ᠮᠣᠩᠭᠣᠯ ᠳᠠᠬᠢ ᠳᠡᠯᠡᠬᠡᠢ ᠶᠢᠨ ᠥᠪ

ᠴᠢᠯᠦᠭᠡᠲᠦ ᠨᠡᠪᠲᠡᠷᠬᠡᠢ ᠲᠣᠯᠢ — ᠸᠢᠺᠢᠫᠧᠳᠢᠶ᠎ᠠ ᠠᠴᠠ
ᠬᠠᠷᠠᠶᠢᠬᠤ: ᠤᠳᠤᠷᠢᠳᠬᠤ, ᠬᠠᠶᠢᠯᠲᠠ

ᠮᠣᠩᠭᠣᠯ ᠤᠯᠤᠰ ᠲᠤ ᠳᠡᠯᠡᠬᠡᠢ ᠶᠢᠨ ᠥᠪ ᠲᠦ ᠪᠦᠷᠢᠳᠬᠡᠭᠳᠡᠭᠰᠡᠨ ᠣᠷᠬᠣᠨ ᠤ ᠬᠥᠨᠳᠡᠢ (ᠰᠤᠶᠤᠯ ᠤᠨ ᠥᠪ᠂ 2004) ᠂ ᠮᠣᠩᠭᠣᠯ ᠠᠯᠲᠠᠢ ᠶᠢᠨ ᠨᠢᠷᠤᠭᠤᠨ ᠤ ᠬᠠᠳᠠᠨ ᠤ ᠵᠢᠷᠤᠭ ᠤᠨ ᠴᠣᠭᠴᠠᠯᠠᠪᠤᠷᠢ (ᠰᠤᠶᠤᠯ ᠤᠨ ᠥᠪ᠂ 2011) ᠂ ᠤᠪᠰᠤ ᠨᠠᠭᠤᠷ ᠤᠨ ᠰᠠᠪᠠ (ᠪᠠᠶᠢᠭᠠᠯᠢ ᠶᠢᠨ ᠥᠪ᠂ 2003) ᠭᠡᠰᠡᠨ 3 ᠪᠠᠶᠢᠷᠢᠰᠢᠯ ᠪᠠᠶᠢᠳᠠᠭ᠃

ᠣᠷᠬᠣᠨ ᠤ ᠬᠥᠨᠳᠡᠢ ᠶᠢᠨ ᠰᠤᠶᠤᠯ ᠤᠨ ᠳᠤᠷᠠᠰᠬᠠᠯ[ᠵᠠᠰᠠᠪᠤᠷᠢᠯᠠᠬᠤ | ᠺᠣᠳ᠋ ᠢᠶᠠᠷ ᠵᠠᠰᠠᠬᠣ]

ᠣᠷᠬᠣᠨ ᠭᠣᠣᠯ

ᠣᠷᠬᠣᠨ ᠤ ᠬᠥᠨᠳᠡᠢ ᠶᠢᠨ ᠰᠤᠶᠤᠯ ᠤᠨ ᠳᠤᠷᠠᠰᠬᠠᠯ ᠨᠢ ᠤᠯᠠᠭᠠᠨᠪᠠᠭᠠᠲᠤᠷ ᠬᠣᠲᠠ ᠠᠴᠠ 360 ᠣᠷᠴᠢᠮ ᠺᠢᠯᠣᠮᠧᠲ᠋ᠷ ᠠᠯᠤᠰᠯᠠᠭᠳᠠᠭᠰᠠᠨ᠂ ᠮᠣᠩᠭᠣᠯ ᠤᠯᠤᠰ ᠍ ᠤᠨ ᠲᠥᠪ ᠬᠡᠰᠡᠭ ᠢᠶᠡᠷ ᠤᠷᠤᠰᠬᠤ ᠣᠷᠬᠣᠨ ᠭᠣᠣᠯ ᠍ ᠤᠨ ᠡᠷᠭᠢ ᠳᠠᠭᠠᠤ ᠰᠤᠨᠤᠨ ᠪᠠᠶᠢᠷᠢᠰᠢᠭᠰᠠᠨ ᠪᠠᠶᠢᠳᠠᠭ᠃ United Nations Educational Scientific and Cultural Organization 2004 ᠣᠨ ᠳᠤ 28 ᠍ ᠳᠦᠭᠡᠷ ᠴᠢᠭᠤᠯᠭᠠᠨ ᠢᠶᠠᠷ ᠢᠶᠠᠨ ᠡᠨᠡᠬᠦ ᠭᠠᠵᠠᠷ ᠢ ᠳᠡᠯᠡᠬᠡᠢ ᠶᠢᠨ ᠥᠪᠡᠶᠢᠨ ᠵᠢᠭ᠌ᠰᠠᠭᠠᠯᠳᠠ ᠳᠤ ᠪᠦᠷᠢᠳᠬᠡᠨ ᠠᠪᠤᠭᠰᠠᠨ᠃ ᠣᠷᠬᠣᠨ ᠭᠣᠣᠯ ᠤᠨ ᠬᠥᠨᠳᠡᠢ ᠨᠢ ᠲᠥᠪ ᠠᠽᠢᠶ᠎ᠠ ᠶᠢᠨ ᠬᠣᠶᠠᠷ ᠮᠢᠩᠭ᠎ᠠ ᠭᠠᠷᠤᠢ ᠵᠢᠯ ᠦᠨ ᠲᠤᠷᠰᠢ ᠨᠡᠭᠦᠳᠡᠯᠴᠢᠳ ᠦᠨ ᠰᠤᠶᠤᠯ ᠢᠷᠭᠡᠨᠰᠢᠯ ᠬᠡᠷᠬᠢᠨ ᠬᠤᠪᠢᠰᠤᠨ ᠥᠭᠡᠷᠡᠴᠢᠯᠡᠭᠳᠡᠵᠦ ᠪᠠᠶᠢᠭᠰᠠᠨ ᠢ ᠢᠯᠡᠳᠭᠡᠬᠦ ᠬᠣᠣᠰ ᠦᠭᠡᠢ ᠨᠠᠨᠳᠢᠨ ᠳᠤᠷᠠᠰᠬᠠᠯ ᠤᠳ ᠢ ᠠᠭᠤᠯᠠᠳᠠᠭ ᠪᠠᠶᠢᠨ᠎ᠠ᠃


ᠳᠡᠯᠡᠬᠡᠢ ᠶᠢᠨ ᠥᠪ ᠦᠨ II, III, IV ᠰᠢᠯᠭᠠᠭᠤᠷ ᠦᠳ ᠢ ᠬᠠᠩᠭᠠᠭᠰᠠᠨ ᠲᠤᠯᠠ 1081 ᠳ᠋ᠡᠬᠢ ᠪᠠᠶᠢᠷᠢᠰᠢᠯ ᠢᠶᠠᠷ ᠪᠦᠷᠢᠳᠬᠡᠨ᠂ ᠠᠽᠢᠶ᠎ᠠ-ᠨᠣᠮᠣᠬᠠᠨ ᠳᠠᠯᠠᠢ ᠶᠢᠨ ᠪᠥᠰᠡ ᠨᠤᠲᠤᠭ ᠤᠨ ᠥᠪ ᠲᠦ ᠣᠷᠣᠭᠤᠯᠤᠭᠰᠠᠨ ᠪᠠᠶᠢᠨ᠎ᠠ᠃


ᠣᠯᠠᠨ ᠵᠠᠭᠤᠨ ᠤ ᠲᠤᠷᠰᠢ ᠣᠷᠬᠣᠨ ᠮᠥᠷᠡᠨ ᠦ ᠬᠥᠨᠳᠡᠢ ᠨᠢ ᠲᠠᠯ᠎ᠠ ᠨᠤᠲᠤᠭ ᠤᠨ ᠨᠡᠭᠦᠳᠡᠯᠴᠢᠳ ᠦᠨ ᠬᠦᠴᠦᠷᠬᠡᠭ ᠡᠵᠡᠨᠲᠦ ᠤᠯᠤᠰ ᠤᠳ ᠤᠨ ᠲᠥᠪ ᠪᠣᠯᠤᠭᠰᠠᠭᠠᠷ ᠢᠷᠡᠵᠡᠢ᠃ ᠡᠭᠦᠨ ᠦ ᠬᠠᠮᠤᠭ ᠤᠨ ᠡᠷᠲᠡᠨ ᠦ ᠨᠣᠲᠠᠯᠠᠭ᠎ᠠ ᠨᠢ 8 ᠍ ᠳᠦᠭᠡᠷ ᠵᠠᠭᠤᠨ ᠤ ᠦᠶ᠎ᠡ ᠳᠦ ᠲᠣᠭᠲᠠᠨᠢᠵᠤ ᠪᠠᠶᠢᠭᠰᠠᠨ ᠬᠥᠬᠡ ᠲᠦᠷᠦᠭᠡᠶᠢᠨ ᠡᠵᠡᠨ ᠳᠦ ᠭᠦᠷᠦᠨ ᠦ ᠪᠢᠯᠢᠭᠡ ᠬᠠᠭᠠᠨ ᠳᠤ ᠵᠣᠷᠢᠭᠤᠯᠤᠭᠰᠠᠨ ᠷᠦᠨᠢ ᠪᠢᠴᠢᠭᠡᠰᠦ ᠪᠦᠬᠦᠢ ᠴᠢᠯᠠᠭᠤᠨ ᠬᠥᠰᠢᠶ᠎ᠡ ᠶᠤᠮ᠃ ᠤᠭ ᠬᠥᠰᠢᠭᠡᠨ ᠡᠴᠡ ᠬᠣᠶᠢᠰᠢ 25 ᠺᠢᠯᠣᠮᠧᠲ᠋ᠷ ᠵᠠᠢ ᠳᠤ ᠨᠡᠭᠦᠳᠡᠯᠴᠢᠳ ᠦᠨ ᠨᠡᠶᠢᠰᠯᠡᠯ ᠣᠷᠳᠣ ᠪᠠᠯᠭᠠᠰᠤ ᠶᠢᠨ ᠲᠤᠷ᠎ᠠ ᠪᠠᠶᠢᠳᠠᠭ᠃ ᠲᠦᠷᠦᠭ ᠦᠨ ᠤᠯᠤᠰ ᠤᠳ ᠤᠨ ᠦᠶ᠎ᠡ ᠳᠦ ᠣᠷᠬᠣᠨ ᠭᠣᠣᠯ ᠤᠨ ᠬᠥᠨᠳᠡᠶᠢᠳᠡ ᠤᠷᠤᠰᠢᠬᠤ ᠡᠲᠦᠭᠡᠨ ᠠᠭᠤᠯᠠ ᠰᠦᠰᠦᠭ ᠪᠢᠰᠢᠷᠡᠯ᠂ ᠤᠯᠤᠰ ᠲᠥᠷᠥ ᠶᠢᠨ ᠲᠥᠪ ᠪᠣᠯᠵᠤ ᠪᠠᠶᠢᠭᠰᠠᠨ ᠠᠵᠢ᠃ ᠬᠢᠳᠠᠨᠴᠤᠳ ᠤᠨ ᠨᠣᠶᠠᠷᠬᠠᠯ ᠤᠨ ᠦᠶ᠎ᠡ ᠳᠦ ᠲᠡᠳᠡᠨ ᠦ ᠰᠦᠷ ᠬᠦᠴᠦ ᠶᠢ ᠢᠯᠡᠳᠬᠡᠭᠰᠡᠨ 3 ᠬᠡᠯᠡ ᠪᠡᠷ ᠪᠢᠴᠢᠭᠳᠡᠭᠰᠡᠨ ᠣᠯᠠᠨ ᠲᠣᠭᠣᠨᠢ ᠴᠢᠯᠠᠭᠤᠨ ᠬᠥᠰᠢᠶ᠎ᠡ ᠨᠦᠭᠦᠳ ᠪᠤᠢ ᠪᠣᠯᠵᠠᠢ᠃

ᠣᠷᠬᠣᠨ ᠭᠣᠣᠯ ᠤᠨ ᠬᠥᠨᠳᠡᠶᠢᠳᠡ ᠳᠠᠷᠠᠭᠠᠬᠢ ᠳᠤᠷᠠᠰᠬᠠᠯ ᠤᠳ ᠪᠠᠶᠢᠳᠠᠭ᠃

  • 8 ᠍ ᠳᠦᠭᠡᠷ ᠵᠠᠭᠤᠨ ᠤ ᠡᠬᠢᠨ ᠦᠶ᠎ᠡ ᠳᠦ ᠬᠥᠬᠡ ᠲᠦᠷᠦᠭ ᠦᠨ ᠪᠢᠯᠢᠭᠡ ᠬᠠᠭᠠᠨᠺᠦᠶᠢᠯᠢ ᠲᠧᠭᠢᠨ ᠨᠠᠷ ᠲᠤ ᠵᠣᠷᠢᠭᠤᠯᠤᠨ ᠪᠣᠰᠬᠠᠭᠰᠠᠨ ᠣᠷᠬᠣᠨ ᠤ ᠪᠢᠴᠢᠭᠡᠰᠦ ᠪᠦᠬᠦᠢ ᠬᠥᠰᠢᠶ᠎ᠡ ᠨᠦᠭᠦᠳ᠃ ᠡᠳᠡᠭᠡᠷ ᠢ ᠣᠷᠣᠰ ᠤᠨ ᠠᠷᠬᠧᠣᠯᠣᠭᠢᠴᠢ ᠳᠤ 1889-1893 ᠣᠨ ᠤ ᠮᠠᠯᠲᠠᠯᠲᠠ ᠪᠠᠷ ᠢᠶᠠᠨ ᠨᠡᠭᠡᠭᠡᠭᠰᠡᠨ ᠪᠠᠶᠢᠨ᠎ᠠ᠃
  • ᠬᠠᠷ᠎ᠠ ᠪᠠᠯᠭᠠᠰᠤ ᠍ ᠤᠨ ᠲᠤᠷ᠎ᠠ᠃ 8 ᠍ ᠳᠦᠭᠡᠷ ᠵᠠᠭᠤᠨ ᠤ ᠦᠶ᠎ᠡ ᠶᠢᠨ ᠤᠶᠢᠭᠤᠷ ᠍ ᠤᠨ ᠡᠵᠡᠨᠲᠦ ᠤᠯᠤᠰ ᠤᠨ ᠨᠡᠶᠢᠰᠯᠡᠯ ᠬᠣᠲᠠ ᠨᠢ ᠣᠷᠳᠣᠨ᠂ ᠰᠦᠮ᠎ᠡ᠂ ᠳᠤᠭᠠᠩ᠂ ᠳᠡᠯᠭᠡᠭᠦᠷ ᠭᠡᠬᠦ ᠮᠡᠲᠦ ᠮᠠᠰᠢ ᠣᠯᠠᠨ ᠲᠣᠭᠠᠨ ᠤ ᠰᠦᠷᠯᠢᠭ ᠪᠠᠶᠢᠭᠤᠯᠤᠮᠵᠢ ᠨᠤᠭᠤᠳ ᠲᠠᠢ 50 ᠬᠠᠪᠲᠠᠭᠠᠢ ᠳᠥᠷᠪᠡᠯᠵᠢᠨ km ᠨᠤᠲᠤᠭ ᠳᠡᠪᠢᠰᠬᠡᠷ ᠢ ᠬᠠᠮᠤᠷᠤᠨ ᠣᠷᠣᠰᠢᠵᠤ ᠪᠠᠶᠢᠴᠠᠢ᠃
  • ᠮᠣᠩᠭᠣᠯ ᠤᠨ ᠡᠵᠡᠨᠲᠦ ᠭᠦᠷᠦᠨ ᠦ ᠨᠡᠶᠢᠰᠯᠡᠯ ᠬᠠᠷᠠᠬᠤᠷᠤᠮ ᠬᠣᠲᠠ ᠶᠢᠨ ᠲᠤᠭᠤᠷᠢ ᠤᠭ ᠬᠥᠨᠳᠡᠶᠢᠳᠡ ᠣᠷᠣᠰᠢᠳᠠᠭ᠃
  • ᠡᠷᠳᠡᠨᠢᠵᠤᠤ ᠬᠡᠶᠢᠳ. ᠮᠣᠩᠭᠣᠯ ᠣᠷᠣᠨ ᠳᠤ ᠲᠥᠪᠡᠳᠡᠶᠢᠨ ᠪᠤᠷᠬᠠᠨ ᠤ ᠱᠠᠰᠢᠨ ᠳᠡᠯᠭᠡᠷᠡᠭᠰᠡᠨ ᠦ ᠪᠡᠯᠭᠡᠳᠡᠯ᠂ ᠠᠩᠬᠠᠨ ᠤ ᠪᠤᠳ᠋ᠳ᠋ᠾᠠ ᠶᠢᠨ ᠰᠦᠮ᠎ᠡ᠃ ᠤᠭ ᠰᠦᠮ᠎ᠡ ᠶᠢᠨ ᠵᠠᠷᠢᠮ ᠬᠡᠰᠡᠭ ᠢ ᠺᠣᠮᠮᠤᠨᠢᠰ ᠲᠤ ᠳᠢᠭᠯᠢᠮ ᠦᠨ ᠦᠶ᠎ᠡ ᠳᠦ 1930-1940 ᠣᠨ ᠤ ᠣᠷᠴᠢᠮ ᠳᠤ ᠤᠰᠠᠳᠬᠠᠭᠰᠠᠨ ᠪᠠᠶᠢᠨ᠎ᠠ᠃
  • ᠲᠥᠪᠬᠡᠨ ᠬᠡᠶᠢᠳ. ᠳᠠᠶᠠᠩᠴᠢ ᠯᠠᠮᠠ ᠶᠢᠨ ᠠᠭᠤᠢ ᠪᠣᠯᠬᠤ ᠲᠥᠪᠬᠡᠨ ᠨᠢ ᠥᠪᠡᠷᠮᠢᠴᠡ᠂ ᠬᠣᠣᠰ ᠦᠭᠡᠢ ᠰᠦᠮ᠎ᠡ ᠶᠤᠮ᠃ ᠳᠠᠯᠠᠢ ᠶᠢᠨ ᠲᠦᠪᠰᠢᠨ ᠡᠴᠡ ᠳᠡᠭᠡᠭᠰᠢ 2600 ᠮᠧᠲ᠋ᠷ ᠡᠷᠭᠦᠭᠳᠡᠭᠰᠡᠨ ᠠᠭᠤᠯᠠ ᠶᠢᠨ ᠳᠡᠭᠡᠷ᠎ᠡ ᠤᠷᠤᠰᠢᠬᠤ ᠤᠭ ᠬᠡᠶᠢᠳ ᠢ ᠡᠪ ᠬᠠᠮᠳᠣ ᠳᠢᠭᠯᠢᠮ ᠦᠨ ᠦᠶ᠎ᠡ ᠳᠦ ᠨᠤᠷᠠᠭᠠᠭᠰᠠᠨ ᠪᠠᠶᠢᠨ᠎ᠠ᠃
  • ᠥᠭᠭᠦᠭᠡᠳᠦᠢ ᠬᠠᠭᠠᠨ ᠤ ᠠᠮᠢᠳᠤᠷᠠᠵᠤ ᠠᠰᠠᠨ 13-14 ᠍ ᠳᠦᠭᠡᠷ ᠵᠠᠭᠤᠨ ᠤ ᠦᠶ᠎ᠡ ᠶᠢᠨ ᠮᠣᠩᠭᠣᠯ ᠬᠠᠭᠠᠨ ᠤ ᠣᠷᠳᠣᠨ ᠤ ᠲᠤᠷ᠎ᠠ

ᠤᠪᠰᠤ ᠨᠠᠭᠤᠷ ᠤᠨ ᠰᠠᠪᠠ[ᠵᠠᠰᠠᠪᠤᠷᠢᠯᠠᠬᠤ | ᠺᠣᠳ᠋ ᠢᠶᠠᠷ ᠵᠠᠰᠠᠬᠣ]

ᠤᠪᠰᠤ ᠨᠠᠭᠤᠷ (ᠲᠤᠸᠠ ᠬᠡᠯᠡ ᠤᠪᠰᠤ-ᠨᠤᠷ, ᠠᠩᠭᠯᠢ ᠬᠡᠯᠡ Lake Uvs) ᠨᠢ ᠳᠠᠯᠠᠢ ᠶᠢᠨ ᠲᠦᠪᠰᠢᠨ ᠡᠴᠡ ᠳᠡᠭᠡᠭᠰᠢ 753 ᠮᠧᠲ᠋ᠷ ᠥᠨᠳᠥᠷ ᠤᠷᠤᠰᠢᠬᠤ᠂ 3350 ᠠᠮᠠ ᠳᠥᠷᠪᠡᠯᠵᠢᠨ ᠺᠢᠯᠣᠮᠧᠲ᠋ᠷ ᠨᠤᠲᠤᠭ ᠳᠡᠪᠢᠰᠬᠡᠷ ᠪᠦᠬᠦᠢ ᠮᠣᠩᠭᠣᠯ ᠤᠯᠤᠰ ᠍ ᠤᠨ ᠬᠠᠮᠤᠭ ᠤᠨ ᠲᠣᠮᠣ ᠨᠠᠭᠤᠷ ᠶᠤᠮ᠃ ᠨᠠᠭᠤᠷ ᠤᠨ ᠵᠡᠭᠦᠨ ᠬᠣᠶᠢᠳᠤ ᠬᠡᠰᠡᠭ ᠨᠢ ᠣᠷᠣᠰ ᠬᠣᠯᠪᠣᠭᠠᠨ ᠤ ᠤᠯᠤᠰ ᠍ ᠤᠨ ᠪᠦᠭᠦᠳᠡ ᠨᠠᠶᠢᠷᠠᠮᠳᠠᠬᠤ ᠲᠤᠸᠠ ᠤᠯᠤᠰᠠᠳᠠ ᠬᠠᠮᠢᠶᠠᠷᠤᠭᠳᠠᠳᠠᠭ᠃ ᠲᠤᠰ ᠰᠠᠪᠠ ᠭᠠᠵᠠᠷ ᠤᠨ ᠬᠠᠮᠤᠭ ᠤᠨ ᠲᠣᠮᠣ ᠬᠣᠲᠠ ᠨᠢ ᠤᠯᠠᠭᠠᠨᠠᠭᠠᠮ ᠶᠤᠮ᠃ ᠤᠪᠰᠤ ᠨᠠᠭᠤᠷ ᠨᠢᠣᠯᠠᠨ ᠰᠠᠶ᠎ᠠ ᠵᠢᠯ ᠦᠨ ᠡᠮᠦᠨᠡᠬᠢ ᠠᠪᠤᠷᠭᠤ ᠲᠣᠮᠣ ᠲᠡᠩᠭᠢᠰ ᠦᠨ ᠦᠯᠡᠳᠡᠭᠳᠡᠯ ᠪᠥᠭᠡᠳ ᠶᠡᠬᠡᠬᠡᠨ ᠳᠠᠪᠤᠰᠤᠷᠬᠠᠭ᠂ ᠭᠦᠶᠦᠬᠡᠨ ᠤᠰᠤ ᠲᠠᠢ ᠪᠠᠶᠢᠳᠠᠭ᠃


ᠳᠡᠯᠡᠬᠡᠢ ᠶᠢᠨ ᠥᠪ ᠦᠨ IX, X ᠰᠢᠯᠭᠠᠭᠤᠷ ᠦᠳ ᠢ ᠬᠠᠩᠭᠠᠭᠰᠠᠨ ᠲᠤᠯᠠ 27 ᠍ ᠳᠦᠭᠡᠷ ᠴᠢᠭᠤᠯᠭᠠᠨ ᠢᠶᠠᠷ 769 ᠳ᠋ᠡᠬᠢ ᠪᠠᠶᠢᠷᠢᠰᠢᠯ ᠢᠶᠠᠷ ᠪᠦᠷᠢᠳᠬᠡᠨ᠂ ᠧᠦ᠋ᠷᠣᠫᠠ᠂ ᠤᠮᠠᠷᠠᠳᠤ ᠠᠮᠧᠷᠢᠺᠠ ᠶᠢᠨ ᠪᠥᠰᠡ ᠨᠤᠲᠤᠭ ᠤᠨ ᠪᠠᠶᠢᠭᠠᠯᠢ ᠶᠢᠨ ᠴᠣᠭᠴᠠᠯᠠᠪᠤᠷᠢ ᠥᠪ ᠲᠦ ᠣᠷᠣᠭᠤᠯᠤᠭᠰᠠᠨ ᠪᠠᠶᠢᠨ᠎ᠠ᠃


ᠤᠪᠰᠤ ᠨᠠᠭᠤᠷ ᠤᠨ ᠰᠠᠪᠠ ᠭᠠᠵᠠᠷ᠃ ᠬᠢᠮᠡᠯ ᠳᠠᠭᠠᠭᠤᠯᠢ ᠠᠴᠠ ᠠᠪᠤᠭᠰᠠᠨ ᠵᠢᠷᠤᠭ

ᠤᠪᠰᠤ ᠨᠠᠭᠤᠷ ᠨᠢ ᠧᠦ᠋ᠷᠠᠽᠢ ᠍ ᠶᠢᠨ ᠲᠠᠯ᠎ᠠ ᠨᠤᠲᠤᠭ ᠤᠨ ᠪᠠᠶᠢᠭᠠᠯᠢ ᠶᠢᠨ ᠤᠨᠠᠭᠠᠨ ᠲᠥᠷᠬᠥ ᠶᠢ ᠬᠠᠮᠤᠭ ᠤᠨ ᠰᠠᠶᠢᠨ ᠬᠠᠳᠠᠭᠠᠯᠠᠨ ᠦᠯᠡᠳᠡᠭᠡᠭᠰᠡᠨ 700,000 ᠬᠠᠪᠲᠠᠭᠠᠢ ᠳᠥᠷᠪᠡᠯᠵᠢᠨ ᠺᠢᠯᠣᠮᠧᠲ᠋ᠷ ᠨᠤᠲᠤᠭ ᠢ ᠬᠠᠮᠤᠷᠬᠤ ᠤᠪᠰᠤ ᠨᠠᠭᠤᠷ ᠤᠨ ᠰᠠᠪᠠ ᠭᠠᠵᠠᠷ ᠤᠨ ᠲᠥᠪ ᠨᠢ ᠪᠢᠯᠡ᠃ ᠡᠨᠳᠡ ᠳᠡᠯᠡᠬᠡᠢ ᠶᠢᠨ ᠬᠠᠮᠤᠭ ᠤᠨ ᠬᠣᠶᠢᠳᠤ ᠵᠠᠬ᠎ᠠ ᠶᠢᠨ ᠴᠥᠯ᠂ ᠬᠠᠮᠤᠭ ᠤᠨ ᠡᠮᠦᠨᠡᠲᠦ ᠵᠠᠬ᠎ᠠ ᠶᠢᠨ ᠲᠦᠨᠳ᠋ᠷ ᠣᠷᠣᠰᠢᠳᠠᠭ᠃ ᠤᠪᠰᠤ ᠨᠠᠭᠤᠷ ᠤᠨ ᠰᠠᠪᠠ ᠳᠤ ᠣᠯᠠᠨ ᠵᠢᠵᠢᠭ ᠨᠠᠭᠤᠷ ᠤᠳ ᠪᠠᠭᠲᠠᠳᠠᠭ ᠪᠠ ᠲᠡᠳᠡᠭᠡᠷ ᠦᠨ ᠨᠢᠭᠡ ᠪᠣᠯᠬᠤ ᠡᠭᠦᠷᠭᠡ ᠨᠠᠭᠤᠷ ᠨᠢ ᠳᠠᠯᠠᠢ ᠶᠢᠨ ᠲᠦᠪᠰᠢᠨ ᠡᠴᠡ ᠳᠡᠭᠡᠭᠰᠢ 1450 ᠮᠧᠲ᠋ᠷ ᠥᠨᠳᠥᠷ ᠲᠦ ᠣᠷᠣᠰᠢᠳᠠᠭ᠃ ᠡᠨᠡ ᠨᠠᠭᠤᠷ ᠤᠳ ᠨᠢ ᠲᠥᠪ ᠠᠽᠢᠶ᠎ᠠ ᠶᠢᠨ ᠭᠠᠳᠠᠭᠰᠢ ᠪᠠᠨ ᠤᠷᠤᠰᠬᠠᠯ ᠦᠭᠡᠢ ᠨᠠᠭᠤᠷ ᠤᠳ ᠪᠥᠭᠡᠳ ᠤᠰᠤᠨ ᠤ ᠰᠢᠪᠠᠭᠤ ᠳᠤ ᠤᠨ ᠨᠡᠭᠦᠳᠡᠯ ᠦᠨ ᠮᠠᠰᠢ ᠴᠢᠬᠤᠯᠠ ᠨᠤᠲᠤᠭ ᠪᠣᠯᠳᠠᠭ ᠪᠠᠶᠢᠨ᠎ᠠ᠃ ᠲᠤᠰ ᠰᠠᠪᠠ ᠭᠠᠵᠠᠷ ᠨᠢ ᠰᠢᠪᠸᠷᠢᠶ ᠠ ᠪᠣᠯᠤᠨ ᠲᠥᠪ ᠠᠽᠢᠶ᠎ᠠ ᠶᠢᠨ ᠭᠧᠣ ᠠᠭᠤᠷ ᠠᠮᠢᠰᠬᠤᠯ ᠢ ᠬᠣᠭᠣᠷᠣᠨᠳᠣ ᠨᠢ ᠵᠠᠭᠠᠭᠯᠠᠬᠤ ᠬᠢᠯᠢ ᠬᠢᠵᠠᠭᠠᠷ ᠪᠣᠯᠳᠠᠭ ᠪᠥᠭᠡᠳ ᠵᠤᠨ ᠳᠤ ᠪᠠᠨ ᠠᠭᠠᠷ ᠤᠨ ᠲᠣᠯᠠᠭᠠᠨ ᠤ ᠬᠡᠮᠵᠢᠶ᠎ᠡ 47 ᠬᠡᠮ ᠬᠦᠷᠡᠳᠡᠭ ᠪᠣᠯ ᠡᠪᠦᠯ ᠳᠦ ᠪᠡᠨ -58 ᠬᠡᠮ ᠬᠦᠷᠡᠳᠡᠭ ᠪᠠᠶᠢᠨ᠎ᠠ᠃ ᠡᠶᠢᠮᠦ ᠬᠠᠲᠠᠭᠤ ᠰᠢᠷᠦᠭᠦᠨ ᠠᠭᠤᠷ ᠠᠮᠢᠰᠬᠤᠯ ᠲᠠᠢ ᠴᠤ 173 ᠵᠦᠢᠯ ᠰᠢᠪᠠᠭᠤ᠂ ᠳᠡᠯᠡᠬᠡᠢ ᠳᠠᠬᠢᠨ ᠢᠶᠠᠨ ᠮᠠᠰᠢ ᠬᠣᠪᠣᠷᠳᠠᠭᠰᠠᠨ ᠴᠠᠰᠤᠨ ᠤ ᠢᠷᠪᠢᠰᠠᠷᠭᠠᠯᠢᠶᠠᠩᠭᠢᠷ ᠲᠡᠷᠢᠭᠦᠲᠡᠢ 41 ᠵᠦᠢᠯ ᠬᠥᠬᠥᠲᠡᠨ ᠠᠮᠢᠲᠠᠨ ᠤ ᠠᠮᠢᠳᠤᠷᠠᠬᠤ ᠣᠷᠴᠢᠨ ᠪᠣᠯᠳᠠᠭ᠃ ᠤᠪᠰᠤ ᠨᠠᠭᠤᠷ ᠤᠨ ᠰᠠᠪᠠ ᠳᠤ ᠬᠦᠮᠦᠨ ᠠᠮᠠ ᠶᠢᠨ ᠨᠢᠭᠲᠠᠰᠢᠯ ᠪᠠᠭ᠎ᠠ᠂ ᠠᠵᠤ ᠦᠢᠯᠡᠳᠪᠦᠷᠢ ᠶᠢᠨ ᠰᠠᠯᠪᠤᠷᠢ ᠬᠥᠭᠵᠢᠭᠡ ᠦᠭᠡᠢ᠂ ᠣᠷᠣᠰᠢᠨ ᠰᠠᠭᠤᠭᠴᠢᠳ ᠨᠢ ᠡᠷᠲᠡᠨ ᠦ ᠤᠯᠠᠮᠵᠢᠯᠠᠯᠲᠤ ᠨᠡᠭᠦᠳᠡᠯ ᠦᠨ ᠠᠬᠤᠢ ᠶᠢ ᠪᠠᠨ ᠥᠨᠥ ᠶᠢ ᠬᠦᠷᠲᠡᠯ᠎ᠡ ᠣᠷᠬᠢᠭ᠎ᠠ ᠦᠭᠡᠢ ᠪᠠᠶᠢᠭ᠎ᠠ ᠨᠢ ᠲᠤᠰ ᠪᠥᠰᠡ ᠶᠢᠨ ᠡᠺᠣᠰᠢᠰᠲ᠋ᠧᠮ ᠣᠩᠭᠣᠨ ᠲᠥᠷᠬᠥ ᠪᠡᠨ ᠬᠠᠳᠠᠭᠠᠯᠠᠨ ᠦᠯᠡᠳᠡᠬᠦ ᠳᠦ ᠴᠢᠬᠤᠯᠠ ᠨᠥᠯᠥᠭᠡ ᠦᠵᠡᠭᠦᠯᠦᠭᠰᠡᠨ ᠪᠠᠶᠢᠨ᠎ᠠ᠃ 2003 ᠣᠨ ᠳᠤ United Nations Educational Scientific and Cultural Organization ᠍ ᠠᠴᠠ ᠤᠪᠰᠤ ᠨᠠᠭᠤᠷ ᠤᠨ ᠰᠠᠪᠠ ᠭᠠᠵᠠᠷ ᠢ ᠳᠡᠯᠡᠬᠡᠢ ᠶᠢᠨ ᠥᠪ ᠳᠤ ᠪᠦᠷᠢᠳᠬᠡᠨ ᠠᠪᠤᠭᠰᠠᠨ ᠪᠠᠶᠢᠨ᠎ᠠ᠃ ᠡᠨᠡ ᠰᠠᠪᠠ ᠭᠠᠵᠠᠷ ᠤᠨ ᠲᠠᠯ᠎ᠠ ᠪᠠᠷ ᠴᠣᠬᠣᠨ ᠲᠡᠮᠳᠡᠭᠯᠡᠬᠦ ᠳᠦ ᠪᠡᠨ 《…ᠲᠥᠪ ᠠᠽᠢᠶ᠎ᠠ ᠶᠢᠨ ᠬᠠᠮᠤᠭ ᠤᠨ ᠲᠣᠮᠣ ᠬᠥᠨᠳᠡᠭᠳᠡᠭᠡ ᠦᠭᠡᠢ ᠤᠰᠤᠨ ᠤ ᠬᠠᠭᠠᠯᠪᠤᠷᠢ᠂ ᠳᠡᠯᠡᠬᠡᠢ ᠶᠢᠨ ᠲᠡᠦᠬᠡᠨ ᠳᠦ ᠲᠣᠳᠣ ᠤᠯᠠ ᠮᠥᠷ ᠦᠯᠡᠳᠡᠭᠡᠭᠰᠡᠨ ᠨᠡᠭᠦᠳᠡᠯᠴᠢᠳ ᠾᠦᠩᠨᠦᠲᠦᠷᠦᠭᠰᠺᠢᠹᠡᠭᠦᠳᠡ ᠶᠢᠨ ᠠᠭᠤᠭᠤᠯ ᠨᠤᠲᠤᠭ ᠪᠣᠯᠬᠤ ᠤᠪᠰᠤ ᠨᠠᠭᠤᠷ ᠤᠨ ᠰᠠᠪᠠ ᠨᠢ ᠪᠠᠶᠢᠭᠠᠯᠢ ᠶᠢᠨ ᠦᠵᠡᠮᠵᠢ ᠲᠡᠭᠦᠰ ᠡᠴᠡ ᠭᠠᠳᠠᠨ᠎ᠠ 40000 ᠭᠠᠷᠤᠢ ᠠᠷᠬᠧᠣᠯᠣᠭᠢ ᠶᠢᠨ ᠳᠤᠷᠠᠰᠬᠠᠯ ᠤᠳ ᠢ ᠠᠭᠤᠯᠠᠳᠠᠭ ᠪᠢᠯᠡ…》 ᠭᠡᠰᠡᠨ ᠪᠠᠶᠢᠨ᠎ᠠ᠃

ᠮᠣᠩᠭᠣᠯ ᠠᠯᠲᠠᠢ ᠶᠢᠨ ᠨᠢᠷᠤᠭᠤᠨ ᠤ ᠬᠠᠳᠠᠨ ᠤ ᠵᠢᠷᠤᠭ ᠤᠨ ᠴᠣᠭᠴᠠᠯᠠᠪᠤᠷᠢ[ᠵᠠᠰᠠᠪᠤᠷᠢᠯᠠᠬᠤ | ᠺᠣᠳ᠋ ᠢᠶᠠᠷ ᠵᠠᠰᠠᠬᠣ]

ᠯᠠᠪᠯᠠᠬᠤ[ᠵᠠᠰᠠᠪᠤᠷᠢᠯᠠᠬᠤ | ᠺᠣᠳ᠋ ᠢᠶᠠᠷ ᠵᠠᠰᠠᠬᠣ]

ᠭᠠᠳᠠᠭᠠᠳᠤ ᠬᠣᠯᠪᠣᠭᠠᠰᠤ ᠨᠤᠭᠤᠳ[ᠵᠠᠰᠠᠪᠤᠷᠢᠯᠠᠬᠤ | ᠺᠣᠳ᠋ ᠢᠶᠠᠷ ᠵᠠᠰᠠᠬᠣ]

ᠪᠢᠴᠢᠭᠡᠰᠦ