ᠮᠣᠩᠭᠣᠯ ᠤᠯᠤᠰ ᠤᠨ ᠲᠥᠷᠥ ᠶᠢᠨ ᠰᠦᠯᠳᠡ

ᠴᠢᠯᠦᠭᠡᠲᠦ ᠨᠡᠪᠲᠡᠷᠬᠡᠢ ᠲᠣᠯᠢ — ᠸᠢᠺᠢᠫᠧᠳᠢᠶ᠎ᠠ ᠠᠴᠠ
— «ᠮᠣᠩᠭᠣᠯ ᠤᠯᠤᠰ ᠤᠨ ᠰᠦᠯᠳᠡ» ᠭᠡᠳ ᠬᠣᠯᠪᠣᠭᠳᠠᠪᠠ —
ᠬᠠᠷᠠᠶᠢᠬᠤ: ᠤᠳᠤᠷᠢᠳᠬᠤ, ᠬᠠᠶᠢᠯᠲᠠ
ᠮᠣᠩᠭᠣᠯ ᠤᠯᠤᠰ ᠤᠨ ᠲᠥᠷᠥ ᠶᠢᠨ ᠰᠦᠯᠳᠡ (1992 ᠣᠨ ᠠᠴᠠ)

ᠮᠣᠩᠭᠣᠯ ᠤᠯᠤᠰ ᠤᠨ ᠲᠥᠷᠥ ᠶᠢᠨ ᠰᠦᠯᠳᠡ ᠨᠢ ᠺᠣᠮᠮᠤᠨᠢᠰ ᠲᠤ ᠵᠠᠰᠠᠭᠯᠠᠯ ᠤᠨᠠᠭᠰᠠᠨ ᠤ ᠳᠠᠷᠠᠭ᠎ᠠ 1992 ᠣᠨ ᠳᠤ ᠬᠡᠷᠡᠭᠯᠡᠭᠳᠡᠵᠦ ᠡᠬᠢᠯᠡᠭᠰᠡᠨ᠃

ᠮᠣᠩᠭᠣᠯ ᠤᠯᠤᠰ ᠤᠨ ᠲᠥᠷᠥ ᠶᠢᠨ ᠰᠦᠯᠳᠡ ᠨᠢ ᠠᠷᠢᠭᠤᠨ ᠴᠠᠭᠠᠨ ᠥᠩᠭᠡ ᠶᠢᠨ ᠪᠠᠳᠮ᠎ᠠ ᠴᠡᠴᠡᠭ ᠰᠠᠭᠤᠷᠢ ᠲᠠᠢ᠂ ᠲᠡᠭᠦᠰᠬᠡᠯ ᠦᠭᠡᠢ ᠦᠷᠭᠦᠯᠵᠢᠯᠡᠨ ᠳᠡᠯᠭᠡᠷᠡᠬᠦ ᠲᠦᠮᠡᠨ ᠨᠠᠰᠤᠨ ᠬᠡ ᠪᠡᠷ ᠬᠥᠪᠡᠭᠡᠯᠡᠭᠰᠡᠨ᠂ ᠮᠥᠩᠬᠡ ᠲᠩᠷᠢ ᠶᠢ ᠪᠡᠯᠭᠡᠳᠡᠭᠰᠡᠨ ᠳᠤᠤᠭᠠᠷᠭ ᠬᠥᠬᠡ ᠳᠡᠪᠢᠰᠬᠡᠷ ᠲᠡᠢ ᠪᠠᠶᠢᠨ᠎ᠠ᠃ ᠰᠦᠯᠳᠡᠨ ᠦ ᠲᠥᠪ ᠬᠡᠰᠡᠭ ᠲᠦ ᠮᠣᠩᠭᠣᠯ ᠤᠯᠤᠰ ᠤᠨ ᠲᠤᠰᠠᠭᠠᠷ ᠲᠣᠭᠲᠠᠨᠢᠯ᠂ ᠪᠦᠷᠢᠨ ᠡᠷᠬᠡᠲᠦ ᠪᠠᠶᠢᠳᠠᠯ᠂ ᠴᠣᠭ ᠬᠡᠶᠢᠮᠣᠷᠢ ᠶᠢ ᠢᠯᠡᠳᠬᠡᠭᠰᠡᠨ ᠠᠯᠲᠠᠨ ᠰᠣᠶᠣᠮᠪᠣ᠂ ᠡᠷᠳᠡᠨᠢ ᠶᠢᠨ ᠬᠦᠯᠢᠭ ᠢ ᠬᠣᠣᠰᠯᠠᠭᠤᠯᠤᠨ ᠳᠦᠷᠰᠦᠯᠡᠭᠰᠡᠨ ᠪᠠᠶᠢᠨ᠎ᠠ᠃ ᠰᠦᠯᠳᠡᠨ ᠦ ᠬᠦᠷᠢᠶᠡᠨ ᠦ ᠮᠠᠩᠨᠠᠢ ᠶᠢᠨ ᠬᠡᠰᠡᠭ ᠲᠦ ᠡᠷᠲᠡ᠂ ᠡᠳᠦᠭᠡ᠂ ᠢᠷᠡᠭᠡᠳᠦᠢ ᠭᠤᠷᠪᠠᠨ ᠴᠠᠭ ᠢ ᠪᠡᠯᠭᠡᠳᠡᠭᠰᠡᠨ ᠬᠦᠰᠡᠯ ᠢ ᠬᠠᠩᠭᠠᠭᠴᠢ ᠴᠢᠨᠳᠠᠮᠠᠨᠢ ᠡᠷᠳᠡᠨᠢ᠂ ᠳ᠋ᠣᠣ ᠳᠤ ᠬᠡᠰᠡᠭ ᠲᠦ ᠡᠬᠡ ᠭᠠᠵᠠᠷ ᠢ ᠲᠥᠯᠦᠭᠡᠯᠡᠭᠰᠡᠨ ᠨᠣᠭᠣᠭᠠᠨ ᠥᠩᠭᠡ ᠶᠢᠨ ᠠᠭᠤᠯᠠᠨ ᠬᠡ᠂ ᠠᠰᠢᠳᠠ ᠳᠡᠪᠵᠢᠬᠦ ᠶᠢᠨ ᠥᠯᠵᠡᠢ ᠬᠤᠲᠤᠭ ᠣᠷᠣᠰᠢᠭᠰᠠᠨ ᠬᠦᠷᠳ᠋ ᠍ ᠢ ᠲᠤᠰ ᠲᠤᠰ ᠳᠦᠷᠰᠦᠯᠡᠨ᠎ᠡ᠃ ᠬᠦᠷᠳ᠋ ᠍ ᠢ ᠬᠠᠳᠠᠭ ᠢᠶᠠᠷ ᠳᠡᠭᠡᠳᠦᠯᠡᠨ ᠰᠦᠯᠵᠢᠭᠰᠡᠨ ᠪᠠᠶᠢᠨ᠎ᠠ᠃ ᠮᠣᠩᠭᠣᠯ ᠤᠯᠤᠰ ᠤᠨ ᠲᠤᠰᠠᠭᠠᠷ ᠲᠣᠭᠲᠠᠨᠢᠯ᠂ ᠪᠦᠷᠢᠨ ᠡᠷᠬᠡᠲᠦ ᠪᠠᠶᠢᠳᠠᠯ ᠤᠨ ᠪᠡᠯᠭᠡ ᠲᠡᠮᠳᠡᠭ ᠨᠢ ᠲᠥᠷᠥ ᠶᠢᠨ ᠰᠦᠯᠳᠡ᠂ ᠲᠤᠭ ᠳᠠᠯᠪᠠᠭ᠎ᠠ᠂ ᠲᠠᠮᠠᠭ᠎ᠠ᠂ ᠳᠠᠭᠤᠯᠠᠯ ᠮᠥᠨ᠃ ᠲᠥᠷᠥ ᠶᠢᠨ ᠰᠦᠯᠳᠡ᠂ ᠲᠤᠭ ᠳᠠᠯᠪᠠᠭ᠎ᠠ᠂ ᠲᠠᠮᠠᠭ᠎ᠠ᠂ ᠳᠠᠭᠤᠯᠠᠯ ᠨᠢ ᠮᠣᠩᠭᠣᠯ ᠤᠨ ᠠᠷᠠᠳ ᠲᠦᠮᠡᠨ ᠦ ᠲᠡᠦᠬᠡᠨ ᠤᠯᠠᠮᠵᠢᠯᠠᠯ᠂ ᠬᠦᠰᠡᠯ ᠲᠡᠮᠡᠦᠯᠡᠯ᠂ ᠡᠪ ᠨᠢᠭᠡᠳᠦᠯ᠂ ᠰᠢᠳᠤᠷᠭᠤ ᠶᠣᠰᠣ᠂ ᠴᠦᠭ ᠬᠡᠶᠢᠮᠣᠷᠢ ᠶᠢ ᠢᠯᠡᠷᠬᠡᠶᠢᠯᠡᠨ᠎ᠡ᠃ 《 ᠬᠡᠮᠡᠨ ᠵᠢᠭᠠᠭᠰᠠᠨ ᠪᠠᠶᠢᠳᠠᠭ᠃

ᠬᠠᠭᠤᠴᠢᠨ ᠲᠥᠷᠥ ᠶᠢᠨ ᠰᠦᠯᠳᠡᠨ ᠨᠦᠭᠦᠳ[ᠵᠠᠰᠠᠪᠤᠷᠢᠯᠠᠬᠤ | ᠺᠣᠳ᠋ ᠢᠶᠠᠷ ᠵᠠᠰᠠᠬᠣ]

ᠮᠥᠨ ᠦᠵᠡᠬᠦ[ᠵᠠᠰᠠᠪᠤᠷᠢᠯᠠᠬᠤ | ᠺᠣᠳ᠋ ᠢᠶᠠᠷ ᠵᠠᠰᠠᠬᠣ]

ᠪᠢᠴᠢᠭᠡᠰᠦ