ᠮᠣᠩᠭᠣᠯ ᠴᠡᠷᠢᠭ

ᠴᠢᠯᠦᠭᠡᠲᠦ ᠨᠡᠪᠲᠡᠷᠬᠡᠢ ᠲᠣᠯᠢ — ᠸᠢᠺᠢᠫᠧᠳᠢᠶ᠎ᠠ ᠠᠴᠠ
ᠬᠠᠷᠠᠶᠢᠬᠤ: ᠤᠳᠤᠷᠢᠳᠬᠤ, ᠬᠠᠶᠢᠯᠲᠠ

ᠳᠤᠮᠳᠠᠳᠤ ᠵᠠᠭᠤᠨ ᠤ ᠦᠶ᠎ᠡ ᠳᠦ ᠪᠠᠶᠢᠭᠰᠠᠨ ᠮᠣᠩᠭᠣᠯ ᠤᠨ ᠮᠣᠷᠢᠲᠤ ᠴᠡᠷᠢᠭ ᠶᠤᠮ᠃ ᠠᠭᠤᠭᠤᠯ ᠮᠣᠷᠢᠲᠤ ᠴᠡᠷᠢᠭ ᠨᠢ ᠠᠷᠪᠠᠲᠤ ᠶᠢᠨ ᠰᠢᠰᠲ᠋ᠧᠮ ᠢᠶᠡᠷ ᠵᠣᠬᠢᠶᠠᠨ ᠪᠠᠶᠢᠭᠤᠯᠤᠭᠳᠠᠳᠠᠭ ᠪᠥᠭᠡᠳ ᠳᠣᠲᠣᠷ᠎ᠠ ᠪᠠᠨ ᠵᠡᠪᠰᠡᠭᠯᠡᠯ ᠦᠨ ᠪᠠᠶᠢᠳᠠᠯ ᠠᠴᠠ ᠪᠠᠨ ᠪᠣᠯᠤᠭᠠᠳ ᠬᠦᠨᠳᠦ ᠪᠠ ᠬᠥᠩᠭᠡᠨ ᠮᠣᠷᠢᠲᠤ ᠴᠡᠷᠢᠭ ᠪᠣᠯᠵᠤ ᠬᠤᠪᠢᠶᠠᠭᠳᠠᠳᠠᠭ ᠪᠠᠶᠢᠴᠠᠢ᠃ ᠮᠣᠩᠭᠣᠯ ᠴᠡᠷᠢᠭ ᠦᠨ ᠢᠯᠠᠯᠲᠠ ᠬᠢᠵᠦ ᠴᠢᠳᠠᠳᠠᠭ ᠴᠢᠳᠠᠪᠤᠷᠢ ᠨᠢ ᠴᠡᠷᠢᠭ ᠦᠨ ᠵᠠᠬᠢᠷᠤᠭᠴᠢ ᠨᠠᠷ ᠤᠨ ᠲᠤᠭᠠᠷ ᠪᠣᠯᠤᠨ ᠳᠠᠭᠤᠤ ᠳᠤ ᠳᠣᠬᠢᠶ᠎ᠠ ᠪᠠᠷ ᠥᠭᠭᠦᠭᠰᠡᠨ ᠳᠠᠭᠤᠲᠤ ᠳᠣᠬᠢᠶᠠᠨ ᠤ ᠳᠠᠭᠠᠤ ᠳᠠᠪᠰᠢᠬᠤ᠂ ᠤᠬᠤᠷᠢᠬᠤ ᠲᠤᠯᠤᠯᠳᠤᠭᠠᠨ ᠢ ᠬᠢᠳᠡᠭ ᠪᠥᠭᠡᠳ ᠵᠠᠬᠢᠷᠤᠭᠴᠢ ᠪᠠᠨ ᠬᠠᠮᠠᠭᠠᠯᠠᠵᠤ ᠬᠠᠮᠲᠤᠷᠠᠨ ᠠᠷᠪᠠᠲᠤ᠂ ᠵᠠᠭᠤᠲᠤ ᠳᠣᠲᠣᠷ᠎ᠠ ᠪᠠᠨ ᠠᠯᠠᠭᠠᠳᠠᠭᠰᠠᠨ , ᠰᠢᠷᠬᠠᠲᠤᠭᠰᠠᠨ ᠴᠡᠷᠢᠭ ᠢᠶᠡᠨ ᠳᠠᠶᠢᠰᠤᠨ ᠤ ᠭᠠᠷ ᠲᠤ ᠦᠯᠡᠳᠡᠭᠡᠯ ᠦᠭᠡᠢ ᠠᠪᠴᠤ ᠭᠠᠷᠳᠠᠭ ᠪᠠᠶᠢᠴᠠᠢ᠃ ᠲᠤᠯᠤᠯᠳᠤᠭᠠᠨ ᠤ ᠦᠶ᠎ᠡ ᠳᠦ ᠨᠥᠬᠥᠷ ᠲᠦ ᠪᠡᠨ ᠲᠤᠰᠠᠯᠠᠮᠵᠢ ᠦᠵᠡᠭᠦᠯᠦᠭᠡ ᠦᠭᠡᠢ ᠴᠡᠷᠢᠭ ᠲᠦ ᠬᠠᠲᠠᠭᠤ ᠰᠢᠳᠬᠡᠯ ᠦᠵᠡᠭᠦᠯᠳᠡᠭ ᠪᠠᠶᠢᠭᠰᠠᠨ ᠪᠠᠶᠢᠨ᠎ᠠ᠃ ᠡᠨᠡ ᠪᠦᠬᠦᠨ ᠨᠢ ᠮᠣᠩᠭᠣᠯ ᠤᠨ ᠴᠡᠷᠢᠭ ᠲᠦ ᠬᠠᠲᠠᠭᠤ ᠰᠠᠬᠢᠯᠭ᠎ᠠ ᠪᠠᠷᠢᠵᠤ ᠪᠠᠶᠢᠭᠰᠠᠨ ᠪᠥᠭᠡᠳ ᠲᠤᠯᠤᠯᠳᠤᠭᠠᠨ ᠤ ᠦᠶ᠎ᠡ ᠳᠦ ᠪᠡᠶ᠎ᠡ ᠪᠡᠶ᠎ᠡ ᠪᠡᠨ ᠲᠤᠰᠯᠠᠨ ᠳᠡᠮᠵᠢᠵᠦ ᠲᠤᠯᠤᠯᠳᠤᠬᠤ ᠶᠣᠰᠣᠲᠠᠢ ᠭᠡᠳᠡᠭ ᠢ ᠴᠡᠷᠢᠭ ᠦᠨ ᠵᠢᠷᠤᠮ ᠢᠶᠠᠷ ᠣᠶᠢᠯᠠᠭᠠᠭᠤᠯᠵᠤ ᠴᠢᠳᠠᠭᠰᠠᠨ ᠪᠠᠶᠢᠴᠠᠢ᠃ ᠮᠣᠩᠭᠣᠯ ᠴᠡᠷᠢᠭ ᠦᠨ ᠲᠤᠯᠤᠯᠳᠤᠬᠤ ᠴᠢᠳᠠᠪᠤᠷᠢ ᠨᠢ ᠲᠥᠷᠥᠬᠦ ᠡᠴᠡ ᠡᠬᠢᠯᠡᠨ ᠰᠤᠷᠠᠭᠰᠠᠨ ᠮᠣᠷᠢ ᠤᠨᠠᠬᠤ᠂ ᠨᠤᠮᠤ ᠰᠤᠮᠤ ᠬᠠᠷᠪᠤᠬᠤ ᠴᠢᠳᠠᠪᠤᠷᠢᠲᠦᠠᠢ ᠪᠠᠶᠢᠭᠰᠠᠨ ᠲᠡᠳᠦᠢ ᠦᠭᠡᠢ ᠬᠠᠮᠲᠤ ᠣᠯᠠᠨ ᠢᠶᠠᠷ ᠢᠶᠠᠨ ᠪᠠᠶᠢᠯᠳᠤᠬᠤ ᠨᠢᠭᠡ ᠨᠢ ᠨᠥᠭᠥᠭᠡ ᠳᠦ ᠪᠡᠨ ᠲᠤᠰᠠᠯᠠᠬᠤ ᠴᠢᠳᠠᠪᠤᠷᠢ ᠲᠠᠢ ᠪᠠᠶᠢᠭᠰᠠᠨ ᠳᠤ ᠭᠣᠣᠯ ᠨᠢ ᠣᠷᠣᠰᠢᠵᠤ ᠪᠠᠶᠢᠴᠠᠢ᠃ ᠮᠣᠩᠭᠣᠯ ᠴᠡᠷᠢᠭ ᠨᠢ ᠲᠤᠯᠤᠯᠳᠤᠭᠠᠨ ᠤ ᠦᠶ᠎ᠡ ᠳᠦ ᠬᠦᠨᠳᠦ ᠪᠠᠶᠢᠳᠠᠯ ᠳᠤ ᠣᠷᠣᠭᠰᠠᠨ ᠴᠤ ᠵᠢᠷᠦᠬᠡ ᠰᠢᠨᠲᠠᠷᠠᠯ ᠦᠭᠡᠢ ᠡᠴᠦᠰ ᠦᠨ ᠬᠦᠴᠦ ᠪᠡᠨ ᠰᠢᠪᠬᠠᠨ ᠲᠤᠯᠤᠯᠳᠤᠵᠤ ᠴᠢᠳᠠᠳᠠᠭ ᠪᠠᠶᠢᠭᠰᠠᠨ ᠰᠢᠯᠲᠠᠭᠠᠨ ᠨᠢ ᠮᠣᠩᠭᠣᠯ ᠴᠡᠷᠢᠭ ᠨᠥᠬᠥᠳ ᠨᠢ ᠲᠡᠭᠦᠨ ᠳᠦ ᠲᠤᠰᠠᠯᠠᠮᠵᠢ ᠦᠵᠡᠭᠦᠯᠦᠨ᠎ᠡ ᠭᠡᠳᠡᠭ ᠢᠲᠡᠭᠡᠯ ᠲᠡᠢ ᠪᠠᠶᠢᠳᠠᠭ ᠪᠠᠶᠢᠭᠰᠠᠨ ᠲᠡᠳᠦᠢ ᠦᠭᠡᠢ ᠮᠥᠩᠬᠡ ᠲᠩᠷᠢ ᠶᠢᠨ ᠬᠦᠴᠦᠩᠳᠡ ᠢᠲᠡᠭᠡᠳᠡᠭ ᠪᠠᠶᠢᠭᠰᠠᠨ ᠲᠠᠢ ᠰᠢᠭᠤᠳ ᠬᠣᠯᠪᠣᠭ᠎ᠠ ᠲᠠᠢ ᠶᠤᠮ᠃

ᠪᠢᠴᠢᠭᠡᠰᠦ