ᠰᠢᠨᠵᠢᠯᠡᠬᠦ ᠤᠬᠠᠭᠠᠨ ᠲᠧᠭᠨᠣᠯᠣᠭᠢ ᠶᠢᠨ ᠶᠡᠬᠡ ᠰᠤᠷᠭᠠᠭᠤᠯᠢ

ᠴᠢᠯᠦᠭᠡᠲᠦ ᠨᠡᠪᠲᠡᠷᠬᠡᠢ ᠲᠣᠯᠢ — ᠸᠢᠺᠢᠫᠧᠳᠢᠶ᠎ᠠ ᠠᠴᠠ
ᠬᠠᠷᠠᠶᠢᠬᠤ: ᠤᠳᠤᠷᠢᠳᠬᠤ, ᠬᠠᠶᠢᠯᠲᠠ
Mongolian Technology and Science University.jpg

ᠰᠢᠨᠵᠢᠯᠡᠬᠦ ᠤᠬᠠᠭᠠᠨ ᠲᠧᠭᠨᠣᠯᠣᠭᠢ ᠶᠢᠨ ᠶᠡᠬᠡ ᠰᠤᠷᠭᠠᠭᠤᠯᠢ ᠨᠢ ᠮᠣᠩᠭᠣᠯ ᠤᠯᠤᠰᠠᠳᠠ ᠤᠷᠤᠰᠢᠬᠤ ᠶᠡᠬᠡ ᠰᠤᠷᠭᠠᠭᠤᠯᠢ ᠶᠤᠮ᠃

ᠡᠷᠬᠢᠮ ᠵᠣᠷᠢᠯᠭ᠎ᠠ[ᠵᠠᠰᠠᠪᠤᠷᠢᠯᠠᠬᠤ | ᠺᠣᠳ᠋ ᠢᠶᠠᠷ ᠵᠠᠰᠠᠬᠣ]

ᠰᠢᠨᠵᠢᠯᠡᠬᠦ ᠤᠬᠠᠭᠠᠨ᠂ ᠲᠧᠭᠨᠣᠯᠣᠭᠢ ᠶᠢᠨ ᠶᠡᠬᠡ ᠰᠤᠷᠭᠠᠭᠤᠯᠢ ᠦᠨ ᠡᠷᠡᠮᠡᠯᠵᠡᠬᠦ ᠵᠦᠢᠯ: 《ᠮᠣᠩᠭᠣᠯ ᠤᠯᠤᠰ ᠤᠨ ᠢᠶᠠᠨ ᠬᠥᠭᠵᠢᠯ ᠦᠨ ᠬᠡᠷᠡᠭᠴᠡᠭᠡ ᠶᠢ ᠮᠡᠳᠡᠷᠡᠴᠢ᠂ ᠨᠡᠶᠢᠭᠡᠮ ᠳᠦ ᠴᠢᠨᠠᠷᠲᠠᠢ ᠦᠢᠯᠡᠴᠢᠯᠡᠭᠡ ᠦᠵᠡᠭᠦᠯᠬᠦ》

ᠰᠢᠨᠵᠢᠯᠡᠬᠦ ᠤᠬᠠᠭᠠᠨ᠂ ᠲᠧᠭᠨᠣᠯᠣᠭᠢ ᠶᠢᠨ ᠶᠡᠬᠡ ᠰᠤᠷᠭᠠᠭᠤᠯᠢ ᠦᠨ ᠠᠯᠤᠰ ᠤᠨ ᠵᠣᠷᠢᠯᠭ᠎ᠠ: 《ᠽvvᠨ ᠬᠣᠶᠢᠳᠤ ᠠᠽᠢᠶ᠎ᠠ ᠶᠢᠨ ᠰᠢᠨᠵᠢᠯᠡᠬᠦ ᠤᠬᠠᠭᠠᠨ ᠲᠧᠭᠨᠣᠯᠣᠭᠢ ᠶᠢᠨ ᠬᠥᠭᠵᠢᠯ ᠦᠨ ᠨᠢᠭᠡᠨ ᠲᠥᠪ ᠪᠣᠯᠬᠤ》

ᠰᠢᠨᠵᠢᠯᠡᠬᠦ ᠤᠬᠠᠭᠠᠨ᠂ ᠲᠧᠭᠨᠣᠯᠣᠭᠢ ᠶᠢᠨ ᠶᠡᠬᠡ ᠰᠤᠷᠭᠠᠭᠤᠯᠢ ᠦᠨ ᠡᠷᠬᠢᠮ ᠵᠣᠷᠢᠯᠭ᠎ᠠ: - ᠵᠠᠬ᠎ᠠ ᠵᠡᠭᠡᠯᠢ ᠶᠢᠨ ᠡᠷᠢᠯᠲᠡ ᠬᠡᠷᠡᠭᠴᠡᠭᠡᠨ ᠳᠦ ᠲᠣᠬᠢᠷᠠᠭᠰᠠᠨ ᠢᠨᠵᠧᠨᠧᠷ᠂ ᠲᠧᠭᠨᠣᠯᠣᠭᠢ᠂ ᠡᠳ᠋ ᠍ ᠍ ᠍ ᠦᠨ ᠵᠠᠰᠠᠭ ᠬᠦᠮᠦᠨᠯᠢᠭ᠂ ᠭᠠᠳᠠᠭᠠᠳᠤ ᠬᠡᠯᠡᠨ ᠦ ᠮᠡᠷᠭᠡᠵᠢᠯ ᠦᠨ ᠪᠣᠯᠪᠠᠰᠤᠨ ᠬᠦᠴᠦᠨ ᠪᠡᠯᠡᠳᠬᠡᠬᠦ᠃

- ᠤᠯᠤᠰ ᠣᠷᠣᠨ ᠤ ᠪᠠᠨ ᠲᠣᠭᠲᠠᠪᠤᠷᠢᠲᠠᠢ ᠬᠥᠭᠵᠢᠯ ᠢ ᠬᠠᠩᠭᠠᠬᠤ ᠲᠧᠭᠨᠢᠭ ᠲᠧᠭᠨᠣᠯᠣᠭᠢ ᠶᠢᠨ ᠨᠥᠬᠥᠴᠡᠯ ᠢ ᠪᠦᠷᠢᠳᠦᠭᠦᠯᠦᠭᠴᠢ ᠣᠶᠤᠨ ᠤ ᠭᠣᠣᠯ ᠦᠢᠯᠡᠳᠪᠦᠷᠢᠯᠡᠯ ᠪᠣᠯᠬᠤ᠃

- ᠨᠡᠶᠢᠭᠡᠮ ᠤᠨ ᠪᠦᠬᠦᠢ ᠯᠠ ᠰᠠᠯᠪᠤᠷᠢ ᠳᠤ ᠵᠣᠬᠢᠮᠵᠢᠲᠠᠢ ᠲᠧᠭᠨᠣᠯᠣᠭᠢ ᠶᠢ ᠨᠤᠲᠤᠭᠰᠢᠭᠤᠯᠬᠤ᠂ ᠬᠥᠭᠵᠢᠭᠦᠯᠬᠦ᠂ ᠣᠶᠤᠨ ᠤ ᠪᠠᠭᠲᠠᠭᠠᠮᠵᠢ ᠪᠦᠬᠦᠢ ᠦᠷ᠎ᠡ ᠥᠭᠭᠦᠭᠡᠴᠢ ᠲᠡᠢ ᠦᠢᠯᠡᠴᠢᠯᠡᠭᠡ ᠶᠢ ᠦᠵᠡᠭᠦᠯᠬᠦ ᠵᠠᠮ ᠢᠶᠠᠷ ᠤᠯᠤᠰ ᠣᠷᠣᠨ ᠤ ᠬᠥᠭᠵᠢᠯ ᠢ ᠬᠤᠷᠳᠤᠰᠬᠠᠬᠤ ᠳᠤ ᠬᠤᠪᠢ ᠨᠡᠮᠡᠷᠢ ᠪᠡᠨ ᠤᠷᠤᠭᠤᠯᠬᠤ᠃

ᠲᠡᠦᠬᠡ[ᠵᠠᠰᠠᠪᠤᠷᠢᠯᠠᠬᠤ | ᠺᠣᠳ᠋ ᠢᠶᠠᠷ ᠵᠠᠰᠠᠬᠣ]

ᠮᠣᠩᠭᠣᠯ ᠤᠯᠤᠰ ᠳᠣᠲᠣᠭᠠᠳᠤ ᠳᠤ ᠪᠠᠨ ᠢᠨᠵᠧᠨᠧᠷ᠂ ᠲᠧᠭᠨᠢᠭ ᠦᠨ ᠪᠣᠯᠪᠠᠰᠤᠨ ᠬᠦᠴᠦᠨ ᠪᠡᠯᠡᠳᠬᠡᠬᠦ ᠵᠣᠷᠢᠯᠭ᠎ᠠ ᠪᠠᠷ ᠮᠣᠩᠭᠣᠯ ᠤᠯᠤᠰ ᠤᠨ ᠶᠡᠬᠡ ᠰᠤᠷᠭᠠᠭᠤᠯᠢ ᠍ ᠍ ᠍ ᠦᠨ ᠪᠦᠷᠢᠯᠳᠦᠬᠦᠨ ᠳᠦ 1959 ᠣᠨ ᠠᠴᠠ ᠠᠵᠤ ᠦᠢᠯᠡᠳᠪᠦᠷᠢ ᠶᠢᠨ ᠡᠳ᠋ ᠍ ᠍ ᠍ ᠦᠨ ᠵᠠᠰᠠᠭ᠂ ᠪᠠᠷᠢᠯᠭ᠎ᠠ ᠶᠢᠨ ᠢᠨᠵᠧᠨᠧᠷ᠂ 1960 ᠣᠨ ᠠᠴᠠ ᠭᠧᠣᠯᠣᠭᠢ ᠶᠢᠨ ᠢᠨᠵᠧᠨᠧᠷ ᠦᠨ ᠮᠡᠷᠭᠡᠵᠢᠯᠲᠡᠨ ᠪᠡᠯᠡᠳᠬᠡᠵᠦ ᠡᠬᠢᠯᠡᠭᠰᠡᠨ ᠢᠶᠡᠷ ᠲᠤᠰ ᠰᠤᠷᠭᠠᠭᠤᠯᠢ ᠶᠢᠨ ᠰᠠᠭᠤᠷᠢ ᠲᠠᠯᠪᠢᠭᠳᠠᠭᠰᠠᠨ ᠶᠤᠮ᠃ 1969 ᠣᠨ ᠳᠤ ᠮᠣᠩᠭᠣᠯ ᠤᠯᠤᠰ ᠤᠨ ᠶᠡᠬᠡ ᠰᠤᠷᠭᠠᠭᠤᠯᠢ ᠦᠨ ᠪᠦᠷᠢᠯᠳᠦᠬᠦᠨ ᠳᠦ ᠫᠣᠯᠢᠲ᠋ᠧᠭᠨᠢᠭ ᠤᠨ ᠳᠡᠭᠡᠳᠦ ᠰᠤᠷᠭᠠᠭᠤᠯᠢ /ПДС/ ᠍ ᠍ ᠍ ᠢ ᠪᠠᠷᠢᠯᠭ᠎ᠠ᠂ ᠡᠷᠴᠢᠮ ᠬᠦᠴᠦ᠂ ᠭᠧᠣᠯᠣᠭᠢ ᠠᠭᠤᠯᠠ ᠠᠭᠤᠷᠬᠠᠢ᠂ ᠮᠧᠬᠠᠨᠢᠭ ᠢᠨᠵᠧᠨᠧᠷ᠂ ᠢᠨᠵᠧᠨᠧᠷ ᠡᠳ᠋ ᠍ ᠍ ᠍ ᠦᠨ ᠵᠠᠰᠠᠭ ᠤᠨ ᠭᠡᠰᠡᠨ ᠲᠠᠪᠤᠨ ᠹᠠᠺᠦᠶᠢᠯᠢᠲ᠋ᠧᠲ᠂ ᠮᠡᠷᠭᠡᠵᠢᠯ ᠦᠨ 13 ᠲᠡᠩᠬᠢᠮ ᠲᠡᠢ ᠪᠡᠷ ᠪᠠᠶᠢᠭᠤᠯᠵᠠᠢ᠃

ᠫᠣᠯᠢᠲ᠋ᠧᠭᠨᠢᠭ ᠤᠨ ᠳᠡᠭᠡᠳᠦ ᠰᠤᠷᠭᠠᠭᠤᠯᠢ ᠶᠢᠨ ᠬᠥᠭᠵᠢᠯ ᠪᠡᠬᠢᠵᠢᠯᠲᠡᠨ ᠳᠦ ᠨᠢᠭᠡᠳᠦᠭᠰᠡᠨ ᠦᠨᠳᠦᠰᠦᠲᠡᠨ ᠦ ᠪᠠᠶᠢᠭᠤᠯᠤᠯᠭ᠎ᠠ ᠶᠢᠨ ᠬᠥᠭᠵᠢᠯ ᠦᠨ ᠬᠥᠲᠥᠯᠪᠦᠷᠢ ᠶᠢᠨ ᠲᠥᠰᠥᠯ ᠳᠦ ᠪᠣᠳᠠᠲᠠᠢ ᠬᠤᠪᠢ ᠨᠡᠮᠡᠷᠢ ᠣᠷᠣᠭᠤᠯᠤᠭᠰᠠᠨ ᠶᠤᠮ᠃ᠡᠨᠡ ᠲᠥᠰᠥᠯ ᠦᠨ ᠬᠦᠷᠢᠶᠡᠨ ᠳᠦ ᠲᠤᠰ ᠰᠤᠷᠭᠠᠭᠤᠯᠢ ᠶᠢᠨ ᠰᠢᠨ᠎ᠡ ᠦᠶ᠎ᠡ ᠶᠢᠨ ᠪᠠᠭᠰᠢᠯᠠᠬᠤ ᠪᠣᠯᠪᠠᠰᠤᠨ ᠬᠦᠴᠦᠨ᠂ ᠰᠤᠷᠭᠠᠯᠲᠠ ᠶᠢᠨ ᠮᠠᠲ᠋ᠧᠷᠢᠶᠠᠯᠢᠭ ᠪᠠᠭᠠᠵᠢ ᠶᠢᠨ ᠠᠰᠠᠭᠤᠳᠠᠯ ᠵᠣᠬᠢᠬᠤ ᠲᠦᠪᠰᠢᠨ ᠳᠦ ᠰᠢᠢᠳᠪᠦᠷᠢᠯᠡᠭᠳᠡᠭᠰᠡᠨ ᠶᠤᠮ᠃ 1982 ᠣᠨ ᠳᠤ ᠪᠦᠭᠦᠳᠡ ᠨᠠᠶᠢᠷᠠᠮᠳᠠᠬᠤ ᠮᠣᠩᠭᠣᠯ ᠠᠷᠠᠳ ᠤᠯᠤᠰ ᠍ ᠍ ᠍ ᠤᠨ ᠰᠠᠶᠢᠳ ᠨᠠᠷ ᠤᠨ ᠵᠥᠪᠯᠡᠯ ᠦᠨ ᠰᠢᠢᠳᠪᠦᠷᠢ ᠪᠡᠷ ПДС ᠍ ᠍ ᠍ ᠶᠢ ᠮᠣᠩᠭᠣᠯ ᠤᠯᠤᠰ ᠤᠨ ᠶᠡᠬᠡ ᠰᠤᠷᠭᠠᠭᠤᠯᠢ ᠦᠨ ᠪᠦᠷᠢᠯᠳᠦᠬᠦᠨ ᠡᠴᠡ ᠭᠠᠷᠭᠠᠨ᠂ ᠪᠡᠶ᠎ᠡ ᠳᠠᠭᠠᠭᠰᠠᠨ ᠳᠡᠭᠡᠳᠦ ᠰᠤᠷᠭᠠᠭᠤᠯᠢ ᠪᠣᠯᠭᠠᠨ ᠵᠣᠬᠢᠶᠠᠨ ᠪᠠᠶᠢᠭᠤᠯᠤᠭᠰᠠᠨ ᠪᠠᠶᠢᠨ᠎ᠠ᠃

ᠰᠢᠨᠵᠢᠯᠡᠬᠦ ᠤᠬᠠᠭᠠᠨ᠂ ᠲᠧᠭᠨᠣᠯᠣᠭᠢ ᠶᠢᠨ ᠶᠡᠬᠡ ᠰᠤᠷᠭᠠᠭᠤᠯᠢ ᠍ ᠍ ᠍ ᠶᠢᠨ ᠪᠠᠭᠰᠢ ᠫᠷᠣᠹᠧᠰᠰᠣᠷ ᠤᠳ ᠤᠨ ᠳ᠋ᠢᠫᠯᠣᠮ ᠭᠠᠷᠳᠠᠭᠤᠯᠬᠤ ᠶᠣᠰᠣᠯᠠᠯ 2013-06-20

ПДС ᠍ ᠍ ᠍ ᠶᠢᠨ ᠬᠥᠭᠵᠢᠯ ᠦᠨ ᠠᠰᠠᠭᠤᠳᠠᠯ ᠳᠤ ᠲᠥᠷᠥ᠂ ᠵᠠᠰᠠᠭ ᠠᠴᠠ ᠠᠩᠬᠠᠷᠤᠯ ᠲᠠᠯᠪᠢᠵᠤ 1988 ᠣᠨ ᠳᠤ ᠲᠤᠰᠬᠠᠢ ᠳᠤ ᠠᠪᠴᠤ ᠬᠡᠯᠡᠯᠴᠡᠨ 《ПДС ᠍ ᠍ ᠍ ᠦᠨ ᠲᠠᠯ᠎ᠠ ᠪᠠᠷ ᠠᠪᠬᠤ ᠠᠷᠭ᠎ᠠ ᠬᠡᠮᠵᠢᠶᠡᠨ ᠦ ᠲᠤᠬᠠᠢ》 ᠭᠡᠰᠡᠨ ᠲᠣᠭᠲᠠᠭᠠᠯ ᠭᠠᠷᠭᠠᠵᠤ ᠪᠠᠶᠢᠪᠠ᠃ ᠰᠤᠷᠭᠠᠭᠤᠯᠢ ᠶᠢᠨ ᠮᠠᠲ᠋ᠧᠷᠢᠶᠠᠯᠢᠭ ᠪᠠᠭᠠᠵᠢ ᠶᠢᠨ ᠬᠥᠭᠵᠢᠯᠳᠦ 1980 ᠣᠨ ᠤ ᠰᠡᠭᠦᠯᠴᠢ ᠪᠡᠷ ᠲᠡᠷᠡ ᠦᠶ᠎ᠡ ᠶᠢᠨ ᠦᠨᠡᠯᠡᠭᠡ ᠪᠡᠷ 15.6 ᠲᠥᠭᠥᠷᠢᠭ ᠦᠨ ᠥᠷᠲᠡᠭ ᠪᠦᠬᠦᠢ ᠬᠢᠴᠢᠶᠡᠯ ᠦᠨ ᠪᠠᠶᠢᠷᠢᠨ ᠤ ᠰᠢᠨ᠎ᠡ ᠥᠷᠭᠡᠳᠬᠡᠯ ᠠᠰᠢᠭᠯᠠᠯᠲᠠᠨ ᠳᠤ ᠣᠷᠣᠭᠰᠠᠨ ᠨᠢ ᠴᠢᠬᠤᠯᠠ ᠲᠦᠯᠬᠢᠴᠡ ᠪᠣᠯᠤᠭᠰᠠᠨ ᠶᠤᠮ᠃

ᠪᠦᠭᠦᠳᠡ ᠨᠠᠶᠢᠷᠠᠮᠳᠠᠬᠤ ᠮᠣᠩᠭᠣᠯ ᠠᠷᠠᠳ ᠤᠯᠤᠰ ᠍ ᠍ ᠍ ᠤᠨ ᠰᠠᠶᠢᠳ ᠨᠠᠷ ᠤᠨ ᠵᠥᠪᠯᠡᠯ ᠦᠨ 1990 ᠣᠨ ᠤ 154 ᠍ ᠍ ᠍ ᠳᠦᠭᠡᠷ ᠲᠣᠭᠲᠠᠭᠠᠯ ᠢᠶᠠᠷ ᠲᠤᠰ ᠰᠤᠷᠭᠠᠭᠤᠯᠢ ᠶᠢ ᠮᠣᠩᠭᠣᠯ ᠤᠯᠤᠰ ᠤᠨ ᠲᠧᠭᠨᠢᠭ ᠦᠨ ᠶᠡᠬᠡ ᠰᠤᠷᠭᠠᠭᠤᠯᠢ ᠪᠣᠯᠭᠠᠨ ᠵᠣᠬᠢᠶᠠᠨ ᠪᠠᠶᠢᠭᠤᠯᠤᠭᠰᠠᠨ ᠶᠤᠮ᠃ ПДС ᠨᠢ ᠶᠡᠬᠡ ᠰᠤᠷᠭᠠᠭᠤᠯᠢ ᠪᠣᠯᠵᠤ ᠵᠣᠬᠢᠶᠠᠨ ᠪᠠᠶᠢᠭᠤᠯᠤᠭᠳᠠᠬᠤ ᠶᠢᠨ ᠡᠮᠦᠨ᠎ᠡ 9 ᠹᠠᠺᠦᠶᠢᠯᠢᠲ᠋ᠧᠲ᠂ ᠮᠡᠷᠭᠡᠵᠢᠯ ᠦᠨ ᠪᠠ ᠦᠢᠯᠡᠴᠢᠯᠡᠬᠦ 31 ᠲᠡᠩᠬᠢᠮ᠂ 374 ᠫᠷᠣᠹᠧᠰᠰᠣᠷ ᠪᠠᠭᠰᠢ᠂ 3600 ᠭᠠᠷᠤᠢ ᠣᠶᠤᠲᠠᠨ ᠲᠠᠢ ᠳᠡᠭᠡᠳᠦ ᠰᠤᠷᠭᠠᠭᠤᠯᠢ ᠪᠠᠶᠢᠭᠰᠠᠨ ᠶᠤᠮ᠃ ᠫᠣᠯᠢᠲ᠋ᠧᠭᠨᠢᠭ ᠤᠨ ᠳᠡᠭᠡᠳᠦ ᠰᠤᠷᠭᠠᠭᠤᠯᠢ ᠨᠢ 1969-1990 ᠣᠨ ᠨᠤᠭᠤᠳ ᠲᠤ 12322 ᠢᠨᠵᠧᠨᠧᠷ ᠲᠧᠭᠨᠢᠭ᠂ ᠢᠨᠵᠧᠨᠧᠷ ᠡᠳ᠋ ᠍ ᠍ ᠍ ᠦᠨ ᠵᠠᠰᠠᠭ ᠤᠨ ᠮᠡᠷᠭᠡᠵᠢᠯᠲᠡᠨ ᠢ ᠡᠳᠦᠷ᠂ ᠣᠷᠣᠢ᠂ ᠡᠴᠢᠨ᠎ᠡ ᠰᠤᠷᠭᠠᠯᠲᠠ ᠪᠠᠷ ᠪᠡᠯᠡᠳᠬᠡᠨ ᠭᠠᠷᠭᠠᠭᠰᠠᠨ ᠲᠡᠦᠬᠡ ᠲᠡᠢ᠃

ᠵᠠᠬ᠎ᠠ ᠵᠡᠭᠡᠯᠢ ᠶᠢᠨ ᠨᠥᠬᠥᠴᠡᠯ ᠳᠦ ᠮᠣᠩᠭᠣᠯ ᠤᠨ ᠳᠡᠭᠡᠳᠦ ᠪᠣᠯᠪᠠᠰᠤᠷᠠᠯ ᠢ ᠥᠭᠡᠷᠡᠴᠢᠯєᠨ ᠰᠢᠨᠡᠳᠭᠡᠬᠦ ᠪᠣᠳᠣᠯᠭ᠎ᠠ ᠶᠢ ᠬᠡᠷᠡᠭᠵᠢᠭᠦᠯᠬᠦ᠂ ᠰᠤᠷᠭᠠᠯᠲᠠ ᠶᠢᠨ ᠳᠡᠪᠰᠢᠯᠲᠡᠲᠦ ᠲᠧᠭᠨᠣᠯᠣᠭᠢ ᠨᠡᠪᠲᠡᠷᠡᠭᠦᠯᠬᠦ ᠵᠣᠷᠢᠯᠭ᠎ᠠ ᠳᠡᠪᠰᠢᠭᠦᠯᠦᠭᠰᠡᠨ ᠡᠷᠭᠢᠯᠲᠡ ᠶᠢᠨ ᠦᠶ᠎ᠡ ᠲᠡᠢ ПДС ᠍ ᠍ ᠍ ᠢ ᠲᠧᠭᠨᠢᠭ ᠦᠨ ᠶᠡᠬᠡ ᠰᠤᠷᠭᠠᠭᠤᠯᠢ ᠪᠣᠯᠭᠠᠨ ᠥᠭᠡᠷᠡᠴᠢᠯᠡᠭᠰᠡᠨ ᠴᠠᠭ ᠬᠤᠭᠤᠴᠠᠭ᠎ᠠ ᠳᠠᠪᠬᠤᠴᠠᠭᠰᠠᠨ ᠶᠤᠮ᠃

ᠲᠧᠭᠨᠢᠭ ᠦᠨ ᠶᠡᠬᠡ ᠰᠤᠷᠭᠠᠭᠤᠯᠢ 1992 ᠣᠨ ᠳᠤ ᠥᠪᠡᠷ ᠦᠨ ᠪᠦᠲᠦᠴᠡ ᠳᠦ ᠥᠭᠡᠷᠡᠴᠢᠯᠡᠯᠲᠡ ᠬᠢᠵᠦ᠂ ᠹᠠᠺᠦᠶᠢᠯᠢᠲ᠋ᠧᠲ ᠤᠨ ᠵᠣᠬᠢᠶᠠᠨ ᠪᠠᠶᠢᠭᠤᠯᠤᠯᠲᠠ ᠠᠴᠠ ᠰᠤᠷᠭᠠᠭᠤᠯᠢ᠂ ᠲᠥᠪ ᠦᠳ ᠦᠨ ᠵᠣᠬᠢᠶᠠᠨ ᠪᠠᠶᠢᠭᠤᠯᠤᠯᠲᠠᠨ ᠳᠤ ᠰᠢᠯᠵᠢᠨ᠂ ᠲᠧᠭᠨᠢᠭ ᠦᠨ ᠶᠡᠬᠡ ᠰᠤᠷᠭᠠᠭᠤᠯᠢ ᠦᠨ ᠳᠡᠭᠡᠳᠦ ᠲᠦᠪᠰᠢᠨ ᠦ ᠤᠳᠤᠷᠢᠳᠤᠯᠭ᠎ᠠ ᠶᠢᠨ ᠲᠥᠪᠯᠡᠷᠡᠯ ᠢ ᠰᠠᠭᠠᠷᠠᠭᠤᠯᠬᠤ ᠪᠣᠳᠣᠯᠭ᠎ᠠ ᠶᠢ ᠬᠡᠷᠡᠭᠵᠢᠭᠦᠯᠵᠦ ᠡᠬᠢᠯᠡᠭᠰᠡᠨ ᠶᠤᠮ᠃

ᠰᠢᠨᠵᠢᠯᠡᠬᠦ ᠤᠬᠠᠭᠠᠨ᠂ ᠲᠧᠭᠨᠣᠯᠣᠭᠢ ᠶᠢᠨ ᠶᠡᠬᠡ ᠰᠤᠷᠭᠠᠭᠤᠯᠢ ᠦᠨ ᠪᠦᠷᠢᠯᠳᠦᠬᠦᠨ ᠳᠦ 8 ᠰᠤᠷᠭᠠᠭᠤᠯᠢ᠂ 2 ᠲᠥᠪ ᠲᠡᠢ᠂ ᠮᠡᠷᠭᠡᠵᠢᠯ ᠦᠨ ᠪᠠ ᠦᠢᠯᠡᠴᠢᠯᠡᠬᠦ 31 ᠲᠡᠩᠬᠢᠮ ᠲᠡᠢ ᠪᠠᠶᠢᠭᠰᠠᠨ ᠪᠣᠯ 1998-2006 ᠣᠨ ᠤ ᠬᠢᠴᠢᠶᠡᠯ ᠦᠨ ᠵᠢᠯ ᠦᠨ ᠪᠠᠶᠢᠳᠠᠯ ᠢᠶᠠᠷ ᠪᠦᠷᠢᠯᠳᠦᠬᠦᠨ 15 ᠰᠤᠷᠭᠠᠭᠤᠯᠢ᠂ (ᠡᠭᠦᠨ ᠡᠴᠡ ᠠᠶᠢᠮᠠᠭ ᠣᠷᠣᠨ ᠨᠤᠲᠤᠭ ᠲᠤ 3 ᠰᠠᠯᠪᠤᠷᠢ ᠰᠤᠷᠭᠠᠭᠤᠯᠢ), ᠡᠷᠳᠡᠮ ᠰᠢᠨᠵᠢᠯᠡᠭᠡᠨ ᠦ ᠬᠦᠷᠢᠶᠡᠯᠡᠩ᠂ 40 ᠭᠠᠷᠤᠢ ᠲᠡᠩᠬᠢᠮ ᠲᠡᠢ᠂ 646 ᠫᠷᠣᠹᠧᠰᠰᠣᠷ ᠪᠠᠭᠰᠢ ᠲᠠᠢ᠂ 21000 ᠭᠠᠷᠤᠢ ᠣᠶᠤᠲᠠᠨ ᠲᠠᠢ᠂ 3 ᠯᠢᠼᠧᠢ ᠰᠤᠷᠭᠠᠭᠤᠯᠢ ᠲᠠᠢ ᠲᠣᠮᠣᠬᠠᠨ ᠶᠡᠬᠡ ᠰᠤᠷᠭᠠᠭᠤᠯᠢ ᠪᠣᠯᠤᠨ ᠥᠷᠭᠡᠵᠢᠵᠦ᠂ ᠤᠯᠠᠮ ᠢᠶᠠᠷ ᠰᠢᠨᠵᠢᠯᠡᠬᠦ ᠤᠬᠠᠭᠠᠨ ᠰᠤᠷᠭᠠᠯᠲᠠ ᠦᠢᠯᠡᠳᠪᠦᠷᠢᠯᠡᠯ ᠦᠨ ᠲᠣᠮᠣ ᠴᠣᠭᠴᠠᠯᠠᠪᠤᠷᠢ ᠪᠣᠯᠤᠨ ᠬᠥᠭᠵᠢᠵᠦ ᠪᠠᠶᠢᠨ᠎ᠠ᠃

ᠪᠦᠷᠢᠯᠳᠦᠬᠦᠨ ᠰᠤᠷᠭᠠᠭᠤᠯᠢ ᠨᠤᠭᠤᠳ[ᠵᠠᠰᠠᠪᠤᠷᠢᠯᠠᠬᠤ | ᠺᠣᠳ᠋ ᠢᠶᠠᠷ ᠵᠠᠰᠠᠬᠣ]

ᠡᠬᠢ ᠰᠤᠷᠪᠤᠯᠵᠢ[ᠵᠠᠰᠠᠪᠤᠷᠢᠯᠠᠬᠤ | ᠺᠣᠳ᠋ ᠢᠶᠠᠷ ᠵᠠᠰᠠᠬᠣ]

ᠪᠢᠴᠢᠭᠡᠰᠦ