ᠮᠣᠩᠭᠣᠯ ᠤᠯᠤᠰ ᠤᠨ ᠰᠢᠨᠵᠢᠯᠡᠬᠦ ᠤᠬᠠᠭᠠᠨ ᠤ ᠠᠺᠠᠳᠧᠮᠢ

ᠴᠢᠯᠦᠭᠡᠲᠦ ᠨᠡᠪᠲᠡᠷᠬᠡᠢ ᠲᠣᠯᠢ — ᠸᠢᠺᠢᠫᠧᠳᠢᠶ᠎ᠠ ᠠᠴᠠ
ᠬᠠᠷᠠᠶᠢᠬᠤ: ᠤᠳᠤᠷᠢᠳᠬᠤ, ᠬᠠᠶᠢᠯᠲᠠ
ᠮᠣᠩᠭᠣᠯ ᠤᠯᠤᠰ ᠤᠨ ᠰᠢᠨᠵᠢᠯᠡᠬᠦ ᠤᠬᠠᠭᠠᠨ ᠤ ᠠᠺᠠᠳᠧᠮᠢ
ᠵᠢᠵᠢᠭ ᠵᠢᠷᠤᠭ ᠢ ᠡᠭᠦᠰᠭᠡᠬᠦ ᠳ᠋ᠦ ᠠᠯᠳᠠᠭ᠎ᠠ ᠭᠠᠷᠤᠯ᠎ᠠ: Unable to save thumbnail to destination
ᠪᠠᠶᠢᠭᠤᠯᠤᠭᠳᠠᠭᠰᠠᠨ 1921
ᠪᠠᠶᠢᠷᠢᠯᠠᠯ ᠤᠯᠠᠭᠠᠨᠪᠠᠭᠠᠲᠤᠷ
ᠭᠡᠰᠢᠭᠦᠳ 11 ᠬᠦᠷᠢᠶᠡᠯᠡᠩ᠂ 5 ᠪᠠᠭ᠎ᠠ ᠴᠢᠭᠤᠯᠭᠠᠨ᠂ ᠬᠣᠶᠠᠷ ᠠᠺᠠᠳᠧᠮᠢ
ᠶᠡᠷᠦᠩᠬᠡᠶᠢᠯᠡᠭᠴᠢ ᠪ᠂ ᠡᠩᠬᠡᠲᠦᠪᠰᠢᠨ
ᠠᠵᠢᠯᠲᠠᠨ ᠨᠤᠭᠤᠳ 793
ᠴᠠᠬᠢᠮ ᠰᠦᠯᠵᠢᠶ᠎ᠡ http://www.mas.ac.mn/

ᠮᠣᠩᠭᠣᠯ ᠤᠯᠤᠰ ᠤᠨ ᠰᠢᠨᠵᠢᠯᠡᠬᠦ ᠤᠬᠠᠭᠠᠨ ᠤ ᠠᠺᠠᠳᠧᠮᠢ (ᠬᠢᠲᠠᠳ ᠢᠶᠠᠷ 蒙古国科学院 ᠠᠩᠭᠯᠢ ᠪᠠᠷ Mongolian Academy of Sciences) ᠨᠢ ᠮᠣᠩᠭᠣᠯ ᠤᠯᠤᠰ  ᠲᠤ ᠰᠢᠨᠵᠢᠯᠡᠬᠦ ᠤᠬᠠᠭᠠᠨ᠂ ᠲᠡᠷᠢᠭᠦᠨ ᠦ ᠲᠧᠭᠨᠣᠯᠣᠭᠢ ᠶᠢ ᠬᠥᠭᠵᠢᠭᠦᠯᠬᠦ ᠵᠣᠷᠢᠯᠭ᠎ᠠ ᠪᠦᠬᠦᠢ ᠰᠢᠨᠵᠢᠯᠡᠬᠦ ᠤᠬᠠᠭᠠᠨ ᠤ ᠲᠥᠪ ᠪᠠᠶᠢᠭᠤᠯᠤᠯᠭ᠎ᠠ ᠪᠣᠯᠬᠤ ᠭᠡᠵᠦ ᠮᠣᠩᠭᠣᠯ ᠤᠯᠤᠰ ᠤᠨ ᠶᠡᠬᠡ ᠬᠤᠷᠠᠯ ᠠᠴᠠ 1996 ᠣᠨ ᠳᠤ ᠪᠠᠲᠤᠯᠠᠭᠰᠠᠨ 《ᠮᠣᠩᠭᠣᠯ ᠤᠯᠤᠰ ᠤᠨ ᠰᠢᠨᠵᠢᠯᠡᠬᠦ ᠤᠬᠠᠭᠠᠨ ᠤ ᠠᠺᠠᠳᠧᠮᠢ ᠶᠢᠨ ᠡᠷᠬᠡ ᠵᠦᠢ ᠶᠢᠨ ᠪᠠᠶᠢᠳᠠᠯ ᠤᠨ ᠲᠤᠬᠠᠢ》 ᠬᠠᠤᠯᠢ ᠳᠤ ᠬᠠᠤᠯᠢᠴᠢᠯᠠᠨ ᠵᠢᠭᠠᠭᠰᠠᠨ ᠶᠤᠮ᠃ ᠥᠨᠥᠳᠥᠷ ᠦᠨ ᠪᠠᠶᠢᠳᠠᠯ ᠢᠶᠠᠷ ᠮᠣᠩᠭᠣᠯ ᠤᠯᠤᠰ ᠤᠨ ᠰᠢᠨᠵᠢᠯᠡᠬᠦ ᠤᠬᠠᠭᠠᠨ ᠤ ᠠᠺᠠᠳᠧᠮᠢ ᠶᠢᠨ ᠬᠠᠷᠢᠶᠠᠯᠠᠯ ᠳᠤ 11 ᠬᠦᠷᠢᠶᠡᠯᠡᠩ᠂ 793 ᠡᠷᠳᠡᠮ ᠰᠢᠨᠵᠢᠯᠡᠭᠡᠨ ᠦ ᠠᠵᠢᠯᠲᠠᠨ ᠠᠵᠢᠯᠯᠠᠵᠤ ᠪᠠᠶᠢᠨ᠎ᠠ᠃ ᠰᠢᠨᠵᠢᠯᠡᠬᠦ ᠤᠬᠠᠭᠠᠨ ᠤ ᠠᠺᠠᠳᠧᠮᠢ ᠶᠢᠨ ᠵᠢᠩᠬᠢᠨᠢ ᠭᠡᠰᠢᠭᠦᠨ ᠤ 62 ᠠᠺᠠᠳᠧᠮᠢᠴᠢ ᠶᠢᠨ 42% ᠨᠢ ᠰᠢᠨᠵᠢᠯᠡᠬᠦ ᠤᠬᠠᠭᠠᠨ ᠤ ᠠᠺᠠᠳᠧᠮᠢ ᠳᠦ᠂ 34% ᠬᠤᠪᠢ ᠨᠢ ᠶᠡᠬᠡ᠂ ᠳᠡᠭᠡᠳᠦ ᠰᠤᠷᠭᠠᠭᠤᠯᠢ ᠳᠤ᠂ 24% ᠨᠢ ᠪᠤᠰᠤᠳ ᠰᠠᠯᠪᠤᠷᠢ ᠳᠤ ᠲᠤᠰ ᠠᠵᠢᠯᠯᠠᠵᠤ ᠪᠠᠶᠢᠭ᠎ᠠ ᠶᠢᠨ ᠵᠡᠷᠭᠡᠴᠡᠭᠡ ᠪᠡᠷ 231 ᠡᠷᠳᠡᠮᠲᠡᠨ ᠡᠴᠡ ᠪᠦᠷᠢᠳᠦᠭᠰᠡᠨ 5 ᠪᠠᠭ᠎ᠠ ᠴᠢᠭᠤᠯᠭᠠᠨ᠂ ᠠᠨᠠᠭᠠᠬᠤ ᠤᠬᠠᠭᠠᠨ᠂ ᠬᠥᠳᠡᠭᠡ ᠠᠵᠤ ᠠᠬᠤᠢ ᠶᠢᠨ ᠲᠥᠷᠦᠯᠵᠢᠭᠰᠡᠨ ᠬᠣᠶᠠᠷ ᠠᠺᠠᠳᠧᠮᠢ ᠲᠣᠭᠲᠠᠮᠠᠯ ᠠᠵᠢᠯᠯᠠᠵᠤ ᠪᠠᠶᠢᠨ᠎ᠠ᠃

ᠲᠡᠦᠬᠡ[ᠵᠠᠰᠠᠪᠤᠷᠢᠯᠠᠬᠤ | ᠺᠣᠳ᠋ ᠢᠶᠠᠷ ᠵᠠᠰᠠᠬᠣ]

ᠠᠷᠪᠠᠨ ᠭᠤᠷᠪᠠᠳᠤᠭᠠᠷ ᠵᠠᠭᠤᠨ ᠳᠤ ᠶᠡᠬᠡ ᠬᠠᠭᠠᠨ ᠬᠤᠪᠢᠯᠠᠢ 《ᠪᠢᠴᠢᠭ ᠦᠨ ᠮᠡᠷᠭᠡᠳ ᠦᠨ ᠬᠦᠷᠢᠶᠡᠯᠡᠩ》 ᠢ ᠪᠤᠢ ᠪᠣᠯᠭᠠᠭᠰᠠᠨ ᠨᠢ ᠮᠣᠩᠭᠣᠯᠴᠤᠳ ᠡᠷᠳᠡᠮ ᠨᠣᠮ ᠢ ᠡᠷᠬᠢᠮᠯᠡᠨ ᠳᠡᠭᠡᠳᠦᠯᠡᠵᠦ ᠢᠷᠡᠭᠰᠡᠨ ᠦ ᠢᠯᠡᠷᠬᠡᠶᠢᠯᠡᠯ ᠪᠢᠯᠡ᠃ ᠪᠦᠭᠦᠳᠡ ᠨᠠᠶᠢᠷᠠᠮᠳᠠᠬᠤ ᠮᠣᠩᠭᠤᠯ ᠠᠷᠠᠳ ᠤᠯᠤᠰ ᠤᠨ ᠠᠷᠠᠳ ᠤᠨ ᠵᠠᠰᠠᠭ ᠤᠨ ᠭᠠᠵᠠᠷ ᠤᠨ 1921 ᠣᠨ ᠤ 11 ᠳᠦᠭᠡᠷ ᠰᠠᠷ᠎ᠠ ᠶᠢᠨ 19 ᠍ ᠦ ᠡᠳᠦᠷ ᠦᠨ ᠲᠣᠭᠲᠠᠭᠠᠯ ᠢᠶᠠᠷ 《ᠰᠤᠳᠤᠷ ᠪᠢᠴᠢᠭ ᠦᠨ ᠬᠦᠷᠢᠶᠡᠯᠡᠩ》 ᠪᠠᠶᠢᠭᠤᠯᠤᠭᠳᠠᠭᠰᠠᠨ ᠢᠶᠠᠷ ᠮᠣᠩᠭᠣᠯ ᠤᠯᠤᠰ ᠲᠤ ᠰᠢᠨ᠎ᠡ ᠦᠶ᠎ᠡ ᠶᠢᠨ ᠰᠢᠨᠵᠢᠯᠡᠬᠦ ᠤᠬᠠᠭᠠᠨ ᠤ ᠲᠥᠪ ᠪᠠᠶᠢᠭᠤᠯᠤᠯᠭ᠎ᠠ ᠪᠤᠢ ᠪᠣᠯᠤᠭᠰᠠᠨ ᠲᠡᠦᠬᠡ ᠲᠡᠢ ᠪᠥᠭᠡᠳ ᠬᠣᠵᠢᠮ ᠨᠢ ᠰᠢᠨᠵᠢᠯᠡᠬᠦ ᠤᠬᠠᠭᠠᠨ ᠤ ᠬᠦᠷᠢᠶᠡᠯᠡᠩ᠂ ᠰᠢᠨᠵᠢᠯᠡᠬᠦ ᠤᠬᠠᠭᠠᠨ᠂ ᠳᠡᠭᠡᠳᠦ ᠪᠣᠯᠪᠠᠰᠤᠷᠠᠯ ᠤᠨ ᠬᠦᠷᠢᠶᠡᠯᠡᠩ ᠪᠣᠯᠤᠨ ᠥᠷᠭᠡᠵᠢᠨ ᠲᠡᠯᠭᠡᠷᠡᠭᠰᠡᠭᠡᠷ 1961 ᠣᠨ ᠳᠤ ᠰᠢᠨᠵᠢᠯᠡᠬᠦ ᠤᠬᠠᠭᠠᠨ ᠤ ᠠᠺᠠᠳᠧᠮᠢ ᠪᠣᠯᠤᠨ ᠵᠣᠬᠢᠶᠠᠨ ᠪᠠᠶᠢᠭᠤᠯᠤᠭᠳᠠᠭᠰᠠᠨ ᠶᠤᠮ᠃

ᠶᠡᠬᠡ ᠴᠢᠭᠤᠯᠭᠠᠨ[ᠵᠠᠰᠠᠪᠤᠷᠢᠯᠠᠬᠤ | ᠺᠣᠳ᠋ ᠢᠶᠠᠷ ᠵᠠᠰᠠᠬᠣ]

ᠠᠺᠠᠳᠧᠮᠢ ᠶᠢᠨ ᠤᠳᠤᠷᠢᠳᠬᠤ ᠳᠡᠭᠡᠳᠦ ᠪᠠᠶᠢᠭᠤᠯᠤᠯᠭ᠎ᠠ ᠨᠢ ᠠᠺᠠᠳᠧᠮᠢ ᠶᠢᠨ ᠪᠦᠬᠦ ᠭᠡᠰᠢᠭᠦᠳ ᠦᠨ ᠴᠢᠭᠤᠯᠭᠠᠨ (院全体院士大会) ᠶᠤᠮ᠃ ᠶᠡᠬᠡ ᠴᠢᠭᠤᠯᠭᠠᠨ ᠨᠢ ᠵᠢᠯ ᠳᠤ ᠬᠣᠶᠠᠷ ᠠᠴᠠ ᠲᠤᠷᠤᠠᠠᠰᠢᠦᠭᠡᠢ ᠤᠳᠠᠭ᠎ᠠ ᠬᠤᠷᠠᠯᠳᠤᠵᠤ

  • ᠰᠢᠨᠵᠢᠯᠡᠬᠦ ᠤᠬᠠᠭᠠᠨ᠂ ᠲᠧᠭᠨᠣᠯᠣᠭᠢ ᠶᠢ ᠬᠥᠭᠵᠢᠭᠦᠯᠬᠦ ᠪᠣᠳᠣᠯᠭ᠎ᠠ ᠶᠢᠨ ᠬᠡᠷᠡᠭᠵᠢᠯᠲᠡ᠂ ᠡᠷᠳᠡᠮ ᠰᠢᠨᠵᠢᠯᠡᠭᠡ ᠰᠤᠳᠤᠯᠭᠠᠨ ᠤ ᠠᠵᠢᠯ ᠤᠨ ᠦᠷ᠎ᠡ ᠳ᠋ᠦᠩ ᠢ ᠬᠡᠯᠡᠯᠴᠡᠵᠦ ᠰᠤᠳᠤᠯᠭᠠᠨ ᠤ ᠲᠣᠳᠣᠷᠬᠠᠢ ᠴᠢᠭᠯᠡᠯ ᠢ ᠬᠥᠭᠵᠢᠭᠦᠯᠬᠦ ᠳᠤ ᠵᠠᠰᠠᠭ ᠤᠨ ᠭᠠᠵᠠᠷ ᠲᠤ ᠳᠡᠮᠵᠢᠯᠭᠡ ᠦᠵᠡᠭᠦᠯᠬᠦ᠂
  • ᠮᠣᠩᠭᠣᠯ ᠤᠯᠤᠰ ᠤᠨ ᠡᠳ᠋ ᠍ ᠦᠨ ᠵᠠᠰᠠᠭ᠂ ᠨᠡᠶᠢᠭᠡᠮ ᠦᠨ ᠬᠥᠭᠵᠢᠯ ᠦᠨ ᠪᠠᠶᠢᠳᠠᠯ ᠳᠤ ᠦᠨᠡᠯᠡᠯᠲᠡ ᠳ᠋ᠦᠩᠨᠡᠯᠲᠡ ᠦᠭᠬᠦ᠂ ᠵᠥᠪᠯᠡᠮᠵᠢ ᠭᠠᠷᠭᠠᠵᠤ ᠤᠯᠤᠰ ᠤᠨ ᠶᠡᠬᠡ ᠬᠤᠷᠠᠯ᠂ ᠶᠡᠷᠦᠩᠬᠡᠶᠢᠯᠡᠭᠴᠢ᠂ ᠵᠠᠰᠠᠭ ᠤᠨ ᠭᠠᠵᠠᠷ ᠲᠤ ᠡᠷᠭᠦᠨ ᠪᠠᠷᠢᠬᠤ᠂
  • ᠮᠣᠩᠭᠣᠯ ᠤᠯᠤᠰ ᠤᠨ ᠰᠢᠨᠵᠢᠯᠡᠬᠦ ᠤᠬᠠᠭᠠᠨ ᠤ ᠠᠺᠠᠳᠧᠮᠢ ᠍ ᠤᠨ ᠡᠷᠳᠡᠮ ᠰᠢᠨᠵᠢᠯᠡᠭᠡ ᠦᠢᠯᠡ ᠠᠵᠢᠯᠯᠠᠭᠠᠨ ᠤ ᠲᠠᠶᠢᠯᠤᠨ ᠢ ᠬᠡᠯᠡᠯᠴᠡᠬᠦ᠂
  • ᠠᠺᠠᠳᠧᠮᠢ ᠶᠢᠨ ᠶᠡᠷᠦᠩᠬᠡᠶᠢᠯᠡᠭᠴᠢ᠂ ᠳᠡᠳ᠋ ᠶᠡᠷᠦᠩᠬᠡᠶᠢᠯᠡᠭᠴᠢ᠂ ᠲᠡᠷᠢᠭᠦᠯᠡᠭᠴᠢᠳ ᠪᠣᠯᠤᠨ ᠡᠷᠳᠡᠮᠲᠡᠨ ᠨᠠᠷᠢᠨ ᠪᠢᠴᠢᠭ ᠦᠨ ᠳᠠᠷᠤᠭ᠎ᠠ ᠶᠢ 4 ᠵᠢᠯ ᠦᠨ ᠬᠤᠭᠤᠴᠠᠭ᠎ᠠ ᠪᠠᠷ ᠰᠣᠩᠭᠣᠬᠤ᠂
  • ᠬᠠᠤᠯᠢ ᠪᠠᠷ ᠵᠢᠭᠠᠭᠳᠠᠭᠰᠠᠨ ᠪᠤᠰᠤᠳ ᠠᠰᠠᠭᠤᠳᠠᠯ ᠢ ᠬᠡᠯᠡᠯᠴᠡᠨ ᠰᠢᠢᠳᠪᠦᠷᠢᠯᠡᠵᠦ ᠪᠠᠶᠢᠳᠠᠭ᠃

ᠲᠡᠷᠢᠭᠦᠯᠡᠭᠴᠢᠳ[ᠵᠠᠰᠠᠪᠤᠷᠢᠯᠠᠬᠤ | ᠺᠣᠳ᠋ ᠢᠶᠠᠷ ᠵᠠᠰᠠᠬᠣ]

ᠶᠡᠬᠡ ᠴᠢᠭᠤᠯᠭᠠᠨ ᠤ ᠴᠢᠯᠦᠭᠡᠲᠦ ᠴᠠᠭ ᠲᠤ ᠮᠣᠩᠭᠣᠯ ᠤᠯᠤᠰ ᠤᠨ ᠰᠢᠨᠵᠢᠯᠡᠬᠦ ᠤᠬᠠᠭᠠᠨ ᠤ ᠠᠺᠠᠳᠧᠮᠢ ᠍ ᠶᠢᠨ ᠡᠳᠦᠷ ᠲᠤᠲᠤᠮ ᠤᠨ ᠦᠢᠯᠡ ᠠᠵᠢᠯᠯᠠᠭ᠎ᠠ ᠶᠢ ᠶᠡᠷᠦᠩᠬᠡᠶᠢᠯᠡᠭᠴᠢ᠂ ᠳᠡᠳ᠋ ᠶᠡᠷᠦᠩᠬᠡᠶᠢᠯᠡᠭᠴᠢᠳ᠂ ᠡᠷᠳᠡᠮᠲᠡᠨ ᠨᠠᠷᠢᠨ ᠪᠢᠴᠢᠭ ᠦᠨ ᠳᠠᠷᠤᠭ᠎ᠠ᠂ ᠲᠡᠷᠢᠭᠦᠯᠡᠭᠴᠢᠳ ᠭᠡᠰᠢᠭᠦᠳ ᠡᠴᠡ ᠪᠦᠷᠢᠳᠦᠭᠰᠡᠨ ᠠᠺᠠᠳᠧᠮᠢ ᠶᠢᠨ ᠲᠡᠷᠢᠭᠦᠯᠡᠭᠴᠢᠳ ᠤᠳᠤᠷᠢᠳᠥᠳᠠᠭ ᠪᠥᠭᠡᠳ ᠠᠺᠠᠳᠧᠮᠢ ᠶᠢᠨ ᠲᠡᠷᠢᠭᠦᠯᠡᠭᠴᠢᠳ ᠠᠵᠢᠯ ᠤᠨ ᠠᠯᠪᠠ ᠪᠠᠷ ᠢᠶᠠᠨ ᠳᠠᠮᠵᠢᠭᠤᠯᠠᠨ (ᠲᠡᠷᠢᠭᠦᠯᠡᠭᠴᠢᠳ ᠦᠨ ᠭᠠᠵᠠᠷ) ᠦᠢᠯᠡ ᠠᠵᠢᠯᠯᠠᠭ᠎ᠠ ᠪᠠᠨ ᠬᠡᠷᠡᠭᠵᠢᠭᠦᠯᠳᠡᠭ᠃

ᠶᠡᠷᠦᠩᠬᠡᠶᠢᠯᠡᠭᠴᠢ᠄

ᠠᠺᠠᠳᠧᠮᠢᠴᠢ᠂ ᠫᠷᠣᠹᠧᠰᠰᠣᠷ ᠪ᠂ ᠡᠩᠬᠡᠲᠦᠪᠰᠢᠨ

ᠲᠡᠷᠢᠭᠦᠨ ᠳᠡᠳ᠋ ᠶᠡᠷᠦᠩᠬᠡᠶᠢᠯᠡᠭᠴᠢ᠄

ᠠᠺᠠᠳᠧᠮᠢᠴᠢ᠂ ᠫᠷᠣᠹᠧᠰᠰᠣᠷ ᠳ᠂ ᠷᠦᠭᠳᠡᠯ

ᠳᠡᠳ᠋ ᠶᠡᠷᠦᠩᠬᠡᠶᠢᠯᠡᠭᠴᠢ᠄

ᠠᠺᠠᠳᠧᠮᠢᠴᠢ᠂ ᠫᠷᠣᠹᠧᠰᠰᠣᠷ ᠲ᠂ ᠳᠣᠷᠵᠢ

ᠶᠡᠷᠦᠩᠬᠡᠢ ᠡᠷᠳᠡᠮᠲᠡᠨ ᠨᠠᠷᠢᠨ ᠪᠢᠴᠢᠭ ᠦᠨ ᠳᠠᠷᠤᠭ᠎ᠠ᠄

ᠠᠺᠠᠳᠧᠮᠢᠴᠢ᠂ ᠫᠷᠣᠹᠧᠰᠰᠣᠷ ᠲ᠂ ᠭᠠᠯᠪᠠᠭᠠᠲᠤᠷ

ᠪᠠᠭ᠎ᠠ ᠴᠢᠭᠤᠯᠭᠠᠨ[ᠵᠠᠰᠠᠪᠤᠷᠢᠯᠠᠬᠤ | ᠺᠣᠳ᠋ ᠢᠶᠠᠷ ᠵᠠᠰᠠᠬᠣ]

ᠰᠢᠨᠵᠢᠯᠡᠬᠦ ᠤᠬᠠᠭᠠᠨ᠂ ᠲᠧᠭᠨᠣᠯᠣᠭᠢ ᠶᠢᠨ ᠪᠣᠳᠣᠯᠭ᠎ᠠ ᠶᠢ ᠬᠡᠷᠡᠭᠵᠢᠭᠦᠯᠬᠦ᠂ ᠲᠡᠷᠢᠭᠦᠯᠡᠬᠦ ᠴᠢᠭᠯᠡᠯ᠂ ᠴᠥᠮ᠎ᠡ ᠲᠧᠭᠨᠣᠯᠣᠭᠢ ᠶᠢᠨ ᠰᠤᠳᠤᠯᠭᠠᠨ ᠤ ᠠᠵᠢᠯ ᠳᠤ ᠡᠷᠳᠡᠮ ᠰᠢᠨᠵᠢᠯᠡᠭᠡᠨ ᠦ ᠪᠠᠶᠢᠭᠤᠯᠤᠯᠭ᠎ᠠ ᠨᠤᠭᠤᠳ ᠤᠨ ᠨᠢᠭᠡᠳᠦᠮᠡᠯ ᠬᠠᠮᠲᠤ ᠶᠢᠨ ᠠᠵᠢᠯᠯᠠᠭ᠎ᠠ ᠶᠢ ᠬᠠᠩᠭᠠᠬᠤ᠂ ᠡᠷᠳᠡᠮᠲᠡᠳ ᠢ ᠥᠷᠭᠡᠨ ᠢᠶᠡᠷ ᠣᠷᠤᠯᠴᠠᠭᠤᠯᠬᠤ᠂ ᠰᠢᠨᠵᠢᠯᠡᠬᠦ ᠤᠬᠠᠭᠠᠨ᠂ ᠪᠢᠽᠢᠨ᠋ᠧᠰ ᠦᠨ ᠪᠠᠶᠢᠭᠤᠯᠤᠯᠭ᠎ᠠ ᠬᠣᠭᠣᠷᠣᠨᠳᠣ ᠶᠢᠨ ᠲᠦᠩᠰᠢᠯᠡᠯ᠂ ᠬᠠᠮᠲᠤ ᠶᠢᠨ ᠠᠵᠢᠯᠯᠠᠭ᠎ᠠ ᠶᠢ ᠢᠳᠡᠪᠬᠢᠵᠢᠭᠦᠯᠬᠦ᠂ ᠡᠷᠳᠡᠮ ᠰᠢᠨᠵᠢᠯᠡᠭᠡᠨ ᠦ ᠪᠦᠲᠦᠭᠡᠯ᠂ ᠳᠡᠪᠰᠢᠯᠲᠡᠲᠦ ᠲᠧᠭᠨᠣᠯᠣᠭᠢ ᠶᠢ ᠬᠤᠪᠢ ᠤᠨ ᠬᠡᠪᠰᠢᠯ ᠦᠨ ᠬᠢᠨ ᠳᠦ ᠰᠤᠷᠲᠠᠯᠴᠢᠯᠠᠨ ᠲᠠᠨᠢᠭᠤᠯᠬᠤ᠂ ᠰᠤᠳᠤᠯᠭᠠᠨ ᠤ ᠦᠷ᠎ᠡ ᠳ᠋ᠦᠩ ᠢ ᠦᠢᠯᠡᠳᠪᠦᠷᠢᠯᠡᠯ᠂ ᠬᠡᠷᠡᠭᠯᠡᠭᠡᠨ ᠳᠦ ᠨᠡᠪᠲᠡᠷᠡᠭᠦᠯᠦᠨ ᠬᠡᠷᠡᠭᠵᠢᠭᠦᠯᠬᠦ᠂ ᠦᠷ᠎ᠡ ᠥᠭᠭᠦᠭᠡᠴᠢ ᠶᠢ ᠨᠢ ᠳᠡᠭᠡᠭᠰᠢᠯᠡᠭᠦᠯᠬᠦ ᠵᠣᠷᠢᠯᠭ᠎ᠠ ᠪᠠᠷ ᠰᠢᠨᠵᠢᠯᠡᠬᠦ ᠤᠬᠠᠭᠠᠨ ᠤ ᠠᠺᠠᠳᠧᠮᠢ ᠳᠤ ᠰᠠᠯᠪᠤᠷᠢ ᠶᠢᠨ 5 ᠪᠠᠭ᠎ᠠ ᠴᠢᠭᠤᠯᠭᠠᠨ᠂ 2 ᠰᠠᠯᠪᠤᠷᠢ ᠶᠢᠨ ᠲᠥᠷᠦᠯᠵᠢᠭᠰᠡᠨ ᠠᠺᠠᠳᠧᠮᠢ ᠦᠢᠯᠡ ᠠᠵᠢᠯᠯᠠᠭ᠎ᠠ ᠶᠠᠪᠤᠭᠤᠯᠳᠠᠭ᠃ ᠡᠳᠡᠭᠡᠷ ᠨᠢ:

  • ᠨᠡᠶᠢᠭᠡᠮ ᠤᠨ ᠤᠬᠠᠭᠠᠨ
  • ᠹᠢᠽᠢᠺ ᠮᠠᠲ᠋ᠧᠮᠠᠲ᠋ᠢᠭ ᠬᠢᠮᠢ
  • ᠭᠧᠣᠯᠣᠭᠢ ᠭᠠᠵᠠᠷ ᠵᠦᠢ
  • ᠲᠧᠭᠨᠢᠭ ᠲᠧᠭᠨᠣᠯᠣᠭᠢ
  • ᠪᠢᠣᠯᠣᠭᠢ ᠶᠢᠨ ᠰᠠᠯᠪᠤᠷᠢ ᠶᠢᠨ ᠪᠠᠭ᠎ᠠ ᠴᠢᠭᠤᠯᠭᠠᠨ
  • ᠠᠨᠠᠭᠠᠬᠤ ᠤᠬᠠᠭᠠᠨ ᠤ ᠠᠺᠠᠳᠧᠮᠢ
  • ᠬᠥᠳᠡᠭᠡ ᠠᠵᠤ ᠠᠬᠤᠢ ᠶᠢᠨ ᠠᠺᠠᠳᠧᠮᠢ ᠶᠤᠮ᠃

ᠪᠠᠭ᠎ᠠ ᠴᠢᠭᠤᠯᠭᠠᠨ ᠨᠤᠭᠤᠳ ᠪᠣᠯᠤᠨ ᠰᠠᠯᠪᠤᠷᠢ ᠠᠺᠠᠳᠧᠮᠢ ᠨᠢ ᠰᠠᠯᠪᠤᠷᠢ ᠶᠢᠨ ᠰᠤᠳᠤᠯᠭ᠎ᠠ ᠰᠢᠨᠵᠢᠯᠡᠭᠡᠨ ᠦ ᠠᠵᠢᠯ ᠤᠨ ᠲᠥᠯᠥᠪᠯᠡᠯᠲᠡ᠂ ᠭᠦᠢᠴᠡᠳᠬᠡᠯ ᠳᠦ ᠬᠢᠨᠠᠯᠲᠠ ᠲᠠᠯᠪᠢᠬᠤ᠂ ᠰᠠᠯᠪᠤᠷᠢ ᠶᠢᠨ ᠰᠢᠨᠵᠢᠯᠡᠬᠦ ᠤᠬᠠᠭᠠᠨ ᠤ ᠵᠣᠬᠢᠶᠠᠨ ᠪᠠᠶᠢᠭᠤᠯᠤᠯᠲᠠ ᠶᠢ ᠪᠣᠯᠪᠠᠰᠤᠷᠠᠩᠭᠤᠢ ᠪᠣᠯᠭᠠᠬᠤ᠂ ᠡᠷᠳᠡᠮ ᠰᠢᠨᠵᠢᠯᠡᠭᠡ ᠰᠤᠳᠤᠯᠭᠠᠨ ᠤ ᠠᠵᠢᠯ ᠤᠨᠨ ᠦᠷ᠎ᠡ ᠳ᠋ᠦᠩ ᠢ ᠳᠡᠭᠡᠭᠰᠢᠯᠡᠭᠦᠯᠬᠦ᠂ ᠰᠢᠨᠵᠢᠯᠡᠬᠦ ᠤᠬᠠᠭᠠᠨ ᠪᠢᠽᠢᠨ᠋ᠧᠰ ᠦᠨ ᠪᠠᠶᠢᠭᠤᠯᠤᠯᠭ᠎ᠠ ᠶᠢᠨ ᠬᠠᠮᠲᠤ ᠶᠢᠨ ᠠᠵᠢᠯᠯᠠᠭ᠎ᠠ ᠶᠢ ᠥᠷᠭᠡᠵᠢᠭᠦᠯᠬᠦ᠂ ᠤᠯᠤᠰ ᠣᠷᠣᠨ ᠤ ᠬᠥᠭᠵᠢᠯ ᠦᠨ ᠪᠠᠶᠢᠳᠠᠯ ᠳᠤ ᠰᠢᠨᠵᠢᠯᠡᠬᠦ ᠤᠬᠠᠭᠠᠨ ᠤ ᠡᠭᠦᠳᠡᠨ ᠡᠴᠡ ᠳ᠋ᠦᠩᠨᠡᠯᠲᠡ ᠭᠠᠷᠭᠠᠵᠤ᠂ ᠦᠨᠳᠦᠰᠦᠯᠡᠯ ᠪᠣᠯᠪᠠᠰᠤᠷᠠᠭᠤᠯᠬᠤ ᠴᠢᠭᠯᠡᠯ ᠢᠶᠡᠷ ᠦᠨᠳᠦᠰᠦᠨ ᠦᠢᠯᠡ ᠠᠵᠢᠯᠯᠠᠭ᠎ᠠ ᠪᠠᠨ ᠶᠠᠪᠤᠭᠤᠯᠳᠠᠭ᠃

ᠭᠠᠳᠠᠭᠠᠳᠤ ᠬᠠᠮᠲᠤ ᠶᠢᠨ ᠠᠵᠢᠯᠯᠠᠭ᠎ᠠ ᠪᠠᠨ[ᠵᠠᠰᠠᠪᠤᠷᠢᠯᠠᠬᠤ | ᠺᠣᠳ᠋ ᠢᠶᠠᠷ ᠵᠠᠰᠠᠬᠣ]

ᠮᠣᠩᠭᠣᠯ ᠤᠯᠤᠰ ᠤᠨ ᠰᠢᠨᠵᠢᠯᠡᠬᠦ ᠤᠬᠠᠭᠠᠨ ᠤ ᠠᠺᠠᠳᠧᠮᠢ ᠍ ᠤᠨ ᠭᠠᠳᠠᠭᠠᠳᠤ ᠬᠠᠮᠲᠤ ᠶᠢᠨ ᠠᠵᠢᠯᠯᠠᠭ᠎ᠠ ᠪᠠᠨ ᠪᠥᠰᠡ ᠨᠤᠲᠤᠭ ᠤᠨ ᠲᠦᠪᠰᠢᠨ ᠳᠦ ᠲᠡᠳᠦᠢ ᠦᠭᠡᠢ ᠣᠯᠠᠨ ᠤᠯᠤᠰ ᠤᠨ ᠬᠡᠮᠵᠢᠶᠡᠨ ᠳᠦ ᠥᠷᠭᠡᠵᠢᠨ ᠲᠡᠯᠡᠭᠰᠡᠭᠡᠷ ᠢᠷᠡᠭᠰᠡᠨ᠃ ᠮᠣᠩᠭᠣᠯ ᠤᠯᠤᠰ ᠤᠨ ᠰᠢᠨᠵᠢᠯᠡᠬᠦ ᠤᠬᠠᠭᠠᠨ ᠤ ᠠᠺᠠᠳᠧᠮᠢ ᠨᠢ ᠤᠯᠠᠮᠵᠢᠯᠠᠯᠲᠤ ᠬᠠᠷᠢᠯᠴᠠᠭ᠎ᠠ ᠪᠦᠬᠦᠢ ᠣᠷᠣᠨ ᠨᠤᠭᠤᠳ ᠲᠠᠢ ᠪᠠᠶᠢᠭᠤᠯᠤᠭᠰᠠᠨ ᠭᠡᠷ᠎ᠡ ᠬᠡᠯᠡᠯᠴᠡᠭᠡᠷ᠂ ᠬᠠᠮᠲᠤ ᠶᠢᠨ ᠠᠵᠢᠯᠯᠠᠭᠠᠨ ᠤ ᠫᠷᠣᠲ᠋ᠣᠺᠣᠯ᠂ ᠲᠥᠯᠥᠪᠯᠡᠭᠡ ᠶᠢ ᠬᠡᠷᠡᠭᠵᠢᠭᠦᠯᠬᠦ᠂ ᠰᠢᠨ᠎ᠡ ᠪᠡᠷ ᠵᠠᠷᠢᠮ ᠣᠷᠣᠨ ᠤ ᠮᠣᠩᠭᠣᠯ ᠤᠯᠤᠰ ᠤᠨ ᠰᠢᠨᠵᠢᠯᠡᠬᠦ ᠤᠬᠠᠭᠠᠨ ᠤ ᠠᠺᠠᠳᠧᠮᠢ᠂ ᠡᠷᠳᠡᠮ ᠰᠢᠨᠵᠢᠯᠡᠭᠡᠨ ᠦ ᠪᠠᠶᠢᠭᠤᠯᠤᠯᠭ᠎ᠠ ᠲᠠᠢ ᠬᠠᠷᠢᠯᠴᠠᠭ᠎ᠠ ᠬᠣᠯᠪᠣᠭ᠎ᠠ ᠲᠣᠭᠲᠠᠭᠠᠬᠤ᠂ ᠣᠯᠠᠨ ᠤᠯᠤᠰ ᠤᠨ ᠴᠢᠨᠠᠷᠲᠠᠢ ᠠᠷᠭ᠎ᠠ ᠬᠡᠮᠵᠢᠶᠡᠨ ᠳᠦ ᠤᠷᠤᠯᠴᠠᠬᠤ᠂ ᠬᠠᠮᠲᠤᠷᠠᠭᠰᠠᠨ ᠲᠥᠰᠥᠯ ᠬᠡᠷᠡᠭᠵᠢᠭᠦᠯᠬᠦ᠂ ᠬᠠᠮᠲᠤᠷᠠᠭᠰᠠᠨ ᠡᠺᠰᠫᠧᠳᠢᠼ ᠠᠵᠢᠯᠯᠯᠠᠭᠤᠯᠬᠤ᠂ ᠡᠷᠳᠡᠮᠲᠡᠳ ᠰᠤᠯᠢᠯᠴᠠᠬᠤ ᠵᠡᠷᠭᠡ ᠴᠢᠭᠯᠡᠯ ᠢᠶᠡᠷ ᠢᠳᠡᠪᠬᠢ ᠲᠡᠢ ᠦᠢᠯᠡ ᠠᠵᠢᠯᠯᠠᠭ᠎ᠠ ᠶᠠᠪᠤᠭᠤᠯᠳᠠᠭ᠃

ᠮᠣᠩᠭᠣᠯ ᠤᠯᠤᠰ ᠤᠨ ᠰᠢᠨᠵᠢᠯᠡᠬᠦ ᠤᠬᠠᠭᠠᠨ ᠤ ᠠᠺᠠᠳᠧᠮᠢ ᠨᠢ ᠣᠯᠠᠨ ᠤᠯᠤᠰ ᠤᠨ ᠰᠢᠨᠵᠢᠯᠡᠬᠦ ᠤᠬᠠᠭᠠᠨ ᠤ ᠵᠥᠪᠯᠡᠯ ᠦᠨ ᠵᠢᠩᠬᠢᠨᠢ ᠭᠡᠰᠢᠭᠦᠨ ᠪᠥᠭᠡᠳ ᠳᠡᠯᠡᠬᠡᠢ ᠶᠢᠨ 25 ᠣᠷᠣᠨ ᠤ ᠡᠷᠳᠡᠮ ᠰᠢᠨᠵᠢᠯᠡᠭᠡᠨ ᠦ ᠪᠠᠶᠢᠭᠤᠯᠤᠯᠭ᠎ᠠ ᠲᠠᠢ ᠬᠠᠮᠲᠤᠷᠠᠨ ᠠᠵᠢᠯᠯᠠᠵᠤ᠂ ᠲᠡᠳᠡᠭᠡᠷ ᠲᠡᠢ ᠪᠠᠶᠢᠭᠤᠯᠤᠭᠰᠠᠨ ᠭᠡᠷ᠎ᠡ ᠬᠡᠯᠡᠯᠴᠡᠭᠡᠷ ᠦᠨ ᠳᠠᠭᠠᠤ ᠡᠷᠳᠡᠮᠲᠡᠨ ᠰᠣᠯᠢᠯᠴᠠᠭᠠᠨ ᠤ ᠬᠥᠲᠦᠯᠪᠦᠷᠢ ᠶᠢ ᠠᠮᠵᠢᠯᠲᠠ ᠲᠠᠢ ᠬᠡᠷᠡᠭᠵᠢᠭᠦᠯᠳᠡᠭ᠃

2010 ᠣᠨ ᠠᠴᠠ ᠰᠢᠨᠵᠢᠯᠡᠬᠦ ᠤᠬᠠᠭᠠᠨ ᠤ ᠠᠺᠠᠳᠧᠮᠢ ᠨᠢ ᠠᠽᠢᠶ᠎ᠠ ᠶᠢᠨ ᠰᠢᠨᠵᠢᠯᠡᠬᠦ ᠤᠬᠠᠭᠠᠨ ᠤ ᠵᠥᠪᠯᠡᠯ ᠢ ᠲᠡᠷᠢᠭᠦᠯᠡᠬᠦ ᠪᠣᠯᠵᠤ᠂ ᠠᠽᠢᠶ᠎ᠠ ᠶᠢᠨ ᠰᠢᠨᠵᠢᠯᠡᠬᠦ ᠤᠬᠠᠭᠠᠨ ᠤ ᠠᠺᠠᠳᠧᠮᠢ ᠨᠤᠭᠤᠳ ᠤᠨ ᠬᠣᠯᠪᠣᠭᠠᠨ ᠤ ᠤᠳᠤᠷᠢᠳᠬᠤ ᠵᠥᠪᠯᠡᠯ ᠳᠦ ᠰᠣᠩᠭᠣᠭᠳᠠᠨ ᠠᠵᠢᠯᠯᠠᠬᠤ ᠪᠣᠯᠤᠯ᠎ᠠ᠃

ᠡᠷᠳᠡᠮ ᠰᠢᠨᠵᠢᠯᠡᠭᠡ ᠰᠤᠳᠤᠯᠭᠠᠨ ᠤ ᠠᠵᠢᠯ ᠤᠨ ᠦᠷ᠎ᠡ ᠳ᠋ᠦᠩ ᠢ ᠳᠡᠭᠡᠭᠰᠢᠯᠡᠭᠦᠯᠬᠦ᠂ ᠲᠡᠷᠢᠭᠦᠯᠡᠬᠦ ᠴᠢᠭᠯᠡᠯ᠂ ᠴᠥᠮ᠎ᠡ ᠲᠧᠭᠨᠣᠯᠣᠭᠢ ᠶᠢᠨ ᠴᠢᠭᠯᠡᠯ ᠢᠶᠡᠷ ᠬᠠᠮᠲᠤᠷᠠᠭᠰᠠᠨ ᠰᠤᠳᠤᠯᠭ᠎ᠠ ᠰᠢᠨᠵᠢᠯᠡᠭᠡᠨ ᠦ ᠠᠵᠢᠯ ᠭᠦᠢᠴᠡᠳᠭᠡᠬᠦ᠂ ᠪᠦᠰᠡ ᠨᠤᠲᠤᠭ ᠤᠨ ᠬᠡᠮᠵᠢᠶᠡᠨ ᠳᠦ ᠡᠷᠳᠡᠮ ᠰᠢᠨᠵᠢᠯᠡᠭᠡᠨ ᠦ ᠪᠠᠶᠢᠭᠤᠯᠤᠯᠭ᠎ᠠ ᠨᠤᠭᠤᠳ ᠤᠨ ᠬᠠᠮᠲᠤ ᠶᠢᠨ ᠠᠵᠢᠯᠯᠠᠭ᠎ᠠ ᠶᠢ ᠥᠷᠭᠡᠵᠢᠭᠦᠯᠦᠨ ᠬᠥᠭᠵᠢᠭᠦᠯᠬᠦ ᠴᠢᠭᠯᠡᠯ ᠢᠶᠡᠷ ᠣᠯᠠᠨ ᠤᠯᠤᠰ ᠤᠨ ᠬᠤᠷᠠᠯ᠂ ᠵᠥᠪᠯᠡᠭᠡᠨ ᠢ ᠲᠣᠭᠲᠠᠮᠠᠯ ᠵᠣᠬᠢᠶᠠᠨ ᠪᠠᠶᠢᠭᠤᠯᠵᠤ ᠪᠠᠶᠢᠨ᠎ᠠ᠃

ᠪᠢᠴᠢᠭᠡᠰᠦ