ᠡᠷᠡᠮᠡᠯᠵᠡᠯ ᠢ ᠨᠢ ᠪᠦᠬᠦ ᠲᠠᠯ᠎ᠠ ᠪᠠᠷ ᠳᠡᠮᠵᠢᠬᠦ ᠪᠣᠳᠣᠯᠭ᠎ᠠ ᠪᠠᠷᠢᠮᠲᠠᠯᠠᠨ᠎ᠠ᠃

ᠦᠨᠳᠦᠰᠦᠨ ᠦ ᠤᠯᠠᠮᠵᠢᠯᠠᠯᠲᠤ ᠰᠤᠶᠤᠯ ᠤᠷᠠᠯᠢᠭ ᠢᠶᠠᠨ ᠳᠡᠭᠡᠳᠦᠯᠡᠨ ᠬᠥᠭᠵᠢᠭᠦᠯᠵᠦ᠂ ᠰᠣᠩᠭᠣᠳᠠᠭ ᠪᠣᠯᠤᠨ ᠣᠷᠴᠢᠨ ᠦᠶ᠎ᠡ ᠶᠢᠨ ᠤᠷᠠᠯᠢᠭ ᠢ ᠳᠡᠮᠵᠢᠵᠦ᠂ ᠮᠣᠩᠭᠣᠯ ᠤᠨ ᠲᠡᠦᠬᠡ᠂ ᠬᠡᠯᠡ ᠰᠤᠶᠤᠯ ᠤᠨ ᠥᠪ ᠢ ᠰᠤᠳᠤᠯᠬᠤ᠂ ᠬᠠᠮᠠᠭᠠᠯᠠᠬᠤ᠂ ᠰᠡᠷᠭᠦᠭᠡᠨ ᠵᠠᠰᠠᠪᠤᠷᠢᠯᠠᠬᠤ ᠪᠣᠳᠣᠯᠭ᠎ᠠ ᠬᠡᠷᠡᠭᠵᠢᠭᠦᠯᠦᠨ᠎ᠡ᠃

ᠪᠠᠶᠢᠭᠠᠯᠢ ᠶᠢᠨ ᠪᠠᠶᠠᠯᠢᠭ ᠢ ᠠᠰᠢᠭᠯᠠᠬᠤ᠂ ᠠᠭᠤᠯᠠ ᠠᠭᠤᠷᠬᠠᠢ ᠶᠢᠨ ᠦᠢᠯᠡᠳᠪᠦᠷᠢᠯᠡᠯ ᠢ ᠬᠥᠭᠵᠢᠭᠦᠯᠬᠦ ᠳᠤ ᠪᠡᠨ ᠪᠠᠶᠢᠭᠠᠯᠢ ᠤᠷᠴᠢᠨ ᠳᠤ ᠬᠠᠯᠠ ᠦᠭᠡᠢ ᠲᠧᠭᠨᠣᠯᠣᠭᠢ ᠬᠡᠷᠡᠭᠯᠡᠬᠦ᠂ ᠨᠥᠬᠥᠨ ᠰᠡᠷᠭᠦᠭᠡᠯᠲᠡ ᠶᠢ ᠣᠯᠠᠨ ᠤᠯᠤᠰ ᠤᠨ ᠲᠡᠷᠢᠭᠦᠨ ᠦ ᠰᠲ᠋ᠠᠨᠳᠠᠷᠲ ᠤᠨ ᠳᠠᠭᠠᠤ ᠬᠢᠬᠦ᠂ ᠭᠣᠣᠯ ᠤᠰᠤ᠂ ᠭᠠᠵᠠᠷ ᠬᠥᠷᠦᠰ᠂ ᠨᠤᠲᠤᠭ ᠣᠷᠣᠨ ᠢᠶᠠᠨ ᠬᠠᠮᠠᠭᠠᠯᠠᠬᠤ ᠠᠷᠠᠳ ᠢᠷᠭᠡᠳ ᠦᠨ ᠢᠶᠡᠨ ᠠᠵᠢᠯ ᠬᠡᠷᠡᠭᠴᠢ ᠰᠠᠨᠠᠯ ᠰᠠᠨᠠᠭᠠᠴᠢᠯᠠᠭ᠎ᠠ᠂ ᠣᠷᠣᠯᠴᠠᠭ᠎ᠠ ᠶᠢ ᠳᠡᠮᠵᠢᠵᠦ ᠬᠠᠮᠲᠤᠷᠠᠨ ᠠᠵᠢᠯᠯᠠᠨ᠎ᠠ᠃

ᠪᠠᠶᠢᠭᠠᠯᠢ ᠣᠷᠴᠢᠨ ᠤ ᠪᠣᠬᠢᠷᠳᠠᠯ ᠳᠣᠷᠣᠶᠢᠲᠠᠯ ᠢ ᠬᠢᠵᠠᠭᠠᠷᠯᠠᠨ ᠵᠣᠭᠰᠣᠭᠠᠵᠤ᠂ ᠬᠦᠮᠦᠨ ᠠᠮᠠ ᠶᠢᠨ ᠡᠷᠡᠭᠦᠯ ᠮᠡᠨᠳᠦ᠂ ᠠᠶᠤᠯ ᠦᠭᠡᠢ ᠤᠷᠴᠢᠨ ᠳᠤ ᠠᠮᠢᠳᠤᠷᠠᠬᠤ ᠨᠥᠬᠥᠴᠡᠯ ᠢ ᠪᠦᠷᠢᠳᠦᠭᠦᠯᠬᠦ᠂ ᠪᠠᠶᠢᠭᠠᠯᠢ ᠶᠢᠨ ᠨᠥᠭᠡᠴᠡ ᠶᠢ ᠵᠥᠪ ᠵᠣᠬᠢᠰᠲᠠᠢ ᠠᠰᠢᠭᠯᠠᠵᠤ᠂ ᠡᠺᠣᠯᠣᠭ ᠤᠨ ᠴᠡᠪᠡᠷ ᠲᠦᠭᠦᠬᠡᠢ ᠡᠳ᠋, ᠪᠦᠲᠦᠭᠡᠭᠳᠡᠬᠦᠨ ᠦ ᠦᠢᠯᠡᠳᠪᠦᠷᠢᠯᠡᠯ ᠢ ᠬᠥᠭᠵᠢᠭᠦᠯᠬᠦ᠂ ᠪᠠᠶᠢᠭᠠᠯᠢ ᠣᠷᠴᠢᠨ ᠢ ᠬᠠᠮᠠᠭᠠᠯᠠᠬᠤ᠂ ᠨᠥᠬᠥᠨ ᠰᠡᠷᠭᠦᠭᠡᠬᠦ 《ᠨᠣᠭᠣᠭᠠᠨ》 ᠬᠥᠭᠵᠢᠯ ᠦᠨ ᠪᠣᠳᠣᠯᠭ᠎ᠠ ᠬᠡᠷᠡᠭᠵᠢᠭᠦᠯᠦᠨ᠎ᠡ᠃

ᠡᠺᠣᠯᠣᠭᠢ᠂ ᠡᠳ᠋ ᠍ ᠦᠨ ᠵᠠᠰᠠᠭ ᠤᠨ ᠠᠴᠢ ᠬᠣᠯᠪᠣᠭᠳᠠᠯ ᠢ ᠬᠠᠷᠠᠭᠠᠯᠵᠠᠨ ᠪᠠᠶᠢᠭᠠᠯᠢ ᠶᠢᠨ ᠨᠥᠭᠡᠴᠡ ᠶᠢᠨ ᠥᠷᠲᠡᠭ ᠦᠨ ᠦᠨᠡᠯᠡᠭᠡ ᠶᠢ ᠲᠣᠭᠲᠠᠭᠠᠭᠰᠠᠨ ᠤ ᠦᠨᠳᠦᠰᠦᠨ ᠳᠡᠭᠡᠷ᠎ᠡ ᠲᠤᠬᠠᠢ ᠶᠢᠨ ᠨᠥᠭᠡᠴᠡ ᠶᠢ ᠬᠠᠮᠠᠭᠠᠯᠠᠬᠤ᠂ ᠲᠣᠭᠲᠠᠪᠤᠷᠢᠲᠠᠢ ᠠᠰᠢᠭᠯᠠᠬᠤ᠂ ᠨᠥᠬᠥᠨ ᠰᠡᠷᠭᠦᠭᠡᠵᠦ ᠠᠷᠪᠢᠵᠢᠭᠤᠯᠬᠤ ᠠᠷᠭ᠎ᠠ ᠬᠡᠮᠵᠢᠶ᠎ᠡ ᠶᠢ ᠲᠣᠳᠣᠷᠬᠠᠶᠢᠯᠠᠨ ᠬᠡᠷᠡᠭᠵᠢᠭᠦᠯᠬᠦ ᠳᠦ ᠲᠥᠷᠥ᠂ ᠢᠷᠭᠡᠨ᠂ ᠬᠤᠪᠢ ᠤᠨ ᠬᠡᠪᠰᠢᠯ᠂ ᠲᠥᠷᠥ ᠶᠢᠨ ᠪᠤᠰᠤ ᠪᠠᠶᠢᠭᠤᠯᠤᠯᠭ᠎ᠠ ᠶᠢᠨ ᠪᠦᠬᠦ ᠲᠠᠯ᠎ᠠ ᠶᠢᠨ ᠬᠠᠮᠲᠤ ᠶᠢᠨ ᠣᠷᠣᠯᠴᠠᠭ᠎ᠠ ᠶᠢ ᠬᠠᠩᠭᠠᠵᠤ᠂ ᠡᠺᠣᠯᠣᠭ ᠤᠨ ᠲᠣᠭᠲᠠᠪᠤᠷᠢᠲᠠᠢ ᠬᠥᠭᠵᠢᠯ ᠦᠨ ᠪᠣᠯᠪᠠᠰᠤᠷᠠᠯ ᠢ ᠪᠦᠬᠦ ᠨᠡᠶᠢᠲᠡ ᠳᠦ ᠣᠯᠭᠤᠨ᠎ᠠ᠃

ᠨᠡᠶᠢᠰᠯᠡᠯ ᠪᠣᠯᠤᠨ ᠬᠣᠲᠠ ᠲᠣᠰᠬᠣᠨ᠂ ᠲᠥᠪ ᠰᠠᠭᠤᠷᠢᠨ ᠭᠠᠵᠠᠷ ᠤᠨ ᠲᠥᠯᠥᠪᠯᠡᠯᠲᠡ ᠶᠢ ᠣᠷᠴᠢᠨ ᠦᠶ᠎ᠡ ᠶᠢᠨ ᠬᠣᠲᠠ ᠪᠠᠶᠢᠭᠤᠯᠤᠯᠲᠠ ᠶᠢᠨ ᠵᠢᠱᠢᠭ ᠲᠦ ᠨᠡᠶᠢᠴᠡᠭᠦᠯᠦᠨ ᠰᠠᠶᠢᠵᠢᠷᠠᠭᠤᠯᠵᠤ᠂ ᠠᠭᠠᠷ᠂ ᠬᠥᠷᠥᠰᠥ᠂ ᠣᠷᠴᠢᠨ ᠤ ᠪᠣᠬᠢᠷᠳᠠᠯ ᠢ ᠪᠠᠭᠠᠰᠭᠠᠬᠤ ᠣᠨᠣᠪᠴᠢᠲᠠᠢ ᠪᠣᠳᠣᠯᠭ᠎ᠠ ᠬᠡᠷᠡᠭᠵᠢᠭᠦᠯᠵᠦ᠂ ᠢᠷᠭᠡᠳ ᠦᠨ ᠡᠷᠡᠭᠦᠯ᠂ ᠠᠶᠤᠯ ᠦᠭᠡᠢ᠂ ᠲᠠᠪᠤ ᠲᠤᠬᠠᠲᠠᠢ ᠤᠷᠴᠢᠨ ᠳᠤ ᠠᠵᠢᠯᠯᠠᠵᠤ ᠠᠮᠢᠳᠤᠷᠠᠬᠤ ᠨᠥᠬᠥᠴᠡᠯ ᠢ ᠪᠦᠷᠢᠳᠦᠭᠦᠯᠦᠨ᠎ᠡ᠃


ХОЁР᠃ ЭДИЙН ЗАСГИЙН БОДЛОГО

ᠡᠬᠡ ᠣᠷᠣᠨ ᠤ ᠪᠠᠨ ᠣᠨᠴᠠᠯᠢᠭ᠂ ᠳᠠᠪᠠᠭᠤ ᠲᠠᠯ᠎ᠠ᠂ ᠲᠧᠭᠨᠢᠭ ᠲᠧᠭᠨᠣᠯᠣᠭᠢ ᠶᠢᠨ ᠳᠡᠪᠰᠢᠯ᠂ ᠮᠡᠳᠡᠯᠭᠡ ᠳᠦ ᠰᠠᠭᠤᠷᠢᠯᠠᠭᠰᠠᠨ᠂ ᠥᠷᠢᠰᠥᠯᠳᠥᠬᠦ ᠴᠢᠳᠠᠪᠤᠷᠢ ᠲᠠᠢ᠂ ᠵᠠᠬ᠎ᠠ ᠵᠡᠭᠡᠯᠢ ᠶᠢᠨ ᠡᠳ᠋ ᠍ ᠦᠨ ᠵᠠᠰᠠᠭ ᠤᠨ ᠵᠣᠬᠢᠰᠲᠠᠢ ᠪᠦᠲᠦᠴᠡ ᠶᠢ ᠪᠦᠷᠢᠳᠦᠭᠦᠯᠵᠦ᠂ ᠬᠦᠮᠦᠨ ᠦ ᠪᠠ ᠨᠡᠶᠢᠭᠡᠮ ᠤᠨ ᠬᠥᠭᠵᠢᠯ ᠦᠨ ᠲᠠᠭᠠᠲᠠᠢ ᠣᠷᠴᠢᠨ ᠪᠤᠢ ᠪᠣᠯᠭᠠᠬᠤ ᠳᠤ ᠡᠳ᠋ ᠍ ᠦᠨ ᠵᠠᠰᠠᠭ ᠤᠨ ᠪᠣᠳᠣᠯᠭ᠎ᠠ ᠴᠢᠭᠯᠡᠨ᠎ᠡ᠃


ᠤᠯᠤᠰ ᠣᠷᠣᠨ ᠢᠶᠠᠨ ᠦᠨᠳᠦᠰᠦᠨ ᠦ ᠬᠥᠭᠵᠢᠯ ᠦᠨ ᠬᠠᠤᠯᠢᠴᠢᠯᠠᠭᠰᠠᠨ ᠵᠣᠷᠢᠯᠲᠠᠲᠤ ᠬᠥᠲᠥᠯᠪᠦᠷᠢ ᠲᠡᠢ ᠬᠥᠭᠵᠢᠭᠦᠯᠦᠨ᠎ᠡ᠃

ᠪᠠᠶᠢᠭᠠᠯᠢ ᠶᠢᠨ ᠪᠠᠶᠠᠯᠢᠭ ᠢᠶᠠᠨ ᠠᠷᠠᠳ ᠲᠦᠮᠡᠨ ᠦ ᠪᠡᠨ ᠠᠬᠤᠢ ᠠᠮᠢᠳᠤᠷᠠᠯ ᠢ ᠳᠡᠭᠡᠭᠰᠢᠯᠡᠭᠦᠯᠬᠦ ᠳᠦ ᠬᠠᠮᠤᠭ ᠤᠨ ᠥᠭᠭᠦᠭᠡᠴᠢ ᠲᠡᠢ ᠬᠡᠯᠪᠡᠷᠢ ᠪᠡᠷ ᠠᠰᠢᠭᠯᠠᠵᠤ᠂ ᠡᠷᠦᠳᠡᠰᠦᠪᠠᠶᠠᠯᠢᠭ᠂ ᠲᠦᠭᠦᠬᠡᠢ ᠡᠳ᠋ ᠍ ᠢ ᠪᠣᠯᠪᠠᠰᠤᠷᠠᠭᠤᠯᠬᠤ ᠳᠤ ᠣᠷᠴᠢᠨ ᠦᠶ᠎ᠡ ᠶᠢᠨ ᠰᠢᠯᠢᠳᠡᠭ ᠲᠧᠭᠨᠣᠯᠣᠭᠢ᠂ ᠤᠳᠤᠷᠢᠳᠤᠯᠭ᠎ᠠ᠂ ᠰᠲ᠋ᠠᠨᠳᠠᠷᠲ ᠨᠡᠪᠲᠡᠷᠡᠭᠦᠯᠵᠦ᠂ ᠴᠢᠨᠠᠷ ᠰᠠᠶᠢᠲᠠᠢ ᠡᠴᠦᠰ ᠦᠨ ᠪᠦᠲᠦᠭᠡᠭᠳᠡᠬᠦᠨ ᠦᠢᠯᠡᠳᠪᠦᠷᠢᠯᠡᠬᠦ᠂ ᠡᠺᠰᠫᠣᠷᠲ ᠢ ᠨᠡᠮᠡᠭᠳᠡᠭᠦᠯᠬᠦ ᠪᠣᠳᠣᠯᠭ᠎ᠠ ᠶᠢ ᠬᠡᠷᠡᠭᠵᠢᠭᠦᠯᠦᠨ᠎ᠡ᠃

《ᠮᠢᠩᠭᠠᠨ ᠤ ᠵᠠᠮ》, 《ᠠᠲᠠᠷ ᠤᠨ ᠠᠶᠠᠨ》, 《ᠮᠣᠩᠭᠣᠯ ᠮᠠᠯ》 ᠵᠡᠷᠭᠡ ᠵᠣᠷᠢᠯᠲᠠᠲᠤ ᠬᠥᠲᠥᠯᠪᠦᠷᠢ ᠨᠦᠭᠦᠳ ᠢ ᠦᠷᠭᠦᠯᠵᠢᠯᠡᠭᠦᠯᠦᠨ ᠥᠷᠨᠢᠭᠦᠯᠵᠦ᠂ ᠶᠡᠬᠡ ᠪᠦᠲᠦᠭᠡᠨ ᠪᠠᠶᠢᠭᠤᠯᠤᠯᠲᠠ᠂ ᠥᠨᠳᠥᠷ ᠲᠧᠭᠨᠣᠯᠣᠭᠢ ᠪᠦᠬᠦᠢ ᠠᠵᠤ ᠦᠢᠯᠡᠳᠪᠦᠷᠢ ᠶᠢ ᠬᠥᠭᠵᠢᠭᠦᠯᠵᠦ᠂ ᠳᠡᠳ᠋ ᠪᠦᠲᠦᠴᠡ ᠶᠢᠨ ᠰᠦᠯᠵᠢᠶ᠎ᠡ ᠶᠢ ᠥᠷᠭᠡᠳᠬᠡᠨ᠂ ᠬᠥᠳᠡᠯᠮᠦᠷᠢ ᠡᠷᠬᠢᠯᠡᠯᠲᠡ ᠶᠢᠨ ᠲᠥᠪᠰᠢᠨ ᠢ ᠳᠡᠭᠡᠭᠰᠢᠯᠡᠭᠦᠯᠦᠨ᠎ᠡ᠃


ᠮᠠᠯᠴᠢᠳ ᠢᠶᠠᠨ ᠪᠦᠬᠦ ᠲᠠᠯ᠎ᠠ ᠪᠠᠷ ᠳᠡᠮᠵᠢᠬᠦ᠂ ᠪᠡᠯᠴᠢᠭᠡᠷ ᠦᠨ ᠮᠠᠯ ᠠᠵᠤ ᠠᠬᠤᠢ ᠶᠢ ᠰᠢᠨ᠎ᠡ ᠮᠠᠶ᠋ᠢᠭ ᠤᠨ ᠬᠣᠷᠰᠢᠶ᠎ᠠ᠂ ᠬᠠᠮᠲᠤᠯᠢᠭ᠂ ᠹᠧᠷᠮᠧᠷ ᠤᠨ ᠠᠵᠤ ᠠᠬᠤᠢ ᠲᠠᠢ ᠬᠣᠣᠰᠯᠠᠨ ᠬᠥᠭᠵᠢᠭᠦᠯᠬᠦ᠂ ᠮᠠᠯ ᠤᠨ ᠤᠳᠤᠮ ᠤᠨ ᠰᠠᠩ ᠢ ᠬᠠᠮᠠᠭᠠᠯᠠᠬᠤ᠂ ᠬᠦᠮᠦᠨ ᠠᠮᠠ ᠶᠢᠨ ᠢᠶᠠᠨ ᠬᠦᠨᠡᠰᠦᠨ ᠦ ᠠᠶᠤᠯ ᠦᠭᠡᠢ᠂ ᠬᠠᠷᠠᠭᠠᠲᠤ ᠪᠤᠰᠤ ᠪᠠᠶᠢᠳᠠᠯ ᠢ ᠬᠠᠩᠭᠠᠬᠤ ᠪᠣᠳᠣᠯᠭ᠎ᠠ ᠪᠠᠨ ᠲᠤᠤᠱᠲᠠᠢ ᠪᠠᠷᠢᠮᠲᠠᠯᠠᠨ᠎ᠠ᠃

ᠪᠠᠶᠢᠭᠠᠯᠢ᠂ ᠬᠥᠷᠥᠰᠥ᠂ ᠴᠠᠭ ᠠᠭᠤᠷ ᠤᠨ ᠣᠨᠴᠠᠯᠢᠭ ᠲᠤ ᠳᠠᠰᠤᠨ ᠵᠣᠬᠢᠴᠠᠭᠤᠯᠤᠨ ᠲᠠᠷᠢᠶᠠᠯᠠᠩ ᠤᠨ ᠦᠢᠯᠡᠳᠪᠦᠷᠢᠯᠡᠯ ᠢ ᠪᠦᠰ ᠢᠶᠡᠷ ᠬᠥᠭᠵᠢᠭᠦᠯᠬᠦ ᠴᠢᠭᠯᠡᠯ ᠪᠠᠷᠢᠮᠲᠠᠯᠠᠵᠤ᠂ ᠭᠠᠵᠠᠷ ᠲᠠᠷᠢᠶᠠᠯᠠᠩ ᠤᠨ ᠦᠢᠯᠡᠳᠪᠦᠷᠢᠯᠡᠯ ᠦᠨ ᠪᠦᠲᠦᠭᠡᠮᠵᠢ᠂ ᠦᠷ᠎ᠡ ᠠᠰᠢᠭ ᠢ ᠨᠡᠮᠡᠭᠳᠡᠭᠦᠯᠦᠨ᠎ᠡ᠃

ᠬᠥᠳᠡᠭᠡ ᠠᠵᠤ ᠠᠬᠤᠢ ᠶᠢᠨ ᠪᠦᠲᠦᠭᠡᠭᠳᠡᠬᠦᠨ ᠢ ᠪᠢᠷᠵᠢ ᠪᠡᠷ ᠳᠠᠮᠵᠢᠭᠤᠯᠠᠨ ᠪᠣᠷᠣᠯᠠᠭᠤᠯᠵᠤ᠂ ᠲᠦᠭᠦᠬᠡᠢ ᠡᠳ᠋ ᠪᠡᠯᠡᠳᠬᠡᠯ᠂ ᠪᠣᠯᠪᠠᠰᠤᠷᠠᠭᠤᠯᠤᠯᠲᠠ᠂ ᠪᠣᠷᠣᠯᠠᠭᠤᠯᠤᠯᠲᠠ ᠶᠢᠨ ᠨᠢᠭᠡᠳᠦᠭᠰᠡᠨ ᠲᠣᠭᠲᠠᠯᠴᠠᠭ᠎ᠠ ᠶᠢ ᠪᠤᠢ ᠪᠣᠯᠭᠠᠬᠤ ᠵᠠᠮ ᠢᠶᠠᠷ ᠬᠦᠮᠦᠨ ᠠᠮᠠ ᠶᠢ ᠡᠷᠡᠭᠦᠯ ᠬᠦᠨᠡᠰᠦ᠂ ᠦᠨᠳᠦᠰᠦᠨ ᠦ ᠦᠢᠯᠡᠳᠪᠦᠷᠢᠯᠡᠯ ᠢ ᠴᠢᠨᠠᠷᠲᠠᠢ ᠲᠦᠭᠦᠬᠡᠢ ᠡᠳ᠋ ᠍ ᠢᠶᠡᠷ ᠬᠠᠩᠭᠠᠬᠤ ᠶᠢ ᠵᠣᠷᠢᠨ᠎ᠠ᠃

ᠰᠢᠲᠠᠬᠤᠨ᠂ ᠲᠤᠰᠤᠯᠠᠬᠤ ᠮᠠᠲ᠋ᠧᠷᠢᠶᠠᠯ ᠤᠨ ᠳᠣᠲᠣᠭᠠᠳᠤ ᠶᠢᠨ ᠦᠢᠯᠡᠳᠪᠦᠷᠢᠯᠡᠯ᠂ ᠡᠷᠴᠢᠮ ᠬᠦᠴᠦ᠂ ᠲᠡᠭᠦᠨ ᠦ ᠳᠣᠲᠣᠷ᠎ᠠ ᠰᠡᠷᠭᠡᠭᠳᠡᠬᠦ ᠡᠷᠴᠢᠮ ᠬᠦᠴᠦ᠂ ᠲᠡᠮᠦᠷ ᠵᠠᠮ ᠢ ᠬᠥᠭᠵᠢᠭᠦᠯᠵᠦ᠂ ᠳᠡᠳ᠋ ᠪᠦᠲᠦᠴᠡ ᠶᠢᠨ ᠬᠠᠩᠭᠠᠮᠵᠢ ᠶᠢ ᠰᠠᠶᠢᠵᠢᠷᠠᠭᠤᠯᠤᠨ᠎ᠠ᠃

ᠮᠥᠩᠭᠥ᠂ ᠵᠡᠭᠡᠯᠢ᠂ ᠰᠠᠩᠬᠦᠦ ᠶᠢᠨ ᠣᠨᠣᠪᠴᠢᠲᠠᠢ ᠪᠣᠳᠣᠯᠭ᠎ᠠ ᠶᠠᠪᠤᠭᠤᠯᠵᠤ᠂ ᠲᠠᠲᠠᠪᠤᠷᠢ ᠶᠢᠨ ᠲᠣᠭᠲᠠᠯᠴᠠᠭ᠎ᠠ ᠶᠢ ᠵᠣᠬᠢᠰᠲᠠᠢ᠂ ᠲᠣᠭᠲᠠᠪᠤᠷᠢᠲᠠᠢ ᠪᠠᠶᠢᠯᠭᠠᠵᠤ᠂ ᠪᠢᠽᠢᠨ᠋ᠧᠰ ᠦᠨ ᠲᠠᠭᠠᠯᠠᠮᠵᠢᠲᠠᠢ ᠣᠷᠴᠢᠨ ᠪᠦᠷᠢᠳᠦᠭᠦᠯᠵᠦ᠂ ᠵᠢᠵᠢᠭ ᠳᠤᠮᠳᠠ ᠦᠢᠯᠡᠳᠪᠦᠷᠢᠯᠡᠯ ᠢ ᠬᠥᠭᠵᠢᠭᠦᠯᠵᠦ᠂ ᠬᠣᠷᠰᠢᠶᠠᠯᠠᠯ ᠤᠨ ᠬᠥᠳᠡᠯᠭᠡᠭᠡᠨ ᠪᠣᠯᠤᠨ ᠲᠥᠷᠥ ᠬᠤᠪ ᠤᠨ ᠬᠡᠪᠰᠢᠯ ᠦᠨ ᠲᠦᠩᠰᠢᠯᠡᠯ ᠢ ᠲᠤᠤᠱᠲᠠᠢ ᠳᠡᠮᠵᠢᠨ᠎ᠡ᠃

ᠮᠣᠩᠭᠣᠯ ᠤᠯᠤᠰ ᠤᠨ ᠢᠷᠭᠡᠳ ᠲᠦ ᠭᠠᠵᠠᠷ ᠥᠮᠴᠢᠯᠡᠯ᠂ ᠠᠰᠢᠭᠯᠠᠯᠲᠠ ᠶᠢᠨ ᠦᠷ᠎ᠡ ᠥᠭᠭᠦᠭᠡᠴᠢ ᠶᠢ ᠬᠦᠷᠲᠡᠬᠦ ᠪᠣᠯᠤᠮᠵᠢ ᠶᠢ ᠥᠷᠭᠡᠳᠬᠡᠬᠦ ᠳᠦ ᠴᠢᠭᠯᠡᠭᠰᠡᠨ ᠡᠳ᠋ ᠍ ᠦᠨ ᠵᠠᠰᠠᠭ᠂ ᠡᠷᠬᠡ ᠵᠦᠢ ᠶᠢᠨ ᠵᠣᠬᠢᠴᠠᠭᠤᠯᠤᠯᠲᠠ ᠶᠢ ᠪᠣᠯᠪᠠᠰᠤᠷᠠᠩᠭᠤᠢ ᠪᠣᠯᠭᠠᠨ᠎ᠠ᠃

ᠡᠳ᠋ ᠍ ᠦᠨ ᠵᠠᠰᠠᠭ᠂ ᠬᠤᠳᠠᠯᠳᠤᠭᠠᠨ ᠤ ᠴᠢᠯᠦᠭᠡᠲᠦ ᠪᠥᠰᠡ ᠪᠠᠶᠢᠭᠤᠯᠬᠤ᠂ ᠡᠷᠬᠡ ᠵᠦᠢ ᠶᠢᠨ ᠪᠣᠯᠤᠨ ᠪᠤᠰᠤᠳ ᠲᠠᠭᠠᠲᠠᠢ ᠨᠥᠬᠥᠴᠡᠯ ᠪᠦᠷᠢᠳᠦᠭᠦᠯᠵᠦ᠂ ᠮᠣᠩᠭᠣᠯ ᠤᠯᠤᠰ ᠤᠨ ᠡᠷᠬᠡ ᠠᠰᠢᠭ ᠲᠤ ᠨᠡᠶᠢᠴᠡᠭᠰᠡᠨ ᠭᠠᠳᠠᠭᠠᠳᠤ ᠶᠢᠨ ᠬᠥᠷᠥᠩᠭᠡ ᠣᠷᠣᠭᠤᠯᠤᠯᠲᠠ ᠶᠢ ᠲᠤᠤᠱᠲᠠᠢ ᠳᠡᠮᠵᠢᠨ᠎ᠡ᠃

ᠠᠶᠠᠯᠠᠯ᠂ ᠵᠢᠭᠤᠯᠴᠢᠯᠠᠯ ᠢ ᠡᠳ᠋ ᠍ ᠦᠨ ᠵᠠᠰᠠᠭ ᠤᠨ ᠲᠡᠷᠢᠭᠦᠯᠡᠬᠦ ᠰᠠᠯᠪᠤᠷᠢ ᠪᠣᠯᠭᠠᠨ ᠬᠥᠭᠵᠢᠭᠦᠯᠬᠦ ᠠᠵᠢᠯ ᠢ ᠡᠷᠴᠢᠮᠵᠢᠭᠦᠯᠦᠨ᠎ᠡ᠃

ᠮᠡᠳᠡᠭᠡᠯᠡᠯ ᠦᠨ ᠣᠷᠴᠢᠨ ᠦᠶ᠎ᠡ ᠶᠢᠨ ᠲᠧᠭᠨᠣᠯᠣᠭᠢ ᠶᠢᠨ ᠣᠯᠤᠯᠲᠠ ᠶᠢ ᠪᠦᠬᠦ ᠰᠠᠯᠪᠤᠷᠢ ᠳᠤ ᠡᠷᠴᠢᠮᠲᠡᠢ ᠨᠡᠪᠲᠡᠷᠡᠭᠦᠯᠬᠦ ᠶᠢ ᠵᠣᠷᠢᠨ᠎ᠠ᠃


ГУРАВ. УЛСТӨР᠂ ЭРХ ЗҮЙН БОДЛОГО

ᠰᠢᠳᠤᠷᠭᠤ ᠶᠣᠰᠣ᠂ ᠡᠷᠬᠡ ᠲᠡᠭᠰᠢ ᠪᠠᠶᠢᠳᠠᠯ᠂ ᠬᠠᠤᠯᠢ ᠳᠡᠭᠡᠳᠦᠯᠡᠬᠦ ᠶᠣᠰᠣ ᠶᠢ ᠪᠡᠬᠢᠵᠢᠭᠦᠯᠬᠦ᠂ ᠮᠣᠩᠭᠣᠯ ᠤᠯᠤᠰ ᠤᠨ ᠦᠨᠳᠦᠰᠦᠨ ᠬᠠᠤᠯᠢ ᠪᠠᠷ ᠪᠠᠲᠤᠯᠠᠭᠠᠵᠢᠭ᠌ᠰᠠᠨ ᠲᠥᠷᠥ ᠶᠢᠨ ᠪᠠᠶᠢᠭᠤᠯᠤᠯ᠂ ᠫᠠᠷᠯᠠᠮᠧᠨᠲ ᠤᠨ ᠵᠠᠰᠠᠭᠯᠠᠯ ᠢ ᠲᠡᠭᠦᠯᠳᠡᠷᠵᠢᠭᠦᠯᠬᠦ᠂ ᠨᠡᠶᠢᠭᠡᠮ ᠳᠦ ᠢᠷᠭᠡᠳ ᠦᠨ ᠣᠷᠣᠯᠴᠠᠭ᠎ᠠ ᠶᠢ ᠨᠡᠮᠡᠭᠳᠡᠭᠦᠯᠬᠦ ᠳᠦ ᠤᠯᠤᠰ ᠲᠥᠷᠥ᠂ ᠡᠷᠬᠡ ᠵᠦᠢ ᠶᠢᠨ ᠪᠣᠳᠣᠯᠭ᠎ᠠ ᠴᠢᠭᠯᠡᠨ᠎ᠡ᠃


ᠬᠦᠮᠦᠨ ᠦ ᠡᠷᠬᠡ᠂ ᠡᠷᠬᠡ ᠴᠢᠯᠦᠭᠡ᠂ ᠬᠦᠢᠰ ᠦᠨ ᠲᠡᠭᠰᠢ ᠪᠠᠶᠢᠳᠠᠯ ᠢ ᠬᠠᠩᠭᠠᠬᠤ ᠪᠣᠳᠣᠯᠭ᠎ᠠ ᠪᠠᠨ ᠦᠷᠭᠦᠯᠵᠢᠯᠡᠭᠦᠯᠵᠦ᠂ ᠨᠡᠶᠢᠭᠡᠮ ᠳᠦ ᠰᠢᠳᠤᠷᠭᠤ ᠶᠣᠰᠣ ᠶᠢ ᠬᠡᠯᠪᠡᠷᠢᠯᠲᠡ ᠦᠭᠡᠢ ᠬᠡᠪᠰᠢᠭᠦᠯᠬᠦ ᠳᠦ ᠪᠦᠬᠦ ᠲᠠᠯ᠎ᠠ ᠶᠢᠨ ᠳᠡᠮᠵᠢᠯᠭᠡ ᠦᠵᠡᠭᠦᠯᠦᠨ᠎ᠡ᠃

ᠨᠡᠶᠢᠭᠡᠮ ᠤᠨ ᠠᠷᠠᠳᠴᠢᠯᠠᠯ ᠤᠨ ᠦᠨᠡᠲᠦ ᠵᠦᠢᠯᠡᠰ᠂ ᠦᠵᠡᠯ ᠰᠠᠨᠠᠭ᠎ᠠ ᠶᠢ ᠪᠠᠶᠠᠵᠢᠭᠤᠯᠠᠨ ᠳᠡᠯᠭᠡᠷᠡᠭᠦᠯᠬᠦ᠂ ᠣᠯᠠᠨ ᠨᠠᠮ ᠤᠨ ᠲᠣᠭᠲᠠᠯᠴᠠᠭ᠎ᠠ᠂ ᠪvᠬ ᠨᠡᠶᠢᠲᠡ ᠶᠢᠨ ᠰᠣᠩᠭᠣᠭᠤᠯᠢ᠂ ᠡᠷᠬᠡ ᠽvᠢᠲ ᠲᠥᠷᠥ ᠶᠢ ᠲᠥᠯᠦᠪᠰᠢᠭᠦᠯᠦᠨ ᠬᠥᠭᠵᠢᠭᠦᠯᠬᠦ᠂ ᠤᠯᠤᠰ ᠲᠥᠷᠥ ᠶᠢᠨ ᠪᠣᠯᠪᠠᠰᠤᠷᠠᠯ᠂ ᠰᠤᠶᠤᠯ ᠢ ᠣᠯᠠᠨ ᠲvᠮᠡᠨᠳᠦ ᠡᠵᠡᠮᠰᠢᠭᠦᠯᠬᠦ ᠳᠦ ᠠᠩᠬᠠᠷᠤᠨ᠎ᠠ᠃

ᠤᠯᠤᠰ ᠦᠨᠳᠦᠰᠦᠲᠡᠨ ᠦ ᠡᠪ ᠨᠢᠭᠡᠳᠦᠯ᠂ ᠲᠥᠷᠥ ᠶᠢᠨ ᠲᠣᠭᠲᠠᠪᠤᠷᠢᠲᠠᠢ ᠪᠠᠶᠢᠳᠠᠯ ᠢ ᠡᠷᠬᠢᠮᠯᠡᠵᠦ᠂ ᠲᠥᠷᠥ ᠶᠢᠨ ᠪᠣᠳᠣᠯᠭ᠎ᠠ ᠶᠢᠨ ᠵᠠᠯᠭᠠᠮᠵᠢ ᠴᠢᠨᠠᠷ᠂ ᠨᠢᠭᠡᠳᠦᠮᠡᠯ ᠪᠠᠶᠢᠳᠠᠯ ᠢ ᠪᠡᠬᠢᠵᠢᠭᠦᠯᠵᠦ᠂ ᠢᠷᠭᠡᠨ ᠦ ᠨᠡᠶᠢᠭᠡᠮ ᠤᠨ ᠪᠠᠶᠢᠭᠤᠯᠤᠯᠭ᠎ᠠ ᠨᠤᠭᠤᠳ᠂ ᠤᠯᠤᠰ ᠲᠥᠷᠥ ᠶᠢᠨ ᠪᠤᠰᠤᠳ ᠨᠠᠮ ᠤᠳ ᠲᠠᠢ ᠢᠳᠡᠪᠬᠢᠲᠡᠢ ᠬᠠᠮᠲᠤᠷᠠᠨ ᠠᠵᠢᠯᠯᠠᠨ᠎ᠠ᠃

ᠤᠯᠤᠰ ᠣᠷᠣᠨ ᠤ ᠬᠡᠮᠵᠢᠶᠡᠨ ᠦ ᠲᠣᠮᠣᠬᠠᠨ ᠠᠰᠠᠭᠤᠳᠠᠯ ᠢ ᠦᠨᠳᠦᠰᠦᠨ ᠦ ᠵᠥᠪᠰᠢᠯᠴᠡᠯ ᠦᠨ ᠵᠠᠷᠴᠢᠮ ᠢᠶᠠᠷ ᠰᠢᠢᠳᠬᠦ ᠶᠢ ᠡᠷᠬᠢᠮᠯᠡᠨ᠎ᠡ᠃

ᠮᠣᠩᠭᠣᠯ ᠤᠯᠤᠰ ᠤᠨ ᠣᠷᠣᠰᠢᠨ ᠲᠣᠭᠲᠠᠨᠢᠬᠤᠢ᠂ ᠡᠳ᠋ ᠍ ᠦᠨ ᠵᠠᠰᠠᠭ᠂ ᠮᠡᠳᠡᠭᠡᠯᠡᠯ᠂ ᠬᠦᠷᠢᠶᠡᠯᠡᠩ ᠪᠤᠢ ᠣᠷᠴᠢᠨ᠂ ᠬᠦᠮᠦᠨ ᠦ ᠪᠣᠯᠤᠨ ᠤᠯᠤᠰ ᠣᠷᠣᠨ ᠤ ᠳᠣᠲᠣᠭᠠᠳᠤ ᠠᠶᠤᠯ ᠦᠭᠡᠢ ᠪᠠᠶᠢᠳᠠᠯ ᠢ ᠬᠠᠷᠢᠯᠴᠠᠨ ᠤᠶᠠᠯᠳᠤᠭ᠎ᠠ ᠲᠠᠢ ᠬᠠᠩᠭᠠᠬᠤ ᠲᠥᠷᠥ ᠶᠢᠨ ᠪᠣᠳᠣᠯᠭ᠎ᠠ ᠶᠢ ᠴᠢᠩᠳᠠ ᠰᠠᠬᠢᠨ᠎ᠠ᠃

ᠲᠥᠷᠥ ᠶᠢᠨ ᠢᠯᠡ ᠲᠣᠳᠣ᠂ ᠲᠤᠩᠭᠠᠯᠠᠭ ᠪᠠᠶᠢᠳᠠᠯ ᠢ ᠬᠠᠩᠭᠠᠵᠤ᠂ ᠲᠥᠷᠥ ᠢᠷᠭᠡᠨ ᠳᠦ ᠪᠡᠨ ᠦᠢᠯᠡᠴᠢᠯᠡᠬᠦ ᠪᠠ ᠢᠷᠭᠡᠨ ᠲᠥᠷᠥ ᠪᠡᠨ ᠬᠦᠨᠳᠦᠳᠭᠡᠵᠦ᠂ ᠬᠠᠤᠯᠢ ᠶᠣᠰᠣ ᠶᠢ ᠴᠢᠩᠳᠠᠯᠠᠨ ᠰᠠᠬᠢᠬᠤ ᠵᠠᠷᠴᠢᠮ ᠢ ᠲᠤᠤᠱᠲᠠᠢ ᠬᠡᠪᠰᠢᠭᠦᠯᠦᠨ᠎ᠡ᠃

ᠲᠥᠷᠥ ᠶᠢᠨ ᠠᠯᠪᠠ ᠶᠢ ᠮᠡᠷᠭᠡᠰᠢᠭᠰᠡᠨ᠂ ᠴᠢᠳᠠᠪᠤᠷᠢᠯᠢᠭ ᠪᠠᠶᠢᠬᠤ᠂ ᠠᠯᠪᠠᠨ ᠬᠠᠭᠠᠭᠴᠢᠳ ᠤᠨ ᠠᠵᠢᠯ ᠤᠨᠨ ᠬᠠᠷᠢᠭᠤᠴᠠᠯᠭ᠎ᠠ᠂ ᠮᠡᠷᠭᠡᠰᠢᠯ ᠦᠨ ᠲᠥᠪᠰᠢᠨ ᠢ ᠳᠡᠭᠡᠭᠰᠢᠯᠡᠭᠦᠯᠦᠨ᠂ ᠨᠡᠶᠢᠭᠡᠮ ᠤᠨ ᠪᠠᠲᠤᠯᠠᠭ᠎ᠠ ᠶᠢ ᠨᠢ ᠰᠠᠶᠢᠵᠢᠷᠠᠭᠤᠯᠤᠨ ᠲᠣᠭᠲᠠᠪᠤᠷᠢᠲᠠᠢ ᠠᠵᠢᠯᠯᠠᠬᠤ ᠨᠥᠬᠥᠴᠡᠯ ᠢ ᠪᠦᠷᠢᠳᠦᠭᠦᠯᠦᠨ᠎ᠡ᠃

ᠰᠣᠩᠭᠣᠭᠤᠯᠢ ᠶᠢᠨ ᠡᠷᠬᠡ ᠵᠦᠢ ᠶᠢᠨ ᠵᠣᠬᠢᠴᠠᠭᠤᠯᠤᠯᠲᠠ ᠶᠢ ᠣᠨᠣᠪᠴᠢᠲᠠᠢ ᠪᠣᠯᠭᠠᠵᠤ᠂ ᠰᠣᠩᠭᠣᠭᠤᠯᠢ ᠶᠢ ᠰᠢᠳᠤᠷᠭᠤ᠂ ᠢᠯᠡ ᠲᠣᠳᠣ ᠶᠠᠪᠤᠭᠤᠯᠵᠤ ᠢᠷᠭᠡᠳ ᠦᠨ ᠰᠣᠩᠭᠣᠯᠲᠠ ᠶᠢ ᠬᠦᠨᠳᠦᠳᠭᠡᠬᠦ ᠤᠯᠤᠰ ᠲᠥᠷᠥ ᠶᠢᠨ ᠰᠤᠶᠤᠯ ᠢ ᠲᠥᠯᠦᠪᠰᠢᠭᠦᠯᠦᠨ᠎ᠡ᠃ .

ᠵᠠᠰᠠᠭ ᠵᠠᠬᠢᠷᠭ᠎ᠠ᠂ ᠨᠤᠲᠤᠭ ᠳᠡᠪᠢᠰᠬᠡᠷ ᠦᠨ ᠬᠤᠪᠢᠶᠠᠷᠢ ᠶᠢ ᠣᠨᠣᠪᠴᠢᠲᠠᠢ ᠪᠣᠯᠭᠠᠵᠤ᠂ ᠠᠯᠤᠰᠯᠠᠭᠳᠠᠭᠰᠠᠨ ᠪᠥᠰᠡ ᠨᠤᠲᠤᠭ ᠢ ᠡᠷᠴᠢᠮᠲᠡᠢ ᠬᠥᠭᠵᠢᠭᠦᠯᠬᠦ ᠵᠠᠷᠴᠢᠮ ᠳᠤᠨᠡᠶᠢᠴᠡᠭᠦᠯᠦᠨ ᠲᠥᠪᠯᠡᠷᠡᠯ ᠢ ᠰᠠᠭᠠᠷᠠᠭᠤᠯᠬᠤ ᠣᠷᠴᠢᠨ ᠢ ᠪᠦᠷᠢᠳᠦᠭᠦᠯᠵᠦ᠂ ᠣᠷᠣᠨ ᠨᠤᠲᠤᠭ ᠤᠨ ᠡᠷᠬᠡ ᠮᠡᠳᠡᠯ ᠢ ᠨᠡᠮᠡᠭᠳᠡᠭᠦᠯᠦᠨ᠎ᠡ᠃

ᠰᠢᠭᠦᠬᠦ ᠶᠢᠨ ᠪᠡᠶ᠎ᠡ ᠳᠠᠭᠠᠭᠰᠠᠨ᠂ ᠰᠢᠭᠦᠭᠴᠢ ᠶᠢᠨ ᠬᠠᠷᠠᠭᠠᠲᠤ ᠪᠤᠰᠤ ᠪᠠᠶᠢᠳᠠᠯ ᠢ ᠪᠡᠬᠢᠵᠢᠭᠦᠯᠵᠦ᠂ ᠰᠢᠭᠦᠬᠦ ᠶᠢᠨ ᠲᠣᠭᠲᠠᠯᠴᠠᠭ᠎ᠠ ᠶᠢ ᠣᠨᠣᠪᠴᠢᠲᠠᠢ ᠪᠣᠯᠭᠠᠨ ᠭᠡᠷᠡᠴᠢ᠂ ᠬᠣᠬᠢᠷᠠᠭᠴᠢ ᠶᠢᠨ ᠡᠷᠬᠡ ᠠᠰᠢᠭ ᠢ ᠡᠩ ᠲᠡᠷᠢᠭᠦᠨ ᠳᠦ ᠬᠠᠮᠠᠭᠠᠯᠠᠬᠤ ᠪᠣᠳᠣᠯᠭ᠎ᠠ ᠶᠢ ᠲᠤᠤᠱᠲᠠᠢ ᠪᠠᠷᠢᠮᠲᠠᠯᠠᠨ᠎ᠠ᠃

ᠭᠡᠮᠲᠦ ᠬᠡᠷᠡᠭ ᠲᠡᠢ ᠲᠡᠮᠡᠴᠡᠬᠦ᠂ ᠨᠡᠶᠢᠭᠡᠮ ᠤᠨ ᠬᠡᠪ ᠵᠢᠷᠤᠮ ᠢ ᠰᠠᠬᠢᠩ ᠬᠠᠮᠠᠭᠠᠯᠠᠬᠤ ᠳᠤ ᠲᠥᠷᠥ᠂ ᠣᠯᠠᠨ ᠨᠡᠶᠢᠲᠡ ᠶᠢᠨ ᠬᠠᠮᠲᠤ ᠶᠢᠨ ᠠᠵᠢᠯᠯᠠᠭ᠎ᠠ ᠶᠢ ᠢᠳᠡᠪᠬᠢᠵᠢᠭᠦᠯᠬᠦ ᠳᠦ ᠴᠢᠭᠯᠡᠭᠰᠡᠨ ᠪᠣᠳᠣᠯᠭ᠎ᠠ ᠶᠠᠪᠤᠭᠤᠯᠤᠨ᠎ᠠ᠃

ᠠᠪᠤᠯᠠ᠂ ᠬᠦᠨᠳᠦ ᠰᠤᠷᠲᠠᠯ ᠲᠠᠢ ᠲᠡᠮᠡᠴᠡᠵᠦ᠂ ᠰᠢᠳᠤᠷᠭᠤ ᠪᠤᠰᠤ ᠵᠦᠢᠯ ᠢ ᠦᠯᠦ ᠲᠡᠪᠴᠢᠬᠦ ᠨᠡᠶᠢᠭᠡᠮ ᠤᠨ ᠣᠷᠴᠢᠨ ᠢ ᠪᠤᠢ ᠪᠣᠯᠭᠠᠬᠤ ᠵᠣᠷᠢᠯᠲᠠ ᠶᠢ ᠲᠡᠷᠢᠭᠦᠨ ᠵᠡᠷᠭᠡ ᠳᠦ ᠲᠠᠯᠪᠢᠵᠤ᠂ ᠤᠷᠢᠳᠴᠢᠯᠠᠨ ᠰᠡᠷᠭᠡᠶᠢᠯᠡᠬᠦ᠂ ᠰᠣᠶᠣᠨ ᠭᠡᠭᠡᠷᠡᠭᠦᠯᠬᠦ᠂ ᠢᠷᠭᠡᠳ ᠦᠨ ᠣᠷᠣᠯᠴᠠᠭ᠎ᠠ ᠶᠢ ᠨᠡᠮᠡᠭᠳᠡᠭᠦᠯᠬᠦ ᠳᠦ ᠠᠩᠬᠠᠷᠤᠨ᠎ᠠ᠃ ᠬᠡᠪᠯᠡᠯ᠂ ᠮᠡᠳᠡᠭᠡᠯᠡᠯ ᠦᠨ ᠶᠣᠰᠣ ᠵᠦᠢ ᠲᠡᠢ᠂ ᠬᠠᠷᠢᠭᠤᠴᠠᠯᠭ᠎ᠠ ᠲᠠᠢ᠂ ᠴᠢᠯᠦᠭᠡᠲᠦ ᠪᠠᠶᠢᠳᠠᠯ ᠢ ᠬᠠᠩᠭᠠᠨ᠎ᠠ᠃

ᠮᠣᠩᠭᠣᠯ ᠠᠷᠠᠳ ᠤᠨ ᠨᠠᠮ ᠤᠨ ᠭᠠᠳᠠᠭᠠᠳᠤ ᠪᠣᠳᠣᠯᠭ᠎ᠠ ᠨᠢ ᠮᠣᠩᠭᠣᠯ ᠤᠯᠤᠰ ᠤᠨ ᠦᠨᠳᠦᠰᠦᠨ ᠦ ᠠᠶᠤᠯ ᠦᠭᠡᠢ ᠪᠠᠶᠢᠳᠠᠯ᠂ ᠡᠷᠬᠡ ᠠᠰᠢᠭ ᠢ ᠤᠯᠤᠰ ᠲᠥᠷᠥ᠂ ᠳ᠋ᠢᠫᠯᠣᠮᠠᠲ ᠤᠨ ᠠᠷᠭ᠎ᠠ ᠪᠠᠷ ᠬᠠᠩᠭᠠᠬᠤ ᠳᠤ ᠴᠢᠭᠯᠡᠨ᠎ᠡ᠃

ᠮᠣᠩᠭᠣᠯ ᠤᠯᠤᠰ ᠤᠨ ᠡᠩᠬᠡ ᠶᠢ ᠡᠷᠬᠢᠮᠯᠡᠭᠰᠡᠨ᠂ ᠨᠡᠭᠡᠭᠡᠯᠲᠡ ᠲᠡᠢ᠂ ᠪᠡᠶ᠎ᠡ ᠳᠠᠭᠠᠭᠰᠠᠨ᠂ ᠣᠯᠠᠨ ᠲᠤᠯᠭᠠᠭᠤᠷᠢᠲᠤ ᠭᠠᠳᠠᠭᠠᠳᠤ ᠪᠣᠳᠣᠯᠭ᠎ᠠ ᠶᠢᠨ ᠨᠢᠭᠡᠳᠦᠮᠡᠯ᠂ ᠵᠠᠯᠭᠠᠮᠵᠢ ᠴᠢᠨᠠᠷ ᠢ ᠬᠠᠩᠭᠠᠬᠤ ᠶᠢᠨ ᠲᠥᠯᠥᠭᠡ ᠠᠵᠢᠯᠯᠠᠨ᠎ᠠ᠃

ᠬᠥᠷᠰᠢ ᠬᠣᠶᠠᠷ ᠣᠷᠣᠨ ᠲᠠᠢ ᠪᠠᠨ ᠤᠯᠠᠮᠵᠢᠯᠠᠯᠲᠤ ᠨᠠᠶᠢᠷᠰᠠᠭ᠂ ᠡᠪ ᠲᠡᠭᠰᠢ ᠬᠠᠷᠢᠯᠴᠠᠭ᠎ᠠ ᠪᠠᠨ ᠥᠷᠭᠡᠳᠬᠡᠬᠦ ᠶᠢᠨ ᠵᠡᠷᠭᠡᠴᠡᠭᠡ 《ᠭᠤᠷᠪᠠᠳᠠᠭᠴᠢ ᠬᠥᠷᠰᠢ ᠶᠢᠨ》 ᠪᠣᠳᠣᠯᠭ᠎ᠠ ᠶᠢᠨ ᠬᠦᠷᠢᠶᠡᠨ ᠳᠦ ᠪᠤᠰᠤᠳ ᠤᠯᠤᠰ ᠲᠠᠢ ᠬᠠᠮᠲᠤ ᠶᠢᠨ ᠠᠵᠢᠯᠯᠠᠭ᠎ᠠ ᠶᠢ ᠪᠠᠨ ᠬᠥᠭᠵᠢᠭᠦᠯᠦᠨ᠎ᠡ᠃

ᠭᠠᠳᠠᠭᠠᠳᠤ ᠬᠠᠷᠢᠯᠴᠠᠭᠠᠨ ᠤ ᠡᠳ᠋ ᠍ ᠦᠨ ᠵᠠᠰᠠᠭ ᠤᠨ ᠠᠭᠤᠯᠭ᠎ᠠ᠂ ᠦᠷ᠎ᠡ ᠥᠭᠭᠦᠭᠡᠴᠢ ᠶᠢ ᠨᠡᠮᠡᠭᠳᠡᠭᠦᠯᠵᠦ᠂ ᠳᠠᠶᠠᠭᠠᠷᠰᠢᠯ᠂ ᠪᠥᠰᠡ ᠨᠤᠲᠤᠭ ᠤᠨ ᠢᠨᠲ᠋ᠧᠭᠷᠴᠴᠢᠯᠠᠯ ᠤᠨ ᠳᠠᠪᠠᠭᠤ ᠲᠠᠯ᠎ᠠ ᠶᠢ ᠣᠨᠣᠪᠴᠢᠲᠠᠢ ᠠᠰᠢᠭᠯᠠᠨ᠎ᠠ᠃

ᠵᠡᠪᠰᠡᠭᠲᠦ ᠬᠦᠴᠦᠨ ᠦ ᠵᠣᠬᠢᠶᠠᠨ ᠪᠠᠶᠢᠭᠤᠯᠤᠯᠲᠠ ᠶᠢ ᠪᠣᠯᠪᠠᠰᠤᠷᠠᠩᠭᠤᠢ ᠪᠣᠯᠭᠠᠨ᠂ ᠮᠡᠷᠭᠡᠵᠢᠯ ᠦᠨ ᠪᠦᠷᠢᠯᠳᠦᠬᠦᠨ ᠵᠣᠩᠬᠢᠯᠠᠭᠰᠠᠨ ᠴᠢᠳᠠᠪᠤᠷᠢᠯᠢᠭ᠂ ᠢᠷᠭᠡᠨᠯᠢᠭ ᠪᠣᠯᠭᠠᠨ ᠰᠢᠨᠡᠳᠭᠡᠬᠦ ᠪᠣᠳᠣᠯᠭ᠎ᠠ ᠶᠢ ᠬᠡᠷᠡᠭᠵᠢᠭᠦᠯᠦᠨ᠎ᠡ᠃

ᠮᠣᠩᠭᠣᠯ ᠠᠷᠠᠳ ᠤᠨ ᠨᠠᠮ ᠨᠠᠶᠢᠷᠰᠠᠭ ᠬᠠᠷᠢᠯᠴᠠᠭ᠎ᠠ ᠲᠠᠢ ᠭᠠᠳᠠᠭᠠᠳᠤ ᠣᠷᠣᠨ ᠤ ᠤᠯᠤᠰ ᠲᠥᠷᠥ ᠶᠢᠨ ᠨᠠᠮ ᠤᠳ ᠲᠠᠢ ᠬᠠᠷᠢᠯᠴᠠᠭ᠎ᠠ ᠪᠠᠨ ᠬᠥᠭᠵᠢᠭᠦᠯᠵᠦ᠂ ᠰᠣᠴᠢᠶᠠᠯᠢᠰᠲᠤ ᠢᠨᠲ᠋ᠧᠷᠨᠠᠼᠢᠤᠨᠠᠯ᠂ ᠲᠡᠭᠦᠨ ᠦ ᠰᠠᠯᠪᠤᠷᠢ ᠪᠠᠶᠢᠭᠤᠯᠤᠯᠭ᠎ᠠ ᠨᠤᠭᠤᠳ ᠲᠠᠢ ᠢᠳᠡᠪᠬᠢᠲᠡᠢ ᠬᠠᠮᠲᠤᠷᠠᠨ ᠠᠵᠢᠯᠯᠠᠨ᠎ᠠ᠃

* * * 


ᠮᠣᠩᠭᠣᠯ ᠠᠷᠠᠳ ᠤᠨ ᠨᠠᠮ ᠲᠡᠦᠬᠡᠨ ᠤᠯᠠᠮᠵᠢᠯᠠᠯ᠂ ᠦᠨᠡᠲᠦ ᠵᠦᠢᠯᠡᠰ ᠲᠦ ᠪᠡᠨ ᠦᠨᠡᠨᠴᠢ ᠪᠠᠶᠢᠵᠤ ᠰᠡᠳᠬᠢᠯᠭᠡ᠂ ᠦᠵᠡᠯ ᠪᠠᠷᠢᠮᠲᠠᠯᠠᠯ᠂ ᠪᠦᠲᠦᠴᠡ᠂ ᠵᠣᠬᠢᠶᠠᠨ ᠪᠠᠶᠢᠭᠤᠯᠤᠯᠲᠠ᠂ ᠦᠢᠯᠡ ᠠᠵᠢᠯᠯᠠᠭ᠎ᠠ᠂ ᠠᠷᠭ᠎ᠠ ᠪᠠᠷᠢᠯ ᠢᠶᠠᠨ ᠴᠠᠭ ᠦᠶᠡᠲᠡᠢ ᠪᠡᠨ ᠨᠡᠶᠢᠴᠡᠭᠦᠯᠦᠨ ᠪᠠᠶᠢᠩᠭᠤ ᠲᠣᠳᠣᠳᠬᠠᠨ ᠰᠢᠨᠡᠴᠢᠯᠡᠵᠦ᠂ ᠣᠯᠠᠨ ᠤ ᠬᠦᠷᠲᠡᠭᠡᠯ ᠪᠣᠯᠭᠠᠨ ᠠᠵᠢᠯᠯᠠᠨ᠎ᠠ᠃

ᠬᠢᠴᠢᠶᠡᠨ ᠡᠷᠡᠮᠡᠯᠵᠡᠬᠦ ᠵᠦᠢᠯ ᠢ ᠬᠡᠷᠡᠭᠵᠢᠭᠦᠯᠬᠦ ᠲᠡᠢ ᠬᠣᠯᠪᠣᠭᠳᠠᠭᠰᠠᠨ ᠲᠣᠳᠣᠷᠬᠠᠢ ᠪᠣᠳᠣᠯᠭ᠎ᠠ ᠵᠣᠷᠢᠯᠲᠠ ᠶᠢ ᠰᠣᠩᠭᠣᠭᠤᠯᠢ ᠶᠢᠨ ᠮᠥᠷ ᠦᠨ ᠬᠥᠲᠥᠯᠪᠦᠷᠢ ᠪᠣᠯᠤᠨ ᠪᠤᠰᠤᠳ ᠪᠠᠷᠢᠮᠲᠠ ᠪᠢᠴᠢᠭᠲᠦ ᠪᠡᠨ ᠲᠤᠬᠠᠢ ᠪᠦᠷ ᠲᠤᠰᠬᠠᠨ᠎ᠠ᠃ ᠡᠨᠡᠬᠦ ᠬᠢᠴᠢᠶᠡᠨ ᠡᠷᠡᠮᠡᠯᠵᠡᠬᠦ ᠵᠦᠢᠯ ᠳᠦ ᠨᠡᠮᠡᠯᠲᠡ᠂ ᠥᠭᠡᠷᠡᠴᠢᠯᠡᠯᠲᠡ ᠤᠷᠤᠭᠤᠯᠬᠤ ᠡᠷᠬᠡ ᠭᠠᠭᠴᠠᠬᠦ ᠨᠠᠮ ᠤᠨ ᠶᠡᠬᠡ ᠬᠤᠷᠠᠯ ᠳᠤ ᠬᠠᠳᠠᠭᠠᠯᠠᠭᠳᠠᠨ᠎ᠠ᠃

ᠮᠣᠩᠭᠣᠯ ᠠᠷᠠᠳ ᠤᠨ ᠨᠠᠮ ᠪᠦᠬᠦ ᠱᠠᠲᠤᠨ ᠤ ᠰᠣᠩᠭᠣᠭᠤᠯᠢ ᠳᠤ ᠰᠢᠳᠤᠷᠭᠤ ᠪᠠᠷ ᠥᠷᠢᠰᠦᠯᠳᠦᠨ ᠠᠷᠠᠳ ᠢᠷᠭᠡᠳ ᠦᠨ ᠢᠶᠡᠨ ᠢᠲᠡᠭᠡᠯ᠂ ᠳᠡᠮᠵᠢᠯᠭᠡ ᠶᠢ ᠬᠦᠯᠢᠶᠡᠵᠦ᠂ ᠬᠦᠰᠡᠯ ᠵᠣᠷᠢᠭ᠂ ᠡᠷᠬᠡ ᠠᠰᠢᠭ ᠢ ᠨᠢ ᠢᠯᠡᠷᠬᠡᠶᠢᠯᠡᠨ ᠬᠠᠮᠠᠭᠠᠯᠠᠬᠤ ᠲᠥᠷᠥ ᠶᠢᠨ ᠡᠷᠬᠡ ᠪᠠᠷᠢᠭᠴᠢ ᠬᠦᠴᠦᠨ ᠪᠠᠶᠢᠬᠤ ᠶᠢ ᠡᠷᠡᠮᠡᠯᠵᠡᠨ᠎ᠡ᠃

ᠬᠠᠷᠢᠯᠴᠠᠭ᠎ᠠ[ᠵᠠᠰᠠᠪᠤᠷᠢᠯᠠᠬᠤ | ᠺᠣᠳ᠋ ᠢᠶᠠᠷ ᠵᠠᠰᠠᠬᠣ]

ᠮᠣᠩᠭᠣᠯ ᠤᠯᠤᠰ ᠤᠨ ᠵᠠᠰᠠᠭ ᠵᠠᠬᠢᠷᠭᠠᠨ ᠤ ᠪᠦᠬᠦ ᠨᠢᠭᠡᠴᠡ ᠳᠦ МАН ᠍ ᠤᠨ ᠠᠩᠬᠠᠨ ᠱᠠᠲᠤᠨ ᠤ ᠪᠠᠶᠢᠭᠤᠯᠤᠯᠭ᠎ᠠ ᠨᠤᠭᠤᠳ ᠪᠠᠶᠢᠷᠢᠰᠢᠨ ᠠᠵᠢᠯᠯᠠᠳᠠᠭ ᠪᠠ ᠨᠡᠶᠢᠲᠡ ᠳᠦ ᠪᠡᠨ 121 ᠮᠢᠩᠭ᠎ᠠ ᠣᠷᠴᠢᠮ ᠭᠡᠰᠢᠭᠦᠨ ᠲᠡᠢ᠃ МАН ᠍ ᠤᠨ ᠳᠡᠷᠭᠡᠳᠡ ᠨᠡᠶᠢᠭᠡᠮ ᠤᠨ ᠠᠷᠠᠳᠴᠢᠯᠠᠯ᠂ ᠮᠣᠩᠭᠣᠯ ᠤᠨ ᠵᠠᠯᠠᠭᠤᠴᠤᠳ ᠤᠨ ᠬᠣᠯᠪᠣᠭ᠎ᠠᠨᠡᠶᠢᠭᠡᠮ ᠤᠨ ᠠᠷᠠᠳᠴᠢᠯᠠᠯ᠂ ᠮᠣᠩᠭᠣᠯ ᠤᠨ ᠡᠮᠡᠭᠲᠡᠶᠢᠴᠦᠳ ᠦᠨ ᠬᠣᠯᠪᠣᠭ᠎ᠠᠮᠣᠩᠭᠣᠯ ᠤᠨ ᠠᠷᠠᠳᠴᠢᠯᠠᠭᠰᠠᠨ ᠰᠣᠴᠢᠶᠠᠯᠢᠰᠲᠤ ᠣᠢᠶᠠᠭᠤᠲᠠᠨ ᠤ ᠬᠣᠯᠪᠣᠭ᠎ᠠ᠂ МАН ᠍ ᠢ ᠳᠡᠮᠵᠢᠭᠴᠢ ᠠᠬᠠᠮᠠᠳ ᠤᠨ ᠬᠣᠯᠪᠣᠭ᠎ᠠ ᠵᠡᠷᠭᠡ ᠣᠯᠠᠨ ᠨᠡᠶᠢᠲᠡ ᠶᠢᠨ ᠪᠠᠶᠢᠭᠤᠯᠤᠯᠭ᠎ᠠ ᠠᠵᠢᠯᠯᠠᠵᠤ ᠪᠠᠶᠢᠨ᠎ᠠ᠃

МАН ᠨᠢ ᠤᠯᠠᠮᠵᠢᠯᠠᠯᠲᠤ ᠬᠠᠷᠢᠯᠴᠠᠭ᠎ᠠ ᠲᠠᠢ ᠣᠷᠣᠰ ᠬᠣᠯᠪᠣᠭᠠᠨ ᠤ ᠤᠯᠤᠰᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠍ ᠤᠨ ᠡᠷᠬᠡ ᠪᠠᠷᠢᠭᠴᠢ ᠪᠣᠯᠤᠨ ᠵᠡᠭᠦᠨ ᠦ ᠴᠢᠭᠯᠡᠯ ᠦᠨ ᠨᠠᠮ ᠤᠳ ᠲᠠᠢ ᠬᠠᠷᠢᠯᠴᠠᠭ᠎ᠠ ᠪᠠᠨ ᠬᠥᠭᠵᠢᠭᠦᠯᠵᠦ ᠪᠠᠶᠢᠨ᠎ᠠ᠃ ᠲᠡᠭᠦᠨᠴᠢᠯᠡᠨ ᠠᠮᠧᠷᠢᠺᠠ ᠶᠢᠨ ᠨᠢᠭᠡᠳᠦᠭᠰᠡᠨ ᠤᠯᠤᠰᠶᠠᠫᠣᠨХБНГУᠠᠩᠭᠯᠢᠹᠷᠠᠨᠼᠢБНСУᠡᠨᠡᠳᠬᠡᠭᠸᠢᠶᠧᠲ᠋ᠨᠠᠮᠯᠠᠤᠤ ᠵᠡᠷᠭᠡ ᠣᠷᠣᠨ ᠤ ᠤᠯᠤᠰ ᠲᠥᠷᠥ ᠶᠢᠨ ᠣᠯᠠᠨ ᠨᠠᠮ ᠤᠳ ᠲᠠᠢ ᠬᠠᠮᠲᠤ ᠶᠢᠨ ᠠᠵᠢᠯᠯᠠᠭ᠎ᠠ ᠲᠠᠢ ᠪᠥᠭᠡᠳ ᠰᠡᠭᠦᠯ ᠦᠨ ᠵᠢᠯ ᠤᠨᠳ ᠲᠤ ᠠᠮᠧᠷᠢᠺᠠ ᠶᠢᠨ ᠨᠢᠭᠡᠳᠦᠭᠰᠡᠨ ᠤᠯᠤᠰ ᠤᠨ ᠪᠦᠭᠦᠳᠡ ᠨᠠᠶᠢᠷᠠᠮᠳᠠᠬᠠᠴᠤᠳ ᠤᠨ ᠣᠯᠠᠨ ᠤᠯᠤᠰ ᠤᠨ ᠬᠦᠷᠢᠶᠡᠯᠡᠩ᠂ ХБНГУ ᠍ ᠤᠨ ᠰᠣᠴᠢᠶᠠᠯ ᠳᠧᠮᠣᠺᠷᠠᠲ ᠨᠠᠮ ᠤᠨ ᠳᠡᠷᠭᠡᠳᠡᠬᠢ ᠡᠪᠧᠷᠲ ᠤᠨ ᠰᠠᠨ᠂ ᠠᠷᠬᠢᠸ ᠵᠡᠷᠭᠡ ᠣᠯᠠᠨ ᠤᠯᠤᠰ ᠤᠨ ᠪᠠᠶᠢᠭᠤᠯᠤᠯᠭ᠎ᠠ ᠲᠠᠢ ᠬᠠᠮᠲᠤᠷᠠᠨ ᠠᠵᠢᠯᠯᠠᠵᠤ ᠪᠠᠶᠢᠨ᠎ᠠ᠃

ᠨᠠᠮ ᠤᠨ ᠳᠠᠷᠤᠭ᠎ᠠ ᠨᠠᠷ[ᠵᠠᠰᠠᠪᠤᠷᠢᠯᠠᠬᠤ | ᠺᠣᠳ᠋ ᠢᠶᠠᠷ ᠵᠠᠰᠠᠬᠣ]

ᠳ᠃ᠳ᠃ ᠨᠡᠷ᠎ᠡ ᠰᠣᠩᠭᠣᠭᠳᠠᠭᠰᠠᠨ ᠣᠩᠨᠠᠭ᠎ᠠ ᠣᠭᠴᠠᠷᠠᠭᠰᠠᠨ ᠣᠩᠨᠠᠭ᠎ᠠ ᠲᠠᠶᠢᠯᠪᠤᠷᠢ
1 ᠰᠣᠯᠢᠢᠨ ᠳᠠᠨᠽᠠᠨ 1921 ᠣᠨ ᠤ 3 ᠰᠠᠷ᠎ᠠ ᠶᠢᠨ 3 1921 ᠣᠨ ᠤ 9 ᠰᠠᠷ᠎ᠠ ᠶᠢᠨ 26
ᠳᠣᠭᠰᠣᠮ ᠤᠨ ᠪᠣᠳᠣ[1] 1921 ᠣᠨ ᠤ 9 ᠰᠠᠷ᠎ᠠ ᠶᠢᠨ 27 1921 ᠣᠨ ᠤ 11 ᠰᠠᠷ᠎ᠠ ᠶᠢᠨ 22
2 ᠰᠡᠷᠡᠩ-ᠣᠴᠢᠷ ᠤᠨ ᠳᠠᠮᠪᠠᠳᠣᠷᠵᠢ 1921 ᠣᠨ ᠤ 11 ᠰᠠᠷ᠎ᠠ ᠶᠢᠨ 22 1923 ᠣᠨ ᠤ 1 ᠰᠠᠷ᠎ᠠ ᠶᠢᠨ 12 ᠨᠠᠷᠢᠨ ᠪᠢᠴᠢᠭ ᠦᠨ ᠳᠠᠷᠤᠭ᠎ᠠ (1922 ᠣᠨ ᠤ 3 ᠰᠠᠷ᠎ᠠ ᠶᠢᠨ 7 ᠬᠦᠷᠲᠡᠯ᠎ᠡ ᠡᠭᠦᠷᠭᠡ ᠭᠦᠢᠴᠡᠳᠬᠡᠭᠴᠢ)
3 ᠠᠵᠢᠪᠠᠭ ᠤᠨ ᠳᠠᠨᠽᠠᠨ 1923 ᠣᠨ ᠤ 1 ᠰᠠᠷ᠎ᠠ ᠶᠢᠨ 12 1924 ᠣᠨ ᠤ 8 ᠰᠠᠷ᠎ᠠ ᠶᠢᠨ 31 "ᠶᠠᠫᠣᠨ" ᠳᠠᠨᠽᠠᠨ
4 ᠰᠡᠷᠡᠩ-ᠣᠴᠢᠷ ᠤᠨ ᠳᠠᠮᠪᠠᠳᠣᠷᠵᠢ 1924 ᠣᠨ ᠤ 8 ᠰᠠᠷ᠎ᠠ ᠶᠢᠨ 31 1928 ᠣᠨ ᠤ 10 ᠰᠠᠷ᠎ᠠ
5 ᠥᠯᠵᠡᠢ ᠶᠢᠨ ᠪᠠᠳᠠᠷᠠᠬᠤ 1928 ᠣᠨ ᠤ 11 ᠰᠠᠷ᠎ᠠ ᠶᠢᠨ 12 1932 ᠣᠨ ᠤ 1 ᠰᠠᠷ᠎ᠠ ᠶᠢᠨ 30 ᠠᠳᠠᠯᠢ ᠡᠷᠬᠡ ᠲᠡᠢ 3 ᠨᠠᠷᠢᠨ ᠪᠢᠴᠢᠭ ᠦᠨ ᠳᠠᠷᠤᠭ᠎ᠠ ᠶᠢᠨ ᠨᠢᠭᠡ
6 ᠪᠠᠲᠤ-ᠣᠴᠢᠷ ᠤᠨ ᠡᠯᠳᠡᠪ-ᠣᠴᠢᠷ 1928 ᠣᠨ ᠤ 11 ᠰᠠᠷ᠎ᠠ ᠶᠢᠨ 12 1930 ᠣᠨ ᠤ 3 ᠰᠠᠷ᠎ᠠ ᠶᠢᠨ 13 ᠠᠳᠠᠯᠢ ᠡᠷᠬᠡ ᠲᠡᠢ 3 ᠨᠠᠷᠢᠨ ᠪᠢᠴᠢᠭ ᠦᠨ ᠳᠠᠷᠤᠭ᠎ᠠ ᠶᠢᠨ ᠨᠢᠭᠡ
7 ᠫᠧᠯᠵᠢᠳ ᠦᠨ ᠭᠡᠨᠳᠡᠩ 1928 ᠣᠨ ᠤ 11 ᠰᠠᠷ᠎ᠠ ᠶᠢᠨ 12 1932 ᠣᠨ ᠤ 6 ᠰᠠᠷ᠎ᠠ ᠶᠢᠨ 30 ᠠᠳᠠᠯᠢ ᠡᠷᠬᠡ ᠲᠡᠢ 3 ᠨᠠᠷᠢᠨ ᠪᠢᠴᠢᠭ ᠦᠨ ᠳᠠᠷᠤᠭ᠎ᠠ ᠶᠢᠨ ᠨᠢᠭᠡ
8 ᠵᠣᠯᠪᠢᠩ ᠤᠨ ᠰᠢᠵᠢ ᠪᠡᠨ 1930 ᠣᠨ ᠤ 3 ᠰᠠᠷ᠎ᠠ ᠶᠢᠨ 13 1932 ᠣᠨ ᠤ 6 ᠰᠠᠷ᠎ᠠ ᠶᠢᠨ 30 ᠠᠳᠠᠯᠢ ᠡᠷᠬᠡ ᠲᠡᠢ 3 ᠨᠠᠷᠢᠨ ᠪᠢᠴᠢᠭ ᠦᠨ ᠳᠠᠷᠤᠭ᠎ᠠ ᠶᠢᠨ ᠨᠢᠭᠡ
9 ᠪᠠᠲᠤ-ᠣᠴᠢᠷ ᠤᠨ ᠡᠯᠳᠡᠪ-ᠣᠴᠢᠷ 1932 ᠣᠨ ᠤ 6 ᠰᠠᠷ᠎ᠠ ᠶᠢᠨ 30 1937 ᠠᠳᠠᠯᠢ ᠡᠷᠬᠡ ᠲᠡᠢ 3 ᠨᠠᠷᠢᠨ ᠪᠢᠴᠢᠭ ᠦᠨ ᠳᠠᠷᠤᠭ᠎ᠠ ᠶᠢᠨ ᠨᠢᠭᠡ
10 ᠵᠠᠩᠪᠠ ᠶᠢᠨ ᠯᠦᠮᠪᠦ 1932 ᠣᠨ ᠤ 6 ᠰᠠᠷ᠎ᠠ ᠶᠢᠨ 30 1933 ᠠᠳᠠᠯᠢ ᠡᠷᠬᠡ ᠲᠡᠢ 3 ᠨᠠᠷᠢᠨ ᠪᠢᠴᠢᠭ ᠦᠨ ᠳᠠᠷᠤᠭ᠎ᠠ ᠶᠢᠨ ᠨᠢᠭᠡ
11 ᠳᠣᠷᠵᠢᠵᠠᠪ ᠤᠨ ᠯᠤᠪᠰᠠᠩᠰᠢᠷᠠᠪ 1932 ᠣᠨ ᠤ 6 ᠰᠠᠷ᠎ᠠ ᠶᠢᠨ 30 1937 ᠠᠳᠠᠯᠢ ᠡᠷᠬᠡ ᠲᠡᠢ 3 ᠨᠠᠷᠢᠨ ᠪᠢᠴᠢᠭ ᠦᠨ ᠳᠠᠷᠤᠭ᠎ᠠ ᠶᠢᠨ ᠨᠢᠭᠡ
12 ᠬᠠᠰ-ᠣᠴᠢᠷ ᠤᠨ ᠯᠤᠪᠰᠠᠩᠳᠣᠷᠵᠢ 1934 ᠣᠨ ᠤ 10 ᠰᠠᠷ᠎ᠠ ᠶᠢᠨ 5 1936 ᠣᠨ ᠤ 8 ᠰᠠᠷ᠎ᠠ ᠶᠢᠨ 15 ᠠᠳᠠᠯᠢ ᠡᠷᠬᠡ ᠲᠡᠢ 3 ᠨᠠᠷᠢᠨ ᠪᠢᠴᠢᠭ ᠦᠨ ᠳᠠᠷᠤᠭ᠎ᠠ ᠶᠢᠨ ᠨᠢᠭᠡ
13 ᠪᠠᠩᠵᠠᠷᠵᠠᠪ ᠤᠨ ᠪᠠᠰᠠᠩᠵᠠᠪ 1936 ᠣᠨ ᠤ 10 ᠰᠠᠷ᠎ᠠ ᠶᠢᠨ 7 1940 ᠣᠨ ᠤ 2 ᠰᠠᠷ᠎ᠠ ᠶᠢᠨ 22 ᠠᠳᠠᠯᠢ ᠡᠷᠬᠡ ᠲᠡᠢ 3 ᠨᠠᠷᠢᠨ ᠪᠢᠴᠢᠭ ᠦᠨ ᠳᠠᠷᠤᠭ᠎ᠠ ᠶᠢᠨ ᠨᠢᠭᠡ
14 ᠳᠠᠰᠢ ᠶᠢᠨ ᠳᠠᠮᠪᠠ 1932 ᠣᠨ ᠤ 7 ᠰᠠᠷ᠎ᠠ ᠶᠢᠨ 4 1940 ᠣᠨ ᠤ 4 ᠰᠠᠷ᠎ᠠ ᠶᠢᠨ 8 ᠠᠳᠠᠯᠢ ᠡᠷᠬᠡ ᠲᠡᠢ 3 ᠨᠠᠷᠢᠨ ᠪᠢᠴᠢᠭ ᠦᠨ ᠳᠠᠷᠤᠭ᠎ᠠ ᠶᠢᠨ ᠨᠢᠭᠡ
15 ᠶᠠᠭᠤᠮᠠᠵᠢᠭ᠎ᠠ ᠶᠢᠨ ᠼᠡᠳᠡᠨᠪᠠᠯ 1940 ᠣᠨ ᠤ 4 ᠰᠠᠷ᠎ᠠ ᠶᠢᠨ 8 1954 ᠣᠨ ᠤ 4 ᠰᠠᠷ᠎ᠠ ᠶᠢᠨ 4 ᠶᠡᠷᠦᠩᠬᠡᠢ ᠨᠠᠷᠢᠨ ᠪᠢᠴᠢᠭ ᠦᠨ ᠳᠠᠷᠤᠭ᠎ᠠ
16 ᠳᠠᠰᠢ ᠶᠢᠨ ᠳᠠᠮᠪᠠ 1954 ᠣᠨ ᠤ 4 ᠰᠠᠷ᠎ᠠ ᠶᠢᠨ 4 1958 ᠣᠨ ᠤ 11 ᠰᠠᠷ᠎ᠠ ᠶᠢᠨ 22 1 ᠍ ᠳᠦᠭᠡᠷ ᠨᠠᠷᠢᠨ ᠪᠢᠴᠢᠭ ᠦᠨ ᠳᠠᠷᠤᠭ᠎ᠠ
17 ᠶᠠᠭᠤᠮᠠᠵᠢᠭ᠎ᠠ ᠶᠢᠨ ᠼᠡᠳᠡᠨᠪᠠᠯ 1958 ᠣᠨ ᠤ 11 ᠰᠠᠷ᠎ᠠ ᠶᠢᠨ 22 1984 ᠣᠨ ᠤ 8 ᠰᠠᠷ᠎ᠠ ᠶᠢᠨ 24 ᠶᠡᠷᠦᠩᠬᠡᠢ ᠨᠠᠷᠢᠨ ᠪᠢᠴᠢᠭ ᠦᠨ ᠳᠠᠷᠤᠭ᠎ᠠ (1981 ᠣᠨ ᠤ 5 ᠰᠠᠷ᠎ᠠ ᠶᠢᠨ 30 ᠬᠦᠷᠲᠡᠯ᠎ᠡ 1 ᠍ ᠳᠦᠭᠡᠷ ᠨᠠᠷᠢᠨ ᠪᠢᠴᠢᠭ ᠦᠨ ᠳᠠᠷᠤᠭ᠎ᠠ)
18 ᠵᠠᠮᠪᠠ ᠶᠢᠨ ᠪᠠᠲᠤᠮᠦ᠋ᠩᠬᠡ 1984 ᠣᠨ ᠤ 8 ᠰᠠᠷ᠎ᠠ ᠶᠢᠨ 24 1990 ᠣᠨ ᠤ 3 ᠰᠠᠷ᠎ᠠ ᠶᠢᠨ 14 ᠶᠡᠷᠦᠩᠬᠡᠢ ᠨᠠᠷᠢᠨ ᠪᠢᠴᠢᠭ ᠦᠨ ᠳᠠᠷᠤᠭ᠎ᠠ
19 ᠭᠣᠮᠪᠣᠵᠠᠪ ᠤᠨ ᠸᠴᠢᠷᠪᠠᠲᠤ 1990 ᠣᠨ ᠤ 3 ᠰᠠᠷ᠎ᠠ ᠶᠢᠨ 14 1991 ᠣᠨ ᠤ 2 ᠰᠠᠷ᠎ᠠ ᠶᠢᠨ 28 1990 ᠣᠨ ᠤ 4 ᠰᠠᠷ᠎ᠠ ᠬᠦᠷᠲᠡᠯ᠎ᠡ ᠶᠡᠷᠦᠩᠬᠡᠢ ᠨᠠᠷᠢᠨ ᠪᠢᠴᠢᠭ ᠦᠨ ᠳᠠᠷᠤᠭ᠎ᠠ
20 ᠪᠦᠳᠦᠷᠠᠭᠴᠠ ᠶᠢᠨ ᠳᠠᠰᠢ-ᠶᠣᠩᠳᠣᠩ 1991 ᠣᠨ ᠤ 2 ᠰᠠᠷ᠎ᠠ ᠶᠢᠨ 28 1996 ᠣᠨ ᠤ 10 ᠰᠠᠷ᠎ᠠ ᠶᠢᠨ 5
21 ᠨᠠᠮᠪᠠᠷ ᠤᠨ ᠡᠩᠬᠡᠪᠠᠶᠠᠷ 1996 ᠣᠨ ᠤ 10 ᠰᠠᠷ᠎ᠠ ᠶᠢᠨ 5 1997 ᠣᠨ ᠤ 2 ᠰᠠᠷ᠎ᠠ ᠶᠡᠷᠦᠩᠬᠡᠢ ᠨᠠᠷᠢᠨ ᠪᠢᠴᠢᠭ ᠦᠨ ᠳᠠᠷᠤᠭ᠎ᠠ
22 ᠨᠠᠴᠤᠭ ᠤᠨ ᠪᠠᠭᠠᠪᠠᠨᠳᠢ 1997 ᠣᠨ ᠤ 2 ᠰᠠᠷ᠎ᠠ 1997 ᠣᠨ ᠤ 6 ᠰᠠᠷ᠎ᠠ ᠶᠢᠨ 6
23 ᠨᠠᠮᠪᠠᠷ ᠤᠨ ᠡᠩᠬᠡᠪᠠᠶᠠᠷ 1997 ᠣᠨ ᠤ 6 ᠰᠠᠷ᠎ᠠ ᠶᠢᠨ 6 2005
24 ᠮᠡᠶ ᠡᠣᠮᠪᠣ ᠶᠢᠨ ᠡᠩᠬᠡᠪᠣᠯᠤᠳ 2005 2007 ᠣᠨ ᠤ 11 ᠰᠠᠷ᠎ᠠ
25 ᠰᠠᠩᠵᠠ ᠶᠢᠨ ᠪᠠᠶᠠᠷ 2007 ᠣᠨ ᠤ 11 ᠰᠠᠷᠠ 2010 ᠣᠨ ᠤ 4 ᠰᠠᠷ᠎ᠠ ᠶᠢᠨ 8
26 ᠰᠦᠬᠡᠪᠠᠭᠠᠲᠤᠷ ᠤᠨ ᠪᠠᠲᠤᠪᠠᠯ ᠳᠤ 2010 ᠣᠨ ᠤ 4 ᠰᠠᠷ᠎ᠠ ᠶᠢᠨ 8 2012 ᠣᠨ ᠤ 7 ᠰᠠᠷ᠎ᠠ ᠶᠢᠨ 25
27 ᠥᠯᠵᠡᠶᠢᠰᠠᠶᠢᠬᠠᠨ ᠤ ᠡᠩᠬᠡᠲᠦᠪᠰᠢᠨ 2012 ᠣᠨ ᠤ 7 ᠰᠠᠷ᠎ᠠ ᠶᠢᠨ 25 -2013
28 ᠮᠡᠶ ᠡᠣᠮᠪᠣ ᠶᠢᠨ ᠡᠩᠬᠡᠪᠣᠯᠤᠳ 2013 ᠣᠨ ᠤ 11 ᠍ ᠳᠦᠭᠡᠷ ᠰᠠᠷᠠ ᠣᠳᠣ ᠪᠠᠶᠢᠭ᠎ᠠ

^  - ᠡᠭᠦᠷᠭᠡ ᠭᠦᠢᠴᠡᠳᠬᠡᠭᠴᠢ

ᠮᠥᠨ ᠦᠵᠡᠬᠦ[ᠵᠠᠰᠠᠪᠤᠷᠢᠯᠠᠬᠤ | ᠺᠣᠳ᠋ ᠢᠶᠠᠷ ᠵᠠᠰᠠᠬᠣ]

ᠭᠠᠳᠠᠨ᠎ᠠ ᠶᠢᠨ ᠬᠣᠯᠪᠣᠭᠠᠰᠤ[ᠵᠠᠰᠠᠪᠤᠷᠢᠯᠠᠬᠤ | ᠺᠣᠳ᠋ ᠢᠶᠠᠷ ᠵᠠᠰᠠᠬᠣ]

ᠠᠯᠪᠠᠨ ᠶᠣᠰᠣᠨ ᠤ ᠰᠠᠶᠢᠲᠤ

ᠪᠢᠴᠢᠭᠡᠰᠦ