ᠲᠡᠦᠬᠡ

ᠴᠢᠯᠦᠭᠡᠲᠦ ᠨᠡᠪᠲᠡᠷᠬᠡᠢ ᠲᠣᠯᠢ — ᠸᠢᠺᠢᠫᠧᠳᠢᠶ᠎ᠠ ᠠᠴᠠ
ᠬᠠᠷᠠᠶᠢᠬᠤ: ᠤᠳᠤᠷᠢᠳᠬᠤ, ᠬᠠᠶᠢᠯᠲᠠ
ᠹᠠᠢᠢᠯ:Gyzis 006 (Ηistoria).jpeg
Historia, ᠨᠢᠺᠣᠯᠣᠣᠰ ᠭᠦᠽᠢᠰ (1892)
Teuhe.PNG

ᠲᠡᠦᠬᠡ (ᠭᠷᠧᠺ ᠶᠢᠡᠷ ἱστορία) ᠭᠡᠵᠦ ᠬᠦᠮᠦᠨ ᠦ ᠠᠮᠢᠳᠤᠷᠠᠯᠨᠡᠶᠢᠭᠡᠮ ᠤᠨ ᠦᠢᠯᠡ ᠶᠠᠪᠤᠴᠠ ᠶᠢ ᠴᠠᠭ ᠬᠤᠭᠤᠴᠠᠭ᠎ᠠ᠂ ᠣᠷᠴᠢᠨ ᠲᠠᠢ ᠨᠢ ᠤᠶᠠᠯᠳᠤᠭᠤᠯᠤᠨ ᠵᠠᠳᠠᠯᠤᠨ ᠰᠢᠨᠵᠢᠯᠡᠵᠦ᠂ ᠦᠷ᠎ᠡ ᠳᠠᠭᠠᠪᠤᠷᠢ᠂ ᠨᠥᠬᠥᠴᠡᠯ᠂ ᠬᠠᠷᠢᠯᠴᠠᠭ᠎ᠠ ᠬᠣᠯᠪᠣᠭ᠎ᠠ ᠵᠡᠷᠭᠡ ᠶᠢ ᠨᠢ ᠰᠡᠶᠢᠷᠡᠭᠦᠯᠦᠨ ᠪᠢᠴᠢᠭᠰᠡᠨ ᠪᠢᠴᠢᠭ ᠪᠠᠷᠢᠮᠲᠠ ᠨᠤᠭᠤᠳ ᠢ ᠬᠡᠯᠡᠨ᠎ᠡ᠃ ᠢᠯᠡᠭᠦᠦ ᠥᠷᠭᠡᠨ ᠤᠳᠬ᠎ᠠ ᠪᠠᠷ ᠢᠶᠠᠨ ᠲᠡᠷᠬᠡᠦ "ᠦᠢᠯᠡ ᠶᠠᠪᠤᠴᠠ" ᠭᠡᠵᠦ ᠣᠶᠢᠯᠠᠭᠠᠵᠤ ᠪᠣᠯᠤᠨ᠎ᠠ᠃ ᠪᠠᠰᠠ ᠬᠦᠮᠦᠨ ᠦ ᠠᠮᠢᠳᠤᠷᠠᠯ ᠠᠴᠠ ᠭᠠᠳᠠᠨ᠎ᠠ ᠶᠠᠮᠠᠷ ᠨᠢᠭᠡᠨ ᠦᠵᠡᠭᠳᠡᠯ ᠂ᠵᠦᠢᠯᠡᠰ ᠲᠦ ᠴᠤ ᠭᠡᠰᠡᠨ ᠬᠡᠷᠡᠭᠯᠡᠭᠳᠡᠬᠦ ᠲᠣᠬᠢᠶᠠᠯᠳᠤᠯ ᠪᠠᠶᠢᠳᠠᠭ᠃

ᠬᠦᠮᠦᠨ ᠲᠥᠷᠥᠯᠬᠢᠲᠡᠨ ᠦ ᠲᠡᠦᠬᠡ ᠶᠢ ᠠᠩᠬ᠎ᠠ ᠰᠢᠰᠲ᠋ᠧᠮᠴᠢᠯᠡᠨ ᠪᠢᠴᠢᠭᠰᠡᠨ ᠬᠦᠮᠦᠰ ᠨᠢ ᠡᠷᠲᠡᠨ ᠦ ᠭᠷᠧᠺ ᠦᠨ ᠫᠯᠤᠲᠠᠷᠬᠢ᠂ ᠬᠢᠲᠠᠳ ᠤᠨ ᠬᠠᠨᠢ ᠤᠯᠤᠰ ᠤᠨ ᠲᠡᠦᠬᠡᠴᠢ ᠰ ᠤ ᠮᠠ ᠴᠢᠨᠢ ᠨᠠᠷ ᠪᠣᠯᠤᠨ᠎ᠠ᠃ ᠫᠯᠤᠲᠠᠷᠬᠢ ᠨᠢ ᠡᠷᠲᠡᠨ ᠦ ᠭᠷᠧᠺ ᠦᠨ ᠤᠯᠤᠰ ᠲᠥᠷᠥ᠂ ᠨᠡᠶᠢᠭᠡᠮ᠂ ᠳ᠋ᠢᠫᠯᠣᠮᠠᠲ᠂ ᠳᠠᠶᠢᠨ ᠪᠠᠶᠢᠯᠳᠤᠭᠠᠨ ᠤ ᠲᠡᠦᠬᠡ ᠶᠢ ᠲᠤᠬᠠᠢ ᠶᠢᠨ ᠦᠶ᠎ᠡ ᠶᠢᠨ ᠪᠠᠭ᠎ᠠ ᠠᠽᠢᠶ᠎ᠠ ᠳᠤ ᠪᠠᠶᠢᠭᠰᠠᠨ ᠠᠰᠰᠢᠷ ᠦᠨ ᠡᠵᠡᠨᠲᠦ ᠭᠦᠷᠦᠨ ᠪᠣᠯᠤᠨ ᠭᠷᠧᠺ ᠦᠨ ᠵᠥᠷᠢᠴᠡᠯ ᠳᠡᠭᠡᠷ᠎ᠡ ᠲᠤᠯᠭᠠᠭᠤᠷᠢᠯᠠᠨ ᠪᠢᠴᠢᠵᠡᠢ᠃ ᠥᠭᠡᠷ᠎ᠡ ᠪᠡᠷ ᠬᠡᠯᠡᠪᠡᠯ᠂ ᠭᠠᠵᠠᠷ ᠳᠤᠮᠳᠠ ᠶᠢᠨ ᠲᠡᠩᠭᠢᠰ ᠢ ᠨᠣᠶᠠᠷᠬᠠᠬᠤ ᠡᠷᠬᠡ ᠶᠢᠨ ᠲᠥᠯᠦᠭᠡᠬᠢ ᠧᠦ᠋ᠷᠣᠫᠠ ᠠᠽᠢᠶ᠎ᠠ ᠶᠢᠨ ᠬᠣᠶᠠᠷ ᠭᠦᠷᠦᠨ ᠦ ᠵᠥᠷᠢᠴᠡᠯᠳᠦᠭᠡᠨ ᠢ ᠬᠠᠷᠠᠭᠤᠯᠵᠠᠢ᠃ ᠲᠡᠭᠡᠪᠡᠯ ᠰ ᠤ ᠮᠠ ᠴᠢᠨᠢ ᠬᠢᠲᠠᠳ ᠤᠨ ᠠᠩᠬᠠᠨ ᠤ ᠨᠢᠭᠡᠳᠦᠮᠡᠯ ᠤᠯᠤᠰ ᠪᠣᠯᠬᠤ ᠴᠢᠨ ᠤᠯᠤᠰ ᠠᠴᠠ ᠡᠬᠢᠯᠡᠭᠰᠡᠨ ᠬᠢᠲᠠᠳ ᠤᠨ ᠬᠠᠭᠠᠨ ᠳᠤ ᠵᠠᠰᠠᠭᠯᠠᠯ ᠢ ᠬᠡᠷᠬᠢᠨ ᠵᠥᠪᠲᠦᠭᠡᠬᠦ᠂ ᠮᠥᠨ ᠶᠢᠷᠲᠢᠨᠴᠦ ᠶᠢᠨ ᠴᠣᠷ ᠤᠨ ᠭᠠᠭᠴᠠ ᠰᠤᠶᠤᠯ ᠢᠷᠭᠡᠨᠰᠢᠯ ᠳᠦ ᠤᠯᠤᠰ ᠪᠣᠯᠬᠤ ᠬᠠᠨᠢ ᠭᠦᠷᠦᠨ ᠪᠣᠯᠤᠨ ᠲᠡᠭᠦᠨ ᠢ ᠲᠣᠭᠣᠷᠢᠭᠰᠠᠨ ᠪᠦᠳᠦᠭᠦᠯᠢᠭ ᠬᠠᠷᠠᠩᠭᠤᠢ ᠤᠯᠤᠰ ᠤᠳ ᠤᠨ ᠲᠤᠬᠠᠢ ᠨᠣᠮᠯᠠᠭᠰᠠᠨ ᠢᠶᠠᠷ ᠢᠶᠠᠨ ᠣᠨᠴᠠᠯᠢᠭ ᠶᠤᠮ᠃ ᠥᠭᠡᠷ᠎ᠡ ᠪᠡᠷ ᠬᠡᠯᠡᠪᠡᠯ ᠬᠢᠲᠠᠳ ᠲᠥᠪᠲᠦ ᠲᠡᠦᠬᠡ ᠶᠢᠨ ᠦᠵᠡᠯ ᠢ ᠰ ᠤ ᠮᠠ ᠴᠢᠨᠢ ᠠᠩᠬ᠎ᠠ ᠤᠳᠠᠭ᠎ᠠ ᠲᠡᠦᠬᠡ ᠪᠢᠴᠢᠯᠭᠡ ᠶᠢᠨ ᠢᠶᠡᠨ ᠦᠨᠳᠦᠰᠦᠨ ᠹᠢᠯᠣᠰᠣᠹᠢ ᠪᠣᠯᠭᠠᠵᠠᠢ᠃ ᠳᠤᠮᠳᠠᠳᠤ ᠤᠯᠤᠰ ᠤᠨ ᠥᠨᠥᠳᠥᠷ ᠦᠨ ᠲᠡᠦᠬᠡ ᠰᠤᠳᠤᠯᠤᠯ ᠰ ᠤ ᠮᠠ ᠴᠢᠨ ᠦ ᠦᠶᠡᠰ ᠶᠡᠷᠦ ᠥᠭᠡᠷᠡᠴᠢᠯᠡᠭᠳᠡᠨ ᠬᠥᠭᠵᠢᠵᠦ ᠴᠢᠳᠠᠭ᠎ᠠ ᠦᠭᠡᠢ ᠪᠠᠶᠢᠨ᠎ᠠ᠃ ᠮᠣᠩᠭᠣᠯ ᠤᠨ ᠲᠡᠦᠬᠡ ᠪᠢᠴᠢᠯᠭᠡ ᠡᠷᠲᠡᠨ ᠡᠴᠡ ᠬᠢᠲᠠᠳᠫᠧᠷᠰᠣᠷᠣᠰ ᠵᠡᠷᠭᠡ ᠣᠷᠣᠨ ᠨᠤᠭᠤᠳ ᠲᠤ ᠪᠢᠴᠢᠭᠳᠡᠵᠦ ᠢᠷᠡᠭᠰᠡᠨ ᠪᠥᠭᠡᠳ ᠮᠣᠩᠭᠣᠯᠴᠤᠳ ᠥᠪᠡᠷᠰᠡᠳ ᠢᠶᠡᠨ ᠲᠡᠦᠬᠡ ᠪᠡᠨ ᠢᠳᠡᠪᠬᠢᠲᠡᠢ ᠪᠢᠴᠢᠵᠦ ᠡᠬᠢᠯᠡᠭᠰᠡᠨ ᠦᠶ᠎ᠡ ᠨᠢ ᠨᠡᠯᠢᠶᠡᠳ ᠬᠣᠵᠢᠭᠤ 16 ᠳ᠋ᠤᠭᠠᠷ ᠵᠠᠭᠤᠨ ᠠᠴᠠ ᠡᠬᠢᠯᠡᠨ᠎ᠡ᠃ ᠠᠯᠲᠠᠨ ᠲᠣᠪᠴᠢᠡᠷᠳᠡᠨᠢ ᠶᠢᠨ ᠡᠷᠬᠡᠠᠰᠠᠷᠠᠭᠴᠢ ᠨᠡᠷᠡᠲᠦ ᠶᠢᠨ ᠲᠡᠦᠬᠡ ᠵᠡᠷᠭᠡ ᠶᠠᠭᠤᠮ᠎ᠠ᠃ ᠣᠷᠣᠰ ᠲᠤ ᠲᠡᠦᠬᠡ ᠶᠢᠨ ᠭᠤᠶᠢᠪᠢᠭᠤᠯᠭ᠎ᠠ ᠶᠢᠨ ᠡᠰᠡᠷᠬᠦ ᠲᠥᠷᠥ ᠶᠢᠨ ᠺᠣᠮᠢᠰ ᠠᠵᠢᠯᠯᠠᠳᠠᠭ᠃ ᠧᠦᠢᠷᠣᠫᠠᠴᠤᠳ 19 ᠍ ᠳᠦᠭᠡᠷ ᠵᠠᠭᠤᠨ ᠠᠴᠠ ᠡᠬᠢᠯᠡᠨ ᠲᠡᠦᠬᠡ᠂ ᠤᠭᠰᠠᠭᠠᠲᠠᠨ ᠤ ᠵᠦᠢ ᠶᠢ ᠲᠠᠩᠨᠠᠭᠤᠯ ᠤᠨ ᠵᠣᠷᠢᠯᠭ᠎ᠠ ᠪᠠᠷ ᠢᠳᠡᠪᠬᠢᠲᠡᠢ ᠬᠡᠷᠡᠭᠯᠡᠵᠦ ᠡᠬᠢᠯᠡᠵᠡᠢ᠃ ᠮᠣᠩᠭᠣᠯ ᠳᠤ 19 ᠍ ᠳᠦᠭᠡᠷ ᠵᠠᠭᠤᠨ ᠤ ᠰᠡᠭᠦᠯ 20 ᠍ ᠳᠦᠭᠡᠷ ᠵᠠᠭᠤᠨ ᠤ ᠡᠬᠢ ᠪᠡᠷ ᠢᠷᠡᠵᠦ ᠪᠠᠶᠢᠭᠰᠠᠨ ᠣᠷᠣᠰ ᠤᠨ ᠪᠣᠯᠤᠨ ᠧᠦ᠋ᠷᠣᠫᠠ ᠶᠢᠨ ᠪᠤᠰᠤᠳ ᠰᠤᠳᠤᠯᠤᠭᠠᠴᠢᠳ ᠤᠨ ᠳᠤᠮᠳᠠ ᠴᠡᠷᠢᠭ ᠦᠨ ᠣᠹᠢᠼᠧᠷ ᠤᠳ ᠨᠡᠯᠢᠶᠡᠳ ᠭᠦᠢ ᠪᠠᠶᠢᠪᠠ᠃ ᠨ᠃ᠫᠷᠵᠧᠸᠠᠯᠢᠰᠺ ᠦ ᠮᠣᠩᠭᠣᠯ ᠢ ᠣᠷᠣᠰ ᠲᠤ ᠨᠢᠭᠡᠳᠬᠡᠬᠦ ᠶᠢ ᠬᠠᠭᠠᠨ ᠳᠤ ᠪᠠᠨ ᠵᠥᠪᠯᠡᠵᠦ ᠪᠠᠶᠢᠭᠰᠠᠨ ᠪᠠᠶᠢᠳᠠᠭ᠃

ᠬᠣᠯᠪᠣᠭᠣᠳᠠᠬᠤ ᠺᠠᠲ᠋ᠧᠭᠣᠷ ᠤᠳ[ᠵᠠᠰᠠᠪᠤᠷᠢᠯᠠᠬᠤ | ᠺᠣᠳ᠋ ᠢᠶᠠᠷ ᠵᠠᠰᠠᠬᠣ]

ᠪᠠᠶᠢᠷᠢᠰᠢᠯ ᠢᠶᠠᠷ ᠨᠢ[ᠵᠠᠰᠠᠪᠤᠷᠢᠯᠠᠬᠤ | ᠺᠣᠳ᠋ ᠢᠶᠠᠷ ᠵᠠᠰᠠᠬᠣ]

ᠪᠤᠰᠤᠳ[ᠵᠠᠰᠠᠪᠤᠷᠢᠯᠠᠬᠤ | ᠺᠣᠳ᠋ ᠢᠶᠠᠷ ᠵᠠᠰᠠᠬᠣ]

ᠥᠭᠡᠷ᠎ᠡ ᠲᠥᠷᠥᠯ ᠦᠳ[ᠵᠠᠰᠠᠪᠤᠷᠢᠯᠠᠬᠤ | ᠺᠣᠳ᠋ ᠢᠶᠠᠷ ᠵᠠᠰᠠᠬᠣ]

(ᠲᠡᠦᠬᠡ ᠶᠢᠨ ᠰᠢᠨᠵᠢᠯᠡᠬᠦ ᠤᠬᠠᠭᠠᠨ ᠤ ᠰᠠᠯᠪᠤᠷᠢ ᠪᠢᠰᠢ)

ᠨᠡᠮᠡᠵᠦ ᠤᠩᠰᠢᠬᠤ[ᠵᠠᠰᠠᠪᠤᠷᠢᠯᠠᠬᠤ | ᠺᠣᠳ᠋ ᠢᠶᠠᠷ ᠵᠠᠰᠠᠬᠣ]

ᠭᠠᠳᠠᠨ᠎ᠠ ᠶᠢᠨ ᠬᠣᠯᠪᠣᠭᠠᠰᠤ[ᠵᠠᠰᠠᠪᠤᠷᠢᠯᠠᠬᠤ | ᠺᠣᠳ᠋ ᠢᠶᠠᠷ ᠵᠠᠰᠠᠬᠣ]

http://wiki.uhaan.com/index.php?title=ᠲᠡᠦᠬᠡ&oldid=396290》 ᠍  ᠡᠴᠡ ᠠᠪᠤᠭᠰᠠᠨ

ᠪᠢᠴᠢᠭᠡᠰᠦ