ᠯᠣᠷᠧᠨᠼ ᠦᠨᠳᠦᠰᠦᠨ ᠦ ᠬᠦᠷᠢᠶᠡᠯᠡᠩ

ᠴᠢᠯᠦᠭᠡᠲᠦ ᠨᠡᠪᠲᠡᠷᠬᠡᠢ ᠲᠣᠯᠢ — ᠸᠢᠺᠢᠫᠧᠳᠢᠶ᠎ᠠ ᠠᠴᠠ
ᠬᠠᠷᠠᠶᠢᠬᠤ: ᠤᠳᠤᠷᠢᠳᠬᠤ, ᠬᠠᠶᠢᠯᠲᠠ
ᠯᠣᠷᠧᠨᠼ ᠦᠨᠳᠦᠰᠦᠨ ᠦ ᠬᠦᠷᠢᠶᠡᠯᠡᠩ*
United Nations Educational Scientific and Cultural Organization ᠍ ᠶᠢᠨ ᠳᠡᠯᠡᠬᠡᠢ ᠶᠢᠨ ᠥᠪ

LorentzNP-Freeport.jpg
ᠪᠠᠶᠢᠷᠢᠰᠢᠯ
ᠲᠥᠷᠥᠯ ᠪᠠᠶᠢᠭᠠᠯᠢ ᠶᠢᠨ
ᠰᠢᠯᠭᠠᠭᠤᠷ viii, ix, x
ᠳ᠋ᠤᠭᠠᠷ 955
ᠪᠥᠰᠡ** ᠠᠽᠢᠶ᠎ᠠ᠂ ᠠᠦᠢᠰᠲ᠋ᠷᠯᠢᠶ᠎ᠠ ᠪᠠ ᠳᠠᠯᠠᠢ ᠶᠢᠨ ᠣᠷᠣᠨ ᠨᠤᠭᠤᠳ ᠳᠠᠬᠢ ᠳᠡᠯᠡᠬᠡᠢ ᠶᠢᠨ ᠥᠪ ᠦᠳ
ᠪᠦᠷᠢᠳᠬᠡᠭᠰᠡᠨ ᠲᠡᠦᠬᠡ
ᠪᠦᠷᠢᠳᠬᠡᠭᠰᠡᠨ 1999  (23 ᠍ ᠳᠦᠭᠡᠷ ᠴᠢᠭᠤᠯᠭᠠᠨ)
* ᠨᠡᠷ᠎ᠡ ᠨᠢ ᠳᠡᠯᠡᠬᠡᠢ ᠶᠢᠨ ᠥᠪ ᠦᠨ ᠵᠢᠭ᠌ᠰᠠᠭᠠᠯᠳᠠ ᠳᠤ ᠪᠦᠷᠢᠳᠬᠡᠭᠳᠡᠭᠰᠡᠨ ᠦ ᠳᠠᠭᠠᠤ᠃
** ᠪᠥᠰᠡ ᠨᠢ United Nations Educational Scientific and Cultural Organization ᠍ ᠦᠨ ᠲᠣᠭᠲᠠᠭᠠᠭᠰᠠᠨ ᠤ ᠳᠠᠭᠠᠤ᠃

ᠯᠣᠷᠧᠨᠼ ᠦᠨᠳᠦᠰᠦᠨ ᠦ ᠬᠦᠷᠢᠶᠡᠯᠡᠩ ᠨᠢ ᠢᠨᠳᠦ᠋ᠨᠢᠱᠢᠶ ᠠᠡᠶᠢᠨ ᠫᠠᠫᠦᠠ ᠮᠤᠵᠢᠢᠳᠡ ᠤᠷᠤᠰᠢᠬᠤ ᠪᠥᠭᠡᠳ ᠬᠠᠭᠤᠴᠢᠨ ᠢᠶᠠᠷ ᠢᠷᠢᠨ ᠵᠠᠶᠠ ᠬᠡᠮᠡᠨ ᠨᠡᠷᠡᠯᠡᠭᠳᠡᠳᠡᠭ ᠪᠠᠶᠢᠭᠰᠠᠨ ᠰᠢᠨ᠎ᠡ ᠭᠸᠨᠢᠶ ᠠᠨ ᠪᠠᠷᠠᠭᠤᠨ ᠬᠠᠭᠠᠰ ᠲᠤ ᠣᠷᠣᠰᠢᠳᠠᠭ᠃ 25056 ᠺᠦᠸᠠᠳ᠋ ᠺᠢᠯᠣᠮᠧᠲ᠋ᠷ ᠨᠤᠲᠤᠭ ᠳᠡᠪᠢᠰᠬᠡᠷ ᠲᠡᠢ ᠤᠭ ᠬᠦᠷᠢᠶᠡᠯᠡᠩ ᠨᠢ ᠵᠡᠭᠦᠨ ᠡᠮᠦᠨᠡᠲᠦ ᠠᠽᠢᠶ᠎ᠠ ᠍ ᠶᠢᠨ ᠬᠠᠮᠤᠭ ᠤᠨ ᠲᠣᠮᠣ ᠦᠨᠳᠦᠰᠦᠨ ᠦ ᠬᠦᠷᠢᠶᠡᠯᠡᠩ ᠶᠤᠮ᠃ 1999 ᠣᠨ ᠳᠤ United Nations Educational Scientific and Cultural Organization ᠤᠭ ᠬᠦᠷᠢᠶᠡᠯᠡᠩ ᠢ ᠳᠡᠯᠡᠬᠡᠢ ᠶᠢᠨ ᠥᠪ ᠭᠡᠵᠦ ᠲᠡᠮᠳᠡᠭᠯᠡᠭᠰᠡᠨ ᠪᠠᠶᠢᠨ᠎ᠠ᠃ ᠰᠢᠨ᠎ᠡ ᠭᠸᠨᠢᠶ ᠠ ᠶᠢᠨ ᠪᠢᠣᠯᠣᠭᠢ ᠶᠢᠨ ᠲᠥᠷᠥᠯ ᠵᠦᠢᠯᠡᠶᠢᠨ ᠭᠠᠶᠢᠬᠠᠯᠲᠠᠢ ᠪᠠᠶᠠᠯᠢᠭ ᠰᠠᠩ ᠪᠦᠬᠦᠢ ᠤᠭ ᠬᠦᠷᠢᠶᠡᠯᠡᠩ ᠨᠢ ᠳᠡᠯᠡᠬᠡᠢ ᠶᠢᠨ ᠬᠠᠮᠤᠭ ᠤᠨ ᠣᠯᠠᠨ ᠲᠥᠷᠥᠯ ᠵᠦᠢᠯ ᠦᠨ ᠠᠮᠢᠲᠠᠨᠤᠷᠭᠤᠮᠠᠯ ᠠᠭᠤᠯᠠᠭᠰᠠᠨ ᠦᠨᠳᠦᠰᠦᠨ ᠦ ᠬᠦᠷᠢᠶᠡᠯᠡᠩᠭᠡ ᠨᠦᠭᠦᠳ ᠦᠨ ᠨᠢᠭᠡ ᠶᠠᠭᠤᠮ᠎ᠠ᠃ ᠠᠽᠢᠶ᠎ᠠ-ᠨᠣᠮᠣᠬᠠᠨ ᠳᠠᠯᠠᠢᠨ ᠪᠥᠰᠡ ᠨᠤᠲᠤᠭ ᠤᠨ ᠡᠺᠣᠰᠢᠰᠲ᠋ᠧᠮᠡᠶᠢᠨ ᠮᠠᠰᠢ ᠣᠯᠠᠨ ᠬᠡᠯᠪᠡᠷᠢ ᠶᠢ ᠥᠪᠡᠷᠲᠡᠭᠡᠨ ᠠᠭᠤᠯᠠᠭᠰᠠᠨ ᠪᠠᠶᠢᠳᠠᠭ ᠢᠶᠠᠷ ᠢᠶᠠᠨ ᠶᠡᠬᠡᠬᠡᠨ ᠠᠴᠢ ᠬᠣᠯᠪᠣᠭᠳᠠᠯ ᠲᠠᠢ᠃ ᠳᠠᠯᠠᠢ ᠶᠢᠨ ᠲᠦᠪᠰᠢᠨ ᠡᠴᠡ ᠳᠡᠭᠡᠭᠰᠢ 4884 ᠮ ᠡᠷᠭᠦᠭᠳᠡᠭᠰᠡᠨ ᠫᠦᠨᠺᠠᠺ ᠵᠠᠶᠠ ᠤᠤᠯ ᠨᠢ ᠭᠢᠮᠠᠯᠢᠶ ᠠ ᠪᠣᠯᠤᠨ ᠠᠨᠳᠠ ᠶᠢᠨ ᠨᠢᠷᠤᠭᠤᠨ ᠤ ᠬᠣᠭᠣᠷᠣᠨᠳᠣ ᠤᠷᠤᠰᠢᠬᠤ ᠬᠠᠮᠤᠭ ᠤᠨ ᠥᠨᠳᠥᠷ ᠣᠷᠭᠢᠯ ᠶᠤᠮ᠃ ᠡᠨᠳᠡᠬᠢ ᠶᠢᠨ ᠠᠭᠤᠭᠤᠯ ᠤᠷᠭᠤᠮᠠᠯ᠂ ᠠᠮᠢᠲᠠᠨ ᠤ ᠲᠥᠷᠥᠯ ᠵᠦᠢᠯ ᠦᠨ ᠰᠤᠳᠤᠯᠭ᠎ᠠ ᠥᠨᠥ ᠶᠢ ᠬᠦᠷᠲᠡᠯ᠎ᠡ ᠪᠦᠷᠢᠨ ᠭᠦᠢᠴᠡᠳ ᠬᠢᠭᠳᠡᠭᠡ ᠦᠭᠡᠢ ᠪᠠᠶᠢᠨ᠎ᠠ᠃ 1909-1910 ᠣᠨ ᠤ ᠬᠣᠭᠣᠷᠣᠨᠳᠣ ᠤᠭ ᠪᠥᠰᠡ ᠨᠤᠲᠤᠭ ᠲᠤ ᠠᠶᠠᠯᠠᠯ ᠬᠢᠵᠦ᠂ ᠳᠡᠯᠡᠬᠡᠢ ᠨᠡᠶᠢᠲᠡ ᠳᠦ ᠵᠠᠷᠯᠠᠭᠰᠠᠨ ᠬᠣᠯᠠᠨᠳ᠋ ᠍ ᠤᠨ ᠠᠶᠠᠯᠠᠭᠴᠢ ᠬᠧᠨᠳ᠋ᠷᠢᠺᠦ᠋ᠰ ᠠᠯᠪᠧᠷᠲ᠋ᠤᠶᠢᠰ ᠯᠣᠷᠧᠨᠼᠡᠶᠢᠨ ᠨᠡᠷ᠎ᠡ ᠪᠡᠷ ᠤᠭ ᠬᠦᠷᠢᠶᠡᠯᠡᠩ ᠢ ᠨᠡᠷᠡᠯᠡᠭᠰᠡᠨ ᠪᠠᠶᠢᠳᠠᠭ᠃

ᠭᠠᠳᠠᠭᠠᠳᠤ ᠬᠣᠯᠪᠣᠭᠠᠰᠤ ᠨᠤᠭᠤᠳ[ᠵᠠᠰᠠᠪᠤᠷᠢᠯᠠᠬᠤ | ᠺᠣᠳ᠋ ᠢᠶᠠᠷ ᠵᠠᠰᠠᠬᠣ]

ᠪᠢᠴᠢᠭᠡᠰᠦ