ᠰᠣᠩᠭᠣᠳᠠᠭ ᠡᠳ᠋ ᠍ ᠦᠨ ᠵᠠᠰᠠᠭ ᠤᠨ ᠤᠬᠠᠭᠠᠨ

ᠴᠢᠯᠦᠭᠡᠲᠦ ᠨᠡᠪᠲᠡᠷᠬᠡᠢ ᠲᠣᠯᠢ — ᠸᠢᠺᠢᠫᠧᠳᠢᠶ᠎ᠠ ᠠᠴᠠ
ᠬᠠᠷᠠᠶᠢᠬᠤ: ᠤᠳᠤᠷᠢᠳᠬᠤ, ᠬᠠᠶᠢᠯᠲᠠ

ᠰᠣᠩᠭᠣᠳᠠᠭ ᠡᠳ᠋ ᠍ ᠦᠨ ᠵᠠᠰᠠᠭ ᠤᠨ ᠤᠬᠠᠭᠠᠨ ᠨᠢ ᠡᠳ᠋ ᠍ ᠦᠨ ᠵᠠᠰᠠᠭ ᠤᠨ ᠤᠬᠠᠭᠠᠨ ᠤ ᠠᠩᠬᠠᠨ ᠤ ᠬᠡᠯᠪᠡᠷᠢ ᠶᠤᠮ᠃

ᠦᠨᠳᠦᠰᠦᠯᠡᠭᠴᠢᠳ ᠨᠢ ᠰᠺᠣᠲ᠋ᠯᠠᠨᠳ᠋ ᠍ ᠤᠨ ᠡᠳ᠋ ᠍ ᠦᠨ ᠵᠠᠰᠠᠭᠴᠢ ᠹᠢᠯᠣᠰᠣᠹᠢᠴᠢ ᠠᠳᠠᠮ ᠰᠮᠢᠲ (1723-1790), ᠠᠩᠭᠯᠢ ᠶᠢᠨ ᠡᠳ᠋ ᠍ ᠦᠨ ᠵᠠᠰᠠᠭᠴᠢ ᠳᠠᠪᠢᠳᠠ ᠷᠢᠺᠠᠷᠳᠠ (1772-1823) ᠨᠠᠷᠠ ᠶᠤᠮ᠃ ᠲᠡᠳᠡᠨ ᠦ ᠪᠤᠢ ᠪᠣᠯᠭᠠᠭᠰᠠᠨ ᠣᠨᠣᠯ ᠨᠢ ᠡᠳ᠋ ᠍ ᠦᠨ ᠵᠠᠰᠠᠭ ᠤᠨ ᠰᠠᠭᠤᠷᠢ ᠤᠬᠠᠭᠠᠨ ᠤ ᠦᠨᠳᠦᠰᠦ ᠰᠠᠭᠤᠷᠢ ᠪᠣᠯᠵᠤ ᠥᠭᠭᠦᠭᠰᠡᠨ ᠤᠴᠢᠷ ᠠᠴᠠ ᠰᠣᠩᠭᠣᠳᠠᠭ ᠣᠨᠣᠯᠴᠢᠳ ᠬᠡᠮᠡᠨ ᠨᠡᠷᠡᠯᠳᠡᠭ ᠠᠵᠡᠢ᠃

ᠠᠳᠠᠮ ᠰᠮᠢᠲ ᠨᠢ 《ᠬᠥᠳᠡᠯᠮᠦᠷᠢ ᠶᠢᠨ ᠬᠤᠪᠢᠶᠠᠷᠢ ᠶᠢᠨ ᠨᠥᠬᠥᠴᠡᠯ ᠳᠦ ᠬᠦᠮᠦᠰ ᠵᠥᠪᠬᠡᠨ ᠬᠤᠪᠢ ᠤᠨ ᠠᠰᠢᠭ ᠬᠣᠵᠢᠶ᠎ᠠ ᠬᠠᠶᠢᠵᠤ ᠠᠵᠤ ᠠᠬᠤᠢ ᠶᠢᠨ ᠬᠠᠷᠢᠯᠴᠠᠭᠠᠨ ᠳᠤ ᠣᠷᠣᠳᠠᠭ᠃ ᠬᠦᠮᠦᠨ ᠪᠣᠯᠭᠠᠨ ᠤ ᠡᠶᠢᠮᠦ ᠦᠢᠯᠡ ᠠᠵᠢᠯᠯᠠᠭ᠎ᠠ ᠨᠢ ᠡᠴᠦᠰ ᠦᠨ ᠳᠦᠩ ᠳᠦ ᠪᠡᠨ ᠨᠡᠶᠢᠭᠡᠮ ᠤᠨ ᠪᠠᠶᠠᠯᠢᠭ ᠢ ᠪᠦᠲᠦᠭᠡᠵᠦ ᠠᠷᠪᠢᠵᠢᠭᠤᠯᠳᠠᠭ》 ᠬᠡᠮᠡᠨ ᠲᠠᠶᠢᠯᠪᠤᠷᠢᠯᠠᠵᠤ ᠪᠠᠶᠢᠪᠠ᠃

ᠬᠦᠮᠦᠰ ᠦᠨ ᠠᠰᠢᠭ ᠬᠣᠨᠵᠢᠶ᠎ᠠ ᠤᠯᠬᠤ ᠭᠡᠰᠡᠨ ᠠᠵᠤ ᠠᠬᠤᠢ ᠶᠢᠨ ᠦᠢᠯᠡ ᠠᠵᠢᠯᠯᠠᠭ᠎ᠠ ᠨᠢ ᠲᠡᠳᠡᠨ ᠡᠴᠡ ᠦᠯᠦ ᠰᠢᠯᠲᠠᠭᠠᠯᠠᠬᠤ ᠪᠣᠳᠠᠲᠤ ᠬᠠᠤᠯᠢ ᠪᠠᠷ ᠵᠣᠬᠢᠴᠠᠭᠤᠯᠤᠭᠳᠠᠵᠤ ᠪᠠᠶᠢᠳᠠᠭ ᠪᠠ ᠲᠡᠷᠡ ᠪᠡᠷ ᠡᠭᠦᠨ ᠦ ᠪᠡᠨ ᠦᠯᠦ ᠦᠵᠡᠭᠳᠡᠭᠴᠢ ᠭᠠᠷ ᠍ ᠤᠨ ᠵᠣᠬᠢᠴᠠᠭᠤᠯᠤᠯᠲᠠ ᠭᠡᠵᠦ ᠨᠡᠷᠡᠯᠡᠵᠡᠢ᠃ᠡᠭᠦᠨ ᠳᠡᠭᠡᠷ᠎ᠡ ᠪᠡᠨ ᠦᠨᠳᠦᠰᠦᠯᠡᠨ ᠡᠳ᠋ ᠍ ᠦᠨ ᠵᠠᠰᠠᠭ ᠢ ᠠᠯᠢ ᠪᠣᠯᠬᠤ ᠴᠢᠯᠦᠭᠡᠲᠡᠢ ᠪᠠᠶᠢᠯᠭᠠᠬᠤ᠂ᠵᠠᠬ᠎ᠠ ᠵᠡᠭᠡᠯᠢ ᠶᠢᠨ ᠴᠢᠯᠦᠭᠡᠲᠦ ᠥᠷᠢᠰᠦᠯᠳᠦᠭᠡᠨ᠂ ᠴᠢᠯᠦᠭᠡᠲᠦ ᠦᠨ᠎ᠡ ᠶᠢᠨ ᠮᠧᠬᠠᠨᠢᠰᠮ ᠳᠤ ᠶᠠᠮᠠᠷ ᠨᠢᠭᠡᠨ ᠬᠢᠵᠠᠭᠠᠷᠯᠠᠯᠲᠠ ᠶᠢ ᠵᠠᠰᠠᠭ᠂ᠲᠥᠷᠥ ᠶᠢᠨ ᠵᠦᠭ ᠡᠴᠡ ᠬᠢᠬᠦ ᠦᠭᠡᠢ ᠪᠠᠶᠢᠬᠤ ᠶᠣᠰᠣᠲᠠᠢ ᠭᠡᠳ ᠬᠡᠷᠪᠡ ᠢᠩᠭᠢᠵᠦ ᠴᠢᠳᠠᠪᠠᠯ ᠡᠳ᠋ ᠍ ᠦᠨ ᠵᠠᠰᠠᠭ ᠢ ᠵᠢᠮ᠎ᠠ ᠶᠣᠰᠣᠨ ᠤ ᠬᠢ ᠨᠢ ᠵᠢᠷᠤᠮᠠᠨ ᠳᠤ ᠣᠷᠣᠭᠤᠯᠵᠤ᠂ᠦᠷ᠎ᠡ ᠥᠭᠭᠦᠭᠡᠴᠢ ᠲᠡᠢ ᠪᠣᠯᠭᠠᠨ᠎ᠠ ᠭᠡᠳᠡᠭ ᠢ ᠠᠩᠬᠠᠷᠠᠭᠤᠯᠵᠤ ᠪᠠᠶᠢᠪᠠ᠃

ᠰᠮᠢᠲ ᠦᠨ ᠡᠳᠡᠭᠡᠷ ᠦᠵᠡᠯ ᠪᠠᠷᠢᠮᠲᠠᠯᠠᠯ᠂ᠦᠨᠳᠦᠰᠦᠨ ᠰᠠᠨᠠᠭ᠎ᠠ ᠨᠤᠭᠤᠳ ᠨᠢ ᠠᠷᠠᠳ ᠲᠦᠮᠡᠨ ᠦ ᠪᠠᠶᠠᠯᠢᠭ ᠤᠨ ᠮᠥᠨ ᠴᠢᠨᠠᠷ ᠪᠠ ᠰᠢᠯᠲᠠᠭᠠᠨ ᠤ ᠲᠤᠬᠠᠢ ᠰᠤᠳᠤᠯᠭ᠎ᠠ (1776) ᠭᠡᠳᠡᠭ ᠠᠯᠳᠠᠷᠲᠤ ᠪᠦᠲᠦᠭᠡᠯ ᠳᠦ ᠨᠢ ᠲᠤᠰᠬᠠᠭᠳᠠᠨ ᠦᠯᠡᠳᠡᠵᠡᠢ᠃ᠲᠡᠷᠡ ᠪᠡᠷ ᠠᠷᠠᠯᠵᠢᠶᠠᠨ ᠤ ᠥᠷᠲᠡᠭ᠂ ᠬᠡᠷᠡᠭᠴᠡᠭᠡᠨ ᠦ ᠥᠷᠲᠡᠭ ᠭᠡᠳᠡᠭ ᠢ ᠠᠩᠬ᠎ᠠ ᠤᠳᠠᠭ᠎ᠠ ᠲᠣᠳᠣᠷᠬᠠᠶᠢᠯᠠᠵᠤ᠂ ᠡᠨᠡ ᠦᠨᠳᠦᠰᠦᠨ ᠳᠡᠭᠡᠷ᠎ᠡ ᠪᠣᠳᠠᠲᠤ ᠪᠤᠶᠤ ᠵᠢᠩᠬᠢᠨᠢ ᠦᠨ᠎ᠡ᠂ ᠵᠠᠬ᠎ᠠ ᠵᠡᠭᠡᠯᠢ ᠶᠢᠨ ᠦᠨ᠎ᠡ ᠶᠢᠨ ᠲᠤᠬᠠᠢ ᠰᠠᠨᠠᠭ᠎ᠠ ᠶᠢ ᠳᠡᠪᠰᠢᠭᠦᠯᠦᠭᠰᠡᠨ ᠪᠠᠶᠢᠨ᠎ᠠ᠃ ᠠᠳᠠᠮ ᠰᠮᠢᠲ ᠦᠨ ᠦᠵᠡᠯ ᠰᠠᠨᠠᠭ᠎ᠠ ᠶᠢ ᠰᠢᠭᠤᠳ ᠵᠠᠯᠭᠠᠮᠵᠢᠯᠠᠨ ᠭᠠᠷᠴᠤ ᠢᠷᠡᠭᠰᠡᠨ ᠬᠦᠮᠦᠨ ᠪᠣᠯ ᠳᠠᠪᠢᠳᠠ ᠷᠢᠺᠠᠷᠳᠠ ᠪᠠᠶᠢᠪᠠ᠃ ᠲᠡᠷᠡ ᠪᠡᠷ ᠰᠮᠢᠲ ᠦᠨ ᠥᠷᠲᠡᠭ ᠦᠨ ᠬᠥᠳᠡᠯᠮᠦᠷᠢ ᠶᠢᠨ ᠣᠨᠣᠯ ᠢ ᠬᠠᠲᠠᠭᠤ ᠪᠠᠷᠢᠮᠲᠠᠯᠠᠨ ᠲᠤᠶᠢᠯ ᠤᠨ ᠥᠷᠲᠡᠭ ᠭᠡᠰᠡᠨ ᠣᠶᠢᠯᠠᠭᠠᠯᠲᠠ ᠶᠢ ᠪᠤᠢ ᠪᠣᠯᠭᠠᠭᠰᠠᠨ᠂ ᠮᠥᠨ ᠭᠠᠳᠠᠭᠠᠳᠤ ᠬᠤᠳᠠᠯᠳᠤᠭ᠎ᠠ ᠶᠢ ᠭᠦᠨᠵᠡᠭᠡᠶᠢᠷᠡᠭᠦᠯᠦᠨ ᠰᠤᠳᠤᠯᠵᠤ ᠬᠠᠷᠢᠴᠠᠩᠭᠤᠢ ᠳᠠᠪᠠᠭᠤ ᠲᠠᠯ᠎ᠠ ᠶᠢᠨ ᠣᠨᠣᠯ ᠢᠶᠠᠨ ᠪᠣᠯᠪᠠᠰᠤᠷᠠᠭᠤᠯᠵᠠᠢ᠃

ᠪᠢᠴᠢᠭᠡᠰᠦ