ᠰᠣᠳᠨᠠᠮ ᠤᠨ ᠳᠠᠮᠳᠢᠨᠪᠠᠽᠠᠷ

ᠴᠢᠯᠦᠭᠡᠲᠦ ᠨᠡᠪᠲᠡᠷᠬᠡᠢ ᠲᠣᠯᠢ — ᠸᠢᠺᠢᠫᠧᠳᠢᠶ᠎ᠠ ᠠᠴᠠ
ᠬᠠᠷᠠᠶᠢᠬᠤ: ᠤᠳᠤᠷᠢᠳᠬᠤ, ᠬᠠᠶᠢᠯᠲᠠ
ᠰᠣᠳᠨᠠᠮ ᠤᠨ ᠳᠠᠮᠳᠢᠨᠪᠠᠽᠠᠷ

ᠰᠣᠳᠨᠠᠮ ᠤᠨ ᠳᠠᠮᠳᠢᠨᠪᠠᠽᠠᠷ (1874 - 1923 ᠣᠨ ᠤ 6 ᠰᠠᠷ᠎ᠠ ᠶᠢᠨ 23) ᠨᠢ ᠮᠣᠩᠭᠣᠯ ᠤᠯᠤᠰ ᠍ ᠤᠨ ᠲᠤᠰᠠᠭᠠᠷᠯᠠᠬᠤ ᠬᠥᠳᠡᠯᠭᠡᠭᠡᠨ ᠳᠦ ᠴᠢᠬᠤᠯᠠ ᠡᠭᠦᠷᠭᠡ ᠭᠦᠢᠴᠡᠳᠭᠡᠭᠰᠡᠨ᠂ ᠲᠠᠪᠤ ᠳᠠᠬᠢ ᠶᠡᠷᠦᠩᠬᠡᠢ ᠰᠠᠶᠢᠳ ᠨᠢ ᠪᠠᠶᠢᠪᠠ᠃ ᠲᠡᠭᠦᠨ ᠢ ᠮᠥᠨ ᠪᠠᠷᠠᠨ ᠤᠩᠭᠧᠷᠨᠢᠢ ᠵᠠᠰᠠᠭ ᠤᠨ ᠭᠠᠵᠠᠷ ᠳᠣᠣᠷ᠎ᠠ ᠶᠡᠷᠦᠩᠬᠡᠢ ᠰᠠᠶᠢᠳ ᠪᠠᠶᠢᠭᠰᠠᠨ ᠭᠡᠳᠡᠭ ᠪᠣᠯᠪᠠᠴᠤ ᠵᠠᠷᠢᠮ ᠡᠬᠡ ᠰᠤᠷᠪᠤᠯᠵᠢ ᠨᠤᠭᠤᠳ ᠳᠣᠲᠣᠭᠠᠳᠤ ᠶᠠᠪᠤᠳᠠᠯ ᠤᠨ ᠰᠠᠶᠢᠳ ᠪᠠᠶᠢᠭᠰᠠᠨ ᠬᠡᠮᠡᠨ ᠵᠢᠭᠠᠭᠠᠳᠠᠭ᠃

ᠵᠢᠯᠠᠬᠠᠨᠵᠠ ᠬᠤᠲᠤᠭᠲᠤ ᠰᠣᠳᠨᠠᠮ ᠤᠨ ᠳᠠᠮᠳᠢᠨᠪᠠᠽᠠᠷ ᠨᠢ 1874 ᠣᠨ ᠳᠤ ᠵᠠᠰᠠᠭᠲᠤ ᠬᠠᠨ ᠠᠶᠢᠮᠠᠭ ᠤᠨ ᠴᠣᠭᠲᠤ ᠭᠦᠨ ᠦ ᠬᠣᠰᠢᠭᠤ ᠪᠤᠶᠤ ᠣᠳᠣ ᠶᠢᠨ ᠵᠠᠪᠬᠠᠨ ᠠᠶᠢᠮᠠᠭ ᠤᠨ ᠨᠥᠮᠥᠷᠭᠡ ᠰᠤᠮᠤ ᠍ ᠤᠨ ᠨᠤᠲᠤᠭ ᠲᠤ ᠲᠥᠷᠦᠵᠢᠭᠡ᠃

ᠪᠠᠷᠠᠨ ᠤᠩᠭᠧᠷᠨ ᠹᠣᠨ ᠱᠲ᠋ᠧᠷᠨᠪᠧᠺᠭᠡᠶᠢᠨ ᠠᠽᠢᠶ᠎ᠠ ᠶᠢᠨ ᠮᠣᠷᠢᠨ ᠳ᠋ᠢᠸᠢᠽ ᠨᠡᠶᠢᠰᠯᠡᠯ ᠬᠦᠷᠢᠶ᠎ᠡ ᠶᠢ ᠭᠠᠮᠢᠨᠭᠠ ᠠᠴᠠ ᠴᠢᠯᠦᠭᠡᠯᠡᠨ ᠪᠣᠭᠳᠠ ᠬᠠᠭᠠᠨᠲᠤ ᠮᠣᠩᠭᠣᠯ ᠤᠯᠤᠰ ᠍ ᠢ ᠳᠠᠬᠢᠨ ᠰᠡᠷᠭᠦᠭᠡᠨ ᠮᠠᠨᠳᠤᠭᠤᠯᠬᠤ ᠳᠤ 1921 ᠣᠨ ᠤ 2-4 ᠰᠠᠷ᠎ᠠ ᠳᠤ ᠠᠩᠬ᠎ᠠ ᠤᠳᠠᠭ᠎ᠠ ᠪᠣᠭᠳᠠ ᠶᠢᠨ ᠵᠠᠷᠯᠢᠭ ᠢᠶᠠᠷ ᠮᠣᠩᠭᠣᠯ ᠤᠯᠤᠰ ᠤᠨ ᠶᠡᠷᠦᠩᠬᠡᠢ ᠰᠠᠶᠢᠳ ᠢᠶᠠᠷ ᠠᠵᠢᠯᠯᠠᠭᠰᠠᠨ᠃ 1922 ᠣᠨ ᠤ 3 ᠰᠠᠷ᠎ᠠ ᠶᠢᠨ 3 ᠍ ᠳᠦ ᠶᠡᠷᠦᠩᠬᠡᠢ ᠰᠠᠶᠢᠳ ᠢᠶᠠᠷ ᠬᠣᠶᠠᠷ ᠳ᠋ᠡᠬᠢ ᠪᠠᠨ ᠲᠣᠮᠢᠯᠠᠭᠳᠠᠨ ᠠᠵᠢᠯᠯᠠᠵᠤ ᠪᠠᠶᠢᠭᠠᠳ 1923 ᠣᠨ ᠤ 6 ᠰᠠᠷ᠎ᠠ ᠶᠢᠨ 23 ᠍ ᠤ ᠡᠳᠦᠷ ᠠᠶᠠᠨ ᠵᠠᠮ ᠳᠤ ᠶᠠᠪᠤᠵᠤ ᠪᠠᠶᠢᠭᠠᠳ ᠨᠠᠰᠤ ᠪᠠᠷᠠᠵᠠᠢ᠃

ᠡᠮᠦᠨᠡᠬᠢ
ᠳᠣᠭᠰᠣᠮ ᠤᠨ ᠪᠣᠳᠣ
ᠮᠣᠩᠭᠣᠯ ᠤᠯᠤᠰ ᠤᠨ ᠶᠡᠷᠦᠩᠬᠡᠢ ᠰᠠᠶᠢᠳ
{{{on}}}
ᠳᠠᠷᠠᠭᠠᠬᠢ
ᠪᠠᠯᠢᠩ ᠤᠨ ᠰᠡᠷᠡᠩᠳᠣᠷᠵᠢ

ᠪᠢᠴᠢᠭᠡᠰᠦ