ᠰᠦᠬᠡᠪᠠᠭᠠᠲᠤᠷ ᠤᠨ ᠲᠠᠯᠠᠪᠠᠢ

ᠴᠢᠯᠦᠭᠡᠲᠦ ᠨᠡᠪᠲᠡᠷᠬᠡᠢ ᠲᠣᠯᠢ — ᠸᠢᠺᠢᠫᠧᠳᠢᠶ᠎ᠠ ᠠᠴᠠ
ᠬᠠᠷᠠᠶᠢᠬᠤ: ᠤᠳᠤᠷᠢᠳᠬᠤ, ᠬᠠᠶᠢᠯᠲᠠ
ᠰᠦᠬᠡᠪᠠᠭᠠᠲᠤᠷ ᠤᠨ ᠲᠠᠯᠠᠪᠠᠢ
Mn coa ulaanbaatar.png
ᠤᠯᠠᠭᠠᠨᠪᠠᠭᠠᠲᠤᠷ ᠬᠣᠲᠠ ᠶᠢᠨ ᠲᠥᠪ ᠬᠣᠲᠠ ᠶᠢᠨ ᠲᠥᠪ
ᠰᠦᠬᠡᠪᠠᠭᠠᠲᠤᠷ ᠤᠨ ᠲᠠᠯᠠᠪᠠᠢ
ᠰᠦᠬᠡᠪᠠᠭᠠᠲᠤᠷ ᠤᠨ ᠲᠠᠯᠠᠪᠠᠢ ᠶᠢ ᠪᠠᠷᠠᠭᠤᠨ ᠳᠡᠭᠡᠳᠦ ᠲᠠᠯ᠎ᠠ ᠠᠴᠠ ᠬᠠᠷᠠᠪᠠᠯ
ᠶᠡᠷᠦᠩᠬᠡᠢ ᠮᠡᠳᠡᠭᠡᠯᠡᠯ
ᠰᠠᠭᠤᠷᠢᠨ ᠤᠯᠠᠭᠠᠨᠪᠠᠭᠠᠲᠤᠷ ᠬᠣᠲᠠ ᠶᠢᠨ ᠲᠥᠪ
ᠪᠠᠷᠢᠯᠭ᠎ᠠ
ᠪᠠᠶᠢᠭᠤᠯᠤᠮᠵᠢ
→ энд үзэх
ᠠᠰᠢᠭᠯᠠᠯᠲᠠ
ᠠᠰᠢᠭᠯᠠᠭᠴᠢᠳ ᠤᠨ ᠪᠦᠯᠦᠭ ᠶᠠᠪᠠᠭᠠᠨ ᠵᠣᠷᠴᠢᠭᠴᠢ᠂ ᠤᠨᠠᠳᠠᠭ ᠳᠤᠭᠤᠶᠢᠴᠢᠨ᠂ ᠵᠠᠮ ᠤᠨ ᠬᠥᠳᠡᠯᠭᠡᠭᠡᠨ᠂ ᠨᠡᠶᠢᠲᠡ ᠶᠢᠨ ᠬᠦᠮᠦᠨ ᠲᠡᠭᠡᠭᠡᠪᠦᠷᠢ
ᠴᠢᠩᠭᠢᠰ ᠬᠠᠭᠠᠨ ᠤ ᠬᠥᠰᠢᠶ᠎ᠡ
ᠴᠢᠩᠭᠢᠰ ᠦᠨ ᠲᠠᠯᠠᠪᠠᠢ ᠳᠤ ᠨᠠᠭᠠᠳᠤᠮ ᠤᠨ ᠦᠶ᠎ᠡ ᠪᠡᠷ
ᠰᠢᠨ᠎ᠡ ᠵᠢᠯ ᠦᠨ ᠶᠣᠰᠣᠯᠠᠯ ᠤᠨ ᠪᠤᠤᠳᠠᠯᠭ᠎ᠠ
ᠯᠠᠽᠧᠷ ᠦᠵᠡᠪᠦᠷᠢ

ᠰᠦᠬᠡᠪᠠᠭᠠᠲᠤᠷ ᠤᠨ ᠲᠠᠯᠠᠪᠠᠢ (ᠮᠥᠨ ᠴᠢᠩᠭᠢᠰ ᠦᠨ ᠲᠠᠯᠠᠪᠠᠢ) — ᠮᠣᠩᠭᠣᠯ ᠤᠯᠤᠰ ᠤᠨ ᠨᠡᠶᠢᠰᠯᠡᠯ ᠤᠯᠠᠭᠠᠨᠪᠠᠭᠠᠲᠤᠷ ᠬᠣᠲᠠ ᠶᠢᠨ ᠲᠥᠪ ᠲᠠᠯᠠᠪᠠᠢ ᠶᠤᠮ᠃

 ᠨᠡᠷᠡᠰᠢᠯ[ᠵᠠᠰᠠᠪᠤᠷᠢᠯᠠᠬᠤ | ᠺᠣᠳ᠋ ᠢᠶᠠᠷ ᠵᠠᠰᠠᠬᠣ]

ᠲᠠᠯᠠᠪᠠᠢ ᠶᠢ 1946 ᠤᠨ ᠤ ᠠᠷᠠᠳ ᠤᠨ ᠶᠡᠬᠡ ᠬᠤᠷᠠᠯ ᠤᠨ ᠲᠣᠭᠲᠠᠭᠠᠯ ᠢᠶᠠᠷ ᠳᠠᠮᠳᠢᠨ ᠤ ᠰᠦᠬᠡᠪᠠᠭᠠᠲᠤᠷ ᠤᠨ ᠨᠡᠷ᠎ᠡ ᠪᠡᠷ ᠨᠡᠷᠡᠶᠢᠳᠦᠭᠰᠡᠨ᠃

2013 ᠤᠨ ᠤ 7 ᠰᠠᠷ᠎ᠠ ᠶᠢᠨ 15 ᠍ᠡᠴᠡ ᠨᠡᠶᠢᠰᠯᠡᠯ ᠦᠨ ᠢᠷᠭᠡᠳ ᠦᠨ ᠲᠥᠯᠥᠭᠡᠯᠡᠭᠴᠢᠳ ᠦᠨ ᠬᠤᠷᠠᠯ ᠤᠨ ᠲᠡᠷᠢᠭᠦᠯᠡᠭᠴᠢᠳ ᠦᠨ ᠬᠤᠷᠠᠯᠳᠤᠭᠠᠨ ᠢᠶᠠᠷ ᠡᠵᠡᠨ ᠪᠣᠭᠳᠠ ᠴᠢᠩᠭᠢᠰ ᠬᠠᠭᠠᠨ ᠤ ᠨᠡᠷᠡᠮᠵᠢᠲᠦ ᠲᠠᠯᠠᠪᠠᠢ ᠭᠡᠵᠦ ᠨᠡᠷᠡᠶᠢᠳᠬᠦ ᠪᠡᠷ ᠵᠢᠭᠠᠵᠠᠢ᠃ ᠲᠣᠪᠴᠢ ᠪᠠᠷ ᠴᠢᠩᠭᠢᠰ ᠦᠨ ᠲᠠᠯᠠᠪᠠᠢ᠂ ᠴᠢᠩᠭᠢᠰ ᠬᠠᠭᠠᠨ ᠤ ᠲᠠᠯᠠᠪᠠᠢ ᠭᠡᠵᠦ ᠣᠯᠠᠨ ᠨᠡᠶᠢᠲᠡ ᠳᠦ ᠲᠦᠭᠡᠭᠰᠡᠨ᠃

2016 ᠤᠨ ᠤ 8 ᠍ ᠳᠦᠭᠡᠷ ᠰᠠᠷ᠎ᠠ ᠶᠢᠨ ᠠᠩᠬᠠᠨ ᠱᠠᠲᠤᠨ ᠤ ᠰᠢᠭᠦᠬᠦ ᠶᠢᠨ ᠰᠢᠢᠳᠪᠦᠷᠢ ᠪᠡᠷ 2013 ᠤᠨ ᠤ ᠲᠣᠭᠲᠠᠭᠠᠯ ᠢ ᠬᠦᠴᠦᠨ ᠦᠭᠡᠢ ᠪᠣᠯᠭᠠᠵᠤ ᠰᠦᠬᠡᠪᠠᠭᠠᠲᠤᠷ ᠤᠨ ᠲᠠᠯᠠᠪᠠᠢ ᠨᠡᠷ᠎ᠡ ᠶᠢ ᠰᠡᠷᠭᠦᠭᠡᠭᠰᠡᠨ

ᠪᠠᠷᠢᠯᠭ᠎ᠠ ᠪᠠᠶᠢᠰᠢᠩ[ᠵᠠᠰᠠᠪᠤᠷᠢᠯᠠᠬᠤ | ᠺᠣᠳ᠋ ᠢᠶᠠᠷ ᠵᠠᠰᠠᠬᠣ]

ᠲᠠᠯᠠᠪᠠᠢ ᠶᠢᠨ ᠬᠤᠶᠢᠲᠤ ᠲᠠᠯ᠎ᠠ ᠳᠤ ᠲᠥᠷᠥ ᠶᠢᠨ ᠣᠷᠳᠣᠨ᠂ ᠲᠡᠭᠦᠨ ᠦ ᠠᠷᠤ ᠳᠤ ᠴᠡᠴᠡᠷᠯᠢᠭ ᠪᠠᠶᠢᠨ᠎ᠠ᠃ 2005 ᠤᠨ ᠬᠦᠷᠲᠡᠯ᠎ᠡ ᠲᠥᠷᠥ ᠶᠢᠨ ᠣᠷᠳᠣᠨ ᠤ ᠡᠮᠦᠨ᠎ᠡ ᠴᠣᠶᠢᠪᠠᠯᠰᠠᠩ᠂ ᠰᠦᠬᠡᠪᠠᠭᠠᠲᠤᠷ ᠤᠨ ᠪᠤᠩᠬᠤᠨ ᠪᠠᠶᠢᠭᠰᠠᠨ ᠢ ᠪᠠᠭᠤᠯᠭᠠᠵᠤ 2006 ᠤᠨ ᠳᠤ ᠶᠡᠬᠡ ᠮᠣᠩᠭᠣᠯ ᠤᠯᠤᠰ ᠪᠠᠶᠢᠭᠤᠯᠤᠭᠳᠠᠰᠤᠨ ᠤ 800 ᠵᠢᠯ ᠦᠨ ᠣᠢ ᠶᠢ ᠤᠭᠲᠤᠨ ᠴᠢᠩᠭᠢᠰ᠂ ᠥᠭᠡᠳᠡᠢ᠂ ᠬᠤᠪᠢᠯᠠᠢ ᠬᠠᠭᠠᠨ ᠤ ᠰᠠᠭᠤᠭ᠎ᠠ ᠬᠥᠰᠢᠶ᠎ᠡ ᠪᠣᠯᠤᠨ ᠮᠣᠷᠢᠲᠠᠢ ᠬᠣᠶᠠᠷ ᠪᠠᠭᠠᠲᠤᠷ ᠤᠨ ᠬᠦᠷᠡᠯ ᠬᠥᠰᠢᠶ᠎ᠡ ᠪᠦᠬᠦᠢ ᠲᠥᠷᠥ ᠶᠢᠨ ᠶᠣᠰᠣᠯᠠᠯ ᠬᠦᠨᠳᠦᠳᠬᠡᠯ ᠦᠨ ᠴᠣᠭᠴᠠᠯᠠᠪᠤᠷᠢ ᠪᠠᠷᠢᠭᠳᠠᠭᠰᠠᠨ᠃

ᠲᠠᠯᠠᠪᠠᠢ ᠶᠢᠨ ᠪᠠᠷᠠᠭᠤᠨ ᠲᠠᠯ᠎ᠠ ᠪᠠᠷ ᠠᠦ᠋ᠲ᠋ᠣ᠋ ᠵᠠᠮ᠂ ᠲᠡᠭᠦᠨ ᠦ ᠴᠠᠭᠠᠨ᠎ᠠ ᠤᠯᠠᠭᠠᠨᠪᠠᠭᠠᠲᠤᠷ ᠬᠣᠲᠠ ᠶᠢᠨ ᠪᠠᠩᠬᠢ᠂ ᠨᠡᠶᠢᠰᠯᠡᠯ ᠦᠨ ᠵᠠᠬᠢᠷᠭᠠᠨ ᠤ ᠪᠠᠶᠢᠷᠢ᠂ ᠭᠣᠯᠣᠮᠲᠠ ᠪᠠᠩᠬᠢᠨ ᠤ ᠲᠥᠪ ᠪᠠᠶᠢᠷᠢ᠂ ᠮᠣᠩᠭᠣᠯ ᠤᠨ ᠬᠥᠷᠥᠩᠭᠡ ᠶᠢᠨ ᠪᠢᠷᠵᠢ (1946-1948 ᠤᠨ ᠳᠤ ᠪᠠᠷᠢᠭᠳᠠᠭᠰᠠᠨ᠂ ᠬᠠᠭᠤᠴᠢᠨ ᠢᠶᠠᠷ ᠡᠯᠳᠡᠪ-ᠣᠴᠢᠷ ᠤᠨ ᠨᠡᠷᠡᠮᠵᠢᠲᠦ ᠺᠢᠨᠣ᠋ ᠲᠢᠶᠠᠲ᠋ᠷ)᠂ ᠮᠣᠩᠭᠣᠯ ᠤᠨ ᠴᠠᠬᠢᠯᠭᠠᠨ ᠬᠣᠯᠪᠣᠭ᠎ᠠ ХК ᠪᠤᠶᠤ ᠤᠯᠤᠰ ᠤᠨ ᠲᠥᠪ ᠰᠢᠤᠳᠠᠨ ᠪᠠᠶᠢᠷᠢᠯᠠᠳᠠᠭ᠃

ᠲᠠᠯᠠᠪᠠᠢ ᠶᠢᠨ ᠵᠡᠭᠦᠨ ᠲᠠᠯ᠎ᠠ ᠪᠠᠷ ᠠᠦ᠋ᠲ᠋ᠣ᠋ ᠵᠠᠮ᠂ ᠲᠡᠭᠦᠨ ᠦ ᠴᠠᠭᠠᠨ᠎ᠠ ᠰᠤᠶᠤᠯ ᠤᠨ ᠲᠥᠪ ᠥᠷᠭᠥᠭᠡ᠂ ᠤᠯᠤᠰ ᠤᠨ ᠳᠠᠭᠤᠷᠢ ᠪᠦᠵᠢᠭ ᠦᠨ ᠲᠢᠶᠠᠲ᠋ᠷ (1946-1949 ᠤᠨ ᠳᠤ ᠪᠠᠷᠢᠭᠳᠠᠭᠰᠠᠨ)᠂ ᠰᠧᠨᠲᠠᠷᠠᠯ ᠲᠠᠦ᠋ ᠍ ᠪᠡᠷ (2008 ᠤᠨ ᠳᠤ ᠠᠰᠢᠭᠯᠠᠯᠲᠠᠨ ᠳᠤ ᠣᠷᠣᠭᠰᠠᠨ ᠲᠩᠷᠢ ᠪᠠᠭᠠᠨᠠᠳᠠᠭᠰᠠᠨ ᠪᠠᠷᠢᠯᠭ᠎ᠠ) ᠪᠠᠶᠢᠨ᠎ᠠ᠃

ᠲᠠᠯᠠᠪᠠᠢ ᠶᠢᠨ ᠤᠷᠢᠳᠤ ᠲᠠᠯ᠎ᠠ ᠪᠠᠷ ᠨᠡᠶᠢᠲᠡ ᠶᠢᠨ ᠴᠡᠴᠡᠷᠯᠢᠭ᠂ᠲᠡᠭᠦᠨ ᠦ ᠤᠷᠳᠤ ᠠᠦ᠋ᠲ᠋ᠣ᠋ ᠵᠠᠮ᠂ ᠴᠠᠭᠠᠨ᠎ᠠ ᠨᠢ ᠬᠠᠭᠤᠴᠢᠨ ᠢᠶᠠᠷ ᠯᠧᠨᠢᠨ ᠺᠯᠤᠶᠢᠪ᠂ ᠴᠣᠶᠢᠵᠣᠩ ᠯᠠᠮ᠎ᠠ ᠶᠢᠨ ᠰᠦᠮ᠎ᠡ ᠮᠦᠽᠧᠢ᠂ ᠪᠡᠯ ᠳ ᠰᠺᠠᠢ (ᠦᠭᠡᠴᠢᠯᠡᠪᠡᠯ᠃ ᠬᠥᠬᠡ ᠲᠩᠷᠢ) ᠴᠠᠮᠬᠠᠭ ᠪᠠᠶᠢᠨ᠎ᠠ᠃

ᠲᠠᠯᠠᠪᠠᠢ ᠶᠢᠨ ᠭᠣᠣᠯ ᠳᠤ ᠠᠷᠠᠳ ᠤᠨ ᠬᠤᠪᠢᠰᠬᠠᠯ ᠤᠨ ᠤᠳᠤᠷᠢᠳᠤᠭᠴᠢ᠂ ᠪᠦᠬᠦ ᠴᠡᠷᠢᠭ ᠦᠨ ᠵᠠᠩᠵᠤᠨ ᠳᠠᠮᠳᠢᠨ ᠤ ᠰᠦᠬᠡᠪᠠᠭᠠᠲᠤᠷ ᠤᠨ ᠮᠣᠷᠢ ᠲᠠᠢ ᠬᠥᠰᠢᠶ᠎ᠡ ᠪᠠᠶᠢᠷᠢᠯᠠᠨ᠎ᠠ᠃ ᠬᠥᠰᠢᠭᠡᠨ ᠦ ᠤᠷᠢᠳᠤ ᠬᠡᠰᠡᠭ ᠲᠦ ᠮᠣᠩᠭᠣᠯ ᠤᠯᠤᠰ ᠤᠨ ᠲᠥᠪ ᠴᠡᠭ ᠢ (ᠭᠠᠵᠠᠷᠵᠦᠢ ᠶᠢᠨ ᠲᠥᠪ ᠴᠡᠭ ᠪᠢᠰᠢ) ᠲᠡᠮᠳᠡᠭᠯᠡᠭᠰᠡᠨ ᠴᠢᠯᠠᠭᠤᠨ ᠥᠩᠭᠡᠯᠡᠭᠡ ᠲᠡᠢ ᠲᠡᠮᠳᠡᠭᠯᠡᠭᠡ ᠲᠡᠢ᠃

ᠡᠬᠢ ᠰᠤᠷᠪᠤᠯᠵᠢ[ᠵᠠᠰᠠᠪᠤᠷᠢᠯᠠᠬᠤ | ᠺᠣᠳ᠋ ᠢᠶᠠᠷ ᠵᠠᠰᠠᠬᠣ]

ᠪᠢᠴᠢᠭᠡᠰᠦ